| ᠰᠤᠷᠪᠤᠯᠵᠢᠯᠠᠭᠰᠠᠨ ᠴᠠᠭ᠄ | 2016 ᠤᠨ ᠤ 11 ᠳ᠋ᠦ᠋ᠭᠡᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ | ᠰᠤᠷᠪᠤᠯᠵᠢᠯᠠᠭᠰᠠᠨ ᠵᠤᠴᠢᠨ᠄ | ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ | ᠲᠣᠭᠤᠷᠢᠨ ᠪᠠᠶᠢᠴᠠᠭᠠᠭᠴᠢ ᠯᠢᠦ ᠬᠤᠤ ᠱᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠡᠬᠢᠯᠡᠨ ᠬᠡᠷᠡᠭᠵᠢᠭᠦᠯᠬᠦ ᠶᠢᠨ | ᠬᠠᠷᠠᠯᠲᠠ ᠪᠤᠯ ᠲᠠᠪᠤᠨ ᠵᠢᠯ ᠤᠨ ᠬᠤᠭᠤᠴᠠᠭ᠎ᠠ ᠶᠢ ᠠᠰᠢᠭᠯᠠᠨ᠂ ᠪᠥᠬᠦ ᠣᠷᠣᠨ ᠤ ᠠᠳᠠᠯ ᠦᠢᠯᠡᠰ ᠴᠣᠭᠴᠠᠯᠠᠬᠤ ᠶᠢ | ᠲᠡᠳᠬᠦᠬᠦ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠳᠠᠯ | ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠨᠡᠩ ᠪᠦᠷᠢᠨᠰᠢᠭᠦᠯᠵᠦ᠂ ᠠᠳᠠᠯ ᠦᠢᠯᠡᠰ ᠴᠣᠭᠴᠠᠯᠠᠬᠤ | ᠣᠷᠴᠢᠨ ᠨᠦᠭᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠠᠳᠠᠯ ᠦᠢᠯᠡᠰ ᠴᠣᠭᠴᠠᠯᠠᠬᠤ ᠠᠮᠢᠳᠤ ᠰᠣᠷᠭᠤᠭ | ᠬᠦᠴᠦᠨ ᠴᠢᠳᠠᠯ ᠢ ᠪᠠᠳᠠᠷᠠᠭᠤᠯᠵᠤ᠂ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠠᠭᠤᠷ ᠠᠮᠢᠰᠬᠤᠯ ᠢ | ᠡᠳᠦᠷ ᠠᠴᠠ ᠡᠳᠦᠷ ᠰᠠᠶᠢᠵᠢᠷᠠᠭᠤᠯᠵᠤ᠂ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠪᠠᠷ ᠠᠵᠢᠯ | ᠣᠯᠭᠤᠯᠲᠠ ᠶᠢ ᠳᠠᠶᠢᠴᠢᠯᠠᠬᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠤ | ᠦᠢᠯᠡᠳᠦᠯ ᠢ ᠨᠡᠩ ᠲᠤᠪᠤᠶᠢᠮ᠎ᠠ ᠪᠤᠯᠭᠠᠭᠠᠳ᠂ 2020 ᠣᠨ ᠪᠤᠯᠬᠤ ᠳᠤ᠂ ᠪᠦᠬᠦ ᠣᠷᠣᠨ ᠳᠤ ᠠᠳᠠᠯ ᠦᠢᠯᠡᠰ | ᠴᠤᠭᠴᠠᠯᠠᠬᠤ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠢ 30 ᠲᠦᠮᠡ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠵᠦ᠂ 100 ᠲᠦᠮᠠ ᠠᠴᠠ ᠳᠡᠭᠡᠭᠰᠢ ᠬᠦᠮᠦᠨ ᠳᠤ ᠠᠵᠢᠯ ᠤᠯᠭᠤᠬᠤ ᠶᠢ ᠳᠠᠶᠢᠴᠢᠯᠠᠬᠤ ᠶᠠᠪᠤᠳᠠᠯ | ᠪᠤᠯᠤᠨ᠎ᠠ᠃ | | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | | ᠬᠥᠲᠥᠯᠥᠭᠴᠢ᠄ | ᠰᠦᠯᠵᠢᠶᠡᠨ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠠᠯᠪᠠᠨ ᠤ ᠰᠦᠯᠵᠢᠶ᠎ᠡ ᠶᠢᠨ ︽ᠰᠦᠯᠵᠢᠶᠡᠨ | ᠳᠡᠭᠡᠷᠡᠬᠢ ᠰᠤᠷᠪᠤᠯᠵᠢᠯᠠᠭ᠎ᠠ︾ ᠫᠷᠦᠭᠷᠡᠮ ᠢ ᠬᠦᠯᠢᠶᠡᠨ ᠠᠪᠴᠦ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ | ᠥᠨᠥᠳᠦᠷ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠯᠢᠦ ᠬᠤᠤ ᠱᠧᠩ ᠢ ᠤᠷᠢᠵᠤ᠂ ᠲᠠ ᠪᠦᠬᠦᠨ ᠲᠠᠢ | ᠰᠦᠯᠵᠢᠶᠡᠨ ᠳᠡᠭᠡᠷ᠎ᠡ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠰᠤᠯᠢᠯᠴᠠᠬᠤ ᠶᠢᠨ ᠬᠠᠮᠲᠤ | ᠰᠦᠯᠵᠢᠶᠡᠨ ᠠᠨᠳᠠ ᠨᠠᠷ ᠤᠨ ᠠᠰᠠᠭᠤᠳᠠᠯ ᠢ ᠬᠠᠷᠢᠭᠤᠯᠬᠤ ᠪᠠᠷ ᠪᠤᠯᠤᠯ᠎ᠠ᠃ | ᠯᠢᠦ ᠬᠤᠤ ᠱᠧᠩ᠄ | ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠲᠠ ᠪᠦᠬᠦᠨ ᠰᠠᠶᠢᠨ ᠪᠠᠶᠢᠵᠠᠭᠠᠨ᠎ᠠ ᠤᠤ︕ | ᠠᠳᠡ ᠲᠠ ᠪᠦᠬᠦᠨ ᠲᠠᠢ ᠰᠠᠨᠠᠯ ᠢᠶᠠᠨ ᠰᠤᠯᠢᠯᠴᠠᠬᠤ ᠪᠤᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠡᠨᠡ ᠬᠦ | ᠲᠠᠰᠢᠷᠠᠮ ᠢᠶᠠᠷ᠂ ᠪᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠡᠮᠦᠨ᠎ᠡ ᠠᠴᠠ ᠠᠵᠢᠯ ᠤᠯᠭᠤᠬᠤ ᠠᠳᠠᠯ ᠦᠢᠯᠡᠰ ᠴᠣᠭᠴᠠᠯᠠᠬᠤ ᠠᠵᠢᠯ ᠳᠤ ᠢᠮᠠᠭᠲᠠ | ᠰᠡᠳᠬᠢᠯ ᠲᠠᠯᠪᠢᠵᠤ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤᠯᠤᠰ ᠣᠷᠣᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠦᠢᠯᠡᠴᠢᠯᠡᠭᠡᠨ ᠤ ᠰᠢᠨ᠎ᠡ ᠶᠢ ᠡᠭᠦᠳᠬᠦ ᠶᠠᠪᠤᠳᠠᠯ ᠢᠶᠠᠷ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ | ᠬᠥᠭᠵᠢᠭᠦᠯᠬᠦ ︽ᠰᠢᠨ᠎ᠡ ᠬᠥᠳᠡᠯᠭᠡᠭᠦᠷ︾ ᠪᠤᠯᠭᠠᠵᠤ᠂ ᠠᠳᠠᠯ ᠦᠢᠯᠡᠰ ᠴᠣᠭᠴᠠᠯᠠᠬᠤ ᠶᠢ ᠵᠤᠷᠢᠭᠵᠢᠭᠤᠯᠬᠤ ᠶᠠᠪᠤᠳᠠᠯ ᠢ | ᠠᠵᠢᠯ ᠣᠯᠭᠤᠯᠲᠠ ᠶᠢ ᠠᠬᠢᠭᠤᠯᠬᠤ ︽ᠰᠢᠨ᠎ᠡ ᠬᠥᠳᠡᠯᠭᠡᠬᠦ ᠬᠦᠴᠦ︾ ᠪᠤᠯᠭᠠᠪᠠ᠃ ᠡᠨᠡ ᠵᠢᠯ᠂ ᠦᠢ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ | ᠲᠦᠯᠬᠢᠨ ᠠᠬᠢᠭᠤᠯᠬᠤ ᠲᠠᠢ ᠤᠶᠠᠯᠳᠤᠭᠤᠯᠤᠨ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ | ᠠᠵᠢᠯᠯᠠᠭ᠎ᠠ︾ ᠶᠢ ᠡᠬᠢᠯᠡᠭᠦᠯᠪᠡ᠂ ᠲᠠ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ | ᠲᠣᠪᠴᠢᠬᠠᠨ ᠲᠠᠨᠢᠯᠴᠠᠭᠤᠯᠵᠤ ᠦᠭᠭᠦᠨᠡᠦ︖ | ᠯᠢᠦ ᠬᠤᠤ ᠱᠧᠩ᠄ | ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠠᠵᠢᠯ ᠢ | ᠰᠢᠨ᠎ᠡ ᠨᠢᠭᠡᠨ ᠳᠡᠭᠲᠡᠷ ᠲᠤ ᠭᠠᠷᠭᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠢ ᠣᠯᠠᠨ ᠢᠶᠠᠷ ᠢᠶᠠᠨ | ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠰᠠᠶᠢᠨ ᠰᠠᠶᠢᠬᠠᠨ ᠪᠠᠶᠢᠳᠠᠯ ᠢ | ᠲᠦᠷᠭᠡᠪᠴᠢᠯᠡᠨ ᠪᠣᠢ ᠪᠣᠯᠭᠠᠵᠤ᠂ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠶᠢᠨ ᠲᠤᠰᠠᠳᠠ᠂ ᠨᠢᠳᠤᠨᠤᠨ ᠵᠢᠯ ᠤᠨ ᠡᠴᠦᠰ ᠲᠤ᠂ ᠮᠠᠨ ᠤ ᠬᠥᠮᠦᠨ ᠤ ᠡᠬᠢ ᠪᠠᠶᠠᠯᠢᠭ ᠪᠤᠯᠤᠨ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠨ ᠵᠠᠰᠠᠭ ᠤᠨ ᠤᠷᠳᠤᠨ ᠢ ᠤᠷᠤᠯᠠᠨ ︽︿ᠠᠳᠠᠯ ᠦᠢᠯᠡᠰ | ᠴᠣᠭᠴᠠᠯᠠᠬᠤ ᠥᠪᠥᠷ ᠮᠣᠩᠭᠤᠯ﹀ ᠠᠵᠢᠯᠯᠠᠭ᠎ᠠ ᠶᠢᠨ ᠲᠦᠯᠦᠪᠯᠡᠪᠡ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ᠢ ᠲᠤᠭᠤᠷᠪᠢᠨ ᠪᠢᠴᠢᠵᠦ᠂ ᠡᠨᠡ ᠵᠢᠯ ᠪᠦᠬᠦ ᠤᠷᠤᠨ ᠳᠤ ᠳᠠᠷᠤᠮᠠᠯᠯᠠᠨ ᠲᠠᠷᠬᠠᠭᠠᠨ ᠬᠡᠷᠡᠭᠵᠢᠭᠦᠯᠪᠡ᠂ | ᠡᠭᠦᠨ ᠳᠤ ᠭᠤᠣᠯᠳᠠᠭᠤ ᠪᠦᠬᠦ ᠣᠷᠣᠨ ᠳᠤ 6 ᠵᠦᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠄ ᠨᠢᠭᠡ ᠳᠤ ᠰᠢᠨ᠎ᠡ ᠶᠢ ᠡᠭᠦᠳᠬᠦ ᠰᠡᠳᠬᠢᠬᠦ ᠦᠷ᠎ᠡ ᠪᠦᠲᠦᠮᠵᠢ ᠶᠢ ᠤᠯᠠᠷᠢᠭᠤᠯᠬᠤ ᠪᠠ ᠨᠡᠶᠢᠭᠡᠮ ᠤᠨ | ᠬᠥᠷᠥᠩᠭᠡ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠲᠤᠭᠤᠷᠢᠨ ᠳᠤ᠂ ︽ᠡᠭᠦᠳᠦᠭᠴᠢ ᠴᠣᠭᠴᠠᠯᠠᠭᠴᠢ ᠶᠢᠨ | ᠬᠦᠰᠡᠯ ᠵᠡᠭᠦᠳᠦ ᠪᠠᠨ ᠪᠡᠶᠡᠯᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠨᠢᠭᠡ ᠪᠦᠯᠦᠭ ᠵᠠᠬ᠎ᠠ ᠳᠡᠯᠭᠡᠭᠦᠷᠴᠢᠯᠡᠭᠰᠡᠨ᠂ | ᠲᠤᠰᠬᠠᠶᠢᠵᠢᠭᠤᠯᠤᠭᠰᠠᠨ᠂ ᠬᠤᠷᠠᠮᠳᠠᠭᠤᠯᠤᠭᠰᠠᠨ᠂ ᠰᠦᠯᠵᠢᠶᠡᠵᠢᠭᠦᠯᠦᠭᠰᠡᠨ᠂ ᠵᠢᠱᠢᠶ᠎ᠡ ᠦᠵᠡᠭᠦᠯᠬᠦ ᠴᠢᠨᠠᠷᠲᠠᠶ ᠦᠢ | ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢ ᠪᠠᠶᠢᠭᠤᠯᠤᠨ᠎ᠠ᠃ ᠬᠤᠶᠠᠷ ᠲᠤ ᠠᠳᠠᠯ ᠦᠢᠯᠡᠰ | ᠴᠤᠭᠴᠠᠯᠠᠭᠰᠠᠳ ᠲᠤ ᠭᠠᠵᠠᠷ ᠲᠠᠯᠠᠪᠠᠢ ᠶᠢᠨ ᠳᠡᠮᠵᠢᠯᠭᠡ ᠦᠵᠡᠭᠦᠯᠬᠦ ᠲᠤᠭᠤᠷᠢᠨ ᠳᠤ᠂ ︽ᠠᠳᠠᠯ ᠦᠢᠯᠡᠰ | ᠴᠣᠭᠴᠠᠯᠠᠬᠤ ᠡᠭᠦᠷ ᠴᠤᠭᠴᠠᠯᠠᠬᠤ ᠲᠥᠯᠥᠪᠯᠡᠭᠡ︾ ᠶᠢ ᠬᠡᠷᠡᠭᠵᠢᠭᠦᠯᠵᠦ᠂ ᠰᠤᠯᠠ ᠰᠡᠯᠡᠭᠦᠦ ᠡᠬᠢ ᠪᠠᠶᠠᠯᠢᠭ ᠢ ᠡᠮᠬᠢᠯᠡᠨ | ᠨᠡᠶᠢᠯᠡᠭᠦᠯᠦᠨ ᠠᠰᠢᠭᠯᠠᠵᠤ᠂ ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ ᠦᠢᠯᠡᠰ ᠴᠣᠭᠴᠠᠯᠠᠬᠤ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠷᠪᠠ ᠳᠤ | ᠬᠥᠳᠡᠯᠮᠦᠷᠢᠴᠢᠳ ᠤᠨ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠲᠤᠭᠤᠷᠢᠨ ᠳᠤ᠂ ︽ᠠᠳᠠᠯ | ᠦᠢᠯᠡᠰ ᠴᠣᠭᠴᠠᠯᠠᠬᠤ ᠶᠢ ᠳᠠᠭᠠᠭᠤᠯᠬᠤ ᠲᠥᠯᠥᠪᠯᠡᠭᠡ︾ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ | ᠠᠳᠠᠯ ᠦᠢᠯᠡᠰ ᠴᠣᠭᠴᠠᠯᠠᠬᠤ ᠰᠢᠯᠢᠳᠡᠭ ᠪᠠᠭᠰᠢ ᠶᠢᠨ ᠴᠢᠳᠠᠪᠤᠷᠢᠲᠠᠨ ᠤ ᠬᠥᠮᠥᠷᠭᠡ ᠪᠣᠯᠤᠨ ᠳᠡᠭᠡᠳᠦ ᠬᠢᠷᠢ ᠲᠦᠪᠰᠢᠨ | ᠪᠦᠬᠦᠢ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠠᠳᠠᠯ | ᠦᠢᠯᠡᠰ ᠴᠤᠭᠴᠠᠯᠠᠬᠤ ᠰᠤᠷᠭᠠᠨ ᠬᠥᠮᠦᠵᠢᠯ ᠪᠠ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠤᠨ ᠡᠷᠴᠢᠮ ᠢ | ᠨᠡᠮᠡᠭᠳᠡᠭᠦᠯᠦᠨ᠎ᠡ᠃ ᠲᠦᠷᠪᠡ ᠳᠤ ᠠᠳᠠᠯ ᠦᠢᠯᠡᠰ ᠴᠣᠭᠴᠠᠯᠠᠬᠤ ᠪᠡᠯᠡ ᠲᠣᠬᠢᠷᠠᠭᠤᠯᠬᠤ ᠳᠤ ᠪᠡᠷᠬᠡᠲᠡᠢ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠲᠤᠭᠤᠷᠢᠨ ᠳᠤ᠂ ︽ᠪᠡᠯᠡ ᠲᠤᠬᠢᠷᠠᠭᠤᠯᠭ᠎ᠠ ᠶᠢ ᠰᠠᠭᠠᠳ ᠦᠭᠡᠢ ᠨᠡᠪᠲᠡᠷᠡᠭᠦᠯᠬᠦ | ᠲᠥᠯᠥᠪᠯᠡᠭᠡ︾ ᠶᠢ ᠬᠡᠷᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠠᠳᠠᠯ ᠦᠢᠯᠡᠰ ᠴᠣᠭᠴᠠᠯᠠᠬᠤ | ᠬᠥᠭᠵᠢᠭᠦᠯᠦᠯᠲᠡ ᠶᠢᠨ ᠪᠡᠯᠡ ᠮᠥᠩᠭᠦ ᠪᠠᠶᠢᠭᠤᠯᠬᠤ ᠶᠢᠨ ᠬᠠᠮᠲᠤ ᠨᠡᠶᠢᠭᠡᠮ ᠤᠨ ᠪᠡᠯᠡ ᠮᠥᠩᠭᠦ ᠪᠠ ᠮᠥᠩᠭᠦᠨ | ᠭᠦᠢᠯᠭᠡᠭᠡᠨ ᠤ ᠬᠦᠷᠦᠩᠭᠡ ᠶᠢ ᠬᠥᠲᠥᠯᠥᠨ ᠵᠢᠯᠣᠭᠤᠳᠴᠤ ᠠᠳᠠᠯ ᠦᠢᠯᠡᠰ ᠴᠣᠭᠴᠠᠯᠠᠬᠤ ᠠᠵᠢᠯᠯᠠᠭ᠎ᠠ ᠶᠢ ᠳᠡᠮᠵᠢᠵᠦ᠂ | ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠪᠤᠵᠠᠭᠠᠶᠢᠷᠠᠭᠤᠯᠵᠤ᠂ ᠠᠳᠠᠯ ᠦᠢᠯᠡᠰ | ᠴᠤᠭᠴᠠᠯᠠᠭᠰᠠᠳ ᠲᠤ ᠠᠳᠠᠯ ᠦᠢᠯᠡᠰ ᠴᠣᠭᠴᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠲᠠᠪᠤ ᠳᠤ | ᠣᠶᠤᠲᠠᠨ ᠢᠶᠠᠷ ᠭᠤᠣᠯ ᠴᠣᠭᠴᠠ ᠪᠣᠯᠭᠠᠭᠰᠠᠨ ᠵᠠᠯᠠᠭᠤᠴᠤᠳ ᠤᠨ ᠠᠳᠠᠯ ᠦᠢᠯᠡᠰ ᠴᠤᠭᠴᠠᠯᠠᠬᠤ ᠰᠢᠨ᠎ᠡ ᠶᠢ ᠡᠭᠦᠳᠬᠦ | ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠬᠦ ᠲᠤᠭᠤᠷᠢᠨ ᠳᠤ᠂ ︽ᠵᠠᠯᠠᠭᠤᠴᠤᠳ ᠤᠨ ᠠᠳᠠᠯ ᠦᠢᠯᠡᠰ | ᠴᠤᠭᠴᠠᠯᠠᠬᠤ ᠲᠥᠯᠥᠪᠯᠡᠭᠡ︾ ᠶᠢ ᠬᠡᠷᠡᠭᠵᠢᠬᠦᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢᠶᠠᠷ ᠭᠤᠣᠯ | ᠴᠣᠭᠴᠠ ᠪᠣᠯᠭᠠᠭᠰᠠᠨ ᠵᠠᠯᠠᠭᠤᠴᠤᠳ ᠤᠨ ᠠᠳᠠᠯ ᠦᠢᠯᠡᠰ ᠴᠤᠭᠴᠠᠯᠠᠬᠤ ᠰᠢᠨ᠎ᠡ ᠶᠢ ᠡᠭᠦᠳᠬᠦ ᠶᠢ ᠲᠡᠳᠬᠦᠨ | ᠳᠡᠮᠵᠢᠵᠤ᠂ ᠠᠳᠠᠯ ᠦᠢᠯᠡᠰ ᠴᠣᠭᠴᠠᠯᠠᠬᠤ ᠬᠡᠪᠴᠢᠶ᠎ᠡ ᠶᠢ ᠥᠷᠭᠡᠳᠬᠡᠵᠦ᠂ ᠠᠳᠠᠯ ᠦᠢᠯᠡᠰ ᠴᠣᠭᠴᠠᠯᠠᠬᠤ ᠶᠢᠨ | ᠠᠮᠵᠢᠯᠲᠠ ᠶᠢᠨ ᠨᠤᠷᠮ᠎ᠠ ᠶᠢ ᠳᠡᠭᠡᠭᠰᠢᠯᠡᠬᠦᠯᠦᠨ᠎ᠡ᠃ ᠵᠢᠷᠭᠤᠭ᠎ᠠ ᠳᠤ ᠥᠪᠡᠷᠲᠡᠭᠡᠨ ᠵᠠᠰᠠᠬᠤ ᠣᠷᠣᠨ ᠤ ︽ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠲᠤᠭᠤᠷᠢᠨ ᠳᠤ᠂ | ︽ᠬᠦᠴᠦ ᠶᠠᠪᠤᠭᠴᠢ ᠮᠠᠯᠴᠢᠨ ᠲᠠᠷᠢᠶᠠᠴᠢᠳ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠲᠥᠯᠥᠪᠯᠡᠭᠡ︾ | ᠶᠢ ᠬᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠣᠷᠣᠨ ᠢᠯᠠᠩᠭᠤᠶ᠎ᠠ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠨᠢ ᠲᠡᠳᠭᠦᠨ ᠳᠡᠮᠵᠢᠬᠦ ᠪᠠ ᠬᠥᠲᠥᠯᠥᠨ ᠵᠢᠯᠣᠭᠤᠳᠴᠤ᠂ | ᠶᠠᠳᠠᠭᠤ ᠬᠦᠴᠢᠷᠳᠡᠯᠲᠡᠶ ᠬᠥᠳᠡᠯᠮᠦᠷᠢᠴᠢᠨ ᠢ ᠤᠢᠢᠷ᠎ᠠ ᠬᠠᠪᠢ ᠳᠤᠨᠢ ᠪᠤᠶᠤ ᠲᠤᠬᠠᠶ ᠶᠢᠨ ᠭᠠᠵᠠᠷ ᠲᠤᠨᠢ ᠰᠢᠯᠵᠢᠬᠦᠯᠦᠨ | ᠠᠵᠢᠯ ᠤᠯᠬᠤ ᠶᠢ ᠳᠠᠶᠢᠴᠢᠯᠠᠨ᠎ᠠ᠃ | ᠬᠥᠲᠥᠯᠥᠭᠴᠢ᠄ | ︽12·5︾ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠳᠠᠯ ᠦᠢᠯᠡᠰ ᠴᠣᠭᠴᠠᠯᠠᠬᠤ | ᠠᠵᠢᠯ ᠣᠯᠭᠤᠬᠤ ᠢᠨᠵᠧᠨᠧᠷᠢᠩ ᠢ ᠬᠡᠷᠡᠭᠵᠢᠭᠦᠯᠵᠦ᠂ ᠵᠣᠬᠢᠬᠤ ᠠᠮᠵᠢᠯᠲᠠ ᠣᠯᠤᠭᠰᠠᠨ ᠪᠠᠶᠢᠨ᠎ᠠ᠃ ᠡᠨᠡ ᠵᠢᠯ᠂ | ᠥᠪᠡᠷᠲᠡᠭᠡᠨ ᠵᠠᠰᠠᠬᠤ ᠣᠷᠣᠨ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ | ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠵᠤ᠂ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ | ᠠᠵᠢᠯᠯᠠᠭ᠎ᠠ ᠶᠢ ᠦᠷᠨᠢᠬᠦᠯᠬᠦ ᠳᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠶᠠᠮᠠᠷ ᠰᠢᠨ᠎ᠡ | ᠳᠤᠷᠠᠳᠤᠯᠭ᠎ᠠ ᠪᠤᠶᠤ ᠭᠢᠯᠠᠰ ᠴᠢᠭ᠋ ᠪᠠᠶᠢᠬᠤ ᠪᠤᠢ︖ | ᠯᠢᠦ ᠬᠤᠤ ᠱᠧᠩ᠄ | ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠠᠵᠢᠯᠯᠠᠭ᠎ᠠ ᠶᠢ ᠡᠬᠢᠯᠡᠬᠦᠯᠦᠨ᠂ ᠵᠢᠷᠭᠤᠭᠠᠨ | ᠲᠥᠯᠥᠪᠯᠡᠭᠡ ᠶᠢ ᠬᠡᠷᠡᠭᠵᠢᠬᠦᠯᠬᠦ ᠪᠤᠯ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠠᠶᠢᠳᠠᠪᠤᠷᠢᠵᠢᠭᠤᠯᠬᠤ ᠴᠢᠬᠤᠯᠠ ᠲᠠᠢ ᠠᠵᠢᠯ ᠤᠨ ᠳ᠋ᠦᠩᠨᠡᠯᠲᠡ | ᠬᠤᠷᠢᠶᠠᠩᠭᠤᠶᠢᠯᠠᠯ ᠤᠨ ᠲᠤᠬᠠᠢ ᠰᠢᠨ᠎ᠡ ᠳᠤᠷᠠᠳᠤᠯᠭ᠎ᠠ ᠪᠤᠯᠤᠨ᠎ᠠ᠃ ᠵᠢᠷᠭᠤᠭᠠᠨ ᠲᠥᠯᠥᠪᠯᠡᠭᠡ ᠳᠤ᠂ ᠠᠩᠬ᠎ᠠ ᠤᠳᠠᠭ᠎ᠠ | ᠳᠤᠤᠷᠠᠬᠢ ᠵᠦᠢᠯᠡᠰ ᠢ ᠳᠤᠷᠠᠳᠤᠨ ᠭᠠᠷᠭᠠᠪᠠ᠄ 1 . ᠠᠳᠠᠯ ᠦᠢᠯᠡᠰ ᠴᠣᠭᠴᠠᠯᠠᠬᠤ ᠪᠡᠯᠠ ᠣᠷᠣᠭᠤᠯᠤᠯᠲᠠ ᠶᠢᠨ | ᠪᠠᠶᠢᠭᠤᠯᠤᠮᠵᠢ᠂ ᠲᠤᠰᠬᠠᠶᠢᠵᠢᠭᠰᠠᠨ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠪᠠᠶᠢᠭᠤᠯᠤᠮᠵᠢ ᠯᠤᠭ᠎ᠠ | ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ᠂ ᠨᠠᠶᠢᠳᠠᠵᠤ ᠬᠠᠮᠢᠶᠠᠷᠤᠭᠤᠯᠬᠤ ᠵᠡᠷᠭᠡ ᠵᠠᠭᠪᠤᠷᠰᠢᠯ ᠢ ᠠᠪᠴᠤ᠂ | ᠠᠶᠢᠮᠠᠭ ᠬᠤᠳᠠ ᠳᠤ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠤᠯᠤᠭᠰᠠᠨ᠂ ᠬᠤᠷᠠᠮᠳᠤᠭᠤᠯᠤᠭᠰᠠᠨ᠂ | ᠰᠦᠯᠵᠢᠶᠡᠵᠢᠭᠦᠯᠦᠭᠰᠡᠨ᠂ ᠵᠢᠱᠢᠶ᠎ᠡ ᠦᠵᠡᠭᠦᠯᠬᠦ ᠴᠢᠨᠠᠷᠲᠠᠶ ᠦᠢ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ | ᠵᠠᠶ ᠶᠢ 10 ᠠᠴᠠ ᠳᠡᠭᠡᠭᠰᠢ ᠪᠠᠶᠢᠭᠤᠯᠤᠨ᠎ᠠ᠃ 2 . ᠠᠳᠠᠯ ᠦᠢᠯᠡᠰ ᠴᠤᠭᠴᠠᠯᠠᠬᠤ ᠬᠦᠷᠢᠶᠡᠯᠡᠩ ᠪᠣᠯᠤᠨ ᠠᠳᠠᠯ | ᠦᠢᠯᠡᠰ ᠴᠤᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠰᠠᠭᠤᠷᠢᠨ | ᠳᠡᠭᠡᠷ᠎ᠡ᠂ ᠲᠦᠪᠯᠡᠷᠡᠭᠦᠯᠦᠨ ᠪᠤᠯᠪᠠᠰᠤᠷᠠᠭᠤᠯᠵᠤ ᠵᠢᠭᠠᠨ ᠵᠢᠯᠣᠭᠤᠳᠬᠤ᠂ ᠲᠥᠷᠥᠯ ᠵᠦᠢᠯ ᠢ ᠵᠤᠯᠭᠠᠭᠤᠯᠬᠤ᠂ | ᠨᠡᠪᠴᠢᠭᠦᠯᠦᠯᠭᠡ ᠳᠤ ᠪᠡᠯᠡ ᠲᠣᠬᠢᠷᠠᠭᠤᠯᠬᠤ ᠵᠡᠷᠭᠡ ᠦᠢᠯᠡᠴᠢᠯᠡᠭᠡᠨ ᠤ ᠴᠢᠳᠠᠮᠵᠢ ᠶᠢ ᠨᠢᠭᠡ ᠴᠤᠭᠴᠠᠵᠢᠭᠤᠯᠤᠭᠰᠠᠨ | ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠢᠯᠡᠰ ᠴᠤᠭᠴᠠᠯᠠᠬᠤ | ᠬᠦᠷᠢᠶᠡᠯᠡᠩ ᠪᠣᠯᠤᠨ ᠠᠳᠠᠯ ᠦᠢᠯᠡᠰ ᠴᠤᠭᠴᠠᠯᠠᠬᠤ ᠨᠡᠪᠴᠢᠭᠦᠯᠤᠤᠷ ᠤᠨ ᠰᠠᠭᠤᠷᠢᠨ ᠭᠠᠵᠠᠷ ᠢ 10 ᠳᠡᠭᠡᠭᠰᠢ | ᠴᠤᠭᠴᠠᠯᠠᠨ᠎ᠠ᠃ 3 . 2020 ᠣᠨ ᠪᠣᠯᠬᠤ ᠳᠤ᠂ ᠨᠢᠭᠡ ᠪᠦᠯᠦᠭ ᠲᠤᠰ ᠲᠤᠰ ᠤᠨ ᠣᠨᠴᠠᠯᠢᠭ ᠲᠠᠢ᠂ ᠦᠢᠯᠡᠳᠦᠯ | ᠴᠢᠳᠠᠮᠵᠢ ᠨᠢ ᠪᠦᠷᠢᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠡᠯᠧᠺᠲᠷᠤᠨ ᠬᠤᠳᠠᠯᠳᠤᠭᠠᠨ ᠤ | ᠶᠠᠪᠤᠳᠠᠯ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠢ ᠪᠠᠶᠢᠭᠤᠯᠤᠨ᠎ᠠ᠃ 4 . 