| | ᠥᠪᠥᠷ ᠵᠠᠰᠠᠭ ᠠᠯᠪᠠᠨ ᠥᠰᠥᠭ ﹇2016﹈ 105 ᠳ᠋ᠤᠭᠠᠷ ᠲᠤᠭᠠᠳᠤ | 6 ᠳ᠋ᠤᠭᠠᠷ ᠰᠠᠷ᠎ᠠ ᠶᠢᠨ 12 ᠤᠨ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠤᠨ ᠲᠦᠰᠦᠯ︾ ᠢ | ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠢ᠃ | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠤᠨ ᠲᠦᠰᠦᠯ | | | ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ | ᠡᠮᠬᠢᠯᠡᠨ ᠨᠡᠶᠢᠯᠡᠭᠦᠯᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇ | 2016﹈ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠠᠬᠢᠭᠤᠯᠵᠤ᠂ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠷᠬᠡ ᠠᠰᠢᠭ ᠢ ᠡᠷᠬᠡ ᠲᠡᠭᠰᠢ ᠪᠠᠷ ᠡᠳ᠋ᠯᠡᠬᠦ ᠶᠢ | ᠪᠡᠶᠡᠯᠡᠭᠦᠯᠦᠨ᠂ ᠨᠡᠶᠢᠭᠡᠮ ᠤᠨ ᠲᠥᠪ ᠭᠤᠣᠯᠴᠢ ᠰᠢᠳᠤᠷᠭᠤ ᠪᠠᠶᠢᠬᠤ ᠶᠢ ᠠᠬᠢᠭᠤᠯᠵᠤ᠂ ᠡᠮᠴᠢᠯᠡᠭᠡ ᠶᠢᠨ | ᠳᠠᠭᠠᠳᠬᠠᠯ ᠤᠨ ᠠᠵᠢᠯ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠦᠪᠡᠷᠲᠡᠭᠡᠨ | ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠡᠳᠦᠭᠡ ᠲᠤᠰ ᠲᠦᠰᠦᠯ ᠢ ᠲᠣᠭᠲᠠᠭᠠᠪᠠ᠃ | ᠨᠢᠭᠡ᠂ ᠬᠠᠷᠠᠯᠲᠠ ᠶᠢᠨ ᠡᠭᠦᠷᠭᠡ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠦᠷᠢᠮ ᠤᠨ | ᠬᠠᠮᠤᠷᠬᠤ ᠬᠡᠪᠴᠢᠶ᠎ᠡ᠂ ᠪᠡᠯᠡ ᠬᠤᠷᠠᠮᠳᠤᠭᠤᠯᠬᠤ ᠲᠥᠷᠥ ᠶᠢᠨ ᠪᠣᠳᠣᠯᠭ᠎ᠠ᠂ ᠪᠠᠲᠤᠯᠠᠭ᠎ᠠ ᠶᠢᠨ ᠣᠯᠭᠤᠮᠵᠢ᠂ | ᠡᠮᠴᠢᠯᠡᠭᠡ ᠶᠢᠨ ᠳᠠᠭᠠᠳᠬᠠᠯ ᠤᠨ ᠭᠠᠷᠴᠠᠭ᠂ ᠲᠣᠭᠲᠠᠭᠰᠠᠨ ᠴᠢᠬ ᠤᠨ ᠬᠠᠮᠢᠶᠠᠷᠤᠯᠲᠠ᠂ ᠰᠠᠭᠤᠷᠢ ᠮᠦᠩᠭᠦ ᠶᠢᠨ | ᠬᠠᠮᠢᠶᠠᠷᠤᠯᠲᠠ ᠭᠡᠬᠦ ︽ᠵᠢᠷᠭᠤᠭ᠎ᠠ ᠶᠢ ᠨᠢᠭᠡᠳᠭᠡᠬᠦ︾ ᠶᠢ ᠪᠡᠶᠡᠯᠡᠭᠦᠯᠵᠦ᠂ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠰᠠᠯᠠᠭ᠎ᠠ ᠮᠦᠴᠢᠷ ᠠᠴᠠ ᠡᠭᠦᠷᠭᠡᠯᠡᠵᠦ ᠪᠦᠬᠦᠢ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ | ᠬᠤᠷᠰᠢᠭᠰᠠᠨ ᠡᠮᠴᠢᠯᠡᠭᠡ ︵ᠳᠣᠷᠤᠭᠰᠢ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠭᠡᠵᠦ | ᠲᠣᠪᠴᠢᠯᠠᠨ᠎ᠠ︶ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠵᠢᠴᠢ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠠᠴᠠ ᠡᠭᠦᠷᠭᠡᠯᠡᠵᠦ ᠪᠦᠬᠦᠢ ᠬᠤᠲᠠ ᠪᠠᠯᠭᠠᠰᠤ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ︵ᠳᠣᠷᠤᠭᠰᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠡᠮᠴᠢᠯᠡᠭᠡ ᠶᠢᠨ ᠳᠠᠭᠠᠳᠬᠠᠯ ᠭᠡᠵᠦ ᠲᠣᠪᠴᠢᠯᠠᠨ᠎ᠠ︶ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠨᠡᠶᠢᠯᠡᠭᠦᠯᠦᠨ᠂ | ᠦᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ︵ᠳᠣᠷᠤᠭᠰᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠭᠡᠵᠦ | ᠲᠣᠪᠴᠢᠯᠠᠨ᠎ᠠ︶ ᠤᠨ ᠳᠦᠷᠢᠮ ᠢ ᠪᠠᠶᠢᠭᠤᠯᠵᠤ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠦᠴᠢᠷ ᠠᠴᠠ ᠨᠢᠭᠡᠲᠦᠯᠲᠡᠢ ᠡᠭᠦᠷᠭᠡᠯᠡᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠨᠢᠭᠡᠲᠦᠯᠲᠡᠢ ᠲᠦᠯᠦᠪᠯᠡᠨ ᠲᠦᠯᠦᠪᠵᠢᠭᠦᠯᠵᠦ᠂ ᠵᠣᠬᠢᠴᠠᠭᠤᠯᠤᠨ ᠬᠥᠭᠵᠢᠭᠦᠯᠦᠨ᠎ᠡ᠃ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ | ᠨᠡᠶᠢᠯᠡᠭᠦᠯᠬᠦ ᠠᠵᠢᠯ ᠢ ᠪᠦᠬᠦ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠢᠰᠲ᠋ᠧᠮᠵᠢ ᠶᠢᠨ ᠬᠥᠭᠵᠢᠯᠲᠡ ᠪᠠ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠦᠬᠦ ᠪᠠᠶᠢᠳᠠᠯ ᠳᠤ | ᠣᠷᠤᠭᠤᠯᠵᠤ᠂ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠵᠦᠢ ᠵᠣᠬᠢᠰᠲᠠᠢ ᠲᠦᠯᠦᠪᠵᠢᠭᠦᠯᠦᠨ᠂ ᠡᠮᠴᠢᠯᠡᠭᠡ᠂ | ᠡᠮᠴᠢᠯᠡᠭᠡ ᠶᠢᠨ ᠳᠠᠭᠠᠳᠬᠠᠯ᠂ ᠡᠮ ᠡᠮᠨᠡᠯᠭᠡ ᠭᠤᠷᠪᠠ ᠶᠢᠨ ᠬᠠᠮᠲᠤᠷᠠᠨ ᠬᠦᠳᠡᠯᠦᠯᠴᠡᠬᠦ ᠶᠢ ᠳᠤᠪᠤᠶᠢᠯᠭᠠᠨ᠂ | ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠣᠨᠴᠤᠭᠤᠢ ᠬᠦᠨᠳᠦ ᠡᠪᠡᠳᠴᠢᠨ ᠢ | ᠡᠮᠴᠢᠯᠡᠵᠦ ᠠᠪᠤᠷᠠᠨ ᠲᠤᠰᠠᠯᠠᠬᠤ᠂ ᠡᠪᠡᠳᠴᠢᠨ ᠤ ᠪᠠᠴᠢᠮ ᠪᠠᠶᠢᠳᠠᠯ ᠢ ᠠᠪᠤᠷᠠᠨ ᠲᠤᠰᠠᠯᠠᠬᠤ᠂ ᠬᠤᠳᠠᠯᠳᠤᠭᠠᠨ ᠤ | ᠡᠷᠡᠭᠦᠯ ᠮᠡᠨᠳᠦ ᠶᠢᠨ ᠳᠠᠭᠠᠳᠬᠠᠯ ᠵᠡᠷᠭᠡ ᠶᠢ ᠵᠤᠯᠭᠠᠯᠳᠤᠭᠤᠯᠬᠤ ᠶᠢ ᠴᠢᠩᠭᠠᠳᠬᠠᠵᠤ᠂ ᠳᠦᠷᠢᠮ ᠤᠨ ᠰᠢᠰᠲ᠋ᠧᠮᠲᠦ | ᠴᠢᠨᠠᠷ᠂ ᠪᠦᠬᠦᠯᠢ ᠴᠣᠭᠴᠠᠲᠤ ᠴᠢᠨᠠᠷ ᠪᠠ ᠬᠠᠮᠵᠢᠯᠴᠠᠬᠤ ᠴᠢᠨᠠᠷ ᠢ ᠴᠢᠩᠭᠠᠷᠠᠭᠤᠯᠬᠤ ᠬᠡᠷᠡᠭᠲᠡᠢ᠃ | ︵ᠬᠤᠶᠠᠷ︶ ᠦᠨᠳᠦᠰᠦᠨ ᠪᠠᠶᠢᠳᠠᠯ ᠳᠤ ᠰᠠᠭᠤᠷᠢᠯᠠᠵᠤ᠂ ᠲᠥᠪ ᠭᠤᠣᠯᠴᠢ ᠪᠠᠶᠢᠬᠤ ᠶᠢ ᠪᠠᠲᠤᠯᠠᠨ᠎ᠠ᠃ | ᠪᠦᠷᠢᠨ ᠪᠦᠷᠭᠦᠭᠦᠯᠬᠦ᠂ ᠦᠨᠳᠦᠰᠦᠨ ᠪᠠᠶᠢᠳᠠᠯ ᠢ ᠪᠠᠲᠤᠯᠠᠬᠤ᠂ ᠣᠯᠠᠨ ᠱᠠᠳᠤ ᠳᠠᠪᠬᠤᠷᠭ᠎ᠠ ᠲᠠᠢ᠂ | ᠦᠷᠭᠦᠯᠵᠢᠯᠡᠭᠦᠯᠬᠦ ᠴᠢᠭᠯᠡᠯᠲᠡ ᠶᠢ ᠪᠠᠷᠢᠮᠲᠠᠯᠠᠵᠤ᠂ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠳᠠᠷᠤᠭᠠᠰᠤ ᠪᠠ ᠰᠠᠭᠤᠷᠢ | ᠮᠦᠩᠭᠦ ᠶᠢᠨ ᠳᠠᠭᠠᠭᠠᠬᠤ ᠴᠢᠳᠠᠪᠤᠷᠢ ᠳᠤ ᠰᠠᠭᠤᠷᠢᠯᠠᠨ᠂ ᠬᠤᠲᠠ ᠬᠦᠳᠡᠭᠡ ᠶᠢᠨ ᠵᠦᠷᠢᠶ᠎ᠡ ᠪᠠ ᠭᠠᠵᠠᠷ ᠣᠷᠣᠨ ᠤ | ᠢᠯᠭᠠᠭ᠎ᠠ ᠶᠢ ᠭᠦᠢᠴᠡᠳ ᠪᠣᠳᠤᠯᠬᠢᠯᠬᠤ ᠶᠢᠨ ᠬᠠᠮᠲᠤ ᠠᠯᠬᠤᠮ ᠠᠯᠬᠤᠮ ᠢᠶᠠᠷ ᠪᠠᠭᠠᠰᠬᠠᠵᠤ᠂ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠣᠯᠭᠤᠮᠵᠢ ᠶᠢ ᠲᠥᠪ ᠭᠤᠣᠯᠴᠢ ᠪᠠᠷ | ᠡᠳ᠋ᠯᠡᠬᠦ ᠶᠢ ᠪᠠᠲᠤᠯᠠᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ | ᠳᠦᠷᠢᠮ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠲᠣᠬᠠᠢ ᠶᠢᠨ ᠭᠠᠵᠠᠷ ᠣᠷᠣᠨ ᠤ ᠪᠤᠳᠠᠳᠤ ᠪᠠᠶᠢᠳᠠᠯ ᠳᠠᠭᠠᠨ ᠲᠣᠬᠢᠷᠠᠭᠤᠯᠤᠨ᠂ ᠡᠮᠬᠢ | ᠵᠢᠷᠤᠮ ᠲᠠᠢ ᠡᠮᠬᠢᠯᠡᠨ ᠨᠡᠶᠢᠯᠡᠭᠦᠯᠦᠨ᠎ᠡ᠃ | ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠬᠦ᠂ ᠪᠠᠶᠢᠭᠤᠯᠤᠯ ᠢ ᠰᠢᠯᠤᠭᠤᠳᠬᠠᠬᠤ᠂ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ᠂ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠬᠦ ᠴᠤᠪᠤᠷᠠᠯ ᠶᠤᠰᠤᠭᠠᠷ ᠪᠦᠬᠦ ᠣᠷᠣᠨ ᠤ | ᠬᠡᠪᠴᠢᠶᠡᠨ ᠳᠤ ᠪᠦᠬᠦᠯᠢ ᠴᠣᠭᠴᠠ ᠪᠠᠷ ᠠᠬᠢᠭᠤᠯᠬᠤ ᠬᠡᠷᠡᠭᠲᠡᠢ᠃ ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠦᠭᠰᠡᠨ ᠤ | ᠳᠠᠷᠠᠭ᠎ᠠ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠪᠠ ᠬᠦᠳᠡᠭᠡ ᠲᠤᠰᠬᠤᠨ ᠤ | ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢ ᠨᠢᠭᠡᠲᠦᠯᠲᠡᠢ ᠬᠠᠮᠢᠶᠠᠷᠴᠤ᠂ ᠨᠢᠭᠡᠲᠦᠯᠲᠡᠢ ᠠᠵᠢᠯᠯᠠᠭᠤᠯᠤᠨ᠂ | ᠨᠢᠭᠡᠲᠦᠯᠲᠡᠢ ᠲᠣᠭᠠᠴᠠᠭ᠎ᠠ ᠬᠢᠵᠦ᠂ ᠵᠠᠷᠴᠢᠮ ᠳᠡᠭᠡᠷ᠎ᠡ ᠪᠠᠨ ᠠᠶᠢᠮᠠᠭ ᠬᠤᠲᠠ ᠶᠢᠨ ᠱᠠᠲᠤ ᠠᠴᠠ ᠨᠢᠭᠡᠲᠦᠯᠲᠡᠢ | ᠲᠦᠯᠦᠪᠯᠡᠬᠦ ᠶᠢ ᠬᠡᠷᠡᠭᠵᠢᠭᠦᠯᠦᠨ᠎ᠡ᠃ ᠡᠮᠬᠢᠯᠡᠨ ᠨᠡᠶᠢᠯᠡᠭᠦᠯᠬᠦ ᠶᠢᠨ ᠡᠮᠦᠨ᠎ᠡ ᠬᠤᠶᠢᠨᠠᠬᠢ ᠶᠢ ᠵᠤᠯᠭᠠᠯᠳᠤᠭᠤᠯᠬᠤ ᠶᠢ | ᠴᠢᠩᠭᠠᠳᠬᠠᠵᠤ᠂ ᠠᠵᠢᠯ ᠤᠨ ᠣᠷᠤᠭᠰᠢᠲᠠᠢ ᠵᠠᠯᠭᠠᠬᠤ᠂ ᠡᠮᠬᠢ ᠵᠢᠷᠤᠮ ᠲᠠᠢ ᠰᠢᠯᠵᠢᠬᠦ ᠶᠢ ᠦᠨᠡᠨᠬᠦ ᠪᠠᠲᠤᠯᠠᠬᠤ | ᠬᠡᠷᠡᠭᠲᠡᠢ︔ ᠣᠯᠠᠨ ᠲᠦᠮᠡᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ | ᠳᠠᠭᠠᠳᠬᠠᠯ ᠤᠨ ᠣᠯᠭᠤᠮᠵᠢ ᠶᠢ ᠨᠦᠯᠦᠭᠡᠯᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠣᠯᠠᠨ ᠲᠦᠮᠡᠨ ᠤ | ᠨᠡᠩ ᠢᠯᠡᠭᠦᠦ ᠬᠦᠷᠲᠡᠵᠦ ᠣᠯᠬᠤ ᠰᠡᠳᠬᠢᠯᠭᠡ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠰᠠᠭᠤᠷᠢ | ᠮᠦᠩᠭᠦ ᠶᠢᠨ ᠠᠮᠦᠷ ᠲᠥᠪᠰᠢᠨ ᠪᠠ ᠳᠦᠷᠢᠮ ᠤᠨ ᠠᠵᠢᠯᠯᠠᠭᠠᠨ ᠤ ᠲᠣᠭᠲᠠᠪᠤᠷᠢᠲᠠᠢ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠢ᠃ | ︵ᠳᠥᠷᠪᠡ︶ ᠲᠣᠭᠲᠠᠴᠠ ᠳᠤ ᠰᠢᠨ᠎ᠡ ᠶᠢ ᠡᠭᠦᠳᠴᠦ᠂ ᠦᠷ᠎ᠡ ᠴᠢᠳᠠᠮᠵᠢ ᠶᠢ ᠳᠡᠭᠡᠭᠰᠢᠯᠡᠭᠦᠯᠦᠨ᠎ᠡ᠃ | ᠬᠠᠮᠢᠶᠠᠷᠴᠤ ᠭᠦᠢᠴᠡᠳᠭᠡᠬᠦ ᠶᠢ ᠰᠠᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠬᠠᠮᠢᠶᠠᠷᠴᠤ ᠠᠵᠢᠯᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠣᠭᠤᠰ ᠥᠭᠬᠦ ᠠᠷᠭ᠎ᠠ | ᠮᠠᠶ᠋ᠢᠭ ᠤᠨ ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠦᠩᠭᠦ ᠶᠢ | ᠬᠡᠷᠡᠭᠯᠡᠬᠦ ᠠᠰᠢᠭᠯᠠᠮᠵᠢ ᠪᠠ ᠭᠠᠷᠳᠠᠨ ᠭᠦᠢᠴᠡᠳᠭᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ | ᠨᠡᠶᠢᠭᠡᠮ ᠤᠨ ᠬᠦᠴᠦᠨ ᠢ ᠳᠠᠶᠢᠴᠢᠯᠠᠨ ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠦᠢᠯᠡᠴᠢᠯᠡᠭᠡ ᠳᠤ | ᠣᠷᠤᠯᠴᠠᠭᠤᠯᠬᠤ ᠬᠡᠷᠡᠭᠲᠡᠢ᠃ | ᠭᠤᠷᠪᠠ᠂ ᠡᠮᠬᠢᠯᠡᠨ ᠨᠡᠶᠢᠯᠡᠭᠦᠯᠬᠦ ᠠᠭᠤᠯᠭ᠎ᠠ | ︽ᠵᠢᠷᠭᠤᠭ᠎ᠠ ᠶᠢ ᠨᠢᠭᠡᠳᠭᠡᠬᠦ︾ ᠱᠠᠭᠠᠷᠳᠠᠯᠭ᠎ᠠ ᠶᠤᠰᠤᠭᠠᠷ᠂ ᠮᠠᠨ ᠤ ᠣᠷᠣᠨ ᠤ ᠪᠣᠲᠠᠲᠠᠢ ᠲᠠᠢ | ᠤᠶᠠᠯᠳᠤᠭᠤᠯᠤᠨ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠤᠨ ᠬᠦᠳᠡᠭᠡ ᠲᠤᠰᠬᠤᠨ ᠤ | ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠬᠤᠯᠪᠣᠭᠳᠠᠯ ᠪᠦᠬᠦᠢ ᠪᠠᠶᠢᠭᠤᠯᠤᠮᠵᠢ᠂ ᠡᠭᠦᠷᠭᠡ ᠴᠢᠳᠠᠪᠤᠷᠢ᠂ | ᠣᠷᠣᠨ ᠲᠤᠭ᠎ᠠ᠂ ᠠᠵᠢᠯᠲᠠᠨ᠂ ᠬᠦᠷᠦᠩᠭᠡ ᠪᠠ ᠵᠠᠷᠤᠳᠠᠯ ᠢ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠦᠴᠢᠷ ᠲᠤ ᠪᠦᠬᠦᠯᠢ ᠴᠣᠭᠴᠠ ᠪᠠᠷ ᠬᠤᠪᠢᠶᠠᠷᠢᠯᠠᠨ ᠣᠷᠤᠭᠤᠯᠵᠤ᠂ ᠨᠢᠭᠡᠲᠦᠯᠲᠡᠢ | ᠬᠠᠮᠢᠶᠠᠷᠤᠯᠲᠠ ᠶᠢ ᠬᠡᠷᠡᠭᠵᠢᠭᠦᠯᠦᠨ᠂ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠡᠩ ᠲᠥᠪ | ᠭᠤᠣᠯᠴᠢ᠂ ᠦᠷᠭᠦᠯᠵᠢᠯᠡᠨ ᠬᠥᠭᠵᠢᠬᠦ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ | ᠳᠠᠭᠠᠳᠬᠠᠯ ᠤᠨ ᠳᠦᠷᠢᠮ ᠢ ᠪᠠᠶᠢᠭᠤᠯᠬᠤ ᠬᠡᠷᠡᠭᠲᠡᠢ᠃ | ︵ᠨᠢᠭᠡ︶ ᠬᠠᠮᠤᠷᠬᠤ ᠬᠡᠪᠴᠢᠶ᠎ᠡ ᠶᠢ ᠨᠢᠭᠡᠳᠭᠡᠨ᠎ᠡ᠃ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠤᠨ ᠬᠠᠮᠤᠷᠬᠤ | ᠬᠡᠪᠴᠢᠶ᠎ᠡ ᠳᠤ ᠣᠳᠣ ᠶᠢᠨ ᠪᠠᠶᠢᠭ᠎ᠠ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ | ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠳᠠᠭᠠᠳᠬᠠᠯ ︵ᠬᠤᠷᠰᠢᠭᠰᠠᠨ ᠡᠮᠴᠢᠯᠡᠭᠡ︶ | ᠳᠤ ᠣᠷᠤᠯᠴᠠᠪᠠᠰᠤ ᠵᠣᠬᠢᠬᠤ ᠠᠯᠢᠪᠠ ᠬᠦᠮᠦᠰ ᠪᠠᠭᠲᠠᠨ᠎ᠠ᠂ ᠳᠠᠷᠤᠢ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡ ᠶᠢᠨ ᠳᠠᠭᠠᠳᠬᠠᠯ ᠳᠤ ᠣᠷᠤᠯᠴᠠᠪᠠᠰᠤ ᠵᠣᠬᠢᠬᠤ ᠬᠦᠮᠦᠰ ᠠᠴᠠ ᠭᠠᠳᠠᠨᠠᠬᠢ ᠪᠤᠰᠤᠳ ᠠᠯᠢᠪᠠ ᠬᠤᠲᠠ | ᠬᠦᠳᠡᠭᠡ ᠶᠢᠨ ᠰᠠᠭᠤᠭᠠᠯᠢ ᠠᠷᠠᠳ ᠢ ᠬᠠᠮᠤᠷᠤᠨ᠎ᠠ᠃ ᠪᠦᠬᠦ ᠠᠷᠠᠳ ᠤᠨ ᠳᠠᠭᠠᠳᠬᠠᠯ ᠳᠤ ᠣᠷᠤᠯᠴᠠᠬᠤ ᠶᠢ ᠲᠡᠮᠲᠡᠭᠯᠡᠬᠦ | ᠲᠦᠯᠦᠪᠯᠡᠭᠡ ᠶᠢ ᠪᠦᠬᠦ ᠲᠠᠯ᠎ᠠ ᠪᠠᠷ ᠠᠬᠢᠭᠤᠯᠵᠤ᠂ ᠣᠣᠯ ᠤᠨ ᠡᠷᠦᠬᠡ ᠪᠠᠷ ᠨᠢᠭᠡᠴᠢ ᠪᠣᠯᠭᠠᠨ ᠳᠠᠭᠠᠳᠬᠠᠯ ᠳᠤ | ᠣᠷᠤᠯᠴᠠᠬᠤ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠬᠦᠮᠦᠨ ᠢᠶᠠᠷ ᠨᠢᠭᠡᠴᠢ ᠪᠣᠯᠭᠠᠨ ᠳᠠᠭᠠᠳᠬᠠᠯ ᠳᠤ ᠣᠷᠤᠯᠴᠠᠬᠤ | ᠠᠷᠭ᠎ᠠ ᠮᠠᠶ᠋ᠢᠭ ᠪᠣᠯᠭᠠᠨ ᠦᠭᠡᠷᠡᠴᠢᠯᠡᠵᠦ᠂ ᠳᠠᠭᠠᠳᠬᠠᠯ ᠳᠤ ᠣᠷᠤᠯᠴᠠᠪᠠᠰᠤ ᠵᠣᠬᠢᠬᠤ ᠶᠢ ᠨᠢ ᠪᠦᠭᠦᠳᠡ ᠶᠢ | ᠣᠷᠤᠯᠴᠠᠭᠤᠯᠬᠤ ᠶᠢ ᠠᠬᠢᠭᠤᠯᠤᠨ᠂ ᠳᠠᠬᠢᠨ ᠳᠠᠪᠳᠠᠨ ᠳᠠᠭᠠᠳᠬᠠᠯ ᠳᠤ ᠣᠷᠤᠯᠴᠠᠬᠤ ᠠᠴᠠ ᠵᠠᠶᠢᠯᠠᠰᠬᠢᠬᠦ ᠬᠡᠷᠡᠭᠲᠡᠢ᠃ | ︵ᠬᠤᠶᠠᠷ︶ ᠪᠡᠯᠡ ᠬᠤᠷᠠᠮᠳᠤᠭᠤᠯᠬᠤ ᠲᠥᠷᠥ ᠶᠢᠨ ᠪᠣᠳᠣᠯᠭ᠎ᠠ ᠶᠢ ᠨᠢᠭᠡᠳᠭᠡᠨ᠎ᠡ᠃ | ᠪᠦᠬᠦ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠪᠡᠯᠡ | ᠬᠤᠷᠠᠮᠳᠤᠭᠤᠯᠬᠤ ᠲᠥᠷᠥ ᠶᠢᠨ ᠪᠣᠳᠣᠯᠭ᠎ᠠ ᠪᠠ ᠡᠳ᠋ ᠤᠨ ᠵᠠᠰᠠᠭ ᠤᠨ ᠨᠦᠬᠦᠪᠦᠷᠢ ᠥᠭᠬᠦ ᠪᠠᠷᠢᠮᠵᠢᠶ᠎ᠠ ᠶᠢ ᠨᠢᠭᠡᠳᠭᠡᠬᠦ | ᠬᠡᠷᠡᠭᠲᠡᠢ᠃ ᠬᠤᠪᠢ ᠬᠦᠮᠦᠨ ᠠᠴᠠ ᠵᠠᠷᠤᠳᠠᠯ ᠲᠤᠰᠢᠶᠠᠬᠤ ᠪᠠ ᠵᠠᠰᠠᠭ ᠤᠨ ᠣᠷᠳᠣᠨ ᠠᠴᠠ ᠨᠦᠬᠦᠪᠦᠷᠢᠯᠡᠬᠦ ᠶᠢ | ᠬᠠᠷᠢᠯᠴᠠᠨ ᠤᠶᠠᠯᠳᠤᠭᠤᠯᠬᠤ ᠪᠠᠷ ᠭᠤᠣᠯ ᠪᠣᠯᠭᠠᠭᠰᠠᠨ᠂ ᠬᠠᠮᠲᠤ ᠨᠡᠶᠢᠲᠡ᠂ ᠨᠢᠭᠡᠴᠡ ᠪᠣᠶᠣ ᠨᠡᠶᠢᠭᠡᠮ ᠤᠨ ᠪᠤᠰᠤᠳ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠲᠡᠳᠭᠦᠮᠵᠢ ᠣᠯᠭᠤᠬᠤ ᠪᠣᠶᠣ ᠪᠡᠯᠡ ᠮᠦᠩᠭᠦ ᠪᠠᠷ ᠲᠤᠰᠠᠯᠠᠬᠤ | ᠪᠡᠯᠡ ᠬᠤᠷᠠᠮᠳᠤᠭᠤᠯᠬᠤ ᠠᠷᠭ᠎ᠠ ᠮᠠᠶ᠋ᠢᠭ ᠢ ᠦᠷᠭᠦᠯᠵᠢᠯᠡᠨ ᠬᠡᠷᠡᠭᠵᠢᠭᠦᠯᠵᠦ᠂ ᠡᠭᠦᠨ ᠳᠤ ᠡᠳ᠋ ᠤᠨ ᠵᠠᠰᠠᠭ ᠤᠨ | ᠨᠦᠬᠦᠪᠦᠷᠢ ᠥᠭᠬᠦ ᠪᠠᠷᠢᠮᠵᠢᠶ᠎ᠠ ᠶᠢ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠠᠷᠢᠶ᠎ᠠ ᠭᠠᠵᠠᠷ ᠤᠨ ᠬᠤᠯᠪᠣᠭᠳᠠᠯ | ᠪᠦᠬᠦᠢ ᠲᠣᠭᠲᠠᠭᠠᠯ ᠶᠤᠰᠤᠭᠠᠷ ᠬᠡᠷᠡᠭᠵᠢᠭᠦᠯᠬᠦ ᠬᠡᠷᠡᠭᠲᠡᠢ᠃ ᠬᠤᠪᠢ ᠬᠦᠮᠦᠨ ᠤ ᠳᠠᠭᠠᠳᠬᠠᠯ ᠳᠤ ᠣᠷᠤᠯᠴᠠᠬᠤ | ᠵᠠᠷᠤᠳᠠᠯ ᠢ ᠬᠠᠷᠢᠶ᠎ᠠ ᠭᠠᠵᠠᠷ ᠤᠨ ᠵᠠᠷᠤᠳᠠᠯ ᠲᠤᠰᠢᠶᠠᠬᠤ ᠲᠣᠭᠲᠠᠭᠠᠯ ᠶᠤᠰᠤᠭᠠᠷ ᠪᠦᠬᠦ ᠲᠤᠭ᠎ᠠ ᠪᠠᠷ ᠲᠤᠰᠢᠶᠠᠵᠤ᠂ | ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠬᠠᠷᠢᠭᠤᠴᠠᠨ ᠲᠠᠲᠠᠪᠤᠷᠢᠯᠠᠵᠤ᠂ ᠵᠠᠷᠴᠢᠮ | ᠳᠡᠭᠡᠷ᠎ᠡ ᠪᠠᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠳᠣ ᠶᠢᠨ ᠪᠠᠶᠢᠭ᠎ᠠ ᠵᠠᠷᠤᠳᠠᠯ ᠲᠤᠰᠢᠶᠠᠬᠤ ᠬᠢᠷᠢ | ᠬᠡᠮᠵᠢᠶ᠎ᠡ ᠪᠠᠷ ᠯᠠᠪᠯᠠᠯᠲᠠ ᠪᠣᠯᠭᠠᠵᠤ ︽ᠨᠢᠭᠡ ᠳᠦᠷᠢᠮ ᠳᠤ ᠬᠤᠶᠠᠷ ᠳᠡᠰ ᠲᠠᠢ︾ ᠪᠠᠶᠢᠯᠭᠠᠵᠤ᠂ ᠨᠦᠬᠦᠴᠡᠯ ᠲᠠᠢ | ᠭᠠᠵᠠᠷ ᠣᠷᠣᠨ ᠨᠢ ︽ᠨᠢᠭᠡ ᠳᠦᠷᠢᠮ ᠳᠤ ᠨᠢᠭᠡ ᠳᠡᠰ ᠲᠠᠢ︾ ᠪᠠᠶᠢᠯᠭᠠᠬᠤ ᠶᠢ ᠬᠡᠷᠡᠭᠵᠢᠭᠦᠯᠬᠦ ᠶᠢ | ᠵᠣᠷᠢᠬᠵᠢᠭᠤᠯᠤᠨ᠎ᠠ᠃ | ︵ᠭᠤᠷᠪᠠ︶ ᠪᠠᠲᠤᠯᠠᠭ᠎ᠠ ᠶᠢᠨ ᠣᠯᠭᠤᠮᠵᠢ ᠶᠢ ᠨᠢᠭᠡᠳᠭᠡᠨ᠎ᠡ᠃ | ᠪᠠᠲᠤᠯᠠᠭ᠎ᠠ ᠲᠣᠬᠢᠷᠠᠮᠵᠢᠲᠠᠢ᠂ ᠣᠷᠣᠯᠭ᠎ᠠ ᠵᠠᠷᠤᠯᠭ᠎ᠠ ᠲᠡᠩᠴᠡᠭᠦᠷᠢᠲᠡᠢ ᠪᠠ ᠡᠷᠬᠡ ᠠᠰᠢᠭ ᠡᠭᠦᠷᠭᠡ ᠶᠢᠨ | ᠲᠡᠩᠴᠡᠭᠦᠦ ᠪᠠᠶᠢᠬᠤ ᠵᠠᠷᠴᠢᠮ ᠢ ᠵᠢᠷᠤᠮᠯᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ | ᠳᠠᠭᠠᠳᠬᠠᠯ ᠤᠨ ᠡᠬᠢᠯᠡᠵᠦ ᠲᠤᠰᠢᠶ᠋ᠬᠠᠤ ᠪᠠᠷᠢᠮᠵᠢᠶ᠎ᠠ᠂ ᠳᠠᠩᠰᠠᠨ ᠠᠴᠠ ᠲᠠᠶᠢᠯᠬᠤ ᠬᠠᠷᠢᠴᠠᠯ ᠪᠠ ᠬᠠᠮᠤᠭ ᠤᠨ ᠦᠨᠳᠦᠷ | ᠲᠤᠰᠢᠶ᠋ᠬᠠᠤ ᠬᠢᠵᠠᠭᠠᠷ ᠲᠤᠭ᠎ᠠ ᠵᠡᠷᠭᠡ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤᠲᠤᠷ᠎ᠠ ᠡᠮᠨᠡᠯᠭᠡ ᠳᠤ ᠰᠠᠭᠤᠭᠰᠠᠨ | ᠡᠮᠴᠢᠯᠡᠭᠡ ᠶᠢᠨ ᠵᠠᠷᠤᠳᠠᠯ ᠤᠨ ᠳᠠᠩᠰᠠᠨ ᠠᠴᠠ ᠲᠠᠶᠢᠯᠬᠤ ᠬᠠᠷᠢᠴᠠᠯ ᠢ 75% ᠣᠷᠴᠢᠮ ᠪᠠᠶᠢᠯᠭᠠᠬᠤ ᠶᠢ ᠪᠠᠷᠢᠮᠲᠠᠯᠠᠬᠤ | ᠬᠡᠷᠡᠭᠲᠡᠢ᠃ ᠡᠮᠬᠢᠯᠡᠨ ᠨᠡᠶᠢᠯᠡᠭᠦᠯᠬᠦ ᠶᠢᠨ ᠡᠮᠦᠨ᠎ᠡ ᠬᠤᠶᠢᠨᠠᠬᠢ ᠲᠥᠷᠥ ᠶᠢᠨ ᠪᠣᠳᠣᠯᠭ᠎ᠠ ᠶᠢᠨ ᠰᠢᠯᠵᠢᠯᠲᠠ ᠪᠠ | ᠵᠤᠯᠭᠠᠯᠲᠠ ᠶᠢ ᠢᠳᠡᠪᠬᠢᠲᠡᠢ ᠰᠠᠶᠢᠲᠤᠷ ᠬᠢᠬᠦ ᠬᠡᠷᠡᠭᠲᠡᠢ᠃ | ︵ᠳᠥᠷᠪᠡ︶ ᠡᠮᠴᠢᠯᠡᠭᠡ ᠶᠢᠨ ᠳᠠᠭᠠᠳᠬᠠᠯ ᠤᠨ ᠭᠠᠷᠴᠠᠭ ᠢ ᠨᠢᠭᠡᠳᠭᠡᠨ᠎ᠡ᠃ | ᠤᠯᠤᠰ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠮ ᠬᠡᠷᠡᠭᠯᠡᠬᠦ ᠬᠠᠮᠢᠶᠠᠷᠤᠯᠲᠠ ᠪᠠ ᠦᠨᠳᠦᠰᠦᠨ | ᠡᠮ ᠤᠨ ᠵᠦᠢᠯ ᠤᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ᠂ ᠡᠮᠴᠢᠯᠡᠭᠡᠨ ᠳᠤ ᠴᠢᠬᠤᠯᠠ | ᠬᠡᠷᠡᠭᠴᠡᠭᠡᠲᠡᠢ᠂ ᠠᠮᠦᠷ ᠲᠥᠪᠰᠢᠨ ᠪᠦᠲᠦᠮᠵᠢᠲᠡᠢ᠂ ᠦᠨ᠎ᠡ ᠬᠠᠩᠰᠢ ᠨᠢ ᠵᠦᠢ ᠵᠣᠬᠢᠰᠲᠠᠢ᠂ ᠮᠡᠷᠭᠡᠵᠢᠯ ᠨᠢ | ᠲᠣᠬᠢᠷᠠᠮᠵᠢᠲᠠᠢ᠂ ᠰᠠᠭᠤᠷᠢ ᠮᠦᠩᠭᠦ ᠳᠠᠭᠠᠭᠠᠵᠤ ᠳᠡᠶᠢᠯᠬᠦ ᠵᠠᠷᠴᠢᠮ ᠢ ᠵᠢᠷᠤᠮᠯᠡᠨ᠂ ᠬᠤᠲᠠ ᠪᠠᠯᠭᠠᠰᠤ ᠶᠢᠨ ᠦᠨᠳᠦᠰᠦᠨ | ᠡᠮᠴᠢᠯᠡᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ᠂ ᠣᠨᠣᠰᠢᠯᠠᠨ ᠡᠮᠨᠡᠬᠦ ᠲᠦᠷᠦᠯ ᠵᠦᠢᠯ ᠪᠠ | ᠡᠮᠴᠢᠯᠡᠭᠡ ᠶᠢᠨ ᠦᠢᠯᠡᠴᠢᠯᠡᠭᠡᠨ ᠤ ᠪᠡᠯᠡᠳᠭᠡᠮᠵᠢ ᠶᠢᠨ ᠪᠠᠷᠢᠮᠵᠢᠶ᠎ᠠ ︵ᠳᠤᠷᠤᠭᠰᠢ ︽ᠭᠤᠷᠪᠠᠨ ᠭᠠᠷᠴᠠᠭ︾ ᠭᠡᠵᠦ | ᠲᠣᠪᠴᠢᠯᠠᠨ᠎ᠠ︶ ᠶᠢ ᠨᠢᠭᠡᠲᠦᠯᠲᠡᠢ ᠬᠡᠷᠡᠭᠵᠢᠭᠦᠯᠦᠨ᠎ᠡ᠃ ᠡᠮᠴᠢᠯᠡᠭᠡ ᠶᠢᠨ ᠳᠠᠭᠠᠳᠬᠠᠯ ᠤᠨ ᠭᠠᠷᠴᠠᠭ ᠢ ᠦᠪᠡᠷᠲᠡᠭᠡᠨ | ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ | ᠤᠯᠤᠰ ᠤᠨ ᠲᠣᠭᠲᠠᠭᠠᠯ ᠢ ᠦᠨᠳᠦᠰᠦᠯᠡᠨ ᠨᠢᠭᠡᠲᠦᠯᠲᠡᠢ ᠬᠠᠮᠢᠶᠠᠷᠬᠤ ᠶᠢᠨ ᠬᠠᠮᠲᠤ᠂ ᠬᠦᠳᠡᠯᠦᠩᠭᠦᠢ ᠪᠠᠷ | ᠲᠣᠬᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ | ︵ᠲᠠᠪᠤ︶ ᠲᠣᠭᠲᠠᠭᠰᠠᠨ ᠴᠢᠬ ᠤᠨ ᠬᠠᠮᠢᠶᠠᠷᠤᠯᠲᠠ ᠶᠢ ᠨᠢᠭᠡᠳᠭᠡᠨ᠎ᠡ᠃ | ᠤᠷᠢᠳᠠᠪᠠᠷ ᠣᠷᠤᠭᠤᠯᠤᠨ᠂ ᠳᠠᠷᠠᠭ᠎ᠠ ᠨᠢ ᠵᠢᠷᠤᠮᠵᠢᠭᠤᠯᠬᠤ ᠵᠠᠷᠴᠢᠮ ᠶᠤᠰᠤᠭᠠᠷ᠂ ᠬᠠᠤᠯᠢ ᠶᠤᠰᠤᠭᠠᠷ | ᠪᠠᠶᠢᠭᠤᠯᠤᠭᠰᠠᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ | ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠲᠣᠭᠲᠠᠭᠰᠠᠨ ᠴᠢᠬ ᠤᠨ ᠡᠮ ᠡᠮᠨᠡᠯᠭᠡ ᠶᠢᠨ | ᠪᠠᠶᠢᠭᠤᠯᠤᠮᠵᠢ ᠶᠢ ᠪᠦᠬᠦᠨ ᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ | ᠲᠣᠭᠲᠠᠭᠰᠠᠨ ᠴᠢᠬ ᠤᠨ ᠬᠡᠪᠴᠢᠶ᠎ᠡ ᠳᠤ ᠣᠷᠤᠭᠤᠯᠤᠨ᠎ᠠ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡ ᠶᠢᠨ ᠳᠠᠭᠠᠳᠬᠠᠯ ᠤᠨ ᠲᠣᠭᠲᠠᠭᠰᠠᠨ ᠴᠢᠬ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ | ᠠᠷᠭ᠎ᠠ ᠶᠢ ᠨᠢᠭᠡᠳᠭᠡᠵᠦ᠂ ᠣᠯᠠᠨ ᠲᠠᠯ᠎ᠠ ᠶᠢᠨ ᠦᠨᠡᠯᠡᠯᠲᠡ ᠵᠢᠱᠢᠯᠲᠡ ᠶᠢ ᠲᠠᠲᠠᠨ ᠣᠷᠤᠭᠤᠯᠵᠤ᠂ ᠲᠣᠭᠲᠠᠭᠰᠠᠨ | ᠴᠢᠬ ᠤᠨ ᠦᠢᠯᠡᠴᠢᠯᠡᠭᠡᠨ ᠤ ᠬᠡᠯᠡᠯᠴᠡᠭᠡᠷᠳᠤ ᠬᠠᠮᠢᠶᠠᠷᠤᠯᠲᠠ ᠶᠢ ᠴᠢᠩᠭᠠᠷᠠᠭᠤᠯᠤᠨ᠂ ᠰᠢᠯᠭᠠᠨ ᠬᠢᠨᠠᠵᠤ ᠦᠨᠡᠯᠡᠬᠦ | ᠲᠣᠭᠲᠠᠴᠠ ᠪᠠ ︽ᠣᠷᠤᠬᠤ ᠳᠤ ᠠᠭᠤᠵᠢᠭᠤ ᠪᠠᠶᠢᠯᠭᠠᠬᠤ ᠭᠠᠷᠬᠤ ᠳᠤ ᠴᠢᠩᠭ᠎ᠠ ᠱᠠᠭᠠᠷᠳᠠᠬᠤ︾ ᠲᠣᠭᠲᠠᠴᠠ ᠶᠢ | ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠲᠣᠭᠲᠠᠭᠰᠠᠨ ᠴᠢᠬ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠢᠨᠠᠯᠲᠠ | ᠬᠠᠮᠢᠶᠠᠷᠤᠯᠲᠠ ᠶᠢ ᠨᠢᠭᠡᠲᠦᠯᠲᠡᠢ ᠲᠦᠯᠦᠪᠯᠡᠬᠦ ᠭᠠᠵᠠᠷ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠠᠴᠠ ᠬᠠᠷᠢᠭᠤᠴᠠᠨ᠎ᠠ᠃ | ︵ᠵᠢᠷᠭᠤᠭ᠎ᠠ︶ ᠰᠠᠭᠤᠷᠢ ᠮᠦᠩᠭᠦ ᠶᠢᠨ ᠬᠠᠮᠢᠶᠠᠷᠤᠯᠲᠠ ᠶᠢ ᠨᠢᠭᠡᠳᠭᠡᠨ᠎ᠡ᠃ | ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠦᠩᠭᠦ ᠪᠠ | ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠰᠠᠭᠤᠷᠢ ᠮᠦᠩᠭᠦ ᠶᠢ ᠨᠢᠭᠡᠲᠦᠯᠲᠡᠢ | ᠬᠠᠮᠢᠶᠠᠷᠴᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠦᠩᠭᠦ | ᠭᠡᠵᠦ ᠨᠢᠭᠡᠲᠦᠯᠲᠡᠢ ᠨᠡᠷᠡᠶᠢᠳᠦᠨ᠎ᠡ᠃ ᠡᠮᠬᠢᠯᠡᠨ ᠨᠡᠶᠢᠯᠡᠭᠦᠯᠬᠦ ᠠᠴᠠ ᠡᠮᠦᠨ᠎ᠡ ᠬᠤᠲᠠ ᠪᠠᠯᠭᠠᠰᠤ ᠶᠢᠨ ᠰᠠᠭᠤᠭᠠᠯᠢ | ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ | ᠡᠮᠴᠢᠯᠡᠭᠡ ᠶᠢᠨ ᠰᠠᠭᠤᠷᠢ ᠮᠦᠩᠭᠦ ᠶᠢ ᠬᠢᠨᠠᠨ ᠪᠤᠳᠤᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠵᠦ᠂ | ᠰᠠᠭᠤᠷᠢ ᠮᠦᠩᠭᠦ ᠶᠢᠨ ᠲᠤᠳᠠᠪᠤᠷᠢ ᠶᠢ ᠲᠣᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠬᠠᠷᠢᠭᠤᠴᠠᠨ | ᠰᠢᠢᠳᠪᠦᠷᠢᠯᠡᠬᠦ ᠬᠡᠷᠡᠭᠲᠡᠢ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ | ᠰᠠᠭᠤᠷᠢ ᠮᠦᠩᠭᠦ ᠶᠢᠨ ᠬᠠᠮᠢᠶᠠᠷᠤᠯᠲᠠ ᠳᠤ ᠤᠯᠤᠰ ᠤᠨ ᠨᠢᠭᠡᠲᠦᠯᠲᠡᠢ ᠰᠠᠭᠤᠷᠢ ᠮᠦᠩᠭᠦ ᠶᠢᠨ ᠡᠳ᠋ ᠤᠨ ᠶᠠᠪᠤᠳᠠᠯ ᠤᠨ | ᠳᠦᠷᠢᠮ᠂ ᠨᠢᠭᠲᠠᠯᠠᠨ ᠪᠤᠳᠤᠭᠴᠢ ᠶᠢᠨ ᠳᠦᠷᠢᠮ ᠪᠠ ᠰᠠᠭᠤᠷᠢ ᠮᠦᠩᠭᠦ ᠶᠢᠨ ᠲᠦᠰᠦᠪ ᠪᠠ ᠲᠦᠰᠦᠪ ᠤᠨ | ᠭᠦᠢᠴᠡᠳᠭᠡᠯ ᠤᠨ ᠬᠠᠮᠢᠶᠠᠷᠤᠯᠲᠠ ᠤᠨ ᠳᠦᠷᠢᠮ ᠢ ᠬᠡᠷᠡᠭᠵᠢᠭᠦᠯᠦᠨ᠎ᠡ᠃ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠦᠩᠭᠦ ᠶᠢ ᠡᠳ᠋ ᠤᠨ ᠵᠠᠰᠠᠭ ᠤᠨ ᠲᠤᠰᠬᠠᠢ ᠳᠠᠩᠰᠠᠨ | ᠡᠷᠦᠬᠡ ᠳᠤ ᠣᠷᠤᠭᠤᠯᠵᠤ᠂ ᠲᠤᠰᠠᠭᠠᠷ ᠲᠣᠭᠠᠴᠠᠭ᠎ᠠ ᠬᠢᠵᠦ᠂ ︽ᠣᠷᠤᠯᠭ᠎ᠠ ᠵᠠᠷᠤᠯᠭ᠎ᠠ ᠶᠢ ᠠᠰ ᠲᠤᠨᠢ ᠪᠤᠳᠤᠬᠤ︾ ᠶᠢ | ᠬᠡᠷᠡᠭᠵᠢᠭᠦᠯᠦᠨ᠂ ᠶᠠᠮᠠᠷᠪᠠ ᠨᠢᠭᠡᠴᠡ ᠪᠠ ᠬᠤᠪᠢ ᠬᠦᠮᠦᠨ ᠠᠴᠠ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ ᠪᠣᠯᠬᠤ | ᠦᠭᠡᠢ᠃ ᠰᠠᠭᠤᠷᠢ ᠮᠦᠩᠭᠦ ᠶᠢ ᠬᠡᠷᠡᠭᠯᠡᠬᠦ ᠳᠤ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ | ᠲᠡᠩᠴᠡᠭᠦᠷᠢᠲᠡᠢ ᠪᠠᠶᠢᠬᠤ᠂ ᠪᠠᠭᠠᠬᠠᠨ ᠦᠯᠡᠳᠡᠪᠦᠷᠢ ᠲᠠᠢ ᠪᠠᠶᠢᠯᠭᠠᠬᠤ ᠵᠠᠷᠴᠢᠮ ᠢ ᠵᠢᠷᠤᠮᠯᠡᠵᠦ᠂ ᠲᠤᠰᠢᠶᠠᠪᠠᠰᠤ ᠵᠣᠬᠢᠬᠤ | ᠵᠠᠷᠤᠳᠠᠯ ᠢ ᠴᠠᠭ ᠲᠣᠬᠠᠢ ᠳᠤᠨᠢ ᠲᠤᠭ᠎ᠠ ᠶᠤᠰᠤᠭᠠᠷ ᠭᠦᠢᠴᠡᠳ ᠰᠠᠯᠭᠠᠨ ᠥᠭᠬᠦ ᠶᠢ ᠦᠨᠡᠨᠬᠦ ᠪᠠᠲᠤᠯᠠᠨ᠂ ᠰᠠᠭᠤᠷᠢ | ᠮᠦᠩᠭᠦ ᠶᠢᠨ ᠲᠣᠬᠠᠢ ᠶᠢᠨ ᠵᠢᠯ ᠤᠨ ᠦᠯᠡᠳᠡᠪᠦᠷᠢ ᠶᠢᠨ ᠨᠣᠷᠮ᠎ᠠ ᠪᠠ ᠨᠡᠶᠢᠲᠡ ᠦᠯᠡᠳᠡᠪᠦᠷᠢ ᠶᠢᠨ ᠨᠣᠷᠮ᠎ᠠ ᠶᠢ ᠵᠦᠢ | ᠵᠣᠬᠢᠰᠲᠠᠢ ᠡᠵᠡᠮᠳᠡᠬᠦ ᠬᠡᠷᠡᠭᠲᠡᠢ᠃ | ᠳᠥᠷᠪᠡ᠂ ᠭᠠᠷᠳᠠᠨ ᠭᠦᠢᠴᠡᠳᠭᠡᠬᠦ ᠦᠢᠯᠡᠴᠢᠯᠡᠭᠡ | ︵ᠨᠢᠭᠡ︶ ᠨᠢᠭᠡᠲᠦᠯᠲᠡᠢ ᠲᠦᠯᠦᠪᠯᠡᠬᠦ ᠱᠠᠳᠤ ᠳᠠᠪᠬᠤᠷᠭ᠎ᠠ ᠶᠢ ᠳᠡᠭᠡᠭᠰᠢᠯᠡᠭᠦᠯᠦᠨ᠎ᠡ᠃ | ᠵᠠᠷᠴᠢᠮ ᠳᠡᠭᠡᠷ᠎ᠡ ᠪᠠᠨ ᠠᠶᠢᠮᠠᠭ ᠬᠤᠲᠠ ᠶᠢᠨ ᠱᠠᠲᠤᠨ ᠠᠴᠠ ᠨᠢᠭᠡᠲᠦᠯᠲᠡᠢ ᠲᠦᠯᠦᠪᠯᠡᠬᠦ ᠶᠢ ᠬᠡᠷᠡᠭᠵᠢᠭᠦᠯᠵᠦ᠂ | ᠡᠯ᠎ᠡ ᠨᠢᠭᠡᠲᠦᠯᠲᠡᠢ ᠲᠦᠯᠦᠪᠯᠡᠬᠦ ᠭᠠᠵᠠᠷ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ | ᠳᠠᠭᠠᠳᠬᠠᠯ ᠤᠨ ᠳᠦᠷᠢᠮ ᠨᠢ ᠲᠦᠷᠥ ᠶᠢᠨ ᠪᠣᠳᠣᠯᠭ᠎ᠠ᠂ ᠣᠯᠭᠤᠮᠵᠢ ᠶᠢᠨ ᠪᠠᠷᠢᠮᠵᠢᠶ᠎ᠠ᠂ ᠭᠠᠷᠳᠠᠨ ᠭᠦᠢᠴᠡᠳᠭᠡᠬᠦ | ᠦᠢᠯᠡᠴᠢᠯᠡᠭᠡᠨ ᠤ ᠴᠤᠪᠤᠷᠠᠯ᠂ ᠮᠡᠳᠡᠭᠡ ᠵᠠᠩᠭᠢ ᠶᠢᠨ ᠰᠦᠯᠵᠢᠶ᠎ᠡ ᠶᠢᠨ ᠬᠠᠮᠢᠶᠠᠷᠤᠯᠲᠠ ᠪᠠᠨ ᠨᠢᠭᠡᠳᠭᠡᠵᠦ᠂ | ᠨᠦᠬᠦᠴᠡᠯ ᠲᠠᠢ ᠭᠠᠵᠠᠷ ᠣᠷᠣᠨ ᠨᠢ ᠰᠠᠭᠤᠷᠢ ᠮᠦᠩᠭᠦ ᠶᠢ ᠨᠢᠭᠡᠲᠦᠯᠲᠡᠢ ᠬᠤᠷᠢᠶᠠᠵᠤ ᠵᠠᠷᠤᠬᠤ ᠶᠢ ᠬᠡᠷᠡᠭᠵᠢᠭᠦᠯᠦᠨ᠎ᠡ᠃ | ᠡᠮᠴᠢᠯᠡᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠪᠠ ᠵᠠᠯᠭᠠᠬᠤ ᠠᠵᠢᠯ ᠢ ᠴᠢᠩᠭᠠᠳᠬᠠᠵᠤ᠂ ᠬᠤᠲᠠ | ᠣᠷᠤᠭᠰᠠᠨ ᠮᠠᠯᠴᠢᠨ ᠲᠠᠷᠢᠶᠠᠴᠢᠳ ᠰᠠᠭᠤᠭ᠎ᠠ ᠭᠠᠵᠠᠷ ᠤᠨ ᠢᠶᠠᠨ ᠳᠡᠭᠡᠳᠦ ᠳᠡᠰ ᠤᠨ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠰᠠᠶᠢᠨ ᠳᠤᠷ᠎ᠠ ᠠᠴᠠ ᠪᠠᠨ ᠣᠷᠤᠯᠴᠠᠵᠤ ᠪᠣᠯᠣᠨ᠎ᠠ᠃ | ᠣᠨᠳᠣᠣ ᠭᠠᠵᠠᠷ ᠡᠮᠨᠡᠭᠦᠯᠬᠦ ᠳᠤ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠬᠡᠷᠡᠭᠵᠢᠭᠦᠯᠬᠦ ᠬᠡᠷᠡᠭᠲᠡᠢ᠃ | ᠰᠠᠭᠤᠷᠢ ᠮᠦᠩᠭᠦ ᠶᠢ ᠳᠡᠰ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠠᠶᠢᠮᠠᠭ ᠬᠤᠲᠠ ᠬᠢᠭᠡᠳ ᠬᠤᠰᠢᠭᠤ ᠰᠢᠶᠠᠨ | ︵ᠬᠤᠲᠠ᠂ ᠲᠣᠭᠤᠷᠢᠭ︶ ᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠨ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠰᠠᠭᠤᠷᠢ ᠮᠦᠩᠭᠦ ᠶᠢᠨ ᠬᠠᠮᠢᠶᠠᠷᠤᠯᠲᠠ ᠶᠢᠨ ᠢᠳᠡᠪᠬᠢ ᠴᠢᠨᠠᠷ ᠪᠠ | ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ᠃ | ︵ᠬᠤᠶᠠᠷ︶ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠪᠠᠷᠢᠮᠵᠢᠶ᠎ᠠ ᠶᠢ ᠨᠢᠭᠡᠳᠭᠡᠬᠦ᠂ ᠲᠤᠭ᠎ᠠ ᠪᠠᠷᠢᠮᠲᠠ ᠶᠢ ᠲᠦᠪᠯᠡᠷᠡᠭᠦᠯᠬᠦ᠂ ᠦᠢᠯᠡᠴᠢᠯᠡᠭᠡ ᠶᠢ ᠤᠷᠳᠤᠳᠬᠠᠬᠤ | ᠵᠠᠷᠴᠢᠮ ᠶᠣᠰᠤᠭᠠᠷ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠨᠢᠭᠡᠳᠭᠡᠵᠦ᠂ ᠳᠠᠭᠠᠳᠬᠠᠯ ᠳᠤ ᠣᠷᠤᠯᠴᠠᠭᠰᠠᠳ ᠤᠨ ᠦᠨᠳᠦᠰᠦᠨ | ᠮᠡᠳᠡᠭᠡ ᠵᠠᠩᠭᠢ ᠶᠢ ᠬᠢᠨᠠᠨ ᠬᠠᠷᠢᠭᠤᠭᠤᠯᠤᠨ ᠬᠠᠷᠢᠴᠠᠭᠤᠯᠬᠤ ᠶᠢ ᠴᠢᠩᠭᠠᠳᠬᠠᠨ᠂ ᠨᠡᠶᠢᠭᠡᠮ ᠤᠨ ᠪᠠᠲᠤᠯᠠᠭ᠎ᠠ ᠶᠢᠨ | ᠺᠠᠷᠲ ᠢ ᠨᠢᠭᠡᠲᠦᠯᠲᠡᠢ ᠵᠣᠬᠢᠶᠠᠨ ᠲᠠᠷᠬᠠᠭᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ | ᠲᠣᠭᠤᠷᠢᠭ︶ ᠢ ᠬᠠᠮᠤᠷᠤᠭᠰᠠᠨ ᠬᠠᠮᠢᠶᠠᠷᠤᠯᠲᠠ ᠦᠢᠯᠡᠴᠢᠯᠡᠭᠡ ᠶᠢᠨ ᠰᠦᠯᠵᠢᠶ᠎ᠡ ᠶᠢ ᠪᠠᠶᠢᠭᠤᠯᠤᠨ᠂ ᠲᠠᠭᠠᠳᠬᠠᠯ ᠪᠠ | ᠨᠡᠶᠢᠭᠡᠮ ᠤᠨ ᠪᠠᠲᠤᠯᠠᠭ᠎ᠠ ᠶᠢᠨ ᠢᠨᠵᠧᠨᠧᠷᠢᠩ ᠤᠨ ᠦᠢᠯᠡᠴᠢᠯᠡᠭᠡᠨ ᠤ ᠰᠦᠯᠵᠢᠶ᠎ᠡ ᠶᠢ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠭᠠᠴᠠᠭ᠎ᠠ ᠲᠤᠰᠬᠤᠨ | ︵ᠨᠡᠶᠢᠭᠡᠮ ᠲᠣᠭᠤᠷᠢᠭ︶ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠲᠡᠯ᠎ᠡ ᠤᠷᠳᠤᠳᠬᠠᠵᠦ᠂ ᠣᠯᠠᠨ ᠲᠦᠮᠡᠨ ᠳᠤ | ᠳᠦᠭᠦᠮ ᠳᠦᠳᠡ ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠲᠣᠭᠲᠠᠭᠰᠠᠨ ᠴᠢᠬ ᠤᠨ ᠡᠮ ᠡᠮᠨᠡᠯᠭᠡ ᠶᠢᠨ | ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠰᠢᠰᠲ᠋ᠧᠮ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ | ᠮᠡᠳᠡᠭᠡ ᠵᠠᠩᠭᠢ ᠶᠢᠨ ᠰᠢᠰᠲ᠋ᠧᠮ᠂ ᠡᠮᠴᠢᠯᠡᠭᠡ ᠶᠢᠨ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠯᠦᠭᠡ | ᠲᠣᠬᠠᠶᠢᠯᠠᠭᠰᠠᠨ ᠠᠵᠢᠯ ᠢᠶᠠᠨ ᠬᠠᠮᠵᠢᠯᠴᠠᠬᠤ ᠪᠠ ᠮᠡᠳᠡᠭᠡ ᠵᠠᠩᠭᠢ ᠪᠠᠨ ᠬᠠᠮᠲᠤᠪᠠᠷ ᠡᠳ᠋ᠯᠡᠵᠤ ᠪᠤᠯᠬᠤ ᠶᠢ ᠠᠬᠢᠭᠤᠯᠬᠤ | ᠬᠡᠷᠡᠭᠲᠡᠢ᠃ ᠬᠠᠮᠢᠶ᠎ᠠ ᠪᠦᠬᠦᠢ ᠦᠢᠯᠡᠴᠢᠯᠡᠭᠡ ᠶᠢᠨ ᠬᠡᠯᠡᠯᠴᠡᠭᠡᠷ ᠪᠠ ᠪᠠᠷᠢᠮᠵᠢᠶ᠎ᠠ ᠶᠢ ᠴᠢᠩᠭ᠎ᠠ ᠵᠢᠷᠤᠮᠯᠡᠨ ᠲᠣᠭᠲᠠᠭᠰᠠᠨ | ᠴᠢᠬ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠦᠢᠯᠡᠴᠢᠯᠡᠭᠡ ᠬᠠᠩᠭᠠᠬᠤ ᠬᠡᠷᠡᠭᠲᠡᠢ᠃ ᠮᠡᠳᠡᠭᠡ ᠵᠠᠩᠭᠢ ᠶᠢᠨ ᠠᠮᠤᠷ | ᠲᠦᠪᠰᠢᠨ ᠪᠠᠶᠢᠬᠤ ᠪᠠ ᠡᠪᠡᠳᠴᠢᠲᠡᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠪᠠᠨ ᠴᠢᠩᠭᠠᠷᠠᠭᠤᠯᠬᠤ | ᠬᠡᠷᠡᠭᠲᠡᠢ᠃ 2017 ᠣᠨ ᠠᠴᠠ ᠡᠬᠢᠯᠡᠵᠦ᠂ ᠳᠠᠭᠠᠳᠬᠠᠯ ᠳᠤ ᠣᠷᠤᠯᠴᠠᠭᠰᠠᠳ ᠤᠨ ᠮᠡᠳᠡᠭᠡ ᠵᠠᠩᠭᠢ ᠪᠠ ᠡᠳ᠋ ᠤᠨ | ᠶᠠᠪᠤᠳᠠᠯ ᠤᠨ ᠲᠤᠭ᠎ᠠ ᠪᠠᠷᠢᠮᠲᠠ ᠶᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ | ᠭᠠᠷᠳᠠᠨ ᠭᠦᠢᠴᠡᠳᠭᠡᠬᠦ ᠪᠠᠶᠢᠭᠤᠯᠤᠮᠵᠢ ᠠᠴᠠ ᠨᠢᠭᠡᠲᠦᠯᠲᠡᠢ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠬᠡᠷᠡᠭᠲᠡᠢ᠃ | ︵ᠭᠤᠷᠪᠠ︶ ᠵᠣᠭᠤᠰ ᠥᠭᠬᠦ ᠠᠷᠭ᠎ᠠ ᠮᠠᠶ᠋ᠢᠭ ᠢ ᠦᠭᠡᠷᠡᠴᠢᠯᠡᠨ᠎ᠡ᠃ | ᠡᠮᠴᠢᠯᠡᠭᠡ ᠶᠢᠨ ᠳᠠᠭᠠᠳᠬᠠᠯ ᠤᠨ ᠵᠠᠷᠤᠳᠠᠯ ᠥᠭᠬᠦ ᠶᠡᠷᠦᠩᠬᠡᠢ ᠲᠤᠭ᠎ᠠ ᠪᠠᠷ ᠡᠵᠡᠮᠳᠡᠬᠦ ᠬᠠᠮᠢᠶᠠᠷᠤᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠡᠪᠡᠳᠴᠢᠨ ᠤ ᠵᠦᠢᠯ ᠢᠶᠠᠷ ᠵᠠᠷᠤᠳᠠᠯ ᠥᠭᠬᠦ᠂ ᠬᠦᠮᠦᠨ ᠤ ᠲᠤᠭ᠎ᠠ ᠪᠠᠷ ᠵᠠᠷᠤᠳᠠᠯ ᠥᠭᠬᠦ᠂ | ᠣᠷᠣ ᠪᠠᠷ ᠡᠳᠦᠷ ᠲᠤ ᠵᠠᠷᠤᠳᠠᠯ ᠥᠭᠬᠦ ᠵᠡᠷᠭᠡ ᠣᠯᠠᠨ ᠵᠦᠢᠯ ᠤᠨ ᠵᠠᠷᠤᠳᠠᠯ ᠥᠭᠬᠦ ᠠᠷᠭ᠎ᠠ ᠮᠠᠶ᠋ᠢᠭ ᠢ ᠬᠠᠷᠢᠯᠴᠠᠨ | ᠤᠶᠠᠯᠳᠤᠭᠤᠯᠤᠭᠰᠠᠨ ᠵᠤᠭᠤᠰ ᠥᠭᠬᠦ ᠨᠡᠶᠢᠯᠡᠮᠡᠯ ᠠᠷᠭ᠎ᠠ ᠶᠢᠨ ᠦᠭᠡᠷᠡᠴᠢᠯᠡᠯᠲᠡ ᠶᠢ ᠰᠢᠰᠲ᠋ᠧᠮ ᠲᠠᠢ ᠠᠬᠢᠭᠤᠯᠬᠤ | ᠬᠡᠷᠡᠭᠲᠡᠢ᠃ ᠭᠠᠷᠳᠠᠨ ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠪᠠ ᠰᠠᠭᠤᠷᠢ ᠮᠦᠩᠭᠦ ᠶᠢᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠠᠷᠤᠳᠠᠯ ᠤᠨ ᠡᠵᠡᠮᠳᠡᠯ ᠢᠶᠠᠨ ᠳᠦᠭᠦᠮᠴᠢᠯᠡᠬᠦ ᠶᠢ ᠰᠡᠷᠭᠡᠶᠢᠯᠡᠨ᠂ ᠶᠡᠷᠦᠩᠬᠡᠢ | ᠲᠤᠭ᠎ᠠ ᠪᠠᠷ ᠳᠠᠭᠠᠭᠠᠴᠢᠯᠠᠬᠤ ᠠᠴᠠ ᠵᠠᠶᠢᠯᠠᠰᠬᠢᠬᠦ ᠬᠡᠷᠡᠭᠲᠡᠢ᠃ ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ | ᠪᠠᠶᠢᠭᠤᠯᠤᠮᠵᠢ ᠶᠢᠨ ᠡᠮᠴᠢᠯᠡᠭᠡᠨ ᠤ ᠪᠠᠶᠢᠭᠤᠯᠤᠮᠵᠢ ᠵᠢᠴᠢ ᠡᠮ ᠤᠨ ᠵᠦᠢᠯ ᠤᠨ ᠬᠠᠩᠭᠠᠯᠭ᠎ᠠ ᠶᠢᠨ | ᠬᠤᠳᠠᠯᠳᠤᠭᠠᠴᠢᠨ ᠯᠤᠭ᠎ᠠ ᠬᠡᠯᠡᠯᠴᠡᠨ ᠵᠦᠪᠳᠡᠯᠴᠡᠬᠦ ᠲᠤᠭᠲᠠᠴᠠ ᠪᠠ ᠲᠥᠭᠰᠢᠭᠦᠷᠢ ᠶᠢ ᠬᠤᠪᠢᠶᠠᠨ ᠡᠭᠦᠷᠭᠡᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠳᠡᠰ ᠬᠤᠪᠢᠶᠠᠨ ᠣᠨᠤᠰᠢᠯᠠᠨ ᠡᠮᠨᠡᠬᠦ ᠳᠦᠷᠢᠮ ᠤᠨ | ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠳᠤ ᠠᠩᠬ᠎ᠠ ᠡᠮᠨᠡᠭᠦᠯᠬᠦ᠂ ᠬᠤᠣᠰ ᠴᠢᠭᠯᠡᠯ ᠢᠶᠠᠷ | ᠰᠢᠯᠵᠢᠭᠦᠯᠦᠨ ᠡᠮᠨᠡᠭᠦᠯᠬᠦ᠂ ᠳᠡᠭᠡᠳᠦ ᠳᠣᠣᠷ᠎ᠠ ᠬᠠᠮᠲᠤᠷᠠᠨ ᠬᠦᠳᠡᠯᠦᠯᠴᠡᠭᠰᠡᠨ ᠡᠪᠡᠳᠴᠢᠨ ᠡᠮᠨᠡᠭᠦᠯᠬᠦ ᠶᠢᠨ ᠰᠢᠨ᠎ᠡ ᠡᠮᠬᠢ | ᠲᠢᠭᠯᠢᠮ ᠢ ᠠᠯᠬᠤᠮ ᠠᠯᠬᠤᠮ ᠢᠶᠠᠷ ᠪᠣᠢ ᠪᠣᠯᠭᠠᠬᠤ ᠬᠡᠷᠡᠭᠲᠡᠢ᠃ | ︵ᠳᠥᠷᠪᠡ︶ ᠡᠮᠴᠢᠯᠡᠭᠡ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠢ ᠨᠢᠭᠡᠲᠦᠯᠲᠡᠢ ᠬᠠᠮᠢᠶᠠᠷᠬᠤ | ᠳᠠᠪᠠᠭᠤᠯᠢᠭ ᠲᠤ ᠲᠦᠰᠢᠭᠯᠡᠵᠦ᠂ ᠡᠮᠴᠢᠯᠡᠭᠡ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ | ᠮᠦᠴᠢᠷ ᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ | ᠡᠮᠴᠢᠯᠡᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠡᠮᠴᠢᠯᠡᠭᠡ ᠶᠢᠨ | ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠦᠴᠢᠷ ᠤᠳ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ ᠮᠦᠴᠢᠷ ᠲᠠᠢ | ᠬᠠᠮᠲᠤᠷᠠᠨ ᠡᠮᠴᠢᠯᠡᠭᠡ ᠶᠢᠨ ᠦᠢᠯᠡᠴᠢᠯᠡᠭᠡᠨ ᠤ ᠦᠨᠡᠯᠡᠯᠲᠡ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠦᠨ᠂ ᠡᠮᠴᠢᠯᠡᠭᠡ ᠶᠢᠨ ᠳᠠᠭᠠᠳᠬᠠᠯ ᠤᠨ | ᠤᠶᠤᠨᠴᠢ ᠪᠠᠷ ᠬᠢᠨᠠᠨ ᠬᠠᠷᠭᠤᠭᠤᠯᠬᠤ ᠪᠠ ᠴᠠᠭ ᠲᠣᠬᠠᠢ ᠳᠤᠨᠢ ᠬᠢᠨᠠᠨ ᠡᠵᠡᠮᠳᠡᠬᠦ ᠶᠢ ᠪᠦᠬᠦ ᠲᠠᠯ᠎ᠠ ᠪᠠᠷ ᠠᠬᠢᠭᠤᠯᠵᠤ᠂ | ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠠᠮᠢᠶ᠎ᠠ | ᠪᠦᠬᠦᠢ ᠲᠣᠭᠲᠠᠭᠠᠯ ᠢ ᠦᠨᠳᠦᠰᠦᠯᠡᠨ ᠴᠠᠭ ᠲᠣᠬᠠᠢ ᠳᠤᠨᠢ ᠬᠠᠤᠯᠢ ᠶᠣᠰᠤᠭᠠᠷ ᠰᠢᠢᠳᠪᠦᠷᠢᠯᠡᠨ ᠰᠢᠳᠭᠡᠨ ᠲᠣᠷᠭᠠᠬᠤ | ᠬᠡᠷᠡᠭᠲᠡᠢ᠃ | ︵ᠲᠠᠪᠤ︶ ᠡᠮᠴᠢᠯᠡᠭᠡ ᠶᠢᠨ ᠳᠠᠭᠠᠳᠬᠠᠯ ᠤᠨ ᠬᠠᠮᠢᠶᠠᠷᠤᠯᠲᠠ ᠦᠢᠯᠡᠴᠢᠯᠡᠭᠡ ᠳᠤ ᠰᠢᠨ᠎ᠡ ᠶᠢ ᠡᠭᠦᠳᠦᠨ᠎ᠡ᠃ | ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠬᠠᠮᠲᠤᠪᠠᠷ ᠣᠷᠤᠯᠴᠠᠬᠰᠠᠨ᠂ ᠵᠠᠰᠠᠭ ᠵᠠᠬᠢᠷᠭᠠᠨ ᠤ | ᠬᠠᠮᠢᠶᠠᠷᠤᠯᠲᠠ ᠬᠢᠭᠡᠳ ᠲᠤᠰᠬᠠᠢ ᠰᠤᠳᠤᠯᠭᠠᠨ ᠢ ᠬᠠᠷᠢᠯᠴᠠᠨ ᠤᠶᠠᠯᠳᠤᠭᠤᠯᠤᠭᠰᠠᠨ ᠡᠮᠴᠢᠯᠡᠭᠡ ᠶᠢᠨ ᠳᠠᠭᠠᠳᠬᠠᠯ ᠤᠨ | ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡ ᠶᠢᠨ ᠳᠠᠭᠠᠳᠬᠠᠯ ᠤᠨ | ᠴᠢᠬᠤᠯᠠ ᠶᠡᠭᠡ ᠵᠦᠢᠯᠡᠰ ᠤᠨ ᠰᠢᠢᠳᠪᠦᠷᠢᠲᠦ ᠪᠣᠳᠣᠯᠭ᠎ᠠ ᠲᠤᠭᠳᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠡᠮᠴᠢᠯᠡᠭᠡ ᠶᠢᠨ ᠳᠠᠭᠠᠳᠬᠠᠯ ᠤᠨ ᠠᠵᠢᠯᠯᠠᠭᠠᠨ ᠳᠠᠬᠢ ᠭᠤᠷᠪᠠᠳᠡᠬᠢ ᠡᠲᠡᠭᠡᠳ ᠠᠴᠠ ᠦᠨᠡᠯᠡᠨ ᠵᠢᠱᠢᠬᠦ ᠲᠣᠭᠲᠠᠴᠠ ᠪᠠ | ᠡᠮᠴᠢᠯᠡᠭᠡ ᠶᠢᠨ ᠦᠢᠯᠡᠴᠢᠯᠡᠭᠡᠨ ᠳᠠᠬᠢ ᠨᠡᠶᠢᠭᠡᠮ ᠤᠨ ᠬᠢᠨ ᠤ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠭᠠᠷᠳᠠᠨ ᠭᠦᠢᠴᠡᠳᠭᠡᠬᠦ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠦᠨ᠂ ᠡᠮᠴᠢᠯᠡᠭᠡ ᠶᠢᠨ | ᠳᠠᠭᠠᠳᠬᠠᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨᠵᠢᠯᠡᠬᠦ ᠤᠬᠠᠭᠠᠨᠴᠢᠯᠠᠯᠲᠠ ᠪᠠ ᠤᠳᠤᠬᠢᠴᠢᠯᠠᠯᠲᠠ ᠶᠢ | ᠠᠬᠢᠭᠤᠯᠬᠤ ᠬᠡᠷᠡᠭᠲᠡᠢ᠃ | ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠃ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠤᠪᠢᠳᠠᠨ ᠬᠠᠮᠢᠶᠠᠷᠬᠤ | ᠤᠳᠤᠷᠢᠳᠤᠯᠭ᠎ᠠ ᠨᠢ ᠳᠤᠭᠤᠶᠢᠯᠠᠩ ᠤᠨ ᠳᠠᠷᠤᠭ᠎ᠠ ᠶᠢ ᠡᠭᠦᠷᠭᠡᠯᠡᠭᠰᠡᠨ᠂ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠡᠮ ᠡᠮᠨᠡᠯᠭᠡ ᠶᠢᠨ ᠲᠦᠷᠢᠮ ᠤᠨ | ᠦᠭᠡᠷᠡᠴᠢᠯᠡᠯᠲᠡ ᠶᠢᠨ ᠠᠯᠪᠠᠨ ᠭᠡᠷ᠂ ᠣᠷᠣᠨ ᠲᠤᠭ᠎ᠠ ᠶᠢᠨ ᠠᠯᠪᠠᠨ ᠭᠡᠷ᠂ ᠬᠥᠭᠵᠢᠭᠦᠯᠦᠯᠲᠡ ᠦᠭᠡᠷᠡᠴᠢᠯᠡᠯᠲᠡ᠂ | ᠰᠤᠷᠭᠠᠨ ᠬᠦᠮᠦᠵᠢᠯ᠂ ᠳᠣᠲᠤᠭᠠᠲᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠣᠷᠣᠨ | ᠨᠣᠲᠤᠭ ᠤᠨ ᠭᠠᠶᠢᠯᠢ ᠶᠢᠨ ᠶᠠᠪᠤᠳᠠᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠲᠤᠭ᠎ᠠ | ᠪᠦᠷᠢᠳᠭᠡᠯ᠂ ᠵᠡᠮᠳᠡᠭᠴᠦᠳ ᠤᠨ ᠬᠤᠯᠪᠣᠭ᠎ᠠ᠂ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ | ᠪᠦᠬᠦᠢ ᠰᠠᠯᠠᠭ᠎ᠠ ᠮᠦᠴᠢᠷ ᠣᠷᠤᠯᠴᠠᠭᠰᠠᠨ ᠦᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠤᠨ ᠤᠳᠤᠷᠢᠳᠬᠤ | ᠳᠤᠭᠤᠶᠢᠯᠠᠩ ︵ᠳᠣᠷᠤᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠵᠤ᠂ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠶᠢᠨ | ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ | ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ | ᠪᠠᠶᠢᠭᠤᠯᠤᠨ᠎ᠠ᠃ ᠡᠯ᠎ᠡ ᠠᠶᠢᠮᠠᠭ ᠬᠤᠲᠠ ᠨᠤᠭᠤᠳ ᠴᠦ ᠵᠣᠬᠢᠬᠤ ᠤᠳᠤᠷᠢᠳᠬᠤ ᠪᠠᠶᠢᠭᠤᠯᠤᠮᠵᠢ ᠶᠢ ᠪᠠᠶᠢᠭᠤᠯᠬᠤ | ᠬᠡᠷᠡᠭᠲᠡᠢ᠃ | ︵ᠬᠤᠶᠠᠷ︶ ᠴᠠᠭ ᠬᠤᠭᠤᠴᠠᠭ᠎ᠠ ᠶᠢᠨ ᠲᠣᠬᠢᠷᠠᠭᠤᠯᠤᠯᠲᠠ᠃ | 1. 2016 ᠣᠨ ᠤ 6 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ᠂ ︽ᠦᠪᠦᠷ ᠮᠣᠩᠭᠤᠯ ᠤᠨ | ᠦᠪᠡᠷᠲᠡᠭᠡᠨ ᠵᠠᠰᠬᠠᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠤᠨ ᠲᠦᠰᠦᠯ︾ ᠢ ᠨᠡᠶᠢᠲᠡᠯᠡᠵᠦ᠂ ᠪᠦᠬᠦ ᠣᠷᠣᠨ ᠤ | ᠡᠮᠬᠢᠯᠡᠨ ᠨᠡᠶᠢᠯᠡᠭᠦᠯᠬᠦ ᠠᠵᠢᠯ ᠢ ᠲᠦᠯᠦᠪᠵᠢᠭᠦᠯᠬᠦ ᠪᠠ ᠪᠠᠶᠢᠷᠢᠯᠠᠭᠤᠯᠵᠤ᠂ ᠴᠠᠭ ᠬᠤᠭᠤᠴᠠᠭ᠎ᠠ ᠶᠢᠨ ᠬᠦᠰᠦᠨᠦᠭᠲᠦ᠂ | ᠵᠠᠮ ᠱᠤᠭᠤᠮ ᠤᠨ ᠵᠢᠷᠤᠭ ᠢ ᠲᠤᠳᠤᠷᠬᠠᠶᠢᠯᠠᠨ᠂ ᠠᠵᠢᠯ ᠢ ᠠᠬᠢᠭᠤᠯᠬᠤ ᠪᠠ ᠰᠢᠯᠭᠠᠨ ᠬᠢᠨᠠᠵᠤ ᠦᠨᠡᠯᠡᠬᠦ | ᠲᠣᠭᠲᠠᠴᠠ ᠶᠢ ᠪᠦᠷᠢᠨᠰᠢᠭᠦᠯᠵᠦ᠂ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠲᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠢ᠃ | 2. 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠪᠡᠷᠲᠡᠭᠡᠨ ᠵᠠᠰᠬᠠᠤ ᠣᠷᠣᠨ ᠤ | ᠲᠤᠰ ᠱᠠᠲᠤ ᠨᠢ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠪᠠᠶᠢᠭᠤᠯᠤᠮᠵᠢ᠂ ᠡᠭᠦᠷᠭᠡ | ᠴᠢᠳᠠᠪᠤᠷᠢ᠂ ᠣᠷᠣᠨ ᠲᠤᠭ᠎ᠠ᠂ ᠠᠵᠢᠯᠲᠠᠨ᠂ ᠬᠦᠷᠦᠩᠭᠡ ᠶᠢ ᠪᠦᠬᠦ᠋ᠢᠯᠡ ᠪᠠᠶᠢᠭᠤᠯᠤᠯ ᠤᠨ ᠳᠦᠷᠢᠮ ᠢᠶᠠᠷ | ᠰᠢᠯᠵᠢᠭᠦᠯᠦᠨ ᠲᠤᠰᠢᠶᠠᠬᠤ ᠪᠠ ᠵᠠᠷᠤᠳᠠᠯ ᠢ ᠨᠢ ᠬᠤᠪᠢᠶᠠᠷᠢᠯᠠᠨ ᠰᠢᠯᠵᠢᠭᠦᠯᠬᠦ ᠠᠵᠢᠯ ᠢ ᠪᠡᠶᠡᠯᠡᠭᠦᠯᠦᠨ᠎ᠡ︔ ᠡᠭᠦᠷᠭᠡ | ᠴᠢᠳᠠᠪᠤᠷᠢ ᠶᠢ ᠨᠢ ᠰᠢᠯᠵᠢᠭᠦᠯᠦᠨ ᠲᠤᠰᠢᠶᠠᠵᠤ ᠬᠦᠯᠢᠶᠡᠨ ᠠᠪᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ | ᠳᠣᠷᠤᠭᠰᠢ ᠲᠠᠷᠬᠠᠭᠠᠨ᠎ᠠ᠃ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ ᠤᠨ ᠬᠠᠷᠢᠶ᠎ᠠ ᠪᠦᠬᠦᠢ ᠦᠪᠡᠷᠲᠡᠭᠡᠨ ᠵᠠᠰᠬᠠᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ | ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠬᠠᠮᠢᠶᠠᠷᠤᠯᠲᠠ ᠶᠢᠨ ᠠᠯᠪᠠᠨ ᠭᠡᠷ ᠢ ᠦᠪᠡᠷᠲᠡᠭᠡᠨ ᠵᠠᠰᠠᠬᠤ ᠣᠷᠣᠨ ᠤ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠬᠤᠪᠢᠶᠠᠷᠢᠯᠠᠨ ᠡᠭᠡᠭᠦᠯᠵᠦ᠂ | ᠬᠠᠮᠢᠶ᠎ᠠ ᠪᠦᠬᠦᠢ ᠠᠵᠢᠯ ᠤᠨ ᠪᠠᠶᠢᠭᠤᠯᠤᠮᠵᠢ ᠶᠢ ᠦᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ | ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠡᠷᠦᠩᠬᠡᠶᠢᠯᠡᠨ ᠲᠣᠬᠢᠷᠠᠭᠤᠯᠤᠨ᠎ᠠ᠃ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠡᠭᠦᠷᠭᠡ ᠴᠢᠳᠠᠪᠤᠷᠢ ᠶᠢ ᠨᠢᠭᠡᠳᠭᠡᠵᠦ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠰᠠᠯᠠᠭ᠎ᠠ | ᠮᠦᠴᠢᠷ ᠤᠨ ᠡᠭᠦᠷᠭᠡᠯᠡᠵᠦ ᠪᠦᠬᠦᠢ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠠᠳᠠᠯᠢ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠦᠴᠢᠷ ᠲᠤ ᠬᠤᠪᠢᠶᠠᠷᠢᠯᠠᠨ ᠣᠷᠤᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠨᠤᠭᠤᠳ ᠣᠳᠣ ᠶᠢᠨ ᠪᠠᠶᠢᠭ᠎ᠠ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠭᠠᠷᠳᠠᠨ | ᠭᠦᠢᠴᠡᠳᠭᠡᠬᠦ ᠡᠬᠢ ᠪᠠᠶᠠᠯᠢᠭ ᠢ ᠭᠦᠢᠴᠡᠳ ᠠᠰᠢᠭᠯᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ᠂ ᠠᠵᠢᠯᠲᠠᠨ ᠪᠠ ᠮᠡᠳᠡᠭᠡ ᠵᠠᠩᠭᠢ ᠶᠢᠨ | ᠰᠢᠰᠲ᠋ᠧᠮ ᠢ ᠡᠮᠬᠢᠯᠡᠨ ᠨᠡᠶᠢᠯᠡᠭᠦᠯᠬᠦ ᠶᠢᠨ ᠬᠠᠮᠲᠤ᠂ ︽ᠣᠷᠣᠨ ᠲᠤᠭ᠎ᠠ ᠨᠢ ᠠᠵᠢᠯᠲᠠᠨ ᠤ ᠶᠠᠪᠤᠳᠠᠯ ᠢ ᠲᠠᠭᠠᠵᠤ᠂ | ᠬᠦᠮᠦᠨ ᠨᠢ ᠣᠷᠣᠨ ᠲᠤᠭ᠎ᠠ ᠶᠢ ᠲᠠᠭᠠᠬᠤ︾ ᠵᠠᠷᠴᠢᠮ ᠶᠣᠰᠤᠭᠠᠷ ᠠᠵᠢᠯᠲᠠᠨ ᠤ ᠣᠷᠣᠨ ᠲᠤᠭ᠎ᠠ ᠶᠢ ᠵᠣᠬᠢᠬᠤ | ᠬᠡᠮᠵᠢᠶ᠎ᠡ ᠪᠠᠷ ᠬᠤᠪᠢᠶᠠᠷᠢᠯᠠᠨ ᠰᠢᠯᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠳᠤ ᠲᠤᠰᠬᠠᠢ ᠪᠠ ᠬᠠᠪᠰᠤᠷᠭᠠᠭᠰᠠᠨ | ᠲᠤᠰᠢᠶᠠᠯ ᠲᠠᠢ ᠭᠠᠷᠳᠠᠨ ᠭᠦᠢᠴᠡᠳᠭᠡᠬᠦ ᠦᠢᠯᠡᠴᠢᠯᠡᠭᠡᠨ ᠤ ᠠᠵᠢᠯᠲᠠᠨ ᠢ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ | ᠣᠷᠣᠨ ᠨᠤᠭᠤᠳ ᠲᠣᠬᠠᠶᠢᠯᠠᠭᠰᠠᠨ ᠠᠵᠢᠯ ᠢ ᠦᠷᠨᠢᠭᠦᠯᠬᠦ ᠬᠡᠷᠡᠭᠴᠡᠭᠡ ᠶᠤᠰᠤᠭᠠᠷ ᠣᠷᠣᠨ ᠲᠤᠭ᠎ᠠ᠂ ᠠᠵᠢᠯᠲᠠᠨ ᠪᠠ | ᠵᠠᠷᠤᠳᠠᠯ ᠢ ᠲᠣᠬᠢᠷᠠᠭᠤᠯᠬᠤ ᠬᠡᠷᠡᠭᠲᠡᠢ᠃ | 3. 2016 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠦᠪᠡᠷᠲᠡᠭᠡᠨ ᠵᠠᠰᠠᠬᠤ | ᠣᠷᠣᠨ ᠠᠴᠠ ︽ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ | ᠳᠦᠷᠢᠮ ᠢ ᠪᠠᠶᠢᠭᠤᠯᠬᠤ ᠲᠣᠬᠠᠢ ᠰᠠᠨᠠᠯ︾ ᠢ ᠨᠡᠶᠢᠲᠡᠯᠡᠨ᠎ᠡ︔ ᠠᠶᠢᠮᠠᠭ ᠬᠤᠲᠠ ᠨᠢ ᠪᠣᠲᠠᠲᠠᠢ ᠡᠮᠬᠢᠯᠡᠨ ᠨᠡᠶᠢᠯᠡᠭᠦᠯᠬᠦ | ᠠᠵᠢᠯ ᠤᠨ ᠬᠡᠷᠡᠭᠵᠢᠭᠦᠯᠬᠦ ᠲᠦᠰᠦᠯ ᠢ ᠨᠡᠶᠢᠲᠡᠯᠡᠬᠦ ᠶᠢᠨ ᠬᠠᠮᠲᠤ᠂ ᠰᠢᠯᠵᠢᠭᠦᠯᠦᠨ ᠲᠤᠰᠢᠶᠠᠬᠤ ᠠᠵᠢᠯ ᠢ ᠪᠡᠶᠡᠯᠡᠭᠦᠯᠬᠦ | ᠬᠡᠷᠡᠭᠲᠡᠢ᠃ | 4. 2016 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠭᠤᠷᠪᠠᠨ ᠭᠠᠷᠴᠠᠭ︾ ᠢ | ᠨᠢᠭᠡᠳᠭᠡᠬᠦ ᠠᠵᠢᠯ ᠢ ᠪᠡᠶᠡᠯᠡᠭᠦᠯᠬᠦ ᠬᠡᠷᠡᠭᠲᠡᠢ᠃ | 5. 2016 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠢᠨᠠᠨ ᠪᠤᠳᠤᠬᠤ ᠵᠠᠬᠢᠷᠭ᠎ᠠ ᠶᠢᠨ | ᠪᠦᠬᠦ ᠤᠯᠤᠰ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠦᠩᠭᠦ ᠳᠤ ᠬᠢᠭᠰᠡᠨ ᠨᠢᠭᠡᠲᠦᠯᠲᠡᠢ ᠬᠢᠨᠠᠨ | ᠪᠣᠳᠤᠯᠲᠠ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠰᠠᠭᠤᠷᠢ | ᠮᠦᠩᠭᠦ ᠶᠢ ᠬᠢᠨᠠᠨ ᠪᠤᠳᠤᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ︔ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠦᠯᠵᠢᠶ᠎ᠡ ᠶᠢ | ᠡᠮᠬᠢᠯᠡᠨ ᠨᠡᠶᠢᠯᠡᠭᠦᠯᠬᠦ ᠠᠵᠢᠯ ᠢ ᠪᠡᠶᠡᠯᠡᠭᠦᠯᠬᠦ ᠬᠡᠷᠡᠭᠲᠡᠢ︔ ᠠᠶᠢᠮᠠᠭ ᠬᠤᠲᠠ ᠨᠢ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠪᠣᠲᠠᠲᠠᠢ ᠳᠦᠷᠢᠮ ᠢ ᠨᠡᠶᠢᠲᠡᠯᠡᠬᠦ ᠬᠡᠷᠡᠭᠲᠡᠢ᠃ | 6. 