ᠥᠪᠥᠷ ᠮᠣᠩᠭᠤᠯ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠲᠣᠷᠭᠠᠭᠤᠯᠢ ᠶᠢᠨ ᠮᠥᠩᠭᠦ ᠶᠢ ᠮᠤᠵᠢ ᠠᠯᠤᠰᠯᠠᠨ ᠣᠨᠳᠣᠣ ᠭᠠᠵᠠᠷ ᠲᠤ ᠲᠤᠰᠢᠶᠠᠵᠤ ᠪᠣᠯᠬᠤ ᠪᠣᠯᠭᠠᠪᠠ
ᠨᠡᠶᠢᠲᠡᠯᠡᠭᠰᠡᠨ ᠴᠠᠭ᠄
2016/12/19
 ᠡᠳ᠋ ᠤᠨ ᠵᠠᠰᠠᠭ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ︽ᠮᠤᠵᠢ ᠠᠯᠤᠰᠯᠠᠨ ᠣᠨᠳᠣᠣ ᠭᠠᠵᠠᠷ ᠲᠤ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠲᠣᠷᠭᠠᠭᠤᠯᠢ ᠶᠢᠨ ᠮᠥᠩᠭᠦ ᠶᠢ ᠲᠤᠰᠢᠶᠠᠬᠤ ᠠᠵᠢᠯ ᠢ ᠪᠦᠬᠦ ᠲᠠᠯ᠎ᠠ ᠪᠠᠷ ᠬᠢᠬᠦ ᠲᠣᠬᠠᠢ ᠮᠡᠳᠡᠭᠳᠡᠯ︾ ︵ᠡᠳ᠋ ᠬᠥᠮᠥᠷᠭᠡ ﹇2016﹈ 174 ᠳ᠋ᠦ᠋ᠭᠡᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ 2016 ᠣᠨ ᠤ 12 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ ᠮᠤᠵᠢ ᠠᠯᠤᠰᠯᠠᠨ ᠣᠨᠳᠣᠣ ᠭᠠᠵᠠᠷ ᠲᠤ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠲᠣᠷᠭᠠᠭᠤᠯᠢ ᠶᠢᠨ ᠮᠥᠩᠭᠦ ᠶᠢ ᠲᠤᠰᠢᠶᠠᠬᠤ ᠠᠵᠢᠯ ᠢ ᠵᠢᠩᠬᠢᠨᠢ ᠪᠠᠷ ᠬᠡᠷᠡᠭᠵᠢᠭᠦᠯᠦᠭᠰᠡᠨ ᠪᠠᠶᠢᠨ᠎ᠠ᠃ 12 ᠳ᠋ᠤᠭᠠᠷ ᠰᠠᠷ᠎ᠠ ᠶᠢᠨ 6᠎ ᠤ ᠡᠳᠦᠷ ᠪᠣᠯᠲᠠᠯ᠎ᠠ᠂ ᠭᠠᠳᠠᠷ ᠮᠤᠵᠢ ᠶᠢᠨ ᠮᠠᠰᠢᠨ ᠲᠡᠷᠭᠡ ᠥᠪᠥᠷ ᠮᠣᠩᠭᠤᠯ ᠳᠤ ᠳᠦᠷᠢᠮ ᠠᠴᠠ ᠵᠦᠷᠢᠴᠡᠭᠰᠡᠨ 564 ᠤᠳᠠᠭᠠᠨ ᠤ 67884 ᠲᠥᠭᠦᠷᠢᠭ ᠤᠨ ᠲᠣᠷᠭᠠᠭᠤᠯᠢ ᠶᠢᠨ ᠮᠥᠩᠭᠦ ᠶᠢ ᠮᠤᠵᠢ ᠠᠯᠤᠰᠯᠠᠨ ᠲᠤᠰᠢᠶᠠᠬᠤ ᠶᠢ ᠪᠡᠶᠡᠯᠡᠭᠦᠯᠪᠡ᠃  ᠣᠶᠢᠯᠠᠭᠠᠭᠰᠠᠨ ᠢᠶᠠᠷ᠂ ᠣᠳᠣᠬᠠᠨ ᠳᠤ᠂ ᠭᠠᠳᠠᠷ ᠮᠤᠵᠢ ᠶᠢᠨ ᠮᠠᠰᠢᠨ ᠲᠡᠷᠭᠡᠨ ᠤ ᠵᠢᠯᠣᠭᠤᠴᠢ ᠥᠪᠥᠷ ᠮᠣᠩᠭᠤᠯ ᠤᠨ ᠬᠡᠪᠴᠢᠶᠡᠨ ᠳᠤ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠶᠠᠪᠤᠳᠠᠯ ᠢ ᠵᠠᠮ ᠬᠠᠷᠢᠯᠴᠠᠭᠠᠨ ᠤ ᠴᠠᠭᠳᠠᠭ᠎ᠠ ᠣᠯᠵᠤ ᠮᠡᠳᠡᠭᠡᠳ ᠲᠤᠬᠠᠶ ᠶᠢᠨ ᠭᠠᠵᠠᠷ ᠲᠤᠨᠢ ᠵᠣᠭᠤᠰ ᠢᠶᠠᠷ ᠲᠤᠷᠭᠠᠬᠤ ᠳᠤ᠂ ᠲᠣᠷᠭᠠᠭᠳᠠᠭᠰᠠᠨ ᠬᠥᠮᠦᠨ ᠪᠤᠶᠤ ᠲᠡᠭᠦᠨ ᠤ ᠨᠠᠶᠢᠳᠠᠭᠰᠠᠨ ᠣᠷᠣᠯᠠᠭᠴᠢ ︵ᠳᠣᠷᠣᠭᠰᠢ ᠵᠣᠭᠤᠰ ᠲᠤᠰᠢᠶᠠᠭᠴᠢ ᠭᠡᠵᠦ ᠳᠥᠭᠦᠮᠴᠢᠯᠡᠨ᠎ᠡ︶᠎ ᠨᠢ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠠᠯᠢ ᠨᠢᠭᠡᠨ ᠣᠷᠣᠨ ᠨᠤᠲᠤᠭ ᠤᠨ ᠡᠵᠡᠩᠨᠡᠯᠲᠡ ᠶᠢᠨ ᠲᠣᠣᠷ  ᠴᠢᠭ᠋ ᠲᠤ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠲᠣᠷᠭᠠᠭᠤᠯᠢ ᠶᠢᠨ ᠮᠥᠩᠭᠦ ᠶᠢ ᠲᠤᠰᠢᠶᠠᠵᠤ ᠪᠣᠯᠣᠨ᠎ᠠ᠂ ᠪᠠᠰᠠ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠰᠦᠯᠵᠢᠶᠡᠨ ᠪᠠᠩᠬᠢ᠂ ᠭᠠᠷ ᠤᠲᠠᠰᠤᠨ ᠪᠠᠩᠬᠢ᠂ ᠥᠪᠡᠰᠦᠪᠡᠨ ᠦᠢᠯᠡᠴᠢᠯᠡᠬᠦ ᠦᠵᠦᠭᠦᠷ ᠵᠡᠷᠭᠡ ᠪᠠᠷ ᠳᠠᠮᠵᠢᠭᠤᠯᠤᠨ ᠲᠣᠷᠭᠠᠭᠤᠯᠢ ᠶᠢᠨ ᠮᠥᠩᠭᠦ ᠪᠠᠨ ᠲᠤᠰᠢᠶᠠᠵᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号