ᠥᠪᠥᠷ ᠵᠠᠰᠠᠭ ᠠᠯᠪᠠᠨ ᠲᠠᠷᠬᠠᠭᠠᠭᠰᠠᠨ ﹇2016﹈ 77 ᠳ᠋ᠤᠭᠠᠷ ᠲᠤᠭᠠᠳᠤ | 6 ᠳ᠋ᠤᠭᠠᠷ ᠰᠠᠷ᠎ᠠ ᠶᠢᠨ 12 ᠤᠨ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠥᠪᠡᠷᠲᠡᠭᠡᠨ ᠵᠠᠰᠠᠬᠤ ᠣᠷᠤᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠡ ᠳᠤ᠄ | ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ | ᠰᠦᠢᠳᠭᠡᠯ ᠲᠠᠲᠠᠪᠤᠷᠢᠯᠠᠨ ᠲᠤᠰᠢᠶᠠᠬᠤ ᠠᠵᠢᠯ ᠤᠨ ᠬᠡᠷᠡᠭᠵᠢᠭᠦᠯᠬᠦ ᠲᠦᠰᠦᠯ ︾ ᠢ ᠦᠪᠡᠷᠲᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠣᠷᠳᠤᠨ ᠢᠶᠠᠷ ᠵᠦᠪᠰᠢᠶᠡᠷᠡᠭᠦᠯᠦᠭᠡᠳ᠂ ᠡᠳᠦᠭᠡ ᠲᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠦᠭᠡᠢ᠃ | | | ᠥᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠯᠪᠠᠨ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ | ᠰᠦᠢᠳᠭᠡᠯ ᠲᠠᠲᠠᠪᠤᠷᠢᠯᠠᠨ ᠲᠤᠰᠢᠶᠠᠬᠤ ᠠᠵᠢᠯ ᠤᠨ ᠬᠡᠷᠡᠭᠵᠢᠭᠦᠯᠬᠦ ᠲᠦᠰᠦᠯ | | | ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ | ᠳᠦᠷᠢᠮ ᠤᠨ ᠦᠭᠡᠷᠡᠴᠢᠯᠡᠯᠲᠡ ᠶᠢᠨ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠦ | ᠲᠠᠷᠬᠠᠭᠠᠭᠰᠠᠨ ﹇2015﹈ 2 ᠳ᠋ᠤᠭᠠᠷ ᠲᠣᠭᠠᠳᠤ︶ ᠤᠨ ᠵᠣᠷᠢᠭ ᠰᠠᠨᠠᠭ᠎ᠠ ᠪᠣᠯᠤᠨ ︽ᠥᠪᠦᠷ ᠮᠣᠩᠭᠤᠯ ᠤᠨ | ᠦᠪᠡᠷᠲᠡᠭᠡᠨ ᠵᠠᠰᠠᠬᠤ ᠤᠷᠤᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ | ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠬᠡᠷᠡᠭᠵᠢᠭᠦᠯᠬᠦ ᠠᠷᠭ᠎ᠠ︾ ︵ᠥᠪᠦᠷ ᠵᠠᠰᠠᠭ ᠠᠯᠪᠠᠨ | ᠲᠠᠷᠠᠭᠠᠭᠰᠠᠨ ﹇2015﹈ 127 ᠳ᠋ᠤᠭᠠᠷ ᠲᠣᠭᠠᠳᠤ︶ ᠶᠢᠨ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠣᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ | ᠨᠠᠰᠤᠵᠢᠯ ᠤᠨ ᠳᠠᠭᠠᠳᠬᠠᠯ ᠤᠨ ᠰᠦᠢᠳᠭᠡᠯ ︵ᠠᠵᠢᠯ ᠮᠡᠷᠭᠡᠵᠢᠯ ᠤᠨ ᠤᠨ ᠤ ᠵᠤᠭᠤᠰ ᠪᠠᠭᠲᠠᠨ᠎ᠠ᠂ ᠳᠣᠷᠤᠭᠰᠢ | ᠠᠳᠠᠯᠢ︶ ᠢ ᠲᠠᠲᠠᠪᠤᠷᠢᠯᠠᠨ ᠲᠤᠰᠢᠶᠠᠬᠤ ᠠᠵᠢᠯ ᠢ ᠦᠨᠡᠨᠬᠦ ᠰᠠᠶᠢᠳᠤᠷ ᠬᠢᠬᠦ ᠶᠢᠨ ᠲᠤᠰᠠᠳᠠ᠂ ᠲᠤᠰ ᠲᠦᠰᠦᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ | ᠰᠦᠢᠳᠭᠡᠯ ᠢ ᠴᠠᠭ ᠲᠤᠨᠢ ᠲᠤᠭ᠎ᠠ ᠶᠣᠰᠤᠭᠠᠷ ᠭᠦᠢᠴᠡᠳ ᠲᠠᠲᠠᠪᠤᠷᠢᠯᠠᠨ ᠲᠤᠰᠢᠶᠠᠬᠤ ᠪᠠ ᠨᠠᠰᠤᠵᠢᠯ ᠤᠨ ᠮᠦᠩᠭᠦ ᠶᠢ | ᠬᠡᠪ ᠤᠨ ᠪᠠᠶᠢᠳᠠᠯ ᠢᠶᠠᠷ ᠲᠠᠷᠬᠠᠭᠠᠨ ᠣᠯᠭᠤᠬᠤ ᠶᠢ ᠦᠨᠡᠨᠬᠦ ᠪᠠᠲᠤᠯᠠᠵᠤ᠂ ᠳᠠᠭᠠᠳᠬᠠᠯ ᠳᠤ ᠣᠷᠤᠯᠴᠠᠭᠰᠠᠨ ᠨᠢᠭᠡᠴᠡ | ᠪᠣᠯᠤᠨ ᠬᠤᠪᠢ ᠬᠦᠮᠦᠨ ᠤ ᠠᠰᠢᠭ ᠲᠤᠰᠠ᠂ ᠪᠡᠯᠡ ᠮᠦᠩᠭᠦ ᠶᠢᠨ ᠬᠠᠮᠢᠶᠠᠷᠤᠯᠲᠠ ᠶᠢᠨ ᠵᠢᠷᠤᠮᠵᠢᠯ ᠠᠮᠤᠷ ᠲᠦᠪᠰᠢᠨ ᠢ | ᠪᠠᠲᠤᠯᠠᠬᠤ ᠵᠠᠷᠴᠢᠮ ᠤᠨ ᠶᠣᠰᠤᠭᠠᠷ᠂ ᠠᠵᠢᠯ ᠤᠨ ᠬᠤᠪᠢᠶᠠᠷᠢᠯᠠᠯ ᠢᠯᠭᠠᠪᠤᠷᠢ ᠲᠠᠢ᠂ ᠡᠷᠬᠡ ᠬᠠᠷᠢᠭᠤᠴᠠᠯᠭ᠎ᠠ | ᠲᠣᠳᠤᠷᠬᠠᠢ᠂ ᠴᠢᠩᠭ᠎ᠠ ᠨᠢᠭᠲᠠ ᠳᠡᠭᠡᠳᠤ ᠪᠦᠲᠦᠮᠵᠢᠲᠠᠢ᠂ ᠠᠵᠢᠯᠯᠠᠭᠠᠨ ᠨᠢ ᠡᠮᠬᠢ ᠵᠢᠷᠤᠮ ᠲᠠᠢ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ | ᠲᠤᠰᠢᠶᠠᠬᠤ ᠳᠦᠷᠢᠮ ᠤᠨ ᠲᠣᠭᠲᠠᠴᠠ ᠶᠢ ᠪᠠᠶᠢᠭᠤᠯᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠶᠢ | ᠦᠨᠡᠨᠬᠦ ᠪᠠᠲᠤᠯᠠᠬᠤ ᠬᠡᠷᠡᠭᠲᠡᠢ᠃ | ᠬᠤᠶᠠᠷ᠂ ᠲᠠᠲᠠᠪᠤᠷᠢᠯᠠᠨ ᠲᠤᠰᠢᠶᠠᠬᠤ ᠵᠠᠭᠪᠤᠷ | ᠪᠦᠬᠦ ᠣᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ | ᠳᠠᠭᠠᠳᠬᠠᠯ ᠤᠨ ᠰᠦᠢᠳᠭᠡᠯ ᠢ ᠠᠵᠤ ᠠᠬᠤᠶᠢᠯᠠᠯ ᠤᠨ ᠠᠵᠢᠯᠲᠡᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ ᠯᠤᠭ᠎ᠠ ᠠᠳᠠᠯᠢ ᠪᠠᠷ ᠬᠡᠷᠡᠭᠵᠢᠬᠦᠯᠵᠦ᠂ | ᠣᠷᠤᠨ ᠨᠤᠲᠤᠭ ᠤᠨ ᠭᠠᠶᠢᠯᠢ ᠶᠢᠨ ᠪᠠᠶᠢᠭᠤᠯᠭ᠎ᠠ ᠨᠢ ᠲᠥᠷᠦ ᠲᠠᠷᠬᠠᠭᠠᠭᠰᠠᠨ ﹇2015﹈ 2 ᠳ᠋ᠤᠭᠠᠷ ᠲᠣᠭᠠᠳᠤ | ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠤᠭᠠᠷ᠂ 2014 ᠣᠨ ᠤ 10 ᠳ᠋ᠤᠭᠠᠷ ᠰᠠᠷ᠎ᠠ ᠠᠴᠠ ᠡᠬᠢᠯᠡᠵᠤ ᠬᠠᠤᠯᠢ | ᠶᠣᠰᠤᠭᠠᠷ ᠪᠦᠬᠦ ᠲᠤᠭ᠎ᠠ ᠪᠠᠷ ᠨᠢ ᠲᠠᠲᠠᠪᠤᠷᠢᠯᠠᠨ ᠲᠤᠰᠢᠶᠠᠬᠤ ᠬᠡᠷᠡᠭᠲᠡᠢ᠃ | ᠭᠤᠷᠪᠠ᠂ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ | ᠪᠦᠬᠦ ᠣᠷᠤᠨ ᠤ ᠡᠯ᠎ᠡ ᠱᠠᠳᠤᠨ ᠤ ᠣᠷᠤᠨ ᠨᠤᠲᠤᠭ ᠤᠨ ᠭᠠᠶᠢᠯᠢ ᠶᠢᠨ ᠪᠠᠶᠢᠭᠤᠯᠭ᠎ᠠ ᠨᠤᠭᠤᠳ ᠭᠠᠶᠢᠯᠢ | ᠰᠦᠢᠳᠭᠡᠯ ᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ ᠶᠢ | ᠦᠨᠡᠨᠬᠦ ᠴᠢᠩᠭᠠᠳᠬᠠᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠳᠤ ᠣᠯᠠᠨ ᠡᠰᠢᠵᠢᠯ ᠤᠨ᠂ ᠳᠦᠭᠦᠮ | ᠳᠦᠲᠡ ᠲᠠᠲᠠᠪᠤᠷᠢᠯᠠᠨ ᠲᠤᠰᠢᠶᠠᠬᠤ ᠠᠷᠭ᠎ᠠ ᠮᠠᠶ᠋ᠢᠭ ᠢ ᠢᠳᠡᠪᠬᠢᠲᠠᠢ ᠬᠠᠩᠭᠠᠵᠤ᠂ ᠲᠠᠲᠠᠪᠤᠷᠢᠯᠠᠨ ᠲᠤᠰᠢᠶᠠᠬᠤ ᠠᠰᠢᠭ | ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ ᠦᠪᠡᠷᠳᠡᠭᠡᠨ ᠵᠠᠰᠠᠬᠤ ᠣᠷᠤᠨ ᠤ ᠣᠷᠤᠨ ᠨᠤᠲᠤᠭ ᠤᠨ ᠭᠠᠶᠢᠯᠢ ᠶᠢᠨ | ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠪᠦᠬᠦ ᠣᠷᠤᠨ ᠤ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ | ᠲᠤᠰᠢᠶᠠᠬᠤ ᠪᠣᠳᠠᠲᠠᠢ ᠬᠢᠬᠦ ᠠᠷᠭ᠎ᠠ ᠪᠣᠯᠤᠨ ᠬᠡᠷᠡᠭᠵᠢᠭᠦᠯᠬᠦ ᠨᠠᠷᠢᠨ ᠲᠦᠰᠦᠯ ᠢ ᠲᠣᠭᠲᠠᠭᠠᠬᠤ ᠶᠢᠨ ᠬᠠᠮᠳᠤ᠂ ᠡᠯ᠎ᠡ | ᠭᠠᠵᠠᠷ ᠣᠷᠤᠨ ᠤ ᠲᠠᠲᠠᠪᠤᠷᠢᠯᠠᠨ ᠲᠤᠰᠢᠶᠠᠬᠤ ᠠᠵᠢᠯ ᠦᠷᠨᠢᠭᠦᠯᠦᠭᠰᠡᠨ ᠪᠠᠶᠢᠳᠠᠯ ᠳᠤ ᠵᠢᠭᠠᠨ ᠵᠢᠯᠣᠭᠤᠳᠴᠤ ᠬᠢᠨᠠᠯᠲᠠ | ᠲᠠᠯᠪᠢᠬᠤ ᠬᠡᠷᠡᠭᠲᠡᠢ᠃ | ᠳᠦᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠢ | ᠲᠠᠲᠠᠪᠤᠷᠢᠯᠠᠨ ᠲᠤᠰᠢᠶᠠᠬᠤ ᠠᠵᠢᠯ ᠨᠢ ᠪᠦᠬᠦ ᠣᠷᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠠᠵᠢᠯᠳᠠᠨ ᠤ ᠲᠤᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠵᠤ᠂ ᠨᠦᠯᠦᠭᠡᠯᠡᠬᠦ ᠬᠡᠪᠴᠢᠶ᠎ᠡ ᠪᠠᠷ | ᠥᠷᠭᠡᠨ᠂ ᠲᠥᠷᠦ ᠶᠢᠨ ᠪᠣᠳᠤᠯᠭᠠᠳᠤ ᠴᠢᠨᠠᠷ ᠢᠶᠠᠷ ᠴᠢᠩᠭ᠎ᠠ ᠪᠠᠶᠢᠳᠠᠭ᠃ ᠡᠯ᠎ᠡ ᠭᠠᠵᠠᠷ ᠣᠷᠤᠨ ᠨᠤᠭᠤᠳ | ᠦᠪᠡᠷᠲᠡᠭᠡᠨ ᠵᠠᠰᠠᠬᠤ ᠣᠷᠤᠨ ᠤ ᠨᠢᠭᠡᠳᠦᠯᠲᠠᠢ ᠲᠤᠬᠢᠷᠠᠭᠤᠯᠤᠯᠳᠠ ᠪᠠᠶᠢᠷᠢᠰᠢᠭᠤᠯᠤᠯᠲᠠ ᠶᠢᠨ ᠶᠣᠰᠤᠭᠠᠷ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠦᠨᠡᠨᠬᠦ | ᠶᠠᠪᠤᠭᠳᠠᠭᠤᠰᠢᠲᠠᠢ ᠬᠡᠷᠡᠭᠵᠢᠭᠦᠯᠬᠦ ᠲᠦᠰᠦᠯ ᠢ ᠲᠣᠭᠲᠠᠭᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠪᠣᠯᠤᠨ | ᠠᠬᠢᠴᠠ ᠶᠢᠨ ᠲᠣᠬᠢᠷᠠᠭᠤᠯᠤᠯᠳᠠ ᠪᠠᠨ ᠲᠣᠲᠤᠷᠬᠠᠶᠢᠯᠠᠵᠤ᠂ ᠪᠡᠯᠡ ᠮᠦᠩᠭᠦ ᠶᠢᠨ ᠪᠠᠲᠤᠯᠠᠭ᠎ᠠ ᠪᠠᠨ ᠴᠢᠩᠭᠠᠳᠬᠠᠨ᠂ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠵᠢᠴᠢ ᠠᠵᠢᠯᠳᠡᠨ ᠤ ᠳᠠᠭᠠᠳᠬᠠᠯ ᠳᠤ ᠣᠷᠤᠯᠴᠠᠨ ᠰᠦᠢᠳᠭᠡᠯ | ᠲᠤᠰᠢᠶᠠᠬᠤ ᠶᠢ ᠢᠳᠡᠪᠬᠢᠲᠠᠢ ᠠᠬᠢᠭᠤᠯᠬᠤ ᠬᠡᠷᠡᠭᠲᠡᠢ᠃ | ︵ᠬᠤᠶᠠᠷ︶ ᠨᠢᠭᠲᠠ ᠵᠣᠬᠢᠴᠠᠯᠳᠤᠨ ᠬᠠᠮᠵᠢᠯᠴᠠᠬᠤ ᠬᠡᠷᠡᠭᠲᠡᠢ᠃ ᠡᠯ᠎ᠡ ᠱᠠᠳᠤᠨ ᠤ ᠡᠳ᠋ ᠤᠨ ᠵᠠᠰᠠᠭ᠂ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠤᠨ ᠨᠤᠲᠤᠭ ᠤᠨ ᠭᠠᠶᠢᠯᠢ᠂ ᠠᠷᠠᠳ ᠤᠨ | ᠪᠠᠩᠬᠢ ᠵᠡᠷᠭᠡ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠲᠤᠰ ᠲᠤᠰ ᠤᠨ | ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ ᠠᠵᠢᠯᠯᠠᠬᠤ ᠨᠡᠶᠢᠯᠡᠮᠡᠯ ᠬᠦᠴᠦᠨ ᠢ ᠪᠤᠢ ᠪᠤᠯᠭᠠᠵᠤ᠂ | ᠲᠠᠲᠠᠪᠤᠷᠢᠯᠠᠨ ᠲᠤᠰᠢᠶᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠣᠬᠠᠢ ᠳᠤᠨᠢ | ᠵᠦᠪᠳᠡᠯᠴᠡᠨ ᠰᠢᠢᠳᠪᠦᠷᠢᠯᠡᠵᠦ᠂ ᠰᠠᠭᠤᠷᠢ ᠲᠤᠭ᠎ᠠ ᠶᠢ ᠬᠠᠷᠭᠤᠭᠤᠯᠤᠨ ᠲᠣᠭᠲᠠᠭᠠᠬᠤ ᠪᠠ ᠰᠠᠯᠠᠭ᠎ᠠ ᠮᠦᠴᠢᠷ ᠤᠨ | ᠬᠤᠭᠤᠷᠤᠨᠳᠤ ᠶᠢᠨ ᠳᠠᠩᠰᠠ ᠲᠠᠭᠠᠷᠠᠭᠤᠯᠬᠤ ᠠᠵᠢᠯ ᠢ ᠰᠠᠶᠢᠳᠤᠷ ᠬᠢᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ | ᠨᠢᠭᠡᠴᠡ ᠶᠢᠨ ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠠᠵᠢᠯ ᠤᠨ | ᠤᠷᠤᠭᠰᠢᠲᠠᠢ ᠦᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠶᠠᠷᠢᠶ᠎ᠠ ᠬᠡᠯᠡᠯᠴᠡᠭᠡ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠤᠨ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠡᠯ᠎ᠡ ᠵᠦᠢᠯ ᠤᠨ ᠵᠠᠮ ᠮᠦᠷ ᠢ ᠭᠦᠢᠴᠡᠳ ᠠᠰᠢᠭᠯᠠᠵᠤ᠂ ᠣᠯᠠᠨ | ᠵᠦᠢᠯ ᠤᠨ ᠤᠬᠠᠭᠤᠯᠭ᠎ᠠ ᠶᠢᠨ ᠬᠡᠯᠪᠡᠷᠢ ᠮᠠᠶ᠋ᠢᠭ ᠢ ᠠᠪᠴᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠠᠵᠢᠯᠳᠠᠨ ᠤ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠴᠢᠬᠤᠯᠠ ᠠᠴᠢ ᠬᠤᠯᠪᠤᠭᠳᠠᠯ ᠢ | ᠶᠡᠬᠡᠪᠡᠷ ᠤᠬᠠᠭᠤᠯᠵᠤ᠂ ᠡᠯ᠎ᠡ ᠵᠦᠢᠯ ᠤᠨ ᠲᠠᠲᠠᠪᠤᠷᠢᠯᠠᠨ ᠲᠤᠰᠢᠶᠠᠬᠤ ᠲᠥᠷᠦ ᠶᠢᠨ ᠪᠣᠳᠤᠯᠭ᠎ᠠ ᠶᠢ ᠣᠨᠣᠪᠴᠢᠲᠠᠢ | ᠲᠠᠶᠢᠯᠪᠤᠷᠢᠯᠠᠨ᠂ ᠶᠠᠷᠢᠶ᠎ᠠ ᠬᠡᠯᠡᠯᠴᠡᠭᠡ ᠶᠢᠨ ᠰᠠᠶᠢᠨ ᠰᠠᠶᠢᠬᠠᠨ ᠣᠷᠴᠢᠨ ᠨᠦᠬᠦᠴᠡᠯ ᠢ ᠴᠢᠷᠮᠠᠶᠢᠨ ᠡᠭᠦᠳᠬᠦ ᠬᠡᠷᠡᠭᠲᠡᠢ᠃ | | | |