ᠥᠪᠥᠷ ᠮᠣᠩᠭᠤᠯ ᠬᠦᠳᠡᠯᠮᠦᠷᠢᠯᠡᠭᠴᠢᠳ ᠬᠦᠳᠡᠯᠮᠦᠷᠢ ᠬᠦᠴᠦᠨ ᠬᠡᠷᠡᠭᠯᠡᠬᠦ ᠳᠠᠩᠰᠠᠯᠠᠯᠲᠠ ᠶᠢ ᠪᠠᠶᠢᠴᠠᠭᠠᠨ ᠯᠠᠪᠯᠠᠬᠤ ᠳᠤ ᠦᠢᠯᠡᠴᠢᠯᠡᠭᠡ ᠤᠯᠭᠤᠬᠤ ᠶᠢ ᠪᠦᠬᠦ ᠲᠠᠯ᠎ᠠ ᠪᠠᠷ ᠡᠬᠢᠯᠡᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/12/22
     2017 ᠤᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ ᠬᠦᠳᠡᠯᠮᠦᠷᠢᠯᠡᠭᠴᠢᠳ ᠬᠦᠳᠡᠯᠮᠦᠷᠢ ᠬᠦᠴᠦᠨ ᠬᠡᠷᠡᠭᠯᠡᠬᠦ ᠳᠠᠩᠰᠠᠯᠠᠯᠲᠠ ᠶᠢ ᠪᠠᠶᠢᠴᠠᠭᠠᠨ ᠯᠠᠪᠯᠠᠬᠤ ᠳᠤ ᠦᠢᠯᠡᠴᠢᠯᠡᠭᠡ ᠤᠯᠭᠤᠬᠤ ᠶᠢ ᠪᠦᠬᠦ ᠲᠠᠯ᠎ᠠ ᠪᠠᠷ ᠡᠬᠢᠯᠡᠭᠦᠯᠵᠦ᠂ ᠪᠠᠶᠢᠴᠠᠭᠠᠨ ᠯᠠᠪᠯᠠᠬᠤ ᠬᠥᠮᠦᠨ ᠨᠢ ᠰᠦᠯᠵᠢᠶᠡᠨ ᠦᠷᠲᠡᠭᠡ᠂ ᠭᠠᠷ ᠤᠲᠠᠰᠤᠨ ᠤ ᠬᠡᠷᠡᠭᠯᠡᠭᠴᠢᠳ ᠤᠨ ᠦᠵᠦᠭᠦᠷ᠂ ᠠᠦ᠋ᠲ᠋ᠤ᠋ ᠦᠢᠯᠡᠴᠢᠯᠡᠭᠡᠨ ᠤ ᠦᠵᠦᠭᠦᠷ ᠵᠡᠷᠭᠡ 3 ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠬᠦᠳᠡᠯᠮᠦᠷᠢ ᠬᠦᠴᠦᠨ ᠬᠡᠷᠡᠭᠯᠡᠭᠰᠡᠨ ᠲᠠᠩᠰᠠᠯᠠᠯᠳᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠤᠯᠬᠤ ᠪᠣᠯᠤᠨ᠎ᠠ᠃      ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠬᠥᠮᠦᠨ ᠬᠡᠷᠡᠭᠯᠡᠬᠦ ᠨᠢᠭᠡᠴᠡ ᠯᠦᠭᠡ ᠬᠥᠳᠡᠯᠮᠦᠷᠢ ᠶᠢᠨ ᠭᠡᠷ᠎ᠡ ᠲᠤᠭᠲᠠᠭᠰᠠᠨ ᠪᠥᠭᠡᠳ ᠬᠥᠮᠦᠨ ᠬᠡᠷᠡᠭᠯᠡᠬᠦ ᠨᠢᠭᠡᠴᠡ ᠨᠢ ᠬᠥᠳᠡᠯᠮᠦᠷᠢ ᠶᠢᠨ ᠬᠦᠴᠦᠨ ᠬᠡᠷᠡᠭᠯᠡᠬᠦ ᠪᠠᠨ ᠰᠦᠯᠵᠢᠶᠡᠨ ᠳᠡᠭᠡᠷ᠎ᠡ ᠳᠠᠩᠰᠠᠯᠠᠬᠤ ᠶᠢ ᠪᠡᠶᠡᠯᠡᠭᠦᠯᠦᠭᠰᠡᠨ ᠬᠦᠮᠦᠨ ᠪᠦᠬᠦᠨ ᠴᠦᠮ ᠬᠦᠳᠡᠯᠮᠦᠷᠢ ᠬᠦᠴᠦᠨ ᠬᠡᠷᠡᠭᠯᠡᠭᠰᠡᠨ ᠲᠠᠩᠰᠠᠯᠠᠯᠳᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠤᠨ᠎ᠠ᠂ ᠡᠨᠡᠬᠦ ᠠᠭᠤᠯᠭ᠎ᠠ ᠳᠤ ᠨᠢᠭᠡᠴᠡ ᠶᠢᠨ ᠨᠡᠷᠡᠶᠢᠳᠦᠯ᠂ ᠭᠡᠷ᠎ᠡ ᠡᠬᠢᠯᠡᠭᠰᠡᠨ ᠡᠳᠦᠷ ᠬᠤᠭᠤᠴᠠᠭ᠎ᠠ᠂ ᠭᠡᠷ᠎ᠡ ᠳᠠᠭᠤᠰᠬᠤ ᠡᠳᠦᠷ ᠬᠤᠭᠤᠴᠠᠭ᠎ᠠ ᠶᠢᠨ ᠮᠡᠳᠡᠭᠡ ᠵᠠᠩᠭᠢ᠂ ᠨᠠᠷᠢᠨ ᠲᠤᠳᠤᠷᠬᠠᠢ ᠲᠡᠮᠳᠡᠭᠯᠡᠭᠰᠡᠨ ᠠᠵᠢᠯᠳᠠᠨ ᠠᠵᠢᠯᠴᠢᠨ ᠤ ᠠᠵᠢᠯ ᠤᠨ ᠪᠠᠶᠢᠷᠢ ᠶᠢᠨ ᠠᠵᠢᠯ ᠲᠥᠷᠥᠯ᠂ ᠭᠡᠷ᠎ᠡ ᠶᠢᠨ ᠬᠤᠭᠤᠴᠠᠭ᠎ᠠ ᠶᠢᠨ ᠲᠦᠷᠦᠯ ᠬᠡᠯᠪᠡᠷᠢ᠂ ᠨᠡᠶᠢᠭᠡᠮ ᠤᠨ ᠳᠠᠭᠠᠳᠬᠠᠯ ᠤᠨ ᠪᠠᠶᠢᠳᠠᠯ᠂ ᠠᠵᠢᠯ ᠮᠡᠷᠭᠡᠵᠢᠯ ᠤᠨ ᠬᠢᠷᠢ ᠬᠡᠮ ᠤᠨ ᠵᠡᠷᠭᠡ ᠳᠡᠰ᠂ ᠨᠢᠭᠡᠴᠡ ᠶᠢᠨ ᠴᠠᠯᠢᠩ ᠬᠥᠯᠥᠰᠥ ᠣᠯᠭᠤᠮᠵᠢ ᠵᠡᠷᠭᠡ ᠪᠠᠭᠲᠠᠨ᠎ᠠ᠃      ᠥᠪᠥᠷ ᠮᠣᠩᠭᠤᠯ ᠬᠥᠮᠦᠨ ᠬᠡᠷᠡᠭᠯᠡᠬᠦ ᠨᠢᠭᠡᠴᠡ ᠨᠢ ᠬᠥᠳᠡᠯᠮᠦᠷᠢ ᠶᠢᠨ ᠬᠦᠴᠦᠨ ᠬᠡᠷᠡᠭᠯᠡᠬᠦ ᠳᠠᠩᠰᠠᠯᠠᠯᠲᠠ ᠶᠢ ᠪᠤᠰᠤᠳ ᠬᠥᠳᠡᠯᠮᠦᠷᠢ ᠶᠢᠨ ᠪᠠᠲᠤᠯᠠᠭ᠎ᠠ ᠶᠢᠨ ᠠᠵᠢᠯ ᠤᠨ ᠤᠷᠢᠳᠠᠯ ᠲᠤᠬᠢᠷᠠᠭᠤᠯᠤᠯᠳᠠ ᠶᠢᠨ ᠳᠡᠰ ᠳᠠᠷᠠᠭᠠᠯᠠᠯ ᠪᠤᠯᠭᠠᠵᠤ᠂ ᠬᠥᠳᠡᠯᠮᠦᠷᠢ ᠶᠢᠨ ᠬᠦᠴᠦᠨ ᠬᠡᠷᠡᠭᠯᠡᠬᠦ ᠳᠠᠩᠰᠠᠯᠠᠯᠲᠠ ᠪᠠᠷ ᠬᠥᠮᠦᠨ ᠬᠡᠷᠡᠭᠯᠡᠬᠦ ᠨᠢᠭᠡᠴᠡ ᠪᠣᠯᠤᠨ ᠬᠥᠳᠡᠯᠮᠦᠷᠢᠴᠢᠨ ᠤ ᠬᠤᠭᠤᠷᠣᠨᠳᠣᠬᠢ ᠬᠥᠳᠡᠯᠮᠦᠷᠢ ᠶᠢᠨ ᠬᠠᠷᠢᠴᠠᠭ᠎ᠠ ᠶᠢ ᠨᠤᠲᠠᠯᠠᠪᠠᠯ ᠰᠠᠶ᠋ᠢ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ᠂ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠠᠲᠠᠪᠤᠷᠢᠯᠠᠬᠤ ᠲᠤᠰᠢᠶᠠᠬᠤ᠂ ᠠᠵᠢᠯ ᠠᠴᠠ ᠪᠠᠨ ᠠᠮᠠᠷᠠᠬᠤ ᠵᠥᠪᠰᠢᠶᠡᠷᠡᠯ ᠵᠡᠷᠭᠡ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠭᠦᠢᠴᠡᠳᠬᠡᠵᠦ ᠪᠤᠯᠤᠨ᠎ᠠ ᠭᠡᠵᠦ ᠲᠤᠳᠤᠷᠬᠠᠢ ᠲᠤᠭᠲᠠᠭᠠᠪᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠬᠦᠳᠡᠯᠮᠦᠷᠢ ᠬᠦᠴᠦᠨ ᠬᠡᠷᠡᠭᠯᠡᠬᠦ ᠳᠠᠩᠰᠠᠯᠠᠯᠲᠠ ᠪᠠᠷ ᠰᠠᠭᠤᠷᠢ ᠪᠤᠯᠭᠠᠵᠤ᠂ ᠬᠥᠮᠦᠨ ᠬᠡᠷᠡᠭᠯᠡᠬᠦ ᠨᠢᠭᠡᠴᠡ ᠶᠢᠨ ᠬᠦᠳᠡᠯᠮᠦᠷᠢ ᠬᠦᠴᠦᠨ ᠬᠡᠷᠡᠭᠯᠡᠬᠦ ᠮᠡᠳᠡᠭᠡ ᠵᠠᠩᠭᠢ ᠶᠢ ᠪᠦᠷᠢᠨᠰᠢᠭᠦᠯᠵᠦ᠂ ᠬᠥᠳᠡᠯᠮᠦᠷᠢ ᠶᠢᠨ ᠬᠦᠴᠦᠨ ᠬᠡᠷᠡᠭᠯᠡᠬᠦ ᠨᠢᠭᠡᠳᠦᠯᠲᠡᠢ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ᠂ ᠨᠡᠶᠢᠭᠡᠮ ᠤᠨ ᠳᠠᠭᠠᠳᠬᠠᠯ ᠵᠡᠷᠭᠡ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号