ᠮᠠᠨᠵᠤᠤᠷ ᠬᠤᠲᠠ ᠳᠤᠮᠳᠠᠳᠤ ᠤᠷᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠬᠠᠳᠠᠭᠠᠯᠠᠯᠲᠠ ᠶᠢᠨ ᠰᠠᠭᠤᠷᠢᠨ ᠭᠠᠵᠠᠷ ᠤᠨ ᠲᠦᠷᠥᠯ ᠵᠦᠢᠯ ᠢ ᠲᠦᠷᠭᠡᠨ ᠪᠦᠲᠦᠭᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2016/12/21
     ᠮᠠᠨᠵᠤᠤᠷ ᠬᠤᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ ᠮᠠᠨᠵᠤᠤᠷ ᠬᠤᠳᠠ ᠶᠢᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠤᠮᠳᠠᠳᠤ ᠤᠷᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠬᠠᠳᠠᠭᠠᠯᠠᠯᠲᠠ ᠶᠢᠨ ᠰᠠᠭᠤᠷᠢᠨ ᠭᠠᠵᠠᠷ ᠤᠨ ᠲᠦᠷᠥᠯ ᠵᠦᠢᠯ ᠤᠨ ᠪᠠᠷᠢᠯᠭ᠎ᠠ ᠡᠮᠬᠢ ᠵᠢᠷᠤᠮ ᠲᠠᠢ ᠶᠠᠪᠤᠭᠳᠠᠵᠤ᠂ ᠡᠯ᠎ᠡ ᠵᠦᠢᠯ ᠤᠨ ᠪᠠᠷᠢᠯᠭ᠎ᠠ ᠶᠢᠨ ᠠᠬᠢᠴᠠ ᠤᠷᠤᠭᠰᠢᠲᠠᠶ ᠶᠠᠪᠤᠭᠳᠠᠵᠤ ᠪᠠᠶᠢᠨ᠎ᠠ᠃ ᠣᠳᠣᠬᠠᠨ ᠳᠤ᠂ ᠡᠳᠦᠷ ᠲᠤ 500 ᠲᠣᠨ ᠭᠤᠯᠢᠷ ᠪᠣᠯᠪᠠᠰᠤᠷᠠᠭᠤᠯᠬᠤ ᠲᠠᠰᠤᠭ ᠤᠨ 60%᠎ ᠶᠢ ᠨᠢ ᠨᠢᠭᠡᠨᠲᠡ ᠪᠡᠶᠡᠯᠡᠭᠦᠯᠵᠦ᠂ ᠰᠢᠯᠢᠮᠳᠡᠭ ᠤᠨ ᠦᠷ᠎ᠡ ᠠᠴᠠ ᠤᠷᠢᠳᠴᠢᠯᠠᠨ ᠲᠤᠰᠤ ᠰᠢᠬᠠᠬᠤ ᠲᠠᠰᠤᠭ ᠤᠨ 70%᠎ ᠶᠢ ᠨᠢ ᠪᠡᠶᠡᠯᠡᠬᠦᠯᠪᠡ᠂ ᠠᠵᠤ ᠠᠬᠤᠶᠢᠯᠠᠯ ᠤᠳ ᠶᠠᠭ ᠲᠦᠭᠦᠭᠡᠷᠦᠮᠵᠢ ᠤᠭᠰᠠᠷᠠᠵᠤ᠂ ᠵᠢᠯ ᠤᠨ ᠡᠴᠦᠰ ᠠᠴᠠ ᠡᠮᠦᠨ᠎ᠡ ᠭᠤᠯᠢᠷ ᠪᠣᠯᠪᠠᠰᠤᠷᠠᠭᠤᠯᠬᠤ ᠲᠠᠰᠤᠭ ᠤᠨ ᠪᠠᠷᠢᠯᠭ᠎ᠠ ᠶᠢ ᠳᠠᠭᠤᠰᠬᠠᠨ ᠲᠤᠷᠰᠢᠵᠤ᠂ ᠡᠵᠡᠩᠨᠡᠯᠲᠡ ᠶᠢᠨ ᠨᠥᠬᠦᠴᠡᠯ ᠢ ᠪᠦᠷᠢᠯᠳᠦᠭᠦᠯᠬᠦ ᠪᠠᠷ ᠴᠢᠷᠮᠠᠶᠢᠵᠤ ᠪᠠᠶᠢᠨ᠎ᠠ᠃      ᠣᠶᠢᠯᠠᠭᠠᠭᠰᠠᠨ ᠢᠶᠠᠷ᠂ ᠲᠤᠰ ᠲᠦᠷᠦᠯ ᠵᠦᠢᠯ ᠨᠢ ᠮᠠᠨᠵᠤᠤᠷ ᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠤᠯᠠᠨ ᠤᠯᠤᠰ ᠤᠨ ᠪᠠᠷᠠᠭᠠᠨ ᠤ ᠰᠢᠨ᠎ᠡ ᠲᠠᠯᠠᠪᠤᠷ ᠲᠤ ᠪᠠᠶᠢᠷᠢᠯᠡᠵᠤ᠂ 33 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ 5 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠪᠡ᠂ ᠠᠮᠤ ᠪᠤᠳᠠᠭᠠᠨ ᠤ ᠬᠥᠮᠥᠷᠭᠡ᠂ ᠲᠤᠰᠤ ᠬᠠᠳᠠᠭᠠᠯᠠᠬᠤ ᠰᠠᠪᠠ ᠂ ᠭᠤᠯᠢᠷ ᠤᠨ ᠦᠢᠯᠡᠳᠪᠦᠷᠢ᠂ ᠲᠣᠰᠣ ᠪᠣᠯᠪᠠᠰᠤᠷᠠᠭᠤᠯᠬᠤ ᠦᠢᠯᠡᠳᠪᠦᠷᠢ ᠪᠤᠯᠤᠨ ᠲᠡᠮᠦᠷ ᠵᠡᠮ ᠤᠨ ᠲᠤᠰᠬᠠᠶ ᠱᠤᠭᠤᠮ ᠢ ᠪᠦᠲᠦᠭᠡᠨ ᠪᠠᠶᠢᠭᠤᠯᠵᠤ᠂ ᠤᠷᠤᠰ ᠠᠴᠠ ᠵᠢᠯ ᠪᠦᠷᠢ 20 ᠲᠦᠮᠡᠨ ᠲᠣᠨ ᠪᠤᠭᠤᠳᠠᠢ᠂ 15 ᠲᠦᠮᠡᠨ ᠲᠣᠨ ᠰᠢᠯᠢᠮᠳᠡᠭ ᠤᠨ ᠦᠷ᠎ᠡ ᠶᠢ ᠤᠷᠤᠭᠤᠯᠵᠤ᠂ 11 ᠲᠦᠮᠡᠨ ᠲᠣᠨ ᠭᠤᠯᠢᠷ᠂ 7 ᠲᠦᠮᠡᠨ ᠲᠣᠨ ᠢᠳᠡᠰᠢᠨ ᠲᠤᠰᠤ ᠶᠢ ᠪᠣᠯᠪᠠᠰᠤᠷᠠᠭᠤᠯᠤᠨ ᠦᠢᠯᠡᠳᠪᠦᠷᠢᠯᠡᠬᠦ ᠪᠠᠷ ᠲᠦᠯᠦᠪᠵᠢᠭᠦᠯᠵᠠᠢ᠃      ᠣᠶᠢᠯᠠᠭᠠᠭᠰᠠᠨ ᠢᠶᠠᠷ᠂ ᠲᠤᠰ ᠢᠨᠵᠧᠨᠧᠷᠢᠩ ᠤᠨ ᠠᠯᠪᠠᠨ ᠠᠰᠠᠷ ᠢ ᠨᠢᠭᠡᠨᠲᠡ ᠪᠠᠶᠢᠭᠤᠯᠵᠤ ᠳᠠᠭᠤᠰᠬᠠᠪᠠ᠂ ᠠᠮᠤ ᠪᠤᠳᠠᠭᠠᠨ ᠤ ᠬᠤᠭᠤᠯᠠᠶ ᠬᠡᠯᠪᠡᠷᠢᠲᠦ ᠬᠥᠮᠥᠷᠭᠡ ᠶᠢ ᠨᠢᠭᠡᠳᠦᠭᠡᠷ ᠬᠤᠭᠤᠴᠠᠭᠠᠨ ᠳᠤ 8᠎ ᠶᠢ ᠪᠠᠶᠢᠭᠤᠯᠵᠤ᠂ ᠪᠦᠬᠦ ᠪᠠᠷᠢᠯᠭ᠎ᠠ ᠵᠢᠴᠢ ᠲᠠᠭᠠᠯᠳᠠ ᠪᠡᠯᠡᠳᠬᠡᠮᠵᠢ ᠶᠢ ᠨᠢᠭᠡᠨᠲᠡ ᠪᠠᠶᠢᠭᠤᠯᠵᠤ ᠳᠠᠭᠤᠰᠬᠠᠭᠰᠠᠨ ᠪᠥᠭᠡᠳ ᠨᠢᠭᠡᠨᠲᠡ ᠠᠰᠢᠭᠯᠠᠯᠲᠠ ᠳᠤ ᠣᠷᠣᠭᠤᠯᠤᠨ ᠬᠡᠷᠡᠭᠯᠡᠪᠡ᠂ 10 ᠰᠠᠭᠤᠷᠢ ᠲᠣᠰᠣᠨ ᠰᠠᠪᠠ ᠵᠢᠴᠢ ᠢᠵᠢ ᠪᠦᠷᠢᠳᠦᠬᠦᠯᠬᠦ ᠪᠡᠯᠡᠳᠭᠡᠮᠵᠢ ᠶᠢᠨ ᠰᠠᠭᠤᠷᠢ ᠬᠡᠰᠡᠭ ᠢ ᠨᠢᠭᠡᠨᠲᠡ ᠪᠡᠶᠡᠯᠡᠭᠦᠯᠦᠭᠰᠡᠨ ᠪᠠᠶᠢᠨ᠎ᠠ᠃      ᠲᠤᠰ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠴᠤᠭᠯᠠᠷᠠᠯ ᠬᠥᠮᠥᠷᠭᠡᠯᠡᠨ ᠬᠠᠳᠠᠭᠠᠯᠠᠯᠲᠠ᠂ ᠡᠳ᠋ ᠪᠠᠷᠠᠭᠠᠨ ᠤ ᠭᠦᠢᠯᠭᠡᠭᠡ᠂ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠭᠡ ᠶᠢ ᠨᠢᠭᠡ ᠴᠤᠭᠴᠠᠵᠢᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠲᠤᠰᠬᠠᠶ ᠪᠠᠷᠠᠭᠠᠨ ᠤ ᠲᠠᠯᠠᠪᠤᠷ ᠪᠤᠢ ᠪᠤᠯᠵᠤ᠂ ᠮᠠᠨᠵᠤᠤᠷ ᠬᠤᠳᠠ ᠶᠢᠨ ᠭᠠᠳᠠᠭᠠᠳᠤ ᠠᠴᠠ ᠣᠷᠣᠭᠤᠯᠬᠤ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ ᠤᠨ ᠬᠥᠭᠵᠢᠯᠲᠡ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号