ᠣᠷᠣᠰ ᠤᠨ ᠴᠢᠲ᠋ᠠ ᠤᠯᠠᠠ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠵᠢᠩᠬᠢᠨᠢ ᠪᠠᠷ ᠨᠡᠪᠲᠡᠷᠡᠪᠡ
ᠨᠡᠶᠢᠲᠡᠯᠡᠭᠰᠡᠨ ᠴᠠᠭ᠄
2016/12/22
     ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠪᠠ ᠥᠪᠡᠷᠲᠡᠭᠡᠨ ᠵᠠᠰᠠᠬᠤ ᠣᠷᠣᠨ ᠎ ᠤ ᠤᠮᠠᠷᠠᠰᠢ ᠨᠡᠭᠡᠭᠡᠯᠲᠡ ᠬᠢᠬᠦ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠰ ᠯᠤᠭ᠎ᠠ ᠬᠥᠷᠰᠢ ᠵᠡᠷᠭᠡᠯᠡᠳᠡᠭᠡ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ ᠠᠷᠠᠯᠵᠢᠶ᠎ᠠ ᠪᠠ ᠬᠥᠮᠦᠰ ᠤᠨ ᠶᠠᠪᠤᠯᠴᠠᠭ᠎ᠠ ᠶᠢ ᠴᠢᠩᠭᠠᠳᠬᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠎ ᠶᠢᠨ ᠲᠢᠩᠬᠢᠮ ᠨᠢ ᠣᠷᠣᠰ ᠤᠨ ᠭᠠᠳᠠᠭᠠᠳᠤ ᠪᠠᠶᠢᠭᠠᠯᠰᠺ ᠬᠢᠯᠢ ᠬᠢᠵᠠᠭᠠᠷ ᠣᠷᠣᠨ ᠤ ᠣᠷᠣᠨ ᠨᠤᠲᠤᠭ ᠤᠨ ᠬᠥᠭᠵᠢᠯᠲᠡ ᠶᠢᠨ ᠶᠠᠮᠤᠨ ᠲᠠᠢ ᠢᠳᠡᠪᠬᠢᠲᠡᠶ ᠵᠥᠪᠳᠡᠯᠴᠡᠨ ᠲᠦᠯᠬᠢᠨ ᠠᠬᠢᠭᠤᠯᠵᠤ᠂ ᠣᠶᠢᠷ᠎ᠠ ᠳᠤ ᠮᠠᠨᠵᠤᠤᠷ ᠠᠴᠠ ᠣᠷᠣᠰ ᠤᠨ ᠴᠢᠲ᠋ᠠ ᠬᠦᠷᠬᠦ ᠤᠯᠠᠠ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠵᠢᠩᠬᠢᠨᠢ ᠪᠠᠷ ᠡᠬᠢᠯᠡᠨ   ᠨᠡᠪᠲᠡᠷᠡᠪᠡ᠂ ᠡᠨᠡ ᠨᠢ ᠮᠠᠨ ᠤ ᠣᠷᠣᠨ ᠤ ᠤᠯᠠᠨ ᠤᠯᠤᠰ ᠤᠨ ᠵᠠᠮ ᠲᠡᠭᠡᠭᠡᠪᠦᠷᠢ ᠶᠢᠨ ᠲᠠᠯ᠎ᠠ ᠪᠠᠷ ᠬᠢ ᠬᠠᠮᠲᠤᠷᠠᠯᠴᠠᠭ᠎ᠠ ᠳᠤ ᠰᠢᠨ᠎ᠡ ᠦᠷ᠎ᠡ ᠪᠦᠲᠦᠭᠡᠯ ᠨᠡᠮᠡᠷᠢᠯᠡᠭᠰᠡᠨ ᠢ ᠬᠠᠷᠠᠭᠤᠯᠵᠤ ᠪᠠᠶᠢᠨ᠎ᠠ᠃      ᠳᠤᠮᠳᠠᠳᠤ ᠣᠷᠣᠰ ᠤᠨ ᠶᠡᠷᠦᠩᠬᠡᠶ ᠰᠠᠶᠢᠳ ᠤᠨ ᠲᠣᠭᠲᠠᠮᠠᠯ ᠬᠤᠭᠤᠴᠠᠭᠠᠲᠤ ᠠᠭᠤᠯᠵᠠᠯᠲᠠ ᠶᠢᠨ ᠵᠥᠪᠯᠡᠯ ᠤᠨ ᠲᠡᠭᠡᠭᠡᠪᠦᠷᠢ ᠶᠢᠨ ᠬᠠᠮᠲᠤᠷᠠᠯᠴᠠᠭ᠎ᠠ ᠶᠢᠨ ᠬᠤᠪᠢᠶᠠᠷᠢ ᠺᠤᠮᠢᠰ ᠤᠨ ᠮᠥᠷᠡᠨ ᠳᠠᠯᠠᠢ ᠶᠢᠨ ᠲᠡᠭᠡᠭᠡᠪᠦᠷᠢ ᠶᠢᠨ ᠮᠠᠰᠢᠨ ᠲᠡᠷᠭᠡᠨ ᠤ ᠲᠡᠭᠡᠭᠡᠪᠦᠷᠢ ᠪᠠ ᠵᠠᠰᠠᠮᠠᠯ ᠵᠡᠮ ᠤᠨ ᠠᠵᠢᠯ ᠤᠨ ᠳᠤᠭᠤᠶᠢᠯᠠᠩ ᠤᠨ ᠬᠤᠷᠢᠳᠤᠭᠠᠷ ᠬᠤᠷᠠᠯᠳᠤᠭᠠᠨ ᠤ ᠲᠣᠭᠲᠠᠭᠠᠯ ᠢ ᠦᠨᠳᠦᠰᠦᠯᠡᠨ᠂ ᠳᠤᠮᠳᠠᠳᠤ ᠤᠯᠤᠰ ᠤᠨ ᠲᠠᠯ᠎ᠠ ᠶᠢᠨ ︽ᠮᠠᠨᠵᠤᠤᠷ ᠤᠨ ᠱᠦᠨ ᠳ᠋ᠠ ᠮᠠᠰᠢᠨ ᠲᠡᠷᠭᠡᠨ ᠤ ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︾᠎ ᠨᠢ ᠣᠷᠣᠰ ᠤᠨ ᠲᠠᠯ᠎ᠠ ᠶᠢᠨ ︽ᠴᠢᠲ᠋ᠠ ᠮᠠᠰᠢᠨ ᠲᠡᠷᠭᠡᠨ ᠤ ᠲᠡᠭᠡᠭᠡᠪᠦᠷᠢ ᠶᠢᠨ ᠶᠡᠷᠦᠩᠬᠡᠶ ᠺᠣᠮᠫᠠᠨᠢ︾᠎ ᠲᠠᠢ ᠬᠠᠮᠲᠤ ᠳᠤᠮᠳᠠᠳᠤ ᠤᠯᠤᠰ ᠤᠨ ᠮᠠᠨᠵᠤᠤᠷ — ᠮᠠᠨᠵᠤᠤᠷ᠂ ᠠᠷᠤ ᠪᠠᠶᠢᠭᠠᠯᠰᠺ ᠪᠣᠭᠤᠮᠲᠠ — ᠣᠷᠣᠰ ᠤᠨ ᠴᠢᠲ᠋ᠠ ᠬᠤᠲᠠ ᠬᠦᠷᠬᠦ ᠤᠯᠠᠠ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠶᠠᠨᠴᠢᠨ ᠤ ᠲᠡᠭᠡᠭᠡᠪᠦᠷᠢ ᠶᠢᠨ ᠵᠠᠮ ᠱᠤᠭᠤᠮ ᠢ ᠳᠠᠭᠠᠭᠠᠴᠢᠯᠠᠨ ᠡᠵᠡᠩᠨᠡᠨ᠎ᠡ᠃ ᠡᠬᠢᠨ ᠤ ᠬᠤᠭᠤᠴᠠᠭᠠᠨ ᠳᠤ ᠬᠤᠶᠠᠷ ᠲᠠᠯ᠎ᠠ ᠪᠠᠷ ᠢᠶᠠᠨ ᠭᠠᠷᠠᠭ ᠪᠦᠷᠢ ᠨᠢᠭᠡ ᠡᠭᠡᠯᠵᠢ ᠠᠶᠠᠯᠠᠨ᠎ᠠ᠂ ᠳᠤᠮᠳᠠᠳᠤ ᠶᠢᠨ ᠲᠠᠯ᠎ᠠ ᠨᠢ ᠭᠠᠷᠠᠭ ᠤᠨ ᠬᠤᠶᠠᠷ ᠤᠨ 7:00 ᠴᠠᠭ ᠲᠤ ᠲᠡᠷᠭᠡ ᠠᠶᠠᠯᠠᠵᠤ᠂ ᠭᠠᠷᠠᠭ ᠤᠨ ᠳᠥᠷᠪᠡᠨ ᠳᠤ ᠪᠤᠴᠠᠵᠤ ᠢᠷᠡᠨ᠎ᠡ︔ ᠣᠷᠣᠰ ᠤᠨ ᠲᠠᠯ᠎ᠠ ᠨᠢ ᠭᠠᠷᠠᠭ ᠤᠨ ᠲᠠᠪᠤᠨ ᠤ 10:00 ᠴᠠᠭ ᠲᠤ ᠲᠡᠷᠭᠡ ᠠᠶᠠᠯᠠᠵᠤ᠂ ᠭᠠᠷᠠᠭ ᠤᠨ ᠡᠳᠦᠷ ᠲᠤ ᠪᠤᠴᠠᠵᠤ ᠬᠠᠷᠢᠨ᠎ᠠ᠃ ᠡᠭᠡᠯᠵᠢ ᠶᠢᠨ ᠱᠤᠭᠤᠮ ᠤᠨ ᠠᠶᠠᠯᠠᠯ ᠡᠬᠢᠯᠡᠭᠰᠡᠨ ᠤ ᠰᠡᠭᠦᠯᠡᠷ᠂ ᠳᠤᠮᠳᠠᠳᠤ ᠣᠷᠣᠰ ᠬᠤᠶᠠᠷ ᠲᠠᠯ᠎ᠠ ᠪᠠᠷ ᠢᠶᠠᠨ ᠠᠶᠠᠨᠴᠢᠳ ᠤᠨ ᠪᠠᠶᠢᠳᠠᠯ ᠢᠶᠠᠨ ᠦᠨᠳᠦᠰᠦᠯᠡᠨ ᠴᠠᠭ ᠲᠤᠨᠢ ᠲᠣᠬᠢᠷᠠᠭᠤᠯᠤᠨ ᠡᠭᠡᠯᠵᠢ ᠪᠠ ᠤᠳᠠᠭ᠎ᠠ ᠶᠢ ᠨᠡᠮᠡᠨ᠎ᠡ᠃      ᠮᠠᠨᠵᠤᠤᠷ ᠠᠴᠠ ᠣᠷᠣᠰ ᠤᠨ ᠴᠢᠲ᠋ᠠ ᠬᠦᠷᠬᠦ ᠤᠯᠠᠠ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠤᠨ ᠲᠡᠭᠡᠭᠡᠪᠦᠷᠢ ᠶᠢᠨ ᠡᠵᠡᠩᠨᠡᠯᠲᠡ ᠵᠢᠩᠬᠢᠨᠢ ᠪᠠᠷ ᠡᠬᠢᠯᠡᠭᠰᠡᠨ ᠤ ᠰᠡᠭᠦᠯᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠣᠷᠣᠰ ᠤᠨ ᠣᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠤᠨ ᠵᠣᠷᠢᠯᠲᠠ ᠶᠢᠨ ᠭᠠᠵᠠᠷ ᠢ ᠣᠷᠣᠰ ᠤᠨ ᠲᠠᠯ᠎ᠠ ᠶᠢᠨ ᠠᠷᠤ ᠪᠠᠶᠢᠭᠠᠯᠰᠺ᠂ ᠪᠤᠷᠽᠢᠶᠠ ᠵᠡᠷᠭᠡ ᠭᠠᠵᠠᠷ ᠣᠷᠣᠨ ᠠᠴᠠ ᠣᠷᠣᠰ ᠤᠨ ᠳᠣᠲᠣᠭᠠᠳᠤ ᠬᠠᠭᠤᠷᠠᠶ ᠶᠢᠨ ᠮᠠᠰᠢ ᠶᠡᠭᠡ ᠬᠤᠳᠠ ᠬᠦᠷᠲᠡᠯ᠎ᠡ ᠠᠶᠠᠯᠠᠬᠤ ᠪᠣᠯᠲᠠᠯ᠎ᠠ ᠤᠷᠲᠤᠳᠬᠠᠨ᠎ᠠ᠃ ᠲᠤᠰ ᠱᠤᠭᠤᠮ ᠨᠢ ᠵᠢᠩᠬᠢᠨᠢ ᠪᠠᠷ ᠡᠵᠡᠩᠨᠡᠯᠲᠡ ᠳᠤ ᠣᠷᠣᠭᠰᠠᠨ ᠤ ᠳᠠᠷᠠᠭ᠎ᠠ ᠮᠠᠨ ᠤ ᠣᠷᠣᠨ ᠠᠴᠠ ᠣᠷᠣᠰ ᠤᠨ ᠭᠠᠳᠠᠭᠠᠳᠤ ᠪᠠᠶᠢᠭᠠᠯ ᠬᠢᠯᠢ ᠬᠢᠵᠠᠭᠠᠷ ᠣᠷᠣᠨ ᠤ ᠵᠠᠮ ᠲᠡᠭᠡᠭᠡᠪᠦᠷᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠨ ᠤ ᠬᠠᠮᠲᠤ ᠪᠠᠰᠠ ᠳᠤᠮᠳᠠᠳᠤ ᠣᠷᠣᠰ ᠬᠤᠶᠠᠷ ᠤᠯᠤᠰ ᠤᠨ ᠬᠢᠯᠢ ᠶᠢᠨ ᠣᠷᠣᠨ ᠪᠦᠰᠡ ᠶᠢᠨ ᠨᠡᠪᠲᠡᠷᠡᠯᠴᠡᠨ ᠰᠣᠯᠢᠯᠴᠠᠬᠤ ᠪᠠ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠦᠷᠢᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠤᠶᠠᠷ ᠲᠠᠯ᠎ᠠ ᠶᠢᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠪᠠ ᠰᠤᠶᠤᠯ ᠢᠷᠭᠡᠨᠰᠢᠯ ᠤᠨ ᠰᠣᠯᠢᠯᠴᠠᠭ᠎ᠠ ᠳᠤ ᠨᠡᠩ ᠠᠰᠢᠭᠲᠠᠶ ᠪᠣᠯᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号