2017 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠨᠢᠭᠡᠲᠦᠯᠲᠡᠢ ᠳᠦᠷᠢᠮ ᠢ ᠡᠬᠢᠯᠡᠭᠦᠯᠵᠦ ᠬᠡᠷᠡᠭᠵᠢᠭᠦᠯᠬᠦ ᠪᠠᠷ | ᠴᠢᠷᠮᠠᠶᠢᠬᠤ ᠬᠡᠷᠡᠭᠲᠡᠢ᠃ | ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠳᠤᠲᠤᠷᠬᠠᠶᠢᠯᠠᠨ᠎ᠠ᠃ | ᠦᠪᠡᠷᠲᠡᠭᠡᠨ ᠵᠠᠰᠠᠬᠤ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ ᠨᠡᠶᠢᠯᠡᠭᠦᠯᠬᠦ ᠠᠵᠢᠯ ᠳᠤ ᠬᠤᠯᠪᠣᠭᠳᠠᠭᠰᠠᠨ ᠬᠠᠮᠢᠶ᠎ᠠ ᠪᠦᠬᠦᠢ | ᠪᠢᠴᠢᠭ ᠮᠠᠲ᠋ᠧᠷᠢᠶᠠᠯ ᠢ ᠲᠠᠷᠬᠠᠭᠠᠭᠰᠠᠨ ᠡᠳᠦᠷ ᠠᠴᠠ ᠡᠬᠢᠯᠡᠵᠦ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ ᠤᠳ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ | ᠡᠮᠬᠢᠯᠡᠨ ᠨᠡᠶᠢᠯᠡᠭᠦᠯᠬᠦ ᠶᠢ ᠬᠡᠷᠡᠭᠵᠢᠭᠦᠯᠬᠦ ᠠᠴᠠ ᠡᠮᠦᠨ᠎ᠡ᠂ ᠪᠠᠳᠤᠯᠠᠬᠤ ᠴᠢᠬᠤᠯᠠ ᠲᠠᠢ ᠣᠯᠭᠤᠮᠵᠢ ᠶᠢ ᠥᠭᠬᠦ ᠠᠴᠠ | ᠭᠠᠳᠠᠨ᠎ᠠ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ | ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠲᠥᠷᠥ ᠶᠢᠨ ᠪᠣᠳᠣᠯᠭ᠎ᠠ ᠳᠤ ᠳᠠᠬᠢᠵᠤ ᠲᠣᠬᠢᠷᠠᠭᠤᠯᠤᠯᠳᠠ ᠬᠢᠬᠦ | ᠦᠬᠡᠢ᠂ ᠡᠯ᠎ᠡ ᠱᠠᠲᠤᠨ ᠤ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ | ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ ᠬᠠᠮᠢᠶᠠᠷᠤᠯᠲᠠ᠂ ᠭᠠᠷᠳᠠᠨ ᠭᠦᠢᠴᠡᠳᠭᠡᠬᠦ | ᠪᠠᠶᠢᠭᠤᠯᠤᠮᠵᠢ᠂ ᠣᠷᠣᠨ ᠲᠤᠭ᠎ᠠ᠂ ᠠᠵᠢᠯᠲᠠᠨ ᠵᠢᠴᠢ ᠡᠳ᠋ ᠬᠤᠭᠰᠢᠯ ᠳᠤ ᠳᠠᠬᠢᠵᠤ ᠲᠣᠬᠢᠷᠠᠭᠤᠯᠤᠯᠲᠠ ᠬᠢᠬᠦ ᠦᠭᠡᠢ | ᠪᠠ ᠬᠤᠪᠢᠶᠠᠷᠢᠯᠠᠨ ᠰᠢᠯᠵᠢᠭᠦᠯᠬᠦ ᠦᠭᠡᠢ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ | ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠲᠤᠳᠤᠷᠬᠠᠶᠢᠯᠠᠵᠤ᠂ ᠲᠣᠭᠲᠠᠭᠠᠯ ᠠᠴᠠ ᠵᠦᠷᠢᠴᠡᠬᠦ ᠦᠢᠯᠡ ᠠᠵᠢᠯᠯᠠᠭ᠎ᠠ ᠶᠢ | ᠴᠢᠩᠭ᠎ᠠ ᠰᠡᠷᠭᠡᠶᠢᠯᠡᠨ᠂ ᠦᠪᠡᠷᠲᠡᠭᠡᠨ ᠵᠠᠰᠠᠬᠤ ᠣᠷᠣᠨ ᠤ ᠡᠮᠬᠢᠯᠡᠨ ᠨᠡᠶᠢᠯᠡᠭᠦᠯᠬᠦ ᠠᠵᠢᠯ ᠤᠨ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠤᠨ ᠲᠣᠭᠲᠠᠭᠠᠯ ᠪᠠ ᠰᠠᠬᠢᠯᠭ᠎ᠠ ᠪᠠᠲᠤ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ᠂ ᠬᠠᠮᠢᠶ᠎ᠠ | ᠪᠦᠬᠦᠢ ᠬᠦᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ | ︵ᠬᠤᠶᠠᠷ︶ ᠰᠢᠮᠳᠠᠭᠤᠯᠤᠨ ᠬᠢᠯᠭᠡᠵᠦ ᠬᠠᠮᠵᠢᠯᠴᠠᠬᠤ ᠶᠢ ᠴᠢᠩᠭᠠᠳᠬᠠᠨ᠎ᠠ᠃ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ ᠡᠮᠬᠢᠯᠡᠨ | ᠨᠡᠶᠢᠯᠡᠭᠦᠯᠬᠦ ᠨᠢ ᠪᠦᠬᠦ ᠣᠷᠣᠨ ᠤ ᠠᠷᠠᠳ ᠲᠦᠮᠡᠨ ᠤ ᠪᠤᠶᠠᠨ ᠵᠢᠷᠭᠠᠯ ᠳᠤ ᠬᠤᠯᠪᠣᠭᠳᠠᠭᠰᠠᠨ ᠴᠢᠬᠤᠯᠠ ᠶᠡᠭᠡ | ᠦᠭᠡᠷᠡᠴᠢᠯᠡᠯᠲᠡ ᠪᠦᠭᠡᠳ ᠨᠢᠭᠡ ᠵᠦᠢᠯ ᠤᠨ ᠲᠦᠢᠯ ᠤᠨ ᠲᠥᠪ ᠴᠢᠩᠭ᠎ᠠ ᠤᠯᠤᠰ ᠲᠥᠷᠥ ᠶᠢᠨ ᠡᠭᠦᠷᠭᠡ ᠪᠣᠯᠬᠤᠷ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠰᠢᠮᠳᠠᠭᠤᠯᠤᠨ ᠪᠠᠶᠢᠴᠠᠭᠠᠬᠤ ᠠᠭᠤᠯᠭ᠎ᠠ ᠳᠤ | ᠣᠷᠤᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠲᠠᠲᠠᠢ | ᠬᠡᠷᠡᠭᠵᠢᠭᠦᠯᠬᠦ ᠲᠦᠰᠦᠯ ᠢ ᠲᠣᠭᠲᠠᠭᠠᠬᠤ ᠶᠢᠨ ᠬᠠᠮᠲᠤ᠂ ᠬᠡᠷᠡᠭᠵᠢᠭᠦᠯᠬᠦ ᠲᠦᠰᠦᠯ ᠢ ᠪᠣᠲᠠᠲᠠᠢ ᠠᠵᠢᠯ ᠤᠨ | ᠲᠦᠯᠦᠪᠯᠡᠭᠡ ᠪᠣᠯᠭᠠᠨ ᠨᠠᠷᠢᠯᠢᠬᠵᠢᠭᠤᠯᠵᠤ᠂ ᠠᠵᠢᠯ ᠤᠨ ᠡᠭᠦᠷᠭᠡ᠂ ᠠᠵᠢᠯ ᠤᠨ ᠱᠠᠭᠠᠷᠳᠠᠯᠭ᠎ᠠ ᠪᠠ ᠠᠵᠢᠯ ᠤᠨ | ᠬᠠᠷᠢᠭᠤᠴᠠᠯᠭ᠎ᠠ ᠶᠢ ᠵᠦᠢᠯ ᠳᠠᠷᠠᠭᠠᠯᠠᠨ ᠲᠣᠳᠤᠷᠬᠠᠶᠢᠯᠠᠵᠤ᠂ ᠲᠦᠯᠦᠪᠯᠡᠭᠡ ᠶᠤᠰᠤᠭᠠᠷ ᠵᠦᠢᠯ ᠳᠠᠷᠠᠭᠠᠯᠠᠨ | ᠰᠢᠮᠳᠠᠭᠤᠯᠤᠨ ᠬᠢᠯᠭᠡᠵᠦ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠤᠰ | ᠲᠤᠰ ᠤᠨ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠤᠰᠤᠭᠠᠷ᠂ ᠬᠠᠷᠢᠭᠤᠴᠠᠯᠭ᠎ᠠ ᠪᠠᠨ ᠲᠤᠳᠤᠷᠬᠠᠶᠢᠯᠠᠵᠤ᠂ | ᠰᠠᠨᠠᠭᠠᠴᠢᠯᠠᠭ᠎ᠠ ᠠᠴᠠ ᠪᠠᠨ ᠬᠠᠮᠲᠤᠷᠠᠯᠴᠠᠨ᠂ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ | ᠬᠦᠴᠦᠨ ᠢ ᠪᠣᠢ ᠪᠣᠯᠭᠠᠨ᠂ ᠴᠠᠭ ᠤᠨ ᠵᠠᠩᠬᠢᠶᠠᠰᠤ ᠶᠤᠰᠤᠭᠠᠷ ᠵᠡᠷᠭᠡᠪᠡᠷ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ | ᠡᠮᠬᠢᠯᠡᠨ ᠨᠡᠶᠢᠯᠡᠭᠦᠯᠬᠦ ᠠᠵᠢᠯ ᠤᠨ ᠲᠣᠭᠲᠠᠭᠤᠨ ᠡᠮᠬᠢ ᠵᠢᠷᠤᠮ ᠲᠠᠢ᠂ ᠤᠷᠤᠭᠰᠢᠲᠠᠢ ᠠᠬᠢᠭᠤᠯᠤᠭᠳᠠᠬᠤ ᠶᠢ ᠦᠨᠡᠨᠬᠦ | ᠪᠠᠲᠤᠯᠠᠬᠤ ᠬᠡᠷᠡᠭᠲᠡᠢ᠃ | ︵ᠭᠤᠷᠪᠠ︶ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ | ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠠᠰᠢᠭᠯᠠᠨ᠂ ᠡᠮᠬᠢᠯᠡᠨ ᠨᠡᠶᠢᠯᠡᠭᠦᠯᠬᠦ ᠠᠵᠢᠯ ᠢ ᠵᠥᠪ | ᠲᠠᠯ᠎ᠠ ᠠᠴᠠ ᠤᠬᠠᠭᠤᠯᠬᠤ ᠪᠠ ᠶᠠᠷᠢᠶ᠎ᠠ ᠬᠡᠯᠡᠯᠴᠡᠭᠡ ᠪᠠᠷ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠲᠥᠷᠥ ᠶᠢᠨ | ᠪᠣᠳᠣᠯᠭ᠎ᠠ ᠶᠢ ᠴᠠᠭ ᠲᠣᠬᠠᠢ ᠳᠤᠨᠢ ᠵᠥᠪ ᠣᠨᠣᠪᠴᠢᠲᠠᠢ ᠤᠢᠢᠯᠠᠭᠠᠭᠤᠯᠤᠨ ᠲᠠᠶᠢᠯᠵᠦ᠂ ᠣᠯᠠᠨ ᠲᠦᠮᠡᠨ ᠤ | ᠠᠩᠬᠠᠷᠤᠯ ᠳᠤ ᠲᠣᠬᠢᠲᠠᠢ ᠬᠠᠷᠢᠭᠤ ᠲᠤᠰᠬᠠᠵᠤ᠂ ᠨᠡᠶᠢᠭᠡᠮ ᠤᠨ ᠵᠢᠱᠢᠯᠲᠡ ᠶᠢ ᠵᠦᠢ ᠵᠣᠬᠢᠰᠲᠠᠢ ᠬᠦᠲᠦᠯᠦᠨ | ᠵᠢᠯᠤᠭᠤᠳᠴᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠳᠦᠷᠢᠮ ᠢ | ᠡᠮᠬᠢᠯᠡᠨ ᠨᠡᠶᠢᠯᠡᠭᠦᠯᠬᠦ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ |