ᠥᠪᠥᠷ ᠮᠣᠩᠭᠤᠯ᠄ ︽13 · 5︾᠎ ᠶᠢᠨ ᠬᠤᠭᠤᠴᠠᠭᠠᠨ ᠳᠤ 65 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠴᠤ ᠠᠵᠢᠯ ᠣᠯᠭᠤᠵᠤ ᠠᠳᠠᠯ ᠦᠢᠯᠡᠰ ᠴᠣᠭᠴᠠᠯᠠᠭᠤᠯᠤᠨ᠎ᠠ
ᠨᠡᠶᠢᠲᠡᠯᠡᠭᠰᠡᠨ ᠴᠠᠭ᠄
2016/12/19
     ︽13 · 5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠶᠤᠲᠠᠳ ᠤᠨ ᠠᠵᠢᠯ ᠣᠯᠭᠤᠯᠲᠠ ᠶᠢ ᠠᠬᠢᠭᠤᠯᠬᠤ ᠪᠠ ᠠᠳᠠᠯ ᠦᠢᠯᠡᠰ ᠴᠣᠭᠴᠠᠯᠠᠬᠤ ᠶᠢ ᠬᠥᠲᠥᠯᠥᠨ ᠳᠠᠭᠠᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ 65 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠴᠤ ᠠᠵᠢᠯ ᠣᠯᠭᠤᠵᠤ ᠠᠳᠠᠯ ᠦᠢᠯᠡᠰ ᠴᠣᠭᠴᠠᠯᠠᠭᠤᠯᠤᠨ᠎ᠠ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠠᠪᠤᠳᠠᠯ ᠢ ᠠᠵᠢᠯ ᠣᠯᠭᠤᠬᠤ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ ︽ᠭᠤᠷᠪᠠ ᠶᠢ ᠳᠡᠮᠵᠢᠵᠤ ᠨᠢᠭᠡ ᠶᠢ ᠲᠡᠳᠬᠦᠬᠦ︾᠂ ︽ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠎ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ︾ ᠵᠡᠷᠭᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠬᠤᠳᠠ ᠬᠥᠳᠡᠭᠡ ᠶᠢᠨ ᠦᠨᠳᠦᠰᠦᠨ ᠱᠠᠳᠤ ᠪᠣᠯᠤᠨ ᠳᠤᠮᠳᠠ ᠵᠢᠵᠢᠭ ᠠᠵᠤ ᠠᠬᠤᠶᠢᠯᠠᠯ ᠳᠤ ᠣᠴᠢᠭᠤᠯᠵᠤ ᠠᠵᠢᠯ ᠣᠯᠭᠤᠨ᠎ᠠ᠃ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠤᠶᠤᠲᠠᠳ ᠤᠨ ᠦᠨᠡᠨ ᠨᠡᠷ᠎ᠡ ᠶᠢᠨ ᠳᠦᠷᠢᠮᠲᠦ ᠳ᠋ᠠᠶᠢᠲ᠋ᠠ ᠬᠥᠮᠥᠷᠭᠡ ᠶᠢ ᠪᠦᠷᠢᠨᠰᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠪᠣᠯᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠲᠠᠢ ᠨᠡᠶᠢᠴᠡᠬᠦ‍ ᠨᠢᠭᠡ ᠪᠦᠯᠦᠭ ᠳᠠᠳᠤᠯᠭ᠎ᠠ ᠶᠢᠨ ᠰᠠᠭᠤᠷᠢᠨ ᠭᠠᠵᠠᠷ ᠢ ᠪᠠᠶᠢᠭᠤᠯᠵᠤ᠂ ᠳᠠᠳᠤᠯᠭ᠎ᠠ ᠬᠢᠬᠦ ᠳᠤᠷ᠎ᠠ ᠬᠦᠰᠠᠯ ᠲᠠᠢ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠨᠢᠭᠡᠪᠦᠷᠢ ᠳᠤ ᠴᠥᠮ ᠳᠠᠳᠤᠯᠭ᠎ᠠ ᠬᠢᠬᠦ ᠲᠣᠬᠢᠶᠠᠯ ᠣᠯᠭᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠳᠠᠯ ᠦᠢᠯᠡᠰ ᠴᠣᠭᠴᠠᠯᠠᠬᠤ ᠬᠦᠰᠡᠯ ᠪᠠ ᠴᠢᠳᠠᠪᠤᠷᠢ ᠲᠠᠢ ᠨᠡᠩ ᠤᠯᠠᠨ ᠤᠶᠤᠲᠠᠳ ᠤᠨ ᠠᠳᠠᠯ ᠦᠢᠯᠡᠰ ᠴᠣᠭᠴᠠᠯᠠᠬᠤ ᠳᠤᠨᠢ ᠬᠠᠪᠰᠤᠷᠤᠯᠭ᠎ᠠ ᠦᠵᠡᠭᠦᠯᠵᠦ᠂ ᠠᠳᠠᠯ ᠦᠢᠯᠡᠰ ᠴᠣᠭᠴᠠᠯᠠᠬᠤ ᠶᠢ ᠨᠢ ᠵᠢᠭᠠᠨ ᠵᠢᠯᠤᠭᠤᠳᠬᠤ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠬᠦ ᠪᠠ ᠮᠥᠷᠳᠡᠨ ᠦᠢᠯᠡᠴᠢᠯᠡᠬᠦ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ᠂ ᠮᠡᠳᠡᠭᠡ ᠵᠠᠩᠭᠢ ᠶᠢᠨ ᠦᠢᠯᠡᠴᠢᠯᠡᠭᠡ ᠣᠯᠭᠤᠬᠤ᠂ ᠲᠥᠷᠥᠯ ᠵᠦᠢᠯ ᠤᠨ ᠨᠡᠭᠡᠭᠡᠯᠲᠡ ᠬᠢᠬᠦ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠠᠵᠢᠯ ᠡᠬᠢᠯᠡᠭᠦᠯᠬᠦ ᠶᠢ ᠨᠢ ᠵᠢᠭᠠᠨ ᠵᠢᠯᠤᠭᠤᠳᠬᠤ᠂ ᠪᠡᠯᠡ ᠳᠤᠬᠢᠷᠠᠭᠤᠯᠭ᠎ᠠ ᠶᠢᠨ ᠦᠢᠯᠡᠴᠢᠯᠡᠭᠡ ᠣᠯᠭᠤᠬᠤ᠂ ᠮᠥᠷᠳᠡᠨ ᠲᠠᠭᠠᠵᠤ ᠲᠡᠳᠬᠦᠬᠦ ᠵᠡᠷᠭᠡ ᠠᠳᠠᠯ ᠦᠢᠯᠡᠰ ᠴᠣᠭᠴᠠᠯᠠᠬᠤ ︽ᠬᠡᠯᠬᠢᠶ᠎ᠡ︾ ᠦᠢᠯᠡᠴᠢᠯᠡᠭᠡ ᠬᠠᠩᠭᠠᠵᠤ᠂ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠠᠷᠭ᠎ᠠ ᠬᠡᠯᠪᠡᠷᠢ ᠪᠠᠷ ᠳᠠᠮᠵᠢᠭᠤᠯᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠨᠢᠭᠡ ᠪᠦᠯᠦᠭ ᠨᠡᠷᠡᠲᠦ ᠲᠡᠮᠲᠡᠭ ᠢ ᠪᠤᠢ ᠪᠤᠯᠭᠠᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠪᠠᠰᠠ ᠲᠤᠬᠠᠶ ᠶᠢᠨ ᠲᠠᠯᠠᠪᠤᠷ ᠤᠨ ᠤᠷᠢᠵᠤ ᠡᠯᠰᠡᠬᠦ ᠡᠭᠦᠯᠡᠨ ᠦᠢᠯᠡᠴᠢᠯᠡᠭᠡᠨ ᠤ ᠲᠠᠪᠴᠠᠩ ᠢ ᠲᠦᠷᠭᠡᠪᠴᠢᠯᠡᠨ ᠪᠠᠶᠢᠭᠤᠯᠵᠤ᠂ ︽ᠢᠨᠲ᠋ᠧᠷ ᠰᠦᠯᠵᠢᠶ᠎ᠡ + ᠠᠵᠢᠯ ᠣᠯᠭᠤᠬᠤ ᠦᠢᠯᠡᠴᠢᠯᠡᠭᠡ︾᠎ ᠶᠢᠨ ᠰᠢᠨ᠎ᠡ ᠬᠡᠪ ᠵᠠᠭᠪᠤᠷ ᠢ ᠠᠰᠢᠭᠯᠠᠨ ᠲᠤᠬᠠᠶ ᠶᠢᠨ ᠲᠠᠯᠠᠪᠤᠷ ᠲᠤ ᠵᠥᠪᠯᠡᠨ ᠶᠠᠷᠢᠯᠴᠠᠬᠤ ᠶᠢ ᠰᠦᠯᠵᠢᠶᠡᠨ ᠳᠡᠭᠡᠷ᠎ᠡ ᠬᠠᠷᠢᠯᠴᠠᠨ ᠦᠢᠯᠡᠳᠦᠯᠴᠡᠬᠦ ᠲᠠᠢ ᠤᠶᠠᠯᠳᠤᠭᠤᠯᠤᠭᠰᠠᠨ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠰᠦᠯᠵᠢᠶ᠎ᠡ ᠪᠠᠷ ᠲᠠᠮᠵᠢᠨ ᠠᠵᠢᠯ ᠡᠷᠢᠬᠦ ᠬᠡᠳᠦ ᠳᠡᠯᠭᠡᠭᠦᠷ᠂ ᠴᠢᠳᠠᠪᠤᠷᠢᠲᠠᠨ ᠤ E ᠦᠷᠳᠡᠭᠡ᠂ ᠭᠠᠷ ᠢᠶᠠᠷ ᠰᠢᠯᠵᠢᠭᠦᠯᠬᠦ ᠦᠵᠦᠭᠦᠷ ᠵᠡᠷᠭᠡ ᠶᠢ ᠭᠦᠢᠴᠡᠳ ᠠᠰᠢᠭᠯᠡᠨ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠵᠠᠬ᠎ᠠ ᠳᠡᠯᠭᠡᠭᠦᠷ ᠢᠶᠠᠷ ᠴᠢᠳᠠᠪᠤᠷᠢᠲᠠᠨ ᠤ ᠡᠬᠢ ᠪᠠᠶᠠᠯᠢᠭ ᠢ ᠲᠣᠬᠢᠷᠠᠭᠤᠯᠬᠤ ᠭᠤᠣᠯ ᠠᠷᠭ᠎ᠠ ᠵᠠᠮ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号