ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 81 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/12/19
     12 ᠳ᠋ᠤᠭᠠᠷ ᠰᠠᠷ᠎ᠠ ᠶᠢᠨ 17᠎ ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ︽2016 ᠣᠨ ᠤ ᠪᠦᠬᠦ ᠤᠷᠤᠨ ᠤ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠪᠡ 2017 ᠣᠨ ᠤ ᠠᠵᠤ ᠠᠬᠤᠢ ᠶᠢᠨ ᠠᠵᠢᠯ ᠤᠨ ᠳᠤᠬᠢᠷᠠᠭᠤᠯᠤᠯᠳᠠ︾ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠯᠦ ᠬᠦᠳᠡᠯᠬᠦ ᠬᠦᠷᠦᠩᠬᠡ ᠶᠢᠨ ᠳᠠᠩᠰᠠᠯᠠᠯᠳᠠ ᠳᠤ ᠬᠡᠷᠡᠭᠵᠢᠬᠦᠯᠬᠦ ᠠᠷᠭ᠎ᠠ︾ ᠪᠤᠯᠤᠨ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠳᠠᠯ᠎ᠠ ᠪᠠᠷ ᠶᠠᠳᠠᠭᠤ ᠶᠢ ᠳᠡᠳᠬᠦᠨ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠬᠡᠷᠡᠭᠵᠢᠬᠦᠯᠬᠦ ᠳᠦᠰᠦᠯ ︵2016 — 2020 ᠣᠨ︶︾ ᠵᠡᠷᠬᠡ ᠶᠡᠪᠤᠳᠠᠯ ᠤᠳ ᠢ ᠰᠤᠳᠤᠯᠪᠠ᠃      ᠬᠤᠷᠠᠯ ᠠᠴᠠ᠂ ᠡᠨᠡ ᠵᠢᠯ ᠪᠦᠬᠦ ᠤᠷᠤᠨ ᠤ ᠠᠵᠤ ᠠᠬᠤᠢ ᠳᠤᠬᠳᠠᠭᠤᠨ ᠪᠦᠬᠡᠳ ᠡᠷᠡᠬᠦᠯ ᠢᠶᠠᠷ ᠬᠦᠭᠵᠢᠬᠦ ᠬᠠᠨᠳᠤᠰᠢ ᠪᠠᠶᠢᠳᠠᠯ ᠢᠶᠠᠨ ᠪᠠᠳᠤᠯᠠᠵᠦ᠂ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠠᠯᠬᠤᠴᠠ ᠳᠦᠷᠬᠡᠳᠴᠤ᠂ ᠠᠵᠤ ᠠᠬᠤᠢ ᠶᠢᠨ ᠨᠡᠮᠡᠭᠳᠡᠯ ᠤᠨ ᠶᠠᠰᠤ ᠴᠢᠨᠠᠷ ᠳᠡᠬᠡᠭᠰᠢᠯᠡᠵᠦ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠢᠳᠡᠪᠬᠢᠳᠡᠢ ᠠᠬᠢᠵᠦ᠂ ᠠᠷᠠᠳ ᠤᠨ ᠠᠮᠢᠳᠤᠷᠠᠯ ᠦᠷᠬᠦᠯᠵᠢᠯᠡᠨ ᠰᠠᠶᠢᠵᠢᠷᠠᠵᠦ᠂ ᠦᠬᠡᠷᠡᠴᠢᠯᠡᠯᠳᠡ ᠨᠡᠬᠡᠬᠡᠯᠳᠡ ᠬᠦᠨᠵᠡᠬᠡᠢ ᠠᠬᠢᠵᠦ᠂ ︽13·5︾᠎ ᠶᠢᠨ ᠳᠦᠯᠦᠪᠵᠢᠬᠦᠯᠬᠡ ᠶᠢ ᠪᠠᠶᠠᠯᠠᠬᠦᠯᠬᠦ ᠠᠵᠢᠯ ᠢ ᠰᠠᠶᠢᠨ ᠰᠠᠶᠢᠬᠠᠨ ᠢᠶᠠᠷ ᠡᠬᠢᠯᠡᠬᠦᠯᠵᠡᠢ᠃ ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠳᠤ ᠡᠷᠬᠡᠪᠰᠢ ᠳᠦᠪ ᠤᠨ ᠠᠵᠤ ᠠᠬᠤᠢ ᠶᠢᠨ ᠠᠵᠢᠯ ᠤᠨ ᠬᠤᠷᠠᠯ ᠪᠤᠯᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠳᠤᠬᠳᠠᠭᠤᠨ ᠪᠠᠶᠢᠯᠭᠠᠬᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠠ ᠠᠰᠢᠬ ᠢ ᠳᠡᠬᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠦ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠰᠢᠵᠢᠮ ᠪᠤᠯᠭᠠᠵᠦ᠂ ᠠᠵᠤ ᠠᠬᠤᠢ ᠶᠢᠨ ᠳᠤᠬᠳᠠᠭᠤᠨ ᠪᠦᠬᠡᠳ ᠡᠷᠡᠬᠦᠯ ᠬᠦᠭᠵᠢᠯᠳᠡ ᠶᠢ ᠦᠷᠬᠦᠯᠵᠢᠯᠡᠨ ᠪᠠᠳᠤᠯᠠᠬᠤ ᠬᠡᠷᠡᠭᠳᠡᠢ ᠬᠡᠵᠦ ᠦᠵᠡᠪᠡ᠃      ᠬᠤᠷᠠᠯ ᠠᠴᠠ᠂ ᠦᠯᠦ ᠭᠦᠳᠡᠯᠭᠦ ᠭᠦᠷᠦᠩᠭᠡ ᠶᠢᠨ ᠨᠢᠭᠡᠳᠦᠯᠳᠡᠢ ᠪᠦᠷᠢᠳᠭᠡᠭᠦ ᠲᠦᠷᠢᠮ ᠢ ᠭᠡᠷᠡᠭᠵᠢᠭᠦᠯᠭᠦ ᠨᠢ ᠠᠷᠠᠳ ᠤᠯᠠᠨ ᠤ ᠬᠠᠤᠯᠢ ᠶᠤᠰᠤᠨ ᠤ ᠡᠳ᠋ ᠭᠦᠷᠦᠩᠭᠡ ᠶᠢᠨ ᠡᠷᠭᠡ ᠠᠰᠢᠭ ᠢ ᠬᠠᠮᠠᠭᠠᠯᠠᠬᠤ ᠳᠤ ᠠᠰᠢᠬᠲᠠᠢ᠂ ᠦᠯᠦ ᠭᠦᠳᠡᠯᠭᠦ ᠭᠦᠷᠦᠩᠭᠡ ᠶᠢᠨ ᠠᠷᠠᠯᠵᠢᠶᠠᠯᠠᠬᠤ ᠠᠵᠢᠯᠯᠠᠭ᠎ᠠ ᠶᠢ ᠲᠦᠷᠢᠮᠵᠢᠭᠦᠯᠵᠤ᠂ ᠵᠠᠬ᠎ᠠ ᠲᠡᠯᠭᠡᠭᠦᠷ ᠤᠨ ᠠᠮᠢᠵᠢᠷᠡᠯ ᠤᠨ ᠭᠦᠴᠤᠨ ᠢ ᠭᠦᠭᠵᠢᠭᠡᠵᠤ᠂ ᠨᠡᠶᠢᠭᠡᠮ ᠤᠨ ᠲᠤᠬᠳᠠᠭᠤᠨ ᠢ ᠰᠠᠬᠢᠨ ᠬᠠᠮᠠᠭᠠᠯᠠᠬᠤ ᠭᠡᠷᠡᠭᠲᠠᠢ᠃ ᠡᠯ᠎ᠡ ᠭᠠᠵᠠᠷ ᠤᠷᠤᠨ ᠪᠡ ᠬᠠᠮᠢᠶ᠎ᠡ ᠪᠦᠭᠦᠢ ᠰᠠᠯᠠᠭ᠎ᠠ ᠮᠦᠴᠢᠷ ᠠᠴᠠ ᠦᠯᠦ ᠭᠦᠳᠡᠯᠭᠦ ᠭᠦᠷᠦᠩᠭᠡ ᠶᠢ ᠪᠦᠷᠢᠳᠭᠡᠭᠦ ᠬᠠᠮᠢᠶ᠎ᠡ ᠪᠦᠭᠦᠢ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠪᠠᠷ ᠰᠤᠳᠤᠯᠵᠤ᠂ ᠬᠠᠤᠯᠢ ᠶᠤᠰᠤ ᠪᠠᠷ ᠪᠦᠷᠢᠳᠭᠡᠭᠦ᠂ ᠲᠤᠭᠳᠠᠭᠤᠨ ᠲᠠᠷᠠᠭᠠᠯᠠᠨ᠂ ᠤᠯᠠᠨ ᠲᠦᠮᠡᠨ ᠳᠤ ᠲᠦᠭᠦᠮ ᠦᠵᠡᠭᠦᠯᠭᠦ ᠵᠠᠷᠴᠢᠮ ᠢ ᠪᠠᠷᠢᠮᠳᠠᠯᠠᠵᠤ᠂ ᠠᠵᠢᠯ ᠤᠨ ᠲᠡᠰ ᠲᠠᠷᠠᠭᠠᠯᠠᠯ ᠪᠡ ᠮᠡᠷᠭᠡᠵᠢᠯ ᠤᠨ ᠲᠦᠰᠦᠯ ᠢ ᠪᠠᠶᠢᠭᠤᠯᠤᠨ ᠲᠡᠭᠦᠯᠳᠡᠷᠵᠢᠭᠦᠯᠵᠤ᠂ ᠦᠯᠦ ᠭᠦᠳᠡᠯᠭᠦ ᠭᠦᠷᠦᠩᠭᠡ ᠶᠢ ᠪᠦᠷᠢᠳᠭᠡᠭᠦ ᠪᠦᠭᠦ ᠲᠠᠯ᠎ᠡ ᠶᠢᠨ ᠤᠨᠤᠪᠴᠢᠲᠠᠢ ᠪᠠᠶᠢᠬᠤ ᠶᠢ ᠪᠠᠳᠤᠯᠠᠵᠤ᠂ ᠤᠯᠠᠨ ᠲᠦᠮᠡᠨ ᠤ ᠬᠠᠤᠯᠢ ᠶᠤᠰᠤᠨ ᠤ ᠡᠷᠭᠡ ᠠᠰᠢᠭ ᠢ ᠦᠨᠡᠨ ᠭᠦ ᠰᠠᠬᠢᠨ ᠬᠠᠮᠠᠭᠠᠯᠠᠬᠤ ᠭᠡᠷᠡᠭᠲᠠᠢ ᠭᠡᠵᠤ ᠵᠢᠭᠠᠵᠤ ᠭᠠᠷᠭᠠᠪᠡ᠃      ᠬᠤᠷᠠᠯ ᠠᠴᠠ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠳᠤᠭᠡᠨ ᠪᠠᠶᠢᠭᠤᠯᠤᠯᠳᠡ ᠶᠢ ᠴᠢᠩᠭᠠᠳᠬᠠᠵᠤ᠂ ᠶᠠᠳᠠᠭᠤ ᠭᠦᠴᠢᠷᠳᠡᠯᠳᠡᠢ ᠭᠠᠵᠠᠷ ᠤᠷᠤᠨ ᠤ ᠭᠦᠭᠵᠢᠯᠳᠡ ᠶᠢᠨ ᠨᠦᠭᠦᠴᠡᠯ ᠢ ᠰᠠᠶᠢᠵᠢᠷᠠᠭᠤᠯᠬᠤ᠂ ᠪᠡᠶ᠎ᠡ ᠪᠠᠨ ᠲᠠᠭᠠᠭᠠᠵᠤ ᠭᠦᠭᠵᠢᠭᠦ ᠴᠢᠳᠠᠪᠦᠷᠢ ᠶᠢ ᠴᠢᠩᠭᠠᠳᠬᠠᠬᠤ ᠳᠤ ᠲᠦᠢᠯ ᠤᠨ ᠴᠢᠬᠤᠯᠡ ᠦᠢᠯᠡᠳᠦᠯ ᠲᠠᠢ᠃ ᠡᠯ᠎ᠡ ᠭᠠᠵᠠᠷ ᠤᠷᠤᠨ ᠪᠡ ᠬᠠᠮᠢᠶ᠎ᠡ ᠪᠦᠭᠦᠢ ᠰᠠᠯᠠᠭ᠎ᠠ ᠮᠦᠴᠢᠷ ᠠᠴᠠ ᠲᠦᠷᠭᠡᠳᠭᠡᠨ ᠵᠤᠬᠢᠶᠡᠨ ᠪᠠᠶᠢᠭᠤᠯᠤᠨ ᠭᠡᠷᠡᠭᠵᠢᠭᠦᠯᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠷᠭᠡᠳᠭᠡᠨ ᠪᠦᠳᠤᠭᠡᠨ ᠪᠠᠶᠢᠭᠤᠯᠵᠤ᠂ ᠰᠢᠨ᠎ᠡ ᠪᠠᠷ ᠪᠠᠶᠢᠭᠤᠯᠤᠬᠰᠡᠨ ᠲᠦᠷᠦᠯ ᠵᠦᠢᠯ ᠢ ᠡᠷᠳᠡᠭᠡᠨ ᠡᠬᠢᠯᠡᠭᠦ ᠶᠢ ᠠᠬᠢᠭᠤᠯᠬᠤ ᠭᠡᠷᠡᠭᠲᠠᠢ᠃ ᠡᠳ᠋ ᠤᠨ ᠵᠠᠰᠠᠭ ᠤᠨ ᠪᠡᠯᠡ ᠮᠦᠩᠭᠦ ᠶᠢᠨ ᠭᠦᠳᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠭᠦᠷᠦᠩᠭᠡ ᠶᠢ ᠲᠠᠶᠢᠴᠢᠯᠠᠵᠤ ᠢᠳᠡᠪᠬᠢᠲᠠᠢ ᠪᠠᠷ ᠤᠷᠤᠯᠴᠠᠵᠤ᠂ ᠶᠠᠳᠠᠭᠤ ᠭᠦᠴᠢᠷᠳᠡᠯᠳᠡᠢ ᠭᠠᠵᠠᠷ ᠤᠷᠤᠨ ᠤ ᠵᠠᠮ ᠬᠠᠷᠢᠯᠴᠠᠭᠠᠨ ᠤ ᠪᠤᠭᠤᠮᠢ ᠶᠢ ᠡᠷᠴᠢᠮᠳᠠᠢ ᠪᠠᠷ ᠠᠷᠢᠯᠭᠠᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠡ ᠪᠠᠷ ᠪᠡᠶᠡᠯᠡᠭᠦᠯᠭᠦ ᠳᠤ ᠭᠦᠴᠤᠲᠠᠢ ᠲᠡᠮᠵᠢᠯᠭᠡ ᠬᠠᠩᠭᠠᠬᠤ ᠭᠡᠷᠡᠭᠲᠠᠢ ᠭᠡᠵᠤ ᠴᠢᠬᠤᠯᠠᠴᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号