ᠦᠪᠡᠷᠳᠡᠭᠡᠨ ᠵᠠᠰᠠᠬᠤ ᠤᠷᠤᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠬᠤ ᠲᠦᠯᠦᠭᠡᠯᠡᠭᠴᠢ ᠶᠢᠨ ᠰᠤᠩᠭᠤᠭᠤᠯᠢ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/12/22
     12 ᠳ᠋ᠤᠭᠠᠷ ᠰᠠᠷ᠎ᠠ ᠶᠢᠨ 21᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠣᠷᠣᠯᠴᠠᠬᠤ ᠲᠦᠯᠦᠭᠡᠯᠡᠭᠴᠢ ᠶᠢᠨ ᠰᠤᠩᠭᠤᠭᠤᠯᠢ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ  ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠲᠦᠪ ᠎ ᠤᠨ ᠨᠢᠭᠡᠳᠦᠯᠳᠡᠢ ᠪᠠᠶᠢᠷᠢᠯᠠᠭᠤᠯᠤᠯᠳᠠ ᠶᠤᠰᠤᠭᠠᠷ ᠪᠤᠳᠠᠳᠠᠢ ᠲᠠᠢ ᠪᠠᠨ ᠤᠶᠠᠯᠳᠤᠭᠤᠯᠤᠨ᠂ ᠮᠠᠨ ᠤ ᠤᠷᠤᠨ ᠤ ᠨᠠᠮ ᠎ ᠤᠨ ᠠᠷᠪᠠ ᠶᠢᠰᠦᠳᠦᠭᠡᠷ ᠶᠡᠭᠡ ᠬᠤᠷᠠᠯ ᠳᠤ ᠣᠷᠣᠯᠴᠬᠤ ᠲᠦᠯᠦᠭᠡᠯᠡᠭᠴᠢ ᠶᠢᠨ ᠰᠤᠩᠭᠤᠭᠤᠯᠢ ᠶᠢᠨ ᠠᠵᠢᠯ ᠢ ᠰᠤᠳᠤᠯᠤᠨ ᠪᠠᠶᠢᠷᠢᠯᠠᠭᠤᠯᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠨ   ᠪᠠᠶᠢᠭᠤᠯᠬᠤ ᠬᠡᠯᠳᠡᠰ ᠤᠨ ᠲᠠᠷᠤᠭ᠎ᠠ ᠽᠧᠩ ᠢ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠽᠧᠩ ᠢ ᠴᠦᠨ ᠵᠢᠭᠠᠵᠤ ᠭᠠᠷᠭᠠᠬᠰᠠᠨ ᠨᠢ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢ ᠶᠢ ᠰᠠᠶᠢᠳᠤᠷ ᠰᠤᠩᠭᠤᠨ ᠭᠠᠷᠭᠠᠬᠤ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠬᠤ ᠶᠢ ᠪᠠᠲᠤᠯᠠᠬᠤ ᠴᠢᠬᠤᠯᠠ ᠰᠠᠭᠤᠷᠢ ᠮᠦᠨ᠃ ᠨᠠᠮ ᠤᠨ ᠲᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠬᠤ ᠪᠠ ᠠᠷᠠᠳᠴᠢᠯᠡᠯ ᠲᠦᠪᠯᠡᠷᠡᠯ ᠤᠨ ᠲᠦᠷᠢᠮ ᠢ  ᠲᠤᠤᠱᠯᠠᠭᠤᠯᠬᠤ ᠴᠢᠬᠤᠯᠠ ᠦᠢᠯᠡᠳᠦᠯᠭᠡ ᠮᠦᠨ᠂ ᠮᠦᠨᠴᠦ ᠪᠦᠬᠦ ᠨᠠᠮ ᠤᠨ ᠬᠦᠴᠦᠨ ᠴᠢᠳᠠᠯ ᠢ ᠨᠢᠬᠳᠠᠷᠠᠭᠤᠯᠤᠨ᠂ ᠤᠭ ᠰᠠᠨᠠᠭ᠎ᠠ ᠪᠠᠨ ᠦᠯᠦ ᠮᠠᠷᠲᠠᠵᠤ ᠦᠷᠭᠦᠯᠵᠢᠯᠡᠨ ᠣᠷᠣᠭᠰᠢᠯᠠᠵᠤ᠂ ᠰᠢᠨ᠎ᠠ ᠠᠶᠠᠨ ᠢᠶᠠᠨ ᠰᠠᠶᠢᠳᠤᠷ ᠠᠶᠠᠯᠠᠬᠤ ᠶᠢᠨ ᠴᠢᠬᠤᠯᠠ ᠲᠤᠬᠢᠶᠠᠯ ᠪᠤᠯᠤᠨ᠎ᠠ᠃ ᠤᠯᠤᠰ ᠲᠦᠷᠦ ᠶᠢᠨ ᠬᠠᠷᠢᠭᠤᠴᠠᠯᠭᠠᠳᠦ ᠰᠡᠳᠭᠢᠯᠭᠡ ᠪᠠ ᠲᠡᠤᠭᠡᠨ ᠡᠭᠦᠷᠭᠡᠳᠦ ᠰᠡᠳᠬᠢᠯᠭᠡ ᠪᠠᠨ ᠦᠨᠡᠨᠭᠦ ᠲᠡᠭᠡᠭᠰᠢᠯᠡᠬᠦᠯᠤᠨ᠂ ᠨᠠᠮ  ᠎ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠦᠯᠦᠭᠡᠯᠡᠭᠴᠢ ᠎ ᠶᠢᠨ ᠰᠤᠩᠭᠤᠭᠤᠯᠢ ᠶᠢᠨ ᠠᠵᠢᠯ ᠢ ᠰᠠᠶᠢᠳᠤᠷ ᠬᠢᠭᠦ ᠶᠢᠨ ᠴᠢᠬᠤᠯᠠ ᠠᠴᠢ ᠬᠤᠯᠪᠤᠬᠳᠠᠯ ᠢ ᠬᠦᠢᠴᠡᠳ ᠲᠠᠨᠢᠬᠤ ᠬᠡᠷᠡᠭᠳᠡᠢ ᠬᠡᠪᠡ᠃      ᠽᠧᠩ ᠢ ᠴᠦᠨ ᠱᠠᠭᠠᠷᠳᠠᠬᠰᠠᠨ ᠨᠢ᠂ ᠨᠦᠬᠦᠴᠡᠯ ᠢ ᠴᠢᠩᠳᠠᠯᠠᠵᠤ᠂ ᠪᠦᠳᠦᠴᠡ ᠶᠢ ᠰᠠᠶᠢᠵᠢᠷᠠᠭᠤᠯᠬᠤ ᠪᠠᠷ ᠲᠠᠮᠵᠢᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠣᠷᠣᠯᠴᠬᠠᠤ ᠮᠠᠨ ᠤ ᠤᠷᠤᠨ ᠤ ᠲᠦᠯᠦᠭᠡᠯᠡᠭᠴᠢ ᠶᠢᠨ ᠲᠡᠷᠢᠭᠦᠨ ᠤ ᠴᠢᠨᠠᠷ ᠪᠠ ᠦᠷᠭᠡᠨ ᠲᠡᠯᠭᠡᠷ ᠲᠦᠯᠦᠭᠡᠯᠡᠭᠦ ᠴᠢᠨᠠᠷ ᠢ ᠪᠠᠲᠤᠯᠠᠬᠤ ᠬᠡᠷᠡᠭᠳᠡᠢ᠃ ᠲᠦᠯᠦᠭᠡᠯᠡᠭᠴᠢᠳ ᠤᠨ ᠨᠦᠬᠦᠴᠡᠯ ᠤᠨ ᠱᠠᠭᠠᠷᠳᠠᠯᠭ᠎ᠠ᠂ ᠪᠦᠳᠦᠴᠡ ᠶᠢᠨ ᠱᠠᠭᠠᠷᠳᠠᠯᠭ᠎ᠠ ᠶᠢ ᠦᠨᠡᠨᠭᠦ ᠨᠡᠶᠢᠳᠡᠪᠦᠷᠢᠵᠢᠭᠤᠯᠤᠨ᠂ ᠰᠤᠩᠭᠤᠭᠤᠯᠢ ᠶᠢᠨ ᠨᠢᠭᠡᠴᠡ ᠶᠢᠨ ᠬᠤᠪᠢᠶᠠᠷᠢᠯᠠᠯ ᠪᠠ ᠲᠦᠯᠦᠭᠡᠯᠡᠭᠴᠢᠳ ᠤᠨ ᠲᠤᠭᠠᠨ ᠤ ᠬᠤᠪᠢᠶᠠᠷᠢᠯᠠᠯ ᠤᠨ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠡᠢ᠃ ᠠᠷᠠᠳᠴᠢᠯᠡᠯ ᠢ ᠪᠠᠳᠠᠷᠠᠭᠤᠯᠤᠨ᠂ ᠡᠮᠬᠢ ᠲᠠᠷᠠᠭᠠᠯᠠᠯ ᠢ ᠵᠢᠷᠤᠮᠵᠢᠭᠤᠯᠬᠤ ᠪᠠᠷ ᠲᠠᠮᠵᠢᠨ᠂ ᠡᠮᠬᠢ ᠲᠠᠷᠠᠭᠠᠯᠠᠯ ᠤᠨ ᠲᠤᠬᠳᠠᠭᠠᠯ ᠢ ᠴᠢᠩᠭ᠎ᠠ ᠵᠢᠷᠤᠮᠵᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠣᠷᠣᠯᠴᠠᠬᠤ ᠮᠠᠨ ᠤ ᠤᠷᠤᠨ ᠤ ᠲᠦᠯᠦᠭᠡᠯᠡᠭᠴᠢᠳ ᠢ ᠲᠡᠪᠰᠢᠭᠦᠯᠭᠦ ᠬᠡᠷᠡᠭᠳᠡᠢ᠃ ᠤᠳᠤᠷᠢᠳᠤᠯᠭ᠎ᠠ ᠪᠠᠨ ᠴᠢᠩᠭᠠᠳᠬᠠᠨ᠂ ᠰᠠᠬᠢᠯᠭ᠎ᠠ ᠪᠠᠲᠤ ᠶᠢ ᠴᠢᠩᠳᠠᠯᠠᠵᠤ᠂ ᠮᠠᠨ ᠤ ᠤᠷᠤᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠣᠷᠣᠯᠴᠠᠬᠤ ᠲᠦᠯᠦᠭᠡᠯᠡᠭᠴᠢ ᠶᠢᠨ ᠰᠤᠩᠭᠤᠭᠤᠯᠢ ᠶᠢᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠬᠡᠷᠡᠭᠳᠡᠢ᠃  ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠡᠷᠬᠡᠪᠰᠢ ᠲᠡᠭᠡᠳᠦ ᠬᠡᠮᠵᠢᠶ᠎ᠠ ᠪᠠᠷ ᠬᠦᠨᠳᠦᠳᠭᠡᠨ᠂ ᠤᠳᠤᠷᠢᠳᠤᠯᠭ᠎ᠠ ᠪᠠᠨ ᠦᠨᠡᠨᠭᠦ ᠴᠢᠩᠭᠠᠳᠬᠠᠵᠤ᠂ ᠨᠠᠷᠢᠨ ᠨᠢᠮᠪᠠᠢ ᠵᠤᠬᠢᠶᠠᠨ ᠪᠠᠶᠢᠭᠤᠯᠤᠨ᠂ ᠨᠢᠬᠳᠠ ᠴᠢᠩᠭ᠎ᠠ  ᠪᠠᠶᠢᠷᠢᠯᠠᠭᠤᠯᠵᠤ᠂ ᠨᠡᠶᠢᠳᠡᠪᠦᠷᠢᠵᠢᠭᠤᠯᠤᠯᠳᠠ ᠶᠢ ᠰᠠᠶᠢᠳᠤᠷ ᠠᠳᠬᠤᠨ᠂ ᠮᠠᠨ ᠤ ᠤᠷᠤᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠣᠷᠣᠯᠴᠠᠬᠤ ᠲᠦᠯᠦᠭᠡᠯᠡᠭᠴᠢᠳ ᠤᠨ ᠬᠡᠪ ᠪᠤᠯᠪᠠᠰᠤᠷᠠᠯ ᠦᠨᠳᠦᠷ᠂ ᠪᠦᠳᠦᠴᠡ ᠵᠤᠬᠢᠰᠳᠡᠢ᠂ ᠨᠠᠮ ᠤᠨ ᠬᠡᠰᠢᠭᠦᠨ ᠳᠡᠭᠡᠨ ᠬᠦᠷᠢᠶᠡᠯᠡᠯ ᠲᠠᠢ ᠪᠠᠶᠢᠬᠤ ᠶᠢ ᠪᠠᠲᠤᠯᠠᠬᠤ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号