ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂  ᠡᠶ᠎ᠡ ᠵᠣᠬᠢᠴᠠᠯ ᠲᠠᠢ ᠬᠢᠯᠢ ᠬᠢᠵᠠᠭᠠᠷ ᠢ ᠴᠢᠷᠮᠠᠶᠢᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2016/12/22
     ᠰᠤᠷᠪᠤᠯᠵᠢᠯᠠᠭᠰᠠᠨ ᠴᠠᠭ᠄      2016 ᠤᠨ ᠤ 11 ᠳ᠋ᠤᠭᠡᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨᠡᠬᠢ 10 ᠴᠠᠭ      ᠰᠤᠷᠪᠤᠯᠵᠢᠯᠠᠭᠰᠠᠨ ᠵᠤᠴᠢᠨ᠄      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠮᠸᠡᠭ ᡁᠢ ᠵᠢᠶᠦ᠋ᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠮᠠᠨ ᠤ ᠤᠯᠤᠰ ᠪᠣᠯ ᠥᠷᠭᠡᠨ ᠠᠭᠤᠳᠠᠮ ᠨᠤᠲᠤᠭ ᠳᠡᠪᠢᠰᠬᠡᠷ ᠲᠠᠢ ᠲᠤᠮᠤ ᠤᠯᠤᠰ ᠮᠦᠨ᠂ ᠡᠬᠡ ᠬᠠᠭᠤᠷᠠᠶ ᠶᠢᠨ ᠬᠢᠯᠢ ᠶᠢᠨ ᠱᠤᠭᠤᠮ ᠤᠨ ᠤᠷᠳᠤ ᠨᠢ 2.2 ᠲᠦᠮᠡᠨ ᠺᠢᠯᠣᠮᠧᠲᠷ ᠪᠠᠶᠢᠵᠤ᠂ 14 ᠤᠯᠤᠰ ᠲᠠᠢ ᠬᠥᠷᠰᠢᠯᠡᠵᠦ᠂ ᠡᠯ᠎ᠡ ᠦᠨᠳᠦᠰᠦᠲᠡᠨ ᠤ 2300 ᠲᠦᠮᠡ ᠭᠠᠷᠤᠢ ᠠᠷᠠᠳ ᠲᠦᠮᠡᠨ ᠠᠳᠡ ᠠᠵᠤ ᠲᠦᠷᠦᠵᠤ᠂ ᠪᠠᠷᠤᠭ ᠬᠠᠭᠠᠰ ᠨᠢ ᠴᠥᠭᠡᠨ ᠲᠣᠭᠠᠲᠤ ᠦᠨᠳᠦᠰᠦᠲᠡᠨ ᠪᠠᠶᠢᠵᠤ᠂ 30 ᠭᠠᠷᠤᠶ ᠦᠨᠳᠦᠰᠦᠲᠡᠨ ᠬᠢᠯᠢ ᠠᠯᠤᠰᠯᠠᠨ ᠰᠠᠭᠤᠷᠢᠰᠢᠵᠤ ᠪᠠᠶᠢᠨ᠎ᠠ᠃ ᠬᠢᠯᠢ ᠬᠢᠵᠠᠭᠠᠷ ᠣᠷᠣᠨ ᠤ ᠬᠥᠭᠵᠢᠯᠲᠡ ᠶᠢ ᠲᠦᠷᠭᠡᠳᠭᠡᠬᠦ ᠨᠢ ᠬᠢᠯᠢ ᠬᠢᠵᠠᠭᠠᠷ ᠢ ᠲᠣᠭᠲᠠᠭᠤᠨ ᠪᠠᠶᠢᠯᠭᠠᠬᠤ᠂ ᠬᠢᠯᠢ ᠶᠢᠨ ᠪᠠᠲᠤᠯᠠᠨ ᠬᠠᠮᠠᠭᠠᠯᠠᠯᠲᠠ ᠶᠢ ᠪᠠᠬᠢᠵᠢᠬᠦᠯᠬᠦ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠡᠬᠡ ᠤᠯᠤᠰ ᠤᠨ ᠰᠠᠶᠢᠨ ᠰᠠᠶᠢᠬᠠᠨ ᠲᠦᠷᠢ ᠲᠥᠷᠬᠦ ᠶᠢ ᠲᠤᠲᠤᠷᠠᠭᠤᠯᠬᠤ ᠳᠤ ᠴᠥᠮ ᠲᠦᠢᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠶᠤᠮ᠃ ᠬᠢᠯᠢ ᠬᠢᠵᠠᠭᠠᠷ ᠣᠷᠣᠨ ᠤ ᠬᠤᠴᠣᠷᠤᠩᠭᠤᠶ ᠳᠦᠷᠰᠦ ᠪᠠᠶᠢᠳᠠᠯ ᠢ ᠬᠦᠴᠦᠯᠡᠨ ᠦᠬᠡᠷᠡᠴᠢᠯᠡᠬᠦ ᠶᠢᠨ ᠲᠤᠯᠠᠳᠠ᠂ 1999 ᠣᠨ ᠳᠤ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠪᠠᠷᠠᠭᠤᠨ ᠪᠦᠰᠡ ᠶᠢᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠤᠷᠢᠶᠠᠯᠠᠭ᠎ᠠ ᠶᠢ ᠴᠤᠤᠷᠢᠶᠠᠲᠤᠨ ᠲᠠᠭᠠᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠰᠡᠲᠦᠨ ᠦᠷᠨᠢᠬᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠪᠠᠭᠲᠠᠭᠠᠭᠰᠠᠨ ᠬᠢᠯᠢ ᠬᠢᠵᠠᠭᠠᠷ ᠤᠨ 9 ᠮᠤᠵᠢ ᠣᠷᠣᠨ ᠤ 136 ᠬᠢᠯᠢ ᠬᠢᠵᠠᠭᠠᠷ ᠤᠨ ᠣᠷᠣᠨ ᠤ ᠰᠢᠶᠠᠨ ︵ᠬᠤᠰᠢᠭᠤ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠢᠯᠢ ᠶᠢᠨ ᠣᠷᠣᠨ ᠳᠠᠬᠢ 58 ᠬᠤᠷᠢᠶ᠎ᠠ ᠲᠠᠯᠠᠪᠠᠢ᠂ ᠬᠠᠶᠢᠨᠠᠨ ᠮᠤᠵᠢ ᠶᠢᠨ 6 ᠁                  ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ          ᠬᠥᠲᠥᠯᠥᠭᠴᠢ᠄        ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠦᠷᠨᠢᠬᠦᠯᠦᠭᠰᠡᠨ ᠠᠬᠤᠶ ᠪᠠᠶᠢᠳᠠᠯ ᠵᠢᠴᠢ ᠮᠠᠨ ᠤ ᠣᠷᠣᠨ ᠤ ᠬᠢᠯᠢ ᠬᠢᠵᠠᠭᠠᠷ ᠣᠷᠣᠨ ᠤ ᠦᠨᠳᠦᠰᠦᠨ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ︖      ᠮᠸᠡᠭ ᡁᠢ ᠵᠢᠶᠦ᠋ᠨ᠄      ᠮᠠᠨ ᠤ ᠤᠯᠤᠰ ᠤᠨ ᠡᠬᠡ ᠬᠠᠭᠤᠷᠠᠶ ᠶᠢᠨ ᠬᠢᠯᠢ ᠶᠢᠨ ᠱᠤᠭᠤᠮ 2.2 ᠲᠦᠮᠡᠨ ᠺᠢᠯᠣᠮᠧᠲᠷ ᠤᠷᠲᠤ ᠪᠠᠶᠢᠳᠠᠭ᠂ ᠡᠭᠦᠨ ᠳᠤ 1.9 ᠲᠦᠮᠡᠨ ᠺᠢᠯᠣᠮᠧᠲᠷ ᠨᠢ ᠦᠨᠳᠦᠰᠦᠲᠡᠨ ᠤ ᠭᠠᠵᠠᠷ ᠣᠷᠣᠨ ᠳᠤ ᠪᠠᠶᠢᠵᠤ᠂ ᠡᠬᠡ ᠬᠠᠭᠤᠷᠠᠶ ᠶᠢᠨ ᠬᠢᠯᠢ ᠨᠢ 15 ᠤᠯᠤᠰ ᠲᠠᠢ ᠬᠢᠯᠢ ᠨᠡᠶᠢᠯᠡᠵᠦ ᠪᠠᠶᠢᠳᠠᠭ ᠪᠤᠯᠬᠤᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠬᠢᠯᠢ ᠬᠢᠵᠠᠭᠠᠷ ᠣᠷᠣᠨ ᠤ ᠬᠥᠭᠵᠢᠯᠲᠡ ᠪᠤᠯᠤᠨ ᠲᠣᠭᠲᠠᠭᠤᠨ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠭ᠎ᠠ ᠶᠤᠮ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠪᠣᠯ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠪᠠᠷᠠᠭᠤᠨ ᠪᠦᠰᠡ ᠶᠢᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠠᠮᠵᠢᠬᠤ ᠶᠢᠨ ᠲᠤᠯᠠᠳᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ 1999 ᠣᠨ ᠳᠤ ᠰᠡᠲᠦᠨ ᠦᠷᠨᠢᠬᠦᠯᠦᠭᠰᠡᠨ ᠪᠦᠭᠡᠳ 2000 ᠣᠨ ᠤ 2 ᠳ᠋ᠤᠭᠠᠷ ᠰᠠᠷ᠎ᠠ ᠳᠤ ᠵᠢᠩᠬᠢᠨᠢ ᠪᠠᠷ ᠡᠬᠢᠯᠡᠭᠦᠯᠦᠭᠰᠡᠨ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ ᠨᠡᠭᠡᠭᠡᠨ ᠬᠥᠭᠵᠢᠭᠦᠯᠬᠦ ᠪᠠᠷ ᠬᠠᠷᠠᠯᠲᠠ ᠪᠤᠯᠭᠠᠭᠰᠠᠨ ᠪᠠᠷᠠᠭᠤᠨ ᠪᠦᠰᠡ ᠶᠢᠨ ᠭᠠᠵᠠᠷ ᠣᠷᠣᠨ ᠢ ᠨᠡᠭᠡᠭᠡᠨ ᠬᠥᠭᠵᠢᠭᠦᠯᠬᠦ ᠢᠵᠢ ᠪᠦᠷᠢᠳᠦᠭᠦᠯᠬᠦ ᠢᠨᠵᠧᠨᠧᠷᠢᠩ ᠪᠤᠯᠤᠨ᠎ᠠ᠃ ᠲᠡᠭᠦᠨ ᠤ ᠵᠣᠷᠢᠯᠭ᠎ᠠ ᠨᠢ ᠪᠣᠯ ᠤᠯᠠᠨ ᠲᠠᠯ᠎ᠠ ᠶᠢᠨ ᠬᠦᠴᠦᠨ ᠢ ᠳᠠᠶᠢᠴᠢᠯᠠᠨ᠂ ᠬᠢᠯᠢ ᠬᠢᠵᠠᠭᠠᠷ ᠣᠷᠣᠨ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠢᠯᠢ ᠬᠢᠵᠠᠭᠠᠷ ᠣᠷᠣᠨ ᠤ ᠬᠥᠭᠵᠢᠯᠲᠡ ᠶᠢ ᠲᠦᠷᠭᠡᠳᠭᠡᠵᠤ᠂ ᠬᠢᠯᠢ ᠬᠢᠵᠠᠭᠠᠷ ᠤᠨ ᠨᠢᠭᠡᠳᠦᠭᠡᠷ ᠹᠷᠣᠨᠲ ᠤᠨ ᠤᠯᠠᠨ ᠲᠦᠮᠡᠨ ᠢ ᠲᠦᠷᠭᠡᠭᠡᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ᠂ ᠬᠠᠮᠤᠭ ᠤᠨ ᠡᠴᠦᠰ ᠲᠤ ︽ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢᠶᠠᠨ ᠬᠥᠭᠵᠢᠭᠦᠯᠬᠦ᠂ ᠤᠯᠤᠰ ᠣᠷᠣᠨ ᠢᠶᠠᠨ ᠬᠦᠴᠦᠷᠬᠡᠭᠵᠢᠭᠦᠯᠬᠦ᠂ ᠬᠦᠷᠰᠢ ᠵᠡᠷᠭᠡᠯᠡᠳᠡᠭᠡ ᠯᠦᠭᠡ ᠡᠪ ᠨᠠᠶᠢᠷᠠᠮᠳᠠᠭᠤ ᠪᠠᠶᠢᠬᠤ︾ ᠬᠠᠷᠠᠯᠲᠠ ᠳᠤ ᠬᠦᠷᠦᠬᠦᠯᠬᠦ ᠶᠠᠪᠤᠳᠠᠯ ᠪᠤᠯᠤᠨ᠎ᠠ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠠᠵᠢᠯ ᠤᠨ ᠬᠦᠷᠢᠶ᠎ᠡ ᠬᠡᠪᠴᠢᠶ᠎ᠡ ᠨᠢ ᠮᠠᠨ ᠤ ᠣᠷᠣᠨ ᠢ ᠪᠠᠭᠲᠠᠭᠠᠭᠰᠠᠨ ᠪᠦᠬᠦ ᠤᠯᠤᠰ ᠤᠨ 9 ᠮᠤᠵᠢ᠂ ᠥᠪᠡᠷᠲᠡᠭᠡᠨ ᠵᠠᠰᠠᠬᠤ ᠣᠷᠣᠨ ᠤ 136 ᠬᠢᠯᠢ ᠶᠢᠨ ᠣᠷᠣᠨ ᠤ ᠰᠢᠶᠠᠨ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠡᠭᠲ᠋ᠤᠸᠠᠨ ᠤ ᠬᠢᠯᠢ ᠶᠢᠨ ᠣᠷᠣᠨ ᠳᠠᠬᠢ 58 ᠬᠤᠷᠢᠶ᠎ᠠ ᠲᠠᠯᠠᠪᠠᠢ ᠬᠤᠯᠪᠤᠭᠳᠠᠨ᠎ᠠ᠃ ᠡᠨᠡ 136 ᠬᠢᠯᠢ ᠶᠢᠨ ᠬᠤᠰᠢᠭᠤ ᠰᠢᠶᠠᠨ ︵ᠮᠠᠨ ᠤ ᠣᠷᠣᠨ ᠳᠤ 19 ᠪᠤᠢ︶ ᠤ ᠳᠤᠲᠤᠷ᠎ᠠ᠂ 107 ᠨᠢ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠪᠤᠯᠤᠨ᠎ᠠ᠃ ᠲᠡᠦᠬᠡ ᠪᠤᠯᠤᠨ ᠪᠠᠶᠢᠭᠠᠯᠢ ᠶᠢᠨ ᠭᠠᠵᠠᠷ ᠵᠦᠢ ᠵᠡᠷᠭᠡ ᠰᠢᠯᠲᠠᠭᠠᠨ ᠠᠴᠠ ᠪᠣᠯᠵᠤ᠂ ᠤᠷᠳᠤ ᠬᠤᠭᠤᠴᠠᠭᠠᠨ ᠤ ᠲᠤᠷᠰᠢ᠂ ᠡᠨᠡ ᠬᠦ ᠣᠷᠣᠨ ᠪᠦᠰᠡ ᠶᠢᠨ ᠶᠡᠷᠦᠩᠬᠡᠶ ᠬᠥᠭᠵᠢᠯᠲᠡ ᠬᠤᠴᠤᠷᠤᠩᠭᠤᠢ ᠪᠠᠶᠢᠵᠤ᠂ ᠡᠬᠡ ᠬᠠᠭᠤᠷᠠᠶ ᠶᠢᠨ ᠭᠠᠵᠠᠷ ᠣᠷᠣᠨ ᠯᠤᠭ᠎ᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠭᠤᠣᠯᠳᠠᠯᠭ᠎ᠠ ᠪᠤᠯᠤᠨ ᠬᠦᠴᠢᠷᠲᠠᠢ ᠤᠷᠤᠨ ᠪᠦᠰᠡ ᠪᠤᠯᠤᠭᠰᠠᠭᠠᠷ ᠢᠷᠡᠪᠡ᠃        ᠮᠠᠨ ᠤ ᠣᠷᠣᠨ ︽12 ·5︾ ᠶᠢᠨ ᠬᠤᠭᠤᠴᠠᠭᠠᠨ ᠳᠤ ᠨᠡᠶᠢᠲᠡ 19 ᠬᠢᠯᠢ ᠶᠢᠨ ᠬᠤᠰᠢᠭᠤ ᠬᠤᠲᠠ ︵ᠲᠤᠰ ᠲᠤᠰ ᠬᠥᠯᠥᠨ ᠪᠤᠶᠢᠷ ᠬᠤᠳᠠ ᠶᠢᠨ ᠮᠠᠨᠵᠤᠤᠷ ᠬᠤᠳᠠ᠂ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠡᠷᠭᠦᠨ᠎ᠡ ᠬᠤᠲᠠ︔ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠷᠠᠰᠢᠶᠠᠨ ᠬᠤᠳᠠ︔ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠠᠪᠠᠭ᠎ᠠ ᠬᠤᠰᠢᠭᠤ᠂ ᠵᠡᠭᠦᠨ ᠦᠵᠦᠮᠦᠴᠢᠨ ᠬᠤᠰᠢᠭᠤ︔ ᠤᠯᠠᠭᠠᠨᠴᠠᠪ ᠬᠤᠲᠠ ᠶᠢᠨ ᠳᠥᠷᠪᠡᠳ ᠬᠤᠰᠢᠭᠤ︔ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ︔ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤ︔ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ︶ ᠶᠢ ᠬᠢᠯᠢ ᠬᠢᠵᠠᠭᠠᠷ ᠤᠷᠤᠨ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽12.5︾ ᠶᠢᠨ ᠲᠥᠯᠥᠪᠵᠢᠭᠦᠯᠭᠡ ᠶᠢᠨ ᠬᠡᠪᠴᠢᠶ᠎ᠡ ᠳᠤ ᠤᠷᠤᠭᠤᠯᠪᠠ᠃ ᠮᠠᠨ ᠤ ᠣᠷᠣᠨ ᠮᠣᠩᠭᠤᠯ ᠤᠯᠤᠰ ᠪᠤᠯᠤᠨ ᠣᠷᠣᠰ ᠲᠠᠢ ᠬᠢᠯᠢ ᠨᠡᠶᠢᠯᠡᠵᠦ᠂ ᠬᠢᠯᠢ ᠶᠢᠨ ᠱᠤᠭᠤᠮ ᠤᠨ ᠤᠷᠳᠤ ᠨᠢ 4263 ᠺᠢᠯᠣᠮᠧᠲᠷ᠂ ᠬᠢᠯᠢ ᠶᠢᠨ ᠬᠤᠰᠢᠭᠤ ᠬᠤᠲᠠ ᠶᠢᠨ ᠪᠦᠬᠦ ᠲᠠᠯᠠᠪᠠᠶ ᠨᠢ 61.9 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠣᠷᠣᠨ ᠤ ᠭᠠᠵᠠᠷ ᠰᠢᠷᠣᠶ ᠶᠢᠨ ᠲᠠᠯᠠᠪᠠᠶ ᠶᠢᠨ 52.3% ᠶᠢ ᠡᠵᠡᠯᠡᠨ᠎ᠡ︔ ᠪᠦᠬᠦ ᠬᠥᠮᠦᠨ ᠠᠮᠠ ᠨᠢ 176.01 ᠲᠦᠮᠡ ᠪᠠᠶᠢᠵᠤ᠂ ᠪᠦ᠋ᠬᠦ ᠣᠷᠣᠨ ᠤ ᠶᠡᠷᠦᠩᠬᠡᠶ ᠬᠥᠮᠦᠨ ᠠᠮᠠ ᠶᠢᠨ 7.14% ᠶᠢ ᠡᠵᠡᠯᠡᠨ᠎ᠡ᠂ ᠡᠭᠦᠨ ᠳᠤ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ60.13 ᠲᠦᠮᠡ ᠪᠠᠶᠢᠵᠤ᠂ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠭᠤᠣᠯ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠨᠢᠭᠡ ᠪᠤᠯᠤᠨ᠎ᠠ᠃ ᠤᠯᠤᠰ ᠪᠠᠶᠢᠭᠤᠯᠤᠭᠳᠠᠭᠰᠠᠨ ᠠᠴᠠ ᠨᠠᠰᠢ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ᠂ ᠮᠠᠨ ᠤ ᠣᠷᠣᠨ ᠤ ᠬᠢᠯᠢ ᠬᠢᠵᠠᠭᠠᠷ ᠣᠷᠣᠨ ᠦᠳᠲᠡᠷ ᠲᠦᠷᠭᠡᠨ ᠬᠥᠭᠵᠢᠪᠡ᠂ ᠭᠡᠪᠡᠴᠦ ᠲᠡᠦᠬᠡ ᠂ ᠭᠠᠵᠠᠷ ᠵᠦᠶ᠂ ᠪᠠᠶᠢᠭᠠᠯᠢ ᠵᠢᠴᠢ ᠤᠯᠤᠰ ᠤᠨ ᠳᠦᠷᠦ ᠶᠢᠨ ᠪᠤᠳᠤᠯᠭ᠎ᠠ ᠵᠡᠷᠭᠡ ᠬᠦᠴᠦᠨ ᠵᠦᠢᠯ ᠤᠨ ᠨᠥᠯᠥᠭᠡ ᠪᠠᠷ᠂ ᠬᠢᠯᠢ ᠬᠢᠵᠠᠭᠠᠷ ᠣᠷᠣᠨ ᠢ ᠪᠤᠰᠤᠳ ᠭᠠᠵᠠᠷ ᠣᠷᠣᠨ ᠲᠠᠢ ᠬᠠᠷᠢᠴᠠᠭᠤᠯᠪᠠᠯ᠂ ᠠᠵᠤ ᠠᠬᠤᠶ ᠨᠡᠶᠢᠭᠡᠮ ᠤᠨ ᠬᠥᠭᠵᠢᠯᠲᠡ ᠮᠠᠰᠢ ᠶᠡᠭᠡ ᠵᠥᠷᠢᠶ᠎ᠡ ᠲᠠᠢ ᠪᠠᠶᠢᠪᠠ᠂ ᠪᠤᠳᠠᠲᠠᠢ ᠢᠯᠡᠷᠡᠯ ᠨᠢ ᠭᠡᠪᠡᠯ᠂ ᠠᠵᠤ ᠠᠬᠤᠶ ᠶᠢᠨ ᠰᠠᠭᠤᠷᠢ ᠨᠢᠮᠭᠡᠨ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠬᠢᠵᠠᠭᠠᠷ ᠲᠠᠢ︔ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠬᠤᠴᠤᠷᠤᠩᠭᠤᠢ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠠᠨᠠᠶ︔ ᠶᠠᠳᠠᠭᠤ ᠬᠦᠴᠢᠷᠳᠡᠯᠲᠡᠶ ᠪᠠᠶᠢᠭ᠎ᠠ ᠠᠰᠠᠭᠤᠳᠠᠯ ᠲᠤᠪᠤᠶᠢᠮ᠎ᠠ᠂ ᠶᠠᠳᠠᠭᠤ ᠠᠴᠠ ᠠᠩᠭᠢᠵᠢᠷᠠᠭᠤᠯᠬᠤ ᠬᠦᠴᠢᠷᠳᠡᠯ ᠶᠡᠭᠡ︔ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠤᠳᠠᠭᠠᠨ᠂ ᠲᠦᠷᠭᠡᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠮᠦᠨ ᠬᠦ ᠮᠠᠰᠢ ᠤᠯᠡᠨ ᠤᠷᠤᠰᠢᠵᠤ ᠪᠠᠶᠢᠪᠠ᠃ ᠡᠶᠢᠮᠦ ᠠᠴᠠ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠶᠡᠬᠡᠪᠡᠷ ᠦᠷᠨᠢᠬᠦᠯᠬᠦ ᠨᠢ ᠬᠢᠯᠢ ᠬᠢᠵᠠᠭᠠᠷ ᠣᠷᠣᠨ ᠳᠤ ᠠᠪᠴᠤ ᠬᠡᠯᠡᠪᠡᠯ ᠣᠯᠳᠠᠬᠤᠶ᠎ᠠ ᠪᠡᠷᠬᠡ ᠠᠵᠠ ᠲᠣᠬᠢᠶᠠᠯ ᠪᠣᠯᠬᠤ ᠶᠤᠮ᠃      ᠬᠥᠲᠥᠯᠥᠭᠴᠢ᠄      ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠳᠤ ᠶᠠᠮᠠᠷ ᠠᠷᠭ᠎ᠠ ᠬᠡᠮᠵᠢᠶ᠎ᠡ ᠠᠪᠴᠤ ᠲᠡᠳᠬᠦᠨ ᠳᠡᠮᠵᠢᠵᠦ ᠪᠠᠶᠢᠬᠤ ᠪᠤᠢ︖      ᠮᠧᠩ ᡁᠢ ᠵᠢᠶᠦ᠋ᠨ᠄      ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠳᠤ᠂ ᠬᠢᠯᠢ ᠬᠢᠵᠠᠭᠠᠷ ᠣᠷᠣᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠤᠯᠤᠰ ᠠᠴᠠ ︽ᠤᠯᠤᠰ ᠠᠴᠠ ᠳᠡᠮᠵᠢᠵᠦ᠂ ᠮᠤᠵᠢ ᠠᠴᠠ ᠶᠡᠷᠦᠩᠬᠡᠶᠢᠯᠡᠨ ᠬᠠᠷᠢᠭᠤᠴᠠᠵᠤ᠂ ᠲᠤᠰᠬᠠᠢ ᠭᠠᠵᠠᠷ ᠣᠷᠣᠨ ᠬᠠᠮᠵᠢᠯᠴᠠᠨ᠂ ᠬᠤᠲᠠ ᠰᠢᠶᠠᠨ ᠨᠠᠶᠢᠳᠠᠪᠤᠷᠢᠵᠢᠭᠤᠯᠬᠤ︾ ᠠᠵᠢᠯᠯᠠᠭ᠎ᠠ ᠶᠢᠨ ᠴᠢᠭᠯᠡᠯᠲᠡ ᠶᠢ ᠲᠣᠭᠲᠠᠭᠠᠪᠠ᠃ ᠨᠢᠭᠡ ᠲᠠᠯ᠎ᠠ ᠪᠠᠷ᠂ ᠲᠥᠪ  ᠠᠴᠠ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠨ᠂ ᠬᠢᠯᠢ ᠬᠢᠵᠠᠭᠠᠷ ᠣᠷᠣᠨ ᠤ ᠬᠥᠭᠵᠢᠯᠲᠡ ᠶᠢ ᠳᠡᠮᠵᠢᠬᠦ ᠴᠢᠬᠤᠯᠠ ᠢᠨᠵᠧᠨᠧᠷᠢᠩ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠨᠢᠭᠡ ᠴᠣᠭᠴᠠᠵᠢᠭᠤᠯᠤᠨ ᠲᠥᠯᠥᠪᠵᠢᠭᠦᠯᠭᠡ ᠳᠡᠭᠡᠨ ᠣᠷᠣᠭᠤᠯᠤᠭᠰᠠᠨ ᠤ ᠬᠠᠮᠲᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠵᠣᠬᠢᠴᠠᠭᠤᠯᠬᠤ ᠳᠤᠭᠤᠶᠢᠯᠠᠩ ᠪᠠᠶᠢᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠳᠤ ᠬᠤᠯᠪᠣᠭᠳᠠᠯ ᠲᠠᠢ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠵᠣᠬᠢᠴᠠᠭᠤᠯᠬᠤ ᠶᠢ ᠬᠠᠷᠢᠭᠤᠴᠠᠪᠠ︔ ᠨᠦᠬᠦᠭᠡ ᠲᠠᠯ᠎ᠠ ᠪᠠᠷ᠂ ᠮᠤᠵᠢ ᠣᠷᠣᠨ ᠤ ᠬᠡᠷᠡᠭᠵᠢᠭᠦᠯᠦᠯᠲᠡ ᠶᠢ ᠴᠢᠩᠭᠠᠳᠬᠠᠨ᠂ ᠡᠯ᠎ᠡ ᠬᠢᠯᠢ ᠬᠢᠵᠠᠭᠠᠷ ᠤᠨ ᠮᠤᠵᠢ ᠣᠷᠣᠨ ᠨᠤᠭᠤᠳ ᠬᠢᠯᠢ ᠬᠢᠵᠠᠭᠠᠷ ᠣᠷᠣᠨ ᠤ ᠬᠥᠭᠵᠢᠯᠲᠡ ᠶᠢ ᠲᠦᠷᠭᠡᠳᠬᠡᠬᠦ ᠶᠠᠪᠤᠳᠠᠯ ᠢ ᠤᠯᠤᠰ ᠲᠥᠷᠥ ᠶᠢᠨ ᠴᠢᠬᠤᠯᠠ ᠡᠭᠦᠷᠭᠡ ᠪᠣᠯᠭᠠᠵᠤ᠂ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠤᠳᠤᠷᠢᠳᠬᠤ ᠳᠤᠭᠤᠶᠢᠯᠠᠩ ᠪᠠᠶᠢᠭᠤᠯᠤᠨ᠂ ᠲᠤᠰ ᠮᠤᠵᠢ ᠣᠷᠣᠨ ᠤ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠪᠦᠲᠦᠭᠡᠯᠴᠢ ᠴᠢᠨᠠᠷ ᠲᠠᠢ ᠪᠠᠷ ᠠᠵᠢᠯ ᠢᠶᠠᠨ ᠦᠷᠨᠢᠭᠦᠯᠪᠡ︔ ᠭᠤᠷᠪᠠ ᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ ︽ᠡᠷᠥᠭᠡ ᠳᠤ ᠬᠦᠷᠲᠡᠯ᠎ᠡ ᠰᠢᠭᠤᠳ ᠲᠡᠳᠬᠦᠨ ᠳᠡᠮᠵᠢᠬᠦ᠂ ᠤᠯᠠᠨ ᠲᠦᠮᠡᠨ ᠳᠤ ᠰᠢᠭᠤᠳ ᠠᠰᠢᠭ ᠬᠦᠷᠲᠡᠭᠡᠬᠦ︾ ᠵᠠᠷᠴᠢᠮ ᠶᠣᠰᠣᠭᠠᠷ᠂ ᠤᠯᠠᠨ ᠲᠦᠮᠡᠨ ᠤ ᠣᠷᠣᠯᠴᠠᠬᠤ ᠬᠡᠮᠵᠢᠶ᠎ᠡ ᠨᠢ ᠥᠨᠳᠥᠷ᠂ ᠠᠰᠢᠭ ᠣᠯᠬᠤ ᠬᠤᠪᠢ ᠨᠢ ᠶᠡᠭᠡ᠂ ᠪᠠᠶᠠᠵᠢᠭᠤᠯᠬᠤ ᠪᠠᠷ ᠲᠠᠶᠢᠴᠢᠯᠠᠨ ᠳᠠᠭᠠᠭᠤᠯᠬᠤ ᠬᠦᠴᠦᠨ ᠢᠶᠠᠷ ᠴᠢᠩᠭ᠎ᠠ ᠪᠦᠬᠦᠢ ᠲᠥᠷᠥᠯ ᠵᠦᠢᠯ ᠢ ᠳᠡᠮᠵᠢᠬᠦ ᠭᠤᠣᠯᠳᠠᠯᠭ᠎ᠠ ᠪᠠᠨ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠡᠯᠡ ᠮᠥᠩᠭᠦ ᠶᠢᠨ ᠲᠤᠬᠢᠷᠠᠭᠤᠯᠤᠯᠳᠡ ᠶᠢᠨ ᠲᠠᠯ᠎ᠠ ᠪᠠᠷ ᠥᠪᠡᠷᠮᠢᠴᠡ ᠣᠨᠴᠠᠯᠢᠭ ᠪᠦᠬᠦᠢ ᠳᠠᠷᠢᠵᠤ ᠲᠡᠵᠢᠭᠡᠬᠦ ᠦᠢᠯᠡᠰ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠡᠯ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠢᠯᠡᠳᠲᠡ ᠰᠠᠶᠢᠵᠢᠷᠠᠭᠤᠯᠬᠤ ᠲᠥᠷᠥᠯ ᠵᠦᠢᠯ ᠲᠡᠰᠢ ᠡᠩ ᠲᠡᠷᠢᠭᠦᠨ ᠳᠤ ᠬᠡᠯᠪᠠᠶᠢᠯᠭᠡᠵᠦ᠂ ᠤᠯᠠᠨ ᠲᠦᠮᠡᠨ ᠳᠤ ᠠᠰᠢᠭ ᠬᠦᠷᠲᠡᠭᠡᠵᠦ᠂ ᠬᠢᠯᠢ ᠬᠢᠵᠠᠭᠠᠷ ᠣᠷᠣᠨ ᠤ ᠬᠥᠭᠵᠢᠯᠲᠡ ᠶᠢ ᠠᠬᠢᠭᠤᠯᠬᠤ ᠳᠤ ᠰᠢᠨ᠎ᠡ ᠠᠷᠭ᠎ᠠ ᠵᠠᠮ ᠢ ᠨᠡᠭᠡᠭᠡᠨ ᠥᠭᠴᠡᠢ᠃      ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ ︽10· 5︾᠂ ︽11· 5︾᠂ ︽12· 5︾ ᠶᠢᠨ ᠲᠥᠯᠥᠪᠵᠢᠭᠦᠯᠭᠡ ᠳᠤ ᠣᠷᠣᠭᠤᠯᠤᠭᠰᠠᠨ ᠪᠥᠭᠡᠳ ᠦᠨᠳᠦᠰᠦᠲᠡᠨ ᠤ ᠠᠵᠢᠯ ᠢ ᠴᠢᠩᠭᠠᠳᠬᠠᠬᠤ ᠵᠡᠷᠭᠡ ᠬᠤᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ ᠳᠤ ᠪᠢᠴᠢᠨ ᠣᠷᠣᠭᠤᠯᠵᠠᠢ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠠᠷ ᠬᠢᠯᠢ ᠶᠢᠨ ᠬᠤᠰᠢᠭᠤ ᠬᠤᠳᠠ ᠳᠤ ᠣᠯᠠᠨᠲᠠ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠠ ᠵᠢᠭᠠᠨ ᠵᠢᠯᠣᠭᠤᠳᠴᠦ᠂ ᠥᠪᠡᠷᠲᠡᠭᠡᠨ ᠵᠠᠰᠠᠬᠤ ᠣᠷᠣᠨ ᠳᠡᠳ᠋ ᠲᠡᠷᠢᠭᠦᠯᠡᠭᠴᠢ ᠯᠢᠦ ᠰᠢᠨ ᠯᠧ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ 18 ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠪᠠᠷ ᠪᠦᠷᠢᠯᠳᠦᠬᠦᠨ ᠨᠢᠭᠡᠴᠡ ᠪᠣᠯᠭᠠᠭᠰᠠᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤᠯᠤᠰ  ᠤᠨ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠯᠥᠪᠵᠢᠭᠦᠯᠭᠡ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ︽ᠲᠤᠷᠰᠢᠯᠲᠠ ᠶᠢᠨ ᠴᠢᠭ᠋ ᠢ ᠰᠤᠩᠭᠤᠵᠤ᠂ ᠲᠤᠷᠰᠢᠯᠭ᠎ᠠ ᠪᠠᠨ ᠳ᠋ᠦᠩᠨᠡᠨ᠂ ᠨᠡᠶᠢᠲᠡᠯᠢᠭ ᠵᠢᠱᠢᠶ᠎ᠡ ᠪᠠᠷ ᠳᠠᠭᠠᠭᠤᠯᠬᠤ︾ ᠠᠵᠢᠯ ᠤᠨ ᠰᠡᠳᠬᠢᠮᠵᠢ ᠶᠢ ᠲᠣᠭᠲᠠᠭᠠᠨ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠪᠠᠷᠠᠭᠤᠨ ᠪᠦᠰᠡ ᠶᠢᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠯᠦᠭᠡ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠬᠢᠯᠢ ᠶᠢᠨ ᠬᠤᠰᠢᠭᠤ ᠰᠢᠶᠠᠨ ᠬᠤᠳᠠ ᠶᠢ ᠲᠥᠷᠭᠡᠨ ᠬᠦᠭᠵᠢᠭᠦᠯᠬᠦ ᠲᠤᠬᠠᠶ ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠢ ᠰᠠᠯᠠᠭ᠎ᠠ ᠮᠦᠴᠢᠷ ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠳᠣᠣᠷ᠎ᠠ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠲᠥᠷᠥᠯ ᠵᠦᠢᠯ᠂ ᠪᠡᠯᠡ ᠮᠥᠩᠭᠦ ᠶᠢ ᠬᠢᠯᠢ ᠬᠢᠵᠠᠭᠠᠷ ᠣᠷᠣᠨ ᠲᠡᠰᠢ ᠬᠡᠯᠪᠠᠶᠢᠯᠭᠡᠵᠦ᠂ ᠬᠢᠯᠢ ᠶᠢᠨ ᠬᠤᠰᠢᠭᠤ ᠬᠤᠳᠠ ᠶᠢᠨ ᠲᠦᠷᠭᠡᠨ ᠬᠦᠭᠵᠢᠬᠦ ᠶᠢ ᠢᠳᠡᠪᠬᠢᠲᠡᠢ ᠳᠡᠮᠵᠢᠪᠡ᠃ ᠢᠯᠠᠩᠭᠤᠶ᠎ᠠ ᠤᠯᠤᠰ ᠠᠴᠠ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽12· 5︾ ᠶᠢᠨ ᠲᠥᠯᠥᠪᠵᠢᠭᠦᠯᠭᠡ ᠶᠢ ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠲᠤᠰ ᠠᠵᠢᠯ ᠤᠨ ᠡᠷᠴᠢᠮ ᠢᠶᠠᠨ ᠴᠢᠩᠭᠠᠷᠠᠭᠤᠯᠪᠠ᠃ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽12· 5︾ ᠶᠢᠨ ᠲᠥᠯᠥᠪᠵᠢᠭᠦᠯᠭᠡ ᠶᠢ ᠲᠣᠭᠲᠠᠭᠠᠭᠰᠠᠨ ᠮᠥᠷᠲᠡᠭᠡᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠴᠠᠭ ᠲᠣᠬᠠᠢ ᠳᠤᠨᠢ ᠲᠣᠬᠢᠷᠠᠭᠤᠯᠤᠯᠲᠠ ᠬᠢᠵᠦ᠂ ᠪᠦᠷᠢᠯᠳᠦᠬᠦᠨ ᠨᠢᠭᠡᠴᠡ ᠨᠦᠭᠦᠳ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠭ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠨᠦᠭᠦᠳ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠭᠲᠠᠭᠠᠵᠤ᠂ ᠪᠦᠬᠦ ᠲᠠᠯ᠎ᠠ ᠶᠢ ᠪᠣᠳᠣᠯᠬᠢᠯᠠᠬᠤ ᠦᠵᠡᠯ ᠰᠠᠨᠠᠭ᠎ᠠ ᠶᠢ ᠲᠣᠳᠣᠷᠬᠠᠶ ᠪᠤᠢ ᠪᠣᠯᠭᠠᠵᠤ᠂ ᠡᠬᠢ ᠪᠠᠶᠠᠯᠢᠭ ᠢ ᠳᠠᠶᠢᠴᠢᠯᠠᠵᠤ᠂ ᠨᠡᠶᠢᠯᠡᠯ ᠬᠦᠴᠦᠨ ᠢ ᠪᠤᠢ ᠪᠣᠯᠭᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠦᠷᠨᠢᠭᠦᠯᠬᠦ ᠶᠢ ᠬᠠᠮᠲᠤᠪᠡᠷ ᠲᠦᠯᠬᠢᠨ ᠠᠬᠢᠭᠤᠯᠪᠠ᠃      ᠬᠥᠲᠥᠯᠥᠭᠴᠢ᠄      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠥᠷᠨᠢᠭᠦᠯᠬᠦ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠂ ᠭᠤᠣᠯᠳᠠᠭᠤ ᠶᠠᠮᠠᠷ ᠶᠠᠮᠠᠷ ᠣᠷᠤᠭᠤᠯᠤᠯᠲᠠ ᠬᠢᠭᠰᠡᠨ ᠪᠤᠢ︖      ᠮᠧᠩ ᡁᠢ ᠵᠢᠶᠦ᠋ᠨ᠄      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠦᠷᠦᠭᠦᠯᠡᠭᠴᠢ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠥᠷᠨᠢᠭᠦᠯᠬᠦ ᠳᠤ ᠶᠡᠭᠡ ᠬᠡᠮᠵᠢᠶᠡᠨ ᠤ ᠪᠦᠲᠦᠮᠵᠢᠲᠡᠶ ᠠᠵᠢᠯ ᠬᠢᠵᠡᠢ᠃ 2000 ᠣᠨ ᠳᠤ ᠡᠨᠡ ᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠵᠥᠪᠯᠡᠯ ᠤᠨ ᠤᠳᠤᠷᠢᠳᠤᠯᠭ᠎ᠠ ᠳᠤᠭᠤᠶᠢᠯᠠᠩ ᠳᠠᠭᠠᠭᠤᠯᠤᠨ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠬᠠᠮᠢᠶ᠎ᠠ ᠪᠦᠬᠦᠢ ᠶᠠᠮᠤᠨ ᠵᠥᠪᠯᠡᠯ ᠳᠤ ᠣᠯᠠᠨ ᠤᠳᠠᠭ᠎ᠠ ᠬᠠᠷᠢᠭᠤ ᠮᠡᠳᠡᠭᠦᠯᠵᠦ᠂ ᠮᠠᠨ ᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠤᠯᠤᠰ ᠤᠨ ᠳᠡᠮᠵᠢᠯᠭᠡ ᠶᠢ ᠣᠯᠬᠤ ᠡᠷᠴᠢᠮ ᠢ ᠴᠢᠩᠭᠠᠷᠠᠭᠤᠯᠪᠠ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠨᠢ ᠲᠤᠷᠰᠢᠯᠲᠠ ᠶᠢᠨ ᠱᠠᠲᠤ᠂ ᠭᠤᠣᠯᠳᠠᠯᠭ᠎ᠠ ᠲᠠᠢ ᠱᠠᠲᠤ ᠶᠢ ᠳᠠᠮᠵᠢᠭᠠᠳ ᠪᠦᠬᠦ ᠲᠠᠯ᠎ᠠ ᠪᠠᠷ ᠶᠠᠪᠤᠭᠳᠠᠪᠠ᠃ 2000 ᠣᠨ ᠠᠴᠠ 2003 ᠣᠨ ᠪᠣᠯᠲᠠᠯ᠎ᠠ᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠣᠯᠤᠨ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤ ᠶᠢ ᠤᠯᠤᠰ ᠤᠨ ᠲᠡᠰ ᠤᠨ ᠲᠤᠷᠰᠢᠯᠲᠠ ᠶᠢᠨ ᠬᠤᠰᠢᠭᠤ ᠪᠠᠷ ᠲᠣᠭᠲᠠᠭᠠᠵᠤ᠂ ᠳᠥᠷᠪᠡᠳ ᠬᠤᠰᠢᠭᠤ ᠶᠢ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠬᠤᠰᠢᠭᠤ ᠪᠠᠷ ᠲᠣᠭᠲᠠᠭᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠤᠷᠰᠢᠯᠲᠠ ᠶᠢᠨ ᠠᠵᠢᠯ ᠢ ᠥᠷᠨᠢᠭᠦᠯᠪᠡ᠃ 2004 ᠣᠨ ᠠᠴᠠ 2006 ᠣᠨ ᠪᠣᠯᠲᠠᠯ᠎ᠠ᠂ ᠮᠠᠨ ᠤ ᠣᠷᠣᠨ ᠤ ᠰᠢᠨ᠎ᠡ ᠪᠠᠷᠭᠤ ᠪᠠᠷᠠᠭᠤᠨ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠡᠷᠢᠶᠡᠨ ᠬᠤᠳᠠ᠂ ᠤᠷᠠᠳ ᠤᠨ ᠳᠤᠮᠳᠠᠳᠤ ᠬᠤᠰᠢᠭᠤ᠂ ᠠᠯᠠᠱᠠ ᠵᠡᠭᠦᠨ ᠬᠤᠰᠢᠭᠤ ᠵᠡᠷᠭᠡ ᠲᠠᠪᠤᠨ ᠬᠤᠰᠢᠭᠤ ᠬᠤᠲᠠ ᠶᠢ ᠤᠯᠤᠰ ᠤᠨ ᠲᠡᠰ ᠤᠨ ᠭᠤᠣᠯᠳᠠᠯᠭ᠎ᠠ ᠲᠠᠢ ᠬᠤᠰᠢᠭᠤ ᠪᠠᠷ ᠲᠣᠭᠲᠠᠭᠠᠵᠤ᠂ ᠡᠷᠭᠦᠨ᠎ᠡ ᠬᠤᠲᠠ᠂ ᠵᠡᠭᠦᠨ ᠦᠵᠦᠮᠦᠴᠢᠨ ᠬᠤᠰᠢᠭᠤ ᠶᠢ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭ᠎ᠠ ᠲᠠᠢ ᠬᠤᠰᠢᠭᠤ ᠪᠠᠷ ᠲᠣᠭᠲᠠᠭᠠᠪᠠ᠃ 2007 ᠣᠨ ᠳᠤ᠂ ᠮᠠᠨ ᠤ ᠣᠷᠣᠨ ᠤ ᠰᠢᠨ᠎ᠡ ᠪᠠᠷᠭᠤ ᠵᠡᠭᠦᠨ ᠬᠤᠰᠢᠭᠤ᠂ ᠬᠠᠭᠤᠴᠢᠨ ᠪᠠᠷᠭᠤ ᠬᠤᠰᠢᠭᠤ᠂ ᠷᠠᠰᠢᠶᠠᠨ ᠬᠤᠳᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠤᠷᠠᠳ ᠤᠨ ᠬᠤᠶᠢᠲᠤ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ ᠵᠡᠷᠭᠡ 8 ᠬᠤᠰᠢᠭᠤ ᠬᠤᠲᠠ ᠶᠢ ᠭᠤᠣᠯᠳᠠᠯᠭ᠎ᠠ ᠲᠠᠢ ᠬᠤᠰᠢᠭᠤ ᠪᠠᠷ ᠲᠣᠭᠲᠠᠭᠠᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠳᠡᠮᠵᠢᠯᠭᠡ ᠶᠢ ᠣᠯᠪᠠ᠃ 2008 ᠣᠨ ᠠᠴᠠ ᠡᠬᠢᠯᠡᠨ᠂ ᠬᠢᠯᠢ ᠬᠢᠵᠠᠭᠠᠷ ᠣᠷᠣᠨ  ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ ᠮᠠᠨ ᠤ ᠣᠷᠣᠨ ᠤ 19 ᠬᠢᠯᠢ ᠬᠢᠵᠠᠭᠠᠷ ᠤᠨ ᠬᠤᠰᠢᠭᠤ ᠬᠤᠲᠠ ᠶᠢ ᠪᠦᠭᠦᠳᠡ ᠶᠢ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠪᠡᠯᠡ ᠮᠥᠩᠭᠦ ᠪᠠᠷ ᠲᠡᠳᠬᠦᠨ ᠳᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠪᠠ᠃ 2011 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠯᠥᠪᠵᠢᠭᠦᠯᠭᠡ ︵2011 — 2015 ᠣᠨ︶ ᠶᠢ ᠳᠠᠷᠤᠮᠠᠯᠯᠠᠨ ᠲᠠᠷᠬᠠᠭᠠᠵᠤ᠂ ᠪᠦᠬᠦ ᠤᠯᠤᠰ ᠤᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠥᠷᠨᠢᠭᠦᠯᠬᠦ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠦᠷᠦᠭᠦᠯᠡᠭᠴᠢ ᠬᠠᠷᠢᠭᠤᠴᠠᠯᠭ᠎ᠠ ᠪᠠᠨ ᠢᠳᠡᠪᠬᠢᠲᠡᠶ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠰᠠᠭᠤᠷᠢ ᠶᠢ ᠪᠠᠲᠤᠳᠬᠠᠬᠤ᠂ ᠵᠢᠭᠠᠨ ᠵᠢᠯᠣᠭᠤᠳᠬᠤ᠂ ᠵᠣᠬᠢᠴᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠯᠡᠮᠵᠢ ᠣᠯᠠᠨ ᠬᠢᠪᠡ᠂ ᠨᠢᠭᠡ ᠳᠤ ᠢᠳᠡᠪᠬᠢᠲᠡᠶ ᠪᠠᠷ ᠬᠠᠷᠢᠭᠤ ᠮᠡᠳᠡᠭᠦᠯᠦᠨ᠂ ᠵᠣᠬᠢᠴᠠᠭᠤᠯᠵᠤ ᠪᠠᠶᠢᠭᠠᠳ ᠤᠳᠤᠷᠢᠳᠤᠯᠭ᠎ᠠ ᠶᠢᠨ ᠬᠦᠨᠳᠦᠳᠬᠡᠯ ᠪᠣᠯᠣᠨ ᠰᠠᠯᠠᠭ᠎ᠠ ᠮᠥᠴᠢᠷ ᠤᠨ ᠳᠡᠮᠵᠢᠯᠭᠡ ᠶᠢ ᠣᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠢᠳᠡᠪᠬᠢᠲᠡᠢ ᠪᠠᠷ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠤᠯᠤᠰ ᠤᠨ ᠲᠥᠯᠥᠪᠵᠢᠭᠦᠯᠭᠡ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽12·5︾ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠪᠥᠭᠡᠳ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢ ᠴᠠᠭ ᠲᠤᠬᠠᠶ ᠳᠤᠨᠢ ᠲᠣᠬᠢᠷᠠᠭᠤᠯᠪᠠ᠃ ᠪᠦᠷᠢᠯᠳᠦᠬᠦᠨ ᠨᠢᠭᠡᠴᠡ ᠶᠢᠨ ᠰᠠᠨᠠᠯ ᠢ ᠬᠤᠷᠢᠶᠠᠬᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠨᠦᠭᠦᠳ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠭᠲᠠᠭᠠᠵᠤ᠂ ᠪᠦᠬᠦᠯᠢ ᠲᠠᠯ᠎ᠠ ᠶᠢ ᠪᠣᠳᠣᠯᠬᠢᠯᠠᠬᠤ ᠦᠵᠡᠯ ᠰᠠᠨᠠᠭ᠎ᠠ ᠶᠢ ᠲᠣᠳᠣᠷᠬᠠᠶ ᠪᠤᠢ ᠪᠣᠯᠭᠠᠵᠤ᠂ ᠡᠬᠢ ᠪᠠᠶᠠᠯᠢᠭ ᠢ ᠳᠠᠶᠢᠴᠢᠯᠠᠵᠤ᠂ ᠨᠡᠶᠢᠯᠡᠯ ᠬᠦᠴᠦᠨ ᠢ ᠪᠤᠢ ᠪᠣᠯᠭᠠᠵᠤ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠬᠠᠮᠲᠤ ᠪᠠᠷ ᠲᠥᠯᠬᠢᠨ ᠠᠬᠢᠭᠤᠯᠪᠠ᠃ ᠬᠤᠶᠠᠷ ᠲᠤ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠡᠯᠡ ᠮᠥᠩᠭᠦ ᠣᠯᠬᠤ ᠠᠵᠢᠯ ᠢ ᠢᠳᠡᠪᠬᠢᠲᠡᠢ ᠬᠢᠵᠦ᠂ ᠮᠠᠨ ᠤ ᠣᠷᠣᠨ ᠤ ᠬᠢᠯᠢ ᠬᠢᠵᠠᠭᠠᠷ ᠤᠨ ᠬᠤᠰᠢᠭᠤ ᠬᠤᠲᠠ ᠳᠠᠬᠢ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠪᠠ᠃ 2000 ᠣᠨ ᠠᠴᠠ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠬᠡᠷᠡᠭᠵᠢᠭᠦᠯᠦᠭᠰᠡᠨ ᠠᠴᠠ ᠠᠪᠤᠭᠠᠳ 2016 ᠣᠨ ᠪᠣᠯᠲᠠᠯ᠎ᠠ᠂ ᠮᠠᠨ ᠤ ᠵᠥᠪᠯᠡᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠬᠢᠯᠢ ᠬᠢᠵᠠᠭᠠᠷ ᠤᠨ ᠬᠤᠰᠢᠭᠤ ᠬᠤᠳᠠ ᠳᠤ ᠴᠥᠭᠡᠨ ᠲᠣᠭᠠᠲᠤ ᠦᠨᠳᠦᠰᠦᠲᠡᠨ ᠤ ᠬᠥᠭᠵᠢᠭᠦᠯᠦᠯᠲᠡ ᠶᠢᠨ ᠪᠡᠯᠡ ᠮᠥᠩᠭᠦ ᠶᠢ ᠨᠡᠶᠢᠲᠡ 14.4 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠡᠯ᠎ᠡ ᠲᠥᠷᠥᠯ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ 1500 ᠭᠠᠷᠤᠶ ᠶᠢ ᠬᠡᠷᠡᠭᠵᠢᠭᠦᠯᠪᠡ᠃ ᠭᠤᠷᠪᠠ ᠳᠤ ᠬᠢᠯᠢ ᠬᠢᠵᠠᠭᠠᠷ ᠤᠨ ᠠᠶᠢᠮᠠᠭ ᠬᠤᠳᠠ ᠪᠠ ᠬᠢᠯᠢ ᠬᠢᠵᠠᠭᠠᠷ ᠤᠨ ᠬᠤᠰᠢᠭᠤ ᠬᠤᠲᠠ ᠰᠢᠶᠠᠨ ᠢ ᠢᠳᠡᠪᠬᠢᠲᠡᠶ ᠪᠠᠷ ᠵᠢᠯᠣᠭᠤᠳᠴᠤ ᠪᠠᠶᠢᠭᠠᠳ ᠡᠨᠡ ᠬᠦ ᠠᠵᠢᠯ ᠢ ᠤᠷᠤᠭᠰᠢᠲᠠᠶ ᠲᠦᠯᠬᠢᠨ ᠠᠬᠢᠭᠤᠯᠵᠤ᠂ ᠡᠯ᠎ᠡ ᠭᠠᠵᠠᠷ ᠤᠨ ᠠᠵᠢᠯ ᠤᠨ ᠪᠠᠶᠢᠭᠤᠯᠤᠮᠵᠢ ᠶᠢ ᠴᠢᠩᠭᠠᠳᠬᠠᠬᠤ᠂ ᠬᠡᠷᠡᠭᠵᠢᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠢ ᠰᠠᠶᠢᠳᠤᠷ ᠰᠣᠩᠭᠤᠨ ᠮᠡᠳᠡᠭᠦᠯᠬᠦ᠂ ᠲᠥᠷᠥᠯ ᠵᠦᠢᠯ ᠤᠨ ᠬᠥᠮᠥᠷᠭᠡ ᠪᠦᠲᠦᠭᠡᠨ ᠪᠠᠶᠢᠭᠤᠯᠬᠤ ᠶᠢ ᠨᠢ ᠵᠢᠭᠠᠨ ᠵᠢᠯᠣᠭᠤᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠲᠥᠷᠥᠯ ᠵᠦᠢᠯ ᠪᠣᠯᠤᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠰᠢᠮᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠪᠡ᠃ ᠲᠦᠷᠪᠡ ᠳᠤ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠠᠶᠢᠷᠢᠯᠠᠭᠤᠯᠤᠭᠰᠠᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠬᠠᠮᠢᠶ᠎ᠠ ᠪᠦᠬᠦᠢ ᠡᠯ᠎ᠡ ᠵᠦᠢᠯ ᠤᠨ ᠠᠵᠢᠯ ᠢ ᠪᠡᠶᠡᠯᠡᠭᠦᠯᠵᠦ᠂ ᠡᠯ᠎ᠡ ᠲᠦᠷᠦᠯ ᠤᠨ ᠳ᠋ᠦᠩᠨᠡᠯᠲᠡ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠠᠵᠢᠯ ᠤᠨ ᠲᠤᠬᠠᠢ ᠬᠠᠮᠢᠶ᠎ᠠ ᠪᠦᠬᠦᠢ ᠰᠠᠨᠠᠭᠤᠯᠭ᠎ᠠ ᠶᠢ ᠢᠳᠡᠪᠬᠢᠲᠡᠶ ᠪᠠᠷ ᠳᠤᠷᠠᠳᠴᠤ᠂ ᠬᠢᠯᠢ ᠬᠢᠵᠠᠭᠠᠷ ᠣᠷᠣᠨ ᠳᠤ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠪᠠ᠃      ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠲᠤᠷᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠵᠣᠬᠢᠶᠠᠨ ᠪᠠᠶᠢᠭᠤᠯᠵᠤ ᠤᠷᠢᠳ ᠬᠤᠵᠢᠳ ᠮᠠᠨ ᠤ ᠣᠷᠣᠨ ᠢ ︽12·5︾ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠳ᠋ᠦᠩᠨᠡᠯᠲᠡ ᠪᠠ ︽13 · 5︾ ᠶᠢᠨ ᠲᠥᠯᠥᠪᠵᠢᠭᠦᠯᠭᠡ ᠶᠢᠨ ᠪᠠᠶᠢᠴᠠᠭᠠᠨ ᠰᠤᠳᠤᠯᠵᠤ ᠨᠠᠶᠢᠷᠠᠭᠤᠯᠤᠨ ᠵᠣᠬᠢᠶᠠᠬᠤ ᠨᠡᠶᠢᠲᠡᠯᠢᠭ ᠵᠢᠱᠢᠶ᠎ᠡ ᠪᠣᠯᠭᠠᠨ ᠮᠠᠨ ᠤ ᠣᠷᠣᠨ ᠳᠤ ᠣᠯᠠᠨᠲᠠ ᠢᠷᠠᠵᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠵᠥᠪᠯᠡᠯ ᠳᠡᠭᠡᠭᠰᠢ ᠤᠯᠠᠮᠵᠢᠯᠠᠵᠤ ᠳᠣᠷᠣᠭᠰᠢ ᠨᠠᠶᠢᠳᠠᠪᠤᠷᠢᠵᠢᠭᠤᠯᠬᠤ᠂ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠪᠢᠴᠢᠬᠦ᠂ ᠪᠣᠳᠠᠲᠤ ᠭᠠᠵᠠᠷ ᠲᠤ ᠪᠠᠶᠢᠴᠠᠭᠠᠨ ᠰᠤᠳᠤᠯᠬᠤ ᠶᠢ ᠵᠣᠬᠢᠴᠠᠭᠤᠯᠬᠤ ᠵᠡᠷᠭᠡ ᠠᠵᠢᠯ ᠢ ᠴᠠᠭ ᠲᠤᠬᠠᠶ ᠳᠤᠨᠢ ᠴᠢᠨᠠᠷ ᠢ ᠪᠠᠲᠤᠯᠠᠨ ᠪᠡᠶᠡᠯᠡᠭᠦᠯᠵᠦ᠂ ᠡᠯ᠎ᠡ ᠲᠦᠷᠦᠯ ᠤᠨ ᠪᠠᠶᠢᠴᠠᠭᠠᠨ ᠰᠤᠳᠤᠯᠤᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠶᠡᠭᠡ ᠬᠡᠮᠵᠢᠶᠡᠨ ᠤ ᠨᠠᠷᠢᠨ ᠨᠢᠮᠪᠠᠶ ᠠᠵᠢᠯ ᠬᠢᠪᠡ᠃ ᠲᠠᠪᠤ ᠳᠤ ᠬᠤᠯᠪᠣᠭᠳᠠᠯ ᠪᠦᠬᠦᠢ ᠰᠣᠨᠢᠨ ᠮᠡᠳᠡᠭᠡᠨ ᠤ ᠵᠠᠭᠤᠴᠢᠯᠠᠭᠤᠷ ᠲᠠᠢ ᠢᠳᠡᠪᠬᠢᠲᠡᠶ ᠪᠠᠷ ᠬᠠᠮᠵᠢᠯᠴᠠᠵᠤ ᠪᠠᠶᠢᠭᠠᠳ ᠤᠬᠠᠭᠤᠯᠭ᠎ᠠ ᠶᠢᠨ ᠡᠷᠴᠢᠮ ᠢ ᠨᠡᠮᠡᠭᠳᠡᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠬᠠᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠠᠴᠠ ᠬᠢᠯᠢ ᠬᠢᠵᠠᠭᠠᠷ ᠣᠷᠣᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠬᠦᠷᠲᠡᠭᠡᠭᠰᠡᠨ ᠠᠰᠢᠭ ᠲᠤᠰᠠ ᠶᠢ ᠤᠬᠠᠭᠤᠯᠪᠠ᠃ ᠤᠬᠠᠭᠤᠯᠭ᠎ᠠ ᠪᠠᠷ ᠳᠠᠮᠵᠢᠭᠤᠯᠤᠨ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠥᠮᠦᠰ ᠤᠨ ᠰᠡᠳᠬᠢᠯ ᠳᠤ ᠭᠦᠨ ᠰᠠᠭᠤᠭᠳᠠᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠥᠷᠨᠢᠭᠦᠯᠬᠦ ᠬᠦᠴᠦᠷᠬᠡᠭ ᠶᠡᠭᠡ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠪᠠ᠃ ᠵᠢᠷᠭᠤᠭ᠎ᠠ ᠳᠤ ᠬᠢᠯᠢ ᠬᠢᠵᠠᠭᠠᠷ ᠤᠨ ᠬᠤᠰᠢᠭᠤ ᠬᠤᠳᠠ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠳᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠲᠡᠭᠦᠨ ᠤ ᠳᠣᠲᠣᠷᠠᠬᠢ ᠴᠢᠬᠤᠯᠠ ᠨᠢᠭᠡ ᠠᠭᠤᠯᠭ᠎ᠠ ᠪᠣᠯᠭᠠᠵᠤ᠂ ᠢᠯᠠᠩᠭᠤᠶ᠎ᠠ ︽ᠭᠤᠷᠪᠠ ᠶᠢ ᠦᠵᠡᠭᠦᠯᠬᠦ ᠭᠤᠷᠪᠠ ᠶᠢ ᠠᠳᠠᠯᠢᠳᠬᠠᠬᠤ ᠭᠤᠷᠪᠠ ᠶᠢ ᠡᠭᠦᠳᠬᠦ︾ ᠶᠢ ᠥᠷᠭᠡᠨ ᠢᠶᠠᠷ ᠥᠷᠨᠢᠭᠦᠯᠵᠦ᠂ ︽ᠬᠠᠷᠢᠭᠤᠴᠠᠯᠭ᠎ᠠ ᠪᠠᠨ ᠭᠦᠢᠴᠡᠳᠬᠡᠨ ᠬᠦᠰᠡᠯ ᠪᠠᠨ ᠲᠡᠷᠭᠡᠯᠰᠢᠭᠦᠯᠬᠦ︾ ᠭᠤᠣᠯ ᠰᠡᠳᠦᠪ ᠤᠨ ᠦᠢᠯᠡᠳᠦᠯᠭᠡᠵᠢᠭᠦᠯᠦᠯᠲᠡ ᠵᠡᠷᠭᠡ ᠠᠵᠢᠯᠯᠠᠭ᠎ᠠ ᠶᠢ ᠠᠬᠢᠭᠤᠯᠬᠤ ᠳᠠᠭᠠᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠲᠠᠢ ᠤᠶᠠᠯᠳᠤᠭᠤᠯᠤᠨ ᠬᠠᠷᠢᠯᠴᠠᠨ ᠤᠷᠤᠭᠰᠢᠯᠠᠭᠤᠯᠵᠤ᠂ ᠬᠠᠷᠢᠯᠴᠠᠨ ᠠᠬᠢᠭᠤᠯᠵᠤ ᠴᠢᠳᠠᠪᠠ᠃      ᠬᠥᠲᠥᠯᠥᠭᠴᠢ᠄      ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠮᠠᠨ ᠤ ᠣᠷᠣᠨ ᠤ ᠬᠢᠯᠢ ᠬᠢᠵᠠᠭᠠᠷ ᠣᠷᠣᠨ ᠳᠤ ᠶᠠᠮᠠᠷ ᠶᠠᠮᠠᠷ ᠪᠠᠶᠠᠷᠯᠠᠭᠤᠰᠢᠲᠠᠶ ᠬᠤᠪᠢᠷᠠᠯᠲᠠ ᠭᠠᠷᠤᠭᠰᠠᠨ ᠪᠤᠢ︖      ᠮᠧᠩ ᡁᠢ ᠵᠢᠶᠦ᠋ᠨ᠄      ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠢᠯᠠᠩᠭᠤᠶ᠎ᠠ ︽12·5︾ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠯᠥᠪᠵᠢᠭᠦᠯᠭᠡ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠤᠨ ᠬᠤᠰᠢᠭᠤ ᠬᠤᠲᠠ ᠶᠢ ᠦᠨᠳᠦᠰᠦᠲᠡᠨ ᠤ ᠠᠵᠢᠯ ᠤᠨ ᠭᠤᠣᠯᠳᠠᠯᠭ᠎ᠠ ᠲᠠᠢ ᠲᠡᠳᠬᠦᠨ ᠳᠡᠮᠵᠢᠬᠦ ᠣᠷᠣᠨ ᠪᠣᠯᠭᠠᠵᠤ᠂ ᠢᠯᠭᠠᠨ ᠳᠡᠮᠵᠢᠬᠦ ᠲᠦᠷᠦ ᠶᠢᠨ ᠪᠤᠳᠦᠯᠭ᠎ᠠ ᠶᠢ ᠬᠡᠷᠡᠭᠵᠢᠭᠦᠯᠵᠦ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠲᠠᠰᠤᠷᠠᠯᠲᠠ ᠦᠭᠡᠶ ᠨᠡᠮᠡᠭᠳᠡᠭᠦᠯᠦᠨ᠂ ᠮᠠᠨ ᠤ ᠣᠷᠣᠨ ᠤ ᠬᠢᠯᠢ ᠬᠢᠵᠠᠭᠠᠷ ᠤᠨ 19 ᠬᠤᠰᠢᠭᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠣᠯᠵᠠᠶ︔ ᠦᠢᠯᠡᠳᠪᠦᠷᠢᠯᠡᠯ ᠤᠨ ᠶᠡᠷᠦᠩᠬᠡᠢ ᠦᠷᠲᠡᠭ ᠨᠢ 2010 ᠣᠨ ᠳᠤ 1112 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2015 ᠣᠨ ᠪᠤᠯᠬᠤ ᠳᠤ 1749 ᠳ᠋ᠦᠩᠰᠢᠭᠤᠷ ᠲᠥᠭᠦᠷᠢᠭ ᠪᠣᠯᠵᠤ ᠨᠡᠮᠡᠭᠳᠡᠨ᠂ ᠪᠥᠬᠦ ᠣᠷᠣᠨ ᠤ ᠳᠣᠲᠣᠷ᠎ᠠ ᠡᠵᠡᠯᠡᠬᠦ ᠬᠤᠪᠢ ᠶᠢᠨ ᠵᠢᠩ ᠨᠢ 9 % ᠪᠠᠶᠢᠭᠰᠠᠨ ᠠᠴᠠ 9.71 % ᠪᠣᠯᠵᠤ ᠳᠡᠭᠡᠭᠰᠢᠯᠡᠪᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ 969 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 1416.8 ᠳ᠋ᠦᠩᠰᠢᠭᠤᠷ ᠲᠥᠭᠦᠷᠢᠭ ᠪᠣᠯᠵᠤ ᠨᠡᠮᠡᠭᠳᠡᠭᠡᠳ᠂ ᠪᠥᠬᠦ ᠣᠷᠣᠨ ᠤ ᠳᠣᠲᠣᠷ᠎ᠠ ᠡᠵᠡᠯᠡᠬᠦ ᠬᠤᠪᠢ ᠶᠢᠨ ᠵᠢᠩ ᠨᠢ 10 % ᠪᠠᠶᠢᠭᠰᠠᠨ ᠠᠴᠠ ᠪᠠᠨ 10.25 % ᠪᠣᠯᠵᠤ ᠳᠡᠭᠡᠭᠰᠢᠯᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 62.26 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 118.12 ᠳ᠋ᠦᠩᠰᠢᠭᠤᠷ ᠲᠥᠭᠦᠷᠢᠭ ᠪᠣᠯᠵᠤ ᠨᠡᠮᠡᠭᠳᠡᠭᠡᠳ᠂ ᠪᠥᠬᠦ ᠣᠷᠣᠨ ᠤ ᠳᠣᠲᠣᠷ᠎ᠠ ᠡᠵᠡᠯᠡᠬᠦ ᠬᠤᠪᠢ ᠶᠢᠨ ᠵᠢᠩ ᠨᠢ 5.8 % ᠪᠠᠶᠢᠭᠰᠠᠨ ᠠᠴᠠ ᠪᠠᠨ 6.02 % ᠪᠣᠯᠵᠤ ᠳᠡᠭᠡᠭᠰᠢᠯᠡᠪᠡ᠃ 2015 ᠣᠨ ᠪᠣᠯᠬᠤ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠣᠷᠣᠯᠭ᠎ᠠ ᠪᠣᠯᠤᠨ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠲᠤᠰ ᠲᠤᠰ 27670 ᠲᠥᠭᠦᠷᠢᠭ ᠪᠠ 10867 ᠲᠥᠭᠦᠷᠢᠭ ᠲᠤ ᠬᠦᠷᠪᠡ᠃ ᠬᠢᠯᠢ ᠬᠢᠵᠠᠭᠠᠷ ᠣᠷᠣᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠴᠢᠩᠭᠠᠷᠠᠵᠤ᠂ 2015 ᠣᠨ ᠤ ᠡᠴᠦᠰ ᠪᠣᠯᠬᠤ ᠳᠤ᠂ ᠬᠢᠯᠢ ᠬᠢᠵᠠᠭᠠᠷ  ᠤᠨ ᠬᠤᠰᠢᠭᠤ ᠬᠤᠲᠠ ᠶᠢᠨ ᠵᠠᠰᠠᠮᠠᠯ ᠵᠠᠮ ᠤᠨ ᠪᠦᠬᠦ ᠤᠷᠳᠤ ᠨᠢ 4.05 ᠲᠦᠮᠡᠨ ᠺᠢᠯᠣᠮᠧᠲᠷ ᠲᠤ ᠬᠦᠷᠴᠦ᠂ 13 ᠬᠤᠰᠢᠭᠤ ᠰᠢᠶᠠᠨ ᠬᠤᠳᠠ ᠳᠤ ᠨᠢᠭᠡᠨᠲᠡ ᠲᠦᠷᠭᠡᠨ ᠬᠤᠷᠳᠤᠴᠠᠲᠤ ᠪᠤᠶᠤ ᠨᠢᠭᠡᠳᠦᠭᠡᠷ ᠳᠡᠰ ᠤᠨ ᠵᠠᠰᠠᠮᠠᠯ ᠵᠠᠮ ᠨᠡᠪᠲᠡᠷᠡᠪᠡ᠃ 138 ᠰᠤᠮᠤ ᠰᠢᠶᠠᠩ ᠪᠠᠯᠭᠠᠰᠤᠨ ᠳᠤ ᠪᠦᠬᠦᠨ ᠢᠶᠠᠷ ᠢᠶᠠᠨ ᠪᠠᠷᠤᠭᠰᠢᠨ ᠱᠦᠢᠨᠢ ᠵᠠᠮ ᠨᠡᠪᠲᠡᠷᠡᠵᠦ᠂ 1179 ᠭᠠᠴᠠᠭ᠎ᠠ ᠲᠣᠰᠬᠤᠨ ᠤ 784 ᠳᠤᠨᠢ ᠪᠠᠷᠤᠭᠰᠢᠨ ᠱᠦᠢᠨᠢ ᠵᠠᠮ ᠨᠡᠪᠲᠡᠷᠡᠵᠦ᠂ 1017 ᠭᠠᠴᠠᠭ᠎ᠠ ᠲᠣᠰᠬᠤᠨ ᠤ ᠵᠡᠭᠡᠯᠢ ᠭᠤᠳᠤᠮ ᠤᠨ ᠬᠠᠲᠠᠭᠤᠷᠠᠭᠤᠯᠤᠯ ᠢ ᠪᠡᠶᠡᠯᠡᠭᠦᠯᠵᠦ᠂ ᠬᠠᠲᠠᠭᠤᠷᠠᠭᠤᠯᠤᠯ ᠤᠨ ᠨᠤᠷᠮ᠎ᠠ ᠨᠢ 86.3% ᠪᠣᠯᠪᠠ᠃      ᠴᠠᠬᠢᠯᠭᠠᠨ ᠬᠦᠴᠦ ᠮᠡᠳᠡᠭᠡ ᠬᠤᠯᠪᠣᠭᠠᠨ ᠤ ᠲᠠᠯ᠎ᠠ ᠪᠠᠷ᠂ ᠬᠢᠯᠢ ᠬᠢᠵᠠᠭᠠᠷ ᠤᠨ ᠬᠤᠰᠢᠭᠤ ᠰᠢᠶᠠᠨ ᠬᠤᠳᠠ ᠨᠢᠭᠡᠪᠦᠷᠢ 220 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠦᠷᠲᠡᠭᠡ ᠶᠢ ᠠᠯᠢ ᠴᠥᠭᠡᠨ ᠳᠡᠭᠡᠨ ᠨᠢᠭᠡ ᠶᠢ ᠪᠠᠶᠢᠭᠤᠯᠵᠤ᠂ 110 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠲᠦᠭᠡᠭᠡᠬᠦ ᠲᠣᠣᠷ ᠢ ᠡᠯ᠎ᠡ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠳᠤ ᠬᠦᠷᠲᠡᠯ᠎ᠡ ᠨᠡᠪᠲᠡᠷᠡᠭᠦᠯᠪᠡ᠃ ᠬᠠᠷᠢᠶ᠎ᠠ ᠪᠦᠬᠦᠢ ᠰᠤᠮᠤ ᠰᠢᠶᠠᠩ ᠪᠠᠯᠭᠠᠰᠤ  ᠶᠢᠨ ᠪᠦᠬᠦᠨ ᠳᠤᠨᠢ ᠴᠠᠬᠢᠯᠭᠠᠨ ᠨᠡᠪᠲᠡᠷᠡᠵᠦ᠂ ᠡᠷᠦᠬᠡ ᠪᠣᠯᠭᠠᠨ ᠳᠤ ᠴᠠᠬᠢᠯᠭᠠᠨ ᠨᠡᠪᠲᠡᠷᠡᠭᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ᠃ ᠰᠢᠦᠳᠠᠨ ᠬᠤᠯᠪᠣᠭᠠᠨ ᠤ ᠲᠣᠣᠷ ᠰᠦᠯᠵᠢᠶ᠎ᠡ ᠪᠦᠬᠦ ᠰᠤᠮᠤ ᠰᠢᠶᠠᠩ ᠪᠠᠯᠭᠠᠰᠤ ᠳᠤ ᠪᠦᠷᠢᠨ ᠪᠦᠷᠬᠦᠵᠦ᠂ ᠣᠯᠠᠩᠬᠢ ᠭᠠᠴᠠᠭ᠎ᠠ ᠲᠣᠰᠬᠤᠨ ᠳᠤ ᠲᠣᠭᠲᠠᠮᠠᠯ ᠳ᠋ᠢᠶᠠᠩᠬᠤᠸᠠ ᠨᠡᠪᠲᠡᠷᠡᠪᠡ᠃ ᠰᠢᠯᠵᠢᠮᠡᠯ ᠤᠲᠠᠰᠤ ᠶᠢᠨ ᠬᠡᠷᠡᠭᠯᠡᠭᠴᠢ᠂ ᠤᠯᠠᠨ ᠤᠯᠤᠰ ᠤᠨ ᠢᠨᠲ᠋ᠧᠷ ᠰᠦᠯᠵᠢᠶᠡᠨ ᠤ ᠬᠡᠷᠡᠭᠯᠡᠭᠴᠢ ᠶᠡᠭᠡ ᠪᠠᠷ ᠨᠡᠮᠡᠭᠳᠡᠪᠡ᠃ ᠬᠢᠯᠢ ᠬᠢᠵᠠᠭᠠᠷ ᠤᠨ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠮᠡᠳᠡᠭᠳᠡᠬᠦ᠋ᠢᠴᠡ ᠳᠡᠭᠡᠭᠰᠢᠯᠡᠪᠡ᠃ ᠬᠢᠯᠢ ᠬᠢᠵᠠᠭᠠᠷ ᠤᠨ ᠬᠤᠰᠢᠭᠤ ᠬᠤᠲᠠ ᠨᠤᠭᠤᠳ ᠶᠠᠳᠠᠭᠤ ᠬᠦᠴᠢᠷᠳᠡᠯᠲᠡᠶ ᠬᠥᠮᠦᠨ ᠠᠮᠠ ᠶᠡᠭᠡ ᠪᠠᠷ ᠴᠥᠭᠡᠷᠡᠪᠡ᠃ ︽12·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠢᠯᠢ ᠬᠢᠵᠠᠭᠠᠷ ᠤᠨ ᠬᠤᠰᠢᠭᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ 6.8 ᠲᠦᠮᠡᠨ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠤᠯᠤᠰ ᠤᠨ ᠲᠤᠰᠠᠯᠠᠮᠵᠢ ᠶᠢᠨ ᠪᠡᠯᠡ ᠮᠥᠩᠭᠦ ᠶᠢ 6.1 ᠳ᠋ᠦᠩᠰᠢᠭᠤᠷ ᠲᠥᠭᠦᠷᠢᠭ ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠰᠠᠯᠠᠮᠵᠢ ᠶᠢᠨ ᠪᠡᠯᠡ ᠮᠥᠩᠭᠦ ᠶᠢ 5.8 ᠳ᠋ᠦᠩᠰᠢᠭᠤᠷ ᠲᠥᠭᠦᠷᠢᠭ ᠪᠠᠭᠤᠯᠭᠠᠵᠤ᠂ ᠶᠡᠷᠦᠩᠬᠡᠶ ᠪᠡᠯᠡ ᠣᠷᠣᠭᠤᠯᠤᠯᠲᠠ ᠶᠢ ᠪᠠᠷᠤᠭ 40 ᠳ᠋ᠦᠩᠰᠢᠭᠤᠷ ᠲᠥᠭᠦᠷᠢᠭ ᠪᠡᠶᠡᠯᠡᠭᠦᠯᠪᠡ᠃ ︽12·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠤᠨ ᠬᠤᠰᠢᠭᠤ ᠬᠤᠳᠠ ᠶᠢᠨ ᠵᠢᠵᠢᠭ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ︽ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ︾ ᠪᠡᠯᠡ ᠮᠥᠩᠭᠦ ᠶᠢ 1620 ᠲᠦᠮᠡᠨ ᠲᠥᠭᠦᠷᠢᠭ ᠲᠣᠬᠢᠷᠠᠭᠤᠯᠪᠠ᠃ ᠨᠡᠶᠢᠭᠡᠮ ᠤᠨ ᠦᠢᠯᠡᠰ ᠤᠨ ᠬᠥᠭᠵᠢᠯᠲᠡ ᠶᠡᠬᠡᠪᠡᠷ ᠲᠠᠪᠰᠢᠪᠠ᠃ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ ᠤᠨ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠪᠦᠬᠦ ᠲᠠᠯ᠎ᠠ ᠪᠠᠷ ᠳᠡᠭᠡᠭᠰᠢᠯᠡᠵᠦ᠂ ᠬᠢᠯᠢ ᠬᠢᠵᠠᠭᠠᠷ ᠤᠨ ᠠᠷᠠᠳ ᠤᠨ ᠰᠤᠷᠭᠠᠭᠤᠯᠢ ᠳᠤ ᠣᠷᠣᠬᠤ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠭᠰᠠᠨ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ ᠰᠣᠶᠣᠯ ᠤᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠪᠠ᠃ ᠰᠤᠷᠭᠠᠨ ᠬᠥᠮᠦᠵᠢᠯ ᠤᠨ ᠲᠠᠯ᠎ᠠ ᠪᠠᠷ᠂ ᠬᠢᠯᠢ ᠬᠢᠵᠠᠭᠠᠷ ᠤᠨ ᠬᠤᠰᠢᠭᠤ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠡᠩ ᠲᠡᠷᠢᠭᠦᠨ ᠳᠤ ᠭᠤᠣᠯᠳᠠᠯᠭ᠎ᠠ ᠲᠠᠢ ᠬᠥᠭᠵᠢᠪᠡ᠃ ᠬᠢᠯᠢ ᠬᠢᠵᠠᠭᠠᠷ ᠤᠨ ᠬᠤᠰᠢᠭᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠪᠠ︔ ᠬᠢᠯᠢ ᠬᠢᠵᠠᠭᠠᠷ ᠤᠨ ᠬᠤᠰᠢᠭᠤ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠥᠬᠦᠨ ᠢ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠳᠤ ᠣᠷᠣᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯ ᠲᠠᠢ ᠪᠠᠶᠢᠷᠢ ᠳᠤ ᠰᠠᠭᠤᠬᠤ ᠰᠤᠷᠤᠭᠴᠢᠳ ᠲᠤ ᠠᠮᠢᠳᠤᠷᠠᠯ ᠤᠨ ᠵᠠᠷᠤᠳᠠᠯ ᠤᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠬᠦᠷᠲᠡᠭᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠳᠤ ︽ᠬᠤᠶᠠᠷ ᠢ ᠬᠡᠯᠲᠦᠷᠢᠭᠦᠯᠬᠦ︾ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃      ᠰᠣᠶᠣᠯ ᠤᠨ ᠲᠠᠯ᠎ᠠ ᠪᠠᠷ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠡᠳᠦᠷ ᠢᠷᠡᠬᠦᠶ᠎ᠡ ᠪᠦᠷᠢᠨᠰᠢᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠬᠢᠯᠢ ᠳᠠᠭᠠᠤ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ ᠮᠠᠨ ᠤ ᠣᠷᠣᠨ ᠳᠤ ᠤᠳᠤ ᠬᠢᠯᠢ ᠬᠢᠵᠠᠭᠠᠷ ᠣᠷᠣᠨ ᠤ ᠲᠡᠮᠦᠷ ᠵᠠᠮ ᠤᠨ ᠪᠣᠭᠤᠮᠲᠠ 2᠂ ᠬᠢᠯᠢ ᠶᠢᠨ ᠵᠠᠰᠠᠮᠠᠯ ᠵᠠᠮ ᠤᠨ ᠪᠣᠭᠤᠮᠲᠠ 11 ᠪᠠᠶᠢᠵᠤ᠂ ᠡᠭᠦᠨ ᠳᠤ ᠣᠷᠣᠰ ᠲᠤ ᠬᠠᠨᠳᠤᠭᠰᠠᠨ ᠬᠢᠯᠢ ᠤᠨ ᠪᠣᠭᠤᠮᠲᠠ 4᠂ ᠮᠣᠩᠭᠤᠯ ᠳᠤ ᠬᠠᠨᠳᠤᠭᠰᠠᠨ ᠬᠢᠯᠢ ᠶᠢᠨ ᠪᠣᠭᠤᠮᠲᠠ 9 ᠪᠠᠶᠢᠵᠤ᠂ ᠳᠤᠮᠳᠠᠳᠤ ᠣᠷᠣᠰ ᠤᠨ ᠬᠠᠭᠤᠷᠠᠶ ᠵᠠᠮ ᠤᠨ ᠡᠳ᠋ ᠪᠠᠷᠠᠭ᠎ᠠ ᠶᠢᠨ ᠲᠡᠭᠡᠭᠡᠪᠦᠷᠢᠯᠡᠯᠲᠡ ᠶᠢᠨ ᠶᠡᠷᠦᠩᠬᠡᠶ ᠬᠡᠮᠵᠢᠶ᠎ᠡ ᠶᠢᠨ 65% ᠪᠠ ᠳᠤᠮᠳᠠᠳᠤ ᠮᠣᠩᠭᠤᠯ ᠤᠨ ᠬᠤᠭᠤᠷᠣᠨᠳᠣᠬᠢ ᠪᠠᠷᠠᠭ᠎ᠠ ᠲᠡᠭᠡᠭᠡᠪᠦᠷᠢᠯᠡᠯᠲᠡ ᠶᠢᠨ ᠶᠡᠷᠦᠩᠬᠡᠶ ᠬᠡᠮᠵᠢᠶ᠎ᠡ ᠶᠢᠨ 95% ᠶᠢ ᠲᠤᠰ ᠲᠤᠰ ᠡᠭᠦᠷᠭᠡᠯᠡᠵᠦ᠂ ᠮᠠᠨᠵᠤᠤᠷ ᠪᠣᠯᠣᠨ ᠡᠷᠢᠶᠡᠨ ᠬᠤᠲᠠ ᠨᠢ ᠮᠠᠨ ᠤ ᠤᠯᠤᠰ ᠤᠨ ᠣᠷᠣᠰ ᠪᠠ ᠮᠣᠩᠭᠤᠯ ᠳᠤ ᠬᠠᠨᠳᠤᠭᠰᠠᠨ ᠬᠠᠮᠤᠭ ᠤᠨ ᠶᠡᠭᠡ ᠪᠣᠭᠤᠮᠲᠠ ᠪᠣᠯᠪᠠ᠃ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ ᠪᠣᠯᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠪᠠ᠃ ᠡᠯ᠎ᠡ ᠱᠠᠲᠤᠨ ᠤ ᠡᠳ᠋ ᠤᠨ ᠵᠠᠰᠠᠭ ᠪᠡᠯᠡ ᠮᠥᠩᠭᠦᠨ ᠤ ᠣᠷᠣᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠢᠯᠢ ᠬᠢᠵᠠᠭᠠᠷ ᠤᠨ ᠡᠯ᠎ᠡ ᠬᠤᠰᠢᠭᠤ ᠬᠤᠳᠠ ᠨᠢ ᠲᠤᠰᠬᠠᠶ ᠪᠡᠯᠡ ᠮᠥᠩᠭᠦ ᠶᠢᠨ ᠬᠥᠲᠥᠯᠥᠨ ᠵᠢᠯᠣᠭᠤᠳᠤᠯᠭ᠎ᠠ ᠳᠣᠣᠷ᠎ᠠ᠂ ︽ᠲᠠᠪᠤᠨ ᠶᠡᠭᠡ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ︾᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠡᠳ᠋ ᠤᠨ ᠵᠠᠰᠠᠭ ᠤᠨ ᠣᠷᠣᠭᠤᠯᠬᠤ᠂ ᠨᠡᠶᠢᠭᠡᠮ ᠠᠴᠠ ᠪᠡᠯᠡ ᠲᠣᠬᠢᠷᠠᠭᠤᠯᠬᠤ᠂ ᠤᠯᠠᠨ ᠲᠦᠮᠡᠨ ᠥᠪᠡᠷ ᠲᠡᠭᠡᠨ ᠪᠡᠯᠡᠳᠬᠡᠬᠦ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠨᠢᠭᠡ ᠪᠦᠯᠦᠭ ᠲᠥᠷᠥᠯ ᠵᠦᠢᠯ ᠢ ᠲᠥᠪᠯᠡᠷᠡᠭᠦᠯᠦᠨ ᠪᠠᠷᠢᠯᠳᠤᠭᠤᠯᠤᠨ ᠬᠡᠷᠡᠭᠯᠡᠬᠦ ᠶᠢ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷᠲᠠᠢ ᠪᠥᠭᠡᠳ ᠲᠦᠷᠭᠡᠨ ᠬᠥᠭᠵᠢᠯᠲᠡ ᠶᠢ ᠬᠦᠴᠦᠲᠡᠶ ᠠᠬᠢᠭᠤᠯᠪᠠ᠃ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠪᠠᠬᠢᠵᠢᠯ᠂ ᠡᠶᠡᠯᠳᠡᠭ ᠬᠥᠷᠰᠢ ᠶᠢᠨ ᠨᠥᠬᠦᠷᠰᠡᠭ ᠪᠠᠶᠢᠳᠠᠯ ᠢ ᠪᠠᠬᠢᠵᠢᠭᠦᠯᠦᠨ ᠴᠢᠩᠭᠠᠳᠬᠠᠪᠠ᠃      ᠬᠥᠲᠥᠯᠥᠭᠴᠢ᠄      ᠣᠳᠣᠬᠠᠨ ᠳᠤ᠂ ᠮᠠᠨ ᠤ ᠤᠷᠤᠨ ᠤ ᠬᠢᠯᠢ ᠬᠢᠵᠠᠭᠠᠷ ᠣᠷᠣᠨ ᠳᠤ ᠪᠠᠰᠠ ᠶᠠᠮᠠᠷ ᠶᠠᠮᠠᠷ ᠬᠦᠴᠢᠷ ᠪᠡᠷᠬᠡᠰᠢᠶᠡᠯ ᠲᠤᠯᠭᠠᠷᠠᠵᠤ ᠪᠠᠶᠢᠬᠤ ᠪᠤᠢ︖      ᠮᠧᠩ ᡁᠢ ᠵᠢᠶᠦ᠋ᠨ᠄      ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽12·5︾ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠴᠠ ᠨᠠᠰᠢ ᠢᠯᠡᠳᠲᠡ ᠠᠮᠵᠢᠯᠲᠠ ᠪᠦᠲᠦᠮᠵᠢ ᠣᠯᠵᠤ᠂ ᠮᠠᠨ ᠤ ᠤᠷᠤᠨ ᠤ ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠨ᠂ ᠬᠢᠯᠢ ᠬᠢᠵᠠᠭᠠᠷ ᠣᠷᠣᠨ ᠬᠥᠭᠵᠢᠯᠲᠡ ᠶᠢᠨ ᠲᠥᠷᠭᠡᠨ ᠵᠠᠮ ᠳᠠᠭᠠᠨ ᠤᠷᠤᠵᠤ᠂ ᠬᠢᠯᠢ ᠬᠢᠵᠠᠭᠠᠷ ᠤᠷᠤᠨ ᠢ ᠲᠣᠭᠲᠠᠪᠤᠷᠢᠵᠢᠭᠤᠯᠤᠨ ᠪᠠᠬᠢᠵᠢᠭᠦᠯᠬᠦ᠂ ᠠᠷᠠᠳ ᠢ ᠪᠠᠶᠠᠵᠢᠭᠤᠯᠤᠨ᠂ ᠠᠷᠠᠳ ᠲᠤ ᠠᠰᠢᠭ ᠬᠦᠷᠲᠡᠭᠡᠬᠦ ᠳᠤ ᠴᠢᠬᠤᠯᠠ ᠦᠢᠯᠡᠳᠦᠯ ᠦᠵᠡᠭᠦᠯᠪᠡ᠃ ᠬᠡᠯᠡᠯᠭᠡᠨ ᠦᠭᠡᠢ᠂ ᠪᠢᠳᠡ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ ᠪᠠᠰᠠ ᠣᠳᠣᠬᠠᠨ ᠳᠤ ᠬᠢᠯᠢ ᠬᠢᠵᠠᠭᠠᠷ ᠤᠨ ᠬᠤᠰᠢᠭᠤ ᠬᠤᠳᠠ ᠶᠢ ᠲᠦᠷᠭᠡᠳᠬᠡᠨ ᠬᠦᠭᠵᠢᠭᠦᠯᠬᠦ ᠳᠤ ᠲᠤᠯᠭᠠᠷᠠᠵᠤ ᠪᠠᠶᠢᠭ᠎ᠠ ᠠᠰᠠᠭᠤᠳᠠᠯ ᠪᠠ ᠬᠦᠴᠢᠷᠳᠡᠯ ᠮᠦᠨᠬᠦ ᠨᠡᠯᠢᠶᠡᠳ ᠲᠤᠪᠤᠶᠢᠮ᠎ᠠ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠢ ᠶᠤᠮ᠃ ᠨᠢᠭᠡ ᠳᠤ᠂ ᠮᠠᠨ ᠤ ᠤᠷᠤᠨ ᠤ ᠬᠢᠯᠢ ᠬᠢᠵᠠᠭᠠᠷ ᠣᠷᠣᠨ ᠢ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠤᠭᠰᠠᠨ ᠡᠬᠢᠯᠡᠯᠲᠡ ᠨᠢ ᠨᠡᠯᠢᠶᠡᠳ ᠤᠷᠤᠢ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭᠳᠠᠭᠰᠠᠨ ᠵᠠᠷᠢᠮ ᠤᠰᠤ᠂ ᠴᠠᠬᠢᠯᠭᠠᠨ᠂ ᠵᠠᠮ᠂ ᠬᠡᠢ ︵ᠨᠠᠮᠤᠭ ᠤᠨ ᠬᠡᠢ︶ ᠵᠡᠷᠭᠡ ᠤᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠨᠢ ᠨᠡᠯᠢᠶᠡᠳ ᠪᠠᠭᠤᠷᠠᠶ ᠪᠠᠶᠢᠬᠤ ᠲᠡᠬᠢᠪᠡᠯ ᠪᠠᠰᠠ ᠨᠡᠯᠢᠶᠡᠳ ᠶᠡᠭᠡ ᠪᠥᠯᠥᠭ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠭᠡᠳᠦᠢ᠂ 527 ᠭᠠᠴᠠᠭ᠎ᠠ ᠲᠣᠰᠬᠤᠨ ᠳᠤ ᠪᠠᠷᠤᠭᠰᠢᠨ ᠱᠦᠢᠨᠢ ᠵᠠᠮ ᠨᠡᠪᠲᠡᠷᠡᠭᠡᠳᠦᠢ᠂ ᠵᠠᠷᠢᠮ ᠬᠢᠯᠢ ᠬᠢᠵᠠᠭᠠᠷ ᠤᠨ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠨᠥᠬᠦᠴᠡᠯ ᠨᠢ ᠠᠨᠠᠶ᠂ ᠠᠮᠢᠳᠤᠷᠠᠯ ᠤᠨ ᠪᠡᠯᠡᠳᠬᠡᠮᠵᠢ ᠨᠢ ᠪᠦᠳᠦᠭᠦᠯᠢᠭ ᠪᠠᠶᠢᠵᠤ᠂ ᠴᠢᠨᠡᠭᠡᠯᠢᠭ ᠨᠡᠶᠢᠭᠡᠮ ᠤᠨ ᠪᠠᠷᠢᠮᠵᠢᠶᠠᠨ ᠳᠤ ᠬᠦᠷᠲᠡᠯ᠎ᠡ ᠪᠠᠰᠠ ᠮᠠᠰᠢ ᠶᠡᠭᠡ ᠵᠥᠷᠢᠶ᠎ᠡ ᠲᠠᠢ ᠪᠠᠶᠢᠨ᠎ᠠ᠃ ᠬᠤᠶᠠᠷ ᠲᠤ ᠬᠢᠯᠢ ᠶᠢᠨ 19 ᠬᠤᠰᠢᠭᠤ ᠬᠤᠲᠠ ᠶᠢᠨ ᠳᠣᠲᠣᠷᠠᠬᠢ 14 ᠨᠢ ᠮᠠᠯ ᠠᠵᠤ ᠠᠬᠤᠢ ᠪᠠᠷ ᠭᠤᠣᠯ ᠪᠣᠯᠭᠠᠵᠤ᠂ ᠭᠠᠵᠠᠷ ᠨᠤᠲᠤᠭ ᠨᠢ ᠪᠦᠬᠦ ᠣᠷᠣᠨ ᠤ ᠬᠠᠭᠠᠰ ᠠᠴᠠ ᠳᠡᠭᠡᠭᠰᠢᠬᠢ ᠶᠢ ᠡᠵᠡᠯᠡᠵᠦ ᠪᠠᠶᠢᠲᠠᠯ᠎ᠠ ᠪᠠᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠨᠢ ᠵᠥᠪᠬᠡᠨ ᠪᠦᠬᠦ ᠤᠷᠤᠨ ᠤ ᠠᠷᠪᠠᠨ ᠤ ᠨᠢᠭᠡ ᠬᠤᠪᠢ ᠯᠡ ᠡᠵᠡᠯᠡᠵᠦ᠂ ᠠᠵᠤ ᠠᠬᠤᠶ ᠶᠢᠨ ᠶᠡᠷᠦᠩᠬᠡᠶ ᠪᠣᠳᠠᠲᠤ ᠬᠦᠴᠦᠨ ᠰᠤᠯᠠ᠂ ᠦᠪᠡᠷ ᠢ ᠪᠠᠨ ᠬᠦᠭᠵᠢᠭᠦᠯᠬᠦ ᠴᠢᠳᠠᠪᠤᠷᠢ ᠨᠢ ᠨᠡᠯᠢᠶᠡᠳ ᠪᠠᠭᠤᠷᠠᠶ ᠪᠠᠶᠢᠳᠠᠭ᠃ ᠠᠵᠤ ᠦᠢᠯᠡᠰ ᠤᠨ ᠪᠦᠲᠦᠴᠡ ᠨᠢ ᠳᠠᠩ ᠴᠤᠯᠭᠤᠶ᠂ ᠢᠯᠠᠩᠭᠤᠶ᠎ᠠ ᠠᠵᠤ ᠦᠢᠯᠡᠳᠪᠦᠷᠢᠵᠢᠯᠲᠡ ᠶᠢᠨ ᠬᠢᠷᠢ ᠲᠥᠪᠰᠢᠨ ᠨᠡᠯᠢᠶᠡᠳ ᠳᠣᠣᠷ᠎ᠠ ᠪᠠᠶᠢᠨ᠎ᠠ᠃ ᠠᠩᠬ᠎ᠠ ᠡᠳ᠋ᠰᠢᠭᠦᠯᠭᠡ ᠶᠢᠨ ᠪᠦᠲᠦᠭᠡᠭᠳᠡᠬᠦᠨ ᠤᠯᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠵᠦ ᠤᠯᠠᠷᠢᠭᠤᠯᠬᠤ ᠨᠣᠷᠮ᠎ᠠ ᠨᠢ 60% ᠳᠤ ᠬᠦᠷᠬᠦ ᠦᠭᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠢᠯᠡᠳᠲᠡ ᠳᠤᠲᠠᠮᠠᠭ ᠪᠠᠶᠢᠨ᠎ᠠ᠃ ᠭᠤᠷᠪᠠ ᠳᠤ ᠪᠦᠬᠦ ᠣᠷᠣᠨ ᠤ ᠳᠤᠮᠳᠠ ᠳᠡᠰ ᠠᠴᠠ ᠳᠡᠭᠡᠭᠰᠢᠬᠢ ᠠᠮᠢ ᠠᠬᠤᠶ ᠶᠢᠨ ᠬᠡᠪᠡᠷᠡᠭ ᠣᠷᠣᠨ ᠨᠢ ᠤᠯᠤᠰ ᠤᠨ ᠨᠤᠲᠤᠭ ᠳᠡᠪᠢᠰᠬᠡᠷ ᠤᠨ 62% ᠢ ᠡᠵᠡᠯᠡᠨ᠂ ᠬᠦᠨᠳᠦ ᠳᠡᠰ ᠪᠠ ᠲᠦᠢᠯ ᠤᠨ ᠬᠦᠨᠳᠦ ᠳᠡᠰ ᠨᠢ 36.7% ᠶᠢ ᠡᠵᠡᠯᠡᠵᠦ᠂ ᠨᠤᠲᠤᠭ ᠪᠡᠯᠴᠢᠭᠡᠷ ᠤᠨ ᠲᠠᠴᠢᠷᠳᠠᠵᠤ᠂ ᠡᠯᠡᠰᠦᠷᠬᠡᠭᠵᠢᠵᠦ᠂ ᠬᠤᠵᠢᠷᠰᠢᠭᠰᠠᠨ ᠲᠠᠯᠠᠪᠠᠶ ᠨᠢ 60.9% ᠣᠷᠴᠢᠮ ᠳᠤ ᠬᠦᠷᠴᠦ᠂ ᠵᠠᠷᠢᠮ ᠪᠠᠶᠢᠭᠠᠯᠢ ᠶᠢᠨ ᠨᠤᠭᠤ ᠭᠠᠵᠠᠷ ᠠᠪᠴᠢᠵᠦ ᠪᠠᠶᠢᠨ᠎ᠠ᠂ ᠡᠳᠡᠭᠡᠷ ᠭᠠᠵᠠᠷ ᠣᠷᠣᠨ ᠤ ᠣᠯᠠᠩᠬᠢ ᠨᠢ ᠬᠢᠯᠢ ᠶᠢᠨ ᠬᠤᠰᠢᠭᠤ ᠬᠤᠳᠠ ᠪᠠᠷ ᠪᠠᠶᠢᠷᠢᠯᠠᠵᠤ᠂ ᠪᠠᠶᠢᠭᠠᠯᠢ ᠶᠢᠨ ᠭᠠᠮᠰᠢᠭ ᠪᠠᠶᠢᠨ ᠲᠠᠬᠢᠨ ᠡᠭᠦᠰᠴᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠲᠡᠶᠢᠮᠦ ᠪᠠᠶᠠᠷᠯᠠᠩᠭᠤᠶ ᠪᠢᠰᠢ ᠪᠠᠶᠢᠨ᠎ᠠ᠃      ᠲᠦᠷᠪᠡ ᠳᠤ ᠨᠡᠶᠢᠭᠡᠮ ᠤᠨ ᠬᠥᠭᠵᠢᠯᠲᠡ ᠨᠢ ᠠᠵᠤ ᠠᠬᠤᠶ ᠶᠢᠨ ᠬᠥᠭᠵᠢᠯᠲᠡ ᠠᠴᠠ ᠬᠤᠴᠣᠷᠠᠩᠭᠤᠢ᠂ ᠬᠥᠳᠡᠯᠮᠦᠷᠢ ᠠᠵᠢᠯ ᠣᠯᠭᠤᠯᠲᠠ᠂ ᠣᠷᠣᠯᠭ᠎ᠠ ᠶᠢᠨ ᠬᠤᠪᠢᠶᠠᠷᠢᠯᠠᠯᠲᠠ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠤᠳ ᠮᠥᠨᠬᠦ ᠨᠡᠯᠢᠶᠡᠳ ᠲᠤᠪᠤᠶᠢᠮ᠎ᠠ ᠤᠷᠤᠰᠢᠵᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠠᠳᠠᠯᠢ ᠲᠡᠭᠰᠢ ᠪᠢᠰᠢ᠂ ᠵᠠᠷᠢᠮ ᠭᠠᠵᠠᠷ ᠣᠷᠣᠨ ᠤ ᠬᠥᠭᠵᠢᠯᠲᠡ ᠶᠢᠨ ᠬᠢᠷᠢ ᠲᠥᠪᠰᠢᠨ ᠨᠡᠯᠢᠶᠡᠳ ᠳᠣᠣᠷ᠎ᠠ ᠪᠠᠶᠢᠵᠤ᠂ ᠬᠢᠯᠢ ᠶᠢᠨ 19 ᠬᠤᠰᠢᠭᠤ ᠬᠤᠲᠠ ᠶᠢᠨ ᠳᠣᠲᠤᠷ᠎ᠠ ᠤᠯᠤᠰ ᠤᠨ ᠳᠡᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ 4᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ 6 ᠪᠠᠶᠢᠵᠤ᠂ ᠬᠢᠯᠢ ᠬᠢᠵᠠᠭᠠᠷ ᠣᠷᠣᠨ ᠳᠤ ᠪᠠᠰᠠ 11.6 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠪᠠᠶᠢᠨ᠎ᠠ᠃ ᠲᠠᠪᠤ ᠳᠤ ᠮᠠᠨ ᠤ ᠤᠷᠤᠨ ᠤ ᠤᠷᠤᠰ᠂ ᠮᠣᠩᠭᠤᠯ ᠯᠤᠭ᠎ᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶ᠎ᠠ ᠨᠡᠯᠢᠶᠡᠳ ᠪᠠᠭ᠎ᠠ᠂ ᠭᠠᠳᠠᠭᠠᠳᠤ ᠳᠤ ᠪᠡᠯᠡ ᠤᠷᠤᠭᠤᠯᠬᠤ ᠬᠦᠷᠢᠶ᠎ᠡ ᠬᠡᠪᠴᠢᠶ᠎ᠡ ᠳᠠᠩ ᠴᠤᠯᠭᠤᠶ ᠪᠠᠶᠢᠵᠤ᠂ ᠮᠣᠩᠭᠤᠯ ᠤᠯᠤᠰ ᠲᠠᠬᠢ 64% ᠠᠴᠠ ᠳᠡᠭᠡᠭᠰᠢᠬᠢ ᠪᠡᠯᠡ ᠣᠷᠣᠭᠤᠯᠤᠯᠲᠠ ᠨᠢ ᠠᠭᠤᠷᠬᠠᠶ ᠨᠡᠭᠡᠭᠡᠨ ᠠᠰᠢᠭᠯᠠᠬᠤ ᠬᠦᠷᠢᠶᠡᠨ ᠳᠤ ᠲᠠᠷᠬᠠᠵᠤ᠂ ᠣᠷᠣᠰ ᠲᠠᠬᠢ 50% ᠣᠷᠴᠢᠮ ᠤᠨ ᠪᠡᠯᠡ ᠣᠷᠣᠭᠤᠯᠤᠯᠲᠠ ᠨᠢ ᠤᠢ ᠮᠤᠳᠤ ᠣᠭᠲᠣᠯᠬᠤ ᠡᠳ᠋ᠰᠢᠭᠦᠯᠬᠦ ᠵᠢᠴᠢ ᠠᠭᠤᠷᠬᠠᠶ ᠨᠡᠬᠡᠬᠡᠨ ᠠᠰᠢᠭᠯᠠᠬᠤ ᠬᠦᠷᠢᠶᠡᠨ ᠳᠤ ᠲᠠᠷᠬᠠᠵᠤ ᠪᠠᠶᠢᠨ᠎ᠠ᠃ ᠤᠳᠤ ᠪᠠᠶᠢᠭ᠎ᠠ ᠣᠷᠣᠰ᠂ ᠮᠣᠩᠭᠤᠯ ᠬᠤᠶᠠᠷ ᠤᠯᠤᠰ ᠲᠤ ᠬᠠᠨᠳᠤᠭᠰᠠᠨ ᠪᠣᠭᠤᠮᠲᠠ ᠶᠢᠨ ᠴᠢᠳᠠᠮᠵᠢ ᠶᠢᠨ ᠤᠷᠤᠨ ᠪᠠᠶᠢᠷᠢ ᠶᠢᠨ ᠲᠣᠭᠲᠠᠭᠠᠯᠲᠠ ᠪᠣᠯᠣᠨ ᠪᠠᠶᠢᠷᠢᠭᠤᠯᠤᠯᠲᠠ ᠪᠠᠰᠠ ᠲᠡᠳᠦᠶ ᠵᠣᠬᠢᠰᠲᠠᠶ ᠪᠣᠰᠤ᠂ ᠰᠠᠭᠤᠷᠢ ᠪᠡᠯᠡᠳᠬᠡᠮᠵᠢ ᠪᠣᠯᠤᠨ ᠪᠣᠭᠤᠮᠲᠠ ᠪᠠᠷ ᠦᠩᠭᠡᠷᠡᠬᠦ ᠨᠥᠬᠦᠴᠡᠯ ᠠᠨᠠᠶ ᠪᠠᠶᠢᠵᠤ᠂ ᠤᠯᠤᠰ ᠤᠨ ᠤᠮᠠᠷᠠᠰᠢ ᠨᠡᠬᠡᠬᠡᠬᠦ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠶᠢ ᠲᠤᠩ ᠬᠠᠩᠭᠠᠵᠤ ᠳᠡᠶᠢᠯᠬᠦ ᠦᠭᠡᠢ ᠪᠠᠶᠢᠨ᠎ᠠ᠃ ᠵᠢᠷᠭᠤᠭ᠎ᠠ ᠳᠤ ᠮᠠᠨ ᠤ ᠤᠷᠤᠨ ᠨᠢ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠪᠣᠯᠣᠨ ᠨᠡᠶᠢᠰᠯᠡᠯ ᠤᠨ ᠬᠤᠲᠠ ᠬᠠᠮᠠᠭᠠᠯᠠᠬᠤ ᠭᠤᠣᠯ ᠪᠣᠯᠤᠭᠰᠠᠨ ᠤ ᠬᠤᠪᠢ ᠳᠤ᠂ ᠢᠮᠠᠭᠲᠠ ᠳᠡᠯᠡᠬᠡᠶ ᠶᠢᠨ ᠳᠠᠶᠢᠰᠤᠩᠨᠠᠭᠴᠢ ᠬᠦᠴᠦᠨ ᠤ ᠪᠢᠳᠡᠨ ᠢ ᠥᠷᠥᠨᠡᠴᠢᠯᠡᠬᠦ᠂ ᠵᠠᠳᠠᠷᠠᠭᠤᠯᠬᠤ ᠶᠢᠨ ᠬᠢᠨᠢ ᠭᠤᠣᠯᠳᠠᠯᠭ᠎ᠠ ᠲᠠᠢ ᠭᠠᠵᠠᠷ ᠣᠷᠣᠨ ᠪᠣᠯᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠂ ᠨᠡᠶᠢᠭᠡᠮ ᠢ ᠲᠣᠭᠲᠠᠭᠤᠨ ᠪᠠᠶᠢᠯᠭᠠᠬᠤ ᠡᠭᠦᠷᠭᠡ ᠮᠥᠨᠬᠦ ᠨᠦᠰᠡᠷ ᠬᠦᠨᠳᠦ ᠪᠠᠶᠢᠨ᠎ᠠ᠃      ᠬᠥᠲᠥᠯᠥᠭᠴᠢ᠄      ︽13 · 5︾ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠱᠠᠲᠤ ᠪᠤᠯᠤᠨ᠎ᠠ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠨᠢ ᠠᠯᠢ ᠠᠯᠢ ᠲᠠᠯ᠎ᠠ ᠪᠠᠷ ᠬᠦᠴᠦ ᠲᠠᠯᠪᠢᠵᠤ᠂ ᠬᠢᠯᠢ ᠬᠢᠵᠠᠭᠠᠷ ᠣᠷᠣᠨ ᠤ ᠴᠥᠭᠡᠨ ᠲᠣᠭᠠᠲᠤ ᠦᠨᠳᠦᠰᠦᠲᠡᠨ ᠢ ᠪᠦᠬᠦ ᠤᠯᠤᠰ ᠲᠠᠢ ᠴᠤᠭ ᠲᠤᠨᠢ ᠪᠦᠬᠦ ᠲᠠᠯ᠎ᠠ ᠪᠠᠷ ᠴᠢᠨᠡᠭᠡᠯᠢᠭᠵᠢᠭᠦᠯᠬᠦ ᠲᠣᠭᠲᠠᠭᠰᠠᠨ ᠬᠤᠭᠤᠴᠠᠭᠠᠨ ᠳᠤᠨᠢ ᠪᠡᠶᠡᠯᠡᠭᠦᠯᠬᠦ ᠶᠢ ᠬᠡᠷᠬᠢᠨ ᠪᠠᠲᠤᠯᠠᠬᠤ ᠪᠤᠢ︖      ᠮᠧᠩ ᡁᠢ ᠵᠢᠶᠦ᠋ᠨ᠄      ᠬᠢᠯᠢ ᠬᠢᠵᠠᠭᠠᠷ ᠣᠷᠣᠨ ᠢ ᠪᠦᠬᠦ ᠤᠯᠤᠰ ᠲᠠᠢ ᠴᠤᠭ ᠲᠤᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠦᠨᠡᠨ ᠬᠦ ᠪᠠᠲᠤᠯᠠᠬᠤ ᠶᠢᠨ ᠲᠦᠯᠦᠭᠡ᠂ ᠨᠢᠭᠡ ᠲᠠᠯ᠎ᠠ ᠪᠠᠷ᠂ ᠪᠢᠳᠡ ᠤᠯᠤᠰ ᠤᠨ ︽13· 5︾ ᠶᠢᠨ ᠲᠥᠯᠥᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠴᠠᠯᠠᠭᠠᠶᠢᠷᠠᠬᠤ ᠦᠭᠡᠢ᠂ ᠰᠤᠯᠠᠷᠠᠬᠤ ᠦᠭᠡᠢ᠂ ᠰᠠᠭᠤᠷᠢ ᠪᠠᠨ ᠰᠠᠶᠢᠨ ᠲᠠᠯᠪᠢᠵᠤ᠂ ᠳᠠᠬᠢᠨᠲᠠ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ︔ ᠨᠦᠬᠦᠭᠡ ᠲᠠᠯ᠎ᠠ ᠪᠠᠷ᠂ ᠪᠢᠳᠡ ᠶᠠᠭ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︽13 · 5︾ ᠶᠢᠨ ᠲᠥᠯᠥᠪᠵᠢᠭᠦᠯᠭᠡ ᠶᠢ ᠭᠠᠷᠳᠠᠨ ᠨᠠᠶᠢᠷᠠᠭᠤᠯᠤᠨ ᠵᠤᠬᠢᠶᠠᠵᠤ᠂ ᠬᠢᠯᠢ ᠬᠢᠵᠠᠭᠠᠷ ᠤᠨ ᠨᠢᠭᠡᠳᠦᠭᠡᠷ ᠹᠷᠣᠨᠲ ᠳᠤ ᠭᠦᠨᠵᠡᠭᠡᠶᠢᠷᠡᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠣᠳᠠᠲᠠᠶ ᠭᠠᠵᠠᠷ ᠲᠤᠨᠢ ᠣᠶᠢᠯᠠᠭᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠴᠤ᠂ ᠲᠥᠯᠥᠪᠵᠢᠭᠦᠯᠭᠡ ᠶᠢᠨ ᠲᠣᠪᠬᠢᠮᠠᠯ ᠤᠨ ᠲᠥᠰᠦᠯ ᠢ ᠲᠠᠬᠢᠨ ᠳᠠᠪᠲᠠᠨ ᠰᠤᠳᠤᠯᠤᠨ ᠶᠠᠷᠢᠯᠴᠠᠵᠤ᠂ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠪᠦᠲᠦᠮᠵᠢᠲᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠪᠢᠳᠡᠨ ᠤ ᠦᠵᠡᠬᠦ ᠪᠠᠷ᠂ ᠬᠢᠯᠢ ᠬᠢᠵᠠᠭᠠᠷ ᠣᠷᠣᠨ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠭᠤᠣᠯᠳᠠᠯᠭ᠎ᠠ ᠪᠠ ᠪᠡᠷᠬᠡᠲᠡᠶ ᠲᠠᠯ᠎ᠠ ᠪᠤᠯᠵᠤ ᠪᠠᠶᠢᠬᠤ ᠶᠢᠨ ᠴᠢᠬᠤᠯᠠ ᠲᠠᠯ᠎ᠠ ᠨᠢ ᠰᠠᠭᠤᠷᠢ ᠨᠢᠮᠭᠡᠨ᠂ ᠪᠡᠷᠬᠡ ᠶᠠᠪᠤᠳᠠᠯ ᠨᠢ ᠳᠤᠲᠠᠮᠠᠭ ᠲᠠᠯ᠎ᠠ ᠠᠷᠪᠢᠨ ᠪᠠᠶᠢᠨ᠎ᠠ᠃ ᠡᠶᠢᠮᠦ ᠠᠴᠠ᠂ ᠪᠢᠳᠡ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ︽13 · 5︾ ᠶᠢᠨ ᠲᠥᠯᠥᠪᠵᠢᠭᠦᠯᠭᠡ ᠶᠢᠨ ᠦᠨᠳᠦᠰᠦᠨ ᠬᠥᠭ ᠠᠶᠠᠰ ᠢ ︽ᠰᠠᠭᠤᠷᠢ ᠶᠢ ᠴᠢᠩᠭᠠᠳᠬᠠᠵᠤ᠂ ᠳᠤᠲᠠᠭᠳᠠᠯ ᠢ ᠨᠦᠬᠦᠬᠦ︾ ᠪᠠᠷ ᠲᠤᠭᠲᠠᠭᠠᠪᠠ᠃ ︽13 · 5︾ ᠶᠢᠨ ᠬᠤᠭᠤᠴᠠᠭᠠᠨ ᠳᠤ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠᠷ᠂ ᠦᠨᠳᠦᠰᠦᠲᠡᠨ ᠨᠦᠭᠦᠳ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠭᠤᠣᠯ ᠰᠡᠳᠦᠪ ᠢ ᠪᠠᠲᠤ ᠡᠵᠡᠮᠳᠡᠵᠦ᠂ ᠬᠢᠯᠢ ᠬᠢᠵᠠᠭᠠᠷ ᠣᠷᠣᠨ ᠪᠠ ᠥᠷᠭᠡᠨ ᠤᠯᠠᠨ ᠬᠢᠯᠢ ᠶᠢᠨ ᠠᠷᠠᠳ ᠤᠨ ᠣᠨᠴᠠᠭᠠᠶ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠪᠠᠷ ᠭᠠᠷᠳᠠᠴᠠ ᠪᠣᠯᠭᠠᠨ᠂ ᠬᠢᠯᠢ ᠬᠢᠵᠠᠭᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠯᠢ ᠬᠢᠵᠠᠭᠠᠷ ᠣᠷᠣᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠬᠢᠴᠠ ᠶᠢ ᠲᠦᠷᠭᠡᠳᠬᠡᠵᠦ᠂ ᠳᠣᠣᠷᠠᠬᠢ ᠮᠡᠲᠦ ᠬᠡᠳᠦᠨ ᠲᠠᠯ᠎ᠠ ᠶᠢᠨ ᠠᠵᠢᠯ ᠢ ᠬᠦᠴᠦ ᠲᠠᠯᠪᠢᠨ ᠰᠠᠶᠢᠲᠤᠷ ᠬᠢᠨ᠎ᠡ᠄ ᠨᠢᠭᠡ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠦᠭᠵᠢᠭᠦᠯᠬᠦ᠂ ᠠᠷᠠᠳ ᠢ ᠪᠠᠶᠠᠵᠢᠭᠤᠯᠤᠨ ᠣᠷᠣᠨ ᠢᠶᠠᠨ ᠬᠦᠴᠦᠷᠬᠡᠭᠵᠢᠭᠦᠯᠬᠦ ᠠᠬᠢᠴᠠ ᠶᠢ ᠲᠦᠯᠬᠢᠨ ᠠᠬᠢᠭᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠡᠷᠦᠩᠬᠡᠶ ᠭᠠᠷᠳᠠᠴᠠ ᠪᠠ ᠴᠢᠬᠤᠯᠠ ᠵᠢᠷᠤᠮᠯᠠᠯ ᠢ ᠭᠦᠢᠴᠡᠳᠬᠡᠨ᠎ᠡ᠃ ᠪᠢᠳᠡ ᠬᠢᠯᠢ ᠶᠢᠨ ᠬᠤᠰᠢᠭᠤ ᠬᠤᠲᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠰᠡᠳᠬᠢᠴᠡ ᠪᠠᠨ ᠠᠵᠢᠯ ᠤᠨ ᠲᠥᠯᠥᠪᠵᠢᠭᠦᠯᠭᠡ ᠪᠤᠯᠭᠠᠨ ᠨᠠᠷᠢᠯᠢᠭᠵᠢᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠤᠯᠭᠠᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠤᠯᠭᠠᠨ ᠪᠤᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠎ᠠ᠃      ᠬᠤᠶᠠᠷ ᠲᠤ ᠭᠤᠣᠯᠳᠠᠯᠭ᠎ᠠ ᠲᠠᠢ ᠠᠵᠢᠯ ᠪᠠ ᠭᠤᠣᠯᠳᠠᠯᠭ᠎ᠠ ᠲᠠᠢ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠦᠷᠦᠯ ᠵᠦᠢᠯ ᠢ ᠲᠦᠯᠬᠢᠨ ᠠᠬᠢᠭᠤᠯᠬᠤ ᠬᠤᠷᠠᠯ ᠤᠨ ᠱᠠᠭᠠᠷᠳᠠᠯᠭ᠎ᠠ ᠪᠠᠷ᠂ ᠬᠠᠷᠢᠭᠤᠴᠠᠯᠭ᠎ᠠ ᠶᠢᠨ ᠭᠤᠣᠯ ᠴᠤᠭᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠬᠢᠯᠢ ᠶᠢᠨ ᠬᠤᠰᠢᠭᠤ ᠬᠤᠲᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠠ ᠭᠤᠣᠯᠳᠠᠯᠭ᠎ᠠ ᠲᠠᠢ ᠲᠦᠷᠦᠯ ᠵᠦᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ ᠤᠯᠤᠰ ᠠᠴᠠ ᠦᠨᠳᠦᠰᠦᠲᠡᠨ ᠤ ᠭᠠᠵᠠᠷ ᠣᠷᠣᠨ ᠤ ᠡᠬᠢ ᠪᠠᠶᠠᠯᠢᠭ ᠢᠶᠠᠷ ᠳᠠᠪᠠᠭᠤᠯᠢᠭ ᠠᠵᠤ ᠦᠢᠯᠡᠰ ᠢ ᠶᠡᠭᠡ ᠪᠠᠷ ᠬᠦᠭᠵᠢᠭᠦᠯᠵᠦ᠂ ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠢ ᠦᠨᠳᠦᠰᠦᠲᠡᠨ ᠤ ᠭᠠᠵᠠᠷ ᠣᠷᠣᠨ ᠳᠤ ᠤᠷᠢᠳᠠᠪᠠᠷ ᠪᠠᠶᠢᠷᠢᠰᠢᠭᠤᠯᠬᠤ ᠶᠢ ᠳᠡᠮᠵᠢᠵᠦ ᠪᠠᠶᠢᠭ᠎ᠠ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠴᠢᠩᠭ᠎ᠠ ᠡᠵᠡᠮᠳᠡᠵᠦ᠂ ᠨᠢᠭᠡ ᠪᠦᠯᠦᠭ ᠰᠢᠨ᠎ᠡ ᠲᠤᠮᠤ ᠲᠦᠷᠦᠯ ᠵᠦᠢᠯ ᠢ ᠱᠠᠯᠠᠪᠳᠠᠨ ᠠᠷᠭ᠎ᠠ ᠰᠦᠪᠡᠭᠴᠢᠯᠡᠬᠦ ᠪᠠ ᠲᠤᠭᠲᠠᠭᠠᠨ ᠪᠠᠶᠢᠭᠤᠯᠵᠤ᠂ ᠬᠢᠯᠢ ᠬᠢᠵᠠᠭᠠᠷ ᠣᠷᠣᠨ ᠤ ᠬᠥᠭᠵᠢᠯᠲᠡ ᠶᠢ ᠲᠦᠷᠭᠡᠳᠬᠡᠬᠦ ᠳᠤ ᠪᠣᠳᠠᠰ ᠤᠨ ᠰᠠᠭᠤᠷᠢ ᠪᠠᠬᠢᠵᠢᠭᠦᠯᠵᠦ ᠦᠭᠭᠦᠨ᠎ᠡ᠃ ᠭᠤᠷᠪᠠ ᠳᠤ ᠤᠯᠤᠰ ᠤᠨ ᠬᠠᠮᠢᠶ᠎ᠠ ᠪᠥᠬᠦᠢ ᠶᠠᠮᠤᠨ ᠵᠥᠪᠯᠡᠯ ᠤᠨ ᠳᠡᠮᠵᠢᠯᠭᠡ ᠶᠢ ᠤᠯᠬᠤ ᠪᠠᠷ ᠢᠳᠡᠪᠬᠢᠯᠡᠨ᠎ᠡ᠃ ᠲᠥᠪ ᠠᠴᠠ ᠬᠢᠯᠢ ᠬᠢᠵᠠᠭᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠡᠮᠬᠢᠯᠡᠨ ᠲᠢᠭᠯᠡᠬᠦ᠂ ᠵᠤᠯᠭᠠᠭᠤᠯᠬᠤ᠂ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠡᠳᠡᠭᠡᠷ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠨ ᠬᠡᠷᠡᠭᠯᠡᠵᠦ᠂ ᠪᠤᠲᠠᠲᠠᠢ ᠭᠠᠵᠠᠷ ᠲᠤᠨᠢ ᠦᠨᠡᠨ ᠬᠦ ᠨᠠᠶᠢᠳᠠᠪᠤᠷᠢᠵᠢᠭᠤᠯᠵᠤ᠂ ᠢᠯᠠᠩᠭᠤᠶ᠎ᠠ ᠵᠥᠷᠢᠶᠡᠲᠦ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠨᠡᠶᠢᠯᠡᠮᠡᠯ ᠦᠢᠯᠡᠳᠦᠯ ᠢ ᠪᠠᠳᠠᠷᠠᠭᠤᠯᠤᠨ᠎ᠠ᠃ ᠤᠯᠤᠰ ᠤᠨ ᠬᠠᠮᠢᠶ᠎ᠠ ᠪᠥᠬᠦᠢ ᠶᠠᠮᠤᠨ ᠵᠥᠪᠯᠡᠯ ᠯᠦᠭᠡ ᠨᠡᠪᠲᠡᠷᠡᠯᠴᠡᠬᠦ ᠵᠣᠬᠢᠴᠠᠭᠤᠯᠬᠤ ᠪᠠᠨ ᠦᠷᠭᠦᠯᠵᠢᠯᠡᠨ ᠴᠢᠩᠭᠠᠳᠬᠠᠵᠤ᠂ ᠨᠡᠩ ᠤᠯᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠪᠠ ᠪᠡᠯᠡ ᠮᠥᠩᠭᠦ ᠶᠢᠨ ᠳᠡᠮᠵᠢᠯᠭᠡ ᠤᠯᠬᠤ ᠪᠠᠷ ᠴᠢᠷᠮᠠᠶᠢᠨ᠎ᠠ᠃ ᠲᠦᠷᠪᠡ ᠳᠤ ᠰᠢᠨ᠎ᠡ ᠬᠡᠪ ᠪᠠᠶᠢᠳᠠᠯ ᠳᠤᠤᠷ᠎ᠠ ᠬᠢᠯᠢ ᠬᠢᠵᠠᠭᠠᠷ ᠤᠷᠤᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯ ᠢ ᠴᠢᠷᠮᠠᠶᠢᠨ ᠰᠠᠶᠢᠲᠤᠷ ᠬᠢᠨ᠎ᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠰᠢᠨ᠎ᠡ ᠪᠠᠶᠢᠳᠠᠯ ᠤᠨ ᠳᠤᠤᠷ᠎ᠠ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠠᠳᠬᠤᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠤᠨ ᠲᠤᠬᠠᠢ ᠣᠶᠢᠯᠠᠭᠠᠯᠲᠠ ᠪᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ ᠵᠤᠬᠢᠴᠠᠯᠳᠤᠨ᠂ ᠢᠳᠡᠪᠬᠢᠲᠡᠶ ᠠᠵᠢᠯᠯᠠᠵᠤ᠂ ᠬᠢᠯᠢ ᠬᠢᠵᠠᠭᠠᠷ ᠤᠷᠤᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠪᠦᠷᠢᠨᠰᠢᠭᠦᠯᠦᠨ ᠬᠡᠷᠡᠭᠵᠢᠭᠦᠯᠵᠦ᠂ ᠬᠢᠯᠢ ᠶᠢᠨ ᠬᠤᠰᠢᠭᠤ ᠬᠤᠲᠠ ᠶᠢ ᠳᠡᠮᠵᠢᠬᠦ ᠪᠠ ᠲᠡᠳᠬᠦᠬᠦ ᠡᠷᠴᠢᠮ ᠢᠶᠠᠨ ᠤᠯᠠᠮ ᠴᠢᠩᠭᠠᠯᠠᠵᠤ᠂ ᠰᠢᠨ᠎ᠡ ᠬᠡᠪ ᠪᠠᠶᠢᠳᠠᠯ ᠳᠤᠤᠷ᠎ᠠ ᠬᠢᠯᠢ ᠬᠢᠵᠠᠭᠠᠷ ᠤᠷᠤᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯ ᠢ ᠴᠢᠷᠮᠠᠶᠢᠨ ᠰᠠᠶᠢᠲᠤᠷ ᠬᠢᠵᠦ᠂ ᠬᠢᠯᠢ ᠶᠢᠨ ᠬᠤᠰᠢᠭᠤ ᠬᠤᠳᠠ ᠶᠢ ᠪᠦᠬᠦ ᠤᠯᠤᠰ ᠲᠠᠢ ᠴᠤᠭ ᠲᠤᠨᠢ ᠬᠠᠮᠲᠤᠪᠠᠷ ᠴᠢᠨᠡᠭᠡᠯᠢᠭ ᠨᠡᠶᠢᠭᠡᠮ ᠳᠤ ᠳᠠᠪᠰᠢᠨ ᠤᠷᠤᠬᠤ ᠶᠢ ᠨᠢ ᠦᠨᠡᠨ ᠬᠦ ᠪᠠᠲᠤᠯᠠᠨ᠎ᠠ᠃      ᠬᠥᠲᠥᠯᠥᠭᠴᠢ᠄      ᠮᠧᠩ ᠡᠷᠬᠢᠯᠡᠭᠴᠢ ᠶᠢᠨ ᠲᠠᠶᠢᠯᠤᠮᠵᠢ ᠬᠢᠭᠰᠡᠨ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠳᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠶ ᠵᠤᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号