ᠥᠪᠥᠷ ᠵᠠᠰᠠᠭ ᠠᠯᠪᠠᠨ ᠲᠠᠷᠬᠠᠭᠠᠭᠰᠠᠨ ﹇2016﹈ 67 ᠳ᠋ᠤᠭᠠᠷ ᠲᠤᠭᠠᠳᠤ | 2016 ᠤᠨ ᠤ 5 ᠳ᠋ᠤᠭᠠᠷ ᠰᠠᠷ᠎ᠠ ᠶᠢᠨ 20 ᠤ ᠡᠳᠥᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠬᠤᠯᠪᠣᠭᠳᠠᠯ ᠪᠥᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ᠪᠦᠬᠦ ᠣᠷᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠵᠣ᠂ ᠤᠯᠠᠨ ᠨᠡᠶᠢᠳᠡ ᠶᠢᠨ | ᠰᠣᠶᠣᠯ ᠤᠨ ᠦᠢᠯᠡᠴᠢᠯᠡᠭᠡᠨ ᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠣᠨ᠂ ᠠᠷᠠᠳ ᠤᠯᠠᠨ ᠤ | ᠡᠳᠦᠷ ᠢᠷᠡᠬᠦᠶ᠎ᠡ ᠦᠰᠣᠨ ᠨᠡᠮᠡᠭᠳᠡᠵᠦ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠰᠣᠶᠣᠯ ᠤᠨ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠬᠤ ᠶᠢᠨ ᠲᠣᠰᠠᠳᠠ᠂ ︽ᠠᠵᠢᠯ ᠦᠢᠯᠡᠰ ᠤᠨ | ᠨᠢᠭᠡᠴᠡ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠦᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠪ | ᠲᠠᠷᠬᠠᠭᠠᠭᠰᠠᠨ ﹇2011﹈ 5 ᠳ᠋ᠣᠭᠠᠷ ᠲᠣᠭᠠᠲᠤ︶᠂ ︽ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ | ᠶᠠᠪᠤᠳᠠᠯ ᠤᠨ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 652 ᠳ᠋ᠤᠭᠠᠷ | ᠲᠣᠭᠠᠲᠤ︶ ᠪᠠ ︽︿ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ﹀ ᠢ ᠲᠠᠷᠤᠮᠠᠯᠯᠠᠨ ᠶᠠᠪᠣᠭᠤᠯᠬᠤ ᠲᠣᠬᠠᠢ | ᠲᠣᠮᠳᠠᠳᠣ ᠣᠯᠣᠰ ᠤᠨ ᠡᠪ ᠬᠠᠮᠳᠣ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ﹇2011﹈ 28 ᠳ᠋ᠤᠭᠠᠷ | ᠲᠣᠭᠠᠲᠤ︶ ᠵᠢᠴᠢ ︽ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2012﹈ | 6 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠣᠰᠣᠯᠡᠵᠣ᠂ ᠥᠪᠡᠷᠲᠡᠭᠡᠨ ᠵᠠᠰᠠᠬᠤ ᠣᠷᠣᠨ ᠤ ᠠᠷᠠᠣᠨ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠣᠷᠣᠨ ᠤ ᠪᠣᠳᠠᠳᠠᠢ ᠲᠠᠢ ᠪᠠᠨ ᠤᠶᠠᠯᠳᠤᠭᠤᠯᠵᠤ᠂ | ᠡᠳᠦᠭᠡ ᠪᠥᠬᠦ ᠣᠷᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ | ᠳᠣᠲᠣᠭᠠᠳᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠣᠣᠷᠠᠬᠢ ᠮᠡᠲᠦ ᠰᠠᠨᠠᠯ ᠢ | ᠳᠤᠷᠠᠣᠡᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ | ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠪᠠ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ | ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠣᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠤᠨ ᠠᠵᠢᠯ ᠲᠦᠷᠦᠯ ᠤᠨ | ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠵᠢᠮ᠎ᠡ ᠶᠣᠰᠣ ᠶᠢ ᠵᠢᠷᠤᠮᠯᠠᠨ᠂ ᠠᠵᠢᠯᠳᠠᠨ ᠤ ᠶᠠᠪᠤᠳᠠᠯ ᠤᠨ | ᠬᠠᠮᠢᠶᠠᠷᠤᠯᠲᠠ ᠶᠢᠨ ᠪᠠᠶᠢᠭᠤᠯᠤᠯ ᠳᠤ ᠰᠢᠨ᠎ᠡ ᠶᠢ ᠡᠭᠦᠳᠴᠣ᠂ ᠬᠥᠮᠦᠨ ᠬᠡᠷᠡᠭᠯᠡᠬᠦ ᠲᠣᠭᠲᠠᠴᠠ ᠶᠢ ᠬᠤᠪᠢᠷᠠᠭᠤᠯᠣᠨ᠂ | ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠳᠤ ᠥᠭᠡᠷᠡᠴᠢᠯᠡᠯᠲᠡ ᠬᠢᠵᠦ᠂ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ | ᠨᠢᠭᠡᠴᠡ ᠶᠢᠨ ᠡᠯ᠎ᠡ ᠲᠦᠷᠦᠯ ᠤᠨ ᠠᠵᠢᠯᠲᠠᠳ ᠤᠨ ᠢᠳᠡᠪᠬᠢ ᠴᠢᠨᠠᠷ᠂ ᠰᠠᠨᠠᠭᠠᠴᠢᠯᠠᠭᠠᠳᠣ ᠴᠢᠨᠠᠷ ᠪᠣᠯᠣᠨ ᠪᠦᠲᠦᠭᠡᠯᠴᠢ | ᠴᠢᠨᠠᠷ ᠢ ᠭᠦᠢᠴᠡᠳ ᠳᠠᠶᠢᠴᠢᠯᠠᠵᠤ᠂ ᠪᠦᠬᠦ ᠣᠷᠣᠨ ᠤ ᠨᠡᠶᠢᠲᠡ ᠶᠢᠨ ᠠᠰᠠᠷᠠᠮᠵᠢ ᠶᠢᠨ ᠰᠣᠶᠣᠯ ᠤᠨ ᠦᠢᠯᠡᠰ ᠤᠨ ᠪᠦᠬᠦ | ᠲᠠᠯ᠎ᠠ ᠪᠠᠷ ᠵᠣᠬᠢᠴᠠᠩᠭᠤᠶ ᠪᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ᠂ ᠦᠨᠳᠦᠰᠦᠲᠡᠨ ᠤ ᠰᠣᠶᠣᠯ ᠤᠨ | ᠬᠦᠴᠦᠷᠬᠡᠭ ᠣᠷᠣᠨ ᠤ ᠪᠠᠶᠢᠭᠤᠯᠤᠯᠲᠠ ᠶᠢ ᠲᠦᠷᠭᠡᠳᠬᠡᠭᠦ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ | ᠴᠢᠳᠠᠪᠤᠷᠢᠲᠠᠨ ᠤ ᠳᠡᠮᠵᠢᠯᠭᠡ ᠬᠠᠩᠭᠠᠨ᠎ᠠ᠃ | ︵ᠬᠤᠶᠠᠷ︶ ᠬᠠᠷᠠᠯᠳᠠᠳᠣ ᠡᠭᠦᠷᠭᠡ᠃ ᠺᠠᠳ᠋ᠷ ᠠᠵᠢᠯᠳᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠬᠤ | ᠲᠣᠬᠠᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠥᠮᠦᠨ ᠬᠡᠷᠡᠭᠯᠡᠬᠦ | ᠲᠣᠭᠲᠠᠴᠠ ᠶᠢ ᠬᠤᠪᠢᠷᠠᠭᠤᠯᠬᠤ ᠪᠠ ᠬᠥᠮᠦᠨ ᠬᠡᠷᠡᠭᠯᠡᠬᠦ ᠳᠦᠷᠢᠮ ᠢ ᠠᠮᠢᠳᠣᠯᠢᠭ ᠪᠣᠯᠭᠠᠬᠤ ᠪᠠᠷ ᠭᠤᠤᠯᠯᠠᠭᠤᠯᠵᠦ᠂ | ᠠᠮᠢᠵᠢᠷᠠᠯ ᠤᠨ ᠭᠦᠴᠣᠨ ᠪᠢᠯᠬᠠᠮ᠎ᠠ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ᠂ | ᠠᠮᠢᠳᠤᠯᠢᠭ ᠪᠦᠭᠡᠳ ᠤᠯᠠᠨ ᠶᠠᠩᠵᠤ ᠶᠢᠨ ᠣᠷᠣᠯᠭ᠎ᠠ ᠬᠤᠪᠢᠶᠠᠷᠢᠯᠠᠯᠲᠠ ᠶᠢᠨ ᠤᠷᠮᠠᠰᠢᠭᠤᠯᠬᠤ ᠲᠣᠭᠲᠠᠴᠠ ᠶᠢ | ᠲᠡᠭᠦᠯᠳᠡᠷᠵᠢᠭᠦᠯᠭᠦ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ | ᠲᠦᠷᠭᠡᠣᠡᠭᠡᠨ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠲᠣᠭᠲᠠᠴᠠ ᠨᠢ | ᠠᠮᠢᠳᠤᠯᠢᠭ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ᠂ ᠠᠮᠢᠵᠢᠷᠠᠯ ᠤᠨ ᠬᠦᠴᠦᠨ ᠪᠢᠯᠬᠠᠮ᠎ᠠ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ ᠣᠨᠴᠠᠯᠢᠭ ᠪᠠ ᠴᠢᠳᠠᠪᠤᠷᠢᠲᠠᠨ ᠤ | ᠦᠰᠦᠨ ᠪᠤᠶᠢᠵᠢᠯᠲᠠ ᠶᠢᠨ ᠵᠢᠮ᠎ᠡ ᠶᠣᠰᠣ ᠳᠤ ᠨᠡᠶᠢᠴᠡᠬᠦ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ | ᠪᠦᠷᠢᠯᠳᠣᠭᠦᠯᠣᠨ᠂ ᠲᠣᠭᠲᠠᠮᠠᠯ ᠢᠶᠠᠷ ᠬᠥᠮᠦᠨ ᠬᠡᠷᠡᠭᠯᠡᠵᠣ ᠪᠠᠶᠢᠭᠰᠠᠨ ᠢ ᠭᠡᠷ᠎ᠡ ᠪᠠᠷ ᠬᠥᠮᠦᠨ ᠬᠡᠷᠡᠭᠯᠡᠬᠦ ᠲᠡᠰᠢ | ᠬᠤᠪᠢᠷᠠᠭᠤᠯᠵᠣ᠂ ᠬᠤᠪᠢ ᠪᠡᠶ᠎ᠡ ᠶᠢᠨ ᠬᠢᠷᠢ ᠬᠡᠮ ᠤᠨ ᠬᠠᠮᠢᠶᠠᠷᠤᠯᠲᠠ ᠬᠢᠵᠣ ᠪᠠᠶᠢᠭᠰᠠᠨ ᠢ ᠠᠵᠢᠯ ᠤᠨ ᠪᠠᠶᠢᠷᠢ ᠶᠢᠨ | ᠬᠠᠮᠢᠶᠠᠷᠣᠯᠳᠠ ᠳᠡᠰᠢ ᠬᠤᠪᠢᠷᠠᠭᠤᠯᠬᠤ ᠶᠢ ᠪᠡᠶᠡᠯᠡᠭᠦᠯᠣᠨ᠎ᠠ᠃ | ᠬᠤᠶᠠᠷ᠂ ᠬᠥᠮᠦᠨ ᠬᠡᠷᠡᠭᠯᠡᠬᠦ ᠲᠣᠭᠲᠠᠴᠠ ᠶᠢ ᠬᠤᠪᠢᠷᠠᠭᠤᠯᠬᠤ ᠶᠢ ᠠᠬᠢᠭᠤᠯᠣᠨ᠎ᠠ | ︵ᠭᠤᠷᠪᠠ︶ ᠤᠷᠢᠨ ᠬᠡᠷᠡᠭᠯᠡᠬᠦ ᠳᠦᠷᠢᠮ ᠢ ᠪᠦᠬᠦ ᠲᠠᠯ᠎ᠠ ᠪᠠᠷ ᠠᠬᠢᠭᠤᠯᠣᠨ᠎ᠠ᠃ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠳᠤ ᠤᠷᠢᠨ ᠬᠡᠷᠡᠭᠯᠡᠬᠦ ᠳᠦᠷᠢᠮ ᠢ ᠪᠦᠬᠦ ᠲᠠᠯ᠎ᠠ ᠪᠠᠷ | ᠠᠬᠢᠭᠤᠯᠣᠨ᠎ᠠ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠣᠷᠣᠨ ᠲᠤᠭ᠎ᠠ ᠪᠤᠯᠤᠨ ᠳᠠᠩᠰᠠᠨ ᠳᠤ | ᠪᠠᠶᠢᠭ᠎ᠠ ᠠᠵᠢᠯᠲᠠᠳ ᠡᠷᠬᠡ ᠲᠡᠭᠰᠢ ᠰᠠᠶᠢᠨ ᠳᠤᠷ᠎ᠠ ᠠᠴᠠ ᠪᠠᠨ᠂ ᠵᠥᠪᠳᠡᠯᠴᠡᠨ ᠰᠠᠨᠠᠯ ᠨᠢᠭᠡᠳᠦᠭᠰᠡᠨ ᠰᠠᠭᠤᠷᠢᠨ | ᠳᠡᠭᠡᠷ᠎ᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠯᠦᠭᠡ ᠤᠷᠢᠨ ᠬᠡᠷᠡᠭᠯᠡᠬᠦ | ᠭᠡᠷ᠎ᠡ ᠲᠣᠭᠲᠠᠨ᠎ᠠ᠃ ᠤᠷᠢᠨ ᠬᠡᠷᠡᠭᠯᠡᠬᠦ ᠭᠡᠷ᠎ᠡ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ | ᠦᠢᠯᠡᠰ ᠤᠨ ᠨᠢᠭᠡᠴᠨ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠦᠨᠳᠦᠰᠦᠨ ᠦᠨᠳᠣᠰᠣᠯᠡᠯ ᠪᠣᠯᠭᠠᠵᠤ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠪᠣᠯᠣᠨ ᠠᠵᠢᠯᠲᠠᠳ ᠤᠨ | ᠠᠵᠢᠯᠳᠠᠨ ᠤ ᠶᠠᠪᠤᠳᠠᠯ ᠤᠨ ᠬᠠᠷᠢᠴᠠᠭ᠎ᠠ ᠶᠢ ᠵᠢᠷᠣᠮᠵᠢᠭᠤᠯᠬᠤ ᠳᠤ ᠬᠡᠷᠩᠯᠡᠵᠣ᠂ ᠭᠡᠷ᠎ᠡ ᠶᠢᠨ ᠬᠠᠮᠢᠶᠠᠷᠤᠯᠲᠠ ᠪᠠᠷ | ᠰᠠᠭᠤᠷᠢ ᠪᠣᠯᠭᠠᠭᠰᠠᠨ ᠬᠥᠮᠦᠨ ᠬᠡᠷᠡᠭᠯᠡᠬᠦ ᠲᠣᠭᠲᠠᠴᠠ ᠶᠢ ᠪᠠᠶᠢᠭᠤᠯᠣᠨ᠎ᠠ᠃ ᠤᠷᠢᠨ ᠬᠡᠷᠡᠭᠯᠡᠬᠦ ᠭᠡᠷ᠎ᠡ ᠶᠢᠨ | ᠬᠤᠭᠤᠴᠠᠭ᠎ᠠ ᠨᠢ ᠡᠩ ᠤᠨ ᠪᠠᠶᠢᠳᠠᠯ ᠳᠤ 3 ᠵᠢᠯ ᠠᠴᠠ ᠳᠣᠣᠷ᠎ᠠ ᠪᠠᠶᠢᠵᠤ ᠪᠣᠯᠬᠤ ᠦᠭᠡᠢ᠂ ᠠᠵᠢᠯᠲᠠᠨ ᠤ | ᠬᠠᠷᠢᠴᠠᠩᠭᠤᠢ ᠪᠠᠷ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ | ᠠᠵᠢᠯᠳᠠᠨ᠂ ᠳᠡᠭᠡᠳᠣ ᠲᠡᠰ ᠳᠠᠪᠬᠤᠷᠭ᠎ᠠ ᠶᠢᠨ ᠴᠢᠳᠠᠪᠤᠷᠢᠲᠠᠨ ᠪᠠ ᠨᠢᠷᠣᠭᠤᠪᠴᠢ ᠣᠷᠦ᠋ᠢᠯᠠᠭᠰᠠᠨ ᠠᠵᠢᠯᠲᠠᠨ ᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠷᠲᠤ ᠬᠤᠭᠤᠴᠠᠭ᠎ᠠ ᠪᠠᠷ ᠤᠷᠢᠨ ᠬᠡᠷᠡᠭᠯᠡᠭᠦ ᠶᠢ ᠬᠡᠷᠩᠵᠢᠭᠦᠯᠵᠣ | ᠪᠣᠯᠤᠨ᠎ᠠ︔ ᠤᠷᠢᠨ ᠬᠡᠷᠡᠭᠯᠡᠬᠦ ᠭᠡᠷ᠎ᠡ ᠶᠢᠨ ᠬᠤᠭᠤᠴᠠᠭ᠎ᠠ ᠨᠢ ᠳᠦᠭᠦᠷᠦᠭᠰᠡᠨ ᠤ ᠲᠠᠷᠠᠭ᠎ᠠ ᠠᠵᠢᠯ ᠤᠨ ᠬᠡᠷᠡᠭᠴᠡᠭᠡ ᠠᠴᠠ | ᠪᠣᠯᠵᠤ᠂ ᠲᠤᠰ ᠬᠥᠮᠦᠨ ᠨᠢ ᠭᠤᠶᠤᠴᠢᠯᠠᠬᠤ ᠶᠢᠨ ᠬᠠᠮᠳᠣ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ | ᠱᠠᠭᠠᠷᠳᠠᠬᠳᠠᠬᠤ ᠡᠭᠦᠷᠭᠡ ᠶᠢ ᠪᠡᠶᠡᠯᠡᠭᠦᠯᠵᠦ ᠴᠢᠳᠠᠪᠠᠯ᠂ ᠬᠤᠯᠪᠣᠭᠳᠠᠯ ᠪᠦᠬᠦᠢ ᠵᠢᠷᠤᠮ ᠶᠣᠰᠣᠭᠠᠷ ᠦᠷᠭᠦᠯᠵᠢᠯᠡᠨ | ᠤᠷᠢᠵᠣ ᠪᠣᠯᠣᠨ᠎ᠠ᠃ ᠤᠷᠢᠨ ᠬᠡᠷᠡᠭᠯᠡᠬᠦ ᠭᠡᠷ᠎ᠡ ᠶᠢᠨ ᠡᠳᠦᠷ ᠲᠤᠳᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠤᠷᠢᠨ | ᠬᠡᠷᠡᠭᠯᠡᠬᠦ ᠭᠡᠷ᠎ᠡ ᠪᠠᠶᠢᠭᠤᠯᠬᠤ᠂ ᠬᠤᠪᠢᠷᠠᠭᠤᠯᠬᠤ᠂ ᠦᠷᠭᠦᠯᠵᠢᠯᠡᠨ ᠲᠣᠭᠲᠠᠭᠠᠬᠤ᠂ ᠭᠦᠴᠣᠨ ᠦᠭᠡᠢ ᠪᠣᠯᠭᠠᠬᠤ᠂ | ᠵᠣᠭᠰᠣᠭᠠᠬᠤ ᠵᠡᠷᠭᠡ ᠵᠠᠩᠭᠢᠯᠠᠭ᠎ᠠ ᠶᠢ ᠭᠤᠣᠯᠳᠠᠯᠭ᠎ᠠ ᠲᠠᠢ ᠵᠢᠷᠣᠮᠵᠢᠭᠤᠯᠣᠨ᠎ᠠ᠃ | ︵ᠲᠥᠷᠪᠡ︶ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠲᠥᠷᠢᠮ ᠢ ᠬᠡᠷᠩᠵᠢᠭᠦᠯᠣᠨ᠎ᠠ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠳᠤ ᠠᠵᠢᠯ ᠤᠨ ᠪᠠᠶᠢᠷᠢ ᠶᠢᠨ | ᠬᠠᠮᠢᠶᠠᠷᠤᠯᠲᠠ ᠶᠢᠨ ᠲᠥᠷᠢᠮ ᠢ ᠪᠦᠬᠦ ᠲᠠᠯ᠎ᠠ ᠪᠠᠷ ᠬᠡᠷᠡᠭᠵᠢᠭᠦᠯᠣᠨ᠂ ᠨᠡᠶᠢᠭᠡᠮ ᠤᠨ ᠴᠢᠳᠠᠪᠬᠢ᠂ ᠲᠣᠰᠢᠶᠠᠯ | ᠬᠠᠷᠢᠭᠤᠴᠠᠯᠭ᠎ᠠ ᠶᠢᠨ ᠡᠭᠦᠷᠭᠡ᠂ ᠠᠵᠢᠯ ᠤᠨ ᠰᠢᠨᠵᠢ ᠴᠢᠨᠠᠷ ᠪᠣᠯᠣᠨ ᠠᠵᠢᠯᠳᠠᠨ ᠤ ᠪᠦᠲᠦᠴᠡ ᠶᠢᠨ ᠣᠨᠴᠠᠯᠢᠭ ᠵᠡᠷᠭᠡ | ᠬᠦᠴᠦᠨ ᠵᠦᠢᠯ ᠢ ᠦᠨᠳᠣᠰᠣᠯᠡᠵᠣ᠂ ᠬᠠᠷᠭᠤᠭᠤᠯᠵᠦ ᠲᠣᠭᠳᠠᠭᠠᠭᠰᠠᠨ ᠣᠷᠣᠨ ᠲᠤᠭ᠎ᠠ ᠶᠢᠨ ᠲᠣᠳᠣᠷ᠎ᠡ ᠠᠵᠢᠯ ᠤᠨ | ᠪᠠᠶᠢᠷᠢ ᠪᠠᠶᠢᠷᠢᠯᠠᠭᠤᠯᠬᠤ ᠲᠥᠰᠦᠯ ᠢ ᠰᠢᠨᠵᠢᠯᠡᠭᠦ ᠣᠬᠠᠭᠠᠨᠴᠢ ᠪᠠᠷ ᠲᠤᠭᠤᠷᠪᠢᠨ ᠲᠣᠭᠲᠠᠭᠠᠵᠣ᠂ ᠬᠠᠮᠢᠶᠠᠷᠣᠯᠳᠠ᠂ | ᠲᠤᠰᠬᠠᠶ ᠮᠡᠷᠭᠡᠵᠢᠯ᠂ ᠦᠢᠯᠡᠴᠢᠯᠡᠭᠡᠨ ᠤ ᠠᠵᠢᠯ ᠤᠨ ᠮᠡᠷᠭᠡᠵᠢᠯ ᠴᠢᠳᠠᠪᠣᠷᠢ ᠭᠤᠷᠪᠠᠨ ᠲᠥᠷᠥᠯ ᠤᠨ ᠠᠵᠢᠯ ᠤᠨ | ᠪᠠᠶᠢᠷᠢ ᠶᠢᠨ ᠪᠦᠲᠦᠴᠡ ᠶᠢᠨ ᠬᠠᠷᠢᠴᠠᠯ ᠪᠠ ᠠᠵᠢᠯ ᠤᠨ ᠪᠠᠶᠢᠷᠢ ᠶᠢᠨ ᠵᠡᠷᠭᠡ ᠳᠡᠰ ᠢ ᠵᠦᠢ ᠵᠣᠬᠢᠰᠳᠠᠢ ᠲᠣᠭᠳᠠᠭᠠᠵᠣ᠂ | ᠠᠵᠢᠯ ᠤᠨ ᠪᠠᠶᠢᠷᠢ ᠶᠢᠨ ᠨᠠᠷᠡᠶᠢᠳᠣᠯ᠂ ᠲᠣᠰᠢᠶᠠᠯ ᠬᠠᠷᠢᠭᠤᠴᠠᠯᠭ᠎ᠠ ᠶᠢᠨ ᠡᠭᠦᠷᠭᠡ᠂ ᠠᠵᠢᠯ ᠤᠨ ᠪᠠᠷᠢᠮᠵᠢᠶ᠎ᠠ ᠪᠠ | ᠲᠤᠰᠢᠶᠠᠯ ᠡᠭᠦᠷᠭᠡᠯᠡᠬᠦ ᠨᠥᠬᠦᠴᠡᠯ ᠢ ᠲᠣᠳᠣᠷᠬᠠᠶᠢᠯᠠᠵᠣ᠂ ᠬᠡᠷᠡᠭᠴᠡᠭᠡ ᠪᠠᠨ ᠦᠨᠳᠦᠰᠦᠯᠡᠨ ᠠᠵᠢᠯ ᠤᠨ ᠪᠠᠶᠢᠷᠢ | ᠪᠠᠶᠢᠷᠢᠯᠠᠭᠤᠯᠬᠤ᠂ ᠠᠵᠢᠯ ᠤᠨ ᠪᠠᠶᠢᠷᠢ ᠳᠤ ᠥᠷᠢᠰᠥᠯᠳᠦᠨ ᠭᠠᠷᠬᠤ᠂ ᠠᠵᠢᠯ ᠤᠨ ᠪᠠᠶᠢᠷᠢ ᠪᠠᠷ ᠤᠷᠢᠨ ᠬᠡᠷᠡᠭᠯᠡᠬᠦ᠂ | ᠭᠡᠷ᠎ᠡ ᠶᠣᠰᠣᠭᠠᠷ ᠬᠠᠮᠢᠶᠠᠷᠬᠤ ᠶᠢ ᠪᠡᠶᠡᠯᠡᠭᠦᠯᠣᠨ᠎ᠠ᠃ ᠨᠣᠮ ᠤᠨ ᠰᠠᠩ᠂ ᠮᠦᠽᠧᠶ᠂ ᠰᠣᠶᠣᠯ ᠤᠨ ᠣᠷᠳᠣᠨ ︵ | ᠦᠷᠲᠡᠭᠡ︶᠂ ᠤᠯᠠᠨ ᠲᠦᠮᠡᠨ ᠤ ᠤᠷᠠᠯᠢᠭ ᠤᠨ ᠭᠡᠷ᠂ ᠦᠵᠡᠰᠬᠦᠯᠡᠩ ᠤᠨ ᠣᠷᠳᠣᠨ᠂ ᠳᠤᠷᠠᠰᠬᠠᠯ ᠤᠨ ᠣᠷᠳᠣᠨ | ᠵᠢᠴᠢ ᠠᠵᠢᠯ ᠦᠢᠯᠡᠰ ᠤᠨ ᠨᠢᠭᠡᠴᠨ ᠶᠢᠨ ᠰᠢᠨᠵᠢ ᠴᠢᠨᠠᠷ ᠢ ᠨᠢ ᠬᠡᠪ ᠢᠶᠠᠷ ᠪᠠᠶᠢᠯᠭᠠᠬᠤ ᠤᠯᠤᠰ ᠤᠨ ᠥᠮᠴᠢᠯᠡᠯᠳᠣ | ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠶᠢ ᠵᠠᠷᠴᠢᠮ | ᠳᠡᠭᠡᠷ᠎ᠡ ᠪᠠᠨ ᠠᠵᠢᠯ ᠤᠨ ᠪᠠᠶᠢᠷᠢ ᠶᠢᠨ ᠪᠦᠬᠦ ᠲᠤᠭ᠎ᠠ ᠶᠢᠨ 70% ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢᠨ | ᠬᠠᠮᠳᠣ᠂ ᠨᠢᠭᠡᠴᠨ ᠶᠢᠨ ᠭᠤᠣᠯ ᠴᠣᠭᠴᠠ ᠶᠢᠨ ᠲᠤᠬᠠᠶᠢᠯᠠᠭᠰᠠᠨ ᠠᠵᠢᠯ ᠢᠶᠠᠷ ᠭᠤᠣᠯ ᠴᠣᠭᠴᠠ ᠶᠢᠨ ᠲᠤᠰᠬᠠᠶ | ᠮᠡᠷᠭᠡᠵᠢᠯ ᠤᠨ ᠠᠵᠢᠯ ᠤᠨ ᠪᠠᠶᠢᠷᠢ ᠶᠢ ᠲᠣᠭᠲᠠᠭᠠᠵᠣ᠂ ᠪᠤᠰᠤᠳ ᠲᠤᠰᠠᠯᠠᠬᠤ ᠰᠢᠷᠢᠰ ᠲᠤᠰᠬᠠᠶ ᠮᠡᠷᠭᠡᠵᠢᠯ ᠤᠨ | ᠠᠵᠢᠯ ᠤᠨ ᠪᠠᠶᠢᠷᠢ ᠶᠢᠨ ᠵᠡᠷᠭᠡ ᠳᠡᠰ ᠢ ᠵᠠᠷᠴᠢᠮ ᠳᠡᠭᠡᠷ᠎ᠡ ᠪᠠᠨ ᠭᠤᠣᠯ ᠴᠣᠭᠴᠠ ᠶᠢᠨ ᠲᠤᠰᠬᠠᠶ ᠮᠡᠷᠭᠡᠵᠢᠯ ᠤᠨ | ᠠᠵᠢᠯ ᠤᠨ ᠪᠠᠶᠢᠷᠢ ᠠᠴᠠ ᠳᠣᠣᠷ᠎ᠠ ᠪᠠᠶᠢᠯᠭᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ | ᠦᠢᠯᠡᠰ ᠤᠨ ᠨᠢᠭᠡᠴᠨ ᠶᠢᠨ ᠬᠥᠭᠵᠢᠯᠲᠡ ᠪᠠ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢᠨ | ᠬᠡᠷᠡᠭᠴᠡᠭᠡ ᠶᠢ ᠦᠨᠳᠦᠰᠦᠯᠡᠵᠣ᠂ ᠠᠳᠠᠯᠢ ᠪᠤᠰᠤ ᠲᠦᠷᠣᠯ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠰᠣᠶᠣᠯ ᠤᠨ ᠠᠵᠢᠯ ᠦᠢᠯᠡᠰ ᠤᠨ ᠨᠢᠭᠡᠴᠨ ᠶᠢᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠪᠠ ᠬᠠᠮᠤᠭ | ᠦᠨᠳᠣᠷ ᠵᠡᠷᠭᠡ ᠲᠠᠰ ᠢ ᠲᠣᠬᠢᠷᠠᠭᠤᠯᠬᠤ ᠠᠷᠭ᠎ᠠ ᠶᠢ ᠬᠠᠶᠢᠨ ᠰᠦᠪᠡᠭᠴᠢᠯᠡᠵᠦ᠂ ᠠᠵᠢᠯ ᠤᠨ ᠪᠠᠶᠢᠷᠢ ᠶᠢᠨ | ᠪᠦᠲᠦᠴᠡ ᠶᠢ ᠲᠠᠰᠤᠷᠠᠯᠲᠠ ᠦᠭᠡᠶ ᠰᠢᠯᠢᠳᠡᠭᠵᠢᠭᠦᠯᠵᠣ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ | ᠪᠦᠷᠢᠯᠳᠣᠭᠦᠯᠣᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ | ᠣᠷᠣᠨ ᠲᠤᠭ᠎ᠠ ᠪᠤᠯᠤᠨ ᠳᠠᠩᠰᠠᠨ ᠳᠤ ᠪᠠᠶᠢᠭ᠎ᠠ ᠠᠵᠢᠯᠲᠠᠨ ᠢ ᠠᠵᠢᠯ ᠤᠨ ᠪᠠᠶᠢᠷᠢ ᠶᠢᠨ ᠪᠠᠶᠢᠷᠢᠯᠠᠭᠤᠯᠬᠤ ᠲᠥᠰᠦᠯ ᠤᠨ | ᠱᠠᠭᠠᠷᠳᠠᠯᠭ᠎ᠠ ᠶᠣᠰᠣᠭᠠᠷ᠂ ᠣᠷᠢᠨ ᠬᠡᠷᠩᠯᠡᠭᠦ ᠭᠡᠷ᠎ᠡ ᠳᠡᠭᠡᠨ ᠵᠣᠬᠢᠬᠤ ᠠᠵᠢᠯ ᠤᠨ ᠪᠠᠶᠢᠷᠢ ᠶᠢᠨ ᠲᠦᠷᠣᠯ ᠵᠦᠢᠯ᠂ | ᠠᠵᠢᠯ ᠤᠨ ᠪᠠᠶᠢᠷᠢ ᠶᠢᠨ ᠵᠡᠷᠭᠡ ᠳᠡᠰ ᠪᠣᠯᠣᠨ ᠤᠷᠢᠨ ᠬᠡᠷᠡᠭᠯᠡᠬᠦ ᠬᠤᠭᠤᠴᠠᠭ᠎ᠠ ᠶᠢ ᠨᠢ ᠲᠣᠳᠣᠷᠬᠠᠶᠢᠯᠠᠵᠣ᠂ | ᠦᠢᠯᠡᠴᠢᠯᠡᠭᠡᠨ ᠤ ᠠᠵᠢᠯ ᠵᠡᠷᠭᠡ ᠲᠤᠰᠠᠯᠠᠬᠤ ᠴᠢᠨᠠᠷᠲᠠᠶ ᠠᠵᠢᠯ ᠤᠨ ᠪᠠᠶᠢᠷᠢ ᠳᠤ ᠠᠯᠬᠤᠮ ᠠᠯᠬᠤᠮ ᠢᠶᠠᠷ | ᠨᠡᠶᠢᠭᠡᠮᠴᠢᠯᠡᠭᠰᠡᠨ ᠦᠢᠯᠡᠴᠢᠯᠡᠭᠡ ᠶᠢ ᠬᠡᠷᠡᠭᠵᠢᠭᠦᠯᠣᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ | ᠠᠵᠢᠯ ᠦᠢᠯᠡᠰ ᠤᠨ ᠨᠢᠭᠡᠴᠨ ᠨᠢ ᠣᠨᠴᠨ ᠲᠣᠭᠳᠠᠭᠰᠠᠨ ᠡᠭᠦᠷᠭᠡ ᠶᠢ ᠪᠡᠶᠡᠯᠡᠭᠦᠯᠬᠦ ᠶᠢᠨ ᠲᠦᠯᠣᠭᠡ᠂ ᠪᠠᠴᠢᠮ | ᠬᠡᠷᠡᠭᠰᠡᠬᠦ ᠲᠣᠳᠠᠭᠳᠠᠵᠣ ᠪᠠᠶᠢᠬᠤ ᠵᠢᠯᠣᠭᠤᠳᠬᠤ᠂ ᠨᠠᠶᠢᠷᠠᠭᠤᠯᠣᠨ ᠵᠣᠬᠢᠶᠠᠨ ᠪᠦᠲᠦᠭᠡᠬᠦ᠂ ᠤᠳᠤᠷᠢᠳᠤᠭᠠᠯᠠᠬᠤ᠂ | ᠠᠬᠠᠯᠠᠬᠤ ᠵᠡᠷᠭᠡ ᠣᠨᠴᠣᠭᠤᠶ ᠳᠡᠭᠡᠳᠣ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠬᠡᠷᠡᠭᠯᠡᠬᠦ ᠳᠤ ᠬᠠᠮᠢᠶ᠎ᠠ | ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠣᠨᠴᠨ ᠲᠣᠭᠳᠠᠭᠰᠠᠨ ᠠᠵᠢᠯ ᠤᠨ ᠪᠠᠶᠢᠷᠢ | ᠪᠠᠶᠢᠷᠢᠯᠠᠭᠤᠯᠵᠣ ᠪᠣᠯᠤᠨ᠎ᠠ᠂ ᠠᠵᠢᠯ ᠦᠢᠯᠡᠰ ᠤᠨ ᠨᠢᠭᠡᠴᠨ ᠶᠢᠨ ᠠᠵᠢᠯ ᠤᠨ ᠪᠠᠶᠢᠷᠢ ᠶᠢᠨ ᠪᠦᠬᠦ ᠲᠤᠭ᠎ᠠ᠂ ᠬᠠᠮᠤᠭ | ᠳᠡᠭᠡᠳᠣ ᠵᠡᠷᠭᠡ ᠳᠡᠰ ᠪᠠ ᠪᠦᠲᠦᠴᠡ ᠶᠢᠨ ᠬᠠᠷᠢᠴᠠᠯ ᠳᠤ ᠬᠢᠵᠠᠭᠠᠷᠯᠠᠭᠳᠠᠬᠤ ᠦᠬᠡᠢ ᠪᠠᠶᠢᠵᠣ᠂ ᠬᠠᠮᠢᠶ᠎ᠠ ᠪᠦᠬᠦᠢ | ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠤ ᠲᠡᠷᠠᠭ᠎ᠠ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠬᠠᠷᠭᠤᠭᠤᠯᠵᠣ ᠬᠠᠰᠤᠨ᠎ᠠ᠃ | ︵ᠲᠠᠪᠤ︶ ᠦᠷᠢᠰᠣᠯᠳᠣᠨ ᠣᠷᠢᠵᠣ ᠠᠵᠢᠯ ᠤᠨ ᠪᠠᠶᠢᠷᠢ ᠳᠤ ᠭᠠᠷᠭᠠᠬᠤ ᠲᠦᠷᠢᠮ ᠢ ᠬᠡᠷᠡᠭᠵᠢᠭᠦᠯᠣᠨ᠎ᠠ᠃ | ᠦᠷᠢᠰᠣᠯᠳᠣᠨ ᠣᠷᠢᠵᠣ ᠠᠵᠢᠯ ᠤᠨ ᠪᠠᠶᠢᠷᠢ ᠳᠤ ᠭᠠᠷᠭᠠᠬᠤ ᠶᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ | ᠠᠵᠢᠯ ᠦᠢᠯᠡᠰ ᠤᠨ ᠨᠢᠭᠡᠴᠨ ᠶᠢᠨ ᠣᠷᠣᠨ ᠲᠤᠭ᠎ᠠ ᠪᠤᠯᠤᠨ ᠳᠠᠩᠰᠠᠨ ᠳᠤ ᠪᠠᠶᠢᠭ᠎ᠠ ᠠᠵᠢᠯᠳᠠᠨ ᠢ ᠠᠵᠢᠯ ᠤᠨ | ᠪᠠᠶᠢᠷᠢᠨ ᠳᠤ ᠤᠷᠢᠨ ᠬᠡᠷᠡᠭᠯᠡᠬᠦ ᠶᠢᠨ ᠭᠤᠣᠯ ᠠᠷᠭ᠎ᠠ ᠮᠠᠶ᠋ᠢᠭ ᠪᠣᠯᠭᠠᠵᠣ᠂ ᠢᠯᠡ᠂ ᠡᠷᠭᠡ ᠳᠡᠭᠰᠢ᠂ ᠲᠥᠪ ᠭᠤᠣᠯᠴᠢ | ᠪᠠᠶᠢᠬᠤ ᠵᠠᠷᠴᠢᠮ ᠢ ᠪᠠᠷᠢᠮᠳᠠᠯᠠᠵᠣ᠂ ᠬᠤᠪᠢ ᠬᠥᠮᠦᠨ ᠥᠪᠡᠷ ᠢ ᠪᠠᠨ ᠲᠠᠨᠢᠯᠴᠠᠭᠤᠯᠬᠤ᠂ ᠤᠯᠡᠠ ᠲᠦᠮᠡᠨ | ᠲᠠᠨᠢᠯᠴᠠᠭᠤᠯᠬᠤ ᠪᠤᠶᠤ ᠵᠣᠬᠢᠶᠠᠨ ᠪᠠᠶᠢᠭᠤᠯᠤᠯᠲᠠ ᠠᠴᠠ ᠨᠡᠷ᠎ᠡ ᠲᠣᠷᠠᠣᠠᠬᠤ ᠵᠡᠷᠭᠡ ᠬᠡᠯᠪᠡᠷᠢ ᠪᠠᠷ ᠵᠢᠱᠢᠭᠳᠡᠭᠴᠢ ᠶᠢ ᠪᠣᠢ | ᠪᠣᠯᠭᠠᠵᠣ᠂ ᠠᠵᠢᠯ ᠤᠨ ᠪᠠᠶᠢᠷᠢ ᠶᠢᠨ ᠠᠳᠠᠯᠢ ᠪᠤᠰᠤ ᠣᠨᠴᠠᠯᠢᠭ ᠢ ᠦᠨᠳᠦᠰᠦᠯᠡᠨ᠂ ᠪᠢᠴᠢᠵᠦ ᠰᠢᠯᠭᠠᠬᠤ᠂ ᠨᠢᠭᠤᠷᠳᠠᠨ | ᠰᠢᠯᠭᠠᠬᠤ᠂ ᠠᠷᠠᠳᠴᠢᠯᠠᠯ ᠢᠶᠠᠷ ᠰᠢᠯᠭᠠᠨ ᠦᠨᠡᠯᠡᠬᠦ᠂ ᠲᠤᠰᠬᠠᠶ ᠮᠡᠷᠭᠡᠵᠢᠯᠲᠡᠨ ᠦᠨᠡᠯᠡᠨ ᠵᠦᠪᠳᠡᠯᠴᠡᠭᠦ ᠵᠡᠷᠭᠡ | ᠠᠷᠭ᠎ᠠ ᠪᠠᠷ ᠥᠷᠢᠰᠥᠯᠳᠦᠨ ᠣᠷᠢᠵᠣ ᠠᠵᠢᠯ ᠤᠨ ᠪᠠᠶᠢᠷᠢᠨ ᠳᠤ ᠭᠠᠷᠭᠠᠬᠤ ᠶᠢ ᠬᠡᠷᠡᠭᠵᠢᠭᠦᠯᠣᠨ᠎ᠠ᠃ ᠠᠵᠢᠯ ᠤᠨ | ᠪᠠᠶᠢᠷᠢ ᠶᠢᠨ ᠲᠣᠰᠢᠶᠠᠯ ᠬᠠᠷᠢᠭᠤᠴᠠᠯᠭ᠎ᠠ ᠶᠢᠨ ᠡᠭᠦᠷᠭᠡ ᠪᠠ ᠲᠤᠰᠢᠶᠠᠯ ᠡᠭᠦᠷᠭᠡᠯᠡᠬᠦ ᠨᠥᠬᠦᠴᠡᠯ ᠢᠶᠠᠷ ᠪᠠᠷᠢᠮᠵᠢᠶ᠎ᠠ | ᠪᠣᠯᠭᠠᠵᠣ᠂ ᠮᠣᠷᠠᠯ᠂ ᠴᠢᠳᠠᠪᠤᠷᠢ ᠪᠠ ᠦᠷ᠎ᠡ ᠪᠦᠳᠣᠮᠵᠢ ᠪᠠᠷ ᠦᠨᠳᠣᠰᠣᠯᠡᠯ ᠪᠣᠯᠭᠠᠵᠤ᠂ ᠨᠦᠭᠦᠴᠡᠯ ᠢ ᠴᠢᠩᠳᠡᠯᠠᠨ᠂ | ᠳᠡᠰ ᠳᠠᠷᠠᠭᠠᠯᠠᠯ ᠢ ᠵᠢᠷᠤᠮᠵᠢᠭᠤᠯᠵᠣ᠂ ᠰᠢᠯᠢᠳᠡᠭ ᠢ ᠨᠢ ᠰᠣᠩᠭᠤᠨ ᠣᠷᠢᠵᠣ ᠬᠡᠷᠩᠯᠡᠨ᠎ᠠ᠃ ᠲᠤᠰᠬᠠᠶ ᠮᠡᠷᠭᠡᠵᠢᠯ ᠤᠨ | ᠠᠵᠢᠯ ᠤᠨ ᠪᠠᠶᠢᠷᠢᠨ ᠳᠤ ᠤᠷᠢᠵᠤ ᠬᠡᠷᠡᠭᠯᠡᠬᠦ ᠳᠤ ᠲᠤᠬᠠᠶᠢᠯᠠᠭᠰᠠᠨ ᠠᠵᠢᠯ ᠤᠨ ᠴᠢᠳᠠᠪᠤᠷᠢ᠂ ᠡᠷᠳᠡᠮ ᠰᠢᠨᠵᠢᠯᠡᠭᠡᠨ ᠤ | ᠬᠢᠷᠢ ᠬᠡᠮᠵᠢᠶ᠎ᠡ᠂ ᠨᠡᠶᠢᠭᠡᠮ ᠤᠨ ᠦᠷ᠎ᠡ ᠠᠰᠢᠭ ᠪᠠ ᠪᠣᠳᠠᠲᠠᠶ ᠬᠤᠪᠢ ᠨᠡᠮᠡᠷᠢ ᠶᠢ ᠴᠢᠬᠤᠯᠠᠴᠢᠯᠠᠨ᠎ᠠ︔ | ᠬᠠᠮᠢᠶᠠᠷᠤᠯᠲᠠ ᠶᠢᠨ ᠠᠵᠢᠯ ᠤᠨ ᠪᠠᠶᠢᠷᠢᠨ ᠳᠤ ᠤᠷᠢᠵᠤ ᠬᠡᠷᠡᠭᠯᠡᠬᠦ ᠳᠤ ᠲᠦᠷᠦ ᠶᠢᠨ ᠪᠤᠳᠤᠯᠭ᠎ᠠ ᠶᠢᠨ ᠬᠢᠷᠢ ᠬᠡᠮᠵᠢᠶ᠎ᠡ᠂ | ᠬᠠᠮᠢᠶᠠᠷᠤᠯᠲᠠ ᠶᠢᠨ ᠴᠢᠳᠠᠪᠤᠷᠢ ᠪᠠ ᠠᠵᠢᠯ ᠤᠨ ᠦᠷ᠎ᠡ ᠪᠦᠳᠣᠮᠵᠢ ᠶᠢ ᠴᠢᠬᠤᠯᠠᠴᠢᠯᠠᠨ᠎ᠠ︔ ᠦᠢᠯᠡᠴᠢᠯᠡᠭᠡᠨ ᠤ | ᠠᠵᠢᠯ ᠤᠨ ᠮᠡᠷᠭᠡᠵᠢᠯ ᠴᠢᠳᠠᠪᠣᠷᠢ ᠶᠢᠨ ᠠᠵᠢᠯ ᠤᠨ ᠪᠠᠶᠢᠷᠢᠨ ᠳᠤ ᠤᠷᠢᠵᠤ ᠬᠡᠷᠡᠭᠯᠡᠬᠦ ᠳᠤ ᠦᠢᠯᠡᠴᠢᠯᠡᠭᠡᠨ ᠤ ᠶᠠᠰᠤ | ᠴᠢᠨᠠᠷ᠂ ᠦᠢᠯᠡᠴᠢᠯᠡᠭᠡᠨ ᠤ ᠬᠢᠷᠢ ᠭᠡᠮᠵᠢᠶ᠎ᠠ ᠪᠠ ᠦᠢᠯᠡᠴᠢᠯᠡᠭᠡᠨ ᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ | ᠥᠷᠢᠰᠥᠯᠳᠦᠨ ᠣᠷᠢᠵᠣ ᠠᠵᠢᠯ ᠤᠨ ᠪᠠᠶᠢᠷᠢᠨ ᠳᠤ ᠭᠠᠷᠭᠠᠬᠤ ᠪᠠᠷ ᠳᠡᠮᠵᠢᠨ᠂ ᠰᠢᠯᠢᠳᠡᠭ ᠴᠢᠳᠠᠪᠤᠷᠢᠲᠠᠨ ᠴᠣᠯᠭᠤᠷᠠᠨ | ᠭᠠᠷᠬᠤ ᠶᠢ ᠠᠬᠢᠭᠤᠯᠣᠨ᠎ᠠ᠃ ᠠᠵᠢᠯ ᠦᠢᠯᠡᠰ ᠤᠨ ᠨᠢᠭᠡᠴᠨ ᠶᠢᠨ ᠰᠢᠨᠵᠢ ᠴᠢᠨᠠᠷ ᠢ ᠨᠢ ᠬᠡᠪ ᠢᠶᠠᠷ ᠪᠠᠶᠢᠯᠭᠠᠬᠤ | ᠤᠯᠤᠰ ᠤᠨ ᠥᠮᠴᠢᠯᠡᠯᠳᠣ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠬᠥᠮᠦᠨ ᠬᠡᠷᠡᠭᠯᠡᠬᠦ ᠲᠣᠭᠲᠠᠴᠠ ᠪᠠᠨ | ᠲᠠᠰᠤᠷᠠᠯᠲᠠ ᠦᠭᠡᠢ ᠠᠮᠢᠳᠤᠯᠢᠭ ᠪᠣᠯᠭᠠᠬᠤ ᠶᠢ ᠵᠣᠷᠢᠬᠵᠢᠭᠤᠯᠬᠤ ᠪᠠ ᠳᠡᠮᠵᠢᠨ᠎ᠠ᠃ | ︵ᠵᠢᠷᠭᠤᠭ᠎ᠠ︶ ᠤᠷᠢᠨ ᠬᠡᠷᠡᠭᠯᠡᠭᠰᠡᠨ ᠦᠭᠡᠢ ᠬᠥᠮᠦᠰ ᠢ ᠲᠣᠬᠢᠲᠠᠶ ᠲᠥᠪᠬᠢᠨᠡᠭᠦᠯᠣᠨᠠ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠨᠦᠭᠦᠳ ᠤᠷᠢᠨ ᠬᠡᠷᠡᠭᠯᠡᠬᠦ ᠲᠦᠷᠢᠮ ᠢ | ᠬᠡᠷᠡᠭᠵᠢᠭᠦᠯᠬᠦ ᠶᠠᠪᠤᠴᠠ ᠳᠤ ᠤᠷᠢᠭᠳᠠᠨ ᠬᠡᠷᠡᠭᠯᠡᠭᠳᠡᠭᠰᠡᠨ ᠦᠭᠡᠢ ᠤᠤᠯ ᠤᠨ ᠣᠷᠣᠨ ᠲᠤᠭ᠎ᠠ ᠪᠤᠯᠤᠨ ᠳᠠᠩᠰᠠᠨ ᠳᠤ | ᠪᠠᠶᠢᠭ᠎ᠠ ᠵᠢᠩᠬᠢᠨᠢ ᠠᠵᠢᠯᠳᠠᠨ ᠢ ᠳᠣᠲᠣᠭᠠᠳᠤ ᠳᠠᠭᠠᠨ ᠰᠢᠩᠭᠡᠭᠡᠬᠦ ᠪᠠᠷ ᠭᠤᠣᠯ ᠪᠣᠯᠭᠠᠬᠤ᠂ ᠤᠯᠠᠨ ᠵᠦᠢᠯ ᠤᠨ ᠠᠷᠭ᠎ᠠ | ᠮᠠᠶ᠋ᠢᠭ ᠢᠶᠠᠷ ᠲᠥᠪᠬᠢᠨᠡᠭᠦᠯᠬᠦ ᠵᠠᠷᠴᠢᠮ ᠢ ᠪᠠᠷᠢᠮᠲᠠᠯᠠᠵᠤ᠂ ᠲᠦᠭᠦᠮᠭᠡᠨ ᠢᠶᠠᠷ ᠨᠡᠶᠢᠭᠡᠮ ᠳᠤ ᠲᠦᠯᠬᠢᠵᠦ ᠪᠣᠯᠬᠤ ᠦᠭᠡᠢ᠃ | ᠡᠯ᠎ᠡ ᠭᠠᠵᠠᠷ ᠣᠷᠣᠨ ᠨᠤᠭᠤᠳ ᠪᠣᠳᠠᠳᠠᠢ ᠲᠠᠢ ᠪᠠᠨ ᠤᠶᠠᠯᠳᠤᠭᠤᠯᠤᠨ᠂ ᠤᠷᠠᠯᠢᠭ ᠤᠨ ᠴᠢᠳᠠᠪᠤᠷᠢᠲᠠᠨ ᠤ ᠦᠰᠦᠨ | ᠪᠤᠶᠢᠵᠢᠬᠤ ᠵᠢᠮ᠎ᠡ ᠶᠣᠰᠣᠨ ᠳᠤ ᠨᠡᠶᠢᠴᠡᠬᠦ ᠠᠵᠢᠯ ᠠᠴᠠ ᠰᠠᠯᠬᠤ ᠲᠦᠷᠢᠮ ᠪᠠ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠣᠨ ᠪᠦᠷᠢᠨᠰᠢᠭᠦᠯᠵᠣ᠂ ᠠᠵᠢᠯ ᠦᠢᠯᠡᠰ ᠤᠨ ᠨᠢᠭᠡᠴᠨ ᠶᠢᠨ ᠰᠢᠨᠵᠢ ᠴᠢᠨᠠᠷ ᠢ ᠨᠢ ᠬᠡᠪ ᠢᠶᠠᠷ ᠪᠠᠶᠢᠯᠭᠠᠬᠤ | ᠤᠯᠤᠰ ᠤᠨ ᠥᠮᠴᠢᠯᠡᠯᠳᠣ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠪᠥᠵᠢᠭ᠂ ᠼᠢᠷᠺ᠂ ᠰᠢ | ᠳᠠᠭᠤᠷᠢᠯᠢᠬ ᠤᠨ ᠵᠡᠪᠰᠡᠭ ᠤᠨ ᠡᠷᠳᠡᠮ᠂ ᠦᠯᠢᠶᠡᠪᠦᠷᠢ ᠬᠥᠭᠵᠢᠮ ᠬᠥᠭᠵᠢᠮᠳᠡᠬᠦ᠂ ᠲᠠᠶᠢᠰᠠᠨ ᠤ ᠤᠷᠯᠢᠬ ᠲᠤᠨᠤᠬᠯᠠᠬ | ᠵᠡᠷᠭᠡ ᠣᠨᠴᠣᠭᠤᠢ ᠲᠤᠰᠬᠠᠶ ᠮᠡᠷᠭᠡᠵᠢᠯ ᠤᠨ ᠠᠵᠢᠯᠳᠠᠨ ᠤ ᠠᠵᠢᠯ ᠤᠨ ᠪᠠᠶᠢᠷᠢ ᠰᠣᠯᠢᠬᠤ ᠳᠤ ᠴᠢᠭᠯᠡᠭᠦᠯᠣᠭ᠍ᠰᠡᠨ | ᠲᠦᠷᠦ ᠶᠢᠨ ᠪᠤᠳᠤᠯᠭ᠎ᠠ ᠶᠢ ᠲᠦᠷᠭᠡᠣᠡᠭᠡᠨ ᠰᠣᠳᠣᠯᠣᠨ ᠲᠣᠭᠳᠠᠭᠠᠵᠣ᠂ ᠵᠣᠬᠢᠬᠤ ᠠᠵᠢᠯᠯᠠᠭᠰᠠᠨ ᠵᠢᠯ | ᠬᠤᠭᠤᠴᠠᠭ᠎ᠠ ᠳᠤ ᠬᠦᠷᠦᠭᠰᠡᠨ ᠪᠥᠭᠡᠳ ᠦᠷᠭᠦᠯᠵᠢᠯᠡᠨ ᠲᠠᠶᠢᠰᠠᠨ ᠳᠤ ᠭᠠᠷᠴᠤ ᠲᠣᠭᠯᠠᠵᠣ ᠦᠯᠣ ᠳᠠᠶᠢᠯᠣᠭ᠍ᠰᠡᠣᠨ ᠪᠤᠯ | ᠂ ᠲᠤᠰ ᠬᠥᠮᠦᠨ ᠨᠢ ᠰᠠᠶᠢᠨ ᠳᠤᠷ᠎ᠠ ᠠᠴᠠ ᠪᠠᠨ ᠭᠤᠶᠤᠴᠢᠯᠠᠭᠰᠠᠨ ᠰᠠᠭᠤᠷᠢᠨ ᠳᠡᠭᠡᠷ᠎ᠡ᠂ ᠠᠵᠢᠯᠳᠠᠨ ᠤ ᠶᠠᠪᠤᠳᠠᠯ ᠤᠨ | ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠵᠥᠪᠰᠢᠶᠡᠷᠡᠭᠰᠡᠨ ᠤ ᠳᠠᠷᠠᠭ᠎ᠠ᠂ ᠳᠣᠲᠣᠭᠠᠳᠤ ᠳᠠᠭᠠᠨ | ᠠᠵᠢᠯ ᠤᠨ ᠪᠠᠶᠢᠷᠢ ᠠᠴᠠ ᠪᠠᠨ ᠪᠠᠭᠤᠵᠤ ᠠᠮᠠᠷᠠᠬᠤ ᠪᠤᠶᠤ ᠰᠣᠶᠣᠯ ᠤᠨ ᠣᠷᠳᠣᠨ ︵ᠦᠷᠲᠡᠭᠡ︶᠂ ᠨᠣᠮ ᠤᠨ ᠰᠠᠩ᠂ | ᠨᠡᠶᠢᠭᠡᠮ ᠲᠣᠭᠤᠷᠢᠭ ᠤᠨ ᠰᠣᠶᠣᠯ ᠤᠨ ᠲᠥᠪ ᠵᠡᠷᠭᠡ ᠰᠣᠶᠣᠯ ᠤᠨ ᠨᠢᠭᠡᠴᠡ ᠳᠤ ᠲᠣᠬᠢᠲᠠᠶ ᠲᠣᠬᠢᠷᠠᠭᠤᠯᠵᠣ ᠪᠣᠯᠣᠨ᠎ᠠ᠂ | ᠪᠠᠰᠠ ᠬᠤᠳᠠ ᠶᠢᠨ ᠨᠡᠶᠢᠭᠡᠮ ᠲᠣᠭᠤᠷᠢᠭ ᠪᠠ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠬᠠᠪᠰᠣᠷᠣᠨ | ᠵᠢᠯᠣᠭᠤᠣᠠᠬᠤ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠰᠤᠷᠭᠠᠨ ᠬᠥᠮᠦᠵᠢᠯ ᠵᠡᠷᠭᠡ ᠰᠣᠶᠣᠯ ᠢ | ᠲᠦᠭᠡᠮᠡᠯᠵᠢᠭᠦᠯᠬᠦ ᠠᠵᠢᠯ ᠡᠷᠬᠢᠯᠡᠭᠦ ᠳᠤ ᠲᠣᠬᠢᠷᠠᠭᠤᠯᠵᠤ ᠪᠣᠯᠣᠨ᠎ᠠ᠃ ᠨᠠᠰᠤᠵᠢᠯ ᠂ ᠡᠮᠴᠢᠯᠡᠭᠡ᠂ ᠠᠵᠢᠯ ᠠᠯᠳᠠᠬᠤ | ᠵᠡᠷᠭᠡ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠨᠢ ᠯᠠᠪᠳᠠᠭᠤᠨ ᠢᠶᠠᠷ ᠰᠢᠢᠣᠡᠪᠣᠷᠢᠯᠡᠭᠰᠡᠨ ᠰᠠᠭᠤᠷᠢᠨ ᠳᠡᠭᠡᠷ᠎ᠡ᠂ | ᠨᠡᠶᠢᠭᠡᠮ ᠤᠨ ᠲᠥᠪᠬᠢᠨᠡᠭᠦᠯᠭᠦ ᠵᠠᠮ ᠮᠦᠷ ᠪᠠ ᠠᠷᠭ᠎ᠠ ᠶᠢ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠨ᠎ᠠ᠃ | ︵ᠲᠤᠯᠤᠭ᠎ᠠ︶ ᠠᠵᠢᠯᠳᠠᠨ ᠤ ᠪᠤᠴᠠᠨ ᠭᠠᠷᠬᠤ ᠲᠣᠭᠲᠠᠴᠠ ᠶᠢ ᠲᠡᠭᠦᠯᠳᠡᠷᠵᠢᠭᠦᠯᠣᠨ᠎ᠠ᠃ ᠤᠷᠢᠨ ᠬᠡᠷᠡᠭᠯᠡᠬᠦ | ᠭᠡᠷ᠎ᠡ ᠶᠢ ᠬᠦᠴᠦᠨ ᠦᠭᠡᠢ ᠪᠣᠯᠭᠠᠬᠤ᠂ ᠵᠣᠭᠰᠣᠭᠠᠬᠤ ᠨᠥᠬᠦᠴᠡᠯ᠂ ᠳᠡᠰ ᠳᠠᠷᠠᠭᠠᠯᠠᠯ ᠪᠠ ᠠᠵᠤ ᠠᠬᠤᠶ ᠶᠢᠨ | ᠲᠥᠯᠥᠪᠦᠷᠢ ᠥᠭᠬᠦ ᠲᠠᠯ᠎ᠠ ᠶᠢᠨ ᠲᠣᠭᠲᠠᠭᠠᠯ ᠢ ᠵᠢᠷᠤᠮᠵᠢᠭᠤᠯᠵᠤ᠂ ᠠᠵᠢᠯᠳᠠᠨ ᠤ ᠰᠠᠯᠵᠦ ᠭᠠᠷᠬᠤ ᠶᠢ ᠰᠢᠯᠣᠭᠤᠣᠠᠬᠠᠨ᠂ | ᠠᠵᠢᠯᠳᠠᠨ ᠤ ᠬᠡᠪ ᠢᠶᠠᠷ ᠪᠤᠴᠠᠨ ᠭᠠᠷᠬᠤ ᠵᠠᠮ ᠮᠦᠷ ᠢ ᠥᠷᠭᠡᠳᠬᠡᠨ᠎ᠠ᠃ ᠤᠷᠢᠨ ᠬᠡᠷᠩᠯᠡᠭᠦ ᠶᠢ ᠭᠦᠴᠣᠨ ᠦᠭᠡᠢ | ᠪᠣᠯᠭᠠᠬᠤ᠂ ᠣᠷᠢᠬᠳᠠᠭᠰᠠᠨ ᠲᠣᠰᠢᠶᠠᠯ ᠠᠴᠠ ᠪᠠᠭᠤᠬᠤ ᠲᠦᠷᠢᠮ ᠢ ᠳᠡᠭᠦᠯᠳᠡᠷᠵᠢᠭᠦᠯᠣᠨ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠨᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠪᠠ ᠤᠷᠢᠨ ᠬᠡᠷᠩᠯᠡᠭᠦ ᠭᠡᠷ᠎ᠡ ᠶᠢᠨ ᠪᠣᠯᠵᠤᠭ᠎ᠠ ᠶᠣᠰᠣᠭᠠᠷ ᠠᠵᠢᠯᠲᠠᠨ ᠢ ᠤᠷᠢᠨ ᠬᠡᠷᠩᠯᠡᠭᠦ ᠪᠠᠨ ᠭᠦᠴᠣᠨ | ᠦᠭᠡᠢ ᠪᠣᠯᠭᠠᠵᠣ ᠪᠣᠯᠣᠨ᠎ᠠ᠂ ᠠᠵᠢᠯᠲᠠᠨ ᠨᠢ ᠴᠦ ᠤᠷᠢᠨ ᠬᠡᠷᠡᠭᠯᠡᠬᠦ ᠭᠡᠷ᠎ᠡ ᠶᠢᠨ ᠪᠣᠯᠵᠤᠭ᠎ᠠ ᠶᠣᠰᠣᠭᠠᠷ ᠣᠷᠢᠬᠳᠠᠭᠰᠠᠨ | ᠲᠣᠰᠢᠶᠠᠯ ᠠᠴᠠ ᠪᠠᠨ ᠪᠠᠭᠤᠵᠣ ᠪᠣᠯᠤᠨ᠎ᠠ᠃ ᠤᠷᠢᠭᠳᠠᠭᠰᠠᠨ ᠠᠵᠢᠯᠳᠠᠳ ᠣᠨ ᠤ ᠰᠢᠯᠭᠠᠨ ᠬᠢᠨᠠᠯᠳᠠ ᠪᠤᠶᠤ ᠤᠷᠢᠨ | ᠬᠡᠷᠡᠭᠯᠡᠭᠰᠡᠨ ᠬᠤᠭᠤᠴᠠᠭᠠᠨ ᠤ ᠰᠢᠯᠭᠠᠨ ᠬᠢᠨᠠᠯᠳᠠ ᠳᠤ ᠬᠢᠷᠢ ᠲᠡᠩᠴᠡᠭᠰᠡᠨ ᠥᠭᠡᠢ ᠪᠠᠶᠢᠪᠠᠯ᠂ ᠤᠷᠢᠨ ᠬᠡᠷᠡᠭᠯᠡᠭᠰᠡᠨ | ᠨᠢᠭᠡᠴᠨ ᠨᠢ ᠲᠡᠳᠡᠨ ᠤ ᠠᠵᠢᠯ ᠤᠨ ᠪᠠᠶᠢᠷᠢ ᠳᠤ ᠲᠤᠭᠢᠷᠡᠭᠤᠯᠤᠯᠳᠡ ᠬᠢᠵᠣ ᠪᠣᠯᠤᠨ᠎ᠠ︔ ᠠᠵᠢᠯ ᠤᠨ ᠪᠠᠶᠢᠷᠢ ᠶᠢᠨ | ᠲᠤᠭᠢᠷᠡᠭᠤᠯᠤᠯᠳᠡ ᠶᠢ ᠵᠥᠪᠰᠢᠶᠡᠷᠡᠬᠦ ᠦᠭᠡᠢ ᠪᠤᠶᠤ ᠠᠵᠢᠯ ᠤᠨ ᠪᠠᠶᠢᠷᠢ ᠶᠢᠨ ᠲᠤᠭᠢᠷᠡᠭᠤᠯᠤᠯᠳᠡ ᠶᠢ ᠵᠥᠪᠰᠢᠶᠡᠷᠡᠭᠰᠡᠨ | ᠪᠣᠯᠪᠠᠴᠣ ᠰᠢᠨ᠎ᠡ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ ᠰᠢᠯᠭᠠᠨ ᠬᠢᠨᠠᠯᠳᠠ ᠳᠤ ᠮᠥᠨ ᠬᠢᠷᠢ ᠲᠡᠩᠴᠡᠭᠰᠡᠨ | ᠦᠭᠡᠢ ᠪᠠᠶᠢᠪᠠᠯ᠂ ᠤᠷᠢᠨ ᠬᠡᠷᠡᠭᠯᠡᠭᠰᠡᠨ ᠨᠢᠭᠡᠴᠨ ᠨᠢ 30 ᠡᠳᠦᠷ ᠤᠨ ᠡᠮᠦᠨ᠎ᠡ ᠪᠢᠴᠢᠭ ᠢᠶᠠᠷ ᠮᠡᠳᠡᠭᠳᠡᠯ ᠪᠠᠭᠤᠯᠭᠠᠨ᠂ | ᠤᠷᠢᠨ ᠬᠡᠷᠡᠭᠯᠡᠬᠦ ᠭᠡᠷ᠎ᠡ ᠪᠠᠨ ᠬᠦᠴᠦᠨ ᠦᠭᠡᠢ ᠪᠣᠯᠭᠠᠵᠤ ᠪᠣᠯᠤᠨ᠎ᠠ︔ ᠠᠵᠤ ᠠᠬᠤᠶ ᠶᠢᠨ ᠲᠦᠯᠣᠪᠣᠷᠢ ᠦᠭᠭᠦ | ᠲᠣᠭᠲᠠᠭᠠᠯ ᠳᠤ ᠨᠡᠶᠢᠴᠡᠬᠦ ᠤᠷᠢᠭᠳᠠᠬᠤ ᠪᠠᠨ ᠪᠤᠯᠢᠬᠰᠠᠨ ᠠᠵᠢᠯᠳᠠᠣᠨ ᠲᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠠᠵᠤ ᠠᠬᠤᠶ ᠶᠢᠨ ᠲᠥᠯᠥᠪᠦᠷᠢ ᠦᠭᠭᠦ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ | ᠠᠵᠢᠯ ᠦᠢᠯᠡᠰ ᠤᠨ ᠨᠢᠭᠡᠴᠨ ᠨᠢ ᠠᠵᠢᠯᠳᠠᠨ ᠯᠤᠭ᠎ᠠ ᠪᠠᠨ ᠬᠠᠤᠯᠢ ᠶᠣᠰᠣᠭᠠᠷ ᠤᠷᠢᠨ ᠬᠡᠷᠡᠭᠯᠡᠬᠦ ᠭᠡᠷ᠎ᠡ ᠪᠠᠨ ᠬᠦᠴᠦᠨ | ᠦᠭᠡᠢ ᠪᠣᠯᠭᠠᠬᠰᠠᠨ ᠪᠤᠶᠤ ᠠᠵᠢᠯᠳᠠᠨ ᠨᠢ ᠣᠷᠢᠭᠳᠠᠭᠰᠠᠨ ᠲᠣᠰᠢᠶᠠᠯ ᠠᠴᠠ ᠪᠠᠨ ᠪᠠᠭᠤᠭᠰᠠᠨ ᠤ ᠳᠠᠷᠠᠭ᠎ᠠ᠂ ᠳᠠᠩᠰᠠ | ᠡᠪᠬᠡᠮᠡᠯ ᠢ ᠨᠢ ᠭᠦᠯᠢᠶᠠᠨ ᠠᠪᠴᠣ ᠰᠢᠯᠵᠢᠭᠦᠯᠣᠨ ᠦᠭᠭᠦ ᠵᠢᠴᠢ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠨᠢ | ᠰᠢᠯᠵᠢᠭᠦᠯᠣᠨ ᠦᠭᠭᠦ ᠪᠠ ᠵᠣᠯᠭᠠᠭᠤᠯᠬᠤ ᠠᠵᠢᠯ ᠢᠶᠠᠨ ᠰᠠᠶᠢᠳᠣᠷ ᠬᠢᠭᠦ ᠬᠡᠷᠩᠳᠠᠢ᠃ | ︵ᠨᠠᠢᠮᠨ︶ ᠢᠯᠡ ᠪᠠᠷ ᠣᠷᠢᠨ ᠬᠡᠷᠩᠯᠡᠭᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠶᠢᠨ ᠰᠢᠨ᠎ᠠ ᠪᠠᠷ ᠣᠷᠢᠨ ᠬᠡᠷᠩᠯᠡᠭᠰᠠᠨ ᠣᠷᠣᠨ | ᠲᠤᠭ᠎ᠠ ᠶᠢᠨ ᠲᠣᠳᠣᠷᠠᠬᠢ ᠠᠵᠢᠯᠳᠠᠨ ᠢ ᠤᠯᠤᠰ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠬᠤ᠂ | ᠺᠠᠳ᠋ᠷ ᠢ ᠬᠠᠮᠢᠶᠠᠷᠬᠤ ᠡᠷᠬᠡ ᠶᠢᠨ ᠬᠢᠵᠠᠭᠠᠷᠯᠠᠯ ᠢᠶᠠᠷ ᠳᠡᠭᠡᠳᠦ ᠱᠠᠲᠤᠨ ᠠᠴᠠ ᠲᠤᠰᠢᠶᠠᠯ ᠳᠤ ᠲᠣᠮᠢᠯᠠᠬᠤ ᠵᠢᠴᠢ | ᠨᠢᠭᠤᠴᠠ ᠳᠤ ᠬᠤᠯᠪᠣᠭᠳᠠᠬᠤ ᠠᠵᠢᠯ ᠤᠨ ᠪᠠᠶᠢᠷᠢ ᠵᠡᠷᠭᠡ ᠳᠤ ᠪᠤᠰᠤᠳ ᠵᠦᠢᠯ ᠤᠨ ᠠᠷᠭ᠎ᠠ ᠪᠠᠷ ᠦᠨᠡᠨᠬᠦ ᠰᠢᠯᠢᠨ | ᠳᠡᠪᠰᠢᠭᠦᠯᠵᠦ ᠲᠣᠮᠢᠯᠠᠨ ᠬᠡᠷᠡᠭᠯᠡᠬᠦ ᠴᠢᠬᠤᠯᠳᠠᠢ ᠬᠥᠮᠦᠰ ᠠᠴᠠ ᠭᠠᠳᠠᠨ᠎ᠠ᠂ ᠣᠷᠣᠨ ᠲᠤᠭ᠎ᠠ ᠶᠢᠨ ᠰᠠᠯᠠᠭ᠎ᠠ | ᠮᠥᠴᠢᠷ ᠠᠴᠠ ᠬᠠᠷᠭᠤᠭᠤᠯᠵᠣ ᠲᠣᠭᠲᠠᠭᠠᠭᠰᠠᠨ ᠨᠢᠭᠡᠴᠡ ᠶᠢᠨ ᠣᠷᠣᠨ ᠲᠤᠭ᠎ᠠ ᠶᠢᠨ ᠬᠡᠮᠵᠢᠶ᠎ᠠ ᠪᠠ ᠣᠷᠢᠨ ᠬᠡᠷᠩᠯᠡᠭᠦ | ᠲᠥᠯᠥᠪᠯᠡᠭᠡ ᠶᠢᠨ ᠳᠣᠲᠣᠷ᠎ᠡ᠂ ᠨᠡᠶᠢᠭᠡᠮ ᠳᠤ ᠬᠠᠨᠳᠤᠭᠤᠯᠤᠨ ᠢᠯᠡ ᠪᠠᠷ ᠣᠷᠢᠨ ᠬᠡᠷᠩᠯᠡᠭᠦ ᠮᠡᠳᠡᠭᠡ ᠵᠠᠩᠭᠢ | ᠨᠡᠶᠢᠲᠡᠯᠡᠵᠦ᠂ ᠢᠯᠡ ᠪᠠᠷ ᠣᠷᠢᠨ ᠬᠡᠷᠩᠯᠡᠭᠦ ᠶᠢ ᠪᠦᠬᠦ ᠲᠠᠯ᠎ᠠ ᠪᠠᠷ ᠬᠡᠷᠡᠭᠵᠢᠭᠦᠯᠣᠨ᠎ᠠ᠃ ᠪᠦᠢᠳᠠ ᠪᠦᠭᠯᠡᠭᠦᠣ ᠶᠠᠳᠠᠭᠤ | ᠬᠦᠴᠢᠷᠳᠡᠯᠲᠡᠶ ᠭᠠᠵᠠᠷ ᠣᠷᠣᠨ ᠪᠣᠯᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠬᠤᠰᠢᠭᠤ | ᠰᠢᠶᠠᠨ ︵ᠬᠤᠳᠠ᠂ ᠲᠣᠭᠤᠷᠢᠭ︶ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠣᠭ᠍ᠰᠡᠨ ᠤ ᠳᠠᠷᠠᠭ᠎ᠠ | ᠰᠢᠯᠭᠠᠬᠤ ᠬᠠᠷᠢᠴᠠᠯ ᠢᠶᠠᠨ ᠵᠣᠬᠢᠬᠤ ᠬᠡᠮᠵᠢᠶ᠎ᠡ ᠪᠠᠷ ᠪᠠᠭᠤᠷᠠᠭᠤᠯᠵᠤ ᠪᠣᠯᠤᠨ᠎ᠠ᠃ ᠦᠨᠳᠦᠰᠦᠲᠡᠨ ᠤ ᠠᠷᠠᠳ ᠤᠨ | ᠳᠤᠮᠳᠠᠬᠢ ᠪᠣᠳᠠᠰ ᠤᠨ ᠪᠤᠰᠤ ᠰᠣᠶᠣᠯ ᠤᠨ ᠥᠪ ᠢ ᠰᠤᠳᠤᠯᠬᠤ᠂ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ | ᠲᠣᠭᠯᠠᠨ ᠦᠵᠡᠭᠦᠯᠣᠯᠭᠡ ᠬᠢᠭᠦ ᠶᠢ ᠡᠷᠬᠢᠯᠡᠵᠣ ᠪᠦᠭᠦᠢ ᠰᠣᠶᠣᠯ ᠤᠷᠠᠯᠢᠭ ᠤᠨ ᠲᠥᠷᠥᠯ ᠤᠨ ᠪᠠᠶᠢᠭᠤᠯᠤᠮᠵᠢ ᠨᠢ | ᠬᠠᠮᠢᠶ᠎ᠠ ᠪᠥᠬᠦᠢ ᠲᠣᠳᠠᠭᠳᠠᠵᠣ ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠢᠯᠨ ᠪᠠᠷ ᠣᠷᠢᠨ ᠬᠡᠷᠩᠯᠡᠭᠦ ᠳᠡᠭᠡᠨ | ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠣᠷᠢᠨ ᠬᠡᠷᠩᠯᠡᠭᠦ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠰ ᠭᠠᠵᠠᠷ ᠣᠷᠣᠨ᠂ ᠲᠤᠰ ᠨᠢᠭᠡᠴᠨ ᠶᠢᠨ ᠢᠶᠠᠨ | ᠪᠣᠳᠠᠳᠠᠢ ᠲᠠᠢ ᠪᠠᠨ ᠤᠶᠠᠯᠳᠤᠭᠤᠯᠤᠨ᠂ ᠴᠢᠳᠠᠪᠤᠷᠢᠲᠠᠨ ᠤ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ᠂ | ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠤᠷᠠᠯᠢᠭ ᠤᠨ ᠠᠮᠵᠢᠯᠲᠠ ᠪᠦᠳᠣᠮᠵᠢ ᠶᠢ ᠴᠢᠬᠤᠯᠠᠴᠢᠯᠠᠵᠣ᠂ ᠣᠷᠢᠨ | ᠬᠡᠷᠩᠯᠡᠭᠦ ᠠᠷᠭ᠎ᠠ ᠮᠠᠶ᠋ᠢᠭ ᠢᠶᠠᠨ ᠵᠦᠢ ᠵᠣᠬᠢᠰᠲᠠᠶ ᠲᠣᠭᠲᠠᠭᠠᠨ᠎ᠠ᠃ ᠠᠳᠠᠯᠢ ᠪᠤᠰᠤ ᠪᠠᠶᠢᠳᠠᠯ ᠳᠤ ᠴᠢᠭᠯᠡᠭᠦᠯᠦᠨ᠂ ᠳᠡᠰ | ᠳᠠᠷᠠᠭᠠᠯᠠᠯ ᠢᠶᠠᠨ ᠵᠣᠬᠢᠬᠤ ᠬᠡᠮᠵᠢᠶ᠎ᠠ ᠪᠠᠷ ᠳᠥᠭᠦᠮᠴᠢᠯᠡᠵᠦ᠂ ᠪᠢᠴᠢᠵᠦ ᠰᠢᠯᠭᠠᠬᠤ᠂ ᠨᠢᠭᠤᠷᠳᠠᠨ ᠰᠢᠯᠭᠠᠬᠤ᠂ ᠲᠤᠰᠬᠠᠶ | ᠮᠡᠷᠭᠡᠵᠢᠯᠲᠡᠨ ᠦᠨᠡᠯᠡᠨ ᠵᠦᠪᠳᠡᠯᠴᠡᠭᠦ᠂ ᠰᠢᠯᠭᠠᠨ ᠬᠢᠨᠠᠬᠤ᠂ ᠪᠠᠶᠢᠴᠠᠭᠠᠨ ᠦᠵᠡᠬᠦ ᠵᠡᠷᠭᠡ ᠨᠢᠭᠡ ᠵᠦᠢᠯ ᠪᠤᠶᠤ ᠤᠯᠠᠨ | ᠵᠦᠢᠯ ᠤᠨ ᠠᠷᠭ᠎ᠠ ᠬᠡᠯᠪᠡᠷᠢ ᠶᠢ ᠠᠮᠢᠳᠣᠯᠢᠭ ᠬᠡᠷᠩᠯᠡᠵᠣ ᠢᠯᠡ ᠪᠠᠷ ᠣᠷᠢᠨ ᠬᠡᠷᠩᠯᠡᠨ᠎ᠠ᠃ ᠢᠯᠡ ᠪᠠᠷ | ᠤᠷᠢᠭᠳᠠᠭᠰᠠᠣᠨ ᠲᠤ ᠲᠣᠭᠳᠠᠭᠠᠯ ᠶᠣᠰᠣᠭᠠᠷ ᠲᠤᠷᠰᠢᠨ ᠬᠡᠷᠡᠭᠯᠡᠬᠦ ᠬᠤᠭᠤᠴᠠᠭ᠎ᠠ ᠶᠢᠨ ᠲᠦᠷᠢᠮ ᠢ ᠬᠡᠷᠡᠭᠵᠢᠭᠦᠯᠣᠨ᠎ᠠ᠂ | ᠲᠤᠷᠰᠢᠨ ᠬᠡᠷᠡᠭᠯᠡᠬᠦ ᠬᠤᠭᠤᠴᠠᠭ᠎ᠠ ᠨᠢ ᠤᠷᠢᠨ ᠬᠡᠷᠡᠭᠯᠡᠬᠦ ᠭᠡᠷ᠎ᠡ ᠶᠢᠨ ᠬᠤᠭᠤᠴᠠᠭᠠᠨ ᠳᠤ ᠪᠠᠭᠲᠠᠨ᠎ᠠ᠃ ᠲᠤᠷᠰᠢᠨ | ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳ ᠬᠢᠷᠢ ᠲᠡᠩᠴᠡᠭᠰᠡᠨ ᠪᠠᠶᠢᠪᠠᠯ᠂ ᠵᠢᠩᠬᠢᠨᠢ ᠪᠠᠷ ᠤᠷᠢᠨ ᠬᠡᠷᠡᠭᠯᠡᠨ᠎ᠠ︔ ᠦᠯᠣ | ᠬᠢᠷᠢ ᠲᠡᠩᠴᠡᠭᠰᠡᠨ ᠪᠠᠶᠢᠪᠡᠯ᠂ ᠤᠷᠢᠨ ᠬᠡᠷᠡᠭᠯᠡᠬᠦ ᠶᠢ ᠭᠦᠴᠣᠨ ᠦᠭᠡᠢ ᠪᠣᠯᠭᠠᠨ᠎ᠠ᠃ ᠣᠷᠣᠨ ᠲᠤᠭ᠎ᠠ ᠠᠴᠠ ᠭᠠᠳᠠᠨ᠎ᠠ | ᠦᠪᠡᠰᠣᠪᠠᠨ ᠡᠵᠡᠨ ᠮᠡᠳᠡᠵᠣ ᠣᠷᠢᠨ ᠬᠡᠷᠩᠯᠡᠭᠰᠠᠨ ᠠᠵᠢᠯᠲᠠᠨ ᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠰᠣᠶᠣᠯ ᠤᠨ ᠠᠵᠢᠯ ᠦᠢᠯᠡᠰ ᠤᠨ ᠨᠢᠭᠡᠴᠨ ᠨᠢ ᠢᠯᠡ ᠪᠠᠷ ᠤᠷᠢᠨ ᠬᠡᠷᠩᠯᠡᠭᠦ ᠬᠤᠯᠪᠣᠭᠳᠠᠯ ᠪᠦᠬᠦᠢ ᠲᠣᠭᠲᠠᠭᠠᠯ ᠢᠶᠠᠷ | ᠯᠠᠪᠯᠠᠯᠲᠠ ᠪᠣᠯᠭᠠᠨ᠂ ᠤᠷᠢᠨ ᠬᠡᠷᠩᠯᠡᠭᠦ ᠠᠷᠭ᠎ᠠ ᠮᠠᠶ᠋ᠢᠭ ᠪᠠ ᠳᠡᠰ ᠳᠠᠷᠠᠭᠠᠯᠠᠯ ᠢᠶᠠᠨ ᠦᠪᠡᠰᠣᠪᠡᠨ ᠡᠵᠡᠨ ᠮᠡᠳᠡᠵᠣ | ᠲᠣᠭᠲᠠᠭᠠᠨ᠎ᠠ᠃ | ︵ᠶᠢᠰᠦ︶ ᠰᠢᠯᠭᠠᠨ ᠬᠢᠨᠠᠵᠣ ᠱᠠᠩᠨᠠᠨ ᠲᠣᠷᠭᠠᠬᠤ ᠲᠦᠷᠢᠮ ᠢᠶᠠᠨ ᠪᠦᠷᠢᠨᠰᠢᠭᠦᠯᠣᠨ᠎ᠠ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠨᠦᠭᠦᠳ ᠠᠵᠢᠯᠳᠡᠠ ᠤ ᠰᠢᠯᠭᠠᠨ ᠬᠢᠨᠠᠬᠤ | ᠲᠥᠷᠢᠮ ᠢᠶᠠᠨ ᠲᠡᠭᠦᠯᠳᠡᠷᠵᠢᠭᠦᠯᠵᠦ᠂ ᠤᠷᠢᠨ ᠬᠡᠷᠡᠭᠯᠡᠬᠦ ᠭᠡᠷ᠎ᠡ ᠪᠠ ᠠᠵᠢᠯ ᠤᠨ ᠪᠠᠶᠢᠷᠢ ᠶᠢᠨ ᠲᠣᠰᠢᠶᠠᠯ ᠬᠠᠷᠢᠭᠤᠴᠠᠯᠭ᠎ᠠ | ᠡᠭᠦᠷᠭᠡ ᠪᠠᠷ ᠦᠨᠳᠦᠰᠦᠯᠡᠯ ᠪᠣᠯᠭᠠᠵᠣ᠂ ᠠᠵᠢᠯ ᠤᠨ ᠠᠮᠵᠢᠯᠲᠠ ᠪᠦᠲᠦᠮᠵᠢ ᠪᠠᠷ ᠭᠤᠣᠯᠳᠠᠯᠭᠠᠳᠣ ᠠᠭᠤᠯᠭ᠎ᠠ ᠪᠣᠯᠭᠠᠵᠣ | ᠂ ᠦᠢᠯᠡᠴᠢᠯᠡᠭᠳᠡᠬᠦ ᠡᠲᠡᠭᠡᠳ ᠤᠨ ᠰᠡᠣᠡᠬᠢᠯ ᠬᠠᠨᠤᠮᠵᠢᠳᠠᠢ ᠪᠠᠶᠢᠬᠤ ᠬᠡᠮᠵᠢᠶ᠎ᠡ ᠪᠠᠷ ᠰᠠᠭᠤᠷᠢ ᠪᠣᠯᠭᠠᠵᠤ᠂ ᠨᠡᠶᠢᠭᠡᠮ ᠤᠨ | ᠦᠷ᠎ᠡ ᠠᠰᠢᠭ ᠢ ᠪᠡᠶᠡᠯᠡᠭᠦᠯᠬᠦ ᠪᠠᠷ ᠭᠤᠣᠯ ᠬᠠᠷᠠᠯᠲᠠ ᠪᠣᠯᠭᠠᠭᠰᠠᠨ ᠰᠢᠯᠭᠠᠨ ᠬᠢᠨᠠᠬᠤ ᠠᠷᠭ᠎ᠠ ᠶᠢ ᠪᠠᠶᠢᠭᠤᠯᠵᠣ | ᠪᠦᠷᠢᠨᠰᠢᠭᠦᠯᠣᠨ᠎ᠠ᠃ ᠳᠣᠲᠣᠭᠠᠳᠤ ᠶᠢᠨ ᠰᠢᠯᠭᠠᠨ ᠬᠢᠨᠠᠬᠤ ᠲᠥᠷᠢᠮ ᠢᠶᠠᠨ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯ᠂ | ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠵᠡᠷᠭᠡ ᠠᠵᠢᠯ ᠤᠨ ᠪᠠᠶᠢᠷᠢ ᠶᠢᠨ ᠠᠳᠠᠯᠢ ᠪᠤᠰᠤ ᠣᠨᠴᠠᠯᠢᠭ ᠢ | ᠦᠨᠳᠣᠰᠣᠯᠡᠵᠣ᠂ ᠲᠦᠷᠦᠯ ᠬᠤᠪᠢᠶᠠᠨ ᠰᠢᠯᠭᠠᠨ ᠬᠢᠨᠠᠬᠤ ᠶᠢ ᠬᠡᠷᠩᠵᠢᠭᠦᠯᠣᠨ᠂ ᠡᠩ ᠤᠨ ᠴᠠᠭ ᠲᠤ ᠰᠢᠯᠭᠠᠨ ᠬᠢᠨᠠᠬᠤ | ᠂ ᠣᠨ ᠤ ᠰᠢᠯᠭᠠᠨ ᠬᠢᠨᠠᠬᠤ ᠪᠠ ᠤᠷᠢᠨ ᠬᠡᠷᠩᠯᠡᠭᠦ ᠬᠤᠭᠤᠴᠠᠭᠠᠨ ᠳᠤ ᠰᠢᠯᠭᠠᠨ ᠬᠢᠨᠠᠬᠤ ᠶᠢ ᠳᠡᠭᠦᠯᠳᠡᠷᠵᠢᠭᠦᠯᠭᠦ ᠶᠢᠨ | ᠬᠠᠮᠲᠤ᠂ ᠰᠢᠯᠭᠠᠨ ᠬᠢᠨᠠᠭᠰᠠᠨ ᠦᠷ᠎ᠡ ᠳ᠋ᠦᠩ ᠢ ᠤᠷᠢᠨ ᠬᠡᠷᠡᠭᠯᠡᠬᠦ ᠠᠵᠢᠯ ᠤᠨ ᠪᠠᠶᠢᠷᠢ ᠶᠢ ᠲᠣᠬᠢᠷᠠᠭᠤᠯᠬᠤ᠂ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠣᠯᠭᠤᠬᠤ ᠵᠢᠴᠢ ᠤᠷᠢᠨ ᠬᠡᠷᠡᠭᠯᠡᠬᠦ ᠭᠡᠷ᠎ᠡ ᠶᠢ ᠭᠦᠴᠣᠨ ᠦᠭᠡᠢ | ᠪᠣᠯᠭᠠᠬᠤ ᠪᠠ ᠦᠷᠭᠦᠯᠵᠢᠯᠡᠨ ᠲᠣᠭᠲᠠᠬᠤ ᠴᠢᠬᠤᠯᠠ ᠦᠨᠳᠦᠰᠦᠯᠡᠯ ᠪᠣᠯᠭᠠᠨ᠎ᠠ᠃ ᠠᠵᠢᠯᠳᠠᠨ ᠤ ᠶᠠᠪᠤᠳᠠᠯ ᠤᠨ | ᠮᠠᠷᠭᠤᠭᠠᠨ ᠢ ᠰᠢᠢᠣᠡᠪᠣᠷᠢᠯᠡᠭᠦ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠣ᠂ ᠠᠵᠢᠯᠳᠠᠨ ᠤ ᠶᠠᠪᠤᠳᠠᠯ ᠤᠨ | ᠮᠠᠷᠭᠤᠭᠠᠨ ᠢ ᠰᠢᠢᠣᠡᠪᠣᠷᠢᠯᠡᠭᠦ ᠲᠣᠭᠲᠠᠴᠠ ᠪᠠᠨ ᠲᠡᠭᠦᠯᠳᠡᠷᠵᠢᠭᠦᠯᠵᠦ᠂ ᠮᠠᠷᠭᠤᠭᠠᠨ ᠡᠶᠡᠳᠡᠭᠦᠯᠬᠦ ᠪᠦᠲᠦᠮᠵᠢᠲᠡᠶ ᠠᠷᠭ᠎ᠠ | ᠬᠡᠯᠪᠡᠷᠢ ᠶᠢ ᠬᠠᠶᠢᠨ ᠰᠦᠪᠡᠭᠴᠢᠯᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠤ ᠭᠤᠮᠣᠳᠠᠯ ᠲᠣᠭᠠᠴᠢᠬᠤ ᠠᠷᠭ᠎ᠠ ᠶᠢ ᠪᠠᠶᠢᠭᠤᠯᠤᠨ ᠪᠦᠷᠢᠨᠰᠢᠭᠦᠯᠵᠣ᠂ ᠨᠢᠭᠡᠴᠨ ᠪᠠ ᠤᠷᠢᠨ | ᠬᠡᠷᠡᠭᠯᠡᠭᠰᠡᠣᠨ ᠬᠤᠶᠠᠷ ᠡᠳᠡᠭᠡᠣᠨ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ︵ᠠᠷᠪᠠ︶ ᠤᠳᠤᠷᠢᠳᠬᠤ ᠬᠥᠮᠦᠨ ᠢ ᠰᠣᠩᠭᠤᠨ ᠳᠡᠪᠰᠢᠭᠦᠯᠵᠣ ᠲᠣᠮᠢᠯᠠᠨ ᠬᠡᠷᠡᠭᠯᠡᠬᠦ ᠪᠠ ᠬᠠᠮᠢᠶᠠᠷᠴᠤ | ᠬᠢᠨᠠᠯᠲᠠ ᠲᠠᠯᠪᠢᠬᠤ ᠲᠦᠷᠢᠮ ᠢ ᠪᠦᠷᠢᠨᠰᠢᠭᠦᠯᠣᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ | ᠦᠢᠯᠡᠰ ᠤᠨ ᠨᠢᠭᠡᠴᠨ ᠶᠢᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠨ᠂ ᠤᠳᠤᠷᠢᠳᠬᠤ ᠭᠦᠮᠣᠰ ᠤᠨ | ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠣ᠂ ᠬᠥᠮᠦᠨ ᠬᠡᠷᠡᠭᠯᠡᠬᠦ ᠵᠥᠪ | ᠣᠨᠣᠪᠴᠢᠳᠠᠢ ᠤᠳᠤᠷᠢᠳᠤᠮᠵᠢ ᠶᠢ ᠪᠤᠢ ᠪᠣᠯᠭᠠᠵᠤ᠂ ᠰᠣᠩᠭᠤᠨ ᠳᠡᠪᠰᠢᠭᠦᠯᠵᠣ ᠲᠣᠮᠢᠯᠠᠨ ᠬᠡᠷᠡᠭᠯᠡᠬᠦ ᠳᠡᠰ ᠳᠠᠷᠠᠭᠠᠯᠠᠯ ᠢ | ᠵᠢᠷᠤᠮᠵᠢᠭᠤᠯᠣᠨ᠂ ᠪᠠᠷᠢᠮᠵᠢᠶ᠎ᠠ ᠨᠥᠬᠦᠴᠡᠯ ᠢᠶᠠᠨ ᠴᠢᠩᠳᠠᠯᠠᠵᠣ᠂ ᠴᠢᠩᠭ᠎ᠠ ᠬᠠᠮᠢᠶᠠᠷᠴᠤ ᠬᠢᠨᠠᠯᠳᠠ ᠳᠠᠯᠪᠢᠨ᠎ᠠ᠃ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠶᠢᠨ ᠤᠳᠤᠷᠢᠳᠬᠤ ᠭᠦᠮᠣᠨ ᠢ | ᠰᠣᠩᠭᠤᠨ ᠳᠡᠪᠰᠢᠭᠦᠯᠭᠦ ᠳᠡᠭᠡᠨ᠂ ᠠᠵᠢᠯ ᠲᠦᠷᠦᠯ ᠤᠨ ᠣᠨᠴᠠᠯᠢᠭ ᠪᠠ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ | ᠦᠨᠳᠦᠰᠦᠯᠡᠨ᠂ ᠵᠣᠬᠢᠶᠠᠨ ᠪᠠᠶᠢᠭᠤᠯᠣᠯᠳᠠ ᠠᠴᠠ ᠰᠣᠩᠭᠤᠨ ᠳᠡᠪᠰᠢᠭᠦᠯᠭᠦ᠂ ᠥᠷᠢᠰᠥᠯᠳᠦᠨ ︵ᠣᠷᠢᠵᠣ︶ | ᠠᠵᠢᠯ ᠤᠨ ᠪᠠᠶᠢᠷᠢ ᠳᠤ ᠭᠠᠷᠬᠤ᠂ ᠢᠯᠡ ᠪᠠᠷ ᠰᠣᠩᠭᠤᠨ ᠳᠡᠪᠰᠢᠭᠦᠯᠭᠦ ︵ᠣᠷᠢᠬᠤ︶ ᠵᠡᠷᠭᠡ ᠠᠷᠭ᠎ᠠ ᠮᠠᠶ᠋ᠢᠭ ᠢᠶᠠᠷ | ᠶᠠᠪᠣᠭᠳᠠᠭᠤᠯᠵᠣ᠂ ᠪᠠᠰᠠ ᠬᠠᠮᠢᠶ᠎ᠠ ᠪᠦᠬᠦᠢ ᠪᠠᠶᠢᠭᠤᠯᠤᠮᠵᠢ ᠳᠤ ᠨᠠᠶᠢᠳᠠᠨ ᠰᠢᠯᠢᠵᠦ ᠰᠣᠩᠭᠤᠬᠤ ᠵᠡᠷᠭᠡ ᠠᠷᠭ᠎ᠠ | ᠮᠠᠶ᠋ᠢᠭ ᠢ ᠬᠠᠶᠢᠨ ᠰᠦᠪᠡᠭᠴᠢᠯᠡᠭᠦ ᠢᠶᠠᠷ ᠳᠠᠮᠵᠢᠭᠤᠯᠤᠨ ᠶᠠᠪᠣᠭᠳᠠᠭᠤᠯᠵᠣ ᠪᠣᠯᠤᠨ᠎ᠠ᠃ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ᠂ ᠲᠤᠰ ᠨᠢᠭᠡᠴᠡ ᠶᠢᠨ ᠢᠶᠠᠨ ᠪᠣᠳᠠᠲᠠᠶ ᠪᠠᠶᠢᠳᠠᠯ ᠲᠠᠢ ᠪᠠᠨ ᠣᠶᠠᠯᠳᠣᠭᠤᠯᠣᠨ᠂ | ᠰᠣᠩᠭᠤᠨ ᠲᠣᠮᠢᠯᠠᠬᠤ ᠳᠦᠷᠢᠮ᠂ ᠲᠣᠮᠢᠯᠠᠬᠤ ᠳᠦᠷᠢᠮ᠂ ᠤᠷᠢᠨ ᠲᠣᠮᠢᠯᠠᠬᠤ ᠳᠦᠷᠢᠮ ᠢ ᠬᠡᠷᠩᠵᠢᠭᠦᠯᠣᠨ᠂ ᠵᠠᠰᠠᠭ | ᠵᠠᠬᠢᠷᠭᠠᠨ ᠤ ᠤᠳᠤᠷᠢᠳᠬᠤ ᠬᠥᠮᠦᠨ ᠳᠤ ᠤᠷᠢᠨ ᠲᠣᠮᠢᠯᠠᠬᠤ ᠲᠦᠷᠢᠮ ᠢ ᠬᠡᠷᠡᠭᠵᠢᠭᠦᠯᠬᠦ ᠡᠷᠴᠢᠮ ᠢᠶᠠᠨ ᠠᠯᠬᠤᠮ | ᠠᠯᠬᠤᠮ ᠢᠶᠠᠷ ᠴᠢᠩᠭᠠᠷᠠᠭᠤᠯᠣᠨ᠎ᠠ᠃ ᠤᠳᠤᠷᠢᠳᠬᠤ ᠬᠥᠮᠦᠨ ᠳᠤ ᠤᠷᠢᠨ ᠲᠣᠮᠢᠯᠠᠬᠤ ᠳᠦᠷᠢᠮ ᠢ ᠬᠡᠷᠡᠭᠵᠢᠭᠦᠯᠣᠭ᠍ᠰᠡᠨ | ᠪᠠᠶᠢᠪᠡᠯ᠂ ᠤᠷᠢᠨ ᠲᠣᠮᠢᠯᠠᠭᠰᠠᠨ ᠬᠠᠷᠢᠴᠠᠭ᠎ᠠ ᠶᠢ ᠤᠷᠢᠨ ᠲᠣᠮᠢᠯᠠᠭᠰᠠᠨ ᠮᠡᠳᠡᠭᠳᠡᠯ᠂ ᠤᠷᠢᠨ ᠲᠣᠮᠢᠯᠠᠭᠰᠠᠨ ᠪᠢᠴᠢᠭ᠂ | ᠤᠷᠢᠨ ᠲᠣᠮᠢᠯᠠᠭᠰᠠᠨ ᠭᠡᠷ᠎ᠡ ᠵᠡᠷᠭᠡ ᠬᠡᠯᠪᠡᠷᠢ ᠪᠠᠷ ᠲᠣᠭᠳᠠᠭᠠᠵᠣ᠂ ᠤᠷᠢᠭᠳᠠᠭᠰᠠᠨ ᠡᠭᠦᠷᠭᠡ ᠲᠤᠰᠢᠶᠠᠯ ᠵᠢᠴᠢ ᠬᠠᠮᠢᠶ᠎ᠠ | ᠪᠦᠬᠦᠢ ᠣᠯᠭᠤᠮᠵᠢ ᠶᠢ ᠤᠷᠢᠭᠳᠠᠭᠰᠠᠨ ᠬᠤᠭᠤᠴᠠᠭᠠᠨ ᠳᠤ ᠬᠦᠴᠦᠨ ᠲᠠᠢ ᠪᠠᠶᠢᠯᠭᠠᠨ᠎ᠠ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠡ ᠶᠢᠨ ᠤᠳᠤᠷᠢᠳᠬᠤ ᠭᠦᠮᠣᠨ ᠳᠤ ᠲᠣᠮᠢᠯᠠᠭᠰᠠᠨ | ︵ᠤᠷᠢᠭᠰᠠᠨ︶ ᠬᠤᠭᠤᠴᠠᠭᠠᠨ ᠤ ᠲᠦᠷᠢᠮ ᠢ ᠬᠡᠷᠡᠭᠵᠢᠭᠦᠯᠵᠦ᠂ ᠤᠳᠤᠷᠢᠳᠬᠤ ᠪᠠᠭ ᠪᠣᠯᠤᠨ ᠤᠳᠤᠷᠢᠳᠬᠤ | ᠭᠦᠮᠣᠨ ᠤ ᠲᠣᠮᠢᠯᠠᠭᠰᠠᠨ ︵ᠤᠷᠢᠭᠰᠠᠨ︶ ᠬᠤᠭᠤᠴᠠᠭᠠᠨ ᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠵᠣ ᠪᠦᠷᠢᠨᠰᠢᠭᠦᠯᠣᠨ᠎ᠠ᠃ ᠲᠣᠮᠢᠯᠠᠭᠰᠠᠨ ︵ᠤᠷᠢᠭᠰᠠᠨ︶ ᠬᠤᠭᠤᠴᠠᠭᠠᠨ ᠳᠠᠬᠢ ᠬᠠᠷᠠᠯᠳᠠᠳᠣ ᠠᠭᠤᠯᠭ᠎ᠠ ᠶᠢ | ᠲᠣᠭᠲᠠᠭᠠᠬᠤ ᠳᠠᠭᠠᠨ ᠠᠳᠠᠯᠢ ᠪᠤᠰᠤ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ | ᠦᠢᠯᠡᠰ ᠤᠨ ᠨᠢᠭᠡᠴᠨ ᠶᠢᠨ ᠣᠨᠴᠠᠯᠢᠭ ᠢ ᠬᠠᠷᠠᠭᠤᠯᠵᠣ᠂ ᠨᠡᠶᠢᠲᠡ ᠶᠢᠨ ᠠᠰᠠᠷᠠᠮᠵᠢ ᠶᠢᠨ ᠰᠣᠶᠣᠯ ᠤᠨ ᠦᠢᠯᠡᠰ ᠤᠨ | ᠰᠢᠨᠵᠢᠯᠡᠬᠦ ᠤᠬᠠᠭᠠᠨᠴᠢ ᠬᠥᠭᠵᠢᠯᠲᠡ ᠶᠢ ᠠᠬᠢᠭᠤᠯᠬᠤ᠂ ᠨᠡᠶᠢᠲᠡ ᠶᠢᠨ ᠠᠰᠠᠷᠠᠮᠵᠢ ᠶᠢᠨ ᠰᠣᠶᠣᠯ ᠤᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠰᠠᠭᠤᠷᠢ ᠲᠠᠯᠪᠢᠬᠤ᠂ ᠦᠨᠢ ᠣᠳᠠᠭᠠᠨ ᠠᠰᠢᠭ ᠲᠠᠢ | ᠪᠠᠶᠢᠯᠭᠠᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠎ᠠ᠃ ᠲᠣᠮᠢᠯᠠᠭᠰᠠᠨ ︵ᠤᠷᠢᠭᠰᠠᠨ︶ ᠬᠤᠭᠤᠴᠠᠭᠠᠨ ᠤ | ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠰᠢᠯᠭᠠᠨ ᠬᠢᠨᠠᠬᠤ ᠪᠠᠨ ᠴᠢᠩᠭᠠᠣᠠᠬᠠᠨ᠂ ᠰᠢᠯᠭᠠᠨ ᠬᠢᠨᠠᠬᠤ ᠠᠷᠭ᠎ᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠯᠭᠠᠨ ᠬᠢᠨᠠᠬᠤ ᠠᠷᠭ᠎ᠠ ᠶᠢ ᠰᠠᠶᠢᠵᠢᠷᠠᠭᠤᠯᠣᠨ᠂ ᠦᠢᠯᠡᠴᠢᠯᠡᠭᠳᠡᠬᠦ | ᠡᠲᠡᠭᠡᠳ ᠤᠨ ᠦᠨᠡᠯᠡᠯᠲᠡ ᠵᠢᠴᠢ ᠰᠠᠨᠠᠯ ᠢ ᠭᠦᠢᠴᠡᠳ ᠰᠣᠨᠣᠰᠬᠤ ᠶᠢᠨ ᠬᠠᠮᠲᠤ᠂ ᠰᠢᠯᠭᠠᠨ ᠬᠢᠨᠠᠭᠰᠠᠨ ᠦᠷ᠎ᠡ | ᠳ᠋ᠦᠩ ᠢ ᠤᠳᠤᠷᠢᠳᠬᠤ ᠪᠠᠭ ᠤᠨ ᠪᠠᠶᠢᠭᠤᠯᠤᠯᠲᠠ ᠪᠠ ᠤᠳᠤᠷᠢᠳᠬᠤ ᠬᠥᠮᠦᠨ ᠢ ᠬᠥᠮᠦᠵᠢᠭᠦᠯᠬᠦ᠂ ᠬᠡᠷᠡᠭᠯᠡᠬᠦ᠂ | ᠱᠠᠩᠨᠠᠨ ᠵᠠᠯᠬᠠᠭᠠᠬᠤ ᠵᠡᠷᠭᠡ ᠶᠢᠨ ᠴᠢᠬᠤᠯᠠ ᠦᠨᠳᠦᠰᠦᠯᠡᠯ ᠪᠣᠯᠭᠠᠨ᠎ᠠ᠃ | ᠭᠤᠷᠪᠠ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠥᠭᠡᠷᠡᠴᠢᠯᠡᠬᠦ ᠡᠷᠴᠢᠮ ᠢ ᠴᠢᠩᠭᠠᠷᠠᠭᠤᠯᠣᠨ᠎ᠠ | ︵ᠠᠷᠪᠠᠨ ᠨᠢᠭᠡ︶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠲᠥᠷᠢᠮ ᠤᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ | ᠠᠬᠢᠭᠤᠯᠬᠤ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠴᠠᠯᠢᠩ ᠤᠨ ᠬᠤᠪᠢᠶᠠᠷᠢᠯᠠᠯᠲᠠ ᠶᠢᠨ ᠤᠷᠮᠠᠰᠢᠭᠤᠯᠬᠤ | ᠲᠣᠭᠲᠠᠴᠠ ᠶᠢ ᠲᠡᠭᠦᠯᠳᠡᠷᠵᠢᠭᠦᠯᠬᠦ ᠪᠠᠷ ᠭᠤᠤᠯᠯᠠᠭᠤᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ | ᠠᠵᠢᠯ ᠦᠢᠯᠡᠰ ᠤᠨ ᠨᠢᠭᠡᠴᠨ ᠶᠢᠨ ᠴᠠᠯᠢᠩ ᠣᠯᠭᠤᠮᠵᠢ ᠶᠢᠨ ᠳᠦᠷᠢᠮ ᠳᠤ ᠥᠭᠡᠷᠡᠴᠢᠯᠡᠯᠲᠡ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠲᠤᠰ ᠭᠠᠵᠠᠷ ᠣᠷᠣᠨ ᠤ ᠪᠣᠳᠠᠳᠣ ᠪᠠᠶᠢᠳᠠᠯ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠰᠣᠶᠣᠯ ᠤᠨ ᠠᠵᠢᠯ ᠦᠢᠯᠡᠰ ᠤᠨ ᠨᠢᠭᠡᠴᠨ ᠶᠢᠨ ᠣᠨᠴᠠᠯᠢᠭ ᠲᠤ ᠨᠡᠶᠢᠴᠡᠬᠦ᠂ ᠠᠵᠢᠯ ᠤᠨ ᠪᠠᠶᠢᠷᠢ ᠶᠢᠨ ᠠᠵᠢᠯ ᠤᠨ | ᠠᠮᠵᠢᠯᠲᠠ ᠪᠦᠲᠦᠮᠵᠢ ᠪᠠ ᠲᠡᠰ ᠲᠦᠷᠦᠯ ᠬᠤᠪᠢᠶᠠᠨ ᠬᠠᠮᠢᠶᠠᠷᠬᠤ ᠱᠠᠭᠠᠷᠳᠠᠯᠭ᠎ᠠ ᠶᠢ ᠬᠠᠷᠠᠭᠤᠯᠬᠤ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠳᠠ ᠶᠢᠨ ᠳᠦᠷᠢᠮ ᠢ ᠰᠣᠳᠣᠯᠵᠣ ᠪᠠᠶᠢᠭᠤᠯᠣᠨ᠎ᠠ᠃ | ᠣᠷᠣᠯᠭ᠎ᠠ ᠶᠢᠨ ᠬᠤᠪᠢᠶᠠᠷᠢᠯᠠᠯᠲᠠ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ | ᠰᠠᠬᠢᠯᠭ᠎ᠠ ᠪᠠᠲᠤ ᠴᠢᠩᠭᠠᠣᠠᠬᠠᠵᠣ᠂ ᠲᠣᠭᠲᠠᠴᠠ ᠪᠦᠷᠢᠨ᠂ ᠬᠠᠷᠢᠴᠠᠭ᠎ᠠ ᠵᠦᠢ ᠵᠣᠬᠢᠰᠲᠠᠶ᠂ ᠲᠤᠬᠢᠷᠠᠭᠤᠯᠤᠯ ᠡᠵᠡᠮᠳᠡᠯ | ᠡᠷᠴᠢᠮᠲᠡᠶ᠂ ᠡᠮᠬᠢ ᠵᠢᠷᠤᠮ ᠵᠢᠷᠤᠮᠵᠢᠭᠤᠨ ᠪᠠᠶᠢᠳᠠᠭ ᠣᠷᠣᠯᠭ᠎ᠠ ᠶᠢᠨ ᠬᠤᠪᠢᠶᠠᠷᠢᠯᠠᠵᠦ ᠬᠠᠮᠢᠶᠠᠷᠬᠤ ᠠᠵᠢᠯᠯᠠᠭᠠᠨ ᠤ | ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠯᠳᠣᠭᠦᠯᠣᠨ᠎ᠠ᠃ | ︵ᠠᠷᠪᠠᠨ ᠬᠤᠶᠠᠷ︶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ | ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠨᠦᠭᠦᠳ ᠳᠣᠲᠣᠭᠠᠳᠤ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠲᠥᠷᠢᠮ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠣ᠂ ᠲᠤᠰᠬᠠᠶ ᠮᠡᠷᠭᠡᠵᠢᠯ᠂ | ᠬᠠᠮᠢᠶᠠᠷᠤᠯᠲᠠ᠂ ᠦᠢᠯᠡᠴᠢᠯᠡᠭᠡᠨ ᠤ ᠠᠵᠢᠯ ᠤᠨ ᠮᠡᠷᠭᠡᠵᠢᠯ ᠴᠢᠳᠠᠪᠤᠷᠢ ᠶᠢᠨ ᠠᠵᠢᠯ ᠤᠨ ᠪᠠᠶᠢᠷᠢ ᠶᠢᠨ ᠠᠵᠢᠯ ᠤᠨ | ᠰᠢᠨᠵᠢ ᠴᠢᠨᠠᠷ ᠪᠠ ᠲᠣᠰᠢᠶᠠᠯ ᠬᠠᠷᠢᠭᠤᠴᠠᠯᠭ᠎ᠠ ᠶᠢᠨ ᠡᠭᠦᠷᠭᠡ ᠪᠠᠨ ᠦᠨᠳᠣᠰᠣᠯᠡᠵᠣ᠂ ᠬᠠᠷᠠᠯᠲᠠᠲᠤ | ᠬᠠᠷᠢᠭᠤᠴᠠᠯᠭ᠎ᠠ ᠶᠢᠨ ᠲᠥᠷᠢᠮ ᠤᠨ ᠬᠠᠮᠢᠶᠠᠷᠤᠯᠲᠠ ᠪᠠ ᠲᠥᠷᠥᠯ ᠬᠤᠪᠢᠶᠠᠨ ᠰᠢᠯᠭᠠᠨ ᠬᠢᠨᠠᠬᠤ ᠪᠠᠨ ᠴᠢᠩᠭᠠᠣᠠᠬᠠᠨ᠂ | ᠰᠢᠯᠭᠠᠨ ᠬᠢᠨᠠᠭᠰᠠᠨ ᠦᠷ᠎ᠡ ᠳ᠋ᠦᠩ ᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠣᠨᠴᠣᠭᠤᠶᠢᠯᠠᠨ ᠱᠠᠩᠨᠠᠯ ᠤᠨ | ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠭᠤᠣᠯ ᠦᠨᠳᠣᠰᠣᠯᠡᠯ | ᠪᠣᠯᠭᠠᠨ᠎ᠠ᠃ ᠨᠣᠮ ᠤᠨ ᠰᠠᠩ᠂ ᠮᠦᠽᠧᠶ᠂ ᠰᠣᠶᠣᠯ ᠤᠨ ᠣᠷᠳᠣᠨ ︵ᠦᠷᠲᠡᠭᠡ︶ ᠵᠡᠷᠭᠡ ᠨᠡᠶᠢᠲᠡ ᠶᠢᠨ | ᠠᠰᠠᠷᠠᠮᠵᠢ ᠶᠢᠨ ᠨᠢᠭᠡᠳᠣᠭᠡᠷ ᠲᠦᠷᠣᠯ ᠤᠨ ᠰᠣᠶᠣᠯ ᠤᠨ ᠠᠵᠢᠯ ᠦᠢᠯᠡᠰ ᠤᠨ ᠨᠢᠭᠡᠴᠨ ᠳᠤ ᠤᠯᠤᠰ ᠤᠨ ᠨᠢᠭᠡᠳᠦᠯᠲᠡᠶ | ᠦᠨᠳᠦᠰᠦᠨ ᠴᠠᠯᠢᠩ ᠪᠣᠯᠤᠨ ᠲᠤᠰ ᠭᠠᠵᠠᠷ ᠣᠷᠣᠨ ᠤ ᠰᠠᠭᠤᠷᠢ ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠤᠨ ᠲᠥᠷᠥ ᠶᠢᠨ ᠪᠣᠳᠣᠯᠭ᠎ᠠ ᠶᠢ ᠬᠡᠷᠡᠭᠵᠢᠬᠦᠯᠦᠭᠰᠡᠨ ᠰᠠᠭᠤᠷᠢᠨ ᠳᠡᠭᠡᠷ᠎ᠡ᠂ ᠱᠠᠩᠨᠠᠯ ᠤᠨ ᠴᠢᠨᠠᠷᠲᠠᠶ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ | ᠂ ᠠᠵᠢᠯ ᠤᠨ ᠪᠠᠶᠢᠷᠢ ᠶᠢᠨ ᠮᠡᠷᠭᠡᠵᠢᠯ ᠤᠨ ᠠᠭᠤᠯᠤᠭᠳᠠᠴᠠ᠂ ᠲᠤᠰᠢᠶᠠᠯ ᠬᠠᠷᠢᠭᠤᠴᠠᠯᠭ᠎ᠠ ᠶᠢᠨ ᠬᠦᠨᠳᠦ ᠬᠦᠩᠭᠡᠠ᠂ | ᠬᠠᠲᠠᠭᠤ ᠪᠡᠷᠬᠡ ᠨᠠᠷᠢᠨ ᠪᠤᠳᠤᠯᠢᠶᠠᠨᠲᠠᠶ ᠪᠠᠶᠢᠬᠤ ᠬᠡᠮᠵᠢᠶ᠎ᠡ ᠵᠢᠴᠢ ᠠᠵᠢᠯᠲᠠᠨ ᠤ ᠠᠵᠢᠯ ᠤᠨ ᠪᠣᠳᠠᠳᠠᠢ ᠠᠮᠵᠢᠯᠲᠠ | ᠵᠡᠷᠭᠡ ᠶᠢ ᠦᠨᠳᠣᠰᠣᠯᠡᠵᠣ᠂ ᠰᠠᠷ᠎ᠠ ᠶᠢᠨ ᠠᠵᠢᠯ ᠳᠤ ᠭᠠᠷᠬᠤ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠬᠤ | ᠱᠠᠩᠨᠠᠯ᠂ ᠠᠵᠢᠯ ᠤᠨ ᠪᠠᠶᠢᠷᠢ ᠶᠢᠨ ᠨᠡᠮᠡᠯᠬᠡ ᠮᠦᠡᠭᠬᠦ᠂ ᠣᠨ ᠤ ᠶᠡᠷᠦᠩᠬᠡᠶᠢᠯᠡᠭᠰᠡᠨ ᠱᠠᠩᠨᠠᠯ ᠵᠡᠷᠭᠡ ᠶᠢ ᠲᠤᠬᠢᠷᠠᠭᠤᠯᠬᠤ | ᠠᠷᠭ᠎ᠠ ᠮᠠᠶ᠋ᠢᠭ ᠢᠶᠠᠷ ᠳᠡᠮᠵᠢᠨ᠂ ᠵᠥᠷᠢᠶ᠎ᠡ ᠶᠢ ᠵᠣᠬᠢᠰᠲᠠᠶ ᠶᠡᠬᠡᠰᠬᠡᠵᠦ᠂ ᠢᠯᠡᠭᠦᠦ ᠬᠥᠳᠡᠯᠮᠦᠷᠢᠯᠡᠪᠡᠯ ᠢᠯᠡᠭᠦᠦ ᠤᠯᠬᠤ᠂ | ᠰᠠᠶᠢᠨ ᠬᠥᠳᠡᠯᠮᠦᠷᠢᠯᠡᠪᠡᠯ ᠢᠯᠡᠭᠦᠣ ᠬᠠᠷᠠᠮᠵᠢ ᠲᠠᠢ ᠪᠠᠶᠢᠬᠤ ᠶᠢ ᠢᠯᠡᠷᠡᠭᠦᠯᠣᠨᠠ᠃ ᠠᠵᠢᠯ ᠦᠢᠯᠡᠰ ᠤᠨ ᠨᠢᠭᠡᠴᠨ ᠶᠢᠨ | ᠰᠢᠨᠵᠢ ᠴᠢᠨᠠᠷ ᠢ ᠨᠢ ᠬᠡᠪ ᠢᠶᠠᠷ ᠪᠠᠶᠢᠯᠭᠠᠬᠤ ᠤᠯᠤᠰ ᠤᠨ ᠥᠮᠴᠢᠯᠡᠯᠳᠣ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ | ᠵᠡᠷᠭᠡ ᠨᠡᠶᠢᠲᠡ ᠶᠢᠨ ᠠᠰᠠᠷᠠᠮᠵᠢ ᠶᠢᠨ ᠬᠤᠶᠠᠳᠣᠭᠠᠷ ᠲᠦᠷᠦᠯ ᠤᠨ ᠠᠵᠢᠯ ᠦᠢᠯᠡᠰ ᠤᠨ ᠨᠢᠭᠡᠴᠨ ᠳᠤ ᠱᠠᠩᠨᠠᠯ ᠤᠨ | ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠪᠠ ᠠᠵᠢᠯ ᠳᠤ ᠭᠠᠷᠬᠤ ᠪᠠ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠬᠤ᠂ ᠣᠨ ᠤ ᠶᠡᠷᠦᠩᠬᠡᠶᠢᠯᠡᠭᠰᠡᠨ ᠰᠢᠯᠭᠠᠨ ᠬᠢᠨᠠᠬᠤ ᠵᠢᠴᠢ ᠱᠠᠩᠨᠠᠯ ᠣᠯᠤᠭᠰᠠᠨ ᠪᠠᠶᠢᠳᠠᠯ ᠲᠠᠢ ᠨᠢ | ᠬᠤᠯᠪᠣᠭᠳᠠᠭᠤᠯᠬᠤ ᠠᠴᠠ ᠭᠠᠳᠠᠨ᠎ᠠ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢᠨ ᠬᠦᠨᠳᠦ ᠬᠦᠩᠭᠡᠠ | ᠪᠠ ᠬᠤᠪᠢ ᠨᠡᠮᠡᠷᠢ ᠦᠵᠡᠭᠦᠯᠦᠭᠰᠡᠨ ᠬᠡᠮᠵᠢᠶ᠎ᠡ ᠶᠢ ᠦᠨᠳᠣᠰᠣᠯᠡᠵᠣ᠂ ᠵᠣᠬᠢᠶᠠᠨ ᠪᠦᠲᠦᠭᠡᠬᠦ᠂ ᠲᠣᠭᠯᠠᠬᠤ᠂ ᠡᠵᠡᠩᠨᠡᠨ | ᠪᠣᠷᠣᠯᠠᠭᠤᠯᠬᠤ᠂ ᠬᠠᠮᠢᠶᠠᠷᠬᠤ ᠪᠠ ᠦᠢᠯᠡᠴᠢᠯᠡᠭᠡᠨ ᠤ ᠠᠵᠢᠯ ᠵᠡᠷᠭᠡ ᠠᠳᠠᠯᠢ ᠪᠤᠰᠤ ᠠᠵᠢᠯ ᠤᠨ ᠪᠠᠶᠢᠷᠢ ᠶᠢᠨ ᠢᠯᠭᠠᠯ ᠢ | ᠦᠨᠳᠦᠰᠦᠯᠡᠨ᠂ ᠱᠠᠩᠨᠠᠯ ᠤᠨ ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠣᠯᠭᠤᠬᠤ ᠵᠡᠷᠭᠡ ᠳᠡᠰ | ᠪᠣᠯᠤᠨ ᠳᠡᠰ ᠢ ᠨᠠᠷᠢᠯᠢᠬᠵᠢᠭᠤᠯᠵᠣ᠂ ᠵᠠᠩᠭᠢᠯᠠᠭ᠎ᠠ ᠶᠢᠨ ᠠᠵᠢᠯ ᠤᠨ ᠪᠠᠶᠢᠷᠢ ᠪᠣᠯᠤᠨ ᠲᠤᠪᠤᠶᠢᠮ᠎ᠠ ᠬᠤᠪᠢ ᠨᠡᠮᠡᠷᠢ | ᠦᠵᠡᠭᠦᠯᠦᠭᠰᠡᠨ ᠰᠢᠯᠢᠳᠡᠭ ᠤᠷᠠᠯᠢᠭ ᠤᠨ ᠴᠢᠳᠠᠪᠤᠷᠢᠲᠠᠨ ᠲᠡᠰᠢ ᠬᠡᠯᠪᠠᠶᠢᠯᠭᠡᠬᠦ ᠶᠢ ᠨᠡᠩ ᠢᠯᠡᠭᠦᠦ ᠢᠯᠡᠷᠡᠭᠦᠯᠣᠨᠠ᠃ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ ᠭᠤᠣᠯ | ᠤᠳᠤᠷᠢᠳᠣᠯᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠤᠷᠮᠠᠰᠢᠭᠤᠯᠬᠤ | ᠲᠣᠭᠲᠠᠴᠠ ᠶᠢ ᠲᠡᠭᠦᠯᠳᠡᠷᠵᠢᠭᠦᠯᠣᠨ᠂ ᠭᠤᠣᠯ ᠤᠳᠤᠷᠢᠳᠤᠯᠭ᠎ᠠ ᠶᠢᠨ ᠰᠠᠭᠤᠷᠢ ᠴᠢᠨᠠᠷᠲᠠᠶ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠢ ᠲᠤᠬᠠᠶ ᠶᠢᠨ ᠭᠠᠵᠠᠷ ᠤᠨ ᠨᠢᠭᠡᠳᠦᠯᠲᠡᠶ ᠪᠠᠷᠢᠮᠵᠢᠶ᠎ᠠ ᠶᠣᠰᠣᠭᠠᠷ ᠬᠡᠷᠡᠭᠵᠢᠭᠦᠯᠵᠣ᠂ ᠡᠩ ᠤᠨ | ᠪᠠᠶᠢᠳᠠᠯ ᠳᠤ ᠰᠠᠷ᠎ᠠ ᠪᠠᠷ ᠣᠯᠭᠤᠨ᠎ᠠ︔ ᠱᠠᠩᠨᠠᠯ ᠤᠨ ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ | ᠬᠠᠷᠭᠤᠭᠤᠯᠣᠨ ᠲᠣᠭᠲᠠᠭᠠᠬᠰᠠᠨ ᠠᠵᠢᠯ ᠤᠨ ᠠᠮᠵᠢᠯᠳᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠠ ᠶᠢᠨ | ᠳᠣᠲᠣᠷ᠎ᠠ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠴᠨ ᠶᠢᠨ ᠢᠯᠭᠠᠯ᠂ ᠱᠠᠳᠤ ᠳᠠᠪᠬᠤᠷᠭ᠎ᠠ᠂ | ᠨᠡᠶᠢᠳᠡ ᠶᠢᠨ ᠠᠰᠠᠷᠠᠮᠵᠢ ᠶᠢᠨ ᠬᠠᠷᠠᠯᠳᠠᠳᠣ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠵᠢᠴᠢ ᠭᠤᠣᠯ | ᠤᠳᠤᠷᠢᠳᠤᠯᠭ᠎ᠠ ᠶᠢᠨ ᠰᠢᠯᠭᠠᠨ ᠬᠢᠨᠠᠭᠰᠠᠨ ᠦᠷ᠎ᠡ ᠳ᠋ᠦᠩ ᠢ ᠦᠨᠳᠣᠰᠣᠯᠡᠵᠣ ᠨᠢᠭᠡᠳᠦᠯᠲᠡᠶ ᠲᠥᠯᠥᠪᠯᠡᠨ ᠪᠣᠳᠣᠯᠬᠢᠯᠠᠵᠤ | ᠲᠣᠭᠲᠠᠭᠠᠨ᠎ᠠ᠂ ᠲᠡᠭᠦᠨ ᠤ ᠬᠡᠮᠵᠢᠶ᠎ᠡ ᠶᠢ ᠵᠠᠷᠴᠢᠮ ᠳᠡᠭᠡᠷ᠎ᠡ ᠪᠠᠨ ᠲᠤᠰ ᠨᠢᠭᠡᠴᠨ ᠶᠢᠨ ᠠᠵᠢᠯᠲᠠᠨ ᠤ ᠱᠠᠩᠨᠠᠯ ᠤᠨ | ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠳᠤᠮᠳᠠᠴᠢ ᠬᠢᠷᠢ ᠬᠡᠮᠵᠢᠶ᠎ᠡ ᠶᠢᠨ 1.5 ᠳᠠᠬᠢᠨ ᠠᠴᠠ | 2.5 ᠳᠠᠬᠢᠨ ᠤ ᠬᠤᠭᠤᠷᠣᠨᠳᠣ ᠬᠢᠵᠠᠭᠠᠷᠯᠠᠬᠤ ᠶᠢᠨ ᠬᠠᠮᠳᠣ᠂ ᠵᠦᠢ ᠵᠣᠬᠢᠰᠲᠠᠶ ᠪᠠᠷ ᠲᠡᠰ ᠭᠠᠷᠭᠠᠵᠣ ᠣᠯᠭᠤᠨ᠎ᠠ᠃ | ︵ᠠᠷᠪᠠᠨ ᠭᠤᠷᠪᠠ︶ ᠰᠣᠶᠣᠯ ᠤᠨ ᠠᠵᠢᠯ ᠲᠦᠷᠦᠯ ᠤᠨ ᠣᠨᠴᠠᠯᠢᠭ ᠲᠠᠢ ᠣᠷᠣᠯᠭ᠎ᠠ ᠶᠢᠨ | ᠬᠤᠪᠢᠶᠠᠷᠢᠯᠠᠯᠲᠠ ᠶᠢᠨ ᠣᠷᠮᠠᠰᠢᠭᠤᠯᠬᠤ ᠲᠣᠭᠲᠠᠴᠠ ᠪᠠᠶᠢᠭᠤᠯᠬᠤ ᠶᠢ ᠢᠳᠡᠪᠬᠢᠲᠡᠶ ᠬᠠᠶᠢᠨ ᠰᠦᠪᠡᠭᠴᠢᠯᠡᠨ᠎ᠠ᠃ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠬᠢᠷᠢ ᠬᠡᠮᠵᠢᠶ᠎ᠠ ᠶᠢ ᠠᠵᠤ ᠠᠬᠤᠶ ᠶᠢᠨ ᠬᠥᠭᠵᠢᠯᠲᠡ᠂ ᠡᠳ᠋ ᠤᠨ ᠬᠦᠴᠦᠨ ᠤ ᠪᠠᠶᠢᠳᠠᠯ᠂ | ᠪᠠᠷᠠᠭᠠᠨ ᠤ ᠦᠨ᠎ᠡ ᠶᠢᠨ ᠬᠡᠷᠡᠭᠯᠡᠭᠡ ᠶᠢᠨ ᠬᠢᠷᠢ ᠬᠡᠮᠵᠢᠶ᠎ᠠ᠂ ᠬᠤᠲᠠ ᠪᠠᠯᠭᠠᠰᠤᠨ ᠤ ᠨᠢᠭᠡᠴᠨ ᠶᠢᠨ ᠠᠵᠢᠯ ᠤᠨ | ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠴᠠᠯᠢᠩ ᠤᠨ ᠬᠢᠷᠢ ᠬᠡᠮᠵᠢᠶ᠎ᠡ᠂ ᠠᠯᠪᠠᠲᠠᠨ ᠤ | ᠵᠢᠷᠤᠮᠵᠢᠭᠤᠯᠣᠭᠰᠠᠨ ᠤ ᠲᠠᠷᠠᠭᠠᠬᠢ ᠨᠡᠮᠡᠯᠬᠡ ᠨᠥᠬᠦᠪᠥᠷᠢ ᠮᠥᠩᠭᠦ ᠶᠢᠨ ᠬᠢᠷᠢ ᠬᠡᠮᠵᠢᠶ᠎ᠠ ᠵᠡᠷᠭᠡ ᠬᠦᠴᠦᠨ ᠵᠦᠢᠯ ᠢ | ᠶᠡᠷᠣᠩᠭᠡᠶᠢᠯᠠᠨ ᠪᠣᠳᠣᠯᠬᠢᠯᠠᠵᠣ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠠᠴᠠ ᠲᠤᠰ ᠭᠠᠵᠠᠷ ᠣᠷᠣᠨ ᠤ | ᠠᠵᠢᠯ ᠦᠢᠯᠡᠰ ᠤᠨ ᠨᠢᠭᠡᠴᠨ ᠶᠢᠨ ᠠᠵᠢᠯ ᠤᠨ ᠠᠮᠵᠢᠯᠳᠠ ᠪᠦᠲᠦᠮᠵᠢ ᠶᠢᠨ ᠴᠠᠯᠢᠩ ᠤᠨ ᠶᠡᠷᠦᠩᠬᠡᠶ ᠬᠢᠷᠢ ᠬᠡᠮᠵᠢᠶ᠎ᠠ ᠶᠢ | ᠵᠦᠢ ᠵᠣᠬᠢᠰᠲᠠᠶ ᠲᠣᠭᠲᠠᠭᠠᠨ᠎ᠠ᠃ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠰᠠᠭᠤᠷᠢ ᠴᠢᠨᠠᠷᠲᠠᠶ ᠪᠠ | ᠱᠠᠩᠨᠠᠯ ᠤᠨ ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠬᠤᠶᠠᠷ ᠬᠡᠰᠡᠭ ᠬᠤᠪᠢᠶᠠᠵᠣ᠂ ᠡᠵᠡᠯᠡᠬᠦ | ᠬᠠᠷᠢᠴᠠᠯ ᠨᠢ ᠲᠤᠰ ᠲᠤᠰ 60% ᠪᠠ 40% ᠪᠣᠯᠣᠨ᠎ᠠ᠃ ᠡᠭᠦᠨ ᠤ ᠲᠣᠳᠣᠷ᠎ᠡ᠂ ᠱᠠᠩᠨᠠᠯ ᠤᠨ ᠴᠢᠨᠠᠷᠲᠠᠶ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠨᠢ ᠭᠤᠣᠯᠳᠠᠭᠤ ᠠᠵᠢᠯ ᠤᠨ ᠬᠡᠮᠵᠢᠶ᠎ᠡ ᠪᠠ ᠪᠣᠳᠠᠲᠠᠶ ᠬᠤᠪᠢ ᠨᠡᠮᠡᠷᠢ | ᠵᠡᠷᠭᠡ ᠬᠦᠴᠦᠨ ᠵᠦᠢᠯ ᠢ ᠢᠯᠡᠷᠡᠭᠦᠯᠵᠣ᠂ ᠨᠢᠭᠡᠴᠨ ᠨᠢ ᠰᠢᠯᠭᠠᠨ ᠬᠢᠨᠠᠭᠰᠠᠨ ᠦᠷ᠎ᠡ ᠳ᠋ᠦᠩ ᠢ ᠦᠨᠳᠦᠰᠦᠯᠡᠵᠦ ᠵᠦᠢ | ᠵᠣᠬᠢᠰᠲᠠᠶ ᠪᠠᠷ ᠲᠡᠰ ᠭᠠᠷᠭᠠᠵᠣ ᠣᠯᠭᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ | ᠦᠢᠯᠡᠰ ᠤᠨ ᠨᠢᠭᠡᠴᠨ ᠶᠢᠨ ᠣᠨᠴᠨ ᠲᠣᠭᠳᠠᠭᠰᠠᠨ ᠠᠵᠢᠯ ᠤᠨ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠣᠬᠤᠷ | ᠬᠤᠭᠤᠴᠠᠭᠠᠨ᠎ᠠ ᠵᠠᠩᠭᠢᠯᠠᠭ᠎ᠠ ᠶᠢᠨ ᠠᠵᠢᠯ ᠤᠨ ᠪᠠᠶᠢᠷᠢ ᠪᠤᠶᠤ ᠲᠣᠳᠠᠭᠳᠠᠵᠣ ᠪᠠᠶᠢᠭ᠎ᠠ ᠲᠤᠰᠬᠠᠶ ᠮᠡᠷᠭᠡᠵᠢᠯ ᠤᠨ ᠳᠡᠭᠡᠳᠣ | ᠳᠡᠰ ᠤᠨ ᠴᠢᠳᠠᠪᠤᠷᠢᠲᠠᠨ ᠤᠷᠢᠨ ᠬᠡᠷᠡᠭᠯᠡᠬᠦ ᠳᠡᠭᠡᠨ ᠵᠥᠪᠰᠢᠶᠡᠷᠡᠭᠦᠯᠭᠦ ᠪᠠᠷ ᠳᠡᠮᠵᠢᠭᠤᠯᠣᠨ ᠵᠥᠪᠯᠡᠯᠴᠡᠭᠡᠷ ᠤᠨ | ᠴᠠᠯᠢᠩ ᠤᠨ ᠳᠦᠷᠢᠮ᠂ ᠲᠥᠷᠥᠯ ᠵᠦᠢᠯ ᠤᠨ ᠴᠠᠯᠢᠩ ᠤᠨ ᠲᠦᠷᠢᠮ ᠵᠡᠷᠭᠡ ᠠᠮᠢᠳᠤᠯᠢᠭ ᠤᠯᠠᠨ ᠶᠠᠩᠵᠤ ᠶᠢᠨ | ᠬᠤᠪᠢᠶᠠᠷᠢᠯᠠᠬᠤ ᠠᠷᠭ᠎ᠠ ᠶᠢ ᠬᠡᠷᠡᠭᠵᠢᠭᠦᠯᠵᠦ ᠪᠣᠯᠣᠨ᠎ᠠ᠃ | ︵ᠠᠷᠪᠠᠨ ᠲᠦᠷᠪᠡ︶ ᠰᠢᠯᠢᠳᠡᠭ ᠴᠢᠳᠠᠪᠤᠷᠢᠲᠠᠨ ᠢ ᠭᠦᠭᠢᠭᠦᠯᠣᠨ ᠱᠠᠩᠨᠠᠬᠤ ᠲᠦᠷᠢᠮ ᠢ ᠳᠡᠭᠦᠯᠳᠡᠷᠵᠢᠭᠦᠯᠣᠨ᠎ᠠ᠃ | ᠰᠣᠶᠣᠯ ᠤᠷᠠᠯᠢᠭ ᠤᠨ ᠬᠦᠷᠢᠶᠡᠨ ᠤ ᠲᠤᠬᠠᠶᠢᠯᠠᠭᠰᠠᠨ ᠠᠵᠢᠯ ᠤᠨ ᠰᠤᠳᠤᠯᠣᠯ᠂ ᠰᠢᠨᠵᠢᠯᠡᠬᠦ ᠤᠬᠠᠭᠠᠨ | ᠮᠡᠷᠭᠡᠵᠢᠯ ᠢᠶᠠᠨ ᠳᠡᠭᠡᠭᠰᠢᠯᠡᠭᠦᠯᠭᠦ᠂ ᠬᠠᠮᠢᠶᠠᠷᠤᠯᠲᠠ ᠳᠤ ᠰᠢᠨ᠎ᠡ ᠶᠢ ᠡᠭᠦᠳᠬᠦ ᠵᠡᠷᠭᠡ ᠲᠠᠯ᠎ᠠ ᠳᠤ ᠴᠢᠬᠤᠯᠠ ᠶᠡᠭᠡ | ᠰᠢᠪᠳᠣᠯᠣᠯᠳᠠ ᠭᠠᠷᠭᠠᠭᠰᠠᠨ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠶᠡᠭᠡ ᠤᠷᠠᠨ ᠰᠠᠶᠢᠬᠠᠨ ᠤ | ᠲᠣᠭᠯᠠᠯᠲᠠ᠂ ᠤᠷᠤᠯᠳᠤᠭᠠᠨ᠂ ᠰᠢᠯᠭᠠᠷᠠᠭᠤᠯᠣᠯᠳᠠ ᠳᠤ ᠭᠤᠷᠪᠠᠳᠤᠭᠠᠷ ᠳᠡᠰ ᠠᠴᠠ ᠳᠡᠭᠡᠭᠰᠢ ᠱᠠᠩᠨᠠᠯ ᠣᠯᠣᠭᠰᠠᠨ | ᠡᠯ᠎ᠡ ᠲᠦᠷᠦᠯ ᠤᠨ ᠣᠷᠦ᠋ᠢᠯᠠᠭᠰᠠᠨ ᠴᠢᠳᠠᠪᠤᠷᠢᠲᠠᠨ ᠢ ᠨᠢᠭᠡ ᠣᠳᠠᠭ᠎ᠠ ᠶᠢᠨ ᠴᠢᠨᠠᠷᠳᠠᠢ ᠪᠠᠷ ᠱᠠᠩᠨᠠᠨ | ᠭᠦᠭᠢᠭᠦᠯᠣᠨᠠ᠃ | ᠲᠦᠷᠪᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ | ᠨᠠᠶᠢᠭᠡᠮ ᠤᠨ ᠪᠠᠳᠣᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠣᠨ᠎ᠠ | ︵ᠠᠷᠪᠠᠨ ᠲᠠᠪᠤ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ | ᠨᠠᠰᠤᠵᠢᠯ ᠤᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠰᠠᠶᠢᠲᠤᠷ ᠬᠢᠨ᠎ᠠ᠃ ᠤᠯᠤᠰ ᠪᠠ ᠥᠪᠡᠷᠲᠡᠭᠡᠨ | ᠵᠠᠰᠠᠬᠤ ᠣᠷᠣᠨ ᠤ ᠠᠯᠪᠡᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠠᠰᠤᠵᠢᠯ ᠤᠨ | ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ ᠨᠠᠰᠤᠵᠢᠯ ᠤᠨ ᠳᠠᠭᠠᠳᠬᠠᠯ ᠤᠨ | ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠨ᠎ᠠ᠃ ᠥᠭᠡᠷᠡᠴᠢᠯᠡᠯᠲᠡ ᠠᠴᠠ ᠡᠮᠦᠨ᠎ᠠ ᠠᠵᠢᠯ ᠳᠤ | ᠣᠷᠣᠵᠣ᠂ ᠥᠭᠡᠷᠡᠴᠢᠯᠡᠯᠲᠡ ᠬᠢᠭᠰᠡᠨ ᠤ ᠲᠠᠷᠠᠭ᠎ᠠ ᠨᠠᠰᠤᠨ ᠤ ᠠᠮᠠᠷᠠᠯᠲᠠ ᠪᠠᠨ ᠠᠪᠤᠭᠰᠠᠨ ᠣᠷᠣᠨ ᠲᠤᠭ᠎ᠠ ᠶᠢᠨ | ᠲᠣᠳᠣᠷᠠᠬᠢ ᠠᠵᠢᠯᠳᠠᠨ ᠳᠤ ᠨᠠᠰᠤᠵᠢᠯ ᠤᠨ ᠣᠯᠭᠤᠮᠵᠢ ᠶᠢᠨ ᠬᠢᠷᠢ ᠬᠡᠮᠵᠢᠶ᠎ᠠ ᠶᠢ ᠲᠣᠭᠲᠠᠭᠤᠨ ᠢᠶᠠᠷ ᠰᠢᠯᠵᠢᠭᠦᠯᠭᠦ ᠪᠠ | ᠵᠦᠢ ᠵᠣᠬᠢᠰᠲᠠᠶ ᠪᠠᠷ ᠵᠣᠯᠭᠠᠭᠤᠯᠬᠤ ᠶᠢ ᠲᠣᠬᠢᠳᠠᠢ ᠪᠠᠲᠤᠯᠠᠬᠤ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠰᠣᠶᠣᠯ ᠤᠨ ᠠᠵᠢᠯ ᠦᠢᠯᠡᠰ ᠤᠨ ᠨᠢᠭᠡᠴᠨ ᠶᠢᠨ ᠣᠷᠣᠨ ᠲᠤᠭ᠎ᠠ ᠠᠴᠠ ᠭᠠᠳᠠᠨ᠎ᠠ ᠦᠪᠡᠰᠣᠪᠡᠨ ᠡᠵᠡᠨ ᠮᠡᠳᠡᠵᠣ | ᠪᠠᠶᠢᠭᠠᠣᠨ ᠤᠷᠢᠨ ᠬᠡᠷᠡᠭᠯᠡᠭᠰᠡᠨ ᠠᠵᠢᠯᠳᠠᠨ ᠳᠤ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠠᠷᠭ᠎ᠠ ᠶᠢ | ᠬᠡᠷᠩᠵᠢᠭᠦᠯᠣᠨ᠎ᠠ᠃ | ᠲᠠᠪᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ | ᠳᠣᠲᠣᠭᠠᠳᠤ ᠲᠣᠭᠲᠠᠴᠠ ᠶᠢᠨ ᠥᠭᠡᠷᠡᠴᠢᠯᠡᠯᠲᠡ ᠳᠠᠬᠢ ᠤᠳᠤᠷᠢᠳᠣᠯᠭ᠎ᠠ ᠪᠠᠨ ᠴᠢᠩᠭᠠᠣᠠᠬᠠᠨ᠎ᠠ | ︵ᠠᠷᠪᠠᠨ ᠵᠢᠷᠭᠤᠭ᠎ᠠ︶ ᠲᠠᠨᠢᠯᠲᠠ ᠪᠠᠨ ᠳᠡᠭᠡᠭᠰᠢᠯᠡᠭᠦᠯᠦᠨ᠂ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ | ᠠᠶᠢᠮᠠᠭ ᠬᠤᠳᠠ ᠨᠤᠭᠤᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ | ᠳᠣᠲᠣᠭᠠᠳᠤ ᠲᠣᠭᠲᠠᠴᠠ ᠶᠢᠨ ᠥᠭᠡᠷᠡᠴᠢᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠥᠭᠡᠷᠡᠴᠢᠯᠡᠯᠲᠡ ᠶᠢᠨ | ᠠᠵᠢᠯ ᠢ ᠡᠳᠣᠷ ᠲᠣᠳᠣᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠪᠠᠶᠢᠳᠠᠯ ᠢ | ᠤᠢᠢᠯᠠᠭᠠᠨ ᠡᠵᠡᠮᠰᠢᠵᠦ᠂ ᠥᠭᠡᠷᠡᠴᠢᠯᠡᠯᠲᠡ ᠶᠢᠨ ᠶᠠᠪᠤᠴᠠ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠴᠠᠭ ᠲᠤᠬᠠᠶ ᠳᠤᠨᠢ ᠰᠢᠢᠣᠡᠪᠣᠷᠢᠯᠡᠨ᠎ᠠ᠃ ᠰᠣᠶᠣᠯ ᠤᠨ ᠰᠠᠯᠠᠭ᠎ᠠ ᠮᠥᠴᠢᠷ ᠲᠦᠷᠦᠭᠦᠯᠡᠨ ᠬᠢᠵᠣ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ ᠲᠤᠭ᠎ᠠ ᠶᠢᠨ ᠠᠯᠪᠠᠨ ᠭᠡᠷ᠂ ᠡᠳ᠋ ᠤᠨ ᠵᠠᠰᠠᠭ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠷᠣᠯᠴᠠᠭᠰᠠᠨ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ | ᠪᠠᠶᠢᠭᠤᠯᠣᠨ ᠪᠦᠷᠢᠨᠰᠢᠭᠦᠯᠵᠣ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ | ᠨᠢᠭᠡᠴᠨ ᠶᠢᠨ ᠳᠣᠲᠣᠭᠠᠳᠤ ᠲᠣᠭᠲᠠᠴᠠ ᠶᠢᠨ ᠥᠭᠡᠷᠡᠴᠢᠯᠡᠯᠲᠡ ᠶᠢᠨ ᠣᠯᠣᠯᠴᠠᠭ᠎ᠠ ᠵᠣᠬᠢᠴᠠᠭᠤᠯᠭ᠎ᠠ ᠪᠠᠨ | ᠴᠢᠩᠭᠠᠣᠠᠬᠠᠨ᠎ᠠ᠃ | ︵ᠠᠷᠪᠠᠨ ᠲᠤᠯᠤᠭ᠎ᠠ︶ ᠨᠠᠶᠢᠳᠠᠪᠤᠷᠢᠵᠢᠭᠤᠯᠬᠤ ᠪᠠᠨ ᠴᠢᠩᠭᠠᠣᠠᠬᠠᠨ᠂ ᠯᠠᠪᠳᠠᠭᠤᠨ ᠢᠶᠠᠷ ᠠᠬᠢᠭᠤᠯᠣᠨ᠎ᠠ᠃ ᠡᠯ᠎ᠡ | ᠠᠶᠢᠮᠠᠭ ᠬᠤᠳᠠ ᠨᠤᠭᠤᠳ ᠲᠤᠰ ᠰᠠᠨᠠᠯ ᠤᠨ ᠱᠠᠭᠠᠷᠳᠠᠯᠭ᠎ᠠ ᠶᠢ ᠦᠨᠳᠦᠰᠦᠯᠡᠵᠣ᠂ ᠲᠤᠰ ᠭᠠᠵᠠᠷ ᠣᠷᠣᠨ ᠤ ᠪᠠᠨ | ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠨᠢᠭᠡᠳᠦᠯᠲᠡᠶ ᠲᠥᠯᠥᠪᠵᠢᠭᠦᠯᠣᠨ᠂ ᠲᠦᠷᠦᠯ ᠬᠤᠪᠢᠶᠠᠨ ᠵᠢᠯᠣᠭᠤᠳᠴᠣ᠂ | ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ | ᠠᠵᠢᠯ ᠦᠢᠯᠡᠰ ᠤᠨ ᠨᠢᠭᠡᠴᠡ ᠶᠢᠨ ᠣᠨᠴᠠᠯᠢᠭ ᠢ ᠦᠨᠳᠣᠰᠣᠯᠡᠨ᠂ ᠦᠨᠡᠨᠬᠦ ᠬᠡᠷᠩᠵᠢᠭᠦᠯᠣᠭᠦᠰᠢᠳᠠᠢ ᠬᠡᠷᠡᠭᠵᠢᠬᠦᠯᠬᠦ | ᠠᠷᠭ᠎ᠠ ᠲᠣᠭᠲᠠᠭᠠᠵᠤ᠂ ᠢᠵᠢ ᠲᠦᠬᠦᠷ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠣᠨ᠂ ᠡᠯ᠎ᠡ ᠵᠦᠢᠯ ᠤᠨ | ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠪᠣᠳᠠᠳᠠᠶᠢᠵᠢᠭᠤᠯᠬᠤ ᠶᠢ ᠦᠨᠡᠡᠭᠦ ᠪᠠᠳᠣᠯᠠᠬᠤ ᠬᠡᠷᠡᠭᠲᠡᠶ᠃ | ᠡᠯ᠎ᠡ ᠱᠠᠲᠤᠨ ᠤ ᠡᠯ᠎ᠡ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ | ᠨᠢᠭᠡᠴᠨ ᠨᠦᠭᠦᠳ ᠲᠤᠰ ᠨᠢᠭᠡᠴᠨ ᠶᠢᠨ ᠳᠣᠲᠣᠭᠠᠳᠤ ᠲᠣᠭᠲᠠᠴᠠ ᠶᠢᠨ ᠥᠭᠡᠷᠡᠴᠢᠯᠡᠯᠲᠡ ᠳᠤ ᠬᠡᠷᠡᠭᠵᠢᠭᠦᠯᠬᠦ | ᠲᠥᠰᠦᠯ ᠢ ᠱᠠᠯᠠᠪᠳᠠᠨ ᠰᠤᠳᠤᠯᠵᠣ ᠲᠣᠭᠲᠠᠭᠠᠨ᠂ ᠠᠳᠠᠯᠢ ᠱᠠᠲᠤᠨ ᠤ ᠰᠣᠶᠣᠯ ᠤᠨ ᠰᠠᠯᠠᠭ᠎ᠠ ᠮᠥᠴᠢᠷ ᠲᠤ | ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠᠨ ᠨᠠᠢᠮᠨ︶ ᠰᠢᠮᠳᠠᠭᠤᠯᠤᠨ ᠵᠢᠯᠣᠭᠤᠣᠠᠬᠤ ᠪᠠᠨ ᠴᠢᠩᠭᠠᠣᠠᠬᠠᠵᠣ᠂ ᠮᠥᠷᠳᠡᠨ ᠪᠠᠶᠢᠴᠠᠭᠠᠨ᠎ᠠ᠃ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠵᠡᠷᠭᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠡᠯ᠎ᠡ | ᠠᠶᠢᠮᠠᠭ ᠬᠤᠳᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯ ᠦᠢᠯᠡᠰ ᠤᠨ ᠨᠢᠭᠡᠴᠨ ᠶᠢᠨ | ᠳᠣᠲᠣᠭᠠᠳᠤ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠮᠥᠷᠳᠡᠨ ᠣᠶᠢᠯᠭᠠᠬᠤ ᠪᠠ | ᠰᠢᠮᠳᠠᠭᠤᠯᠣᠨ ᠪᠠᠶᠢᠴᠠᠭᠠᠵᠣ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠠᠮᠵᠢᠯᠲᠠᠲᠠᠶ ᠲᠤᠷᠰᠢᠯᠭ᠎ᠠ ᠶᠢ | ᠢᠳᠡᠪᠬᠢᠲᠡᠶ ᠪᠠᠷ ᠳ᠋ᠦᠩᠨᠡᠨ ᠳᠡᠯᠭᠡᠷᠡᠭᠦᠯᠭᠦ ᠶᠢᠨ ᠬᠠᠮᠲᠤ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ | ᠳᠠᠯ᠎ᠠ ᠳᠤ ᠴᠢᠭᠯᠡᠭᠦᠯᠦᠨ᠂ ᠪᠣᠳᠠᠲᠠᠶ ᠵᠢᠯᠣᠭᠤᠳᠬᠤ ᠰᠠᠨᠠᠯ ᠪᠠ ᠠᠷᠭ᠎ᠠ ᠬᠡᠮᠵᠢᠶ᠎ᠡ ᠶᠢ ᠳᠤᠷᠠᠳᠣᠨ᠂ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠵᠤ᠂ ᠪᠣᠳᠠᠲᠤ ᠠᠮᠵᠢᠯᠲᠠ ᠤᠯᠬᠤ ᠶᠢ ᠦᠨᠡᠡᠭᠦ ᠪᠠᠲᠤᠯᠠᠬᠤ ᠬᠡᠷᠡᠭᠲᠡᠶ᠃ | | |