ᠥᠪᠥᠷ ᠵᠠᠰᠠᠭ ᠠᠯᠪᠠᠨ ᠲᠠᠷᠬᠠᠭᠠᠭᠰᠠᠨ ﹇2016﹈ 12 ᠳ᠋ᠤᠭᠠᠷ ᠲᠤᠭᠠᠳᠤ | 2016 ᠣᠨ ᠤ 2 ᠳ᠋ᠤᠭᠠᠷ ᠰᠠᠷ᠎ᠠ ᠶᠢᠨ 17 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠤ ᠦᠢᠯᠡᠰ ᠤᠨ ᠨᠢᠭᠡᠴᠡ ᠳᠤ᠄ | ︽ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇ | 2015﹈ 61 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠣᠷᠣᠨ ᠤ ᠬᠤᠲᠠ ᠶᠢᠨ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠵᠠᠮ ᠤᠨ ᠭᠠᠳᠠᠷᠭᠤ ᠶᠢ ᠪᠠᠶᠢᠨ ᠳᠠᠬᠢᠨ ᠮᠠᠯᠲᠠᠬᠤ᠂ ᠡᠯᠭᠦᠵᠦ ᠲᠠᠲᠠᠭᠰᠠᠨ ᠤᠲᠠᠰᠤ ᠰᠦᠯᠵᠢᠯᠳᠦᠨ | ᠨᠢᠭᠲᠠᠷᠠᠬᠤ᠂ ᠬᠤᠭᠤᠯᠠᠢ ᠱᠤᠭᠤᠮ ᠤᠨ ᠠᠳᠡᠯ ᠪᠠᠶᠢᠨ ᠳᠠᠬᠢᠨ ᠡᠭᠦᠰᠬᠦ ᠵᠡᠷᠭᠡ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠨ᠂ ᠬᠤᠲᠠ ᠶᠢᠨ ᠠᠮᠤᠷ ᠲᠥᠪᠰᠢᠨ ᠢ ᠪᠠᠲᠤᠯᠠᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ | ᠬᠤᠲᠠ ᠶᠢᠨ ᠥᠩᠭᠡ ᠦᠵᠡᠮᠵᠢ ᠶᠢ ᠭᠤᠶᠣᠯᠠᠵᠤ᠂ ᠬᠤᠲᠠ ᠶᠢᠨ ᠡᠷᠴᠢᠮᠵᠢᠲᠡᠢ ᠦᠨᠳᠦᠷ ᠦᠷ᠎ᠡ ᠠᠰᠢᠭᠲᠠᠢ ᠪᠦᠭᠡᠳ | ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠂ ᠬᠤᠲᠠ ᠶᠢᠨ ᠶᠡᠷᠦᠩᠬᠡᠢ ᠳᠠᠭᠠᠭᠠᠴᠠ ᠶᠢᠨ ᠴᠢᠳᠠᠪᠤᠷᠢ | ᠪᠣᠯᠣᠨ ᠬᠤᠲᠠ ᠪᠠᠯᠭᠠᠰᠤᠵᠢᠨ ᠬᠥᠭᠵᠢᠬᠦ ᠶᠠᠰᠤ ᠴᠢᠨᠠᠷ ᠶᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠦᠢᠯᠡᠳᠬᠦᠨ ᠤ | ᠪᠡᠯᠡ ᠣᠷᠤᠭᠤᠯᠤᠯᠲᠠ ᠶᠢ ᠨᠡᠮᠡᠭᠳᠡᠭᠦᠯᠦᠨ᠂ ᠨᠡᠶᠢᠭᠡᠮ ᠤᠨ ᠬᠥᠷᠥᠩᠭᠡ ᠶᠢᠨ ᠣᠷᠤᠭᠤᠯᠤᠯᠲᠠ ᠶᠢ ᠳᠠᠶᠢᠴᠢᠯᠠᠵᠤ᠂ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠢ ᠪᠣᠢ ᠪᠣᠯᠭᠠᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠬᠠᠷᠠᠯᠲᠠ | ᠪᠤᠭᠤᠳᠤ ᠬᠤᠳᠠ ᠨᠢ ᠤᠯᠤᠰ ᠤᠨ ᠬᠠᠮ ᠨᠦᠬᠡᠨ ᠬᠤᠩᠭᠢᠯ ᠤᠨ ᠲᠤᠷᠰᠢᠯᠲᠠ ᠶᠢᠨ ᠴᠢᠬ ᠤᠨ ᠬᠤᠲᠠ ᠶᠢᠨ | ᠪᠦᠲᠦᠭᠡᠨ ᠪᠠᠶᠢᠭᠤᠯᠤᠯᠲᠠ ᠳᠤ ᠣᠷᠣᠭᠰᠠᠨ ᠢᠶᠠᠷ ᠵᠢᠱᠢᠶ᠎ᠡ ᠦᠵᠡᠭᠦᠯᠦᠨ ᠬᠦᠲᠦᠯᠦᠨ ᠳᠠᠭᠠᠭᠤᠯᠵᠤ᠂ ᠡᠯ᠎ᠡ ᠭᠠᠵᠠᠷ | ᠣᠷᠣᠨ ᠤ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠢᠭᠡᠲᠦᠯᠲᠡᠢ ᠲᠥᠯᠥᠪᠯᠡᠵᠦ | ᠠᠬᠢᠭᠤᠯᠤᠨ᠎ᠠ᠃ 2017 ᠣᠨ ᠤ ᠡᠴᠦᠰ ᠪᠣᠯᠬᠤ ᠳᠤ᠂ ᠪᠥᠬᠦ ᠣᠷᠣᠨ ᠤ ᠠᠶᠢᠮᠠᠭ ᠬᠤᠲᠠ ᠶᠢᠨ ᠪᠠᠶᠢᠭ᠎ᠠ ᠬᠤᠲᠠ | ᠪᠣᠯᠣᠨ ᠨᠦᠬᠦᠴᠡᠯ ᠲᠠᠢ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠬᠠᠮ ᠨᠦᠬᠡᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠦᠨ ᠬᠡᠷᠡᠭᠵᠢᠭᠦᠯᠦᠨ᠎ᠡ︔ 2020 ᠣᠨ | ᠪᠣᠯᠬᠤ ᠳᠤ᠂ ᠪᠥᠬᠦ ᠣᠷᠣᠨ ᠳᠤ 200 ᠺᠢᠯᠤᠮᠧᠲᠷ ᠣᠷᠴᠢᠮ ᠤᠨ ᠬᠠᠮ ᠨᠦᠬᠡᠨ ᠬᠤᠩᠭᠢᠯ ᠢ ᠪᠠᠶᠢᠭᠤᠯᠬᠤ ᠪᠦᠭᠡᠳ | ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ᠬᠤᠶᠠᠷ᠂ ᠦᠨᠳᠦᠰᠦᠨ ᠵᠠᠷᠴᠢᠮ | ᠬᠠᠮ ᠨᠦᠬᠡᠨ ᠬᠤᠩᠭᠢᠯ ᠬᠢᠭᠡᠳ ᠬᠤᠲᠠ ᠶᠢᠨ ᠲᠥᠯᠥᠪᠵᠢᠭᠦᠯᠭᠡ᠂ ᠲᠡᠮᠦᠷ ᠵᠠᠮᠲᠤ ᠵᠠᠮ ᠬᠠᠷᠢᠯᠴᠠᠭ᠎ᠠ ᠶᠢᠨ | ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠥᠩᠭᠡ ᠦᠵᠡᠮᠵᠢ᠂ ᠭᠠᠵᠠᠷ ᠳᠣᠣᠷᠠᠬᠢ | ᠣᠷᠣᠨ ᠵᠠᠢ ᠶᠢᠨ ᠠᠰᠢᠭᠯᠠᠯᠲᠠ ᠵᠡᠷᠭᠡ ᠲᠠᠯ᠎ᠠ ᠪᠠᠷ ᠬᠢ ᠪᠥᠬᠦ ᠲᠠᠯ᠎ᠠ ᠶᠢᠨ ᠵᠣᠬᠢᠴᠠᠭᠤᠯᠬᠤ ᠵᠠᠷᠴᠢᠮ ᠢ ᠪᠠᠷᠢᠮᠲᠠᠯᠠᠨ᠎ᠠ︔ | ᠡᠬᠢ ᠪᠠᠶᠠᠯᠢᠭ ᠢ ᠠᠷᠪᠢᠯᠠᠨ ᠭᠠᠮᠨᠠᠬᠤ ᠵᠠᠷᠴᠢᠮ ᠢ ᠪᠠᠷᠢᠮᠲᠠᠯᠠᠨ᠎ᠠ︔ ᠠᠮᠤᠷ ᠲᠥᠪᠰᠢᠨ ᠢ ᠲᠡᠷᠢᠭᠦᠨ ᠳᠤ ᠪᠠᠶᠢᠯᠭᠠᠬᠤ | ᠵᠠᠷᠴᠢᠮ ᠢ ᠪᠠᠷᠢᠮᠲᠠᠯᠠᠨ᠎ᠠ︔ ᠠᠳᠠᠯᠢ ᠪᠣᠰᠣ ᠭᠠᠵᠠᠷ ᠣᠷᠣᠨ ᠤ ᠣᠨᠴᠠᠯᠢᠭ ᠲᠤ ᠴᠢᠭᠯᠡᠭᠦᠯᠦᠭᠰᠡᠨ ᠲᠥᠷᠥᠯ ᠬᠤᠪᠢᠶᠠᠨ | ᠵᠢᠯᠤᠭᠤᠳᠬᠤ ᠵᠠᠷᠴᠢᠮ ᠢ ᠪᠠᠷᠢᠮᠲᠠᠯᠠᠨ᠎ᠠ᠃ | ᠭᠤᠷᠪᠠ᠂ ᠭᠤᠣᠯᠳᠠᠯᠭ᠎ᠠ ᠲᠠᠢ ᠠᠵᠢᠯ | ︵ᠨᠢᠭᠡ︶ ᠲᠥᠯᠥᠪᠵᠢᠭᠦᠯᠭᠡ ᠪᠠᠨ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠨᠦᠬᠦᠴᠡᠯ ᠲᠠᠢ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ︽ᠤᠷᠢᠳᠠᠪᠠᠷ ᠲᠥᠯᠥᠪᠵᠢᠭᠦᠯᠵᠦ᠂ | ᠳᠠᠷᠠᠭᠠᠪᠠᠷ ᠨᠢ ᠪᠦᠲᠦᠭᠡᠨ ᠪᠠᠶᠢᠭᠤᠯᠬᠤ︾ ᠵᠠᠷᠴᠢᠮ ᠶᠣᠰᠣᠭᠠᠷ᠂ ᠭᠠᠵᠠᠷ ᠳᠣᠣᠷᠠᠬᠢ ᠬᠤᠭᠤᠯᠠᠢ ᠱᠤᠭᠤᠮ ᠢ ᠨᠡᠶᠢᠳᠡᠮ | ᠪᠠᠶᠢᠴᠠᠭᠠᠭᠰᠠᠨ ᠰᠠᠭᠤᠷᠢᠨ ᠳᠡᠭᠡᠷ᠎ᠡ᠂ ᠡᠯ᠎ᠡ ᠲᠥᠷᠥᠯ ᠤᠨ ᠬᠤᠭᠤᠯᠠᠢ ᠱᠤᠭᠤᠮ ᠤᠨ ᠪᠤᠳᠠᠲᠠᠢ ᠬᠥᠭᠵᠢᠭᠦᠯᠬᠦ | ᠬᠡᠷᠡᠭᠴᠡᠭᠡ ᠶᠢ ᠨᠢᠭᠡᠳᠦᠯᠲᠡᠢ ᠲᠥᠯᠥᠪᠯᠡᠵᠦ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠤ ︽ᠬᠤᠲᠠ ᠶᠢᠨ ᠬᠠᠮ ᠨᠦᠬᠡᠨ ᠬᠤᠩᠭᠢᠯ ᠤᠨ ᠪᠠᠷᠢᠯᠭ᠎ᠠ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠬᠦᠲᠦᠯᠪᠦᠷᠢ︾ ︵ᠪᠦᠲᠦᠭᠡᠨ ᠬᠤᠲᠠ ﹇2015﹈ 70 ᠳ᠋ᠤᠭᠠᠷ ᠲᠣᠭᠠᠲᠤ︶ ᠶᠢᠨ | ᠱᠠᠭᠠᠷᠳᠠᠯᠭ᠎ᠠ ᠶᠣᠰᠣᠭᠠᠷ᠂ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ | ᠬᠢᠨᠠᠮᠠᠭᠠᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠬᠠᠮ | ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠨᠦᠭᠡᠴᠡᠯᠡᠬᠦ ᠲᠦᠷᠢᠮ ᠢ ᠪᠠᠶᠢᠭᠤᠯᠵᠤ᠂ | ᠲᠠᠪᠤᠨ ᠵᠢᠯ ᠤᠨ ᠲᠦᠷᠦᠯ ᠵᠦᠢᠯ ᠤᠨ ᠦᠷᠬᠦᠯᠵᠢᠯᠡᠬᠦ ᠲᠥᠯᠥᠪᠵᠢᠭᠦᠯᠭᠡ ᠪᠣᠯᠣᠨ ᠣᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠯᠡᠭᠡ ᠶᠢ ᠲᠣᠳᠣᠷᠬᠠᠶᠢᠯᠠᠨ᠂ ︽ᠪᠥᠬᠦ ᠤᠯᠤᠰ ᠤᠨ ᠬᠤᠲᠠ ᠶᠢᠨ ᠬᠠᠮ ᠨᠦᠬᠡᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠡᠳᠡᠭᠡ ᠵᠠᠩᠭᠢ ᠶᠢᠨ ᠰᠢᠰᠲ᠋ᠧᠮ︾ ᠢ ᠴᠠᠭ | ᠲᠠᠷᠤᠢ ᠳᠤᠨᠢ ᠲᠠᠭᠯᠠᠨ ᠮᠡᠳᠡᠭᠦᠯᠦᠭᠡᠳ ᠲᠥᠷᠥᠯ ᠵᠦᠢᠯ ᠢᠶᠠᠨ ᠤᠯᠤᠰ ᠤᠨ ᠨᠦᠭᠡᠴᠡᠯᠡᠬᠦ ᠬᠦᠮᠦᠷᠭᠡ ᠳᠤ ᠣᠷᠤᠭᠤᠯᠬᠤ | ᠬᠡᠷᠡᠭᠲᠡᠢ᠃ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠬᠤ᠂ ᠡᠯ᠎ᠡ ᠲᠥᠷᠥᠯ ᠤᠨ ᠭᠠᠵᠠᠷ ᠳᠣᠣᠷᠠᠬᠢ | ᠬᠤᠭᠤᠯᠠᠢ ᠱᠤᠭᠤᠮ᠂ ᠵᠠᠮᠲᠤ ᠵᠠᠮ ᠬᠠᠷᠢᠯᠴᠠᠭ᠎ᠠ ᠵᠡᠷᠭᠡ ᠲᠤᠰᠬᠠᠢ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠲᠠᠢ ᠤᠶᠠᠯᠳᠤᠭᠤᠯᠤᠨ᠂ ᠪᠦᠲᠦᠭᠡᠨ ᠪᠠᠶᠢᠭᠤᠯᠬᠤ ᠬᠡᠪᠴᠢᠶ᠎ᠡ ᠪᠣᠯᠣᠨ ᠴᠠᠭ ᠤᠨ ᠳᠠᠷᠠᠭᠠᠯᠠᠯ ᠢᠶᠠᠨ | ᠲᠤᠳᠤᠷᠬᠠᠶᠢᠯᠠᠵᠤ᠂ ᠬᠤᠲᠠ ᠶᠢᠨ ᠬᠥᠭᠵᠢᠯᠲᠡ ᠶᠢᠨ ᠠᠯᠤᠰ ᠬᠡᠳᠦ ᠶᠢᠨ ᠲᠥᠯᠥᠪ ᠢ ᠶᠡᠷᠦᠩᠬᠡᠶᠢᠯᠡᠨ ᠪᠣᠳᠣᠯᠬᠢᠯᠠᠵᠤ | ᠪᠠᠶᠢᠭᠠᠳ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠠᠵᠠᠷ ᠳᠣᠣᠷᠠᠬᠢ ᠣᠷᠣᠨ ᠵᠠᠢ ᠶᠢ | ᠤᠷᠢᠳᠠᠪᠠᠷ ᠦᠯᠡᠳᠡᠭᠡᠨ ᠥᠭᠴᠦ᠂ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ᠂ | ᠯᠠᠪᠳᠠᠭᠤᠨ ᠢᠶᠠᠷ᠂ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ | ︵ᠬᠤᠶᠠᠷ︶ ᠪᠦᠲᠦᠭᠡᠨ ᠪᠠᠶᠢᠭᠤᠯᠤᠯᠲᠠ ᠶᠢᠨ ᠣᠷᠣᠨ ᠪᠦᠰᠡ ᠶᠢ ᠵᠦᠢ ᠵᠣᠬᠢᠰᠲᠠᠢ ᠪᠠᠷ ᠬᠤᠪᠢᠶᠠᠷᠢᠯᠠᠨ | ᠲᠣᠭᠲᠠᠭᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠣᠷᠣᠨ ᠪᠦᠰᠡ ᠶᠢᠨ ᠣᠳᠣᠬᠢ | ᠪᠠᠶᠢᠳᠠᠯ᠂ ᠬᠤᠭᠤᠯᠠᠢ ᠱᠤᠭᠤᠮ ᠤᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠦᠨᠳᠦᠰᠦᠯᠡᠨ᠂ ᠵᠠᠮ ᠤᠨ | ᠵᠡᠷᠭᠡ ᠳᠡᠰ᠂ ᠵᠠᠮ ᠤᠨ ᠵᠠᠰᠠᠯᠲᠠ ᠬᠠᠮᠠᠭᠠᠯᠠᠯᠲᠠ ᠶᠢᠨ ᠲᠠᠪᠲᠠᠮᠵᠢ᠂ ᠬᠤᠭᠤᠯᠠᠢ ᠱᠤᠭᠤᠮ ᠤᠨ ᠲᠥᠷᠥᠯ ᠪᠣᠯᠣᠨ | ᠲᠤᠭ᠎ᠠ ᠬᠡᠮᠵᠢᠶ᠎ᠡ᠂ ᠬᠤᠭᠤᠯᠠᠢ ᠱᠤᠭᠤᠮ ᠤᠨ ᠨᠢᠭᠲᠠᠴᠠ ᠪᠣᠯᠣᠨ ᠨᠠᠶᠢᠳᠠᠪᠤᠷᠢᠲᠤ ᠴᠢᠨᠠᠷ ᠤᠨ ᠱᠠᠭᠠᠷᠳᠠᠯᠭ᠎ᠠ᠂ ᠡᠷᠭᠢᠨ | ᠲᠣᠭᠤᠷᠢᠨ ᠳᠠᠬᠢ ᠴᠢᠬᠤᠯᠠ ᠶᠡᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠭᠤᠯᠭ᠎ᠠ ᠶᠢ ᠰᠢᠰᠲ᠋ᠧᠮ ᠲᠠᠢ | ᠦᠨᠡᠯᠡᠨ ᠵᠢᠱᠢᠵᠦ᠂ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠬᠤ ᠣᠷᠣᠨ ᠪᠦᠰᠡ ᠶᠢ ᠵᠦᠢ ᠵᠣᠬᠢᠰᠲᠠᠢ | ᠲᠣᠭᠲᠠᠭᠠᠬᠤ ᠬᠡᠷᠡᠭᠲᠡᠢ᠃ ᠬᠤᠲᠠ ᠶᠢᠨ ᠰᠢᠨ᠎ᠡ ᠲᠣᠭᠤᠷᠢᠭ᠂ ᠡᠯ᠎ᠡ ᠲᠥᠷᠥᠯ ᠤᠨ ᠬᠦᠷᠢᠶᠡᠯᠡᠩ ᠲᠣᠭᠤᠷᠢᠭ᠂ | ᠬᠡᠰᠡᠭᠷᠡᠭᠰᠡᠨ ᠨᠡᠭᠡᠭᠡᠯᠲᠡ ᠶᠢᠨ ᠣᠷᠣᠨ ᠪᠦᠰᠡ ᠳᠠᠬᠢ ᠰᠢᠨ᠎ᠡ ᠪᠠᠷ ᠪᠠᠶᠢᠭᠤᠯᠤᠭᠰᠠᠨ ᠵᠠᠮ ᠳᠤ ᠪᠣᠯ ᠴᠢᠳᠠᠮᠵᠢ ᠶᠢᠨ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠠᠮ ᠨᠦᠬᠡᠨ ᠬᠤᠩᠭᠢᠯ ᠢ ᠵᠡᠷᠭᠡᠪᠡᠷ ᠪᠦᠲᠦᠭᠡᠨ ᠪᠠᠶᠢᠭᠤᠯᠬᠤ ᠬᠡᠷᠡᠭᠲᠡᠢ | ︔ ᠬᠠᠭᠤᠴᠢᠨ ᠬᠤᠲᠠ ᠲᠣᠭᠤᠷᠢᠭ ᠲᠤ ᠪᠣᠯ ᠬᠠᠭᠤᠴᠢᠨ ᠬᠤᠲᠠ ᠶᠢ ᠰᠢᠨᠡᠳᠭᠡᠬᠦ᠂ ᠵᠠᠮ ᠢ ᠦᠭᠡᠷᠡᠴᠢᠯᠡᠬᠦ᠂ ᠲᠦᠭᠦᠮ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠦᠭᠡᠷᠡᠴᠢᠯᠡᠬᠦ᠂ ᠭᠤᠣᠯ ᠤᠨ ᠵᠠᠮ ᠢ ᠵᠠᠰᠠᠬᠤ᠂ ᠭᠠᠵᠠᠷ ᠳᠣᠣᠷᠠᠬᠢ | ᠣᠷᠣᠨ ᠵᠠᠢ ᠶᠢ ᠨᠡᠭᠡᠭᠡᠬᠦ ᠵᠡᠷᠭᠡ ᠲᠠᠢ ᠤᠶᠠᠯᠳᠤᠭᠤᠯᠤᠨ᠂ ᠲᠤᠬᠠᠢ ᠶᠢᠨ ᠭᠠᠵᠠᠷ ᠲᠤᠨᠢ ᠲᠣᠬᠢᠷᠠᠭᠤᠯᠵᠤ᠂ ᠬᠠᠮ | ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠥᠯᠥᠪᠯᠡᠵᠦ ᠲᠣᠬᠢᠷᠠᠭᠤᠯᠬᠤ ᠬᠡᠷᠡᠭᠲᠡᠢ᠃ ᠵᠠᠮ | ᠬᠠᠷᠢᠯᠴᠠᠭ᠎ᠠ ᠶᠢᠨ ᠵᠣᠷᠴᠢᠯᠲᠠ ᠪᠠᠷ ᠶᠡᠭᠡ ᠪᠣᠯᠣᠨ ᠭᠠᠵᠠᠷ ᠳᠣᠣᠷᠠᠬᠢ ᠬᠤᠭᠤᠯᠠᠢ ᠱᠤᠭᠤᠮ ᠢᠶᠠᠷ ᠨᠢᠭᠲᠠ ᠪᠠᠶᠢᠳᠠᠭ | ᠬᠤᠲᠠ ᠶᠢᠨ ᠵᠠᠮ᠂ ᠲᠡᠮᠦᠷ ᠵᠠᠮᠲᠤ ᠵᠠᠮ ᠬᠠᠷᠢᠯᠴᠠᠭ᠎ᠠ᠂ ᠭᠠᠵᠠᠷ ᠳᠣᠣᠷᠠᠬᠢ ᠬᠠᠮ ᠴᠣᠭᠴᠠ ᠵᠡᠷᠭᠡ ᠭᠠᠵᠠᠷ ᠬᠡᠰᠡᠭ᠂ | ᠬᠤᠲᠠ ᠶᠢᠨ ᠴᠢᠩᠭ᠎ᠠ ᠱᠠᠭᠠᠷᠳᠠᠯᠭ᠎ᠠ ᠲᠠᠢ ᠨᠡᠭᠡᠭᠡᠬᠦ ᠲᠣᠭᠤᠷᠢᠭ᠂ ᠣᠯᠠᠨ ᠨᠡᠶᠢᠲᠡ ᠶᠢᠨ ᠴᠢᠬᠤᠯᠠ ᠣᠷᠣᠨ ᠵᠠᠢ᠂ | ᠭᠤᠣᠯ ᠪᠣᠯᠬᠤ ᠵᠠᠮ ᠤᠨ ᠠᠭᠤᠯᠵᠠᠷ᠂ ᠵᠠᠮ ᠬᠢᠭᠡᠳ ᠲᠡᠮᠦᠷ ᠵᠠᠮ ᠪᠤᠶᠤ ᠭᠤᠣᠯ ᠮᠦᠷᠡᠨ ᠤ ᠠᠭᠤᠯᠵᠠᠷ ᠬᠡᠰᠡᠭ ᠵᠢᠴᠢ | ᠵᠠᠮ ᠤᠨ ᠥᠷᠭᠡᠴᠡ ᠠᠴᠠ ᠪᠣᠯᠵᠣ ᠣᠯᠠᠨ ᠵᠦᠢᠯ ᠤᠨ ᠬᠤᠭᠤᠯᠠᠢ ᠱᠤᠭᠤᠮ ᠢ ᠳᠠᠩ ᠢᠶᠠᠷ ᠨᠢ ᠪᠤᠯᠠᠵᠤ ᠳᠡᠪᠢᠰᠬᠦ ᠳᠤ | ᠬᠦᠴᠢᠷ ᠲᠠᠢ ᠵᠠᠮ ᠤᠨ ᠬᠡᠰᠡᠭ ᠲᠤ ᠪᠣᠯ ᠬᠠᠮ ᠨᠦᠬᠡᠨ ᠬᠤᠩᠭᠢᠯ ᠢ ᠤᠷᠢᠳᠠᠪᠠᠷ ᠪᠦᠲᠦᠭᠡᠨ ᠪᠠᠶᠢᠭᠤᠯᠬᠤ ᠬᠡᠷᠡᠭᠲᠡᠢ᠃ | ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠪᠠᠷ ᠲᠠᠮᠵᠢᠵᠤ᠂ ᠬᠤᠲᠠ ᠶᠢᠨ ᠭᠠᠵᠠᠷ ᠳᠡᠭᠡᠷᠡᠬᠢ | ᠴᠠᠬᠢᠯᠭᠠᠨ ᠤ ᠲᠣᠣᠷ᠂ ᠴᠢᠮᠡᠭᠡ ᠬᠤᠯᠪᠣᠭ᠎ᠠ ᠶᠢᠨ ᠲᠣᠣᠷ ᠰᠦᠯᠵᠢᠶ᠎ᠡ ᠵᠡᠷᠭᠡ ᠲᠠᠲᠠᠬᠤ ᠤᠲᠠᠰᠤ ᠶᠢ ᠭᠠᠵᠠᠷ ᠳᠣᠣᠷ᠎ᠠ | ᠣᠷᠣᠭᠤᠯᠬᠤ ᠪᠠᠷᠢᠯᠭ᠎ᠠ ᠲᠠᠢ ᠪᠣᠯᠭᠠᠬᠤ ᠶᠢ ᠲᠦᠷᠭᠡᠳᠬᠡᠬᠦ ᠬᠡᠷᠡᠭᠲᠡᠢ᠃ | ︵ᠭᠤᠷᠪᠠ︶ ᠲᠥᠰᠥᠯ ᠢ ᠰᠢᠯᠢᠳᠡᠭᠵᠢᠭᠦᠯᠦᠨ ᠵᠢᠷᠤᠵᠤ ᠲᠥᠯᠥᠪᠯᠡᠨ᠎ᠡ᠃ ᠬᠠᠮ ᠨᠦᠬᠡᠨ ᠬᠤᠩᠭᠢᠯ ᠤᠨ | ᠪᠠᠷᠢᠯᠭ᠎ᠠ ᠶᠢᠨ ᠵᠢᠷᠤᠵᠤ ᠲᠥᠯᠥᠪᠯᠡᠬᠦ ᠲᠥᠰᠥᠯ ᠨᠢ ᠡᠷᠬᠡᠪᠰᠢ ︽ᠬᠤᠲᠠ ᠶᠢᠨ ᠬᠠᠮ ᠬᠤᠩᠭᠢᠯ ᠤᠨ ᠪᠠᠷᠢᠯᠭ᠎ᠠ ᠶᠢᠨ | ᠮᠡᠷᠭᠡᠵᠢᠯ ᠤᠨ ᠵᠢᠷᠤᠮᠯᠠᠯ︾ ︵GB50838 — 2015︶ ᠤᠨ ᠪᠠᠷᠢᠮᠵᠢᠶ᠎ᠠ ᠶᠢᠨ ᠱᠠᠭᠠᠷᠳᠠᠯᠭ᠎ᠠ ᠲᠠᠢ | ᠨᠡᠶᠢᠴᠡᠭᠰᠡᠨ ᠪᠠᠶᠢᠬᠤ ᠬᠡᠷᠡᠭᠲᠡᠢ᠃ ᠬᠠᠮ ᠨᠦᠬᠡᠨ ᠬᠤᠩᠭᠢᠯ ᠤᠨ ᠪᠠᠷᠢᠯᠭ᠎ᠠ ᠶᠢᠨ ᠪᠦᠲᠦᠴᠡ ᠶᠢ ᠵᠢᠷᠤᠵᠤ | ᠲᠦᠯᠥᠪᠯᠡᠬᠦ ᠳᠤ ᠡᠯ᠎ᠡ ᠲᠥᠷᠥᠯ ᠤᠨ ᠬᠤᠭᠤᠯᠠᠢ ᠱᠤᠭᠤᠮ ᠢ ᠵᠠᠯᠭᠠᠵᠤ ᠣᠷᠤᠭᠤᠯᠬᠤ᠂ ᠰᠠᠯᠪᠤᠷᠢᠯᠠᠬᠤ ᠬᠤᠭᠤᠯᠠᠢ | ᠱᠤᠭᠤᠮ ᠳᠠᠲᠠᠬᠤ᠂ ᠡᠯ᠎ᠡ ᠲᠥᠷᠥᠯ ᠤᠨ ᠬᠤᠭᠤᠯᠠᠢ ᠱᠤᠭᠤᠮ ᠢ ᠲᠤᠰᠠᠭᠠᠷ ᠠᠵᠢᠯᠯᠠᠭᠤᠯᠵᠤ ᠬᠠᠮᠠᠭᠠᠯᠠᠬᠤ ᠪᠠ ᠠᠮᠤᠷ | ᠲᠥᠪᠰᠢᠨ ᠤ ᠬᠠᠮᠠᠭᠠᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠪᠣᠳᠣᠯᠬᠢᠯᠠᠵᠤ᠂ ᠭᠠᠵᠠᠷ ᠬᠦᠳᠡᠯᠦᠯᠲᠡ ᠠᠴᠠ | ᠰᠡᠷᠭᠡᠶᠢᠯᠡᠬᠦ᠂ ᠠᠷᠠᠳ ᠤᠨ ᠠᠭᠠᠷ ᠤᠨ ᠰᠡᠷᠭᠡᠶᠢᠯᠡᠬᠦ ᠪᠠ ᠬᠠᠮ ᠭᠠᠢ ᠭᠠᠮᠰᠢᠭ ᠠᠴᠠ ᠰᠡᠷᠭᠡᠶᠢᠯᠡᠬᠦ ᠵᠡᠷᠭᠡ ᠬᠡᠷᠡᠭᠴᠡᠭᠡ ᠶᠢ | ᠬᠠᠩᠭᠠᠭᠰᠠᠨ ᠪᠠᠶᠢᠬᠤ ᠬᠡᠷᠡᠭᠲᠡᠢ᠃ ᠬᠠᠮ ᠨᠦᠬᠡᠨ ᠬᠤᠩᠭᠢᠯ ᠤᠨ ᠣᠭᠲᠣᠯᠣᠭᠠᠰᠤ ᠨᠢ ᠣᠷᠣᠨ ᠪᠦᠰᠡ ᠶᠢᠨ ᠪᠣᠢ | ᠪᠦᠬᠦᠢ ᠬᠤᠭᠤᠯᠠᠢ ᠱᠤᠭᠤᠮ ᠢ ᠨᠦᠬᠡᠨ ᠬᠤᠩᠭᠢᠯ ᠳᠤ ᠣᠷᠤᠭᠤᠯᠬᠤ ᠱᠠᠭᠠᠷᠳᠠᠯᠭ᠎ᠠ ᠶᠢ ᠬᠠᠩᠭᠠᠵᠤ᠂ ᠨᠦᠬᠡᠨ | ᠬᠤᠩᠭᠢᠯ ᠳᠤ ᠣᠷᠤᠭᠤᠯᠬᠤ ᠬᠤᠭᠤᠯᠠᠢ ᠱᠤᠭᠤᠮ ᠢ ᠪᠤᠯᠠᠵᠤ ᠳᠡᠪᠢᠰᠬᠦ᠂ ᠬᠡᠷᠡᠭᠯᠡᠯᠲᠡ ᠶᠢᠨ ᠬᠡᠮᠵᠢᠶ᠎ᠡ ᠶᠢ ᠨᠡᠮᠡᠭᠳᠡᠭᠦᠯᠬᠦ᠂ | ᠠᠵᠢᠯᠯᠠᠭᠤᠯᠬᠤ ᠪᠠ ᠠᠷᠠᠴᠢᠯᠠᠨ ᠬᠠᠮᠠᠭᠠᠯᠠᠵᠤ ᠪᠠᠶᠢᠴᠠᠭᠠᠨ ᠵᠠᠰᠠᠬᠤ ᠣᠷᠣᠨ ᠵᠠᠢ ᠶᠢᠨ ᠱᠠᠭᠠᠷᠳᠠᠯᠭ᠎ᠠ ᠳᠤ | ᠨᠡᠶᠢᠴᠡᠭᠦᠯᠬᠦ ᠶᠢᠨ ᠬᠠᠮᠲᠤ᠂ ᠮᠠᠰᠢᠨ ᠲᠡᠷᠭᠡ ᠪᠣᠯᠣᠨ ᠬᠥᠮᠥᠨ ᠣᠷᠣᠵᠤ ᠪᠠᠶᠢᠴᠠᠭᠠᠨ ᠵᠠᠰᠠᠬᠤ ᠨᠡᠪᠲᠡᠷᠡᠯ ᠵᠠᠮ ᠢ | ᠲᠦᠬᠦᠷᠵᠢᠭᠦᠯᠦᠨ ᠪᠠᠶᠢᠭᠤᠯᠵᠤ᠂ ᠭᠠᠷᠴᠤ ᠣᠷᠣᠬᠤ ᠭᠠᠵᠠᠷ ᠢ ᠵᠣᠬᠢᠰᠲᠠᠢ ᠪᠠᠶᠢᠷᠢᠯᠠᠭᠤᠯᠤᠨ᠂ ᠬᠤᠭᠤᠯᠠᠢ | ᠭᠤᠣᠷᠰᠤ ᠶᠢ ᠵᠠᠰᠠᠬᠤ ᠪᠠ ᠰᠣᠯᠢᠬᠤ ᠳᠤ ᠳᠦᠭᠦᠮ ᠪᠠᠶᠢᠯᠭᠠᠬᠤ ᠬᠡᠷᠡᠭᠲᠡᠢ᠃ ᠬᠠᠮ ᠨᠦᠬᠡᠨ ᠬᠤᠩᠭᠢᠯ ᠳᠤ ᠵᠠᠪᠠᠯ ᠭᠠᠯ | ᠤᠨᠲᠠᠷᠭᠠᠬᠤ᠂ ᠴᠠᠭᠢᠯᠭᠠᠨ ᠬᠠᠩᠭᠠᠬᠤ᠂ ᠭᠡᠷᠡᠯᠲᠦᠯᠭᠡ᠂ ᠰᠠᠯᠬᠢ ᠨᠡᠪᠲᠡᠷᠡᠭᠦᠯᠬᠦ᠂ ᠤᠰᠤ ᠵᠠᠯᠠᠬᠤ᠂ ᠬᠠᠷᠠᠭᠠᠨ | ᠲᠠᠪᠲᠠᠮᠵᠢ᠂ ᠲᠡᠮᠳᠡᠭ᠂ ᠠᠮᠤᠷ ᠲᠥᠪᠰᠢᠨ ᠬᠢᠭᠡᠳ ᠰᠡᠷᠡᠮᠵᠢ ᠮᠡᠳᠡᠭᠦᠯᠬᠦ᠂ ᠤᠬᠠᠭᠠᠨᠴᠢ ᠬᠠᠮᠢᠶᠠᠷᠤᠯᠲᠠ ᠵᠡᠷᠭᠡ ᠶᠢᠨ | ᠳᠠᠭᠠᠯᠲᠠ ᠪᠡᠯᠡᠳᠭᠡᠮᠵᠢ ᠶᠢ ᠲᠦᠬᠦᠷᠵᠢᠭᠦᠯᠦᠨ ᠪᠠᠶᠢᠭᠤᠯᠵᠤ᠂ ᠤᠬᠠᠭᠠᠨᠴᠢᠯᠠᠭᠰᠠᠨ ᠬᠢᠨᠠᠨ ᠡᠵᠡᠮᠳᠡᠬᠦ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠨᠦᠬᠡᠨ ᠬᠤᠩᠭᠢᠯ ᠤᠨ ᠠᠮᠤᠷ ᠲᠥᠪᠰᠢᠨ ᠠᠵᠢᠯᠯᠠᠭᠠᠨ ᠢ | ᠦᠨᠡᠨᠬᠦ ᠪᠠᠲᠤᠯᠠᠬᠤ ᠬᠡᠷᠡᠭᠲᠡᠢ᠃ | ︵ᠳᠦᠷᠪᠡ︶ ᠬᠡᠷᠡᠭᠵᠢᠭᠦᠯᠬᠦ ᠭᠤᠣᠯ ᠴᠣᠭᠴᠠ ᠶᠢ ᠲᠣᠳᠣᠷᠬᠠᠶᠢᠯᠠᠨ᠎ᠠ᠃ ᠠᠵᠤ ᠠᠬᠤᠶᠢᠯᠠᠯ ᠤᠳ ᠬᠠᠮ | ᠨᠦᠬᠡᠨ ᠬᠤᠩᠭᠢᠯ ᠳᠤ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠪᠠ ᠠᠵᠢᠯᠯᠠᠭᠤᠯᠵᠤ ᠬᠠᠮᠢᠶᠠᠷᠬᠤ ᠶᠢ | ᠵᠣᠷᠢᠬᠵᠢᠭᠤᠯᠤᠨ᠎ᠠ᠃ ᠪᠡᠯᠡ ᠣᠷᠣᠭᠤᠯᠵᠤ ᠲᠣᠬᠢᠷᠠᠭᠤᠯᠬᠤ ᠳᠤ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠪᠣᠯᠣᠨ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠵᠠᠭᠪᠤᠷ ᠢ ᠳᠡᠯᠭᠡᠷᠡᠭᠦᠯᠦᠨ ᠬᠡᠷᠡᠭᠯᠡᠵᠦ᠂ | ᠣᠨᠴᠣᠭᠤᠢ ᠵᠥᠪᠰᠢᠶᠡᠷᠡᠯ ᠲᠠᠢ ᠡᠵᠡᠩᠨᠡᠯᠲᠡ᠂ ᠪᠡᠯᠡ ᠣᠷᠣᠭᠤᠯᠤᠯᠲᠠ ᠶᠢᠨ ᠨᠥᠬᠦᠪᠦᠷᠢ᠂ ᠵᠢᠭᠡᠯᠡᠯᠭᠡ ᠶᠢᠨ ᠳᠠᠮ ᠬᠦᠦ | ᠮᠥᠩᠭᠦ ᠵᠡᠷᠭᠡ ᠬᠡᠯᠪᠡᠷᠢ ᠪᠠᠷ ᠲᠠᠮᠵᠢᠵᠤ᠂ ᠨᠡᠶᠢᠭᠡᠮ ᠤᠨ ᠬᠥᠷᠥᠩᠭᠡ ᠶᠢᠨ ᠬᠢᠨ ᠲᠥᠷᠥᠯ ᠵᠦᠢᠯ ᠤᠨ ᠺᠣᠮᠫᠠᠨᠢ ᠶᠢ | ᠵᠣᠬᠢᠶᠠᠨ ᠪᠠᠶᠢᠭᠤᠯᠤᠨ ᠬᠤᠲᠠ ᠶᠢᠨ ᠬᠠᠮ ᠨᠦᠬᠡᠨ ᠬᠤᠩᠭᠢᠯ ᠢ ᠪᠦᠲᠦᠭᠡᠨ ᠪᠠᠶᠢᠭᠤᠯᠬᠤ ᠪᠠ ᠠᠵᠢᠯᠯᠠᠭᠤᠯᠵᠤ | ᠬᠠᠮᠢᠶᠠᠷᠬᠤ ᠳᠤ ᠣᠷᠣᠯᠴᠠᠬᠤ ᠶᠢ ᠵᠣᠷᠢᠬᠵᠢᠭᠤᠯᠤᠨ᠂ ᠭᠡᠷ᠎ᠡ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠲᠥᠷᠥᠯ | ᠵᠦᠢᠯ ᠳᠤ ᠵᠣᠬᠢᠰᠲᠠᠢ ᠪᠦᠭᠡᠳ ᠲᠣᠭᠲᠠᠭᠤᠨ ᠬᠠᠷᠢᠭᠤ ᠠᠰᠢᠭ ᠬᠦᠷᠲᠡᠭᠡᠬᠦ ᠶᠢ ᠦᠨᠡᠨᠬᠦ ᠪᠠᠲᠤᠯᠠᠨ᠎ᠠ᠃ ᠨᠦᠬᠡᠨ | ᠬᠤᠩᠭᠢᠯ ᠳᠤ ᠬᠤᠭᠤᠯᠠᠢ ᠱᠤᠭᠤᠮ ᠣᠷᠣᠭᠤᠯᠬᠤ ᠨᠢᠭᠡᠴᠡ ᠨᠦᠭᠦᠳ ᠤᠨ ᠬᠤᠪᠢ ᠣᠷᠣᠭᠤᠯᠤᠯᠲᠠ ᠶᠢᠨ ᠳᠦᠷᠢᠮᠲᠦ | ᠺᠣᠮᠫᠠᠨᠢ ᠶᠢ ᠬᠠᠮᠲᠤᠪᠠᠷ ᠵᠣᠬᠢᠶᠠᠨ ᠪᠠᠶᠢᠭᠤᠯᠬᠤ ᠪᠤᠶᠤ ᠨᠡᠶᠢᠭᠡᠮ ᠤᠨ ᠬᠥᠷᠥᠩᠭᠡ ᠯᠦᠭᠡ ᠬᠠᠮᠲᠤᠷᠠᠯᠴᠠᠵᠤ ᠵᠣᠬᠢᠶᠠᠨ | ᠪᠠᠶᠢᠭᠤᠯᠬᠤ ᠶᠢ ᠤᠷᠢᠳᠠᠪᠠᠷ ᠵᠣᠷᠢᠬᠵᠢᠭᠤᠯᠤᠨ᠂ ᠡᠰᠡᠭᠦᠯ᠎ᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠵᠢᠯᠤᠭᠤᠳᠤᠯᠭ᠎ᠠ ᠳᠣᠣᠷ᠎ᠠ ᠬᠠᠮ ᠨᠦᠬᠡᠨ ᠬᠤᠩᠭᠢᠯ ᠤᠨ ᠦᠮᠴᠢᠲᠡᠨ ᠤ ᠺᠣᠮᠢᠰ ᠢ ᠵᠣᠬᠢᠶᠠᠨ ᠪᠠᠶᠢᠭᠤᠯᠵᠤ᠂ ᠪᠦᠲᠦᠭᠡᠨ | ᠪᠠᠶᠢᠭᠤᠯᠬᠤ ᠪᠠ ᠠᠵᠢᠯᠯᠠᠭᠤᠯᠵᠤ ᠬᠠᠮᠢᠶᠠᠷᠬᠤ ᠨᠢᠭᠡᠴᠡ ᠶᠢ ᠢᠯᠡ ᠪᠠᠷ ᠳᠠᠭᠠᠭᠠᠴᠢᠯᠠᠯᠲᠠ ᠵᠠᠷᠯᠠᠵᠤ ᠰᠤᠩᠭᠤᠨ᠎ᠠ᠃ | ᠬᠠᠮ ᠨᠦᠬᠡᠨ ᠬᠤᠩᠭᠢᠯ ᠢ ᠪᠦᠲᠦᠭᠡᠨ ᠪᠠᠶᠢᠭᠤᠯᠬᠤ ᠪᠠ ᠠᠵᠢᠯᠯᠠᠭᠤᠯᠵᠤ ᠬᠠᠮᠢᠶᠠᠷᠬᠤ ᠲᠣᠮᠥ ᠬᠡᠯᠪᠡᠷᠢ ᠶᠢᠨ | ᠲᠤᠰᠬᠠᠶᠢᠵᠢᠭᠰᠠᠨ ᠠᠵᠤ ᠠᠬᠤᠶᠢᠯᠠᠯ ᠢ ᠢᠳᠡᠪᠬᠢᠲᠡᠢ ᠪᠤᠶᠢᠵᠢᠭᠤᠯᠤᠨ᠂ ᠠᠵᠤ ᠠᠬᠤᠶᠢᠯᠠᠯ ᠤᠨ ᠭᠠᠵᠠᠷ ᠣᠷᠣᠨ | ᠠᠯᠤᠰᠯᠠᠨ ᠲᠤᠬᠠᠶᠢᠯᠠᠭᠰᠠᠨ ᠠᠵᠢᠯ ᠦᠷᠨᠢᠭᠦᠯᠬᠦ ᠶᠢ ᠨᠢ ᠲᠡᠮᠵᠢᠵᠦ᠂ ᠰᠢᠰᠲ᠋ᠧᠮ ᠲᠠᠢ᠂ ᠵᠢᠷᠤᠮᠵᠢᠭᠰᠠᠨ ᠦᠢᠯᠡᠴᠢᠯᠡᠭᠡ | ᠬᠠᠩᠭᠠᠨ᠎ᠠ᠃ | ︵ᠲᠠᠪᠤ︶ ᠪᠠᠷᠢᠯᠭ᠎ᠠ ᠶᠢᠨ ᠶᠠᠰᠤ ᠴᠢᠨᠠᠷ ᠠᠮᠤᠷ ᠲᠥᠪᠰᠢᠨ ᠢ ᠦᠨᠡᠨᠬᠦ ᠪᠠᠲᠤᠯᠠᠨ᠎ᠠ᠃ ᠡᠯ᠎ᠡ ᠭᠠᠵᠠᠷ | ᠣᠷᠣᠨ ᠨᠤᠭᠤᠳ ᠬᠠᠤᠯᠢ ᠪᠠᠷ ᠲᠣᠭᠲᠠᠭᠠᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ | ᠴᠢᠩᠭ᠎ᠠ ᠬᠦᠢᠴᠡᠳᠬᠡᠵᠦ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠶᠢ ᠵᠢᠷᠤᠮᠵᠢᠭᠤᠯᠤᠨ᠂ ᠪᠠᠷᠢᠯᠭ᠎ᠠ ᠪᠠᠶᠢᠭᠤᠯᠬᠤ | ᠡᠯ᠎ᠡ ᠲᠠᠯ᠎ᠠ ᠶᠢᠨ ᠬᠢᠨ ᠤ ᠶᠠᠰᠤ ᠴᠢᠨᠠᠷ ᠠᠮᠤᠷ ᠲᠥᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠶᠠᠰᠤ ᠴᠢᠨᠠᠷ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠠᠪᠤᠳᠠᠯ ᠢ | ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠪᠥᠬᠦ ᠶᠠᠪᠤᠴᠠ ᠳᠤ ᠦᠨᠡᠨᠬᠦ ᠲᠤᠤᠱᠯᠠᠭᠤᠯᠤᠨ᠂ | ᠪᠦᠲᠦᠭᠡᠨ ᠪᠠᠶᠢᠭᠤᠯᠬᠤ ᠨᠢᠭᠡᠴᠡ ᠨᠦᠭᠦᠳ ᠲᠣᠭᠲᠠᠭᠠᠯ ᠶᠣᠰᠣᠭᠠᠷ ᠪᠠᠷᠢᠯᠭ᠎ᠠ ᠶᠢᠨ ᠳᠠᠩᠰᠠ ᠡᠪᠬᠡᠮᠡᠯ ᠢᠶᠠᠨ ᠴᠠᠭ | ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ᠬᠠᠮ ᠨᠦᠬᠡᠨ ᠬᠤᠩᠭᠢᠯ ᠤᠨ ᠪᠠᠷᠢᠯᠭ᠎ᠠ ᠶᠢᠨ ᠶᠠᠰᠤ ᠴᠢᠨᠠᠷ ᠲᠤ | ᠨᠠᠰᠤᠨ ᠲᠤᠷᠰᠢᠳᠠ ᠶᠢᠨ ᠬᠠᠷᠢᠭᠤᠴᠠᠯᠭ᠎ᠠ ᠶᠢᠨ ᠳᠦᠷᠢᠮ ᠪᠣᠯᠣᠨ ᠦᠨᠢᠳᠡ ᠶᠢᠨ ᠫᠠᠶᠢᠰᠠ ᠢᠯᠡᠷᠬᠡᠶᠢᠯᠡᠯ ᠤᠨ | ᠲᠦᠷᠢᠮ ᠢ ᠪᠠᠶᠢᠭᠤᠯᠵᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠨ᠎ᠡ᠃ ᠬᠠᠮ ᠨᠦᠬᠡᠨ ᠬᠤᠩᠭᠢᠯ ᠤᠨ | ᠪᠦᠲᠦᠴᠡ ᠶᠢᠨ ᠲᠥᠷᠥᠯ ᠬᠡᠯᠪᠡᠷᠢ᠂ ᠳᠠᠭᠠᠭᠠᠴᠠ ᠬᠦᠯᠢᠶᠡᠬᠦ ᠨᠦᠬᠦᠴᠡᠯ᠂ ᠬᠡᠷᠡᠭᠯᠡᠬᠦ ᠱᠠᠭᠠᠷᠳᠠᠯᠭ᠎ᠠ ᠪᠣᠯᠣᠨ ᠪᠠᠶᠢᠭ᠎ᠠ | ᠣᠷᠴᠢᠨ ᠲᠣᠭᠤᠷᠢᠨ ᠵᠡᠷᠭᠡ ᠬᠦᠴᠦᠨ ᠵᠦᠢᠯ ᠢ ᠦᠨᠳᠦᠰᠦᠯᠡᠨ᠂ ᠤᠳᠠᠭᠠᠨ ᠳᠠᠭᠠᠭᠠᠮᠠᠭᠠᠢ᠂ ᠨᠠᠶᠢᠳᠠᠪᠤᠷᠢᠲᠠᠢ ᠪᠣᠯᠣᠨ | ᠬᠢᠮᠳᠠᠬᠠᠨ ᠪᠠᠶᠢᠯᠭᠠᠬᠤ ᠶᠢ ᠪᠣᠳᠣᠯᠬᠢᠯᠠᠵᠤ᠂ ᠪᠠᠷᠢᠯᠭ᠎ᠠ ᠶᠢᠨ ᠮᠠᠲ᠋ᠧᠷᠢᠶᠠᠯ ᠢ ᠰᠢᠨᠵᠢᠯᠡᠬᠦ ᠤᠬᠠᠭᠠᠨᠴᠢ ᠪᠠᠷ ᠰᠤᠩᠭᠤᠨ᠂ | ᠭᠤᠣᠯ ᠪᠣᠯᠬᠤ ᠮᠠᠲ᠋ᠤᠷᠢᠶᠠᠯ ᠳᠤ ᠳᠡᠭᠡᠳᠤ ᠴᠢᠳᠠᠮᠵᠢᠲᠠᠢ ᠪᠧᠲ᠋ᠤᠨ ᠪᠣᠯᠣᠨ ᠳᠡᠭᠡᠳᠦ ᠴᠢᠩᠭᠠᠯᠢᠭ ᠰᠢᠷᠪᠦᠰᠦᠨ ᠪᠣᠯᠣᠳ ᠢ | ᠬᠡᠷᠡᠭᠯᠡᠪᠡᠯ ᠵᠣᠬᠢᠨ᠎ᠠ᠃ ᠬᠠᠮ ᠨᠦᠬᠡᠨ ᠬᠤᠩᠭᠢᠯ ᠳᠠᠬᠢ ᠭᠤᠣᠯ ᠴᠣᠭᠴᠠ ᠶᠢᠨ ᠪᠦᠲᠦᠴᠡ ᠶᠢᠨ ᠲᠣᠨᠤᠭᠯᠠᠭᠠᠰᠤ ᠶᠢ | ᠪᠠᠷᠢᠮᠵᠢᠶᠠᠵᠢᠭᠤᠯᠬᠤ ᠶᠢ ᠠᠬᠢᠭᠤᠯᠤᠨ᠂ ᠤᠷᠢᠳᠴᠢᠯᠠᠨ ᠦᠢᠯᠡᠳᠴᠦ ᠤᠭᠰᠠᠷᠠᠬᠤ ᠮᠡᠷᠭᠡᠵᠢᠯ ᠢ ᠢᠳᠡᠪᠬᠢᠲᠡᠢ | ᠳᠡᠯᠭᠡᠷᠡᠭᠦᠯᠦᠨ ᠬᠡᠷᠡᠭᠯᠡᠵᠦ᠂ ᠪᠠᠷᠢᠯᠭ᠎ᠠ ᠶᠢᠨ ᠶᠠᠰᠤ ᠴᠢᠨᠠᠷ ᠪᠣᠯᠣᠨ ᠠᠮᠤᠷ ᠲᠥᠪᠰᠢᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠬᠠᠮᠲᠤ᠂ ᠠᠵᠤ ᠦᠢᠯᠡᠳᠪᠦᠷᠢ ᠶᠢᠨ ᠲᠣᠨᠣᠭᠯᠠᠭᠠᠰᠤ ᠦᠢᠯᠡᠳᠪᠦᠷᠢᠯᠡᠬᠦ᠂ ᠪᠠᠷᠢᠯᠭ᠎ᠠ ᠪᠠᠷᠢᠬᠤ | ᠲᠦᠭᠦᠭᠡᠷᠦᠮᠵᠢ ᠦᠢᠯᠡᠳᠬᠦ ᠵᠡᠷᠭᠡ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠢ | ᠳᠠᠶᠢᠴᠢᠯᠠᠨ᠎ᠠ᠃ | ︵ᠵᠢᠷᠭᠤᠭ᠎ᠠ︶ ᠬᠤᠭᠤᠯᠠᠢ ᠱᠤᠭᠤᠮ ᠢ ᠨᠦᠬᠡᠨ ᠬᠤᠩᠭᠢᠯ ᠳᠤ ᠣᠷᠣᠭᠤᠯᠬᠤ ᠱᠠᠭᠠᠷᠳᠠᠯᠭ᠎ᠠ ᠶᠢ | ᠲᠣᠳᠣᠷᠬᠠᠶᠢᠯᠠᠨ᠎ᠠ᠃ ᠡᠯ᠎ᠡ ᠭᠠᠵᠠᠷ ᠣᠷᠣᠨ ᠨᠤᠭᠤᠳ ᠪᠤᠲᠠᠲᠠᠢ ᠲᠠᠢ ᠪᠠᠨ ᠤᠶᠠᠯᠳᠤᠭᠤᠯᠤᠨ ᠬᠤᠩᠭᠢᠯ ᠳᠤ | ᠣᠷᠣᠭᠤᠯᠬᠤ ᠬᠤᠭᠤᠯᠠᠢ ᠱᠤᠭᠤᠮ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠢᠭᠡᠨᠲᠡ ᠬᠠᠮ ᠨᠦᠬᠡᠨ ᠬᠤᠩᠭᠢᠯ | ᠪᠠᠶᠢᠭᠤᠯᠤᠭᠰᠠᠨ ᠣᠷᠣᠨ ᠪᠦᠰᠡ ᠳᠤ᠂ ᠲᠤᠰ ᠣᠷᠣᠨ ᠪᠦᠰᠡ ᠳᠠᠬᠢ ᠪᠥᠬᠦ ᠬᠤᠭᠤᠯᠠᠢ ᠱᠤᠭᠤᠮ ᠢ ᠵᠠᠪᠠᠯ ᠨᠦᠬᠡᠨ | ᠬᠤᠩᠭᠢᠯ ᠳᠤ ᠣᠷᠣᠭᠤᠯᠬᠤ ᠬᠡᠷᠡᠭᠲᠡᠢ︔ ᠬᠠᠮ ᠨᠦᠬᠡᠨ ᠬᠤᠩᠭᠢᠯ ᠠᠴᠠ ᠭᠠᠳᠠᠭᠤᠷᠬᠢ ᠭᠠᠵᠠᠷ ᠲᠤ ᠰᠢᠨ᠎ᠡ ᠪᠠᠷ | ᠬᠤᠭᠤᠯᠠᠢ ᠱᠤᠭᠤᠮ ᠪᠠᠶᠢᠭᠤᠯᠬᠤ ᠳᠤ᠂ ᠲᠥᠯᠥᠪᠵᠢᠭᠦᠯᠭᠡ ᠶᠢᠨ ᠰᠠᠯᠠᠭ᠎ᠠ ᠮᠦᠴᠢᠷ ᠤᠳ ᠵᠥᠪᠰᠢᠶᠡᠷᠡᠬᠦ ᠬᠢᠨᠠᠨ | ᠵᠥᠪᠰᠢᠶᠡᠷᠡᠯ ᠬᠢᠵᠦ ᠥᠭᠴᠦ ᠪᠣᠯᠬᠤ ᠦᠭᠡᠢ᠂ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠪᠠᠷᠢᠯᠭ᠎ᠠ | ᠪᠠᠷᠢᠬᠤ ᠶᠢ ᠨᠢ ᠵᠥᠪᠰᠢᠶᠡᠷᠡᠬᠦ ᠬᠢᠨᠠᠨ ᠵᠥᠪᠰᠢᠶᠡᠷᠡᠯ ᠬᠢᠵᠦ ᠥᠭᠴᠦ ᠪᠣᠯᠬᠤ ᠦᠭᠡᠢ᠂ ᠬᠤᠲᠠ ᠶᠢᠨ ᠶᠠᠪᠤᠳᠠᠯ ᠵᠠᠮ | ᠱᠤᠭᠤᠮ ᠤᠨ ᠰᠠᠯᠠᠭ᠎ᠠ ᠮᠥᠴᠢᠷ ᠤᠳ ᠵᠠᠮ ᠮᠠᠯᠳᠠᠬᠤ ᠶᠢ ᠵᠥᠪᠰᠢᠶᠡᠷᠡᠬᠦ ᠬᠢᠨᠠᠨ ᠵᠥᠪᠰᠢᠶᠡᠷᠡᠯ ᠬᠢᠵᠦ ᠥᠭᠴᠦ ᠪᠣᠯᠬᠤ | ᠦᠭᠡᠢ︔ ᠨᠢᠭᠡᠨᠲᠡ ᠬᠤᠭᠤᠯᠠᠢ ᠱᠤᠭᠤᠮ ᠲᠠᠢ ᠪᠠᠶᠢᠭ᠎ᠠ ᠶᠤᠮ ᠪᠣᠯ ᠪᠤᠲᠠᠲᠠᠢ ᠬᠡᠷᠡᠭᠴᠡᠭᠡ ᠪᠠᠨ ᠦᠨᠳᠦᠰᠦᠯᠡᠨ᠂ | ᠬᠤᠭᠤᠯᠠᠢ ᠱᠤᠭᠤᠮ ᠢ ᠦᠭᠡᠷᠡᠴᠢᠯᠡᠬᠦ ᠲᠠᠢ ᠤᠶᠠᠯᠳᠤᠭᠤᠯᠵᠤ᠂ ᠠᠯᠬᠤᠮ ᠠᠯᠬᠤᠮ ᠢᠶᠠᠷ ᠬᠠᠮ ᠨᠦᠬᠡᠨ ᠬᠤᠩᠭᠢᠯ ᠳᠤ | ᠨᠡᠭᠦᠯᠭᠡᠨ ᠣᠷᠣᠭᠤᠯᠬᠤ ᠬᠡᠷᠡᠭᠲᠡᠢ᠃ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠣᠷᠣᠨ ᠨᠤᠲᠤᠭ ᠲᠤ ᠰᠠᠭᠤᠭ᠎ᠠ ᠲᠥᠪ ᠪᠣᠯᠣᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ | ᠠᠬᠤᠶᠢᠯᠠᠯ ᠤᠳ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠢᠳᠡᠪᠬᠢᠲᠡᠢ ᠬᠠᠮᠵᠢᠯᠴᠠᠨ᠂ ᠲᠤᠰ ᠲᠤᠰ ᠤᠨ | ᠬᠤᠭᠤᠯᠠᠢ ᠱᠤᠭᠤᠮ ᠢ ᠨᠦᠬᠡᠨ ᠬᠤᠩᠭᠢᠯ ᠳᠤ ᠣᠷᠣᠭᠤᠯᠬᠤ ᠠᠵᠢᠯ ᠢ ᠰᠠᠶᠢᠳᠤᠷ ᠬᠢᠬᠦ ᠬᠡᠷᠡᠭᠲᠡᠢ᠃ | ︵ᠲᠣᠯᠤᠭ᠎ᠠ︶ ᠲᠥᠯᠥᠪᠦᠷᠢ ᠲᠠᠢ ᠬᠡᠷᠡᠭᠯᠡᠭᠦᠯᠬᠦ ᠶᠢ ᠬᠡᠷᠡᠭᠵᠢᠭᠦᠯᠦᠨ᠎ᠡ᠃ ᠬᠠᠮ ᠨᠦᠬᠡᠨ ᠬᠤᠩᠭᠢᠯ ᠳᠤ | ᠲᠥᠯᠥᠪᠦᠷᠢ ᠲᠠᠢ ᠬᠡᠷᠡᠭᠯᠡᠭᠦᠯᠬᠦ ᠶᠢ ᠬᠡᠷᠡᠭᠵᠢᠭᠦᠯᠦᠨ᠂ ᠬᠤᠭᠤᠯᠠᠢ ᠱᠤᠭᠤᠮ ᠢᠶᠠᠨ ᠨᠦᠬᠡᠨ ᠬᠤᠩᠭᠢᠯ ᠳᠤ ᠣᠷᠣᠭᠤᠯᠬᠤ | ᠨᠢᠭᠡᠴᠡ ᠨᠦᠭᠦᠳ ᠨᠢ ᠬᠠᠮ ᠨᠦᠬᠡᠨ ᠬᠤᠩᠭᠢᠯ ᠢ ᠪᠦᠲᠦᠭᠡᠨ ᠪᠠᠶᠢᠭᠤᠯᠵᠤ ᠠᠵᠢᠯᠯᠠᠭᠤᠯᠤᠨ ᠡᠵᠡᠩᠨᠡᠵᠦ ᠪᠠᠶᠢᠭ᠎ᠠ | ᠨᠢᠭᠡᠴᠡ ᠳᠤ ᠨᠦᠬᠡᠨ ᠬᠤᠩᠭᠢᠯ ᠢ ᠲᠥᠯᠥᠪᠦᠷᠢ ᠲᠠᠢ ᠬᠡᠷᠡᠭᠯᠡᠬᠦ ᠰᠦᠢᠳᠭᠡᠯ ᠲᠤᠰᠢᠶᠠᠬᠤ ᠬᠡᠷᠡᠭᠲᠡᠢ᠃ ᠬᠠᠮ ᠨᠦᠬᠡᠨ | ᠬᠤᠩᠭᠢᠯ ᠢ ᠲᠥᠯᠥᠪᠦᠷᠢ ᠲᠠᠢ ᠬᠡᠷᠡᠭᠯᠡᠭᠦᠯᠦᠭᠰᠡᠨ ᠰᠦᠢᠳᠭᠡᠯ ᠳᠤ ᠨᠦᠬᠡᠨ ᠬᠤᠩᠭᠢᠯ ᠳᠤ ᠣᠷᠣᠭᠤᠯᠬᠤ ᠰᠦᠢᠳᠭᠡᠯ | ᠪᠣᠯᠣᠨ ᠡᠳᠦᠷ ᠲᠤᠳᠤᠮ ᠤᠨ ᠠᠷᠠᠴᠢᠯᠠᠨ ᠬᠠᠮᠠᠭᠠᠯᠠᠬᠤ ᠰᠦᠢᠳᠭᠡᠯ ᠪᠠᠭᠲᠠᠨ᠎ᠠ᠃ ᠲᠥᠯᠥᠪᠦᠷᠢ ᠲᠠᠢ ᠬᠡᠷᠡᠭᠯᠡᠭᠦᠯᠬᠦ | ᠰᠦᠢᠳᠭᠡᠯ ᠤᠨ ᠦᠨ᠎ᠡ ᠶᠢ ᠲᠣᠭᠲᠠᠭᠠᠬᠤ ᠵᠢᠴᠢ ᠰᠦᠢᠳᠭᠡᠯ ᠤᠨ ᠪᠦᠷᠢᠯᠳᠦᠴᠡ ᠶᠢ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ︽ᠬᠤᠲᠠ ᠶᠢᠨ ᠬᠠᠮ ᠨᠦᠬᠡᠨ ᠬᠤᠩᠭᠢᠯ ᠳᠤ ᠲᠥᠯᠥᠪᠦᠷᠢ ᠲᠠᠢ ᠬᠡᠷᠡᠭᠯᠡᠭᠦᠯᠬᠦ ᠳᠦᠷᠢᠮ ᠢ ᠬᠡᠷᠡᠭᠵᠢᠭᠦᠯᠬᠦ | ᠲᠤᠬᠠᠢ ᠵᠢᠯᠤᠭᠤᠳᠬᠤ ᠰᠠᠨᠠᠯ︾ ︵ᠥᠭᠡᠷᠡᠴᠢᠯᠡᠯᠲᠡ ᠬᠥᠭᠵᠢᠭᠦᠯᠦᠯᠲᠡ ᠦᠨ᠎ᠡ ᠬᠠᠩᠰᠢ ﹇2015﹈ 2754 | ᠳ᠋ᠤᠭᠡᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ ᠲᠥᠯᠥᠪᠦᠷᠢ | ᠬᠡᠷᠡᠭᠯᠡᠭᠦᠯᠬᠦ ᠰᠦᠢᠳᠭᠡᠯ ᠤᠨ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠪᠣᠯ ᠨᠦᠬᠡᠨ ᠬᠤᠩᠭᠢᠯ ᠢ ᠪᠦᠲᠦᠭᠡᠨ ᠪᠠᠶᠢᠭᠤᠯᠵᠤ | ᠠᠵᠢᠯᠯᠠᠭᠤᠯᠤᠨ ᠡᠵᠡᠩᠨᠡᠵᠦ ᠪᠠᠶᠢᠭ᠎ᠠ ᠨᠢᠭᠡᠴᠡ ᠨᠢ ᠬᠤᠭᠤᠯᠠᠢ ᠱᠤᠭᠤᠮ ᠢ ᠨᠦᠬᠡᠨ ᠬᠤᠩᠭᠢᠯ ᠳᠤ ᠣᠷᠣᠭᠤᠯᠬᠤ | ᠨᠢᠭᠡᠴᠡ ᠲᠠᠢ ᠵᠠᠬ᠎ᠠ ᠳᠡᠯᠭᠡᠭᠦᠷᠴᠢᠯᠡᠬᠦ ᠵᠠᠷᠴᠢᠮ ᠢ ᠦᠨᠳᠦᠰᠦᠯᠡᠨ ᠬᠠᠮᠲᠤᠪᠠᠷ ᠵᠥᠪᠳᠡᠯᠴᠡᠨ ᠲᠣᠭᠲᠠᠭᠠᠨ᠎ᠠ᠂ ᠰᠠᠨᠠᠯ | ᠨᠢᠭᠡᠳᠬᠦ ᠦᠭᠡᠢ ᠪᠣᠯᠪᠠᠯ᠂ ᠰᠠᠭᠤᠭ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠦᠨ᠎ᠡ ᠬᠠᠩᠰᠢ᠂ ᠣᠷᠣᠨ | ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠵᠡᠷᠭᠡ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠂ ᠥᠪᠡᠷ ᠤᠨ ᠥᠷᠲᠡᠭ ᠢ ᠪᠠᠶᠢᠴᠠᠭᠠᠨ ᠰᠤᠳᠤᠯᠬᠤ᠂ ᠲᠤᠰᠬᠠᠢ | ᠮᠡᠷᠭᠡᠵᠢᠯᠲᠡᠨ ᠢᠶᠠᠷ ᠭᠡᠷᠡᠴᠢᠯᠡᠭᠡ ᠬᠢᠯᠭᠡᠬᠦ᠂ ᠭᠤᠷᠪᠠᠳᠠᠬᠢ ᠪᠠᠶᠢᠭᠤᠯᠤᠮᠵᠢ ᠪᠠᠷ ᠦᠨᠡᠯᠡᠨ ᠵᠢᠱᠢᠭᠦᠯᠬᠦ ᠵᠡᠷᠭᠡ ᠬᠡᠯᠪᠡᠷᠢ ᠶᠢ | ᠲᠠᠮᠵᠢᠵᠤ᠂ ᠬᠠᠩᠭᠠᠬᠤ ᠪᠠ ᠬᠡᠷᠡᠭᠯᠡᠬᠦ ᠬᠤᠶᠠᠷ ᠲᠠᠯ᠎ᠠ ᠶᠢᠨ ᠲᠥᠯᠥᠪᠦᠷᠢ ᠲᠠᠢ ᠬᠡᠷᠡᠭᠯᠡᠵᠦ ᠬᠡᠷᠡᠭᠯᠡᠭᠦᠯᠬᠦ ᠰᠦᠢᠳᠭᠡᠯ ᠤᠨ | ᠪᠠᠷᠢᠮᠵᠢᠶ᠎ᠠ ᠶᠢ ᠵᠥᠪᠳᠡᠯᠴᠡᠨ ᠲᠣᠭᠲᠠᠭᠠᠬᠤ ᠳᠤ ᠯᠠᠪᠯᠠᠯᠲᠠ ᠪᠣᠯᠭᠠᠬᠤ ᠦᠨᠳᠦᠰᠦᠯᠡᠯ ᠬᠠᠩᠭᠠᠨ᠎ᠠ︔ ᠬᠠᠩᠭᠠᠬᠤ ᠪᠠ | ᠬᠡᠷᠡᠭᠯᠡᠬᠦ ᠬᠤᠶᠠᠷ ᠲᠠᠯ᠎ᠠ ᠪᠠᠷ ᠵᠥᠪᠳᠡᠯᠴᠡᠨ ᠦᠨ᠎ᠡ ᠲᠣᠭᠲᠠᠭᠠᠬᠤ ᠨᠦᠬᠦᠴᠡᠯ ᠪᠦᠷᠢᠯᠳᠦᠭᠦᠯᠦᠭᠡᠳᠦᠢ ᠪᠠᠶᠢᠭ᠎ᠠ | ᠬᠤᠲᠠ ᠶᠢᠨ ᠬᠠᠮ ᠨᠦᠬᠡᠨ ᠬᠤᠩᠭᠢᠯ ᠤᠨ ᠲᠥᠯᠥᠪᠦᠷᠢ ᠲᠠᠢ ᠬᠡᠷᠡᠭᠯᠡᠭᠦᠯᠬᠦ ᠰᠦᠢᠳᠭᠡᠯ ᠤᠨ ᠪᠠᠷᠢᠮᠵᠢᠶ᠎ᠠ ᠳᠤ ᠪᠣᠯ | ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠪᠣᠶᠤ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ | ᠬᠡᠷᠡᠭᠵᠢᠭᠦᠯᠵᠦ ᠪᠣᠯᠣᠨ᠎ᠠ᠃ ᠨᠡᠶᠢᠲᠡ ᠶᠢᠨ ᠠᠰᠠᠷᠠᠮᠵᠢ ᠶᠢᠨ ᠰᠣᠶᠣᠯ ᠤᠨ ᠠᠵᠤ ᠠᠬᠤᠶᠢᠯᠠᠯ ᠤᠨ ᠤᠳᠠᠰᠤᠲᠤ | ᠲᠧᠯᠸᠢᠰ ᠤᠨ ᠲᠣᠣᠷ ᠢᠶᠠᠨ ᠨᠦᠬᠡᠨ ᠬᠤᠩᠭᠢᠯ ᠳᠤ ᠣᠷᠣᠭᠤᠯᠪᠠᠯ᠂ ᠰᠦᠢᠳᠭᠡᠯ ᠬᠤᠷᠢᠶᠠᠬᠤ ᠬᠤᠯᠪᠣᠭᠳᠠᠯ ᠪᠦᠬᠦᠢ | ᠪᠠᠷᠢᠮᠵᠢᠶ᠎ᠠ ᠳᠤ ᠵᠣᠬᠢᠰᠲᠠᠢ ᠬᠠᠷᠠᠭᠠᠯᠵᠠᠯ ᠦᠵᠡᠭᠦᠯᠵᠦ ᠪᠣᠯᠣᠨ᠎ᠠ᠃ ᠬᠠᠮ ᠨᠦᠬᠡᠨ ᠬᠤᠩᠭᠢᠯ ᠢ ᠠᠵᠢᠯᠯᠠᠭᠤᠯᠤᠨ | ᠡᠵᠡᠩᠨᠡᠭᠰᠡᠨ ᠡᠬᠢᠨ ᠤ ᠬᠤᠭᠤᠴᠠᠭᠠᠨ ᠳᠤ ᠰᠦᠢᠳᠭᠡᠯ ᠬᠤᠷᠢᠶᠠᠬᠤ ᠪᠠᠷ ᠥᠪᠡᠷ ᠤᠨ ᠥᠷᠲᠡᠭ ᠢ ᠨᠦᠬᠦᠵᠦ ᠴᠢᠳᠠᠬᠤ | ᠦᠭᠡᠢ ᠪᠣᠯ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠪᠠᠶᠢᠳᠠᠯ ᠢ ᠨᠢ ᠦᠵᠡᠵᠦ ᠪᠠᠶᠢᠭᠠᠳ | ᠡᠳ᠋ ᠤᠨ ᠵᠠᠰᠠᠭ ᠤᠨ ᠴᠢᠬᠤᠯᠠ ᠪᠦᠬᠦᠢ ᠨᠦᠬᠦᠪᠦᠷᠢ ᠣᠯᠭᠤᠬᠤ ᠬᠡᠷᠡᠭᠲᠡᠢ᠃ | ︵ᠨᠠᠢᠮᠠ︶ ᠠᠵᠢᠯᠯᠠᠭᠤᠯᠤᠨ ᠡᠵᠡᠩᠨᠡᠵᠦ ᠬᠠᠮᠢᠶᠠᠷᠬᠤ ᠶᠢ ᠴᠢᠩᠭᠠᠳᠬᠠᠨ᠎ᠠ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠮ ᠨᠦᠬᠡᠨ ᠬᠤᠩᠭᠢᠯ ᠤᠨ ᠪᠤᠲᠠᠲᠠᠢ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠵᠤ᠂ ᠵᠢᠯᠤᠭᠤᠳᠤᠯᠭ᠎ᠠ ᠬᠢᠭᠡᠳ ᠬᠢᠨᠠᠯᠲᠠ ᠬᠠᠮᠢᠶᠠᠷᠤᠯᠳᠠ ᠶᠢ ᠴᠢᠩᠭᠠᠳᠬᠠᠬᠤ ᠬᠡᠷᠡᠭᠲᠡᠢ᠃ ᠬᠠᠮ | ᠨᠦᠬᠡᠨ ᠬᠤᠩᠭᠢᠯ ᠢ ᠠᠵᠢᠯᠯᠠᠭᠤᠯᠤᠨ ᠡᠵᠡᠩᠨᠡᠵᠦ ᠪᠠᠶᠢᠭ᠎ᠠ ᠨᠢᠭᠡᠴᠡ ᠨᠦᠭᠦᠳ ᠬᠠᠮᠢᠶᠠᠷᠤᠯᠲᠠ ᠶᠢᠨ ᠳᠦᠷᠢᠮ ᠢᠶᠠᠨ | ᠲᠡᠭᠦᠯᠳᠡᠷᠵᠢᠭᠦᠯᠦᠨ᠂ ᠬᠤᠭᠤᠯᠠᠢ ᠱᠤᠭᠤᠮ ᠢ ᠨᠦᠬᠡᠨ ᠬᠤᠩᠭᠢᠯ ᠳᠤ ᠣᠷᠣᠭᠤᠯᠬᠤ ᠨᠢᠭᠡᠴᠡ ᠨᠦᠭᠦᠳ ᠲᠠᠢ | ᠬᠡᠯᠡᠯᠴᠡᠭᠡᠷ ᠲᠣᠭᠲᠠᠭᠠᠵᠤ᠂ ᠨᠦᠬᠡᠨ ᠬᠤᠩᠭᠢᠯ ᠳᠤ ᠣᠷᠣᠭᠤᠯᠬᠤ ᠬᠤᠭᠤᠯᠠᠢ ᠱᠤᠭᠤᠮ ᠤᠨ ᠲᠥᠷᠥᠯ᠂ ᠴᠠᠭ | ᠬᠤᠭᠤᠴᠠᠭ᠎ᠠ᠂ ᠵᠠᠷᠤᠳᠠᠯ ᠰᠦᠢᠳᠭᠡᠯ ᠪᠣᠯᠣᠨ ᠬᠠᠷᠢᠭᠤᠴᠠᠯᠭ᠎ᠠ ᠡᠷᠬᠡ ᠠᠰᠢᠭ ᠵᠡᠷᠭᠡ ᠠᠭᠤᠯᠭ᠎ᠠ ᠶᠢ ᠲᠣᠳᠣᠷᠬᠠᠶᠢᠯᠠᠨ᠂ | ᠬᠠᠮ ᠨᠦᠬᠡᠨ ᠬᠤᠩᠭᠢᠯ ᠤᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠢ᠃ ᠬᠠᠮ ᠨᠦᠬᠡᠨ ᠬᠤᠩᠭᠢᠯ ᠢ | ᠠᠵᠢᠯᠯᠠᠭᠤᠯᠤᠨ ᠡᠵᠡᠩᠨᠡᠵᠦ ᠪᠠᠶᠢᠭ᠎ᠠ ᠨᠢᠭᠡᠴᠡ ᠨᠦᠭᠦᠳ ᠬᠠᠮ ᠨᠦᠬᠡᠨ ᠬᠤᠩᠭᠢᠯ ᠤᠨ ᠲᠤᠰ ᠪᠡᠶ᠎ᠡ ᠴᠣᠭᠴᠠ ᠵᠢᠴᠢ | ᠳᠠᠭᠠᠯᠲᠠ ᠪᠡᠯᠡᠳᠬᠡᠮᠵᠢ ᠲᠦᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠪᠠ ᠰᠡᠯᠪᠢᠨ ᠵᠠᠰᠠᠬᠤ ᠶᠢ ᠬᠠᠷᠢᠭᠤᠴᠠᠨ ᠭᠠᠵᠠᠷ | ᠳᠣᠣᠷᠠᠬᠢ ᠬᠤᠭᠤᠯᠠᠢ ᠱᠤᠭᠤᠮ ᠤᠨ ᠡᠷᠬᠡ ᠶᠢᠨ ᠬᠠᠷᠢᠶᠠᠲᠤ ᠨᠢᠭᠡᠴᠡ ᠨᠦᠭᠦᠳ ᠤᠨ ᠲᠣᠭᠤᠷᠢᠨ ᠪᠠᠶᠢᠴᠠᠭᠠᠬᠤ᠂ | ᠠᠷᠠᠴᠢᠯᠠᠨ ᠬᠠᠮᠠᠭᠠᠯᠠᠬᠤ ᠪᠠ ᠰᠡᠯᠪᠢᠨ ᠵᠠᠰᠠᠬᠤ ᠠᠵᠢᠯ ᠢ ᠬᠠᠮᠵᠢᠯᠴᠠᠬᠤ ᠪᠠ ᠬᠠᠪᠰᠤᠷᠤᠨ᠎ᠠ᠃ ᠭᠠᠵᠠᠷ ᠳᠣᠣᠷᠠᠬᠢ | ᠬᠤᠭᠤᠯᠠᠢ ᠱᠤᠭᠤᠮ ᠤᠨ ᠡᠷᠬᠡ ᠶᠢᠨ ᠬᠠᠷᠢᠶᠠᠲᠤ ᠨᠢᠭᠡᠴᠡ ᠨᠦᠭᠦᠳ ᠨᠢ ᠨᠦᠬᠡᠨ ᠬᠤᠩᠭᠢᠯ ᠳᠤ ᠣᠷᠣᠭᠤᠯᠤᠭᠰᠠᠨ ᠡᠯ᠎ᠡ | ᠬᠤᠭᠤᠯᠠᠢ ᠱᠤᠭᠤᠮ ᠤᠨ ᠪᠡᠯᠡᠳᠬᠡᠮᠵᠢ ᠶᠢ ᠵᠠᠰᠠᠵᠤ ᠬᠠᠮᠠᠭᠠᠯᠠᠬᠤ ᠪᠠ ᠡᠳᠦᠷ ᠳᠤᠲᠤᠮ ᠤᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠵᠤ᠂ ᠠᠵᠢᠯᠯᠠᠬᠤ ᠠᠮᠤᠷ ᠲᠥᠪᠰᠢᠨ ᠤ ᠮᠡᠷᠭᠡᠵᠢᠯ ᠤᠨ ᠬᠠᠮᠢᠶ᠎ᠠ ᠪᠦᠬᠦᠢ ᠵᠢᠷᠤᠮ ᠳᠦᠷᠢᠮ ᠢ | ᠴᠢᠩᠭ᠎ᠠ ᠬᠡᠷᠡᠭᠵᠢᠭᠦᠯᠦᠨ᠂ ᠬᠠᠮ ᠨᠦᠬᠡᠨ ᠬᠤᠩᠭᠢᠯ ᠢ ᠠᠵᠢᠯᠯᠠᠭᠤᠯᠤᠨ ᠡᠵᠡᠩᠨᠡᠵᠦ ᠪᠠᠶᠢᠭ᠎ᠠ ᠨᠢᠭᠡᠴᠡ ᠶᠢᠨ ᠬᠢᠨᠠᠯᠲᠠ | ᠪᠠᠶᠢᠴᠠᠭᠠᠯᠲᠠ ᠶᠢ ᠬᠦᠯᠢᠶᠡᠵᠦ᠂ ᠬᠤᠩᠭᠢᠯ ᠳᠤ ᠣᠷᠣᠭᠤᠯᠤᠭᠰᠠᠨ ᠬᠤᠭᠤᠯᠠᠢ ᠱᠤᠭᠤᠮ ᠤᠨ ᠠᠮᠤᠷ ᠲᠥᠪᠰᠢᠨ | ᠠᠵᠢᠯᠯᠠᠭᠠᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠦᠬᠡᠨ ᠬᠤᠩᠭᠢᠯ ᠢ ᠪᠦᠲᠦᠭᠡᠨ ᠪᠠᠶᠢᠭᠤᠯᠵᠤ | ᠠᠵᠢᠯᠯᠠᠭᠤᠯᠤᠨ ᠡᠵᠡᠩᠨᠡᠵᠦ ᠪᠠᠶᠢᠭ᠎ᠠ ᠨᠢᠭᠡᠴᠡ ᠨᠦᠭᠦᠳ ᠨᠢ ᠨᠦᠬᠡᠨ ᠬᠤᠩᠭᠢᠯ ᠳᠤ ᠣᠷᠣᠭᠤᠯᠤᠭᠰᠠᠨ ᠬᠤᠭᠤᠯᠠᠢ | ᠱᠤᠭᠤᠮ ᠤᠨ ᠡᠷᠬᠡ ᠶᠢᠨ ᠬᠠᠷᠢᠶᠠᠲᠤ ᠨᠢᠭᠡᠴᠡ ᠲᠠᠢ ᠠᠵᠢᠯ ᠢᠶᠠᠨ ᠬᠤᠪᠢᠶᠠᠷᠢᠯᠠᠨ ᠲᠣᠳᠣᠷᠬᠠᠶᠢᠯᠠᠵᠤ᠂ ᠲᠤᠰ | ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠬᠠᠷᠢᠯᠴᠠᠨ ᠬᠠᠮᠵᠢᠯᠴᠠᠵᠤ ᠪᠠᠶᠢᠭᠠᠳ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠵᠡᠷᠭᠡ ᠠᠵᠢᠯ ᠢ ᠦᠨᠡᠨᠬᠦ ᠰᠠᠶᠢᠳᠤᠷ ᠬᠢᠬᠦ | ᠬᠡᠷᠡᠭᠲᠡᠢ᠃ | ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠪᠣᠯ ᠬᠤᠲᠠ ᠶᠢᠨ ᠬᠠᠮ ᠨᠦᠬᠡᠨ ᠬᠤᠩᠭᠢᠯ ᠢ ᠪᠦᠲᠦᠭᠡᠨ ᠪᠠᠶᠢᠭᠤᠯᠵᠤ ᠬᠠᠮᠢᠶᠠᠷᠬᠤ | ᠠᠵᠢᠯ ᠤᠨ ᠬᠠᠷᠢᠭᠤᠴᠠᠯᠭᠠᠲᠤ ᠭᠤᠣᠯ ᠴᠣᠭᠴᠠ ᠮᠥᠨ᠂ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠭᠦᠢᠴᠡᠳᠭᠡᠬᠦ ᠶᠢᠨ ᠴᠢᠬᠤᠯᠠ ᠠᠭᠤᠯᠭ᠎ᠠ ᠪᠣᠯᠭᠠᠨ᠂ ᠡᠳᠦᠷ | ᠳᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠨ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠲᠣᠳᠣᠷᠬᠠᠶᠢᠯᠠᠨ ᠲᠣᠭᠲᠠᠭᠠᠵᠤ᠂ ᠠᠵᠢᠯ ᠤᠨ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠪᠤᠲᠠᠲᠠᠢ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ︔ ᠬᠠᠮ | ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠰᠢᠰᠲ᠋ᠤᠮᠵᠢ ᠳᠤ ᠣᠷᠣᠭᠤᠯᠤᠨ᠂ ᠪᠦᠲᠦᠮᠵᠢᠲᠡᠢ ᠰᠢᠮᠳᠠᠭᠤᠯᠤᠨ ᠪᠠᠶᠢᠴᠠᠭᠠᠬᠤ ᠳᠦᠷᠢᠮ ᠢ | ᠪᠠᠶᠢᠭᠤᠯᠵᠤ᠂ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠡᠯ᠎ᠡ ᠱᠠᠲᠤᠨ ᠤ ᠬᠤᠲᠠ ᠬᠦᠳᠡᠭᠡ ᠶᠢᠨ ᠲᠥᠯᠥᠪᠵᠢᠭᠦᠯᠭᠡ᠂ ᠪᠦᠲᠦᠭᠡᠨ | ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠠᠵᠤ | ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠡ᠂ ᠴᠢᠮᠡᠭᠡ ᠬᠤᠯᠪᠣᠭ᠎ᠠ ᠶᠢᠨ ᠬᠠᠮᠢᠶᠠᠷᠤᠯᠲᠠ᠂ ᠰᠣᠨᠢᠨ ᠮᠡᠳᠡᠭᠡ ᠬᠡᠪᠯᠡᠯ | ᠷᠠᠳᠢᠤ᠋ ᠲᠤᠯᠸᠢᠰ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ | ᠬᠠᠷᠢᠭᠤᠴᠠᠯᠭ᠎ᠠ ᠪᠠᠨ ᠭᠦᠢᠴᠡᠳᠬᠡᠨ᠂ ᠬᠦᠴᠦ ᠪᠠᠨ ᠬᠠᠮᠲᠤᠳᠬᠠᠨ ᠬᠠᠮᠵᠢᠯᠴᠠᠵᠤ ᠪᠠᠶᠢᠭᠠᠳ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠤᠷᠤᠭᠰᠢᠲᠠᠢ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ | ᠬᠤᠭᠤᠯᠠᠢ ᠱᠤᠭᠤᠮ ᠤᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠬᠠᠮᠢᠶᠠᠷᠤᠯᠲᠠ ᠶᠢᠨ | ᠨᠢᠭᠡᠴᠡ ᠵᠡᠷᠭᠡ ᠨᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠨᠢᠭᠲᠠ ᠬᠠᠮᠵᠢᠯᠴᠠᠵᠤ ᠪᠠᠶᠢᠭᠠᠳ | ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠬᠤ ᠬᠡᠷᠡᠭᠲᠡᠢ᠃ | ︵ᠬᠤᠶᠠᠷ︶ ᠵᠠᠰᠠᠭ ᠤᠨ ᠣᠷᠳᠣᠨ ᠤ ᠣᠷᠣᠭᠤᠯᠤᠯᠲᠠ ᠶᠢᠨ ᠡᠷᠴᠢᠮ ᠢ ᠴᠢᠩᠭᠠᠳᠬᠠᠨ᠎ᠠ᠃ ᠲᠥᠪ ᠤᠨ | ᠡᠳ᠋ ᠤᠨ ᠵᠠᠰᠠᠭ ᠠᠴᠠ ᠮᠠᠨ ᠤ ᠣᠷᠣᠨ ᠤ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠪᠡᠯᠡ | ᠮᠥᠩᠭᠦᠨ ᠤ ᠳᠡᠮᠵᠢᠯᠭᠡ ᠥᠭᠬᠦ ᠶᠢ ᠴᠢᠷᠮᠠᠶᠢᠨ ᠣᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠯ᠎ᠡ | ᠱᠠᠲᠤᠨ ᠤ ᠡᠳ᠋ ᠤᠨ ᠵᠠᠰᠠᠭ ᠤᠨ ᠬᠢᠨ ᠠᠵᠢᠯ ᠬᠡᠷᠡᠭ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ | ᠢᠵᠢᠯᠢᠰᠢᠭᠦᠯᠬᠦ ᠵᠠᠷᠴᠢᠮ ᠶᠣᠰᠣᠭᠠᠷ᠂ ᠡᠳ᠋ ᠤᠨ ᠬᠦᠴᠦᠨ ᠤ ᠪᠠᠶᠢᠳᠠᠯ ᠢᠶᠠᠨ ᠦᠨᠳᠦᠰᠦᠯᠡᠨ ᠬᠠᠮ ᠨᠦᠬᠡᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠲᠡᠮᠵᠢᠬᠦ ᠬᠡᠷᠡᠭᠲᠡᠢ᠃ | ︵ᠭᠤᠷᠪᠠ︶ ᠪᠡᠯᠡ ᠲᠣᠬᠢᠷᠠᠭᠤᠯᠭ᠎ᠠ ᠪᠠᠷ ᠲᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠤᠯᠤᠰ ᠤᠨ ᠨᠡᠭᠡᠭᠡᠯᠲᠡ ᠶᠢᠨ ᠪᠠᠩᠭᠢ ᠪᠣᠯᠣᠨ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠭᠢ ᠶᠢ ᠢᠳᠡᠪᠬᠢᠲᠡᠢ | ᠵᠣᠬᠢᠴᠠᠭᠤᠯᠤᠨ ᠠᠬᠢᠭᠤᠯᠵᠤ ᠪᠠᠶᠢᠭᠠᠳ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ᠂ ᠤᠯᠤᠰ ᠤᠨ ᠨᠡᠭᠡᠭᠡᠯᠲᠡ ᠶᠢᠨ ᠪᠠᠩᠭᠢ ᠶᠢᠨ ︽ᠬᠤᠲᠠ ᠶᠢᠨ ᠬᠠᠮ ᠨᠦᠬᠡᠨ ᠬᠤᠩᠭᠢᠯ ᠤᠨ ᠪᠦᠲᠦᠭᠡᠨ | ᠪᠠᠶᠢᠭᠤᠯᠤᠯᠲᠠ ᠶᠢ ᠨᠡᠭᠡᠭᠡᠯᠲᠡᠲᠦ ᠴᠢᠨᠠᠷᠲᠠᠢ ᠮᠥᠩᠭᠦᠨ ᠭᠦᠢᠯᠭᠡᠭᠡᠨ ᠢᠶᠠᠷ ᠲᠡᠮᠵᠢᠬᠦ ᠶᠢ ᠠᠬᠢᠭᠤᠯᠬᠤ ᠲᠤᠬᠠᠢ ᠮᠡᠳᠡᠭᠳᠡᠯ︾ | ︵ᠪᠦᠲᠦᠭᠡᠨ ᠬᠤᠲᠠ ﹇2015﹈ 165 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ | ᠰᠠᠶᠢᠳᠤᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ | ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠂ ᠬᠥᠷᠥᠩᠭᠡ ᠶᠢᠨ ᠮᠥᠩᠭᠦ ᠶᠢᠨ ᠬᠠᠷᠢᠴᠠᠯ᠂ | ᠵᠢᠭᠡᠯᠡᠯᠭᠡ ᠶᠢᠨ ᠵᠣᠭᠤᠰᠣᠨ ᠤ ᠦᠨ᠎ᠡ ᠶᠢ ᠲᠣᠭᠲᠠᠭᠠᠬᠤ᠂ ᠵᠢᠭᠡᠯᠡᠯᠭᠡ ᠶᠢᠨ ᠵᠣᠭᠤᠰᠣᠨ ᠤ ᠴᠠᠭ ᠬᠤᠭᠤᠴᠠᠭ᠎ᠠ ᠵᠡᠷᠭᠡ | ᠲᠠᠯ᠎ᠠ ᠪᠠᠷ ᠮᠠᠨ ᠤ ᠣᠷᠣᠨ ᠤ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠲᠣᠬᠢᠷᠠᠭᠤᠯᠭ᠎ᠠ | ᠬᠢᠬᠦ ᠳᠤ ᠵᠣᠬᠢᠰᠲᠠᠢ ᠬᠠᠷᠠᠭᠠᠯᠵᠠᠭᠤᠯᠬᠤ ᠬᠡᠷᠡᠭᠲᠡᠢ᠃ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠷᠢᠬᠵᠢᠭᠤᠯᠵᠤ ᠪᠠᠶᠢᠭᠠᠳ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠪᠠᠩᠭᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ ᠲᠥᠭᠰᠢᠭᠦᠷᠢ ᠶᠢ ᠡᠷᠬᠡᠰᠢᠶᠡᠵᠦ ᠪᠣᠯᠬᠤ᠂ | ᠬᠤᠳᠠᠯᠳᠤᠭᠠᠨ ᠢ ᠦᠷᠬᠦᠯᠵᠢᠯᠡᠭᠦᠯᠬᠦ ᠤᠷᠢᠳᠠᠯ ᠳᠣᠣᠷ᠎ᠠ᠂ ᠬᠠᠮ ᠨᠦᠬᠡᠨ ᠬᠤᠩᠭᠢᠯ ᠤᠨ ᠲᠥᠷᠥᠯ ᠵᠦᠢᠯ ᠳᠤ | ᠤᠷᠲᠤᠪᠲᠤᠷ ᠪᠠ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠲᠡᠮᠵᠢᠯᠭᠡ ᠬᠠᠩᠭᠠᠯᠭᠠᠵᠤ᠂ ᠣᠨᠴᠠ | ᠵᠥᠪᠰᠢᠶᠡᠷᠡᠯ ᠤᠨ ᠡᠵᠡᠩᠨᠡᠯᠲᠡ ᠶᠢᠨ ᠡᠷᠬᠡ᠂ ᠰᠦᠢᠳᠭᠡᠯ ᠬᠤᠷᠢᠶᠠᠬᠤ ᠡᠷᠬᠡ ᠪᠣᠯᠣᠨ ᠦᠢᠯᠡᠴᠢᠯᠡᠭᠡ ᠬᠤᠳᠠᠯᠳᠤᠨ | ᠠᠪᠬᠤ ᠬᠡᠯᠡᠯᠴᠡᠭᠡᠷ ᠤᠨ ᠵᠢᠱᠢᠭᠰᠡᠨ ᠠᠰᠢᠭ ᠣᠯᠬᠤ ᠵᠡᠷᠭᠡ ᠳᠠᠭᠠᠭᠠᠯᠲᠠ ᠶᠢᠨ ᠰᠢᠨ᠎ᠡ ᠡᠭᠦᠳᠦᠯᠲᠡ ᠲᠠᠢ ᠲᠥᠷᠥᠯ ᠤᠨ | ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠢᠳᠡᠪᠬᠢᠲᠡᠢ ᠦᠷᠨᠢᠭᠦᠯᠦᠨ᠂ ᠬᠠᠮ ᠨᠦᠬᠡᠨ ᠬᠤᠩᠭᠢᠯ ᠤᠨ ᠲᠥᠷᠥᠯ | ᠵᠦᠢᠯ ᠢ ᠲᠡᠮᠵᠢᠬᠦ ᠡᠷᠴᠢᠮ ᠢ ᠴᠢᠩᠭᠠᠷᠠᠭᠤᠯᠤᠨ᠎ᠠ᠃ ᠬᠠᠮ ᠨᠦᠬᠡᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ | ᠲᠤᠰᠬᠠᠢ ᠮᠥᠩᠭᠦᠨ ᠭᠦᠢᠯᠭᠡᠭᠡᠨ ᠤ ᠵᠢᠭᠡᠯᠡᠯᠭᠡ ᠪᠠᠷ ᠲᠡᠮᠵᠢᠬᠦ ᠬᠡᠪᠴᠢᠶᠡᠨ ᠳᠤ ᠵᠢᠭᠰᠠᠭᠠᠨ ᠣᠷᠣᠭᠤᠯᠵᠤ ᠤᠷᠲᠤ | ᠬᠤᠭᠤᠴᠠᠭ᠎ᠠ ᠪᠠᠷ ᠪᠡᠯᠡ ᠣᠷᠣᠭᠤᠯᠤᠯᠲᠠ ᠬᠢᠯᠭᠡᠨ᠎ᠡ᠃ ᠨᠦᠬᠦᠴᠡᠯ ᠳᠤ ᠨᠡᠶᠢᠴᠡᠬᠦ ᠬᠠᠮ ᠨᠦᠬᠡᠨ ᠬᠤᠩᠭᠢᠯ ᠤᠨ | ᠪᠦᠲᠦᠭᠡᠨ ᠪᠠᠶᠢᠭᠤᠯᠵᠤ ᠠᠵᠢᠯᠯᠠᠭᠤᠯᠤᠨ ᠡᠵᠡᠩᠨᠡᠬᠦ ᠠᠵᠤ ᠠᠬᠤᠶᠢᠯᠠᠯ ᠢ ᠲᠡᠮᠵᠢᠵᠦ ᠠᠵᠤ ᠠᠬᠤᠶᠢᠯᠠᠯ ᠤᠨ | ᠵᠢᠭᠡᠯᠡᠯᠭᠡ ᠶᠢᠨ ᠲᠡᠮᠳᠡᠭ ᠪᠣᠯᠣᠨ ᠲᠥᠷᠥᠯ ᠵᠦᠢᠯ ᠤᠨ ᠠᠰᠢᠭ ᠣᠯᠬᠤ ᠫᠢᠶᠣᠣ ᠪᠠᠷᠢᠮᠲᠠ ᠲᠠᠷᠬᠠᠭᠠᠯᠭᠠᠵᠤ ᠬᠠᠮ | ᠨᠦᠬᠡᠨ ᠬᠤᠩᠭᠢᠯ ᠤᠨ ᠪᠦᠲᠦᠭᠡᠨ ᠪᠠᠶᠢᠭᠤᠯᠬᠤ ᠲᠥᠷᠥᠯ ᠵᠦᠢᠯ ᠳᠤ ᠲᠤᠰᠬᠠᠢ ᠬᠡᠷᠡᠭᠯᠡᠭᠦᠯᠦᠨ᠎ᠡ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |