ᠡᠨᠡ ᠵᠢᠯ ᠥᠪᠥᠷ ᠮᠣᠩᠭᠤᠯ 21.2 ᠲᠦᠮᠡᠨ ᠬᠦᠮᠦᠨ ᠢ ᠶᠠᠳᠠᠭᠤ ᠠᠴᠠ ᠠᠩᠭᠢᠵᠢᠷᠠᠭᠤᠯᠪᠠ
ᠨᠡᠶᠢᠲᠡᠯᠡᠭᠰᠡᠨ ᠴᠠᠭ᠄
2016/12/21
      ᠮᠠᠨ ᠤ ᠣᠷᠣᠨ ᠲᠦᠢᠯ ᠤᠨ ᠤᠨᠤᠪᠴᠢᠲᠠᠢ ᠪᠠᠷ ᠶᠠᠳᠠᠭᠤ ᠶᠢ ᠲᠡᠳᠬᠦᠬᠦ ᠲᠦᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠡ ᠵᠢᠯ 21.2 ᠲᠦᠮᠡᠨ ᠬᠦᠮᠦᠨ ᠢ ᠶᠠᠳᠠᠭᠤ ᠠᠴᠠ ᠨᠢ ᠠᠩᠭᠢᠵᠢᠷᠠᠭᠤᠯᠤᠨ᠂ ᠤᠷᠤᠨ ᠤ ᠶᠠᠳᠠᠭᠤ ᠬᠦᠴᠢᠷᠳᠡᠯᠲᠡᠢ 12 ᠬᠤᠰᠢᠭᠤ ᠰᠢᠶᠠᠨ ᠤ ᠶᠠᠳᠠᠭᠤ ᠮᠠᠯᠠᠭᠠᠶ ᠶᠢ ᠨᠢ ᠲᠠᠶᠠᠭᠳᠠᠭᠤᠯᠪᠠ᠃      ᠡᠨᠡ ᠵᠢᠯ᠂ ᠮᠠᠨ ᠤ ᠤᠷᠤᠨ 90 ᠬᠤᠰᠢᠭᠤ ᠰᠢᠶᠠᠨ ᠲᠣᠭᠤᠷᠢᠭ᠂ 10526 ᠭᠠᠴᠠᠭ᠎ᠠ ᠲᠣᠰᠬᠤᠨ᠂ 35.7 ᠲᠦᠮᠡᠨ ᠡᠷᠦᠬᠡ᠂ 80.2 ᠲᠦᠮᠡᠨ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠮᠡᠳᠡᠭᠡ ᠵᠠᠩᠬᠢ ᠶᠢ ᠰᠢᠨᠡᠳᠬᠡᠵᠦ᠂ ᠶᠠᠳᠠᠭᠤ ᠬᠦᠴᠢᠷᠳᠡᠯ ᠤᠨ ᠪᠠᠷᠢᠮᠵᠢᠶ᠎ᠠ ᠳᠤ ᠦᠯᠦ ᠨᠡᠶᠢᠴᠡᠬᠦ ᠬᠥᠮᠦᠨ ᠠᠮᠠ ᠶᠢ 21.4 ᠲᠦᠮᠡ ᠬᠠᠰᠤᠵᠤ᠂ ᠰᠢᠨ᠎ᠡ ᠪᠠᠷ 23 ᠲᠦᠮᠡᠨ ᠬᠦᠮᠦᠨ ᠢ ᠢᠯᠭᠠᠨ ᠲᠠᠨᠢᠵᠤ ᠨᠦᠬᠦᠵᠦ ᠠᠪᠤᠪᠠ᠃ ︽ᠲᠠᠪᠤᠨ ᠨᠢᠭᠡ ᠪᠦᠯᠦᠭ︾᠎ ᠢᠶᠠᠷ ᠲᠥᠷᠥᠯ ᠠᠩᠭᠢᠯᠠᠨ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠢ ᠨᠢ ᠲᠡᠳᠬᠦᠬᠦ ᠪᠠ ᠰᠢᠯᠵᠢᠭᠦᠯᠦᠨ ᠠᠵᠢᠯ ᠣᠯᠭᠤᠬᠤ ᠪᠠᠷ ᠳᠠᠮᠵᠢᠭᠤᠯᠤᠨ 8.7 ᠲᠦᠮᠡᠨ ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ 5 ᠲᠦᠮᠡᠨ ᠬᠥᠮᠦᠨ ᠢ ᠣᠨᠳᠣᠣ ᠭᠠᠵᠠᠷ ᠨᠡᠭᠦᠯᠭᠡᠵᠦ ᠶᠠᠳᠠᠭᠤ ᠠᠴᠠ ᠠᠩᠭᠢᠵᠢᠷᠠᠭᠤᠯᠵᠤ᠂ ᠠᠮᠢ ᠠᠬᠤᠶ ᠶᠢᠨ ᠨᠦᠬᠦᠪᠦᠷᠢ ᠪᠠᠷ 0.7 ᠲᠦᠮᠡᠨ ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠰᠤᠷᠭᠠᠨ ᠬᠦᠮᠦᠵᠢᠯ ᠢᠶᠠᠷ 2.5 ᠲᠦᠮᠡᠨ ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠠᠷ 4.3 ᠲᠦᠮᠡᠨ ᠬᠥᠮᠦᠨ ᠶᠠᠳᠠᠭᠤ ᠠᠴᠠ ᠠᠩᠭᠢᠵᠢᠷᠠᠭᠤᠯᠤᠭᠰᠠᠨ ᠪᠠᠶᠢᠨ᠎ᠠ᠃      ᠡᠯ᠎ᠡ ᠱᠠᠲᠤᠨ ᠤ ᠡᠳ᠋ ᠤᠨ ᠵᠠᠰᠠᠭ ᠶᠠᠳᠠᠭᠤ ᠶᠢ ᠲᠡᠳᠬᠦᠬᠦ ᠳᠤ ᠡᠨᠡ ᠵᠢᠯ 89 ᠳ᠋ᠦᠩᠰᠢᠭᠤᠷ ᠲᠦᠭᠦᠷᠢᠭ ᠤᠷᠤᠭᠤᠯᠪᠠ᠂ ᠡᠭᠦᠨ ᠳᠤ᠂ ᠲᠥᠪ ᠠᠴᠠ ᠪᠠᠭᠤᠯᠭᠠᠭᠰᠠᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ 19.84 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠣᠬᠢᠷᠠᠭᠤᠯᠤᠭᠰᠠᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ 18.75 ᠳ᠋ᠦᠩᠰᠢᠭᠤᠷ ᠲᠥᠭᠦᠷᠢᠭ ᠪᠠᠶᠢᠨ᠎ᠠ᠃ ᠠᠶᠢᠮᠠᠭ ᠬᠤᠳᠠ᠂ ᠬᠤᠰᠢᠭᠤ ᠰᠢᠶᠠᠨ ᠣᠷᠣᠭᠤᠯᠤᠯᠲᠠ ᠪᠠᠨ ᠶᠡᠭᠡ ᠬᠡᠮᠵᠢᠶ᠎ᠡ ᠪᠠᠷ ᠨᠡᠮᠡᠭᠳᠡᠭᠦᠯᠵᠦ᠂ ᠠᠶᠢᠮᠠᠭ ᠬᠤᠳᠠ ᠶᠢᠨ ᠤᠷᠤᠭᠤᠯᠤᠯᠲᠠ ᠨᠢ 9.87 ᠳ᠋ᠦᠩᠰᠢᠭᠤᠷ ᠲᠥᠭᠦᠷᠢᠭ ᠲᠤ ᠬᠦᠷᠴᠦ᠂ 30%᠎ ᠪᠠᠷ ᠨᠡᠮᠡᠭᠳᠡᠪᠡ︔ ᠬᠤᠰᠢᠭᠤ ᠰᠢᠶᠠᠨ ᠤ ᠣᠷᠣᠭᠤᠯᠤᠯᠲᠠ ᠨᠢ 6.45 ᠳ᠋ᠦᠩᠰᠢᠭᠤᠷ ᠲᠥᠭᠦᠷᠢᠭ ᠲᠤ ᠬᠦᠷᠴᠦ᠂ 1 ᠳᠠᠬᠢᠨ ᠢᠶᠠᠷ ᠨᠡᠮᠡᠭᠳᠡᠪᠡ᠃ ᠶᠠᠳᠠᠭᠤ ᠬᠦᠴᠢᠷᠳᠡᠯᠲᠡᠶ 43 ᠬᠤᠰᠢᠭᠤ ᠰᠢᠶᠠᠨ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ ᠬᠡᠷᠡᠭᠯᠡᠬᠦ ᠲᠤᠷᠰᠢᠯᠲᠠ ᠬᠢᠵᠦ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢ 100 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠦᠨ ᠬᠡᠷᠡᠭᠯᠡᠵᠦ᠂ ᠪᠦᠬᠦ ᠵᠢᠯ ᠤᠨ ᠶᠠᠳᠠᠭᠤ ᠶᠢ ᠲᠡᠳᠬᠦᠬᠦ ᠲᠤᠰᠬᠠᠶ ᠣᠷᠣᠭᠤᠯᠤᠯᠲᠠ 400 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ᠃      ᠡᠨᠡ ᠵᠢᠯ ᠮᠠᠨ ᠤ ᠣᠷᠣᠨ ᠲᠥᠯᠥᠪᠵᠢᠭᠦᠯᠭᠡ᠂ ᠲᠦᠷᠦᠯ ᠵᠦᠢᠯ᠂ ᠺᠠᠳ᠋ᠷ ᠤᠨ ︽ᠭᠤᠷᠪᠠ ᠶᠢ ᠲᠣᠰᠬᠤᠨ ᠳᠤ ᠬᠦᠷᠭᠡᠬᠦ ᠭᠤᠷᠪᠠ ᠶᠢ ᠡᠷᠦᠬᠡ ᠳᠤ ᠬᠦᠷᠭᠡᠬᠦ︾ ᠢᠨᠵᠧᠨᠧᠷᠢᠩ ᠢ ᠦᠷᠭᠦᠯᠵᠢᠯᠡᠨ ᠭᠦᠨᠵᠡᠭᠡᠶ ᠠᠬᠢᠭᠤᠯᠪᠠ᠃ 2834 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠨᠢᠭᠡᠪᠦᠷᠢ ᠳᠤ 50 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠵᠦ ᠬᠥᠲᠥᠯᠥᠨ ᠵᠢᠯᠤᠭᠤᠳᠬᠤ ᠪᠡᠯᠡ ᠮᠦᠩᠭᠦ ᠣᠯᠭᠤᠵᠤ᠂ ᠥᠪᠡᠷ ᠲᠡᠭᠡᠨ ᠪᠠᠶᠢᠭᠤᠯᠤᠨ ᠰᠢᠭᠤᠳ ᠨᠦᠬᠦᠪᠦᠷᠢᠯᠡᠬᠦ᠂ ᠤᠷᠢᠳᠠᠪᠠᠷ ᠪᠠᠶᠢᠭᠤᠯᠤᠨ ᠰᠡᠭᠦᠯᠡᠷ ᠨᠢ ᠨᠥᠬᠦᠪᠥᠷᠢᠯᠡᠬᠦ᠂ ᠬᠦᠰᠢᠬᠦᠷᠭᠡ ᠶᠢ ᠬᠦᠳᠡᠯᠭᠡᠬᠦ᠂ ᠲᠣᠪᠶᠤᠭ ᠮᠠᠶ᠋ᠢᠭ ᠢᠶᠠᠷ ᠶᠠᠳᠠᠭᠤ ᠶᠢ ᠲᠡᠳᠬᠦᠬᠦ᠂ ᠡᠳ᠋ ᠭᠦᠷᠦᠩᠭᠡ ᠶᠢᠨ ᠠᠰᠢᠭ ᠣᠯᠵᠠᠪᠤᠷᠢ ᠪᠠᠷ ᠶᠠᠳᠠᠭᠤ ᠶᠢ ᠲᠡᠳᠬᠦᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠶᠠᠳᠠᠭᠤ ᠬᠦᠴᠢᠷᠳᠡᠯᠲᠡᠶ ᠡᠷᠤᠭᠡ ᠶᠢᠨ ᠥᠪᠡᠷᠮᠢᠴᠡ ᠣᠨᠴᠠᠯᠢᠭ ᠪᠦᠬᠦᠢ ᠠᠵᠤ ᠦᠢᠯᠡᠰ ᠢᠶᠠᠨ ᠬᠦᠭᠵᠢᠭᠦᠯᠬᠦ ᠶᠢ ᠨᠢ ᠲᠡᠳᠬᠦᠨ ᠳᠡᠮᠵᠢᠪᠡ᠃ ᠭᠠᠴᠠᠭ᠎ᠠ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢ 3463 ᠲᠣᠮᠢᠯᠠᠵᠤ᠂ ᠭᠠᠴᠠᠭ᠎ᠠ ᠲᠣᠰᠬᠤᠨ ᠳᠤ ᠰᠠᠭᠤᠬᠤ ᠺᠠᠳ᠋ᠷᠴᠤᠳ ᠢ 1.1 ᠲᠦᠮᠡ ᠲᠣᠮᠢᠯᠠᠵᠤ᠂ ᠨᠢᠭᠡᠳᠦᠭᠡᠷ ᠱᠦᠵᠢ ᠶᠢ 8195 ᠲᠣᠮᠢᠯᠠᠭᠰᠠᠨ ᠪᠠᠶᠢᠨ᠎ᠠ᠃ 11 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ ᠂ ᠲᠥᠷᠥᠯ ᠵᠦᠢᠯ ᠤᠨ ᠬᠥᠲᠥᠯᠥᠨ ᠵᠢᠯᠤᠭᠤᠳᠬᠤ ᠪᠡᠯᠡ ᠮᠦᠩᠭᠦ 14 ᠳ᠋ᠦᠩᠰᠢᠭᠤᠷ ᠲᠥᠭᠦᠷᠢᠭ ᠪᠠᠭᠤᠯᠭᠠᠨ᠂ 4067 ᠲᠦᠷᠦᠯ ᠵᠦᠢᠯ ᠢ ᠬᠡᠷᠡᠭᠵᠢᠭᠦᠯᠵᠦ᠂ 12.5 ᠲᠦᠮᠡᠨ ᠡᠷᠦᠬᠡ᠂ 29 ᠲᠦᠮᠡ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠡᠳᠬᠦᠨ ᠳᠡᠮᠵᠢᠪᠡ᠃      ᠭᠤᠣᠯᠳᠠᠯᠭ᠎ᠠ ᠲᠠᠢ ᠢᠨᠵᠧᠨᠧᠷᠢᠩ ᠤᠨ ᠲᠦᠷᠥᠯ ᠵᠦᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠲᠤᠶᠢᠯ ᠤᠨ ᠤᠨᠤᠪᠴᠢᠲᠠᠢ ᠪᠠᠷ ᠶᠠᠳᠠᠭᠤ ᠶᠢ ᠲᠡᠳᠭᠦᠨ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠪᠠ᠃ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ ᠪᠣᠳᠠᠲᠤ ᠦᠷ᠎ᠡ ᠪᠦᠲᠦᠮᠵᠢ ᠤᠯᠪᠠ᠂ ᠡᠨᠡ ᠵᠢᠯ 33 ᠳ᠋ᠦᠩᠰᠢᠭᠤᠷ ᠲᠥᠭᠦᠷᠢᠭ ᠤᠷᠤᠭᠤᠯᠵᠤ᠂ ᠶᠠᠳᠠᠭᠤ ᠬᠦᠴᠢᠷᠳᠡᠯᠲᠠᠢ 5 ᠲᠦᠮᠡᠨ ᠬᠦᠮᠦᠨ ᠠᠮᠠ ᠶᠢ ᠤᠨᠳᠤᠤ ᠭᠠᠵᠠᠷ ᠨᠡᠭᠦᠯᠭᠡᠵᠤ᠂ ᠵᠡᠷᠭᠡ ᠳᠤᠨᠢ 3 ᠲᠦᠮᠡᠨ ᠬᠥᠮᠦᠨ ᠢ ᠨᠡᠭᠦᠯᠭᠡᠪᠡ︔ ᠣᠳᠣᠬᠠᠨ ᠳᠤ ᠪᠥᠬᠦ ᠣᠷᠣᠨ ᠤ 78 ᠲᠦᠷᠦᠯ ᠵᠦᠢᠯ ᠪᠤᠯᠤᠨ ᠬᠤᠰᠢᠭᠤ ᠰᠢᠶᠠᠨ ᠤ ᠲᠥᠪᠬᠢᠨᠡᠭᠦᠯᠬᠦ ᠴᠢᠭ᠋ ᠤᠨ 1199 ᠲᠦᠷᠦᠯ ᠵᠦᠢᠯ ᠢ ᠴᠦᠮ ᠠᠵᠢᠯ ᠡᠬᠢᠯᠡᠭᠦᠯᠪᠡ᠃      ᠶᠠᠳᠠᠭᠤ ᠬᠦᠴᠢᠷᠳᠡᠯᠲᠡᠶ 57 ᠬᠤᠰᠢᠭᠤ ᠰᠢᠶᠠᠨ ᠳᠤ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠬᠦᠯᠪᠡ᠃ 11 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ ᠰᠢᠨ᠎ᠡ ᠪᠠᠷ  90.5 ᠳ᠋ᠦᠡᠭᠰᠢᠭᠤᠷ ᠲᠥᠭᠦᠷᠢᠭ ᠤᠨ ᠵᠢᠭᠡᠯᠡᠯᠭᠡ ᠨᠡᠮᠡᠵᠤ᠂ ᠨᠡᠶᠢᠲᠡ 244.6 ᠳ᠋ᠦᠡᠭᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠳᠤᠮᠳᠠᠴᠢ ᠪᠠᠷ 4.3 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ 48.8 ᠲᠦᠮᠡᠨ ᠡᠷᠦᠬᠡ ᠮᠠᠯᠴᠢᠨ ᠲᠠᠷᠢᠶᠠᠴᠢᠳ ᠢ ᠬᠠᠮᠤᠷᠴᠤ᠂ ᠵᠢᠭᠡᠯᠡᠯᠭᠡ ᠶᠢ 1 ᠵᠢᠯ ᠠᠴᠠ ᠳᠡᠭᠡᠭᠰᠢ ᠬᠡᠷᠡᠭᠯᠡᠭᠰᠡᠨ ᠶᠠᠳᠠᠭᠤ ᠬᠦᠴᠢᠷᠳᠡᠯᠲᠠᠢ ᠡᠷᠦᠬᠡ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ 1500 ᠳ᠋ᠦᠩᠰᠢᠭᠤᠷ ᠲᠥᠭᠦᠷᠢᠭ ᠨᠡᠮᠡᠭᠳᠡᠪᠡ︔ ᠡᠭᠦᠨ ᠤ ᠬᠠᠮᠲᠤ ᠶᠠᠳᠠᠭᠤ ᠶᠢ ᠲᠡᠳᠬᠦᠬᠦ ᠳᠠᠬᠢᠨᠲᠠ ᠵᠢᠭᠡᠯᠡᠯᠭᠡ ᠤᠯᠭᠤᠬᠤ᠂ ᠵᠦᠡᠭ ᠡᠾᠧ ᠬᠥᠳᠡᠭᠡ ᠲᠣᠰᠬᠤᠨ ᠤ ᠢᠲᠡᠭᠡᠮᠵᠢ ᠶᠢᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ᠂ ᠬᠠᠷᠢᠯᠴᠠᠨ ᠬᠠᠪᠰᠤᠷᠤᠯᠴᠠᠬᠤ ᠪᠡᠯᠡ ᠮᠥᠩᠭᠦ ᠵᠡᠷᠭᠡ ᠲᠥᠷᠥᠯ ᠵᠦᠢᠯ ᠢ ᠬᠡᠷᠡᠭᠵᠢᠭᠦᠯᠵᠦ ᠂ ᠶᠠᠳᠠᠭᠤ ᠶᠢ ᠲᠡᠳᠬᠦᠬᠦ ᠳᠠᠬᠢᠨᠲᠠ ᠵᠢᠭᠡᠯᠡᠯᠭᠡ ᠶᠢ 49.02 ᠳ᠋ᠦᠡᠭᠰᠢᠭᠤᠷ ᠲᠥᠭᠦᠷᠢᠭ ᠲᠠᠯᠪᠢᠪᠠ᠃ ᠡᠭᠦᠨ ᠳᠤ᠂ ᠵᠦᠡᠭ ᠡᠾᠧ ᠬᠥᠳᠡᠭᠡ ᠲᠣᠰᠬᠤᠨ ᠤ ᠢᠲᠡᠭᠡᠮᠵᠢ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠪᠠᠷ ᠶᠠᠳᠠᠭᠤ ᠶᠢ ᠲᠡᠳᠬᠦᠬᠦ ᠲᠦᠷᠦᠯ ᠵᠦᠢᠯ ᠤᠨ 60 ᠬᠤᠰᠢᠭᠤ ᠰᠢᠶᠠᠨ ᠳᠤ 11.3 ᠳ᠋ᠦᠡᠭᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ︔ 83 ᠬᠤᠰᠢᠭᠤ ᠰᠢᠶᠠᠨ᠂ 1130 ᠭᠠᠴᠠᠭ᠎ᠠ ᠲᠣᠰᠬᠤᠨ ᠳᠤ ᠬᠠᠷᠢᠯᠴᠠᠨ ᠬᠠᠪᠰᠤᠷᠤᠯᠴᠠᠬᠤ ᠪᠡᠯᠡ ᠮᠥᠩᠭᠦ ᠶᠢᠨ ᠲᠥᠷᠥᠯ ᠵᠦᠢᠯ ᠢ ᠬᠡᠷᠡᠭᠵᠢᠬᠦᠯᠵᠤ᠂ 2.5 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠲᠤᠰᠬᠠᠶ ᠵᠦᠢᠯ ᠢᠶᠠᠷ ᠶᠠᠳᠠᠭᠤ ᠶᠢ ᠲᠡᠳᠬᠦᠬᠦ ᠠᠵᠢᠯ ᠢ ᠢᠳᠡᠪᠬᠢᠲᠡᠶ ᠦᠷᠨᠢᠬᠦᠯᠦᠭᠰᠡᠨ ᠪᠠᠶᠢᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠦᠯᠦ ᠪᠠᠭᠲᠠᠬᠤ ᠪᠠ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠦᠷ᠎ᠡ ᠬᠡᠦᠬᠡᠳ ᠲᠤ ︽ᠬᠤᠷ᠎ᠠ ᠶᠢᠨ ᠲᠦᠯᠦᠪᠯᠡᠭᠡ︾᠎ ᠶᠢ ᠬᠡᠷᠡᠭᠵᠢᠬᠦᠯᠵᠤ᠂ 13000 ᠬᠥᠮᠦᠨ ᠳᠤ ᠨᠦᠬᠦᠪᠦᠷᠢ ᠤᠯᠭᠤᠪᠠ︔  ᠪᠠᠶᠠᠵᠢᠯ ᠤᠨ ᠲᠠᠭᠠᠭᠤᠯᠤᠬᠴᠢ ᠶᠢᠨ ᠪᠤᠯᠪᠠᠰᠤᠷᠠᠭᠤᠯᠤᠯ᠂ ᠲᠣᠰᠬᠤᠨ ᠳᠤ ᠰᠠᠭᠤᠬᠤ ᠨᠢᠭᠡᠳᠦᠭᠡᠷ ᠱᠦᠵᠢ᠂ ᠡᠯᠧᠺᠲᠷᠣᠨ ᠬᠤᠳᠠᠯᠳᠤᠭᠠᠨ ᠢᠶᠠᠷ ᠶᠠᠳᠠᠭᠤ ᠶᠢ ᠲᠡᠳᠬᠦᠬᠦ ᠵᠡᠷᠭᠡ 22 ᠬᠤᠭᠤᠴᠠᠭ᠎ᠠ 2058 ᠬᠥᠮᠦᠨ ᠳᠤ ᠪᠤᠯᠪᠠᠰᠤᠷᠠᠭᠤᠯᠤᠯ ᠬᠢᠪᠡ᠃ ᠪᠦᠬᠦ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠡᠪᠬᠡᠮᠡᠯ ᠪᠠᠶᠢᠭᠤᠯᠤᠨ ᠺᠠᠷᠲ ᠠᠪᠬᠤ ᠰᠢᠰᠲ᠋ᠧᠮ ᠳᠤ ᠰᠢᠯᠢᠨ ᠰᠤᠩᠭᠤᠬᠤ᠂ ᠢᠯᠭᠠᠨ ᠲᠠᠨᠢᠬᠤ ᠪᠠᠷ ᠳᠠᠮᠵᠢᠭᠤᠯᠤᠨ᠂ ᠠᠩᠬ᠎ᠠ ᠠᠯᠬᠤᠮ 12 ᠠᠶᠢᠮᠠᠭ ᠬᠤᠳᠠ᠂ ᠶᠠᠳᠠᠭᠤ ᠬᠦᠴᠢᠷᠳᠡᠯᠲᠠᠢ 57 ᠬᠤᠰᠢᠭᠤ ᠰᠢᠶᠠᠨ ᠳᠤ ᠭᠡᠷᠡᠯ ᠸᠣᠯᠲ ᠢᠶᠠᠷ ᠴᠠᠬᠢᠯᠭᠠᠨ ᠭᠠᠷᠭᠠᠨ ᠶᠠᠳᠠᠭᠤ ᠶᠢ ᠲᠡᠳᠬᠦᠬᠦ ᠠᠷᠭ᠎ᠠ ᠪᠠᠷ ᠬᠦᠳᠡᠯᠮᠦᠷᠢᠯᠡᠬᠦ ᠴᠢᠳᠠᠪᠤᠷᠢ ᠦᠭᠡᠢ ᠪᠠ ᠵᠡᠮᠳᠡᠭ ᠶᠠᠳᠠᠭᠤ ᠬᠦᠴᠢᠷᠳᠡᠯᠲᠡᠶ 5.69 ᠲᠦᠮᠡᠨ ᠡᠷᠤᠭᠡ ᠶᠢ ᠳᠡᠮᠵᠢᠬᠦ ᠪᠠᠷ ᠲᠤᠭᠲᠠᠭᠠᠪᠠ︔ ᠡᠯᠧᠺᠲᠷᠤᠨ ᠬᠤᠳᠠᠯᠳᠤᠭᠠᠨ ᠢᠶᠠᠷ ᠶᠠᠳᠠᠭᠤ ᠶᠢ ᠲᠡᠳᠬᠦᠬᠦ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ 20 ᠪᠥᠳᠥᠭᠡᠨ ᠪᠠᠶᠢᠭᠤᠯᠤᠯᠲᠠ ᠶᠢ ᠥᠷᠨᠢᠭᠦᠯᠵᠦ᠂ ᠬᠤᠰᠢᠭᠤ ᠰᠢᠶᠠᠨ ᠪᠦᠷᠢ ᠳᠤ 2000 ᠲᠦᠮᠡᠨ ᠲᠥᠭᠦᠷᠢᠭ ᠤᠨ ᠪᠡᠯᠡ ᠤᠷᠤᠭᠤᠯᠪᠠ᠃ ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ 2834 ᠭᠠᠴᠠᠭᠠᠨ ᠤ ᠵᠢᠭᠤᠯᠴᠢᠯᠠᠯ ᠤᠨ ᠡᠬᠢ ᠪᠠᠶᠠᠯᠢᠭ ᠤᠨ ᠪᠠᠶᠢᠳᠠᠯ ᠢ ᠪᠠᠶᠢᠴᠠᠭᠠᠨ ᠤᠶᠢᠯᠠᠭᠠᠵᠤ᠂ ᠭᠠᠴᠠᠭ᠎ᠠ ᠲᠣᠰᠬᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ 65 ᠲᠤᠷᠰᠢᠯᠲᠠ ᠶᠢᠨ ᠴᠢᠭ᠋ ᠢ ᠡᠬᠢᠯᠡᠭᠦᠯᠵᠦ᠂ ᠶᠠᠳᠠᠭᠤ ᠬᠦᠴᠢᠷᠳᠡᠯᠲᠡᠶ 6000 ᠰᠢᠬᠠᠮ ᠬᠥᠮᠦᠨ ᠠᠮᠠ ᠶᠢ ᠶᠠᠳᠠᠭᠤ ᠠᠴᠠ ᠨᠢ ᠠᠩᠬᠢᠵᠢᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号