| | | 12 ᠳ᠋ᠤᠭᠠᠷ ᠰᠠᠷ᠎ᠠ ᠶᠢᠨ 16 ᠤ ᠦᠳᠡ ᠶᠢᠨ ᠬᠤᠶᠢᠨ᠎ᠠ᠂ ᠲᠡᠯᠡᠬᠡᠢ ᠶᠢᠨ ᠤᠤᠭᠠᠨ ᠬᠡᠳᠦ ᠨᠠᠷᠢᠨ ᠡᠰ ᠲᠠᠢ | ᠺᠯᠦ᠋ᠨ ᠢᠰᠢᠭᠡ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤᠨ ᠳᠠᠬᠢ ᠦᠪᠦᠷ | ᠮᠤᠩᠭᠤᠯ ᠤᠨ ᠮᠢ ᠵᠧᠨ ᠨᠤᠤᠰᠤᠨ ᠨᠡᠭᠡᠮᠡᠯ ᠤᠨ ᠺᠤᠮᠫᠠᠨᠢ ᠶᠢᠨ ᠵᠦᠩ ᠺᠧ ᠵᠧᠩ ᠪᠢᠶᠤᠤ ᠠᠮᠢᠳᠤ ᠪᠤᠳᠠᠰ ᠤᠨ | ᠰᠠᠭᠤᠷᠢᠨ ᠳᠤ ᠨᠢᠯᠬ᠎ᠠ ᠶᠢᠨ ᠲᠠᠭᠤᠨ ᠢᠶᠠᠨ ᠬᠠᠩᠬᠢᠨᠠᠭᠤᠯᠤᠬᠰᠠᠨ ᠪᠠᠶᠢᠨ᠎ᠡ᠃ | ᠵᠦᠩ ᠺᠧ ᠵᠧᠩ ᠪᠢᠶᠤᠤ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢᠨ ᠨᠢ ᠲᠤᠮᠳᠠᠳᠤ | ᠤᠯᠤᠰ ᠤᠨ ᠰᠢᠨᠵᠢᠯᠡᠬᠦ ᠤᠭᠠᠬᠠᠨ ᠤ ᠬᠦᠷᠢᠶᠡᠯᠡᠩ ᠤᠨ ᠺᠦᠨᠮᠢᠩ ᠠᠮᠢᠳᠤ ᠪᠤᠳᠠᠰ ᠤᠨ ᠰᠤᠳᠤᠯᠭᠠᠨ ᠤ ᠭᠠᠵᠠᠷ ᠤᠨ | ᠰᠤᠳᠤᠯᠭᠠᠳᠠᠨ ᠸᠠᠩ ᠸᠧᠨ ᠢᠶᠠᠷ ᠭᠤᠤᠯ ᠪᠤᠯᠭᠠᠵᠤ᠂ ᠦᠪᠦᠷ ᠮᠤᠩᠭᠤᠯ ᠤᠨ ᠮᠠᠯ ᠠᠵᠤ ᠠᠬᠤᠢ ᠲᠠᠷᠢᠶᠠᠯᠠᠩ ᠤᠨ | ᠰᠢᠨᠵᠢᠯᠡᠭᠦ ᠤᠬᠠᠭᠠᠨ ᠤ ᠬᠦᠷᠢᠶᠡᠯᠡᠩ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠶᠦᠨᠨᠠᠨ ᠤ | ᠲᠠᠷᠢᠶᠠᠯᠠᠩ ᠤᠨ ᠶᠡᠭᠡ ᠰᠤᠷᠭᠠᠭᠤᠯᠢ᠂ ᠪᠤᠷᠤᠳᠤᠬᠤᠢ ᠲᠡᠭᠡᠲᠤ ᠰᠤᠷᠭᠠᠭᠤᠯᠢ ᠲᠠᠢ ᠬᠠᠮᠲᠤᠷᠠᠯᠴᠠᠨ ᠰᠤᠳᠤᠯᠭᠠᠨ ᠤ | ᠲᠤᠭᠤᠢᠢᠯᠠᠩ ᠪᠠᠶᠢᠭᠤᠯᠵᠠᠢ᠃ ᠲᠤᠰ ᠰᠤᠳᠤᠯᠭᠠᠨ ᠤ ᠲᠤᠭᠤᠢᠢᠯᠠᠩ ᠨᠢ ᠭᠧᠨ ᠤ ᠪᠦᠯᠦᠭ ᠢᠶᠠᠷ ᠰᠤᠩᠭᠤᠵᠤ | ᠪᠤᠶᠢᠵᠢᠭᠤᠯᠬᠤ᠂ ᠭᠧᠨ ᠰᠤᠳᠤᠯᠤᠨ ᠨᠠᠶᠢᠷᠠᠭᠤᠯᠤᠨ ᠡᠭᠦᠯᠳᠡᠷ ᠰᠠᠶᠢᠵᠢᠷᠠᠭᠤᠯᠬᠤ᠂ ᠲᠦᠷᠭᠡᠨ ᠦᠷᠡᠵᠢᠭᠦᠯᠦᠨ ᠦᠰᠭᠡᠬᠦ | ᠂ ᠬᠦᠪᠦᠷᠡᠯ ᠰᠢᠯᠵᠢᠭᠦᠯᠬᠦ ᠵᠡᠷᠭᠡ ᠲᠦᠷᠪᠠᠨ ᠶᠡᠭᠡ ᠮᠡᠷᠭᠡᠵᠢᠯ ᠢᠶᠠᠷ ᠭᠤᠤᠯ ᠪᠤᠯᠭᠠᠵᠤ᠂ ᠮᠠᠯ ᠤᠨ ᠡᠭᠦᠯᠳᠡᠷ | ᠤᠬᠰᠠᠭ᠎ᠠ ᠶᠢ ᠰᠠᠶᠢᠵᠢᠷᠠᠭᠤᠯᠬᠤ ᠪᠠᠷ ᠭᠤᠤᠯ ᠵᠤᠷᠢᠯᠳᠡ ