ᠨᠠᠮ ᠤᠨ ᠭᠡᠰᠢᠭᠦᠨ ᠺᠠᠳ᠋ᠷᠴᠤᠳ ᠳᠠᠶᠢᠴᠢᠨ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2016/12/20
     12 ᠳ᠋ᠤᠭᠠᠷ ᠰᠠᠷ᠎ᠠ ᠶᠢᠨ 19᠎ ᠤ ᠡᠳᠦᠷ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠴᠢᠩ ᠴᠢᠩ ᠭᠦᠵᠡᠯᠵᠡᠭᠡᠨ᠎ᠡ ᠶᠢᠨ ᠬᠦᠷᠢᠶᠡᠯᠡᠩ ᠳᠤ ᠠᠵᠢᠯᠲᠠᠳ ᠭᠦᠵᠡᠯᠵᠡᠭᠡᠨ᠎ᠡ ᠲᠡᠭᠦᠵᠦ ᠪᠠᠶᠢᠭ᠎ᠠ ᠨᠢ᠃      ᠣᠶᠢᠷ᠎ᠠ ᠳᠤ᠂ ᠦᠶᠤᠸᠠᠨ ᠰᠢᠶᠠᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯᠯᠠᠭ᠎ᠠ ᠶᠢ ᠨᠠᠮ ᠤᠨ ᠭᠡᠰᠢᠭᠦᠨ ᠺᠠᠳ᠋ᠷᠴᠤᠳ ᠦᠨᠳᠦᠰᠦᠨ ᠱᠠᠲᠤᠨ ᠳᠤ ᠪᠠᠭᠤᠬᠤ ᠠᠵᠢᠯᠯᠠᠭ᠎ᠠ ᠪᠣᠯᠣᠨ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠲᠠᠢ ᠤᠶᠠᠯᠳᠤᠭᠤᠯᠵᠤ᠂ ᠰᠢᠶᠠᠨ ᠭᠠᠵᠠᠷ ᠤᠨ ᠳᠡᠰ ᠤᠨ ᠤᠳᠤᠷᠢᠳᠬᠤ ᠺᠠᠳ᠋ᠷ ᠨᠢᠭᠡᠪᠦᠷᠢ ᠨᠢᠭᠡ ᠰᠢᠶᠠᠩ ᠪᠠᠯᠭᠠᠰᠤ ᠶᠢ ᠳᠠᠭᠠᠭᠠᠴᠢᠯᠠᠨ᠂ ᠨᠢᠭᠡ ᠶᠠᠳᠠᠭᠤ ᠬᠦᠴᠢᠷᠳᠡᠯ ᠲᠠᠢ ᠭᠠᠴᠠᠭ᠎ᠠ ᠲᠣᠰᠬᠤᠨ ᠲᠠᠢ ᠬᠠᠷᠢᠯᠴᠠᠵᠤ᠂ ᠨᠢᠭᠡ ᠶᠠᠳᠠᠭᠤ ᠬᠦᠴᠢᠷᠳᠡᠯ ᠲᠠᠢ ᠡᠷᠥᠬᠡ ᠶᠢ ᠲᠤᠰᠠᠯᠠᠨ ᠲᠡᠳᠬᠦᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷ ᠨᠢᠭᠡᠪᠦᠷᠢ ᠨᠢᠭᠡ ᠶᠠᠳᠠᠭᠤ ᠬᠦᠴᠢᠷᠳᠡᠯ ᠲᠠᠢ ᠡᠷᠦᠬᠡ ᠎ ᠲᠠᠢ ᠬᠠᠷᠢᠯᠴᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠶᠤᠸᠠᠨ ᠰᠢᠶᠠᠨ ᠤ ᠬᠥᠳᠡᠭᠡ ᠠᠵᠤ ᠠᠬᠤᠶ ᠶᠢᠨ ᠣᠳᠣᠬᠢ ᠪᠠᠶᠢᠳᠠᠯ ᠪᠠ ᠶᠠᠳᠠᠭᠤ ᠬᠦᠴᠢᠷᠳᠡᠯ ᠲᠠᠢ ᠡᠷᠦᠬᠡ ᠶᠢᠨ ᠠᠮᠢᠳᠤᠷᠠᠯ ᠤᠨ ᠠᠬᠤᠢ ᠪᠠᠶᠢᠳᠠᠯ ᠲᠠᠢ ᠤᠶᠠᠯᠳᠤᠭᠤᠯᠤᠨ᠂ ᠮᠡᠷᠭᠡᠵᠢᠯ ᠬᠦᠷᠭᠡᠬᠦ᠂ ᠦᠢᠯᠡᠴᠢᠯᠡᠭᠡ ᠬᠦᠷᠭᠡᠬᠦ᠂ ᠬᠠᠶᠢᠷ᠎ᠠ ᠬᠠᠯᠠᠮᠵᠢ ᠬᠦᠷᠲᠡᠭᠡᠬᠦ ᠶᠢ ᠤᠶᠠᠯᠳᠤᠭᠤᠯᠤᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠶᠢ ᠨᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号