ᠥᠪᠥᠷ ᠮᠣᠩᠭᠤᠯ ᠡᠨᠡ ᠡᠪᠦᠯ ᠢᠷᠡᠬᠦ ᠬᠠᠪᠤᠷ ᠤᠨ ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2016/12/2
      ︽ᠪᠥᠬᠦ ᠣᠷᠣᠨ ᠤ ᠡᠨᠡ ᠡᠪᠦᠯ ᠢᠷᠡᠬᠦ ᠬᠠᠪᠤᠷ ᠤᠨ ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ ᠠᠵᠢᠯ ᠤᠨ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶᠎ ᠢ ᠣᠷᠴᠢᠮᠬᠠᠨ ᠠᠯᠪᠠᠨ ᠶᠣᠰᠣᠭᠠᠷ ᠨᠡᠶᠢᠲᠡᠯᠡᠪᠡ᠂ ︽ᠲᠥᠰᠦᠯ︾᠎ ᠳᠤ ᠲᠣᠳᠣᠷᠬᠠᠶᠢᠯᠠᠭᠰᠠᠨ ᠨᠢ᠂ ᠣᠳᠣ ᠠᠴᠠ ᠡᠬᠢᠯᠡᠨ 2017 ᠣᠨ ᠤ 3 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠥᠪᠥᠷ ᠮᠣᠩᠭᠤᠯ ᠡᠨᠡ ᠡᠪᠦᠯ ᠢᠷᠡᠬᠦ ᠬᠠᠪᠤᠷ ᠤᠨ ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠥᠮᠥᠨ ᠠᠲᠡᠬᠦ ᠨᠡᠯᠢᠶᠡᠳ ᠶᠡᠭᠡ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ ᠪᠠ ᠴᠥᠬᠡᠳᠬᠡᠵᠦ᠂ ᠣᠨᠴᠠ ᠶᠡᠭᠡ ᠢᠯᠠᠩᠭᠤᠶ᠎ᠠ ᠣᠯᠠᠨ ᠬᠥᠮᠦᠨ ᠠᠲᠡᠵᠦ ᠰᠢᠷᠬᠠᠲᠤᠭᠤᠯᠬᠤ ᠭᠠᠯ ᠤᠨ ᠭᠠᠮᠰᠢᠭ ᠢ ᠲᠠᠰᠤ ᠬᠤᠷᠢᠭᠯᠠᠵᠤ᠂ ᠪᠥᠬᠦ ᠣᠷᠣᠨ ᠤ ᠭᠠᠯ ᠤᠨ ᠠᠶᠤᠯ ᠤᠨ ᠪᠠᠶᠢᠳᠠᠯ ᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃      ︽ᠲᠥᠰᠦᠯ︾᠎ ᠳᠤ ᠲᠣᠳᠣᠷᠬᠠᠶᠢᠯᠠᠭᠰᠠᠨ ᠨᠢ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠶᠡᠷᠦᠩᠬᠡᠶᠢᠯᠡᠨ ᠵᠠᠰᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠭᠠᠯ ᠤᠨᠲᠠᠷᠠᠭᠠᠬᠤ ᠠᠶᠤᠯ ᠦᠭᠡᠢ ᠨᠡᠶᠢᠭᠡᠮ ᠲᠣᠭᠤᠷᠢᠭ ᠢ ᠪᠠᠶᠢᠭᠤᠯᠬᠤ︾ ᠠᠵᠢᠯᠯᠠᠭ᠎ᠠ ᠶᠢ ᠶᠡᠭᠡ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠠᠰᠠᠷ ᠬᠤᠷᠢᠶᠠᠯᠠᠯ ᠪᠦᠷᠢ ᠡᠷᠬᠡᠪᠰᠢ ᠰᠠᠭᠤᠭᠠᠯᠢ ᠠᠷᠠᠳ ᠤᠨ ᠨᠡᠶᠢᠭᠡᠮ ᠲᠣᠭᠤᠷᠢᠭ᠂ ᠣᠷᠣᠨ ᠰᠠᠭᠤᠴᠠ ᠶᠢᠨ ᠠᠰᠠᠷ ᠨᠢᠭᠡᠪᠦᠷᠢ ᠭᠠᠯ ᠤᠨᠲᠠᠷᠠᠭᠠᠬᠤ ᠠᠶᠤᠯ ᠦᠭᠡᠢ ᠬᠠᠮᠢᠶᠠᠷᠤᠯᠲᠠ ᠶᠢᠨ ᠨᠢᠭᠡᠴᠡ ᠶᠢ ᠲᠣᠳᠣᠷᠬᠠᠶᠢᠯᠠᠵᠤ᠂ ᠡᠳᠦᠷ ᠲᠤᠳᠤᠮ ᠤᠨ ᠭᠠᠯ ᠤᠨᠲᠠᠷᠠᠭᠠᠬᠤ ᠪᠠᠶᠢᠴᠠᠭᠠᠯᠲᠠ᠂ ᠤᠬᠠᠭᠤᠯᠭ᠎ᠠ ᠬᠥᠮᠦᠵᠢᠯ᠂ ᠪᠣᠯᠪᠠᠰᠤᠷᠠᠯ ᠤᠨ ᠰᠣᠷᠢᠯᠲᠠ ᠵᠡᠷᠭᠡ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠷᠬᠡᠪᠰᠢ ᠲᠠᠷᠬᠠᠭᠠᠨ ᠵᠠᠶᠢᠯᠠᠭᠤᠯᠬᠤ ᠵᠠᠮ᠂ ᠠᠶᠤᠯ ᠦᠭᠡᠢ ᠭᠠᠷᠴᠠ ᠵᠢᠴᠢ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠰᠠᠭᠠᠳ ᠦᠭᠡᠢ ᠪᠠᠶᠢᠯᠭᠠᠬᠤ ᠬᠡᠷᠡᠭᠲᠡᠢ᠂ ᠲᠠᠷᠬᠠᠭᠠᠨ ᠵᠠᠶᠢᠯᠠᠭᠤᠯᠬᠤ ᠵᠠᠮ ᠲᠣᠲᠣᠷ᠎ᠠ ᠲᠣᠭᠲᠠᠭᠠᠯ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠲᠡᠷᠭᠡ ᠲᠠᠯᠪᠢᠵᠤ ᠪᠣᠯᠬᠤ ᠦᠭᠡᠢ᠂ ᠲᠠᠷᠬᠠᠭᠠᠨ ᠶᠠᠪᠤᠭᠤᠯᠬᠤ ᠵᠡᠮ᠂ ᠬᠤᠭᠤᠯᠠᠶ ᠶᠢᠨ ᠬᠤᠳᠳᠤᠭ ᠭᠤᠤᠷᠰᠤ ᠵᠡᠷᠭᠡ ᠤᠯᠠᠨ ᠨᠡᠶᠢᠲᠡ ᠶᠢᠨ ᠣᠷᠴᠢᠨ ᠲᠣᠭᠤᠷᠢᠨ ᠵᠢᠴᠢ ᠴᠠᠬᠢᠯᠭᠠᠨ ᠬᠡᠮᠵᠢᠭᠦᠷ ᠤᠨ ᠬᠠᠶᠢᠷᠴᠠᠭ ᠤᠨ ᠣᠷᠴᠢᠮ ᠰᠢᠲᠠᠮᠠᠬᠠᠶ ᠶᠠᠭᠤᠮ᠎ᠠ ᠣᠪᠣᠭᠠᠯᠠᠵᠤ ᠪᠣᠯᠬᠤ ᠤᠢᠭᠡᠢ᠂ ᠴᠠᠬᠢᠯᠭᠠᠨ ᠬᠡᠢ ᠶᠢᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠵᠠᠯᠭᠠᠵᠤ ᠪᠣᠯᠬᠤ ᠤᠢᠭᠡᠢ᠂ ᠪᠣᠰᠤᠭ᠎ᠠ ᠬᠤᠳᠳᠤᠭ ᠤᠨ ᠭᠠᠯ ᠰᠡᠷᠭᠡᠶᠢᠯᠡᠬᠦ ᠪᠢᠲᠡᠭᠦᠮᠵᠢ ᠶᠢ ᠴᠢᠩᠭ᠎ᠠ ᠪᠠᠬᠢᠯᠡᠵᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠳᠤ ᠴᠠᠬᠢᠯᠭᠠᠨ ᠴᠡᠨᠡᠭᠯᠡᠬᠦ ᠶᠢ ᠵᠢᠷᠤᠮᠵᠢᠭᠤᠯᠤᠨ ᠬᠠᠮᠢᠶᠠᠷᠬᠤ ᠬᠡᠷᠡᠭᠲᠡᠶ᠃ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ ᠨᠢ ᠡᠭᠡᠯᠵᠢ ᠤᠳᠠᠭ᠎ᠠ ᠪᠦᠷᠢ ᠳᠤ ᠠᠳᠠᠭ ᠲᠠᠭᠠᠨ 3 ᠲᠤᠰᠬᠠᠶ ︵ᠬᠠᠪᠰᠤᠷᠭᠠᠭᠰᠠᠨ︶ ᠲᠤᠰᠢᠶᠠᠯᠳᠤ ᠭᠠᠯ ᠤᠨᠲᠠᠷᠠᠭᠠᠭᠴᠢ 24 ᠴᠠᠭ ᠲᠤ ᠠᠵᠢᠯ ᠤᠨ ᠪᠠᠶᠢᠷᠢ ᠪᠠᠨ ᠰᠠᠬᠢᠬᠤ ᠶᠢ ᠦᠨᠡᠨ ᠬᠦ ᠪᠠᠲᠤᠯᠠᠵᠤ᠂ ᠭᠠᠯ ᠰᠡᠷᠭᠡᠶᠢᠯᠡᠯᠲᠡ ᠶᠢᠨ ᠰᠥᠨᠢ ᠶᠢᠨ ᠴᠠᠭᠳᠠᠨ ᠪᠠᠶᠢᠴᠠᠭᠠᠯᠲᠠ ᠶᠢ ᠴᠢᠩᠭᠠᠳᠬᠠᠵᠤ᠂ ᠭᠠᠯ ᠤᠨ ᠠᠶᠤᠯ ᠡᠭᠦᠰᠬᠦ ᠳᠤ ᠬᠦᠷᠪᠡᠯ ︽1 ᠮᠢᠨᠦ᠋ᠲ ᠲᠤ ᠲᠤᠰᠬᠠᠯ ᠭᠠᠷᠭᠠᠵᠤ᠂ 3 ᠮᠢᠨᠦ᠋ᠲ ᠲᠤ ᠲᠤᠬᠠᠶ ᠶᠢᠨ ᠭᠠᠵᠠᠷ ᠲᠤ ᠬᠦᠷᠴᠦ ᠰᠢᠢᠳᠪᠦᠷᠢᠯᠡᠬᠦ︾᠎ ᠶᠢ ᠪᠡᠶᠡᠯᠡᠭᠦᠯᠬᠦ ᠬᠡᠷᠡᠭᠲᠡᠶ ᠭᠡᠵᠡᠢ᠃      ︽ᠲᠥᠰᠦᠯ︾᠎ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠨᠤᠭᠤᠳ ᠭᠤᠣᠯᠳᠠᠯᠭ᠎ᠠ ᠲᠠᠢ ᠨᠡᠶᠢᠭᠡᠮ ᠤᠨ ᠨᠢᠭᠡᠴᠡ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠴᠠᠬᠢᠯᠭᠠᠨ ᠬᠡᠢ ᠶᠢᠨ ᠭᠠᠯ ᠰᠡᠷᠭᠡᠶᠢᠯᠡᠬᠦ ᠠᠰᠠᠭᠤᠳᠠᠯ ᠤᠨ ᠲᠣᠭᠤᠷᠢᠨ ᠳᠤ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠵᠦ᠂ ᠴᠠᠬᠢᠯᠭᠠᠨ ᠬᠡᠢ ᠠᠴᠠ  ᠭᠠᠯ ᠤᠨ ᠠᠶᠤᠯ ᠤᠨ ᠡᠭᠦᠰᠬᠦ ᠶᠢ ᠴᠥᠬᠡᠳᠬᠡᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号