2016 ᠤᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠢᠨ᠎ᠡ ᠵᠠᠭᠤᠴᠢᠯᠠᠭᠤᠷ ᠤᠨ ᠶᠡᠭᠡ ᠬᠤᠷᠠᠯ ᠦᠨᠦᠳᠦᠷ ᠬᠤᠷᠠᠯᠳᠤᠪᠠ
ᠨᠡᠶᠢᠲᠡᠯᠡᠭᠰᠡᠨ ᠴᠠᠭ᠄
2016/12/19
     12 ᠳ᠋ᠤᠭᠠᠷ ᠰᠠᠷ᠎ᠠ ᠶᠢᠨ 16᠎ ᠤ ᠡᠳᠦᠷ 2016 ᠤᠨ ᠤ ᠪᠦᠬᠦ ᠤᠷᠤᠨ ᠤ ᠰᠢᠨ᠎ᠡ ᠵᠠᠭᠤᠴᠢᠯᠠᠭᠤᠷ ᠤᠨ ᠶᠡᠭᠡ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠨᠢ ᠤᠯᠠᠮᠵᠢᠯᠠᠯᠳᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠤᠨ ᠠᠭᠤᠰᠤᠯᠴᠠᠯ ᠬᠦᠭᠵᠢᠯᠳᠡ ᠶᠢ ᠲᠦᠯᠬᠢᠨ ᠠᠭᠢᠭᠤᠯᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠪᠠ ᠵᠠᠭᠤᠴᠢᠯᠠᠭᠤᠷ ᠤᠨ ᠵᠢᠷᠬᠢᠶ᠎ᠡ ᠰᠢᠯᠵᠢᠶ᠎ᠠ ᠶᠢᠨ ᠨᠦᠯᠦᠭᠡᠯᠡᠬᠦ ᠬᠦᠴᠦᠨ ᠢ ᠳᠡᠭᠡᠭᠰᠢᠯᠡᠬᠦᠯᠬᠦ ᠪᠠᠷ ᠵᠤᠷᠢᠯᠭ᠎ᠠ ᠪᠤᠯᠭᠠᠨ᠂ ︽ᠡᠭᠦᠳᠦᠯᠳᠡ᠂ ᠬᠦᠭᠵᠢᠯᠳᠡ᠂ ᠳᠠᠪᠠᠯᠳᠠ︾᠎ ᠪᠠᠷ ᠭᠤᠤᠯ ᠰᠡᠳᠦᠪ ᠪᠤᠯᠭᠠᠵᠠᠢ᠃ ᠲᠤᠰ ᠤᠳᠠᠭᠠᠨ ᠤ ᠬᠤᠷᠠᠯ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ᠵᠢᠭᠠᠨ ᠵᠢᠯᠤᠭᠤᠳᠴᠤ᠂ ᠦᠪᠡᠷᠳᠡᠭᠡᠨ ᠵᠠᠰᠠᠬᠤ ᠤᠷᠤᠨ ᠤ ᠢᠨᠲ᠋ᠧᠷ ᠰᠦᠯᠵᠢᠶᠡᠨ ᠤ ᠮᠡᠳᠡᠭᠡ ᠵᠠᠩᠬᠢ ᠶᠢᠨ ᠠᠯᠪᠠᠨ ᠭᠡᠷ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ ᠭᠤᠤᠯᠯᠠᠨ ᠡᠷᠬᠢᠯᠡᠪᠠ᠃      ᠬᠤᠷᠠᠯ ᠳᠡᠭᠡᠷ᠎ᠡ ᠦᠪᠡᠷᠳᠡᠭᠡᠨ ᠵᠠᠰᠠᠬᠤ ᠤᠷᠤᠨ ᠤ ᠰᠢᠨ᠎ᠡ ᠵᠠᠭᠤᠴᠢᠯᠠᠭᠤᠷ ᠵᠢᠷᠬᠢᠶ᠎ᠠ᠂ ᠪᠢᠴᠢᠯ ᠪᠦᠷᠭᠡ᠂ ᠰᠢᠯᠵᠢᠶ᠎ᠡ ᠶᠢᠨ ᠬᠦᠭᠵᠢᠯᠳᠡ ᠶᠢ ᠵᠠᠳᠠᠯᠤᠨ ᠰᠤᠳᠤᠯᠵᠤ᠂ 2016 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠮᠤᠭ ᠤᠨ ᠶᠡᠭᠡ ᠨᠦᠯᠦᠭᠡᠯᠡᠬᠦ ᠬᠦᠴᠦᠨ ᠪᠦᠬᠦᠢ ᠵᠠᠭᠤᠴᠢᠯᠠᠭᠤᠷ ᠪᠤᠯᠬᠤ ᠦᠪᠦᠷ ᠮᠤᠩᠭᠤᠯ ᠤᠨ ᠡᠳᠦᠷ ᠤᠨ ᠰᠤᠨᠢᠨ ᠵᠡᠷᠭᠡ 5 ᠪᠢᠴᠢᠯ ᠪᠦᠷᠭᠡ᠂ 2016 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠮᠤᠭ ᠤᠨ ᠶᠡᠭᠡ ᠨᠦᠯᠦᠭᠡᠯᠡᠬᠦ ᠬᠦᠴᠦᠨ ᠪᠦᠬᠦᠢ ᠵᠠᠭᠤᠴᠢᠯᠠᠭᠤᠷ ︽ᠬᠤᠳᠠ ᠶᠢᠨ ᠪᠦᠬᠦ ᠮᠡᠳᠡᠷᠡᠭᠦᠢ︾ ᠵᠢᠷᠬᠢᠶ᠎ᠡ ᠵᠡᠷᠭᠡ 6 ᠵᠢᠷᠬᠢᠶ᠎ᠡ᠂ ᠦᠪᠦᠷ ᠮᠤᠩᠭᠤᠯ ᠰᠢᠯᠵᠢᠶ᠎ᠡ ᠵᠡᠷᠭᠡ 9 ᠰᠢᠯᠵᠢᠶ᠎ᠡ᠂ ᠵᠠᠰᠠᠭ ᠤᠨ ᠶᠠᠪᠤᠳᠠᠯ ᠤᠨ ᠰᠢᠯᠵᠢᠶ᠎ᠡ 11᠂ ᠵᠠᠰᠠᠭ ᠤᠨ ᠶᠠᠪᠤᠳᠠᠯ ᠤᠨ ᠪᠢᠴᠢᠯ ᠪᠦᠷᠭᠡ 25᠂ ᠵᠠᠰᠠᠭ ᠤᠨ ᠶᠡᠪᠤᠳᠠᠯ ᠢᠶᠠᠷ ᠵᠢᠷᠬᠢᠶ᠎ᠡ 24 ᠵᠡᠷᠭᠡ 80 ᠬᠠᠮᠤᠭ ᠶᠡᠭᠡ ᠨᠦᠯᠦᠭᠡᠯᠡᠬᠦ ᠬᠦᠴᠦᠨ ᠪᠦᠬᠦᠢ ᠵᠠᠭᠤᠴᠢᠯᠠᠭᠤᠷ ᠢ ᠰᠤᠩᠭᠤᠨ ᠰᠢᠯᠭᠠᠷᠠᠭᠤᠯᠵᠤ ᠱᠠᠩᠨᠠᠨ ᠬᠦᠬᠢᠭᠦᠯᠵᠠᠢ᠃      ᠲᠤᠰ ᠤᠳᠠᠭ᠎ᠠ ᠶᠢᠨ ᠬᠤᠷᠠᠯ ᠳᠡᠭᠡᠷ᠎ᠡ ᠪᠠᠰᠠ ︽ᠦᠪᠦᠷ ᠮᠤᠩᠭᠤᠯ ᠤᠨ ᠵᠢᠷᠬᠢᠶ᠎ᠡ ᠶᠢᠨ ᠳᠠᠪᠴᠠᠩ ᠤᠨ ᠬᠤᠯᠪᠤᠭ᠎ᠠ︾ ᠵᠢᠩᠬᠢᠨᠢ ᠪᠠᠷ ᠪᠠᠶᠢᠭᠤᠯᠤᠭᠳᠠᠭᠰᠠᠨ ᠢ ᠵᠠᠷᠯᠠᠪᠠ᠃ ᠲᠤᠰ ᠬᠤᠯᠪᠤᠭ᠎ᠠ ᠨᠢ ᠵᠢᠷᠬᠢᠶ᠎ᠡ ᠶᠢᠨ ᠨᠦᠯᠦᠭᠡᠯᠡᠬᠦ ᠬᠦᠴᠦᠨ ᠤᠯᠠᠮ ᠠᠴᠠ ᠤᠯᠠᠮ ᠦᠷᠭᠡᠳᠴᠦ ᠪᠠᠶᠢᠭ᠎ᠠ ᠦᠨᠦᠳᠦᠷ ᠬᠠᠮᠳᠤᠪᠠᠷ ᠪᠤᠯᠪᠠᠰᠤᠨ ᠡᠮᠬᠢ ᠲᠢᠭᠯᠢᠮ ᠲᠠᠢ᠂ ᠤᠶᠤᠨᠴᠢ ᠡᠶᠡᠯᠰᠡᠭ ᠰᠦᠯᠵᠢᠶᠠᠨ ᠤ ᠠᠮᠢ ᠠᠬᠤᠢ ᠶᠢᠨ ᠤᠷᠴᠢᠨ ᠲᠤᠭᠤᠷᠢᠨ ᠢ ᠴᠤᠭᠴᠠᠯᠠᠵᠤ᠂ ᠡᠷᠡᠭᠦᠯ ᠰᠠᠷᠠᠭᠤᠯ᠂ ᠰᠠᠶᠢᠨ ᠰᠠᠶᠢᠬᠠᠨ᠂ ᠡᠮᠬᠢ ᠲᠢᠭᠯᠢᠮ ᠲᠠᠢ ᠬᠦᠭᠵᠢᠯᠳᠡ ᠪᠠᠷ ᠵᠤᠷᠢᠯᠳᠠ ᠪᠤᠯᠭᠠᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠰᠤᠷᠳᠠᠯᠴᠢᠯᠠᠬᠤ ᠪᠤᠯᠤᠨ ᠰᠠᠨᠠᠭᠠᠴᠢᠯᠠᠭ᠎ᠠ ᠠᠴᠠ ᠪᠠᠨ ᠰᠦᠯᠵᠢᠶᠡᠨ ᠳᠡᠭᠡᠷ᠎ᠡ ᠢᠳᠡᠪᠬᠢ ᠬᠦᠴᠦᠨ ᠳᠠᠮᠵᠢᠭᠤᠯᠬᠤ ᠪᠠᠷ ᠡᠭᠦᠷᠭᠡ ᠬᠠᠷᠢᠭᠤᠴᠠᠯᠭ᠎ᠠ ᠪᠠᠨ ᠪᠤᠯᠭᠠᠬᠰᠠᠨ ᠪᠠᠶᠢᠨ᠎ᠠ᠃      ᠰᠢᠨ᠎ᠡ ᠵᠠᠭᠤᠴᠢᠯᠠᠭᠤᠷ ᠤᠨ ᠬᠦᠭᠵᠢᠯᠳᠡ ᠶᠢᠨ ᠡᠷᠳᠡᠮᠳᠡᠨ ᠰᠤᠳᠤᠯᠭᠠᠳᠠᠨ᠂ ᠨᠦᠯᠦᠭᠡ ᠶᠡᠭᠡᠳᠡᠢ ᠰᠢᠨ᠎ᠡ ᠵᠠᠭᠤᠴᠢᠯᠠᠭᠤᠷ ᠤᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠤ᠂ ᠰᠢᠨ᠎ᠡ ᠵᠠᠭᠤᠴᠢᠯᠠᠭᠤᠷ ᠤᠨ ᠢᠳᠡᠭᠡᠬᠦᠯᠬᠦ ᠬᠦᠴᠦᠨ ᠢ ᠳᠡᠭᠡᠭᠰᠢᠯᠡᠭᠦᠯᠵᠤ᠂ ᠢᠳᠡᠪᠬᠢ ᠬᠦᠴᠦᠨ ᠢ ᠨᠡᠩ ᠰᠠᠶᠢᠳᠤᠷ ᠳᠠᠮᠵᠢᠭᠤᠯᠬᠤ ᠲᠤᠬᠠᠢ ᠤᠯᠤᠯᠳᠠ ᠦᠵᠡᠯᠳᠡ ᠪᠠᠨ ᠶᠠᠷᠢᠯᠴᠠᠵᠤ ᠦᠢᠯᠡᠳᠦᠯᠬᠡ ᠲᠤᠷᠰᠢᠯᠭ᠎ᠠ ᠪᠠᠨ ᠬᠤᠪᠢᠶᠠᠯᠴᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号