ᠥᠪᠥᠷ ᠮᠣᠩᠭᠤᠯ ᠤᠨ ᠠᠩᠬᠠᠳᠠᠭᠴᠢ ᠠᠦ᠋ᠲ᠋ᠣ᠋ ᠡᠵᠡᠮᠰᠢᠯᠲᠦ ᠪᠠᠶᠢᠴᠠᠭᠠᠨ ᠰᠢᠯᠭᠠᠬᠤ ᠨᠡᠪᠲᠡᠷᠡᠯ ᠵᠠᠮ ᠢ ᠡᠷᠢᠶᠡᠨ ᠬᠤᠳ᠋ᠨ ᠪᠣᠭᠤᠮᠲᠠ ᠳᠤ ᠡᠬᠢᠯᠡᠨ ᠬᠡᠷᠡᠭᠯᠡᠪᠡ
ᠨᠡᠶᠢᠲᠡᠯᠡᠭᠰᠡᠨ ᠴᠠᠭ᠄
2016/12/22
     20᠎ ᠤ ᠡᠳᠦᠷ ᠤᠨ 9 ᠴᠠᠭ 30 ᠮᠢᠨᠦ᠋ᠲ ᠤᠨ ᠦᠶ᠎ᠡ ᠪᠠᠷ᠂ ᠥᠪᠥᠷ ᠮᠣᠩᠭᠤᠯ ᠤᠨ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠠᠩᠭᠢ ᠬᠢᠯᠢ ᠪᠠᠷ ᠣᠷᠣᠵᠤ ᠭᠠᠷᠬᠤ ᠠᠶᠠᠨᠴᠢᠳ ᠠᠦ᠋ᠲ᠋ᠣ᠋ ᠡᠵᠡᠮᠰᠢᠯᠲᠦ ᠪᠠᠶᠢᠴᠠᠭᠠᠨ ᠰᠢᠯᠭᠠᠬᠤ ᠰᠢᠰᠲ᠋ᠧᠮ ᠢ ᠡᠷᠢᠶᠡᠨ ᠬᠤᠲᠠ ᠪᠣᠭᠤᠮᠲᠠ ᠳᠤ ᠠᠩᠬᠠᠳᠠᠭᠴᠢ ᠤᠳᠠᠭ᠎ᠠ ᠬᠡᠷᠡᠭᠯᠡᠯᠲᠡ ᠳᠤ ᠤᠷᠤᠭᠤᠯᠪᠠ᠂ ᠨᠥᠬᠦᠴᠡᠯ ᠳᠤ ᠨᠡᠶᠢᠴᠡᠬᠦ ᠠᠶᠠᠨᠴᠢᠳ ᠬᠢᠯᠢ ᠪᠠᠷ ᠦᠩᠭᠡᠷᠡᠬᠦ ᠠᠦ᠋ᠲ᠋ᠣ᠋ ᠡᠵᠡᠮᠰᠢᠯᠲᠦ ᠨᠡᠪᠲᠡᠷᠡᠯ ᠵᠠᠮ ᠢ ᠰᠤᠩᠭᠤᠨ ᠪᠣᠭᠤᠮᠲᠠ ᠦᠩᠭᠡᠷᠡᠵᠤ᠂ ᠪᠣᠭᠤᠮᠲᠠ ᠪᠠᠷ ᠦᠩᠭᠡᠷᠡᠬᠦ ᠬᠤᠷᠳᠤᠴᠠ ᠨᠢ ᠬᠥᠮᠦᠨ ᠤ ᠬᠦᠴᠦ ᠪᠠᠷ ᠪᠠᠶᠢᠴᠠᠭᠠᠨ ᠰᠢᠯᠭᠠᠬᠤ ᠠᠴᠠ 3 ᠲᠠᠭᠢᠨ ᠰᠢᠬᠠᠮ ᠲᠦᠷᠭᠡᠰᠪᠡ᠃      ᠡᠷᠢᠶᠡᠨ ᠬᠤᠲᠠ ᠶᠢᠨ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠳᠡᠭᠡ ᠶᠢᠨ ᠵᠠᠬᠢᠷᠭᠠᠨ ᠤ ᠭᠠᠵᠠᠷ ᠤᠨ ᠳᠠᠷᠤᠭ᠎ᠠ ᠬᠣ᠋ ᠶᠦᠨ ᠹᠡᠸ᠋ᠩ ᠲᠠᠨᠢᠯᠴᠠᠭᠤᠯᠤᠭᠰᠠᠨ ᠢᠶᠠᠷ᠂ ᠲᠤᠰ ᠰᠢᠯᠭᠠᠨ ᠪᠠᠲᠤᠯᠠᠬᠤ ᠲᠠᠪᠴᠠᠩ ᠨᠢ ᠠᠶᠠᠨᠴᠢᠳ ᠤᠨ ᠪᠣᠭᠤᠮᠲᠠ ᠦᠩᠭᠡᠷᠡᠬᠦ ᠬᠤᠷᠳᠤᠴᠠ ᠶᠢ ᠲᠦᠷᠭᠡᠳᠬᠡᠬᠦ ᠠᠴᠠ ᠭᠠᠳᠠᠨ᠎ᠠ ᠪᠠᠰᠠ ᠬᠤᠷᠠᠮᠠᠯ ᠭᠡᠷᠡᠴᠢ ᠲᠡᠮᠳᠡᠭ ᠤᠨ ᠦᠨᠡᠨ ᠬᠤᠳᠠᠯ ᠢ ᠲᠤᠰᠠᠯᠠᠨ ᠢᠯᠭᠠᠨ ᠲᠣᠳᠣᠯᠠᠬᠤ᠂ ᠬᠡᠳᠦ ᠤᠯᠠᠭᠠᠨ ᠤ ᠰᠠᠴᠤᠷᠠᠭ ᠢᠶᠠᠷ ᠪᠠᠶᠢᠴᠠᠭᠠᠨ ᠬᠡᠮᠵᠢᠬᠦ᠂ ᠦᠭᠡ ᠬᠡᠯᠡ ᠶᠢ ᠦᠨᠡᠯᠡᠬᠦ ᠵᠡᠷᠭᠡ ᠳᠠᠪᠠᠭᠤᠯᠢᠭ ᠲᠠᠯ᠎ᠠ ᠲᠠᠢ ᠪᠦᠭᠡᠳ ᠪᠣᠭᠤᠮᠲᠠ ᠶᠢᠨ ᠪᠠᠶᠢᠴᠠᠭᠠᠨ ᠡᠵᠡᠮᠳᠡᠬᠦ᠂ ᠨᠢᠭᠤᠴᠠ ᠪᠠᠷ ᠦᠩᠭᠡᠷᠡᠬᠦ ᠶᠢ ᠡᠰᠡᠷᠭᠦᠴᠡᠬᠦ ᠵᠢᠴᠢ ᠵᠠᠮ ᠨᠡᠪᠲᠡᠷᠡᠯᠭᠡ ᠶᠢᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠭᠰᠡᠨ ᠢᠶᠠᠷ ︽ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠲᠡᠢ᠂ ᠴᠢᠨᠠᠷ ᠰᠠᠶᠢᠲᠠᠶ︾ ᠪᠣᠭᠤᠮᠲᠠ ᠦᠩᠭᠡᠷᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠭᠡᠪᠡ᠃      ᠥᠪᠥᠷ ᠮᠣᠩᠭᠤᠯ ᠤᠨ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠠᠩᠭᠢ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠨᠢᠯᠴᠠᠭᠤᠯᠤᠭᠰᠠᠨ ᠨᠢ᠂ ᠪᠦᠬᠦ ᠣᠷᠣᠨ ᠤ ᠬᠢᠯᠢ ᠶᠢᠨ ᠪᠠᠶᠢᠴᠠᠭᠠᠯᠲᠠ ᠶᠢᠨ ᠥᠷᠲᠡᠭᠡ ᠨᠢ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠶᠢᠨ ᠣᠷᠣᠨ᠂ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ᠂ ᠵᠠᠬ᠎ᠠ ᠶᠢᠨ ᠠᠷᠠᠯᠵᠢᠶᠠᠨ ᠤ ᠲᠣᠭᠤᠷᠢᠭ᠂ ᠭᠠᠶᠢᠯᠢ ᠪᠠᠲᠤᠯᠠᠬᠤ ᠶᠡᠷᠦᠩᠬᠡᠶᠢᠯᠡᠭᠰᠡᠨ ᠣᠷᠣᠨ ᠤ ᠪᠦᠳᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠣᠷᠣᠵᠤ᠂ ᠬᠢᠯᠢ ᠪᠠᠷ ᠤᠷᠤᠵᠤ ᠭᠠᠷᠬᠤ ᠦᠪᠡᠷ ᠤᠨ ᠲᠤᠰᠠᠯᠠᠮᠵᠢ ᠶᠢᠨ ᠨᠡᠪᠲᠡᠷᠡᠯ ᠵᠠᠮ ᠢ ᠤᠷᠢᠳ ᠬᠤᠵᠢᠳ 14 ᠪᠠᠶᠢᠭᠤᠯᠤᠨ᠂ ᠬᠢᠯᠢ ᠶᠢᠨ ᠪᠣᠭᠤᠮᠲᠠ ᠶᠢᠨ ᠴᠡᠴᠡᠭᠯᠡᠯᠲᠡ ᠪᠣᠯᠣᠨ ᠭᠠᠳᠠᠭᠰᠢᠯ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ 30 ᠭᠠᠷᠤᠶ ᠲᠦᠷᠦᠯ ᠤᠨ 200 ᠰᠢᠬᠠᠮ ᠠᠷᠭ᠎ᠠ ᠬᠡᠮᠵᠢᠶ᠎ᠡ ᠨᠡᠶᠢᠲᠡᠯᠡᠵᠦ᠂ ᠬᠢᠯᠢ ᠶᠢᠨ ᠪᠠᠶᠢᠴᠠᠭᠠᠯᠲᠠ ᠶᠢᠨ ᠦᠢᠯᠡᠴᠢᠯᠡᠭᠡᠨ ᠤ ᠭᠠᠷᠳᠠᠮ ᠢ 50 ᠭᠠᠷᠤᠶ ᠵᠦᠢᠯ ᠳᠦᠭᠦᠮᠴᠢᠯᠡᠨ᠂ ᠵᠢᠭᠤᠯᠴᠢᠯᠠᠯ ᠤᠨ ᠦᠢᠯᠡᠴᠢᠯᠡᠭᠡ ᠵᠡᠷᠭᠡ ᠲᠤᠰᠬᠠᠶ ᠬᠡᠷᠡᠭᠯᠡᠭᠡᠨ ᠤ ᠨᠡᠪᠲᠡᠷᠡᠯ ᠵᠠᠮ ᠢ 20 ᠭᠠᠷᠤᠶ ᠨᠡᠬᠡᠬᠡᠵᠦ᠂ ᠬᠢᠯᠢ ᠶᠢᠨ ᠪᠠᠶᠢᠴᠠᠭᠠᠯᠲᠠ ᠶᠢᠨ ᠦᠢᠯᠡᠴᠢᠯᠡᠭᠡ ᠪᠣᠯᠣᠨ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠢᠮᠠᠭᠲᠠ ᠵᠡᠷᠭᠡ ᠪᠠᠷ ᠬᠦᠭᠵᠢᠭᠦᠯᠬᠦ ᠶᠢ ᠲᠦᠯᠬᠢᠨ ᠠᠬᠢᠭᠤᠯᠪᠠ ᠭᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号