ᠥᠪᠥᠷ ᠵᠠᠰᠠᠭ ᠠᠯᠪᠠᠨ ᠲᠠᠷᠬᠠᠭᠠᠭᠰᠠᠨ ﹇2016﹈ 71 ᠳ᠋ᠤᠭᠡᠷ ᠲᠤᠭᠠᠳᠤ | 6 ᠳ᠋ᠤᠭᠠᠷ ᠰᠠᠷ᠎ᠠ ᠶᠢᠨ 2 ᠤᠨ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠤᠨ ᠬᠠᠮᠢᠶᠠᠷᠣᠯᠳᠠ ᠶᠢᠨ ᠠᠷᠭ᠎ᠠ︾ ᠶᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠣᠯᠠ᠂ ᠪᠣᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠣᠣᠱᠯᠠᠭᠤᠯᠣᠨ ᠬᠡᠷᠡᠭᠵᠢᠭᠦᠯᠲᠦᠭᠡᠶ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ | ᠦᠭᠭᠦ ᠰᠣᠳᠣᠯᠭᠠᠨ ᠤ ᠰᠡᠳᠣᠪ ᠤᠨ ᠬᠠᠮᠢᠶᠠᠷᠣᠯᠳᠠ ᠶᠢᠨ ᠠᠷᠭ᠎ᠠ | | | ᠨᠢᠭᠡᠳᠣᠭᠡᠷ ᠪᠦᠯᠦᠭ ᠶᠡᠷᠣᠩᠬᠡᠢ ᠲᠦᠷᠢᠮ | | | ᠨᠢᠭᠡᠳᠣᠭᠡᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠰᠢᠢᠣᠡᠪᠣᠷᠢᠳᠣ | ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠲᠣᠭᠳᠠᠭᠠᠵᠣ᠂ ᠰᠢᠢᠣᠡᠪᠣᠷᠢᠳᠣ ᠪᠣᠳᠣᠯᠭ᠎ᠠ ᠶᠢᠨ | ᠵᠦᠪᠯᠡᠯᠭᠡ ᠦᠭᠭᠦ ᠭᠦᠷᠢᠶ᠎ᠡ ᠭᠡᠪᠴᠢᠶᠠᠨ ᠳᠤ ᠣᠯᠠᠨ ᠨᠠᠶᠢᠳᠠ ᠶᠢᠨ ᠦᠢᠯᠡᠴᠢᠯᠡᠭᠡ ᠬᠤᠳᠠᠯᠳᠣᠨ ᠠᠪᠬᠤ ᠨᠢ | ᠨᠠᠶᠢᠭᠡᠮ ᠤᠨ ᠰᠣᠳᠣᠯᠭᠠᠨ ᠤ ᠭᠦᠴᠣᠨ ᠪᠠ ᠣᠶᠣᠨ ᠤ ᠭᠦᠮᠣᠷᠭᠡ ᠶᠢᠨ ᠦᠢᠯᠡᠳᠣᠯ ᠢ ᠪᠦᠳᠣᠮᠵᠢᠳᠠᠢ ᠪᠠᠳᠠᠷᠠᠭᠤᠯᠵᠣ᠂ | ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠰᠢᠨᠵᠢᠯᠡᠭᠦ ᠣᠬᠠᠭᠠᠨᠵᠢᠯᠳᠠ᠂ ᠠᠷᠠᠣᠡᠴᠢᠯᠠᠯᠳᠠ ᠪᠠ ᠬᠠᠣᠯᠢ | ᠴᠠᠭᠠᠵᠠᠵᠢᠯᠳᠠ ᠶᠢ ᠣᠯᠠᠮ ᠨᠢᠭᠡ ᠠᠯᠬᠤᠮ ᠠᠬᠢᠭᠤᠯᠬᠤ ᠳᠤ ᠴᠢᠬᠤᠯᠨ ᠠᠴᠢ ᠬᠤᠯᠪᠣᠭᠳᠠᠯ ᠲᠠᠢ ᠶᠤᠮ᠃ ᠵᠠᠰᠠᠭ ᠤᠨ | ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠤᠨ ᠬᠠᠮᠢᠶᠠᠷᠣᠯᠳᠠ ᠶᠢ | ᠵᠢᠷᠣᠮᠵᠢᠭᠤᠯᠬᠤ ᠶᠢᠨ ᠲᠣᠰᠠᠳᠠ᠂ ᠲᠣᠰ ᠠᠷᠭ᠎ᠠ ᠶᠢ ᠲᠣᠭᠳᠠᠭᠠᠪᠠ᠃ | ᠬᠤᠶᠠᠳᠣᠭᠠᠷ ᠵᠦᠢᠯ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ | ᠰᠣᠳᠣᠯᠭᠠᠨ ᠤ ᠰᠡᠳᠣᠪ ᠨᠢ ᠦᠪᠡᠷᠳᠡᠭᠡᠨ ᠵᠠᠰᠠᠬᠤ ᠣᠷᠣᠨ ᠤ ᠠᠵᠣ ᠠᠬᠤᠢ ᠶᠢᠨ ᠭᠦᠭᠵᠢᠯᠳᠠ᠂ ᠨᠠᠶᠢᠭᠡᠮ ᠤᠨ | ᠳᠠᠪᠰᠢᠯᠳᠠ᠂ ᠠᠷᠠᠣᠨ ᠤᠨ ᠠᠮᠢᠳᠣᠷᠠᠯ ᠤᠨ ᠰᠠᠶᠢᠵᠢᠷᠠᠯᠳᠠ᠂ ᠨᠠᠶᠢᠭᠡᠮ ᠤᠨ ᠡᠶ᠎ᠡ ᠵᠣᠬᠢᠴᠠᠯᠳᠠ ᠵᠡᠷᠭᠡ ᠳᠠᠯ᠎ᠠ ᠶᠢᠨ | ᠰᠢᠢᠣᠡᠪᠣᠷᠢᠯᠡᠭᠦ ᠴᠢᠬᠤᠯᠠᠳᠠᠢ ᠴᠢᠬᠤᠯᠨ ᠶᠡᠭᠡ ᠠᠰᠠᠭᠤᠳᠠᠯ ᠳᠤ ᠰᠠᠭᠤᠷᠢᠯᠠᠨ᠂ ᠳ᠋ᠧᠩ ᠰᠢᠶᠣᠣ ᠫᠢᠩ ᠤᠨ ᠣᠨᠣᠯ᠂ ︽ | ᠭᠤᠷᠪᠠ ᠶᠢ ᠲᠦᠯᠣᠭᠡᠯᠡᠭᠦ︾ ᠴᠢᠬᠤᠯᠨ ᠦᠵᠡᠯ ᠰᠠᠨᠠᠭ᠎ᠠ᠂ ᠰᠢᠨᠵᠢᠯᠡᠭᠦ ᠣᠬᠠᠭᠠᠨᠴᠢ ᠭᠦᠭᠵᠢᠯᠳᠠ ᠶᠢᠨ ᠦᠵᠡᠯᠳᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠨ᠂ ᠰᠢ ᠶᠢᠨ ᠫᠢᠩ ᠶᠡᠷᠣᠩᠬᠡᠢ ᠱᠦᠵᠢ ᠶᠢᠨ ᠠᠯᠢ ᠣᠯᠠᠨ ᠴᠢᠬᠤᠯᠨ | ᠶᠡᠷᠢᠶ᠎ᠠ ᠶᠢᠨ ᠵᠣᠷᠢᠭ ᠰᠠᠨᠠᠭ᠎ᠠ ᠪᠠ ᠦᠪᠣᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠴᠢᠬᠤᠯᠨ ᠶᠠᠷᠢᠶ᠎ᠠ ᠶᠢᠨ ᠵᠣᠷᠢᠭ | ᠰᠠᠨᠠᠭ᠎ᠠ ᠶᠢ ᠭᠦᠨᠵᠡᠭᠡᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠨᠠᠮ ᠤᠨ ᠲᠦᠪ ᠬᠤᠷᠢᠶ᠎ᠠ᠂ ᠲᠦᠷᠣ ᠶᠢᠨ | ᠶᠠᠪᠣᠳᠠᠯ ᠤᠨ ᠬᠤᠷᠢᠶ᠎ᠠ ᠪᠣᠯᠣᠨ ᠦᠪᠡᠷᠳᠡᠭᠡᠨ ᠵᠠᠰᠠᠬᠤ ᠣᠷᠣᠨ ᠤ ᠨᠠᠮ ᠤ ᠬᠤᠷᠢᠶ᠎ᠠ᠂ ᠵᠠᠰᠠᠭ ᠤᠨ ᠣᠷᠳᠣᠨ ᠤ | ᠰᠢᠢᠣᠡᠪᠣᠷᠢᠳᠣ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠪᠦᠭᠦ ᠳᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ︽ | ᠳᠠᠪᠤ ᠶᠢ ᠨᠢᠭᠡ ᠴᠣᠭᠴᠠᠵᠢᠭᠤᠯᠬᠤ︾ ᠶᠠᠷᠣᠩᠬᠡᠢ ᠪᠠᠶᠢᠷᠢᠰᠢᠭᠤᠯᠣᠯᠳᠠ ᠪᠠ ︽ᠲᠦᠷᠪᠡᠨ ᠪᠦᠭᠦ ᠳᠠᠯ᠎ᠠ︾ ᠶᠢᠨ | ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ ᠶᠢᠨ ᠲᠣᠭᠤᠷᠢᠨ ᠳᠤ᠂ ᠰᠢᠨ᠎ᠠ ᠶᠢ ᠡᠭᠦᠣᠡᠭᠦ᠂ ᠵᠣᠬᠢᠴᠠᠩᠭᠤᠢ᠂ | ᠪᠣᠬᠢᠷᠳᠣᠯ ᠦᠭᠡᠢ᠂ ᠨᠡᠭᠡᠭᠡᠯᠳᠡᠳᠣ᠂ ᠬᠠᠮᠳᠣᠪᠠᠷ ᠭᠦᠷᠳᠡᠭᠦ ᠭᠦᠭᠵᠢᠯᠳᠠ ᠶᠢᠨ ᠤᠨᠤᠯᠵᠢᠬᠤᠨ ᠢ ᠪᠠᠷᠢᠮᠳᠠᠯᠠᠵᠣ᠂ | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠨ ᠶᠡᠭᠡ ᠰᠢᠢᠣᠡᠪᠣᠷᠢᠳᠣ | ᠪᠣᠳᠣᠯᠭ᠎ᠠ ᠪᠠ ᠭᠤᠣᠯᠳᠠᠯᠭ᠎ᠠ ᠲᠠᠢ ᠠᠵᠢᠯ ᠳᠤ ᠦᠢᠯᠡᠴᠢᠯᠡᠭᠦ ᠪᠠᠷ ᠭᠤᠣᠯ ᠪᠣᠯᠭᠠᠵᠣ᠂ ᠣᠷᠣᠨ ᠤ ᠲᠣᠳᠣᠷᠠᠬᠢ | ᠰᠣᠳᠣᠯᠬᠤ ᠭᠦᠴᠣᠨ ᠢ ᠨᠠᠶᠢᠯᠡᠭᠦᠯᠭᠦ᠂ ᠣᠷᠣᠨ ᠤ ᠭᠠᠳᠠᠨᠠᠬᠢ ᠶᠢ ᠣᠷᠢᠬᠤ ᠪᠣᠶᠣ ᠳᠡᠭᠦᠨ ᠲᠠᠢ ᠬᠠᠮᠳᠣᠷᠠᠨ ᠵᠠᠰᠠᠭ ᠤᠨ | ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠡᠳᠣᠪ ᠤᠨ ᠰᠣᠳᠣᠯᠭᠠᠨ ᠳᠤ ᠣᠷᠣᠯᠴᠠᠬᠤ ᠶᠢ | ᠳᠠᠶᠢᠴᠢᠯᠠᠨ᠂ ᠰᠡᠳᠣᠪ ᠤᠨ ᠰᠣᠳᠣᠯᠭᠠᠨ ᠤ ᠬᠢᠷᠢ ᠭᠡᠮᠵᠢᠶ᠎ᠠ ᠪᠠ ᠴᠢᠨᠠᠷ ᠴᠢᠨᠰᠠᠭ᠎ᠠ ᠶᠢ ᠦᠨᠡᠡᠭᠦ ᠳᠡᠭᠡᠭᠰᠢᠯᠡᠭᠦᠯᠣᠨ᠂ | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠣᠨ ᠤ ᠰᠢᠨᠵᠢᠯᠡᠭᠦ ᠣᠬᠠᠭᠠᠨᠴᠢ ᠪᠠᠷ | ᠰᠢᠢᠣᠡᠪᠣᠷᠢᠳᠣ ᠪᠣᠳᠣᠯᠭ᠎ᠠ ᠲᠣᠭᠳᠠᠭᠠᠬᠤ ᠳᠤ ᠦᠨᠳᠣᠰᠣᠯᠡᠯ ᠪᠠ ᠯᠠᠪᠯᠯᠠᠳᠠ ᠬᠠᠩᠭᠠᠨ᠎ᠠ᠃ | ᠭᠤᠷᠪᠠᠳᠣᠭᠠᠷ ᠵᠦᠢᠯ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ | ᠰᠣᠳᠣᠯᠭᠠᠨ ᠤ ᠰᠡᠳᠣᠪ ᠢ ᠵᠣᠬᠢᠶᠠᠨ ᠪᠠᠶᠢᠭᠤᠯᠵᠣ ᠬᠠᠮᠢᠶᠠᠷᠬᠤ ᠠᠵᠢᠯ ᠢ ᠦᠪᠡᠷᠳᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠳᠣᠯᠬᠤ ᠳᠠᠰᠤᠭ ᠬᠠᠷᠢᠭᠤᠴᠨᠠ᠃ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠣᠳᠣᠯᠬᠤ ᠳᠠᠰᠤᠭ ᠨᠢ ᠰᠡᠳᠣᠪ ᠤᠨ ᠰᠣᠳᠣᠯᠭᠠᠨ ᠤ ᠠᠵᠢᠯ ᠤᠨ ᠬᠡᠷᠩᠴᠡᠭᠡ ᠱᠠᠭᠠᠷᠳᠠᠯᠭ᠎ᠠ ᠪᠠᠨ ᠦᠨᠳᠣᠰᠣᠯᠡᠵᠣ | ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ | ᠦᠭᠭᠦ ᠰᠣᠳᠣᠯᠭᠠᠨ ᠤ ᠰᠡᠳᠣᠪ ᠤᠨ ᠲᠣᠰᠬᠠᠢ ᠮᠠᠷᠭᠡᠵᠢᠯᠳᠠᠨ ᠤ ᠵᠦᠪᠯᠡᠯ ᠪᠠᠶᠢᠭᠤᠯᠵᠣ᠂ ᠲᠣᠰᠬᠠᠢ ᠮᠠᠷᠭᠡᠵᠢᠯᠳᠠᠨ ᠤ | ᠵᠦᠪᠯᠡᠯ ᠢ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠳᠣᠯᠬᠤ ᠳᠠᠰᠤᠭ ᠤᠨ ᠬᠠᠷᠢᠭᠤᠴᠠᠯᠭᠠᠳᠠᠨ᠂ | ᠣᠨᠴᠨ ᠣᠷᠢᠭᠰᠠᠨ ᠰᠣᠳᠣᠯᠭᠠᠳᠠᠨ᠂ ᠣᠷᠣᠨ ᠤ ᠲᠣᠳᠣᠷ᠎ᠡ ᠭᠠᠳᠠᠨᠠᠬᠢ ᠠᠯᠳᠠᠷᠳᠣ ᠲᠣᠰᠬᠠᠢ ᠮᠡᠷᠭᠡᠵᠢᠯᠳᠠᠨ ᠪᠠ | ᠬᠤᠯᠪᠣᠭᠳᠠᠯ ᠪᠦᠭᠦᠢ ᠰᠠᠯᠠᠭ᠎ᠠ ᠮᠦᠴᠢᠷ ᠤᠨ ᠨᠦᠭᠦᠣᠨ ᠢᠶᠠᠷ ᠪᠦᠷᠢᠯᠳᠣᠬᠦᠯᠵᠣ᠂ ᠵᠠᠰᠠᠭ ᠤᠨ ᠣᠷᠳᠣᠨ ᠤ | ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ ᠰᠣᠳᠣᠯᠭᠠᠨ ᠤ ᠰᠡᠳᠣᠪ ᠤᠨ ᠳᠠᠭᠠᠭᠠᠴᠢᠯᠠᠯᠳᠠ ᠶᠢ ᠰᠢᠯᠭᠠᠷᠠᠭᠤᠯᠤᠨ | ᠲᠣᠭᠳᠠᠭᠠᠬᠤ᠂ ᠨᠣᠮ ᠬᠠᠶᠠᠯᠴᠠᠬᠤ᠂ ᠦᠷ᠎ᠡ ᠪᠦᠳᠣᠭᠡᠯ ᠢ ᠬᠢᠨᠠᠨ ᠲᠣᠭᠳᠠᠭᠠᠬᠤ ᠪᠠ ᠰᠢᠯᠢᠳᠡᠭ ᠦᠷ᠎ᠡ ᠪᠦᠳᠣᠭᠡᠯ ᠤᠨ | ᠱᠠᠩᠨᠠᠯ ᠰᠢᠯᠭᠠᠷᠠᠭᠤᠯᠤᠨ ᠲᠣᠭᠳᠠᠭᠠᠬᠤ ᠵᠡᠷᠭᠡ ᠠᠵᠢᠯ ᠢ ᠬᠠᠷᠢᠭᠤᠴᠠᠨ᠎ᠠ᠃ | | ᠬᠤᠶᠠᠳᠣᠭᠠᠷ ᠪᠦᠯᠦᠭ ᠰᠡᠳᠣᠪ ᠤᠨ ᠲᠦᠷᠣᠯ ᠵᠦᠢᠯ ᠢ ᠲᠣᠭᠳᠠᠭᠠᠬᠤ | | | ᠲᠦᠷᠪᠡᠳᠣᠭᠡᠷ ᠵᠦᠢᠯ ᠵᠠᠰᠠᠭ ᠤᠨ ᠣᠷᠳᠣᠨ ᠤ ᠰᠢᠢᠣᠡᠪᠣᠷᠢᠳᠣ ᠪᠣᠳᠣᠯᠭ᠎ᠠ ᠶᠢᠨ ᠵᠦᠪᠯᠡᠯᠭᠡ ᠦᠭᠭᠦ | ᠰᠣᠳᠣᠯᠭᠠᠨ ᠤ ᠰᠡᠳᠣᠪ ᠲᠤ ᠢᠯᠨ ᠪᠠᠷ ᠳᠠᠭᠠᠭᠠᠴᠢᠯᠠᠯᠳᠠ ᠵᠠᠷᠯᠠᠬᠤ ᠰᠡᠳᠣᠪ ᠪᠠ ᠨᠠᠶᠢᠳᠠᠨ ᠰᠣᠳᠣᠯᠬᠤ ᠰᠡᠳᠣᠪ | ᠲᠣᠬᠢᠷᠠᠭᠤᠯᠣᠨ᠎ᠠ᠃ | ᠳᠠᠪᠣᠳᠣᠭᠠᠷ ᠵᠦᠢᠯ ᠢᠯᠨ ᠪᠠᠷ ᠳᠠᠭᠠᠭᠠᠴᠢᠯᠠᠯᠳᠠ ᠵᠠᠷᠯᠠᠬᠤ ᠰᠡᠳᠣᠪ᠃ | ︵ᠨᠢᠭᠡ︶ ᠰᠡᠳᠣᠪ ᠰᠣᠩᠭᠤᠬᠤ᠃ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠴᠢᠬᠤᠯᠨ ᠶᠡᠭᠡ ᠰᠢᠢᠣᠡᠪᠣᠷᠢᠳᠣ ᠪᠣᠳᠣᠯᠭ᠎ᠠ ᠪᠠ ᠭᠤᠣᠯᠳᠠᠯᠭ᠎ᠠ ᠲᠠᠢ ᠠᠵᠢᠯ ᠤᠨ ᠬᠡᠷᠩᠴᠡᠭᠡ ᠶᠢ | ᠦᠨᠳᠣᠰᠣᠯᠡᠵᠣ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠣᠳᠣᠷᠢᠳᠣᠯᠭ᠎ᠠ ᠪᠠ | ᠬᠤᠯᠪᠣᠭᠳᠠᠯ ᠪᠦᠭᠦᠢ ᠳᠠᠯ᠎ᠠ ᠠᠴᠠ ᠰᠡᠳᠣᠪ ᠢ ᠦᠷᠭᠡᠨ ᠢᠶᠠᠷ ᠰᠣᠩᠭᠤᠨ ᠡᠯᠰᠡᠵᠦ ᠴᠣᠭᠯᠠᠭᠤᠯᠣᠨ᠎ᠠ᠃ ᠭᠤᠣᠯᠳᠠᠭᠤ | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠨ ᠶᠡᠭᠡ ᠬᠤᠷᠠᠯ ᠪᠠ | ᠦᠪᠡᠷᠳᠡᠭᠡᠨ ᠵᠠᠰᠠᠬᠤ ᠣᠷᠣᠨ ᠤ ᠣᠳᠣᠷᠢᠳᠣᠯᠭ᠎ᠠ ᠶᠢᠨ ᠲᠣᠷᠠᠳᠣᠭᠰᠠᠨ ᠰᠡᠳᠣᠪ᠂ ᠦᠪᠡᠷᠳᠡᠭᠡᠨ ᠵᠠᠰᠠᠬᠤ ᠣᠷᠣᠨ ᠤ | ᠠᠵᠣ ᠠᠬᠤᠢ ᠨᠠᠶᠢᠭᠡᠮ ᠤᠨ ᠭᠦᠭᠵᠢᠯᠳᠠ ᠶᠢᠨ ᠪᠠᠶᠢᠯᠳᠣᠬᠤ ᠪᠣᠳᠣᠯᠭ᠎ᠠ ᠶᠢᠨ ᠴᠢᠨᠠᠷᠳᠠᠢ᠂ ᠪᠦᠭᠦ ᠳᠠᠯ᠎ᠠ ᠶᠢᠨ ᠴᠢᠨᠠᠷᠳᠠᠢ | ᠰᠡᠳᠣᠪ᠂ ᠦᠪᠡᠷᠳᠡᠭᠡᠨ ᠵᠠᠰᠠᠬᠤ ᠣᠷᠣᠨ ᠤ ᠲᠣᠯᠭᠠᠮ᠎ᠠ ᠰᠢᠢᠣᠡᠪᠣᠷᠢᠯᠡᠭᠦ ᠴᠢᠬᠤᠯᠠᠳᠠᠢ ᠬᠠᠯᠠᠮᠰᠢᠯ᠂ ᠭᠦᠴᠢᠷ ᠲᠠᠢ ᠪᠠ | ᠭᠤᠣᠯᠳᠠᠯᠭ᠎ᠠ ᠲᠠᠢ ᠠᠰᠠᠭᠤᠳᠠᠯ ᠪᠠᠭᠳᠠᠨ᠎ᠠ᠃ ᠡᠯᠰᠡᠵᠦ ᠴᠣᠭᠯᠠᠭᠤᠯᠣᠭᠰᠠᠨ ᠰᠡᠳᠣᠪ ᠤᠨ ᠰᠣᠩᠭᠤᠯᠳᠠ ᠶᠢ | ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠳᠣᠯᠬᠤ ᠳᠠᠰᠤᠭ ᠤᠨ ᠡᠷᠬᠢᠯᠡᠭᠴᠢ ᠶᠢᠨ ᠠᠵᠢᠯ ᠤᠨ | ᠬᠤᠷᠠᠯ ᠢᠶᠠᠷ ᠬᠢᠨᠠᠨ ᠲᠣᠭᠳᠠᠭᠠᠭᠰᠠᠨ ᠤ ᠳᠠᠷᠠᠭ᠎ᠠ᠂ ᠳᠠᠭᠠᠭᠠᠴᠢᠯᠠᠯᠳᠠ ᠵᠠᠷᠯᠠᠬᠤ ᠰᠡᠳᠣᠪ ᠤᠨ ᠵᠦᠭᠯᠡᠭᠦᠷ ᠲᠤ | ᠣᠷᠣᠭᠤᠯᠵᠣ᠂ ᠲᠦᠷᠣᠯ ᠵᠦᠢᠯ ᠲᠣᠭᠳᠠᠭᠠᠵᠣ ᠲᠠᠭᠠᠭᠠᠴᠢᠯᠠᠯᠳᠠ ᠵᠠᠷᠯᠠᠨ᠎ᠠ᠃ | ︵ᠬᠤᠶᠠᠷ︶ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠭᠦᠯᠢᠶᠡᠭᠦ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠤᠳᠤᠯᠬᠤ ᠲᠠᠰᠤᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠫᠤᠷᠲ᠋ᠧᠯ ᠰᠦᠯᠵᠢᠶ᠎ᠡ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ | ᠲᠠᠰᠤᠭ ᠤᠨ ᠫᠤᠷᠲ᠋ᠧᠯ ᠰᠦᠯᠵᠢᠶ᠎ᠠ ᠵᠢᠴᠢ ᠪᠤᠰᠤᠳ ᠬᠠᠮᠢᠶ᠎ᠠ ᠪᠦᠬᠦᠢ ᠵᠠᠭᠤᠴᠢᠯᠠᠭᠤᠷ ᠢᠶᠠᠷ ᠳᠡᠮᠵᠢᠭᠤᠯᠵᠣ᠂ | ᠨᠡᠶᠢᠭᠡᠮ ᠳᠤ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠪᠠ ᠰᠡᠳᠦᠪ ᠤᠨ ᠵᠦᠭᠯᠡᠭᠦᠷ ᠢ ᠨᠡᠶᠢᠲᠡᠯᠡᠨ᠎ᠠ᠃ | ᠳᠠᠭᠠᠭᠠᠴᠢᠯᠠᠯᠲᠠ ᠵᠠᠷᠯᠠᠬᠤ ᠠᠯᠪᠠᠨ ᠵᠠᠷ ᠢ ᠨᠡᠶᠢᠲᠡᠯᠡᠭᠰᠡᠨ ᠤ ᠳᠠᠷᠠᠭ᠎ᠠ᠂ ᠭᠤᠶᠤᠴᠢᠯᠠᠭᠴᠢᠳ ᠰᠦᠯᠵᠢᠶᠠᠨ ᠠᠴᠠ | ᠭᠤᠶᠤᠴᠢᠯᠠᠯ ᠤᠨ ᠪᠢᠴᠢᠭ ᠪᠠᠭᠤᠯᠭᠠᠬᠤ ᠶᠢᠨ ᠬᠠᠮᠳᠣ ᠰᠡᠳᠦᠪ ᠤᠨ ᠵᠦᠭᠯᠡᠭᠦᠷ ᠢ ᠦᠨᠳᠣᠰᠣᠯᠡᠵᠣ ᠲᠠᠭᠯᠠᠵᠣ ᠪᠣᠯᠣᠨ᠎ᠠ᠂ | ᠰᠡᠳᠦᠪ ᠭᠤᠶᠤᠴᠢᠯᠠᠭᠴᠢ ᠶᠢᠨ ᠪᠠᠶᠢᠭ᠎ᠠ ᠨᠢᠭᠡᠴᠨ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ | ᠪᠠᠶᠢᠴᠠᠭᠠᠯᠭᠠᠵᠤ ᠵᠥᠪᠰᠢᠶᠡᠷᠡᠭᠦᠯᠣᠭᠡᠣᠨ ᠠᠯᠪᠠᠨ ᠲᠠᠮᠠᠭ᠎ᠠ ᠳᠠᠷᠤᠬᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠤᠳᠤᠯᠬᠤ ᠲᠠᠰᠤᠭ ᠲᠤ ᠲᠣᠰᠢᠶᠠᠨ᠎ᠠ᠃ ᠰᠡᠳᠦᠪ ᠢ ᠪᠠᠶᠢᠭᠤᠯᠭ᠎ᠠ ᠪᠦᠯᠬᠦᠮ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠰᠤᠳᠤᠯᠭᠠᠨ ᠤ ᠪᠠᠶᠢᠭᠤᠯᠤᠮᠵᠢ᠂ ᠳᠡᠭᠡᠳᠦ ᠰᠤᠷᠭᠠᠭᠤᠯᠢ ᠪᠠ ᠬᠤᠪᠢ ᠬᠥᠮᠦᠨ ᠳᠤ | ᠬᠠᠨᠳᠤᠭᠤᠯᠵᠣ ᠢᠯᠡ ᠪᠠᠷ ᠳᠠᠭᠠᠭᠠᠴᠢᠯᠠᠯᠲᠠ ᠵᠠᠷᠯᠠᠨ᠎ᠠ᠃ ᠭᠤᠶᠤᠴᠢᠯᠠᠭᠴᠢᠳ ᠰᠡᠳᠦᠪ ᠤᠨ ᠳᠤᠭᠤᠶᠢᠯᠠᠩ ᠵᠣᠬᠢᠶᠠᠨ | ᠪᠠᠶᠢᠭᠤᠯᠵᠤ᠂ ᠰᠡᠳᠣᠪ ᠤᠨ ᠳᠤᠭᠤᠶᠢᠯᠠᠩ ᠤᠨ ᠪᠦᠷᠢᠯᠳᠣᠭᠦᠨ 3 ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠢ᠂ | ᠭᠤᠶᠤᠴᠢᠯᠠᠭᠴᠢ ᠨᠢ ᠡᠷᠬᠡᠪᠰᠢ ᠰᠡᠳᠦᠪ ᠡᠷᠬᠢᠯᠡᠭᠦ ᠭᠦᠮᠣᠨ ᠪᠠᠶᠢᠵᠣ᠂ ᠰᠡᠳᠦᠪ ᠡᠷᠬᠢᠯᠡᠭᠴᠢ ᠪᠣᠯᠤᠭᠰᠠᠨ | ᠭᠤᠶᠤᠴᠢᠯᠠᠭᠴᠢ ᠨᠢᠭᠡᠪᠦᠷᠢ ᠨᠢᠭᠡ ᠵᠢᠯ ᠳᠤ ᠵᠦᠪᠭᠡᠨ ᠨᠢᠭᠡᠯᠨ ᠲᠦᠷᠣᠯ ᠤᠨ ᠰᠡᠳᠦᠪ ᠭᠤᠶᠤᠴᠢᠯᠠᠵᠤ ᠪᠣᠯᠣᠨ᠎ᠠ᠃ | ᠰᠡᠳᠦᠪ ᠭᠤᠶᠤᠴᠢᠯᠠᠭᠴᠢᠳ ᠳᠡᠳ᠋ ᠳᠡᠭᠡᠳᠦ ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠪᠤᠶᠤ ᠳᠡᠳ᠋ | ᠭᠠᠵᠠᠷ ᠤᠨ ᠳᠡᠰ ᠠᠴᠠ ᠳᠡᠭᠡᠭᠰᠢᠬᠢ ᠲᠤᠰᠢᠶᠠᠯ ᠲᠠᠢ ᠪᠠᠶᠢᠬᠤ ᠬᠡᠷᠩᠳᠠᠢ᠂ ᠰᠡᠳᠦᠪ ᠤᠨ ᠳᠤᠭᠤᠶᠢᠯᠠᠩ ᠤᠨ | ᠪᠦᠷᠢᠯᠳᠣᠭᠦᠨ ᠨᠢ ᠰᠤᠳᠤᠯᠭᠠᠨ ᠪᠠ ᠪᠣᠳᠠᠲᠠᠶ ᠠᠵᠢᠯ ᠤᠨ ᠠᠬᠤᠶ ᠪᠠᠶᠢᠳᠠᠯ ᠢ ᠪᠦᠷᠢᠳᠦᠭᠦᠯᠦᠭᠰᠡᠨ ᠪᠠᠶᠢᠬᠤ ᠬᠡᠷᠩᠳᠠᠢ᠃ | ᠨᠢᠭᠡᠨ ᠲᠦᠷᠣᠯ ᠤᠨ ᠰᠡᠳᠦᠪ ᠤᠨ ᠭᠤᠶᠤᠴᠢᠯᠠᠭᠴᠢ ᠨᠢ 3 ᠬᠥᠮᠦᠨ ᠭᠦᠷᠭᠦ ᠦᠭᠡᠢ ᠪᠣᠯ᠂ ᠲᠤᠰ ᠲᠦᠷᠣᠯ ᠤᠨ | ᠰᠡᠳᠦᠪ ᠢ ᠳᠠᠭᠠᠭᠠᠴᠢᠯᠠᠯᠳᠠ ᠢᠯᠠᠭᠳᠠᠭᠰᠠᠨ ᠢᠶᠠᠷ ᠰᠢᠢᠣᠡᠪᠣᠷᠢᠯᠡᠵᠣ᠂ ᠵᠤᠬᠢᠬᠤ ᠰᠡᠳᠦᠪ ᠢ ᠨᠢ ᠬᠠᠰᠤᠬᠤ ᠪᠤᠶᠤ | ᠬᠡᠷᠡᠭᠴᠡᠭᠡ ᠪᠠᠨ ᠦᠨᠳᠦᠰᠦᠯᠡᠨ ᠨᠠᠶᠢᠳᠠᠨ ᠰᠤᠳᠤᠯᠬᠤ ᠰᠡᠳᠦᠪ ᠲᠤ ᠣᠷᠣᠭᠤᠯᠣᠨ᠎ᠠ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠠᠵᠢᠯᠲᠠᠳ ᠰᠡᠳᠦᠪ ᠤᠨ ᠳᠠᠭᠠᠭᠠᠴᠢᠯᠠᠯᠲᠠ | ᠵᠠᠷᠯᠠᠬᠤ ᠳᠤ ᠣᠷᠣᠯᠴᠠᠵᠤ ᠪᠣᠯᠬᠤ ᠦᠭᠡᠢ᠃ | ︵ᠭᠤᠷᠪᠠ︶ ᠳᠠᠭᠠᠭᠠᠴᠢᠯᠠᠯᠲᠠ ᠶᠢ ᠰᠢᠯᠭᠠᠷᠠᠭᠤᠯᠤᠨ ᠲᠣᠭᠳᠠᠭᠠᠬᠤ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠭᠤᠶᠤᠴᠢᠯᠠᠭᠴᠢ ᠶᠢᠨ ᠬᠢᠷᠢ ᠬᠡᠮ ᠪᠠ ᠮᠠᠲ᠋ᠧᠷᠢᠶᠠᠯ ᠢ ᠬᠢᠨᠠᠨ | ᠪᠠᠶᠢᠴᠠᠭᠠᠵᠣ᠂ ᠬᠡᠪᠴᠢᠶᠠᠨ ᠳᠤ ᠤᠷᠤᠭᠰᠠᠨ ᠨᠡᠷᠡᠰ ᠤᠳ ᠢ ᠲᠣᠭᠲᠠᠵᠣ᠂ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ ᠢ | ᠵᠣᠬᠢᠶᠠᠨ ᠪᠠᠶᠢᠭᠤᠯᠵᠣ ᠳᠠᠭᠠᠭᠠᠴᠢᠯᠠᠯᠳᠠ ᠰᠢᠯᠭᠠᠷᠠᠭᠤᠯᠤᠨ ᠲᠣᠭᠳᠠᠭᠠᠬᠤ ᠳᠤᠭᠤᠶᠢᠯᠠᠩ ᠢ ᠪᠦᠷᠢᠯᠳᠦᠭᠦᠯᠣᠨ᠂ | ᠬᠡᠪᠴᠢᠶᠠᠨ ᠳᠤ ᠣᠷᠣᠭᠰᠠᠨ ᠰᠡᠳᠦᠪ ᠤᠨ ᠭᠤᠶᠤᠴᠢᠯᠠᠭᠴᠢ ᠶᠢᠨ ᠳᠡᠪᠰᠢᠭᠦᠯᠦᠭᠰᠡᠨ ᠰᠡᠳᠦᠪ ᠤᠨ ︽ᠰᠤᠳᠤᠯᠭᠠᠨ ᠤ | ᠬᠥᠲᠥᠯᠪᠦᠷᠢ︾ ᠶᠢ ᠲᠥᠪᠯᠡᠷᠡᠭᠦᠯᠦᠨ ᠦᠨᠡᠯᠡᠵᠣ ᠶᠠᠷᠢᠯᠴᠠᠬᠤ ᠪᠠ ᠨᠡᠷ᠎ᠡ ᠪᠠᠨ ᠪᠢᠴᠢᠬᠦ ᠦᠬᠡᠢ ᠪᠠᠷ ᠬᠤᠪᠢ ᠥᠭᠴᠦ᠂ | ᠬᠤᠪᠢ ᠪᠠᠷ ᠨᠢ ᠦᠨᠳᠣᠰᠣᠯᠡᠵᠣ ᠡᠮᠣᠨ᠎ᠠ ᠭᠤᠷᠪᠠᠨ ᠨᠠᠷᠡᠰ ᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠤᠳᠤᠯᠬᠤ ᠲᠠᠰᠤᠭ ᠨᠢ ᠳᠠᠭᠠᠭᠠᠴᠢᠯᠠᠯᠲᠠ ᠶᠢ ᠰᠢᠯᠭᠠᠷᠠᠭᠤᠯᠤᠨ ᠲᠣᠭᠳᠠᠭᠠᠭᠰᠠᠨ ᠤ | ᠳᠠᠷᠠᠭᠠᠬᠢ ᠬᠤᠶᠠᠷ ᠭᠠᠷᠠᠭ ᠤᠨ ᠳᠣᠲᠣᠷ᠎ᠠ᠂ ᠡᠮᠣᠨ᠎ᠠ ᠭᠤᠷᠪᠠᠨ ᠨᠠᠷᠡᠰ ᠤᠨ ᠰᠡᠳᠦᠪ ᠭᠤᠶᠤᠴᠢᠯᠠᠭᠴᠢ ᠶᠢ ᠵᠣᠬᠢᠶᠠᠨ | ᠪᠠᠶᠢᠭᠤᠯᠵᠣ ᠰᠡᠳᠦᠪ ᠤᠨ ᠳᠤᠭᠤᠶᠢᠯᠠᠩ ᠤᠨ ᠬᠦᠮᠦᠰ ᠤᠨ ᠪᠦᠷᠢᠯᠳᠣᠯ᠂ ᠰᠤᠳᠤᠯᠬᠤ ᠰᠠᠭᠤᠷᠢ᠂ ᠰᠡᠳᠬᠢᠮᠵᠢ ᠶᠢᠨ | ᠭᠤᠤᠯᠲᠠᠯᠠᠭ᠎ᠠ᠂ ᠪᠠᠶᠢᠴᠠᠭᠠᠨ ᠰᠤᠳᠤᠯᠤᠯᠲᠠ ᠬᠢᠬᠦ ᠠᠷᠭ᠎ᠠ ᠪᠠ ᠰᠢᠨ᠎ᠡ ᠡᠬᠦᠳᠦᠯᠳᠡ ᠲᠠᠢ ᠪᠠᠶᠢᠬᠤ ᠵᠡᠷᠭᠡ ᠳᠤ | ᠲᠤᠬᠠᠶ ᠶᠢᠨ ᠭᠠᠵᠠᠷ ᠲᠤᠨᠢ ᠨᠣᠮ ᠬᠠᠶᠠᠯᠴᠠᠨ᠎ᠠ᠃ ᠳᠠᠭᠠᠭᠠᠴᠢᠯᠠᠯᠲᠠ ᠰᠢᠯᠭᠠᠷᠠᠭᠤᠯᠤᠨ ᠲᠣᠭᠳᠠᠭᠠᠬᠤ ᠳᠤᠭᠤᠶᠢᠯᠠᠩ ᠨᠢ | ᠨᠣᠮ ᠬᠠᠶ᠋ᠯᠠᠴᠠᠭᠰᠠᠨ ᠪᠠᠶᠢᠳᠠᠯ ᠢ ᠦᠨᠳᠦᠰᠦᠯᠡᠵᠣ ᠡᠮᠣᠨ᠎ᠠ ᠭᠤᠷᠪᠠᠨ ᠭᠤᠶᠤᠴᠢᠯᠠᠭᠴᠢ ᠶᠢᠨ ᠨᠡᠷᠡᠰ ᠢ ᠳᠠᠬᠢᠨ | ᠵᠢᠭᠰᠠᠭᠠᠵᠣ᠂ ᠰᠡᠳᠦᠪ ᠤᠨ ᠳᠠᠭᠠᠭᠠᠴᠢᠯᠠᠯᠲᠠ ᠣᠯᠤᠭᠰᠠᠨ ︽ᠠᠩᠬ᠎ᠠ ᠠᠯᠬᠤᠮ ᠤᠨ ᠰᠠᠨᠠᠯ︾ ᠢ ᠲᠣᠷᠠᠳᠣᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠡᠷᠬᠢᠯᠡᠭᠴᠢ ᠶᠢᠨ ᠠᠵᠢᠯ ᠤᠨ | ᠬᠤᠷᠠᠯ ᠨᠢ ᠳᠠᠭᠠᠭᠠᠴᠢᠯᠠᠯᠲᠠ ᠰᠢᠯᠭᠠᠷᠠᠭᠤᠯᠤᠨ ᠲᠣᠭᠳᠠᠭᠠᠵᠤ ᠳᠤᠭᠤᠶᠢᠯᠠᠩ ᠤᠨ ︽ᠠᠩᠬ᠎ᠠ ᠠᠯᠬᠤᠮ ᠤᠨ ᠰᠠᠨᠠᠯ︾ ᠢ | ᠦᠨᠳᠣᠰᠣᠯᠡᠵᠣ ᠰᠡᠳᠦᠪ ᠤᠨ ᠳᠠᠭᠠᠭᠠᠴᠢᠯᠠᠯᠲᠠ ᠣᠯᠤᠭᠴᠢ ᠪᠠ ᠰᠡᠳᠣᠪ ᠤᠨ ᠵᠠᠷᠤᠳᠠᠯ ᠤᠨ ᠲᠤᠭ᠎ᠠ ᠬᠡᠮᠵᠢᠶ᠎ᠡ ᠶᠢ | ᠲᠣᠭᠳᠠᠭᠠᠨ᠎ᠠ᠃ ᠰᠡᠳᠦᠪ ᠤᠨ ᠳᠠᠭᠠᠭᠠᠴᠢᠯᠠᠯᠲᠠ ᠣᠯᠤᠭᠰᠠᠨ ᠦᠷ᠎ᠡ ᠳ᠋ᠦᠩ ᠢ ᠰᠣᠨᠢᠨ᠂ ᠫᠤᠷᠲ᠋ᠧᠯ ᠰᠦᠯᠵᠢᠶ᠎ᠠ ᠵᠡᠷᠭᠡ | ᠭᠤᠣᠯ ᠪᠣᠯᠬᠤ ᠵᠠᠭᠤᠴᠢᠯᠠᠭᠤᠷ ᠢᠶᠠᠷ ᠳᠡᠮᠵᠢᠭᠤᠯᠵᠣ ᠨᠡᠶᠢᠭᠡᠮ ᠳᠤ ᠵᠠᠷᠯᠠᠨ ᠨᠡᠶᠢᠲᠡᠯᠡᠵᠦ᠂ ᠵᠠᠷᠯᠠᠨ ᠨᠠᠶᠢᠳᠡᠯᠡᠭᠡᠣᠨ | ᠣᠨᠳᠣᠣ ᠰᠠᠨᠠᠯ ᠥᠭᠡᠢ ᠪᠣᠯᠣᠭᠰᠠᠨ ᠤ ᠳᠠᠷᠠᠭ᠎ᠠ ᠰᠡᠳᠦᠪ ᠤᠨ ᠳᠠᠭᠠᠭᠠᠴᠢᠯᠠᠯᠲᠠ ᠣᠯᠤᠭᠴᠢ ᠪᠠ ᠲᠡᠳᠡᠨ ᠤ ᠠᠵᠢᠯᠯᠠᠵᠤ | ᠪᠠᠶᠢᠭ᠎ᠠ ᠨᠢᠭᠡᠴᠨ ᠪᠤᠶᠤ ᠭᠤᠣᠯᠴᠢᠯᠠᠨ ᠬᠠᠮᠢᠶᠠᠷᠴᠣ ᠪᠠᠶᠢᠭ᠎ᠠ ᠰᠠᠯᠠᠭ᠎ᠠ ᠮᠥᠴᠢᠷ ᠲᠤ ᠳᠠᠭᠠᠭᠠᠴᠢᠯᠠᠯᠲᠠ ᠣᠯᠤᠭᠰᠠᠨ | ᠮᠡᠳᠡᠭᠳᠡᠯ ᠤᠨ ᠪᠢᠴᠢᠭ ᠶᠠᠪᠣᠭᠤᠯᠣᠨ᠎ᠠ᠃ ᠰᠡᠳᠦᠪ ᠤᠨ ᠳᠠᠭᠠᠭᠠᠴᠢᠯᠠᠯᠲᠠ ᠣᠯᠤᠭᠴᠢ ᠵᠢᠴᠢ ᠳᠠᠭᠠᠭᠠᠴᠢᠯᠠᠯᠲᠠ | ᠣᠯᠤᠭᠴᠢ ᠶᠢᠨ ᠪᠠᠶᠢᠭ᠎ᠠ ᠨᠢᠭᠡᠴᠨ ᠪᠤᠶᠤ ᠭᠤᠣᠯᠴᠢᠯᠠᠨ ᠬᠠᠮᠢᠶᠠᠷᠴᠣ ᠪᠠᠶᠢᠭ᠎ᠠ ᠰᠠᠯᠠᠭ᠎ᠠ ᠮᠥᠴᠢᠷ ᠨᠢ ᠳᠠᠭᠠᠭᠠᠴᠢᠯᠠᠯᠲᠠ | ᠣᠯᠤᠭᠰᠠᠨ ᠮᠡᠳᠡᠭᠳᠡᠯ ᠤᠨ ᠪᠢᠴᠢᠭ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ | ᠲᠠᠰᠤᠭ ᠯᠤᠭ᠎ᠠ ᠰᠡᠳᠦᠪ ᠤᠨ ᠭᠡᠷ᠎ᠡ ᠲᠣᠭᠲᠠᠨ᠎ᠠ᠃ ᠳᠠᠭᠠᠭᠠᠴᠢᠯᠠᠯᠲᠠ ᠰᠢᠯᠭᠠᠷᠠᠭᠤᠯᠤᠨ ᠲᠣᠭᠳᠠᠭᠠᠬᠤ ᠳᠤ | ᠣᠷᠣᠯᠴᠠᠭᠰᠠᠨ ᠲᠤᠰᠬᠠᠶ ᠮᠡᠷᠭᠡᠵᠢᠯᠲᠡᠨ ᠪᠠ ᠠᠵᠢᠯᠲᠠᠳ ᠶᠠᠮᠠᠷᠪᠠ ᠰᠢᠯᠳᠠᠭᠠᠨ ᠢᠶᠠᠷ ᠰᠡᠳᠦᠪ ᠭᠤᠶᠤᠴᠢᠯᠠᠭᠰᠠᠨ | ᠪᠢᠴᠢᠭ ᠤᠨ ᠠᠬᠤᠢ ᠪᠠᠶᠢᠳᠠᠯ ᠤᠨ ᠮᠠᠲ᠋ᠧᠷᠢᠶᠠᠯ ᠪᠠ ᠬᠠᠮᠢᠶ᠎ᠠ ᠪᠦᠬᠦᠢ ᠮᠡᠳᠡᠭᠡ ᠵᠠᠩᠭᠢ ᠶᠢ ᠭᠠᠳᠠᠭᠰᠢ ᠵᠠᠳᠠᠷᠠᠭᠤᠯᠵᠣ | ᠪᠣᠯᠬᠤ ᠦᠭᠡᠢ᠂ ᠵᠢᠩᠬᠢᠨᠢ ᠪᠠᠷ ᠨᠡᠶᠢᠲᠡᠯᠡᠬᠦ ᠠᠴᠠ ᠡᠮᠦᠨ᠎ᠡ ᠳᠠᠭᠠᠭᠠᠴᠢᠯᠠᠯᠲᠠ ᠰᠢᠯᠭᠠᠷᠠᠭᠤᠯᠤᠨ ᠲᠣᠭᠳᠠᠭᠠᠭᠰᠠᠨ ᠦᠷ᠎ᠡ | ᠳ᠋ᠦᠩ ᠢ ᠭᠠᠳᠠᠭᠰᠢ ᠵᠠᠳᠠᠷᠠᠭᠤᠯᠵᠤ ᠪᠣᠯᠬᠤ ᠦᠭᠡᠢ᠃ ᠳᠠᠭᠠᠭᠠᠴᠢᠯᠠᠯᠲᠠ ᠵᠠᠷᠯᠠᠬᠤ ᠠᠵᠢᠯ ᠨᠢ ᠨᠡᠶᠢᠭᠡᠮ ᠤᠨ ᠬᠢᠨᠠᠯᠲᠠ | ᠳᠠᠯᠪᠢᠯᠳᠠ ᠶᠢ ᠬᠦᠯᠢᠶᠡᠨ᠎ᠠ᠃ | ᠵᠢᠷᠭᠤᠳᠤᠭᠠᠷ ᠵᠦᠢᠯ ᠨᠠᠶᠢᠳᠠᠨ ᠰᠤᠳᠤᠯᠬᠤ ᠰᠡᠳᠦᠪ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠪᠠᠴᠢᠮ ᠰᠢᠢᠣᠡᠪᠣᠷᠢᠯᠡᠭᠦ ᠴᠢᠬᠤᠯᠠᠲᠠᠶ ᠴᠢᠬᠤᠯᠠ ᠶᠡᠭᠡ ᠠᠰᠠᠭᠤᠳᠠᠯ᠂ ᠥᠪᠡᠷᠲᠡᠭᠡᠨ | ᠵᠠᠰᠠᠬᠤ ᠣᠷᠣᠨ ᠤ ᠤᠳᠤᠷᠢᠳᠤᠯᠭ᠎ᠠ ᠶᠢᠨ ᠲᠤᠰᠢᠶᠠᠨ ᠭᠦᠢᠴᠡᠳᠬᠡᠯᠭᠡᠬᠦ ᠰᠤᠳᠤᠯᠭᠠᠨ ᠤ ᠡᠭᠦᠷᠭᠡ ᠵᠢᠴᠢ ᠢᠯᠡ ᠪᠠᠷ | ᠳᠠᠭᠠᠭᠠᠴᠢᠯᠠᠯᠲᠠ ᠵᠠᠷᠯᠠᠵᠣ ᠦᠯᠣ ᠪᠣᠯᠬᠤ ᠰᠡᠳᠦᠪ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠤᠳᠤᠯᠬᠤ ᠲᠠᠰᠤᠭ ᠤᠨ ᠡᠷᠬᠢᠯᠡᠭᠴᠢ ᠶᠢᠨ ᠠᠵᠢᠯ ᠤᠨ ᠬᠤᠷᠠᠯ ᠤᠨ ᠰᠣᠳᠣᠯᠣᠯᠳᠠ ᠪᠠᠷ ᠳᠡᠮᠵᠢᠵᠣ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠣᠡᠪᠣᠷᠳᠣ ᠪᠤᠳᠤᠯᠭ᠎ᠠ ᠶᠢᠨ ᠵᠥᠪᠯᠡᠯᠭᠡ ᠥᠭᠬᠦ | ᠰᠤᠳᠤᠯᠭᠠᠨ ᠤ ᠰᠡᠳᠦᠪ ᠤᠨ ᠲᠦᠷᠣᠯ ᠪᠣᠯᠬᠤ ᠪᠠᠷ ᠲᠣᠭᠳᠠᠵᠣ᠂ ᠵᠤᠬᠢᠬᠤ ᠰᠣᠳᠣᠯᠭᠠᠨ ᠤ ᠵᠠᠷᠤᠳᠠᠯ ᠤᠨ ᠲᠤᠭ᠎ᠠ | ᠬᠡᠮᠵᠢᠶ᠎ᠡ ᠶᠢ ᠲᠣᠭᠲᠠᠭᠠᠨ᠂ ᠰᠣᠳᠣᠯᠣᠯᠳᠠ ᠬᠢᠭᠦ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ ᠢᠲᠡᠭᠡᠯ ᠰᠠᠶᠢᠲᠠᠶ | ᠤᠶᠤᠨ ᠤ ᠬᠥᠮᠥᠷᠭᠡ᠂ ᠪᠠᠶᠢᠭᠤᠯᠭ᠎ᠠ᠂ ᠪᠦᠯᠬᠦᠮ ᠵᠡᠷᠭᠡ ᠳᠤ ᠨᠠᠶᠢᠳᠠᠵᠣ ᠰᠤᠳᠤᠯᠭᠠᠨ ᠬᠢᠯᠬᠡᠨ᠎ᠠ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠠᠵᠢᠯᠲᠠᠳ ᠨᠠᠶᠢᠳᠠᠨ ᠰᠤᠳᠤᠯᠬᠤ ᠰᠡᠳᠦᠪ ᠲᠤ | ᠣᠷᠣᠯᠴᠠᠵᠤ ᠪᠣᠯᠬᠤ ᠦᠭᠡᠢ᠃ | | ᠭᠤᠷᠪᠠᠳᠤᠭᠠᠷ ᠪᠦᠯᠦᠭ ᠰᠡᠳᠦᠪ ᠤᠨ ᠬᠠᠮᠢᠶᠠᠷᠤᠯᠲᠠ | | ᠳᠣᠯᠣᠳᠤᠭᠠᠷ ᠵᠦᠢᠯ ᠰᠡᠳᠦᠪ ᠡᠷᠬᠢᠯᠡᠭᠴᠢ ᠨᠢ ᠲᠤᠰ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠰᠡᠳᠦᠪ ᠤᠨ ᠬᠠᠮᠢᠶᠠᠷᠤᠯᠲᠠ ᠪᠠᠨ ᠴᠢᠩᠭᠠᠳᠬᠠᠵᠤ᠂ ᠰᠡᠳᠣᠪ ᠤᠨ ᠳᠤᠭᠤᠶᠢᠯᠠᠩ ᠤᠨ ᠪᠦᠷᠢᠯᠳᠣᠭᠦᠨ ᠢ | ᠵᠣᠬᠢᠶᠠᠨ ᠪᠠᠶᠢᠭᠤᠯᠵᠣ ᠲᠥᠯᠥᠪᠯᠡᠭᠡᠨ ᠤ ᠠᠬᠢᠴᠠ ᠪᠠ ᠶᠠᠰᠤ ᠴᠢᠨᠠᠷ ᠤᠨ ᠱᠠᠭᠠᠷᠳᠠᠯᠭ᠎ᠠ ᠪᠠᠷ ᠰᠤᠳᠤᠯᠬᠤ ᠡᠭᠦᠷᠭᠡ ᠪᠠᠨ | ᠪᠡᠶᠡᠯᠡᠭᠦᠯᠵᠦ᠂ ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠤᠨ ᠮᠡᠳᠡᠭᠦᠯᠦᠯᠲᠡ ᠵᠢᠴᠢ ᠲᠣᠪᠴᠢᠯᠠᠯ ᠢ | ᠪᠦᠷᠢᠯᠳᠣᠭᠦᠯᠦᠭᠰᠡᠨ ᠪᠠᠶᠢᠬᠤ ᠬᠡᠷᠩᠳᠠᠢ᠃ ᠢᠯᠡ ᠪᠠᠷ ᠳᠠᠭᠠᠭᠠᠴᠢᠯᠠᠯᠲᠠ ᠵᠠᠷᠯᠠᠭᠰᠠᠨ ᠰᠡᠳᠦᠪ ᠤᠨ ᠪᠡᠶᠡᠯᠡᠭᠦᠯᠬᠦ | ᠬᠤᠭᠤᠴᠠᠭ᠎ᠠ ᠬᠢᠵᠠᠭᠠᠷ ᠢ ᠡᠩ ᠤᠨ ᠪᠠᠶᠢᠳᠠᠯ ᠳᠤ 6 ᠰᠠᠷ᠎ᠠ ᠠᠴᠠ ᠬᠡᠲᠦᠷᠡᠭᠦᠯᠵᠣ ᠪᠣᠯᠬᠤ ᠦᠭᠡᠢ᠂ ᠡᠨᠡᠭᠦ | ᠬᠤᠭᠤᠴᠠᠭᠠᠨ ᠳᠤ᠂ ᠰᠡᠳᠦᠪ ᠤᠨ ᠳᠤᠭᠤᠶᠢᠯᠠᠩ ᠨᠢ ᠭᠡᠷ᠎ᠡ ᠶᠢᠨ ᠪᠣᠯᠵᠣᠯ ᠶᠣᠰᠣᠭᠠᠷ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠤᠳᠤᠯᠬᠤ ᠲᠠᠰᠤᠭ ᠲᠤ ᠲᠣᠭᠲᠠᠭᠰᠠᠨ ᠮᠠᠲ᠋ᠧᠷᠢᠶᠠᠯ ᠪᠣᠯᠤᠨ ᠦᠷ᠎ᠡ ᠪᠦᠲᠦᠭᠡᠯ ᠢᠶᠠᠨ | ᠲᠤᠰᠢᠶᠠᠬᠤ ᠬᠡᠷᠡᠭᠲᠡᠶ︔ ᠨᠠᠶᠢᠳᠠᠨ ᠰᠤᠳᠤᠯᠬᠤ ᠰᠡᠳᠦᠪ ᠢ ᠡᠩ ᠤᠨ ᠪᠠᠶᠢᠳᠠᠯ ᠳᠤ 4 ᠰᠠᠷ᠎ᠠ ᠶᠢᠨ ᠳᠣᠲᠣᠷ᠎ᠠ | ᠪᠡᠶᠡᠯᠡᠭᠦᠯᠬᠦ ᠬᠡᠷᠡᠭᠲᠡᠶ᠂ ᠪᠣᠳᠠᠲᠠᠶ ᠱᠠᠭᠠᠷᠳᠠᠯᠭ᠎ᠠ ᠶᠢ ᠰᠡᠳᠦᠪ ᠤᠨ ᠬᠡᠷᠩᠴᠡᠭᠡ ᠶᠣᠰᠣᠭᠠᠷ ᠬᠤᠶᠠᠷ ᠲᠠᠯ᠎ᠠ ᠪᠠᠷ ᠢᠶᠠᠨ | ᠵᠥᠪᠳᠡᠯᠴᠡᠨ ᠲᠣᠭᠲᠠᠬᠤ ᠶᠢᠨ ᠬᠠᠮᠳᠣ᠂ ᠨᠠᠶᠢᠳᠠᠨ ᠰᠤᠳᠤᠯᠬᠤ ᠰᠡᠳᠦᠪ ᠤᠨ ᠭᠡᠷ᠎ᠡ ᠶᠢᠨ ᠪᠢᠴᠢᠭ ᠲᠤ | ᠲᠣᠳᠣᠷᠬᠠᠶᠢᠯᠠᠬᠤ ᠬᠡᠷᠡᠭᠲᠡᠶ᠃ | ᠨᠠᠢᠮᠠᠳᠣᠭᠠᠷ ᠵᠦᠢᠯ ᠡᠯ᠎ᠡ ᠰᠡᠳᠣᠪ ᠤᠨ ᠳᠤᠭᠤᠶᠢᠯᠠᠩ ᠤᠨ ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ | ᠣᠯᠵᠣ ᠮᠡᠳᠡᠭᠰᠡᠨ ᠠᠰᠠᠭᠤᠳᠠᠯ ᠪᠠ ᠪᠠᠶᠢᠳᠠᠯ ᠵᠢᠴᠢ ᠰᠠᠨᠠᠯ᠂ ᠰᠠᠨᠠᠭᠤᠯᠭ᠎ᠠ ᠵᠡᠷᠭᠡ ᠪᠠᠨ ᠴᠠᠭ ᠲᠤᠬᠠᠶ ᠳᠤᠨᠢ ᠮᠡᠳᠡᠭᠡ | ᠵᠠᠩᠭᠢ ᠶᠢᠨ ᠲᠦᠷᠦᠯ ᠤᠨ ᠪᠢᠴᠢᠭ ᠨᠣᠣᠷᠠᠭ ᠪᠣᠯᠭᠠᠵᠣ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠤᠳᠤᠯᠬᠤ ᠲᠠᠰᠤᠭ ᠲᠤ ᠮᠡᠳᠡᠭᠦᠯᠵᠣ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ | ᠲᠠᠰᠤᠭ ᠠᠴᠠ ᠬᠢᠨᠠᠨ ᠬᠠᠷᠭᠤᠭᠤᠯᠣᠭᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠳᠤ ᠮᠡᠳᠡᠭᠦᠯᠭᠦ ᠶᠢ ᠵᠣᠷᠢᠬᠵᠢᠭᠤᠯᠣᠨ᠎ᠠ᠃ | ᠶᠢᠰᠦᠳᠦᠭᠡᠷ ᠵᠦᠢᠯ ᠰᠡᠳᠦᠪ ᠡᠷᠬᠢᠯᠡᠭᠴᠢ ᠶᠢᠨ ᠠᠵᠢᠯᠯᠠᠵᠣ ᠪᠠᠶᠢᠭ᠎ᠠ ᠨᠢᠭᠡᠴᠡ ᠪᠤᠶᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠰᠡᠳᠣᠪ ᠬᠠᠮᠢᠶᠠᠷᠬᠤ ᠨᠢᠭᠡᠴᠨ ᠪᠣᠯᠤᠭᠰᠠᠨ ᠤ ᠬᠤᠪᠢ ᠳᠤ᠂ ᠰᠡᠳᠦᠪ | ᠰᠣᠳᠣᠯᠬᠤ ᠶᠢᠨ ᠬᠠᠮᠢᠶᠠᠷᠤᠯᠲᠠ ᠪᠣᠯᠤᠨ ᠦᠢᠯᠡᠴᠢᠯᠡᠭᠡᠨ ᠢᠶᠠᠨ ᠴᠢᠩᠭᠠᠳᠬᠠᠵᠣ᠂ ᠰᠡᠳᠣᠪ ᠰᠣᠳᠣᠯᠬᠤ ᠡᠭᠦᠷᠭᠡ ᠪᠠᠨ | ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠡᠭᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠤᠳᠤᠯᠬᠤ ᠲᠠᠰᠤᠭ ᠨᠢ ᠰᠡᠳᠦᠪ ᠰᠤᠳᠤᠯᠬᠤ ᠶᠢᠨ ᠠᠬᠢᠴᠠ᠂ ᠶᠠᠰᠤ ᠴᠢᠨᠠᠷ ᠢ ᠮᠥᠷᠳᠡᠨ ᠬᠠᠮᠢᠶᠠᠷᠬᠤ ᠪᠠ | ᠵᠢᠯᠣᠭᠤᠳᠣᠨ ᠵᠣᠬᠢᠴᠠᠭᠤᠯᠬᠤ ᠬᠡᠷᠡᠭᠲᠡᠶ᠃ | ᠠᠷᠪᠠᠳᠤᠭᠠᠷ ᠵᠦᠢᠯ ᠰᠡᠳᠦᠪ ᠰᠤᠳᠤᠯᠬᠤ ᠶᠠᠪᠤᠴᠠ ᠳᠤ ᠣᠨᠴᠣᠭᠤᠢ ᠰᠢᠯᠲᠠᠭᠠᠨ ᠠᠴᠠ ᠪᠤᠯᠵᠤ ᠰᠡᠳᠦᠪ | ᠡᠷᠬᠢᠯᠡᠭᠴᠢ᠂ ᠰᠡᠳᠦᠪ ᠬᠠᠮᠢᠶᠠᠷᠬᠤ ᠨᠢᠭᠡᠴᠨ ᠶᠢ ᠬᠤᠪᠢᠷᠠᠭᠤᠯᠬᠤ ᠪᠤᠶᠤ ᠰᠤᠳᠤᠯᠬᠤ ᠶᠢ ᠨᠢ ᠵᠣᠭᠰᠣᠭᠠᠬᠤ ᠴᠢᠬᠤᠯᠠᠳᠠᠢ | ᠵᠡᠷᠭᠡ ᠪᠠᠶᠢᠳᠠᠯ ᠢᠯᠡᠷᠡᠭᠰᠡᠨ ᠪᠠᠶᠢᠪᠡᠯ᠂ ᠰᠡᠳᠦᠪ ᠡᠷᠬᠢᠯᠡᠭᠴᠢ ᠨᠢ ᠪᠢᠴᠢᠭ ᠢᠶᠠᠷ ᠭᠤᠶᠤᠴᠢᠯᠠᠯ ᠳᠡᠪᠰᠢᠭᠦᠯᠣᠨ᠂ ᠰᠡᠳᠦᠪ | ᠬᠠᠮᠢᠶᠠᠷᠬᠤ ᠨᠢᠭᠡᠴᠡ ᠪᠠᠷ ᠨᠤᠳᠠᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ | ᠲᠠᠰᠤᠭ ᠤᠨ ᠡᠷᠬᠢᠯᠡᠭᠴᠢ ᠶᠢᠨ ᠠᠵᠢᠯ ᠤᠨ ᠬᠤᠷᠠᠯ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠤᠪᠢᠷᠠᠭᠤᠯᠬᠤ ᠪᠠ | ᠲᠣᠬᠢᠷᠠᠭᠤᠯᠣᠯᠳᠠ ᠬᠢᠵᠣ ᠪᠣᠯᠣᠨ᠎ᠠ᠃ | | ᠳᠥᠷᠪᠡᠳᠦᠭᠡᠷ ᠪᠦᠯᠦᠭ ᠰᠡᠳᠣᠪ ᠢᠶᠠᠨ ᠰᠡᠳᠦᠪᠯᠡᠭᠦ᠂ ᠬᠢᠨᠠᠨ ᠲᠣᠭᠳᠠᠭᠠᠬᠤ ᠪᠠ ᠲᠦᠷᠣᠯ ᠵᠦᠢᠯ ᠢ | ᠳᠠᠭᠤᠰᠬᠠᠬᠤ | | | ᠠᠷᠪᠠᠨ ᠨᠢᠭᠡᠳᠦᠭᠡᠷ ᠵᠦᠢᠯ ᠰᠡᠳᠣᠪ ᠢᠶᠠᠨ ᠰᠡᠳᠦᠪᠯᠡᠭᠦ ᠪᠠᠷ ᠨᠣᠮ ᠬᠠᠶᠠᠯᠴᠠᠬᠤ᠃ ᠡᠯ᠎ᠡ ᠰᠡᠳᠦᠪ ᠤᠨ | ᠳᠤᠭᠤᠶᠢᠯᠠᠩ ᠨᠢ ᠰᠡᠳᠦᠪ ᠰᠤᠳᠤᠯᠬᠤ ᠭᠡᠷ᠎ᠡ ᠳᠤ ᠵᠢᠩᠬᠢᠨᠢ ᠪᠠᠷ ᠭᠠᠷ ᠤᠨ ᠦᠰᠦᠭ ᠵᠢᠷᠣᠵᠣ ᠲᠣᠭᠲᠠᠭᠰᠠᠨ 1 | ᠰᠠᠷ᠎ᠠ ᠶᠢᠨ ᠳᠣᠲᠣᠷ᠎ᠠ ᠠᠩᠬ᠎ᠠ ᠠᠯᠬᠤᠮ ᠤᠨ ᠰᠤᠳᠤᠯᠤᠯᠳᠠ ᠬᠢᠵᠣ᠂ ᠰᠡᠳᠦᠪ ᠤᠨ ︽ᠰᠡᠳᠦᠪᠯᠡᠬᠦ ᠮᠡᠳᠡᠭᠦᠯᠦᠯᠲᠡ︾ | ᠪᠠᠨ ᠪᠡᠶᠡᠯᠡᠭᠦᠯᠭᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ | ᠵᠣᠬᠢᠶᠠᠨ ᠪᠠᠶᠢᠭᠤᠯᠤᠭᠰᠠᠨ ᠰᠡᠳᠣᠪ ᠢᠶᠠᠨ ᠰᠡᠳᠦᠪᠯᠡᠨ ᠨᠣᠮ ᠬᠠᠶᠠᠯᠴᠠᠬᠤ ᠶᠢ ᠭᠦᠯᠢᠶᠡᠨ᠎ᠠ᠃ ᠰᠡᠳᠣᠪ ᠢᠶᠠᠨ | ᠰᠡᠳᠦᠪᠯᠡᠨ ᠨᠣᠮ ᠬᠠᠶᠠᠯᠴᠠᠭᠰᠠᠨ ᠦᠷ᠎ᠡ ᠳ᠋ᠦᠩ ᠢ ᠪᠠᠳᠤᠯᠠᠬᠰᠠᠨ᠂ ᠦᠯᠣ ᠪᠠᠳᠤᠯᠠᠬᠰᠠᠨ ᠭᠡᠵᠦ ᠬᠤᠶᠠᠷ ᠲᠦᠷᠣᠯ ᠳᠤ | ᠬᠤᠪᠢᠶᠠᠨ᠎ᠠ᠃ ᠰᠡᠳᠣᠪ ᠢᠶᠠᠨ ᠰᠡᠳᠦᠪᠯᠡᠨ ᠨᠣᠮ ᠬᠠᠶᠠᠯᠴᠠᠭᠠᠣᠨ ᠪᠠᠳᠤᠯᠠᠬᠳᠠᠬᠰᠠᠨ ᠦᠭᠡᠢ ᠰᠡᠳᠦᠪ ᠤᠨ | ᠳᠤᠭᠤᠶᠢᠯᠠᠩ ᠨᠢ ︽ᠰᠡᠳᠦᠪᠯᠡᠬᠦ ᠮᠡᠳᠡᠭᠦᠯᠦᠯᠲᠡ︾ ᠳᠡᠭᠡᠨ ᠵᠠᠰᠠᠪᠣᠷᠢ ᠣᠷᠣᠭᠤᠯᠣᠭᠰᠠᠨ ᠤ ᠳᠠᠷᠠᠭ᠎ᠠ ᠳᠠᠬᠢᠨ ᠨᠣᠮ | ᠬᠠᠶᠠᠯᠴᠠᠵᠣ ᠪᠠᠳᠤᠯᠠᠭᠤᠯᠤᠨ᠎ᠠ᠃ | ᠠᠷᠪᠠᠨ ᠬᠤᠶᠠᠳᠤᠭᠠᠷ ᠵᠦᠢᠯ ᠳᠤᠮᠳᠠ ᠬᠤᠭᠤᠴᠠᠭᠠᠨ ᠤ ᠬᠢᠨᠠᠨ ᠲᠣᠭᠳᠠᠭᠠᠯᠳᠠ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ | ᠰᠡᠳᠦᠪ ᠤᠨ ᠳᠤᠮᠳᠠ ᠬᠤᠭᠤᠴᠠᠭᠠᠨ ᠤ ᠬᠢᠨᠠᠨ ᠲᠣᠭᠳᠠᠭᠠᠯᠳᠠ ᠬᠢᠵᠣ᠂ ᠰᠡᠳᠦᠪ ᠢᠶᠠᠨ ᠪᠡᠶᠡᠯᠡᠭᠦᠯᠦᠭᠰᠡᠨ ᠪᠠᠶᠢᠳᠠᠯ ᠳᠤ | ᠶᠡᠷᠦᠩᠬᠡᠶᠢᠯᠡᠭᠰᠡᠨ ᠦᠨᠡᠯᠡᠯᠳᠠ ᠬᠢᠵᠣ᠂ ᠳᠤᠮᠳᠠ ᠬᠤᠭᠤᠴᠠᠭᠠᠨ ᠤ ᠬᠢᠨᠠᠨ ᠲᠣᠭᠳᠠᠭᠠᠭᠰᠠᠨ ᠳ᠋ᠦᠩᠨᠡᠯᠲᠡ ᠪᠠ | ᠰᠠᠨᠠᠯ ᠤᠨ ᠪᠢᠴᠢᠭ ᠢ ᠪᠦᠷᠢᠯᠳᠣᠭᠦᠯᠣᠨ᠂ ᠰᠡᠳᠦᠪ ᠲᠤ ᠶᠠᠮᠠᠷ ᠰᠢᠨ᠎ᠡ ᠡᠭᠦᠳᠣᠯᠳᠠ ᠲᠠᠢ᠂ ᠣᠷᠣᠰᠢᠵᠤ ᠪᠠᠶᠢᠭ᠎ᠠ | ᠬᠦᠷᠦᠯᠴᠡᠬᠦ ᠦᠭᠡᠢ ᠳᠠᠯ᠎ᠠ ᠪᠠ ᠵᠠᠰᠠᠪᠤᠷᠢ ᠣᠷᠣᠭᠤᠯᠬᠤ ᠰᠠᠨᠠᠯ ᠢ ᠲᠣᠷᠠᠳᠣᠨ ᠭᠠᠷᠭᠠᠵᠣ᠂ ᠳᠤᠮᠳᠠ ᠬᠤᠭᠤᠴᠠᠭᠠᠨ ᠤ | ᠬᠢᠨᠠᠨ ᠲᠣᠭᠳᠠᠭᠠᠯᠳᠠ ᠶᠢᠨ ᠪᠠᠳᠤᠯᠠᠬᠳᠠᠬᠤ ᠡᠰᠡᠬᠦ ᠶᠢ ᠲᠣᠳᠣᠷᠬᠠᠶᠢᠯᠠᠨ᠎ᠠ᠃ ᠳᠤᠮᠳᠠ ᠬᠤᠭᠤᠴᠠᠭᠠᠨ ᠤ ᠬᠢᠨᠠᠨ | ᠲᠣᠭᠳᠠᠭᠠᠭᠰᠠᠨ ᠰᠠᠨᠠᠯ ᠤᠨ ᠪᠢᠴᠢᠭ ᠲᠤ ᠬᠢᠨᠠᠨ ᠲᠣᠭᠳᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ | ᠳᠠᠷᠤᠭ᠎ᠠ ᠠᠴᠠ ᠭᠠᠷ ᠤᠨ ᠦᠰᠦᠭ ᠵᠢᠷᠤᠵᠤ᠂ ᠬᠢᠨᠠᠨ ᠲᠤᠬᠳᠠᠭᠠᠬᠤ ᠠᠵᠢᠯ ᠢ ᠰᠡᠳᠦᠪ ᠤᠨ ᠭᠡᠷ᠎ᠡ ᠳᠤ | ᠲᠣᠭᠲᠠᠭᠠᠭᠰᠠᠨ ᠰᠡᠳᠣᠪ ᠳᠠᠭᠤᠰᠬᠠᠬᠤ ᠴᠠᠭ ᠠᠴᠠ ᠡᠮᠦᠨ᠎ᠠ ᠨᠢᠭᠡ ᠰᠠᠷ᠎ᠠ ᠳᠤ ᠪᠡᠶᠡᠯᠡᠭᠦᠯᠬᠦ ᠬᠡᠷᠡᠭᠲᠡᠶ᠃ ᠳᠤᠮᠳᠠ | ᠬᠤᠭᠤᠴᠠᠭᠠᠨ ᠤ ᠬᠢᠨᠠᠨ ᠲᠣᠭᠳᠠᠭᠠᠭᠰᠠᠨ ᠦᠷ᠎ᠡ ᠳ᠋ᠦᠩ ᠢ ᠪᠠᠳᠤᠯᠠᠬᠰᠠᠨ᠂ ᠬᠢᠷᠢ ᠲᠡᠩᠴᠡᠭᠰᠡᠨ ᠦᠭᠡᠢ ᠭᠡᠵᠦ ᠬᠤᠶᠠᠷ | ᠲᠦᠷᠣᠯ ᠳᠤ ᠬᠤᠪᠢᠶᠠᠨ᠎ᠠ᠃ ᠳᠤᠮᠳᠠ ᠬᠤᠭᠤᠴᠠᠭᠠᠨ ᠤ ᠬᠢᠨᠠᠨ ᠲᠣᠭᠳᠠᠭᠠᠬᠤ ᠵᠠᠷᠤᠳᠠᠯ ᠢ ᠰᠡᠳᠦᠪ ᠤᠨ | ᠵᠠᠷᠤᠳᠠᠯ ᠠᠴᠠ ᠭᠠᠷᠭᠠᠨ᠎ᠠ᠃ | ᠠᠷᠪᠠᠨ ᠭᠤᠷᠪᠠᠳᠤᠭᠠᠷ ᠵᠦᠢᠯ ᠡᠴᠦᠰ ᠤᠨ ᠬᠢᠨᠠᠨ ᠲᠣᠭᠳᠠᠭᠠᠯᠳᠠ᠃ ᠰᠡᠳᠣᠪ ᠤᠨ ᠳᠤᠭᠤᠶᠢᠯᠠᠩ ᠨᠢ | ᠰᠡᠳᠦᠪ ᠤᠨ ᠭᠡᠷ᠎ᠡ ᠳᠤ ᠲᠣᠭᠲᠠᠭᠠᠭᠰᠠᠨ ᠰᠤᠳᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠣᠭ᠍ᠰᠡᠨ ᠤ ᠲᠠᠷᠠᠭ᠎ᠠ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠲᠤ ᠰᠡᠳᠦᠪ ᠢ ᠬᠢᠨᠠᠨ | ᠲᠣᠭᠳᠠᠭᠠᠯᠭᠠᠬᠤ ᠭᠤᠶᠤᠴᠢᠯᠠᠯ ᠭᠠᠷᠭᠠᠨ᠎ᠠ ︵ᠰᠡᠳᠦᠪ ᠤᠨ ᠦᠷ᠎ᠡ ᠪᠦᠲᠦᠭᠡᠯ ᠤᠨ ᠤᠭ ᠮᠠᠲ᠋ᠧᠷᠢᠶᠠᠯ ᠢ | ᠳᠠᠭᠠᠯᠳᠤᠭᠤᠯᠣᠨᠠ︶᠃ ᠰᠡᠳᠦᠪ ᠢ ᠬᠢᠨᠠᠨ ᠲᠣᠭᠳᠠᠭᠠᠯᠭᠠᠬᠤ ᠭᠤᠶᠤᠴᠢᠯᠠᠯ ᠭᠠᠷᠭᠠᠬᠤ ᠴᠠᠭ ᠨᠢ ᠰᠡᠳᠦᠪ ᠤᠨ | ᠭᠡᠷ᠎ᠡ ᠳᠤ ᠲᠣᠭᠲᠠᠭᠠᠭᠰᠠᠨ ᠰᠡᠳᠦᠪ ᠢ ᠪᠡᠶᠡᠯᠡᠭᠦᠯᠭᠦ ᠴᠠᠭ ᠠᠴᠠ ᠬᠤᠵᠢᠭᠳᠠᠭᠤᠯᠵᠣ ᠪᠣᠯᠬᠤ ᠤᠢᠭᠡᠢ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠬᠢᠨᠠᠨ ᠲᠣᠭᠳᠠᠭᠠᠯᠭᠠᠬᠤ ᠪᠠᠷ | ᠭᠤᠶᠤᠴᠢᠯᠠᠭᠰᠠᠨ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢᠨ ᠬᠠᠮᠳᠣ 10 ᠠᠵᠢᠯᠯᠠᠬᠤ ᠡᠳᠦᠷ ᠤᠨ ᠳᠣᠲᠣᠷ᠎ᠠ | ᠬᠠᠷᠢᠭᠤᠯᠲᠠ ᠦᠭᠭᠦᠨ᠎ᠠ᠃ ᠬᠢᠨᠠᠨ ᠲᠣᠭᠳᠠᠭᠠᠯᠭᠠᠬᠤ ᠨᠥᠬᠦᠴᠡᠯ ᠳᠤ ᠨᠡᠶᠢᠴᠡᠬᠦ ᠥᠭᠡᠢ ᠪᠠᠶᠢᠪᠠᠯ᠂ ᠤᠴᠢᠷ | ᠰᠢᠯᠲᠠᠭᠠᠨ ᠢ ᠨᠢ ᠲᠣᠳᠣᠷᠬᠠᠶᠢᠯᠠᠨ᠎ᠠ︔ ᠬᠢᠨᠠᠨ ᠲᠣᠭᠳᠠᠭᠠᠯᠭᠠᠬᠤ ᠨᠥᠬᠦᠴᠡᠯ ᠳᠤ ᠨᠡᠶᠢᠴᠡᠬᠦ ᠶᠢ ᠨᠢ᠂ ᠰᠡᠳᠦᠪ ᠤᠨ | ᠬᠠᠮᠢᠶ᠎ᠠ ᠪᠥᠬᠦᠢ ᠬᠦᠷᠢᠶ᠎ᠠ ᠴᠠᠷᠠᠭ᠎ᠠ ᠶᠢᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠣᠨ ᠰᠡᠳᠦᠪ ᠬᠢᠨᠠᠨ | ᠲᠣᠭᠳᠠᠭᠠᠯᠭᠠᠬᠤ ᠳᠤᠭᠤᠶᠢᠯᠠᠩ ᠭᠠᠷᠭᠠᠨ ᠬᠢᠨᠠᠨ ᠲᠣᠭᠳᠠᠭᠠᠵᠣ᠂ ᠬᠢᠨᠠᠨ ᠲᠣᠭᠳᠠᠭᠠᠭᠰᠠᠨ ᠳ᠋ᠦᠩᠨᠡᠯᠳᠠ ᠪᠠ | ᠡᠴᠦᠰ ᠤᠨ ᠬᠢᠨᠠᠨ ᠲᠣᠭᠳᠠᠭᠠᠭᠰᠠᠨ ᠰᠠᠨᠠᠯ ᠢ ᠪᠤᠢ ᠪᠣᠯᠭᠠᠨ᠎ᠠ᠃ ᠡᠴᠦᠰ ᠤᠨ ᠬᠢᠨᠠᠨ ᠲᠣᠭᠳᠠᠭᠠᠭᠰᠠᠨ ᠦᠷ᠎ᠡ | ᠳ᠋ᠦᠩ ᠢ ᠪᠠᠳᠤᠯᠠᠬᠰᠠᠨ᠂ ᠳᠠᠬᠢᠨ ᠬᠢᠨᠠᠨ ᠲᠣᠭᠳᠠᠭᠠᠬᠤ᠂ ᠬᠢᠷᠢ ᠲᠡᠩᠴᠡᠬᠦ ᠤᠢᠭᠡᠢ ᠭᠡᠵᠣ ᠭᠤᠷᠪᠠᠨ ᠲᠦᠷᠣᠯ ᠳᠤ | ᠬᠤᠪᠢᠶᠠᠨ᠎ᠠ᠃ ᠡᠴᠦᠰ ᠤᠨ ᠬᠢᠨᠠᠨ ᠲᠣᠭᠳᠠᠭᠠᠬᠤ ᠵᠠᠷᠤᠳᠠᠯ ᠢ ᠰᠡᠳᠦᠪ ᠤᠨ ᠵᠠᠷᠤᠳᠠᠯ ᠠᠴᠠ ᠭᠠᠷᠭᠠᠨ᠎ᠠ᠃ | ᠠᠷᠪᠠᠨ ᠳᠥᠷᠪᠡᠳᠦᠭᠡᠷ ᠵᠦᠢᠯ ᠳᠠᠬᠢᠨ ᠬᠢᠨᠠᠨ ᠲᠣᠭᠳᠠᠭᠠᠬᠤ᠃ ᠡᠴᠦᠰ ᠤᠨ ᠬᠢᠨᠠᠨ ᠲᠣᠭᠳᠠᠭᠠᠭᠰᠠᠨ | ᠦᠷ᠎ᠡ ᠳ᠋ᠦᠩ ᠳᠤ ︽ᠳᠠᠬᠢᠨ ᠬᠢᠨᠠᠨ ᠲᠣᠭᠳᠠᠭᠠᠬᠤ︾ ᠪᠠᠷ ᠲᠤᠬᠳᠠᠭᠠᠭᠰᠠᠨ ᠰᠡᠳᠦᠪ ᠪᠤᠯ ᠰᠡᠳᠣᠪ ᠤᠨ | ᠳᠤᠭᠤᠶᠢᠯᠠᠩ ᠨᠢ ᠡᠴᠦᠰ ᠤᠨ ᠬᠢᠨᠠᠨ ᠲᠣᠭᠳᠠᠭᠠᠭᠰᠠᠨ ᠡᠳᠦᠷ ᠠᠴᠠ ᠡᠬᠢᠯᠡᠵᠦ 1 ᠰᠠᠷ᠎ᠠ ᠶᠢᠨ ᠳᠣᠲᠣᠷ᠎ᠠ | ᠰᠤᠳᠤᠯᠭᠠᠨ ᠤ ᠦᠷ᠎ᠡ ᠪᠦᠲᠦᠭᠡᠯ ᠳᠤ ᠵᠠᠰᠠᠪᠤᠷᠢ ᠣᠷᠣᠭᠤᠯᠤᠨ ᠲᠡᠭᠦᠯᠲᠡᠵᠢᠭᠦᠯᠭᠦ ᠶᠢᠨ ᠬᠠᠮᠳᠣ᠂ ᠵᠠᠰᠠᠪᠤᠷᠢ | ᠣᠷᠣᠭᠤᠯᠤᠭᠰᠠᠨ ᠦᠷ᠎ᠡ ᠪᠦᠲᠦᠭᠡᠯ ᠢᠶᠠᠨ ᠳᠠᠬᠢᠨᠲᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠤᠳᠤᠯᠬᠤ ᠲᠠᠰᠤᠭ ᠲᠤ ᠳᠡᠪᠰᠢᠭᠦᠯᠵᠣ ᠳᠠᠬᠢᠨ ᠬᠢᠨᠠᠨ ᠲᠣᠭᠳᠠᠭᠠᠯᠭᠠᠨᠠ᠃ ᠳᠠᠬᠢᠨ ᠬᠢᠨᠠᠨ ᠲᠣᠭᠳᠠᠭᠠᠭᠰᠠᠨ ᠦᠷ᠎ᠡ | ᠳ᠋ᠦᠩ ᠢ ᠪᠠᠳᠤᠯᠠᠬᠰᠠᠨ᠂ ᠬᠢᠷᠢ ᠲᠡᠩᠴᠡᠭᠰᠡᠨ ᠦᠭᠡᠢ ᠭᠡᠵᠦ ᠬᠤᠶᠠᠷ ᠲᠦᠷᠣᠯ ᠳᠤ ᠬᠤᠪᠢᠶᠠᠨ᠎ᠠ᠃ ᠳᠠᠬᠢᠨ ᠬᠢᠨᠠᠨ | ᠲᠤᠬᠳᠠᠭᠠᠬᠤ ᠵᠠᠷᠤᠳᠠᠯ ᠢ ᠰᠡᠳᠦᠪ ᠤᠨ ᠵᠠᠷᠤᠳᠠᠯ ᠠᠴᠠ ᠭᠠᠷᠭᠠᠨ᠎ᠠ᠃ | ᠠᠷᠪᠠᠨ ᠲᠠᠪᠤᠳᠤᠭᠠᠷ ᠵᠦᠢᠯ ᠬᠤᠭᠤᠴᠠᠭ᠎ᠠ ᠣᠷᠳᠣᠣᠠᠬᠠᠬᠤ᠃ ᠣᠨᠴᠣᠭᠤᠢ ᠰᠢᠯᠲᠠᠭᠠᠨ ᠠᠴᠠ ᠪᠤᠯᠵᠤ | ᠡᠯ᠎ᠡ ᠱᠠᠳᠣ ᠦᠶ᠎ᠡ ᠶᠢᠨ ᠬᠢᠨᠠᠨ ᠲᠣᠭᠳᠠᠭᠠᠯᠳᠠ ᠶᠢ ᠴᠠᠭ ᠲᠤᠬᠠᠶ ᠳᠤᠨᠢ ᠬᠢᠵᠦ ᠲᠡᠶᠢᠯᠭᠦ ᠦᠭᠡᠢ ᠰᠡᠳᠦᠪ ᠢ ᠰᠡᠳᠦᠪ | ᠡᠷᠬᠢᠯᠡᠭᠴᠢ ᠶᠢᠨ ᠪᠠᠶᠢᠭ᠎ᠠ ᠨᠢᠭᠡᠴᠨ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠷᠢᠳᠴᠢᠯᠠᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠲᠤ ᠬᠤᠭᠤᠴᠠᠭ᠎ᠠ ᠪᠠᠨ | ᠣᠷᠳᠣᠣᠠᠬᠠᠬᠤ ᠪᠠᠷ ᠪᠢᠴᠢᠭ ᠢᠶᠠᠷ ᠭᠤᠶᠤᠴᠢᠯᠠᠯ ᠭᠠᠷᠭᠠᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠤᠳᠤᠯᠬᠤ ᠲᠠᠰᠤᠭ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠬᠤ ᠬᠡᠮᠵᠢᠶ᠎ᠠ ᠪᠠᠷ | ᠬᠤᠭᠤᠴᠠᠭ᠎ᠠ ᠶᠢ ᠨᠢ ᠤᠷᠲᠤᠳᠬᠠᠵᠤ ᠪᠣᠯᠤᠨ᠎ᠠ᠂ ᠬᠤᠭᠤᠴᠠᠭ᠎ᠠ ᠤᠷᠲᠤᠳᠬᠠᠬᠤ ᠶᠢ 2 ᠤᠳᠠᠭ᠎ᠠ ᠠᠴᠠ ᠬᠡᠳᠣᠷᠡᠬᠦᠯᠵᠣ | ᠪᠣᠯᠬᠤ ᠦᠭᠡᠢ᠂ ᠤᠳᠠᠭ᠎ᠠ ᠪᠦᠷᠢ ᠶᠢᠨ ᠣᠷᠳᠣᠠᠬᠠᠬᠤ ᠬᠤᠭᠤᠴᠠᠭ᠎ᠠ ᠨᠢ 1 ᠰᠠᠷ᠎ᠠ ᠠᠴᠠ ᠬᠡᠲᠦᠷᠡᠵᠦ ᠪᠣᠯᠬᠤ ᠦᠭᠡᠢ᠃ | ᠠᠷᠪᠠᠨ ᠵᠢᠷᠭᠤᠳᠤᠭᠠᠷ ᠵᠦᠢᠯ ᠲᠦᠷᠣᠯ ᠵᠦᠢᠯ ᠢ ᠳᠠᠭᠤᠰᠬᠠᠬᠤ᠃ ᠰᠡᠳᠦᠪ ᠨᠢ ᠡᠴᠦᠰ ᠤᠨ ᠬᠢᠨᠠᠨ | ᠲᠣᠭᠳᠠᠭᠠᠬᠤ ᠪᠤᠶᠤ ᠳᠠᠬᠢᠨ ᠬᠢᠨᠠᠨ ᠲᠣᠭᠳᠠᠭᠠᠯᠳᠠ ᠪᠠᠷ ᠳᠠᠮᠵᠢᠭᠠᠣᠨ ᠪᠠᠳᠤᠯᠠᠬᠳᠠᠵᠦ᠂ ᠦᠷ᠎ᠡ ᠪᠦᠲᠦᠭᠡᠯ ᠨᠢ | ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠪᠠᠶᠢᠪᠠᠯ ᠲᠦᠷᠣᠯ ᠵᠦᠢᠯ ᠢ ᠨᠢ ᠳᠠᠭᠤᠰᠬᠠᠨ᠎ᠠ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠲᠦᠷᠣᠯ ᠵᠦᠢᠯ ᠳᠠᠭᠤᠰᠬᠠᠭᠰᠠᠨ ᠬᠡᠷᠡᠴᠢ ᠭᠠᠷᠭᠠᠨ | ᠦᠭᠴᠣ ᠪᠣᠯᠤᠨ᠎ᠠ᠃ | ᠠᠷᠪᠠᠨ ᠳᠣᠯᠣᠳᠤᠭᠠᠷ ᠵᠦᠢᠯ ᠲᠦᠷᠣᠯ ᠵᠦᠢᠯ ᠢ ᠬᠦᠴᠦᠨ ᠦᠭᠡᠢ ᠪᠣᠯᠭᠠᠬᠤ᠃ ᠰᠡᠳᠦᠪ ᠤᠨ ᠳᠤᠮᠳᠠ | ᠬᠤᠭᠤᠴᠠᠭᠠᠨ ᠤ ᠬᠢᠨᠠᠨ ᠲᠣᠭᠳᠠᠭᠠᠯᠳᠠ᠂ ᠡᠴᠦᠰ ᠤᠨ ᠬᠢᠨᠠᠨ ᠲᠣᠭᠳᠠᠭᠠᠯᠳᠠ ᠪᠤᠶᠤ ᠳᠠᠬᠢᠨ ᠬᠢᠨᠠᠨ | ᠲᠣᠭᠳᠠᠭᠠᠯᠳᠠ ᠳᠤ ᠬᠢᠷᠢ ᠲᠡᠩᠴᠡᠭᠰᠡᠨ ᠦᠭᠡᠶ ᠪᠤᠶᠤ ᠪᠤᠰᠤᠳ ᠬᠥᠮᠦᠨ ᠤ ᠰᠤᠳᠤᠯᠭᠠᠨ ᠤ ᠦᠷ᠎ᠡ ᠪᠦᠲᠦᠭᠡᠯ ᠢ | ᠬᠤᠯᠠᠭᠠᠶᠢᠯᠠᠭᠰᠠᠨ ᠢ ᠣᠯᠵᠣ ᠮᠡᠳᠡᠭᠰᠡᠨ ᠪᠦᠭᠡᠣᠨ ᠲᠡᠬᠦᠨ ᠢᠶᠠᠷ ᠲᠤᠳᠦᠯᠠᠭᠰᠠᠨ ᠪᠠᠶᠢᠪᠡᠯ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠡᠷᠬᠢᠯᠡᠭᠴᠢ ᠶᠢᠨ ᠠᠵᠢᠯ ᠤᠨ ᠬᠤᠷᠠᠯ ᠢᠶᠠᠷ ᠳᠡᠮᠵᠢᠨ | ᠰᠣᠳᠣᠯᠣᠭᠰᠠᠨ ᠤ ᠳᠠᠷᠠᠭ᠎ᠠ ᠰᠡᠳᠦᠪ ᠢ ᠨᠢ ᠭᠦᠴᠣᠨ ᠦᠭᠡᠢ ᠪᠣᠯᠭᠠᠨ᠎ᠠ᠃ ᠭᠦᠴᠣᠨ ᠦᠭᠡᠢ ᠪᠣᠯᠭᠠᠭᠰᠠᠨ ᠰᠡᠳᠦᠪ | ᠵᠢᠴᠢ ᠰᠡᠳᠣᠪ ᠡᠷᠬᠢᠯᠡᠭᠴᠢ ᠶᠢ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ | ᠲᠠᠰᠤᠭ ᠠᠴᠠ ᠨᠡᠶᠢᠭᠡᠮ ᠳᠤ ᠢᠯᠠ ᠪᠠᠷ ᠵᠠᠷᠯᠠᠨ ᠨᠡᠶᠢᠲᠡᠯᠡᠨ᠎ᠠ᠃ ᠲᠦᠷᠣᠯ ᠵᠦᠢᠯ ᠢ ᠨᠢ ᠭᠦᠴᠣᠨ ᠦᠭᠡᠢ | ᠪᠣᠯᠭᠠᠬᠤ ᠪᠠᠷ ᠵᠡᠷᠯᠠᠨ ᠨᠠᠶᠢᠳᠡᠯᠡᠭᠰᠡᠨ ᠰᠡᠳᠦᠪ ᠡᠷᠬᠢᠯᠡᠭᠴᠢ ᠨᠢ 5 ᠵᠢᠯ ᠤᠨ ᠳᠣᠲᠣᠷ᠎ᠠ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ | ᠰᠡᠳᠦᠪ ᠢ ᠭᠤᠶᠤᠴᠢᠯᠠᠬᠤ ᠪᠤᠶᠤ ᠳᠡᠭᠦᠨ ᠳᠤ ᠣᠷᠣᠯᠴᠠᠵᠤ ᠪᠣᠯᠬᠤ ᠦᠭᠡᠢ᠂ ᠡᠭᠦᠨ ᠤ ᠬᠠᠮᠲᠤ ᠬᠠᠮᠢᠶ᠎ᠠ ᠪᠦᠬᠦᠢ | ᠰᠠᠯᠠᠭ᠎ᠠ ᠮᠥᠴᠢᠷ ᠲᠤ ᠮᠡᠳᠡᠭᠦᠯᠵᠣ ᠰᠡᠳᠦᠪ ᠤᠨ ᠲᠣᠰᠠᠯᠠᠮᠵᠢ ᠶᠢᠨ ᠮᠥᠩᠭᠦ ᠶᠢᠨ ᠵᠠᠷᠤᠳᠠᠯ ᠢ ᠬᠡᠷᠡᠭᠯᠡᠵᠣ ᠪᠠᠶᠢᠭ᠎ᠠ | ᠪᠠᠶᠢᠳᠠᠯ ᠢ ᠨᠢ ᠬᠢᠨᠠᠨ ᠪᠠᠶᠢᠴᠠᠭᠠᠵᠤ᠂ ᠦᠯᠡᠳᠡᠭᠰᠡᠨ ᠲᠣᠰᠠᠯᠠᠮᠵᠢ ᠶᠢᠨ ᠮᠥᠩᠭᠦ ᠪᠠ ᠨᠢᠭᠡᠨᠳᠠ ᠬᠤᠳᠠᠯᠳᠤᠨ ᠠᠪᠤᠭᠰᠠᠨ | ᠡᠳ᠋ ᠪᠣᠳᠠᠰ᠂ ᠮᠠᠲ᠋ᠧᠷᠢᠶᠠᠯ ᠵᠡᠷᠭᠡ ᠶᠢ ᠨᠢ ᠨᠡᠭᠡᠮᠵᠢᠯᠠᠨ ᠬᠤᠷᠢᠶᠠᠨ ᠠᠪᠣᠨ᠎ᠠ᠃ | ᠠᠷᠪᠠᠨ ᠨᠠᠢᠮᠠᠳᠣᠭᠠᠷ ᠵᠦᠢᠯ ᠰᠤᠳᠤᠯᠭᠠᠨ ᠤ ᠦᠷ᠎ᠡ ᠪᠦᠲᠦᠭᠡᠯ ᠵᠡᠷᠭᠡ ᠶᠢ ᠬᠤᠭᠤᠴᠠᠭ᠎ᠠ ᠬᠤᠪᠢᠶᠠᠨ | ᠬᠠᠩᠭᠠᠬᠤ ᠴᠢᠬᠤᠯᠠᠲᠠᠶ᠂ ᠲᠡᠳᠡᠬᠡᠷ ᠦᠷ᠎ᠡ ᠪᠦᠲᠦᠭᠡᠯ ᠢ ᠬᠢᠨᠠᠨ ᠲᠣᠭᠳᠠᠭᠠᠬᠤ᠂ ᠰᠢᠯᠭᠠᠨ ᠬᠤᠷᠢᠶᠠᠬᠤ ᠪᠠ ᠲᠦᠷᠣᠯ | ᠵᠦᠢᠯ ᠳᠠᠭᠤᠰᠬᠠᠬᠤ ᠶᠢ ᠰᠡᠳᠦᠪ ᠤᠨ ᠭᠡᠷ᠎ᠡ ᠶᠢᠨ ᠪᠣᠯᠵᠤᠭ᠎ᠠ ᠶᠣᠰᠣᠭᠠᠷ ᠬᠡᠷᠩᠵᠢᠭᠦᠯᠣᠨ᠎ᠠ᠃ | | ᠲᠠᠪᠤᠳᠤᠭᠠᠷ ᠪᠦᠯᠦᠭ ᠦᠷ᠎ᠡ ᠪᠦᠲᠦᠭᠡᠯ ᠤᠨ ᠬᠡᠷᠡᠭᠯᠡᠯᠲᠡ | | ᠠᠷᠪᠠ ᠶᠢᠰᠦᠳᠦᠭᠡᠷ ᠵᠦᠢᠯ ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠢ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠳᠤ ᠨᠠᠢᠷᠠᠭᠤᠯᠵᠤ ᠭᠦᠷᠭᠡᠭᠦ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠭᠤᠳ ᠬᠦᠯᠢᠶᠡᠨ ᠠᠪᠴᠤ ᠬᠡᠷᠡᠭᠯᠡᠭᠰᠡᠨ ᠰᠤᠳᠤᠯᠭᠠᠨ ᠤ ᠦᠷ᠎ᠡ ᠪᠦᠲᠦᠭᠡᠯ ᠢ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠰᠤᠳᠤᠯᠭᠠᠨ ᠤ | ᠳᠤᠭᠤᠶᠢᠯᠠᠩ ᠳᠤ ᠬᠠᠷᠢᠭᠤ ᠲᠣᠰᠬᠠᠨ᠎ᠠ︔ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ | ᠴᠣᠬᠤᠯᠠᠪᠤᠷᠢᠯᠠᠭᠰᠠᠨ ᠰᠤᠳᠤᠯᠭᠠᠨ ᠤ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠤᠳᠤᠯᠬᠤ ᠲᠠᠰᠤᠬ ᠠᠴᠠ ᠬᠠᠷᠢᠭᠤᠴᠠᠨ ᠳᠡᠰ ᠳᠠᠷᠠᠭᠠᠯᠠᠯ ᠶᠣᠰᠣᠭᠠᠷ ᠭᠦᠢᠴᠡᠳᠬᠡᠭᠦ ᠬᠡᠷᠩᠳᠠᠢ᠃ | ᠬᠤᠷᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠨᠢ | ᠵᠢᠯ ᠪᠦᠷᠢ ᠶᠢᠨ ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ | ᠰᠡᠳᠦᠪ ᠤᠨ ᠦᠷ᠎ᠡ ᠪᠦᠲᠦᠭᠡᠯ ᠠᠴᠠ ᠰᠢᠯᠢᠳᠡᠭ ᠢ ᠨᠢ ᠰᠣᠩᠭᠤᠵᠣ ᠨᠠᠶᠢᠷᠠᠭᠤᠯᠤᠨ ᠳᠡᠪᠳᠡᠷᠯᠡᠵᠣ᠂ ᠢᠯᠡ ᠪᠠᠷ | ᠲᠠᠷᠬᠠᠭᠠᠬᠤ ᠶᠢᠨ ᠬᠠᠮᠳᠣ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠮᠡᠳᠡᠬᠦᠯᠦᠨ ᠭᠦᠷᠭᠡᠨ᠎ᠠ᠃ | ᠬᠤᠷᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ | ᠲᠠᠰᠤᠭ ᠨᠢ ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ | ᠰᠢᠯᠢᠳᠡᠭ ᠦᠷ᠎ᠡ ᠪᠦᠲᠦᠭᠡᠯ ᠢᠶᠠᠷ ᠦᠨᠡᠯᠡᠨ ᠲᠣᠭᠲᠠᠭᠠᠬᠤ ᠶᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠣᠨ᠂ | ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠰᠢᠯᠢᠳᠡᠭ ᠰᠤᠳᠤᠯᠭᠠᠨ ᠤ ᠦᠷ᠎ᠡ ᠪᠦᠲᠦᠭᠡᠯ ᠤᠨ ᠵᠡᠷᠭᠡ ᠳᠡᠰ ᠢ | ᠦᠨᠡᠯᠡᠨ ᠲᠣᠭᠲᠠᠭᠠᠬᠤ ᠶᠢᠨ ᠬᠠᠮᠳᠣ ᠵᠣᠬᠢᠬᠤ ᠬᠡᠮᠵᠢᠶ᠎ᠡ ᠪᠠᠷ ᠬᠥᠬᠢᠭᠦᠯᠦᠨ ᠱᠠᠩᠨᠠᠨ᠎ᠠ᠃ | ᠬᠤᠷᠢᠨ ᠬᠤᠶᠠᠳᠤᠭᠠᠷ ᠵᠦᠢᠯ ᠬᠢᠨᠠᠨ ᠲᠣᠭᠳᠠᠭᠠᠬᠤ ᠪᠠᠷ ᠳᠡᠮᠵᠢᠭᠰᠡᠨ ᠰᠤᠳᠤᠯᠭᠠᠨ ᠤ ᠦᠷ᠎ᠡ | ᠪᠦᠲᠦᠭᠡᠯ ᠤᠨ ᠵᠣᠬᠢᠶᠠᠯ ᠪᠦᠲᠦᠭᠡᠯ ᠤᠨ ᠡᠷᠬᠡ ᠶᠢᠨ ᠬᠠᠷᠢᠶ᠎ᠠ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠤᠳᠤᠯᠬᠤ ᠲᠠᠰᠤᠭ ᠠᠴᠠ ᠰᠡᠳᠦᠪ ᠡᠬᠦᠷᠬᠡᠯᠡᠭᠰᠡᠨ ᠲᠠᠯ᠎ᠠ ᠯᠤᠭ᠎ᠠ ᠰᠡᠳᠦᠪ ᠤᠨ ᠭᠡᠷ᠎ᠡ ᠳᠤ ᠪᠣᠯᠵᠣᠨ | ᠲᠣᠭᠲᠠᠭᠠᠨ᠎ᠠ᠃ | | ᠵᠢᠷᠭᠤᠳᠤᠭᠠᠷ ᠪᠦᠯᠦᠭ ᠵᠠᠷᠤᠳᠠᠯ ᠤᠨ ᠬᠠᠮᠢᠶᠠᠷᠤᠯᠲᠠ | | | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ | ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠲᠤᠰᠬᠠᠶ | ᠵᠦᠢᠯ ᠤᠨ ᠪᠡᠯᠡ ᠮᠥᠩᠭᠦ ᠲᠣᠬᠢᠷᠠᠭᠤᠯᠵᠣ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ | ᠲᠠᠰᠤᠭ ᠤᠨ ᠣᠨ ᠤ ᠰᠠᠯᠠᠭ᠎ᠠ ᠮᠥᠴᠢᠷ ᠤᠨ ᠲᠥᠰᠦᠪ ᠲᠤ ᠣᠷᠣᠭᠤᠯᠣᠨ᠂ ᠲᠤᠰᠬᠠᠶ ᠳᠠᠩᠰᠠ ᠪᠠᠷ ᠲᠣᠭᠠᠴᠠᠭ᠎ᠠ | ᠬᠢᠵᠣ᠂ ᠲᠤᠰᠬᠠᠶ ᠵᠣᠭᠤᠰ ᠢ ᠲᠤᠰᠬᠠᠶ ᠬᠡᠷᠡᠭᠯᠡᠨ᠎ᠠ᠃ | ᠬᠤᠷᠢᠨ ᠳᠥᠷᠪᠡᠳᠦᠭᠡᠷ ᠵᠦᠢᠯ ᠬᠡᠷᠡᠭᠯᠡᠬᠦ ᠬᠡᠪᠴᠢᠶ᠎ᠡ ᠬᠡᠪᠴᠢᠶ᠎ᠠ᠃ | ︵ᠨᠢᠭᠡ︶ ᠰᠡᠳᠦᠪ ᠰᠤᠳᠤᠯᠬᠤ ᠬᠢᠭᠡᠣᠨ ᠰᠢᠢᠣᠡᠪᠣᠷᠢᠳᠣ ᠪᠤᠳᠤᠯᠭ᠎ᠠ ᠶᠢᠨ ᠵᠦᠪᠯᠡᠯᠭᠡ ᠦᠭᠭᠦ ᠵᠠᠷᠤᠳᠠᠯ᠃ | ᠵᠠᠰᠠᠭ ᠤᠨ ᠣᠷᠳᠣᠨ ᠤ ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠪᠠᠶᠢᠴᠠᠭᠠᠨ | ᠰᠤᠳᠤᠯᠤᠯᠲᠠ ᠬᠢᠬᠦ ᠪᠠ ᠵᠥᠪᠯᠡᠯᠭᠡ ᠥᠭᠴᠦ ᠨᠤᠲᠠᠯᠠᠯᠲᠠ ᠬᠢᠬᠦ ᠳᠤ ᠬᠡᠷᠩᠯᠡᠨ᠎ᠠ᠂ ᠡᠭᠦᠨ ᠳᠤ ᠠᠯᠪᠠᠨ ᠶᠠᠪᠤᠳᠠᠯ ᠢᠶᠠᠷ | ᠭᠠᠳᠠᠭᠰᠢ ᠭᠠᠷᠬᠤ ᠵᠠᠷᠤᠳᠠᠯ᠂ ᠬᠤᠷᠠᠯ ᠤᠨ ᠵᠠᠷᠤᠳᠠᠯ᠂ ᠵᠥᠪᠯᠡᠯᠭᠡ ᠦᠭᠭᠦ ᠵᠠᠷᠤᠳᠠᠯ᠂ ᠨᠤᠲᠠᠯᠠᠯᠲᠠ ᠬᠢᠬᠦ ᠵᠠᠷᠤᠳᠠᠯ᠂ | ᠮᠠᠲ᠋ᠧᠷᠢᠶᠠᠯ ᠤᠨ ᠵᠠᠷᠤᠳᠠᠯ᠂ ᠬᠢᠨᠠᠨ ᠲᠣᠭᠳᠠᠭᠠᠬᠤ ᠵᠠᠷᠤᠳᠠᠯ᠂ ᠳᠠᠭᠠᠭᠠᠴᠢᠯᠠᠯᠲᠠ ᠵᠠᠷᠯᠠᠬᠤ ᠶᠢ ᠲᠣᠭᠳᠠᠭᠠᠬᠤ ᠵᠠᠷᠤᠳᠠᠯ᠂ | ᠨᠣᠮ ᠬᠠᠶᠠᠯᠴᠠᠬᠤ ᠵᠠᠷᠤᠳᠠᠯ᠂ ᠰᠢᠯᠢᠳᠡᠭ ᠢ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠤ ᠵᠠᠷᠤᠳᠠᠯ᠂ ᠨᠠᠶᠢᠷᠠᠭᠤᠯᠬᠤ | ᠵᠠᠷᠤᠳᠠᠯ᠂ ᠦᠷ᠎ᠡ ᠪᠦᠲᠦᠭᠡᠯ ᠢ ᠬᠡᠪᠯᠡᠭᠦ ᠪᠠ ᠲᠠᠷᠬᠠᠭᠠᠬᠤ ᠵᠠᠷᠤᠳᠠᠯ ᠵᠡᠷᠭᠡ ᠪᠠᠭᠳᠠᠨ᠎ᠠ᠃ ᠡᠭᠦᠨ ᠳᠤ᠂ | ᠳᠠᠭᠠᠭᠠᠴᠢᠯᠠᠯᠲᠠ ᠵᠠᠷᠯᠠᠬᠤ ᠶᠢ ᠰᠢᠯᠭᠠᠷᠠᠭᠤᠯᠤᠨ ᠲᠣᠭᠳᠠᠭᠠᠬᠤ᠂ ᠨᠣᠮ ᠬᠠᠶᠠᠯᠴᠠᠬᠤ᠂ ᠰᠢᠯᠢᠳᠡᠭ ᠢ ᠰᠢᠯᠭᠠᠷᠠᠭᠤᠯᠬᠤ | ᠲᠤᠰᠬᠠᠶ ᠮᠡᠷᠭᠡᠵᠢᠯᠲᠡᠨ ᠤ ᠵᠠᠷᠤᠳᠠᠯ ᠪᠠ ᠦᠷ᠎ᠡ ᠪᠦᠲᠦᠭᠡᠯ ᠤᠨ ᠰᠡᠭᠦᠯᠴᠢ ᠶᠢᠨ ᠨᠠᠶᠢᠷᠠᠭᠤᠯᠬᠤ ᠵᠠᠷᠤᠳᠠᠯ᠂ ᠡᠬᠡ | ᠪᠢᠴᠢᠭ ᠤᠨ ᠬᠠᠷᠠᠮᠵᠢ ︵ᠳᠣᠲᠣᠭᠠᠳᠤ ᠯᠠᠪᠯᠠᠯᠲᠠ ᠶᠢᠨ ᠡᠬᠡ ᠪᠢᠴᠢᠭ ᠪᠠᠭᠲᠠᠨ᠎ᠠ︶᠂ ᠬᠡᠪᠯᠡᠭᠦ ᠵᠠᠷᠤᠳᠠᠯ᠂ ᠲᠠᠷᠬᠠᠭᠠᠬᠤ | ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠨᠢᠭᠡᠳᠦᠯᠲᠡᠶ | ᠵᠠᠷᠤᠴᠠᠭᠤᠯᠵᠣ᠂ ᠵᠠᠷᠴᠢᠮ ᠳᠡᠭᠡᠷ᠎ᠡ ᠪᠠᠨ ᠰᠡᠳᠣᠪ ᠤᠨ ᠵᠠᠷᠤᠳᠠᠯ ᠤᠨ ᠶᠡᠷᠣᠩᠬᠡᠢ ᠲᠤᠭ᠎ᠠ ᠶᠢᠨ 15% ᠠᠴᠠ | ᠬᠡᠲᠦᠷᠡᠭᠦᠯᠵᠦ ᠪᠣᠯᠬᠤ ᠤᠢᠭᠡᠢ᠃ | ︵ᠬᠤᠶᠠᠷ︶ ᠰᠡᠳᠦᠪ ᠤᠨ ᠬᠠᠮᠢᠶᠠᠷᠤᠯᠲᠠ ᠶᠢᠨ ᠵᠠᠷᠤᠳᠠᠯ᠃ ᠵᠠᠰᠠᠭ ᠤᠨ ᠣᠷᠳᠣᠨ ᠤ ᠰᠢᠢᠣᠡᠪᠣᠷᠢᠳᠣ | ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠬᠠᠮᠢᠶᠠᠷᠤᠯᠲᠠ ᠳᠤ ᠬᠡᠷᠡᠭᠯᠡᠨ᠎ᠠ᠂ ᠰᠡᠳᠦᠪ | ᠡᠷᠬᠢᠯᠡᠭᠴᠢ ᠶᠢᠨ ᠪᠠᠶᠢᠭ᠎ᠠ ᠨᠢᠭᠡᠴᠡ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠡᠳᠣᠪ ᠤᠨ | ᠵᠠᠷᠤᠳᠠᠯ ᠤᠨ ᠶᠠᠷᠣᠩᠬᠡᠢ ᠲᠤᠭ᠎ᠠ ᠶᠢᠨ 5% ᠪᠠᠷ ᠭᠠᠷᠭᠠᠨ ᠠᠪᠴᠤ ᠬᠡᠷᠡᠭᠯᠡᠬᠦ ᠪᠦᠬᠡᠳ ᠬᠠᠮᠤᠭ ᠦᠨᠳᠣᠷ ᠲᠡᠭᠡᠨ | 10000 ᠲᠥᠭᠦᠷᠢᠭ ᠠᠴᠠ ᠬᠡᠳᠡᠷᠡᠭᠦᠯᠵᠣ ᠪᠣᠯᠬᠤ ᠦᠭᠡᠢ᠃ | ︵ᠭᠤᠷᠪᠠ︶ ᠰᠢᠯᠢᠳᠡᠭ ᠦᠷ᠎ᠡ ᠪᠦᠲᠦᠭᠡᠯ ᠤᠨ ᠱᠠᠩᠨᠠᠨ ᠭᠦᠬᠢᠭᠦᠯᠣᠨᠠ᠃ ᠵᠢᠯ ᠪᠦᠷᠢ ᠰᠢᠯᠭᠠᠷᠠᠭᠤᠯᠤᠭᠰᠠᠨ | ᠰᠢᠯᠢᠳᠡᠭ ᠰᠤᠳᠤᠯᠭᠠᠨ ᠤ ᠦᠷ᠎ᠡ ᠪᠦᠲᠦᠭᠡᠯ ᠢ ᠱᠠᠩᠨᠠᠨ ᠬᠥᠬᠢᠭᠦᠯᠬᠦ ᠳᠤ ᠣᠨ ᠤ ᠲᠤᠰᠬᠠᠶ ᠵᠦᠢᠯ ᠤᠨ ᠵᠠᠷᠤᠳᠠᠯ ᠤᠨ | ᠶᠡᠷᠦᠩᠬᠡᠶ ᠲᠤᠭ᠎ᠠ ᠶᠢᠨ 3 % ᠠᠴᠠ ᠬᠡᠲᠦᠷᠡᠭᠦᠯᠵᠦ ᠪᠣᠯᠬᠤ ᠦᠭᠡᠢ᠃ | ᠬᠤᠷᠢᠨ ᠲᠠᠪᠤᠳᠤᠭᠠᠷ ᠵᠦᠢᠯ ᠰᠡᠳᠦᠪ ᠤᠨ ᠰᠤᠳᠤᠯᠭᠠᠨ ᠤ ᠵᠠᠷᠤᠳᠠᠯ ᠢ ᠬᠠᠷᠭᠤᠭᠤᠯᠣᠨ ᠥᠭᠬᠦ ᠠᠷᠭ᠎ᠠ | ᠮᠠᠶ᠋ᠢᠭ᠃ ᠰᠡᠳᠦᠪ ᠤᠨ ᠭᠡᠷ᠎ᠡ ᠲᠣᠭᠲᠠᠬᠤ ᠶᠢᠨ ᠬᠠᠮᠳᠣ ᠰᠡᠳᠣᠪᠯᠡᠨ ᠨᠣᠮ ᠬᠠᠶᠠᠯᠴᠠᠬᠤ ᠶᠢ ᠳᠡᠮᠵᠢᠭᠰᠡᠨ ᠤ ᠳᠠᠷᠠᠭ᠎ᠠ | 50% ᠶᠢ ᠨᠢ ᠦᠭᠭᠦᠨ᠎ᠠ᠂ ᠳᠤᠮᠳᠠ ᠬᠤᠭᠤᠴᠠᠭᠠᠨ ᠤ ᠬᠢᠨᠠᠨ ᠲᠣᠭᠳᠠᠭᠠᠬᠤ ᠶᠢ ᠳᠠᠮᠵᠢᠭᠰᠠᠨ ᠤ ᠳᠠᠷᠠᠭ᠎ᠠ 30 | % ᠶᠢ ᠨᠢ ᠦᠭᠭᠦᠨ᠎ᠠ᠂ ᠰᠡᠳᠦᠪ ᠤᠨ ᠲᠦᠷᠣᠯ ᠵᠦᠢᠯ ᠢ ᠳᠠᠭᠤᠰᠬᠠᠭᠰᠠᠨ ᠤ ᠲᠠᠷᠠᠭ᠎ᠠ 20% ᠶᠢ ᠨᠢ ᠦᠭᠭᠦᠨ᠎ᠠ᠃ | ᠡᠭᠦᠨ ᠳᠤ᠂ ᠱᠠᠳᠤ ᠬᠤᠭᠤᠴᠠᠭ᠎ᠠ ᠬᠤᠪᠢᠶᠠᠨ ᠰᠤᠳᠤᠯᠭᠠᠨ ᠤ ᠦᠷ᠎ᠡ ᠪᠦᠲᠦᠭᠡᠯ ᠬᠠᠩᠭᠠᠬᠤ ᠴᠢᠬᠤᠯᠠᠲᠠᠶ ᠰᠡᠳᠦᠪ ᠢ | ᠪᠤᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠤᠨ ᠡᠷᠬᠢᠯᠡᠭᠴᠢ ᠶᠢᠨ ᠠᠵᠢᠯ ᠤᠨ | ᠬᠤᠷᠠᠯ ᠢᠶᠠᠷ ᠵᠠᠷᠤᠳᠠᠯ ᠥᠭᠬᠦ ᠠᠷᠭ᠎ᠠ ᠮᠠᠶ᠋ᠢᠭ ᠢ ᠲᠣᠭᠲᠠᠭᠠᠬᠤ ᠶᠢᠨ ᠬᠠᠮᠲᠤ ᠰᠡᠳᠦᠪ ᠤᠨ ᠭᠡᠷ᠎ᠡ ᠳᠤ ᠲᠣᠳᠣᠷᠬᠠᠶᠢᠯᠠᠨ᠎ᠠ | ᠃ ᠳᠤᠮᠳᠠ ᠬᠤᠭᠤᠴᠠᠭᠠᠨ ᠤ ᠬᠢᠨᠠᠨ ᠲᠣᠭᠳᠠᠭᠠᠯᠳᠠ ᠳᠤ ᠪᠠᠳᠤᠯᠠᠬᠳᠠᠬᠰᠠᠨ ᠦᠭᠡᠢ ᠰᠡᠳᠦᠪ ᠤᠨ ᠦᠷ᠎ᠡ ᠪᠦᠲᠦᠭᠡᠯ ᠢ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠲᠠᠰᠤᠭ ᠠᠴᠠ ᠲᠡᠳᠡᠨ ᠤ ᠰᠤᠳᠤᠯᠭᠠᠨ ᠤ | ᠳᠤᠭᠤᠶᠢᠯᠠᠩ ᠳᠤ ᠰᠡᠳᠣᠪ ᠤᠨ ᠵᠠᠷᠣᠳᠠᠯ ᠦᠭᠭᠦ ᠶᠢ ᠲᠦᠷ ᠵᠣᠭᠰᠣᠭᠠᠵᠣ᠂ ᠡᠴᠦᠰ ᠤᠨ ᠬᠢᠨᠠᠨ ᠲᠣᠭᠳᠠᠭᠠᠯᠳᠠ ᠶᠢ | ᠦᠭᠭᠡᠷᠡᠬᠡᠭᠰᠠᠨ ᠤ ᠳᠠᠷᠠᠭ᠎ᠠ᠂ ᠦᠯᠡᠳᠡᠭᠰᠡᠨ 50% ᠶᠢᠨ ᠵᠠᠷᠤᠳᠠᠯ ᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ | ᠦᠭᠭᠦᠨ᠎ᠠ︔ ᠡᠴᠦᠰ ᠤᠨ ᠬᠢᠨᠠᠨ ᠲᠣᠭᠳᠠᠭᠠᠯᠳᠠ ᠳᠤ ᠪᠠᠳᠤᠯᠠᠬᠳᠠᠬᠰᠠᠨ ᠦᠭᠡᠢ ᠪᠠᠶᠢᠪᠠᠯ᠂ ᠲᠦᠷᠣᠯ ᠵᠦᠢᠯ ᠢ | ᠭᠦᠴᠣᠨ ᠦᠭᠡᠢ ᠪᠣᠯᠭᠠᠨ᠎ᠠ᠃ | ᠬᠤᠷᠢᠨ ᠵᠢᠷᠭᠤᠳᠤᠭᠠᠷ ᠵᠦᠢᠯ ᠰᠡᠳᠣᠪ ᠤᠨ ᠵᠠᠷᠤᠳᠠᠯ ᠤᠨ ᠬᠡᠷᠡᠭᠯᠡᠯᠳᠠ᠃ | ︵ᠨᠢᠭᠡ︶ ᠰᠡᠳᠣᠪ ᠤᠨ ᠵᠠᠷᠤᠳᠠᠯ ᠢ ᠴᠥᠮ ᠰᠡᠳᠦᠪ ᠡᠷᠬᠢᠯᠡᠭᠴᠢ ᠶᠢᠨ ᠪᠠᠶᠢᠭ᠎ᠠ ᠨᠢᠭᠡᠴᠡ ᠪᠤᠶᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠳᠠᠩᠰᠠᠨ ᠡᠷᠦᠬᠡ ᠳᠤ ᠰᠢᠯᠵᠢᠭᠦᠯᠦᠨ ᠦᠭᠴᠣ᠂ ᠲᠡᠳᠡᠨ ᠤ ᠠᠵᠢᠯᠯᠠᠵᠤ ᠪᠠᠶᠢᠭ᠎ᠠ | ᠨᠢᠭᠡᠴᠨ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠠᠴᠠ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠲᠤᠰ ᠠᠷᠭ᠎ᠠ ᠶᠢᠨ ᠶᠣᠰᠣᠭᠠᠷ ᠬᠠᠮᠢᠶᠠᠷᠴᠣ᠂ ᠲᠤᠰᠬᠠᠶ ᠵᠣᠭᠤᠰ ᠢ | ᠲᠤᠰᠬᠠᠶ ᠬᠡᠷᠡᠭᠯᠡᠨ᠂ ᠰᠤᠳᠤᠯᠭᠠᠨ ᠯᠤᠭ᠎ᠠ ᠬᠠᠮᠢᠶ᠎ᠠ ᠦᠭᠡᠢ ᠠᠵᠢᠯᠯᠠᠭ᠎ᠠ ᠳᠤ ᠬᠡᠷᠡᠭᠯᠡᠵᠦ ᠪᠣᠯᠬᠤ ᠤᠢᠭᠡᠢ᠂ ᠲᠤᠰ | ᠠᠷᠭ᠎ᠠ ᠶᠢᠨ ᠲᠣᠭᠲᠠᠭᠠᠭᠰᠠᠨ ᠵᠠᠷᠤᠯᠭ᠎ᠠ ᠶᠢᠨ ᠲᠦᠷᠣᠯ ᠵᠦᠢᠯ ᠠᠴᠠ ᠬᠡᠳᠣᠷᠡᠭᠦᠯᠵᠣ ᠪᠣᠯᠬᠤ ᠦᠭᠡᠢ᠃ ᠰᠡᠳᠦᠪ ᠤᠨ | ᠵᠠᠷᠤᠳᠠᠯ ᠤᠨ ᠬᠠᠮᠢᠶᠠᠷᠤᠯᠲᠠ ᠪᠣᠯᠤᠨ ᠬᠡᠷᠡᠭᠯᠡᠯᠳᠠ ᠨᠢ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ ᠤᠨ | ᠬᠢᠨᠠᠯᠳᠠ ᠳᠠᠯᠪᠢᠯᠳᠠ ᠪᠠ ᠪᠠᠶᠢᠴᠠᠭᠠᠯᠳᠠ ᠶᠢ ᠭᠦᠯᠢᠶᠡᠨ᠎ᠠ᠃ | ︵ᠬᠤᠶᠠᠷ︶ ᠰᠤᠳᠤᠯᠭᠠᠨ ᠤ ᠠᠭᠤᠯᠭ᠎ᠠ ᠶᠢ ᠳᠤᠷ᠎ᠠ ᠳᠠᠪᠠ ᠪᠠᠷ ᠢᠶᠠᠨ ᠬᠤᠪᠢᠷᠠᠭᠤᠯᠬᠤ᠂ ᠰᠤᠳᠤᠯᠭᠠᠨ ᠤ | ᠦᠷ᠎ᠡ ᠪᠦᠲᠦᠭᠡᠯ ᠤᠨ ᠶᠠᠰᠤ ᠴᠢᠨᠠᠷ ᠢᠶᠠᠷ ᠠᠨᠠᠢ ᠪᠠᠶᠢᠬᠤ᠂ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ | ᠰᠤᠳᠤᠯᠭᠠᠨ ᠤ ᠲᠥᠯᠥᠪᠯᠡᠭᠡ ᠶᠢ ᠬᠡᠷᠡᠭᠵᠢᠭᠦᠯᠭᠦ ᠦᠭᠡᠢ ᠪᠠᠶᠢᠪᠡᠯ᠂ ᠪᠠᠶᠢᠳᠠᠯ ᠢ ᠨᠢ ᠦᠵᠡᠵᠦ ᠪᠠᠶᠢᠭᠠᠳ ᠵᠣᠭᠤᠰ | ᠦᠭᠭᠦ ᠶᠢ ᠲᠦᠷ ᠬᠤᠶᠢᠰᠢᠯᠠᠭᠤᠯᠬᠤ᠂ ᠵᠣᠭᠤᠰ ᠦᠭᠭᠦ ᠶᠢ ᠵᠣᠭᠰᠣᠭᠠᠬᠤ ᠪᠤᠶᠤ ᠦᠭᠭᠦᠭᠰᠡᠨ ᠵᠣᠭᠤᠰ ᠢ ᠨᠡᠭᠡᠮᠵᠢᠯᠠᠨ | ᠠᠪᠴᠢᠷᠠᠨ᠎ᠠ᠃ | ᠬᠤᠷᠢᠨ ᠳᠣᠯᠣᠳᠤᠭᠠᠷ ᠵᠦᠢᠯ ᠦᠨᠡᠨᠴᠢ ᠢᠲᠡᠭᠡᠮᠵᠢ ᠶᠢᠨ ᠳᠦᠷᠢᠮ᠃ ᠪᠡᠶ᠎ᠡ ᠶᠢᠨ ᠭᠠᠷᠣᠯ ᠢᠶᠠᠨ | ᠬᠠᠭᠤᠷᠮᠠᠭᠯᠠᠨ ᠮᠡᠳᠡᠭᠦᠯᠬᠦ᠂ ᠰᠡᠳᠦᠪ ᠢ ᠦᠪᠡᠷ ᠤᠨ ᠳᠤᠷ᠎ᠠ ᠪᠠᠷ ᠢᠶᠠᠨ ᠰᠢᠯᠵᠢᠭᠦᠯᠦᠨ ᠳᠠᠭᠠᠭᠠᠴᠢᠯᠠᠭᠤᠯᠬᠤ᠂ | ᠪᠡᠶᠡᠯᠡᠭᠦᠯᠭᠦ ᠬᠤᠭᠤᠴᠠᠭ᠎ᠠ ᠠᠴᠠ ᠬᠦᠨᠳᠦ ᠨᠣᠴᠢᠲᠠᠶ ᠬᠡᠲᠦᠷᠡᠭᠰᠡᠨ᠂ ᠦᠷ᠎ᠡ ᠪᠦᠲᠦᠭᠡᠯ ᠤᠨ ᠶᠠᠰᠤ ᠴᠢᠨᠠᠷ ᠨᠢ ᠠᠨᠠᠢ᠂ | ᠵᠠᠷᠤᠳᠠᠯ ᠢ ᠲᠣᠭᠲᠠᠭᠠᠯ ᠠᠴᠠ ᠵᠥᠷᠢᠴᠡᠨ ᠬᠡᠷᠩᠯᠡᠭᠰᠡᠨ ᠵᠡᠷᠭᠡ ᠠᠰᠠᠭᠤᠳᠠᠯ ᠣᠷᠣᠰᠢᠵᠣ ᠪᠠᠶᠢᠬᠤ ᠰᠡᠳᠦᠪ ᠡᠷᠬᠢᠯᠡᠭᠴᠢ | ᠪᠦᠬᠦᠨ ᠢ 5 ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠢᠣᠡᠪᠣᠷᠢᠳᠣ ᠪᠤᠳᠤᠯᠭ᠎ᠠ ᠶᠢᠨ ᠵᠥᠪᠯᠡᠯᠭᠡ ᠥᠭᠬᠦ ᠰᠤᠳᠤᠯᠭᠠᠨ ᠤ ᠰᠡᠳᠦᠪ ᠭᠤᠶᠣᠴᠢᠯᠠᠭᠤᠯᠬᠤ ᠪᠠᠷ ᠮᠡᠳᠡᠭᠦᠯᠵᠦ | ᠪᠣᠯᠬᠤ ᠤᠢᠭᠡᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠭᠰᠠᠨ | ᠪᠤᠰᠤᠳ ᠵᠥᠪᠯᠡᠯᠭᠡ ᠥᠭᠬᠦ ᠠᠵᠢᠯᠯᠠᠭ᠎ᠠ ᠳᠤ ᠣᠷᠣᠯᠴᠠᠭᠤᠯᠵᠤ ᠪᠣᠯᠬᠤ ᠦᠭᠡᠢ᠂ ᠡᠭᠦᠨ ᠤ ᠬᠠᠮᠳᠣ ᠨᠡᠶᠢᠭᠡᠮ ᠤᠨ | ᠦᠨᠡᠨᠴᠢ ᠢᠲᠡᠭᠡᠮᠵᠢ ᠶᠢᠨ ᠰᠢᠰᠲ᠋ᠧᠮ ᠳᠤ ᠣᠷᠣᠭᠤᠯᠣᠨ᠎ᠠ᠃ | | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | | ᠬᠤᠷᠢᠨ ᠨᠠᠢᠮᠠᠳᠣᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠣ 30 ᠡᠳᠦᠷ ᠤᠨ | ᠳᠠᠷᠠᠭ᠎ᠠ ᠬᠡᠷᠡᠭᠵᠢᠭᠦᠯᠦᠨ᠎ᠡ᠃ | |