ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠢᠮᠳᠠᠭᠤᠯᠤᠨ ᠵᠢᠯᠣᠭᠤᠳᠬᠤ ᠳᠤᠭᠤᠶᠢᠯᠠᠩ ᠲᠣᠮᠢᠯᠠᠨ ᠠᠮᠤ ᠪᠤᠳᠠᠭᠠᠨ ᠤ ᠭᠤᠣᠯᠳᠠᠯᠭ᠎ᠠ ᠲᠠᠢ ᠠᠵᠢᠯ ᠳᠤ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2016/12/2
      ᠣᠷᠴᠢᠮᠬᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠢᠮᠳᠠᠭᠤᠯᠤᠨ ᠵᠢᠯᠣᠭᠤᠳᠬᠤ 4 ᠳᠤᠭᠤᠶᠢᠯᠠᠩ ᠲᠣᠮᠢᠯᠠᠵᠤ᠂ ᠪᠦᠬᠦ ᠣᠷᠣᠨ ᠤ ᠡᠯ᠎ᠡ ᠠᠶᠢᠮᠠᠭ ᠬᠤᠳᠠ ᠨᠤᠭᠤᠳ ᠲᠤ ᠭᠦᠨᠵᠡᠭᠡᠶᠢᠷᠡᠨ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠠᠶᠢᠮᠠᠭ ᠬᠤᠳᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠨ ᠰᠢᠯᠭᠠᠬᠤ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠵᠡᠷᠭᠡ ᠣᠳᠣᠬᠠᠨ ᠤ ᠠᠮᠤ ᠪᠤᠳᠠᠭᠠᠨ ᠤ ᠭᠤᠣᠯᠳᠠᠯᠭ᠎ᠠ ᠲᠠᠢ ᠠᠵᠢᠯ ᠳᠤ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠡᠨᠡ ᠵᠢᠯ ᠪᠣᠯ ᠠᠮᠤ ᠪᠤᠳᠠᠭᠠᠨ ᠤ ᠠᠮᠤᠷ ᠲᠥᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠬᠢᠭᠰᠡᠨ ᠠᠩᠬᠠᠳᠤᠭᠠᠷ ᠵᠢᠯ ᠪᠣᠯᠬᠤ ᠪᠠᠷ ᠪᠠᠷᠠᠬᠤ ᠦᠭᠡᠢ ᠪᠠᠰᠠ ᠴᠤ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠲᠥᠷᠢᠮ ᠤᠨ ᠥᠭᠡᠷᠡᠴᠢᠯᠡᠯᠲᠡ ᠶᠢᠨ ᠠᠩᠬᠠᠳᠠᠭᠴᠢ ᠵᠢᠯ ᠮᠥᠨ᠃ ᠲᠤᠰ ᠤᠳᠠᠭᠠᠨ ᠤ ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠶᠢ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠮᠤᠵᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠠᠶᠢᠮᠠᠭ ᠬᠤᠳᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠬᠢᠨᠠᠨ ᠰᠢᠯᠭᠠᠯᠲᠠ ᠶᠢ ᠦᠷᠨᠢᠭᠦᠯᠬᠦ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠬᠤ ᠶᠢᠨ ᠲᠤᠰᠠᠳᠠ᠂ ᠡᠯ᠎ᠡ ᠭᠠᠵᠠᠷ ᠢ ᠰᠢᠮᠳᠠᠭᠤᠯᠤᠨ ᠱᠠᠭᠠᠷᠳᠠᠵᠤ ᠪᠠᠶᠢᠭᠠᠳ ᠲᠤᠬᠠᠢ ᠶᠢᠨ ᠭᠠᠵᠠᠷ ᠤᠷᠤᠨ ᠤ ᠪᠠᠨ ᠠᠮᠤ ᠪᠤᠳᠠᠭᠠᠨ ᠤ ᠠᠮᠤᠷ ᠲᠥᠪᠰᠢᠨ ᠢ ᠪᠠᠲᠤᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠯᠭᠡᠵᠦ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠬᠢᠨᠠᠨ ᠰᠢᠯᠭᠠᠯᠲᠠ ᠪᠣᠯᠣᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠶᠢᠨ ᠲᠦᠯᠦᠭᠡ ᠬᠢᠭᠰᠡᠨ ᠶᠤᠮ᠃      ᠡᠯ᠎ᠡ ᠬᠢᠨᠠᠨ ᠵᠢᠯᠣᠭᠤᠳᠬᠤ ᠳᠤᠭᠤᠶᠢᠯᠠᠩ ᠨᠢ ᠡᠯ᠎ᠡ ᠭᠠᠵᠠᠷ ᠤᠨ ᠬᠢᠨ ᠤ ᠪᠣᠳᠠᠲᠠᠶ ᠠᠵᠢᠯ ᠤᠨ ᠳᠤᠮᠳᠠᠬᠢ ᠵᠠᠷᠢᠮ ᠰᠠᠶᠢᠨ ᠠᠷᠭ᠎ᠠ ᠬᠡᠮᠵᠢᠶ᠎ᠡ ᠪᠣᠯᠣᠨ ᠠᠷᠭ᠎ᠠ ᠪᠠᠷᠢᠯ ᠳᠤ ᠨᠤᠲᠠᠯᠠᠯᠲᠠ ᠣᠯᠭᠤᠵᠣ᠂ ᠡᠯ᠎ᠡ ᠭᠠᠵᠠᠷ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠵᠦ ᠴᠡᠭᠴᠡᠯᠡᠨ ᠰᠠᠶᠢᠵᠢᠷᠠᠭᠤᠯᠬᠤ ᠪᠣᠳᠠᠲᠠᠶ ᠰᠠᠨᠠᠯ ᠳᠤᠷᠠᠳᠴᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠨ᠎ᠠ᠃ ᠪᠠᠰᠠ ᠵᠠᠷᠢᠮ ᠠᠶᠢᠮᠠᠭ ᠬᠤᠲᠠ ᠨᠤᠭᠤᠳ ᠢ ᠵᠣᠬᠢᠶᠠᠨ ᠪᠠᠶᠢᠭᠤᠯᠤᠨ ︽2016 ᠣᠨ ᠤ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠠᠶᠢᠮᠠᠭ ᠬᠤᠳᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠬᠢᠨᠠᠨ ᠰᠢᠯᠭᠠᠵᠤ ᠬᠤᠪᠢ ᠣᠯᠭᠤᠬᠤ ᠬᠦᠰᠦᠨᠦᠭᠲᠦ︾᠎ ᠲᠠᠢ ᠬᠠᠷᠢᠴᠠᠭᠤᠯᠤᠨ ᠵᠦᠢᠯ ᠵᠤᠷᠪᠤᠰ ᠳᠠᠷᠠᠭᠠᠯᠠᠨ ᠥᠪᠡᠷ ᠢᠶᠠᠷ ᠨᠢ ᠪᠠᠶᠢᠴᠠᠭᠠᠯᠲᠠ ᠦᠨᠡᠯᠡᠯᠲᠡ ᠬᠢᠯᠭᠡᠵᠦ᠂ ᠠᠶᠢᠮᠠᠭ ᠬᠤᠲᠠ ᠶᠢᠨ ᠬᠢᠨ ᠤ ᠬᠢᠨᠠᠨ ᠰᠢᠯᠭᠠᠬᠤ ᠭᠦᠢᠴᠡᠳᠬᠡᠯ ᠲᠤᠭ᠎ᠠ᠂ ᠬᠤᠪᠢ ᠣᠯᠭᠤᠬᠤ ᠪᠠᠷᠢᠮᠵᠢᠶ᠎ᠠ ᠶᠢ ᠣᠨᠣᠪᠴᠢᠲᠠᠶ ᠤᠢᠢᠯᠠᠭᠠᠨ ᠡᠵᠡᠮᠳᠡᠬᠦ ᠶᠢ ᠴᠢᠩᠭᠠᠳᠬᠠᠵᠤ᠂ ᠲᠤᠬᠠᠶ ᠶᠢᠨ ᠭᠠᠵᠠᠷ ᠤᠨ ᠬᠢᠨ ᠤ ᠦᠪᠡᠷ ᠤᠨ ᠪᠠᠶᠢᠴᠠᠭᠠᠯᠲᠠ ᠦᠨᠡᠯᠡᠯᠲᠡ ᠶᠢᠨ ᠪᠠᠶᠢᠳᠠᠯ ᠢ ᠨᠢ ᠦᠨᠳᠦᠰᠦᠯᠡᠨ ᠴᠡᠭᠴᠡᠯᠡᠨ ᠰᠠᠶᠢᠵᠢᠷᠠᠭᠤᠯᠵᠤ ᠳᠤᠲᠠᠭᠳᠠᠯ ᠢᠶᠠᠨ ᠨᠥᠬᠦᠪᠥᠷᠢᠯᠡᠬᠦ ᠠᠵᠢᠯ ᠢᠶᠠᠨ ᠤᠯᠠᠮ ᠰᠠᠶᠢᠲᠤᠷ ᠬᠢᠬᠦ ᠶᠢ ᠨᠢ ᠵᠢᠭᠠᠨ ᠵᠢᠯᠣᠭᠤᠳᠪᠠ᠃      ᠡᠯ᠎ᠡ ᠳᠤᠭᠤᠶᠢᠯᠠᠩ ᠨᠢ ᠪᠠᠰᠠ ᠰᠤᠷᠲᠠᠯ ᠤᠬᠠᠭᠤᠯᠭ᠎ᠠ ᠪᠣᠯᠣᠨ ᠪᠠᠶᠢᠴᠠᠭᠠᠨ ᠰᠤᠳᠤᠯᠤᠯᠲᠠ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠠᠶᠢᠨ᠎ᠠ᠃ ᠶᠠᠷᠢᠯᠴᠠᠬᠤ ᠬᠤᠷᠠᠯ ᠬᠤᠷᠠᠯᠳᠤᠭᠤᠯᠬᠤ ᠪᠠᠷ ᠳᠠᠮᠵᠢᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠶᠢᠨ ᠬᠤᠯᠪᠣᠭᠳᠠᠯ ᠪᠦᠬᠦᠢ ᠳᠦᠷᠢᠮ ᠤᠨ ᠠᠭᠤᠯᠭ᠎ᠠ᠂ ᠭᠦᠢᠴᠡᠳᠬᠡᠯ ᠲᠤᠭ᠎ᠠ ᠶᠢᠨ ᠪᠠᠷᠢᠮᠵᠢᠶ᠎ᠠ ᠪᠣᠯᠣᠨ ᠠᠮᠤ ᠪᠤᠳᠠᠭ᠎ᠠ ᠬᠤᠳᠠᠯᠳᠤᠨ ᠠᠪᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠨ ᠤᠬᠠᠭᠤᠯᠵᠤ᠂ ᠡᠯ᠎ᠡ ᠭᠠᠵᠠᠷ ᠤᠨ ᠬᠢᠨ ᠤ ᠬᠢᠨᠠᠨ ᠰᠢᠯᠭᠠᠯᠲᠠ ᠶᠢᠨ ᠠᠵᠢᠯ ᠤᠨ ᠪᠣᠰᠤᠳᠴᠢ ᠴᠢᠨᠠᠷ ᠢ ᠬᠡᠷᠬᠢᠨ ᠪᠠᠲᠤᠯᠠᠬᠤ᠂ ᠬᠢᠨᠠᠨ ᠰᠢᠯᠭᠠᠬᠤ ᠵᠢᠯᠤᠭᠤᠳᠤᠭᠴᠢ ᠶᠢᠨ ᠦᠢᠯᠡᠳᠦᠯ ᠢ ᠬᠡᠷᠬᠢᠨ ᠰᠠᠶᠢᠲᠤᠷ ᠪᠠᠳᠠᠷᠠᠭᠤᠯᠬᠤ ᠵᠡᠷᠭᠡ ᠲᠠᠯ ᠪᠠᠷ ᠰᠠᠨᠠᠯ ᠪᠣᠯᠣᠨ ᠰᠠᠨᠠᠭᠤᠯᠭ᠎ᠠ ᠶᠢ ᠦᠷᠭᠡᠨ ᠢᠶᠠᠷ ᠰᠣᠨᠤᠰᠤᠭᠰᠠᠨ ᠪᠠᠶᠢᠨ᠎ᠠ᠃ ᠠᠮᠤ ᠪᠤᠳᠠᠭᠠᠨ ᠤ ᠭᠤᠣᠯᠳᠠᠯᠭ᠎ᠠ ᠲᠠᠢ ᠭᠠᠷᠤᠯᠲᠠ ᠶᠢᠨ ᠣᠷᠣᠨ ᠳᠤ᠂ ᠡᠯ᠎ᠡ ᠬᠢᠨᠠᠨ ᠵᠢᠯᠣᠭᠤᠳᠬᠤ ᠳᠤᠭᠤᠶᠢᠯᠠᠩ ᠨᠢ ᠬᠤᠰᠢᠭᠤ ᠰᠢᠶᠠᠨ ᠤ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠠᠵᠤ ᠠᠬᠤᠶᠢᠯᠠᠯ᠂ ᠠᠮᠤ ᠪᠤᠳᠠᠭ᠎ᠠ ᠲᠠᠷᠢᠭᠴᠢ ᠪᠣᠯᠣᠨ ᠠᠮᠤ ᠪᠤᠳᠠᠭ᠎ᠠ ᠵᠠᠭᠤᠴᠢᠯᠠᠭᠴᠢ ᠶᠢ ᠳᠠᠰᠢᠷᠠᠮ ᠢᠶᠠᠷ ᠰᠤᠷᠪᠤᠯᠵᠢᠯᠠᠵᠤ᠂ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠲᠥᠷᠢᠮ ᠤᠨ ᠥᠭᠡᠷᠡᠴᠢᠯᠡᠯᠲᠡ ᠶᠢᠨ ᠠᠬᠢᠴᠠ ᠪᠣᠯᠣᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠣᠶᠢᠯᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号