12 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ | ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠢᠨ ᠨᠠᠢᠮᠠᠳᠤᠭᠠᠷ | ᠬᠤᠷᠠᠯ ᠡᠯ᠎ᠠ ᠵᠦᠪᠯᠡᠭᠦ ᠵᠦᠢᠯᠡᠰ ᠢᠶᠠᠨ ᠠᠮᠵᠢᠯᠳᠠ ᠲᠠᠢ ᠲᠠᠭᠤᠰᠬᠠᠭᠠᠳ ᠬᠦᠬᠡᠬᠤᠳᠠ ᠳᠤ ᠠᠮᠵᠢᠯᠳᠠ ᠲᠠᠢ ᠲᠡᠭᠦᠰᠪᠡ᠃ | ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠢ 2017 ᠣᠨ ᠤ 1 ᠳ᠋ᠦ᠋ᠭᠡᠷ ᠰᠠᠷ᠎ᠠ ᠶᠢᠨ 14 ᠤ | ᠡᠳᠦᠷ ᠬᠦᠬᠡᠬᠤᠳᠠ ᠳᠤ ᠬᠤᠷᠠᠯᠳᠤᠭᠤᠯᠬᠤ ᠪᠠᠷ ᠲᠤᠬᠳᠠᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠤᠳᠤ ᠪᠠᠶᠢᠭ᠎ᠠ ᠪᠦᠷᠢᠯᠳᠦᠭᠦᠨ 61 ᠬᠦᠮᠦᠨ ᠪᠣᠢ᠂ 54 ᠭᠦᠮᠦᠨ | ᠬᠤᠷᠠᠯ ᠳᠤ ᠣᠷᠣᠯᠴᠠᠵᠣ᠂ ᠬᠠᠤᠯᠢ ᠲᠤ ᠲᠤᠬᠳᠠᠭᠠᠬᠰᠠᠨ ᠬᠦᠮᠦᠨ ᠤ ᠲᠤᠭ᠎ᠠ ᠲᠠᠢ ᠨᠡᠶᠢᠴᠡᠪᠡ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠶᠢᠨ ᠲᠡᠳ᠋ ᠡᠷᠬᠢᠯᠡᠭᠴᠢ ᠬᠤᠷᠴᠡ ᠬᠤᠷᠠᠯ ᠡᠷᠬᠢᠯᠡᠵᠦ᠂ ᠲᠡᠳ᠋ ᠡᠷᠬᠢᠯᠡᠭᠴᠢ ᠳ᠋ᠦ᠋ ᠽᠢ᠂ ᠬᠠᠨᠭ᠌ ᠭᠦᠢ ᠯᠢᠨ᠂ | ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋ ᠵᠢᠴᠢ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠬᠤᠷᠠᠯ | ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠴᠠᠩ ᠵᠢᠶᠦ᠋ᠨ ᠵᠸᠡᠭ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ ᠬᠤ᠋ ᠢ ᠹᠸᠡᠭ ᠬᠤᠷᠠᠯ ᠳᠤ | ᠰᠤᠯᠠ ᠤᠷᠤᠯᠴᠠᠵᠠᠢ᠃ | ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠴᠢᠬᠤᠯᠠ ᠵᠦᠢᠯᠡᠰ ᠢ ᠶᠠᠷᠢᠯᠴᠠᠨ ᠲᠤᠬᠳᠠᠭᠠᠬᠤ ᠲᠤᠬᠳᠠᠭᠠᠯ︾ ᠳᠤ | ᠵᠠᠰᠠᠪᠤᠷᠢ ᠤᠷᠤᠭᠤᠯᠬᠤ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ ᠢ ᠪᠠᠳᠤᠯᠠᠵᠦ᠂ ︽ᠭᠦᠬᠡᠬᠤᠳᠠ ᠶᠢᠨ ᠰᠢᠳᠠᠮᠠᠬᠠᠢ ᠭᠡᠢ ᠶᠢᠨ | ᠬᠠᠮᠢᠶᠠᠷᠤᠯᠳᠠ ᠶᠢᠨ ᠲᠦᠷᠢᠮ︾᠂ ︽ᠬᠦᠯᠦᠨ ᠪᠤᠶᠢᠷ ᠬᠤᠳᠠ ᠶᠢᠨ ᠬᠤᠳᠠ ᠶᠢᠨ ᠳᠦᠷᠢ ᠳᠦᠷᠬᠦ ᠪᠠ ᠤᠷᠴᠢᠨ | ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠷᠢᠮ︾᠂ ︽ᠲᠦᠡᠭᠯᠢᠶᠤᠤ ᠬᠤᠳᠠ ᠶᠢᠨ ᠬᠤᠳᠠ ᠶᠢᠨ | ᠳᠦᠷᠢ ᠳᠦᠷᠬᠦ ᠪᠠ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠷᠢᠮ︾᠂ ︽ | ᠤᠯᠠᠭᠠᠨᠬᠠᠳᠠ ᠬᠤᠳᠠ ᠶᠢᠨ ᠣᠯᠠᠭᠠᠨ ᠬᠠᠳᠠ ᠰᠤᠶᠤᠯ ᠤᠨ ᠪᠠᠭᠤᠷᠢ ᠶᠢᠨ ᠰᠦᠷᠦᠭᠵᠢᠯ ᠤᠨ ᠬᠠᠮᠠᠭᠠᠯᠠᠯᠳᠠ ᠶᠢᠨ | ᠲᠦᠷᠢᠮ︾᠂ ︽ᠤᠷᠳᠤᠰ ᠬᠤᠳᠠ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ︾᠂ ︽ᠦᠬᠠᠢ | ᠬᠤᠳᠠ ᠶᠢᠨ ᠬᠠᠶᠢᠷᠤᠪ ᠤᠨ ᠲᠤᠬᠤᠢ ᠠᠮᠢ ᠠᠬᠤᠢ ᠶᠢᠨ ᠠᠭᠤᠯᠤᠬᠳᠠᠴᠠᠳᠤ ᠤᠷᠤᠨ ᠤ ᠬᠠᠮᠠᠭᠠᠯᠠᠯᠳᠠ ᠶᠢᠨ ᠲᠦᠷᠢᠮ︾ | ᠢ ᠵᠦᠪᠰᠢᠶᠡᠷᠡᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ | ᠳᠲ᠋ᠦ᠋ᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠤᠬᠳᠠᠭᠠᠯ᠂ | 2016 ᠣᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠡᠩ ᠤᠨ ᠤᠯᠠᠨ ᠨᠡᠶᠢᠳᠡ ᠶᠢᠨ ᠲᠦᠰᠦᠪ ᠲᠤ | ᠲᠤᠬᠢᠷᠠᠭᠤᠯᠤᠯᠳᠠ ᠬᠢᠬᠦ ᠲᠦᠰᠦᠯ ᠢ ᠵᠦᠪᠰᠢᠶᠡᠷᠡᠭᠦ ᠲᠤᠬᠠᠢ ᠰᠢᠢᠳᠪᠤᠷᠢ᠂ ᠦᠪᠡᠷᠳᠡᠭᠡᠨ ᠵᠠᠰᠠᠬᠤ ᠤᠷᠤᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠲᠤᠰᠢᠶᠠᠬᠰᠠᠨ 5 ᠳ᠋ᠤᠭᠠᠷ ᠨᠤᠮᠧᠷᠳᠤ ᠰᠠᠨᠠᠯ ᠵᠦᠪᠯᠡᠯᠭᠡ ᠶᠢ ᠰᠢᠢᠳᠪᠤᠷᠢᠯᠡᠭᠰᠡᠨ | ᠰᠠᠨᠠᠯ ᠤᠨ ᠮᠡᠳᠡᠭᠦᠯᠦᠯᠳᠡ ᠵᠡᠷᠭᠡ ᠶᠢ ᠳᠣᠰ ᠳᠣᠰ ᠪᠠᠳᠤᠯᠠᠵᠦ᠂ ᠠᠵᠢᠯᠳᠠᠨ ᠤ ᠶᠠᠪᠤᠳᠠᠯ ᠤᠨ ᠲᠤᠰᠢᠶᠠᠯ ᠳᠤ | ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠳᠤᠯᠠᠵᠠᠢ᠃ | ᠬᠤᠷᠠᠯ ᠠᠴᠠ ᠵᠢᠭᠠᠵᠦ ᠭᠠᠷᠭᠠᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠪᠤᠯ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠ᠂ ᠳᠥᠷᠪᠡ᠂ | ᠲᠠᠪᠤ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠦ᠂ ᠦᠪᠡᠷᠳᠡᠭᠡᠨ | ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠪᠠ | ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠤᠬᠳᠤᠬᠤ ᠰᠢᠨ᠎ᠠ ᠪᠠᠶᠢᠳᠠᠯ ᠲᠤᠤᠷ᠎ᠠ | ᠬᠤᠷᠠᠯᠳᠤᠭᠤᠯᠬᠤ ᠨᠢᠭᠡ ᠤᠳᠠᠭ᠎ᠠ ᠶᠢᠨ ᠴᠢᠬᠤᠯᠠ ᠬᠤᠷᠠᠯ ᠪᠤᠯᠤᠨ᠎ᠠ᠃ ᠬᠤᠷᠠᠯ ᠠᠴᠠ ᠵᠠᠰᠠᠬ ᠤᠨ ᠤᠷᠳᠤᠨ ᠤ ᠠᠵᠢᠯ | ᠤᠨ ᠢᠯᠡᠳᠭᠡᠯ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ︽ᠬᠤᠶᠠᠷ | ᠬᠤᠷᠢᠶ᠎ᠠ︾ ᠶᠢᠨ ᠠᠵᠢᠯ ᠤᠨ ᠮᠡᠳᠡᠭᠦᠯᠦᠯᠳᠡ ᠶᠢ ᠰᠣᠨᠣᠰᠣᠨ ᠬᠢᠨᠠᠨ ᠵᠦᠪᠯᠡᠵᠦ᠂ ᠦᠪᠡᠷᠳᠡᠭᠡᠨ ᠵᠠᠰᠠᠬᠤ ᠤᠷᠤᠨ ᠤ | ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠡᠯ᠎ᠠ ᠲᠠᠯ᠎ᠠ ᠶᠢᠨ ᠠᠵᠢᠯ ᠢ ᠪᠠᠶᠢᠷᠢᠯᠠᠭᠤᠯᠬᠤ ᠪᠦᠭᠡᠳ ᠪᠠᠰᠠ | ᠰᠤᠩᠭᠤᠭᠤᠯᠢ ᠬᠢᠬᠦ ᠪᠤᠯᠤᠨ᠎ᠠ᠃ ᠡᠯ᠎ᠠ ᠬᠠᠮᠢᠶ᠎ᠠ ᠪᠦᠭᠦᠢ ᠲᠠᠯ᠎ᠠ ᠶᠢᠨ ᠬᠢᠨ ᠲᠡᠭᠡᠳᠤ ᠬᠡᠮᠵᠢᠶᠠᠨ ᠤ ᠤᠯᠤᠰ ᠲᠦᠷᠦ ᠶᠢᠨ | ᠬᠠᠷᠢᠭᠤᠴᠠᠯᠭᠠᠳᠤ ᠰᠡᠳᠭᠢᠯᠭᠡ ᠪᠠ ᠲᠡᠤᠭᠡᠨ ᠡᠭᠦᠷᠭᠡᠳᠦ ᠰᠡᠳᠭᠢᠯᠭᠡ ᠪᠠᠷ ᠡᠯ᠎ᠠ ᠵᠦᠢᠯ ᠤᠨ ᠪᠡᠯᠡᠳᠭᠡᠯ ᠠᠵᠢᠯ ᠪᠠ | ᠦᠢᠯᠡᠴᠢᠯᠡᠭᠡ ᠪᠠᠳᠤᠯᠠᠪᠣᠷᠢ ᠶᠢᠨ ᠠᠵᠢᠯ ᠢ ᠴᠢᠨᠠᠷᠯᠢᠭ ᠪᠡᠶᠡᠯᠡᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠤᠷᠤᠬᠰᠢᠳᠠᠢ ᠶᠠᠪᠤᠬᠳᠠᠵᠦ᠂ ᠲᠡᠭᠦᠰ ᠠᠮᠵᠢᠯᠳᠠ ᠣᠯᠬᠤ ᠶᠢ ᠪᠠᠳᠤᠯᠠᠬᠤ ᠬᠡᠷᠡᠭᠳᠡᠢ ᠬᠡᠪᠡ᠃ | ᠬᠤᠷᠠᠯ ᠠᠴᠠ ᠴᠢᠬᠤᠯᠠᠴᠢᠯᠠᠬᠰᠠᠨ ᠨᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯᠭ᠎ᠠ ᠶᠢᠨ ᠡᠯ᠎ᠠ ᠰᠠᠯᠠᠭ᠎ᠠ ᠮᠦᠴᠢᠷ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠡᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ | ᠦᠷᠭᠦᠯᠵᠢᠯᠠᠨ ᠰᠠᠶᠢᠳᠤᠷ ᠠᠳᠬᠤᠵᠦ᠂ ᠨᠡᠩ ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠠᠵᠢᠯ ᠢ ᠦᠪᠡᠷᠳᠡᠭᠡᠨ ᠵᠠᠰᠠᠬᠤ ᠤᠷᠤᠨ ᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠶᠡᠭᠡ | ᠳᠠᠯ᠎ᠠ ᠳᠤ ᠳᠠᠯᠪᠢᠨ ᠰᠡᠳᠭᠢᠵᠦ᠂ ᠲᠦᠯᠦᠪᠵᠢᠭᠦᠯᠵᠦ᠂ ᠠᠬᠢᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠶᠢᠨ ᠴᠢᠬᠤᠯᠠ ᠴᠢᠨᠠᠷ ᠲᠤᠯᠭᠠᠮ᠎ᠠ ᠴᠢᠨᠠᠷ ᠤᠨ ᠲᠤᠬᠠᠢ ᠲᠠᠨᠢᠯᠳᠠ ᠪᠠᠨ ᠲᠠᠰᠤᠷᠠᠯᠳᠠ ᠦᠭᠡᠢ ᠬᠦᠨᠵᠡᠭᠡᠶᠢᠷᠡᠭᠦᠯᠵᠦ᠂ | ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠠᠷ ᠲᠠᠮᠵᠢᠨ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠭᠤᠯᠣᠯ ᠭᠡᠭᠦ ᠡᠨᠡ ᠭᠦ ᠦᠨᠳᠦᠰᠦᠨ ᠤᠯᠤᠰ ᠲᠦᠷᠦ ᠶᠢᠨ ᠪᠠᠶᠢᠭᠤᠯᠣᠯ ᠤᠨ ᠦᠢᠯᠡᠳᠤᠯ ᠪᠠ | ᠲᠠᠪᠠᠭᠤᠯᠢᠭ ᠢ ᠨᠠᠩ ᠰᠠᠶᠢᠳᠣᠷ ᠪᠠᠳᠠᠷᠠᠭᠤᠯᠵᠦ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ | ᠨᠡᠩ ᠦᠵᠡᠰᠭᠦᠯᠠᠩᠳᠤ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ | ᠦᠵᠡᠭᠦᠯᠭᠦ ᠬᠡᠷᠡᠭᠳᠡᠢ ᠬᠡᠪᠡ᠃ |