ᠪᠦᠬᠦ ᠤᠷᠤᠨ ᠤ ᠬᠤᠳᠠ ᠶᠢᠨ ᠦᠨᠳᠦᠰᠦᠳᠡᠨ ᠤ ᠠᠵᠢᠯ ᠤᠨ ᠳᠤᠬᠠᠢ ᠶᠢᠨ ᠳᠠᠯᠠᠪᠤᠷ ᠤᠨ ᠬᠤᠷᠠᠯ ᠤᠷᠳᠤᠰ ᠬᠤᠳᠠ ᠳᠤ ᠬᠤᠷᠠᠯᠳᠤᠪᠠ  ᠯᠢᠦ ᠰᠢᠨ ᠯᠧ ᠤᠷᠤᠯᠴᠠᠵᠠᠢ
ᠨᠡᠶᠢᠲᠡᠯᠡᠭᠰᠡᠨ ᠴᠠᠭ᠄
2016/12/21
      12 ᠳ᠋ᠤᠭᠠᠷ ᠰᠠᠷ᠎ᠠ ᠶᠢᠨ 20᠎ ᠤ ᠡᠳᠦᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤᠷᠳᠤᠰ ᠬᠤᠳᠠ ᠶᠢᠨ ᠳ᠋ᠦᠩᠱᠧᠩ ᠳᠤᠭᠤᠷᠢᠬ ᠲᠤ ᠪᠦᠬᠦ ᠤᠷᠤᠨ ᠤ ᠬᠤᠳᠠ ᠶᠢᠨ ᠦᠨᠳᠦᠰᠦᠳᠡᠨ ᠤ ᠠᠵᠢᠯ ᠤᠨ ᠳᠤᠬᠠᠢ ᠶᠢᠨ ᠳᠠᠯᠠᠪᠤᠷ ᠤᠨ ᠬᠤᠷᠠᠯ ᠬᠤᠷᠠᠯᠳᠤᠭᠤᠯᠵᠦ᠂ ᠦᠪᠡᠷᠳᠡᠬᠡᠨ ᠵᠠᠰᠠᠬᠤ ᠤᠷᠤᠨ ᠤ ᠬᠤᠳᠠ ᠶᠢᠨ ᠦᠨᠳᠦᠰᠦᠳᠡᠨ ᠤ ᠠᠵᠢᠯ ᠢ ᠰᠢᠰᠲ᠋ᠧᠮ ᠲᠠᠢ ᠳ᠋ᠦᠩᠨᠡᠵᠦ᠂ ᠪᠦᠬᠦ ᠳᠠᠯ᠎ᠠ ᠪᠠᠷ ᠪᠠᠶᠢᠷᠢᠯᠠᠭᠤᠯᠤᠯᠳᠠ ᠬᠢᠵᠡᠢ᠃      ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠯᠢᠦ ᠰᠢᠨ ᠯᠧ ᠬᠤᠷᠠᠯ ᠳᠤ ᠤᠷᠤᠯᠴᠠᠵᠦ ᠶᠠᠷᠢᠶ᠎ᠠ ᠳᠠᠯᠪᠢᠪᠡ᠃      ᠯᠢᠦ ᠰᠢᠨ ᠯᠧ ᠵᠢᠭᠠᠵᠦ ᠭᠠᠷᠭᠠᠬᠤ ᠳᠠᠭᠠᠨ᠂ ᠬᠤᠳᠠ ᠶᠢᠨ ᠦᠨᠳᠦᠰᠦᠳᠡᠨ ᠤ ᠠᠵᠢᠯ ᠨᠢ ᠦᠨᠳᠦᠰᠦᠳᠡᠨ ᠤ ᠪᠦᠯᠬᠦᠮᠳᠡᠯ ᠤᠨ ᠶᠡᠭᠡ ᠳᠠᠯ᠎ᠠ ᠪᠤᠯᠤᠨ ᠬᠤᠳᠠ ᠶᠢᠨ ᠬᠦᠭᠵᠢᠯᠳᠠ ᠪᠡ ᠳᠤᠬᠳᠠᠭᠤᠨ ᠤ ᠶᠡᠭᠡ ᠳᠠᠯ᠎ᠠ ᠲᠠᠢ ᠬᠤᠯᠪᠤᠬᠳᠠᠵᠦ ᠪᠤᠢ᠂ ᠡᠨᠡ ᠨᠢ ᠦᠪᠦᠷ ᠮᠤᠩᠭᠤᠯ ᠳᠤ ᠠᠪᠴᠤ ᠬᠡᠯᠡᠪᠡᠯ ᠳᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠃ ᠪᠦᠬᠦ ᠤᠷᠤᠨ ᠤ ᠡᠯ᠎ᠠ ᠭᠠᠵᠠᠷ ᠤᠷᠤᠨ ᠤ ᠬᠢᠨ ᠡᠷᠬᠡᠪᠰᠢ ᠳᠦᠪ ᠤᠨ ᠦᠨᠳᠦᠰᠦᠳᠡᠨ ᠤ ᠠᠵᠢᠯ ᠤᠨ ᠬᠤᠷᠠᠯ᠂ ᠪᠦᠬᠦ ᠤᠯᠤᠰ ᠤᠨ ᠬᠤᠳᠠ ᠶᠢᠨ ᠦᠨᠳᠦᠰᠦᠳᠡᠨ ᠤ ᠠᠵᠢᠯ ᠤᠨ ᠬᠤᠷᠠᠯ ᠪᠤᠯᠤᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ︽ᠬᠤᠶᠠᠷ ᠢ ᠬᠠᠮᠳᠤᠪᠡᠷ ᠪᠡᠶᠡᠯᠠᠬᠦᠯᠬᠦ︾ ︽ᠭᠤᠷᠪᠠ ᠶᠢ ᠰᠠᠯᠭᠠᠵᠦ ᠦᠯᠦ ᠪᠤᠯᠬᠤ︾ ᠪᠠ ︽ᠳᠠᠪᠤ ᠶᠢ ᠮᠡᠳᠡᠷᠡᠨ ᠵᠦᠪᠰᠢᠶᠡᠷᠡᠬᠦ︾ ᠵᠠᠷᠴᠢᠮ ᠢ ᠪᠠᠳᠤ ᠡᠵᠡᠮᠰᠢᠵᠦ᠂ ᠬᠤᠳᠠ ᠶᠢᠨ ᠦᠨᠳᠦᠰᠦᠳᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠮᠠᠨ ᠤ ᠤᠷᠤᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠶᠡᠭᠡ ᠰᠠᠶᠢᠨ ᠪᠠᠶᠢᠳᠠᠯ ᠢ ᠴᠢᠨᠠᠬᠰᠢᠳᠠ ᠪᠠᠬᠢᠵᠢᠬᠦᠯᠦᠨ ᠰᠠᠶᠢᠵᠢᠷᠠᠭᠤᠯᠬᠤ ᠬᠡᠷᠡᠭᠳᠡᠢ ᠬᠡᠪᠡ᠃      ᠯᠢᠦ ᠰᠢᠨ ᠯᠧ ᠴᠢᠬᠤᠯᠠᠴᠢᠯᠠᠬᠤ ᠳᠠᠭᠠᠨ᠂ ᠰᠢᠨ᠎ᠠ ᠬᠤᠭᠤᠴᠠᠭᠠᠨ ᠤ ᠪᠦᠬᠦ ᠤᠷᠤᠨ ᠤ ᠬᠤᠳᠠ ᠶᠢᠨ ᠦᠨᠳᠦᠰᠦᠳᠡᠨ ᠤ ᠠᠵᠢᠯ ᠢ ᠰᠠᠶᠢᠳᠤᠷ ᠬᠢᠬᠦ ᠳᠤ ᠪᠦᠬᠦ ᠤᠯᠤᠰ ᠤᠨ ᠨᠢᠬᠡᠳᠦᠯᠳᠡᠢ ᠳᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠢ ᠵᠢᠷᠤᠮᠯᠠᠬᠤ ᠶᠢᠨ ᠬᠠᠮᠳᠤ᠂ ᠪᠠᠰᠠ ᠮᠠᠨ ᠤ ᠤᠷᠤᠨ ᠤ ᠪᠤᠳᠠᠳᠠᠢ ᠪᠠᠶᠢᠳᠠᠯ ᠳᠤ ᠰᠠᠭᠤᠷᠢᠯᠠᠨ ᠳᠦᠷᠦ ᠶᠢᠨ ᠪᠤᠳᠤᠯᠭ᠎ᠠ ᠬᠡᠷᠡᠭᠵᠢᠬᠦᠯᠬᠦ ᠬᠡᠷᠡᠭᠳᠡᠢ︔ ᠡᠷᠬᠡᠪᠰᠢ ᠭᠤᠤᠯᠳᠠᠯᠭ᠎ᠠ ᠶᠢ ᠳᠤᠪᠤᠶᠢᠯᠭᠠᠬᠤ ᠶᠢ ᠪᠠᠷᠢᠮᠳᠠᠯᠠᠵᠦ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠬᠦᠬᠢᠬᠦᠯᠵᠦ ᠴᠤᠬᠴᠠᠯᠠᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠬᠦ ᠬᠡᠷᠡᠭᠳᠡᠢ︔ ᠨᠢᠭᠡᠳᠦᠯᠳᠡᠢ ᠲᠦᠯᠦᠪᠵᠢᠬᠦᠯᠦᠨ ᠠᠬᠢᠭᠤᠯᠬᠤ ᠶᠢ ᠪᠠᠷᠢᠮᠳᠠᠯᠠᠵᠤ᠂ ᠴᠦᠭᠡᠨ ᠲᠤᠭᠠᠳᠤ ᠦᠨᠳᠤᠰᠤᠳᠡᠨ ᠤ ᠠᠷᠠᠳ ᠤᠯᠠᠨ ᠢ ᠨᠡᠩ ᠰᠠᠶᠢᠨ ᠢᠶᠠᠷ ᠬᠤᠳᠡ ᠳᠤ ᠠᠭᠤᠰᠤᠯᠴᠠᠬᠤ ᠶᠢ ᠲᠡᠮᠵᠢᠭᠦ ᠭᠡᠷᠡᠭᠲᠠᠢ︔ ᠬᠠᠤᠯᠢ ᠪᠠᠷ ᠵᠠᠰᠠᠬᠤ ᠰᠡᠳᠬᠢᠴᠠ ᠶᠢ ᠪᠠᠷᠢᠮᠳᠠᠯᠠᠵᠤ᠂ ᠬᠠᠤᠯᠢ ᠶᠤᠰᠤᠭᠠᠷ ᠬᠤᠳᠡ ᠶᠢᠨ ᠴᠦᠭᠡᠨ ᠲᠤᠭᠠᠳᠤ ᠦᠨᠳᠤᠰᠤᠳᠡᠨ ᠤ ᠬᠠᠤᠯᠢ ᠶᠤᠰᠤᠨ ᠤ ᠡᠷᠭᠡ ᠠᠰᠢᠭ ᠢ ᠪᠠᠳᠤᠯᠠᠬᠤ ᠭᠡᠷᠡᠭᠲᠠᠢ︔ ᠵᠦᠪ ᠤᠳᠤᠷᠢᠳᠤᠮᠵᠢ ᠶᠢ ᠪᠠᠷᠢᠮᠳᠠᠯᠠᠵᠤ᠂ ᠨᠠᠮ ᠤᠨ ᠦᠨᠳᠤᠰᠤᠳᠡᠨ ᠤ ᠤᠨᠤᠯ ᠤᠨ ᠲᠦᠷᠦ ᠶᠢᠨ ᠪᠤᠳᠤᠯᠭ᠎ᠠ ᠶᠢ ᠤᠬᠠᠭᠤᠯᠬᠤ ᠬᠦᠮᠤᠵᠢᠯ ᠢ ᠴᠢᠩᠭᠠᠳᠬᠠᠬᠤ ᠭᠡᠷᠡᠭᠲᠠᠢ︔ ᠲᠦᠷᠢᠮᠵᠢᠭᠰᠡᠨ ᠬᠠᠮᠢᠶᠠᠷᠤᠯᠳᠡ ᠶᠢ ᠪᠠᠷᠢᠮᠳᠠᠯᠠᠵᠤ᠂ ᠮᠤᠩᠭᠤᠯ ᠦᠭᠡ ᠬᠡᠯᠡ ᠦᠰᠦᠭ ᠪᠢᠴᠢᠭ ᠢ ᠭᠡᠷᠡᠭᠯᠡᠭᠦ ᠪᠡ ᠯᠡᠯᠦ ᠶᠢᠨ ᠱᠠᠰᠢᠨᠳᠡᠨ ᠤ ᠢᠳᠡᠭᠡᠨ ᠵᠡᠷᠭᠡ ᠠᠵᠢᠯ ᠢ ᠰᠠᠶᠢᠳᠤᠷ ᠬᠢᠭᠦ ᠭᠡᠷᠡᠭᠲᠠᠢ ᠭᠡᠯ᠎ᠡ᠃      ᠬᠤᠷᠠᠯ ᠳᠡᠭᠡᠷ᠎ᠡ᠂ ᠤᠷᠳᠤᠰ ᠬᠤᠳᠠ ᠶᠢᠨ ᠳ᠋ᠦᠩᠱᠧᠩ ᠲᠤᠭᠤᠷᠢᠭ᠂ ᠭᠦᠭᠡᠬᠤᠳᠡ ᠶᠢᠨ ᠬᠤᠳᠤᠩ ᠠᠷᠠᠳ ᠎ ᠤᠨ ᠲᠤᠭᠤᠷᠢᠭ᠂ ᠲᠦᠩᠯᠢᠶᠤᠤ ᠬᠤᠳᠡ ᠶᠢᠨ ᠬᠤᠷᠴᠢᠨ ᠲᠤᠭᠤᠷᠢᠭ᠂ ᠤᠯᠠᠭᠠᠨᠬᠠᠳᠡ ᠬᠤᠳᠡ ᠶᠢᠨ ᠬᠤᠩᠱᠠᠨ ᠲᠤᠭᠤᠷᠢᠭ ᠪᠡ ᠪᠤᠭᠤᠳᠤ ᠬᠤᠳᠡ ᠶᠢᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠵᠡᠷᠭᠡ 5 ᠬᠤᠰᠢᠭᠤ ᠲᠤᠭᠤᠷᠢᠭ ᠰᠤᠯᠢᠯᠴᠠᠨ ᠦᠭᠡ ᠶᠠᠷᠢᠪᠡ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠬᠰᠡᠨ ᠲᠦᠯᠦᠭᠡᠯᠡᠭᠴᠢᠳ ᠳ᠋ᠦᠩᠱᠧᠩ ᠲᠤᠭᠤᠷᠢᠭ ᠎ ᠤᠨ ᠬᠤᠳᠡ ᠶᠢᠨ ᠠᠷᠠᠳ ᠤᠨ ᠲᠦᠪ᠂ ᠤᠷᠳᠤᠰ ᠪᠦᠯᠦᠭᠯᠡᠯ᠂ ᠷᠦᠩ ᠴᠤᠤ ᠦᠨᠳᠤᠰᠤᠳᠡᠨ ᠤ ᠰᠤᠶᠤᠯ ᠤᠨ ᠪᠦᠳᠦᠭᠡᠯᠴᠢ ᠲᠦᠰᠦᠪᠯᠡᠯ ᠤᠨ ᠠᠵᠤ ᠦᠢᠯᠡᠰ ᠤᠨ ᠰᠠᠭᠤᠷᠢᠨ ᠭᠠᠵᠠᠷ᠂ ᠳ᠋ᠦᠩᠱᠧᠩ ᠲᠤᠭᠤᠷᠢᠭ  ᠎ ᠤᠨ ᠮᠣᠩᠭᠤᠯ ᠦᠨᠳᠦᠰᠦᠲᠡᠨ ᠤ ᠰᠤᠷᠭᠠᠭᠤᠯᠢ ᠵᠡᠷᠭᠡ ᠭᠠᠵᠠᠷ ᠢᠶᠠᠷ ᠲᠣᠭᠤᠷᠢᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号