1000 ᠬᠥᠮᠦᠨ ᠠᠴᠠ | ᠳᠡᠭᠡᠭᠰᠢᠬᠢ ᠳᠡᠭᠡᠳᠦ ᠬᠢᠷᠢ ᠲᠦᠪᠰᠢᠨ ᠪᠦᠬᠦᠢ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠤᠨ ᠪᠠᠭᠰᠢ ᠶᠢᠨ | ᠡᠩᠨᠡᠭᠡ ᠶᠢ ᠪᠠᠶᠢᠭᠤᠯᠤᠨ᠎ᠠ᠃ 5 . ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠶᠢ ᠲᠣᠭᠲᠠᠭᠠᠯ | ᠶᠣᠰᠣᠭᠠᠷ ᠠᠳᠠᠯ ᠦᠢᠯᠡᠰ ᠴᠤᠭᠴᠠᠯᠠᠬᠤ ᠳᠠᠭᠠᠭᠠᠯᠲᠠᠲᠤ ᠵᠢᠭᠡᠯᠡᠯᠭᠡ ᠪᠤᠯᠤᠨ ᠳᠠᠭᠠᠭᠠᠯᠲᠠᠲᠤ ᠰᠠᠭᠤᠷᠢ ᠮᠥᠩᠭᠦ ᠳᠤ | ᠵᠣᠬᠢᠰᠲᠠᠶ ᠬᠡᠷᠡᠭᠯᠡᠨ᠎ᠡ᠃ | ᠬᠥᠲᠥᠯᠥᠭᠴᠢ᠄ | ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠮᠡᠭᠳᠡᠯ ᠤᠨ ᠬᠤᠷᠳᠤᠴᠠ | ᠤᠳᠠᠭᠠᠰᠢᠷᠠᠵᠤ᠂ ᠠᠵᠢᠯ ᠣᠯᠭᠤᠬᠤ ᠠᠳᠠᠯ ᠦᠢᠯᠡᠰ ᠴᠤᠭᠴᠠᠯᠠᠬᠤ ᠶᠢ ᠵᠣᠬᠢᠬᠤ ᠬᠡᠮᠵᠢᠶ᠎ᠡ ᠪᠠᠷ ᠨᠦᠯᠦᠭᠡᠯᠡᠪᠡ᠂ ︽ | ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠳᠤ ᠲᠣᠭᠲᠠᠭᠠᠭᠰᠠᠨ ᠬᠠᠷᠠᠯᠲᠠᠲᠤ ᠡᠭᠦᠷᠭᠡ ᠠᠴᠠ ᠦᠵᠡᠪᠡᠯ᠂ | ᠬᠤᠶᠢᠰᠢᠳᠠ ᠶᠢᠨ ᠠᠵᠢᠯ ᠤᠯᠭᠤᠬᠤ ᠠᠳᠠᠯ ᠦᠢᠯᠡᠰ ᠴᠣᠭᠴᠠᠯᠠᠬᠤ ᠡᠭᠦᠷᠭᠡ ᠨᠡᠯᠢᠶᠡᠳ ᠬᠠᠲᠠᠭᠤ ᠪᠡᠷᠬᠡ ᠪᠠᠶᠢᠨ᠎ᠠ᠂ | ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠲᠤᠯᠤᠭᠠᠶᠢᠯᠠᠭᠴᠢ ᠰᠠᠯᠠᠭ᠎ᠠ ᠮᠦᠴᠢᠷ | ᠪᠣᠯᠤᠭᠰᠠᠨ ᠤ ᠬᠤᠪᠢ ᠳᠤ᠂ ᠡᠯ᠎ᠡ ᠵᠦᠢᠯ ᠤᠨ ᠬᠠᠷᠠᠯᠲᠠᠲᠤ ᠡᠭᠦᠷᠭᠡ ᠶᠢᠨ ᠪᠡᠶᠡᠯᠡᠭᠳᠡᠯ ᠢ ᠦᠨᠡᠨ ᠬᠦ ᠪᠠᠲᠤᠯᠠᠬᠤ ᠶᠢᠨ | ᠲᠤᠯᠠᠳᠠ᠂ ᠲᠠᠷᠠᠭᠠᠴᠢ ᠶᠢᠨ ᠠᠯᠬᠤᠮ ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ︖ | ᠯᠢᠦ ᠬᠤᠤ ᠱᠧᠩ᠄ | ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠠᠵᠢᠯᠯᠠᠭ᠎ᠠ ᠶᠢ ᠦᠷᠨᠢᠬᠦᠯᠬᠦ ᠶᠠᠪᠤᠳᠠᠯ ᠨᠢ᠂ ᠦᠢ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠴᠠᠭ ᠦᠶ᠎ᠡ ᠶᠢᠨ | ᠱᠠᠭᠠᠷᠳᠠᠯᠭ᠎ᠠ ᠶᠢ ᠠᠬᠢᠭᠤᠯᠬᠤ ᠶᠠᠪᠤᠳᠠᠯ ᠳᠤ ᠨᠡᠶᠢᠴᠡᠬᠦᠯᠵᠤ᠂ ᠰᠢᠨ᠎ᠡ ᠬᠥᠳᠡᠯᠭᠡᠭᠴᠢ ᠴᠢᠳᠠᠪᠬᠢ ᠶᠢ ᠪᠤᠶᠢᠵᠢᠭᠤᠯᠬᠤ᠂ | ᠰᠢᠨ᠎ᠡ ᠶᠢ ᠡᠭᠦᠳᠬᠦ ᠳᠠᠯᠳᠠ ᠴᠢᠳᠠᠪᠤᠷᠢ ᠪᠤᠯᠤᠨ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ | ᠬᠦᠭᠵᠢᠬᠡᠬᠦ ᠪᠦᠲᠦᠮᠵᠢᠲᠡᠶ ᠠᠷᠭ᠎ᠠ ᠵᠠᠮ ᠪᠤᠯᠬᠤ ᠮᠦᠷᠲᠡᠭᠡᠨ ᠪᠠᠰᠠ ᠠᠵᠢᠯ ᠣᠯᠭᠤᠯᠲᠠ ᠶᠢᠨ ᠳᠠᠷᠤᠭᠠᠰᠤ ᠶᠢ | ᠨᠠᠮᠳᠠᠭᠤᠯᠬᠤ ᠴᠢᠬᠤᠯᠠ ᠭᠠᠷᠳᠠᠴᠠ ᠪᠤᠯᠤᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ | ᠠᠵᠢᠯᠯᠠᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠨᠠᠶᠢᠳᠠᠪᠤᠷᠢᠵᠢᠭᠤᠯᠬᠤ ᠠᠵᠢᠯ ᠢ ᠲᠠᠪᠤᠨ ᠲᠠᠯ᠎ᠠ ᠪᠠᠷ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠂ ᠨᠢᠭᠡ ᠳᠤ ᠠᠳᠠᠯ ᠦᠢᠯᠡᠰ ᠴᠤᠭᠴᠠᠯᠠᠬᠤ ᠶᠢ ᠲᠡᠳᠬᠦᠨ ᠳᠡᠮᠵᠢᠬᠦ | ᠲᠦᠷᠦ ᠶᠢᠨ ᠪᠤᠳᠤᠯᠭ᠎ᠠ ᠶᠢ ᠪᠦᠷᠢᠨᠰᠢᠬᠦᠯᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ | ᠴᠢᠩᠭᠠᠷᠠᠭᠤᠯᠤᠨ᠎ᠠ᠃ ᠬᠤᠶᠠᠷ ᠲᠤ ᠠᠳᠠᠯ ᠦᠢᠯᠡᠰ ᠴᠤᠭᠴᠠᠯᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ | ᠠᠳᠠᠯ ᠦᠢᠯᠡᠰ ᠴᠣᠭᠴᠠᠯᠠᠬᠤ ᠳᠤ ᠬᠦᠴᠦᠲᠡᠶ ᠲᠦᠰᠢᠭ ᠲᠤᠯᠭᠠᠭᠤᠷᠢ ᠤᠯᠭᠤᠨ᠎ᠠ᠃ ᠭᠤᠷᠪᠠ ᠳᠤ ᠮᠥᠩᠭᠦᠨ | ᠭᠦᠢᠯᠭᠡᠭᠡᠨ ᠢᠶᠠᠷ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠳᠠᠯ ᠦᠢᠯᠡᠰ | ᠴᠤᠭᠴᠠᠯᠠᠬᠤ ᠪᠡᠯᠡ ᠲᠣᠬᠢᠷᠠᠭᠤᠯᠬᠤ ᠳᠤ ᠬᠦᠴᠢᠷᠲᠡᠶ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠲᠦᠷᠪᠡ ᠳᠤ | ᠭᠤᠣᠯᠳᠠᠯᠭ᠎ᠠ ᠲᠠᠢ ᠪᠦᠯᠦᠭᠯᠡᠯ ᠤᠨ ᠠᠳᠠᠯ ᠦᠢᠯᠡᠰ ᠴᠤᠭᠴᠠᠯᠠᠬᠤ ᠶᠢ ᠲᠡᠳᠬᠦᠨ ᠳᠡᠮᠵᠢᠵᠤ᠂ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠎ᠠ᠃ ᠲᠠᠪᠤ ᠳᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠵᠤ᠂ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠬᠦ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | ᠬᠥᠲᠥᠯᠥᠭᠴᠢ᠄ | ᠯᠢᠦ ᠲᠢᠩᠬᠢᠮ ᠤᠨ ᠳᠠᠷᠤᠭ᠎ᠠ ᠶᠢᠨ ᠭᠤᠶᠢᠳᠠ ᠰᠠᠶᠢᠬᠠᠨ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ︕ | ᠰᠦᠯᠵᠢᠶᠡᠨ ᠠᠨᠳᠠ ᠨᠠᠷ ᠤᠨ ᠢᠳᠡᠪᠬᠢᠲᠡᠶ ᠤᠷᠤᠯᠴᠠᠭᠰᠠᠨ ᠳᠤ ᠲᠠᠯᠠᠷᠬᠠᠵᠤ ᠪᠠᠶᠢᠨ᠎ᠠ︕ ᠲᠣᠰ ᠬᠤᠭᠤᠴᠠᠭᠠᠨ ᠤ | ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠳᠠᠷᠠᠭᠠᠴᠢ ᠶᠢᠨ ᠬᠤᠭᠤᠴᠠᠭᠠᠨ ᠳᠤ ᠪᠠᠶᠠᠷᠲᠠᠶ ᠵᠤᠯᠭᠠᠶ᠎ᠠ︕ |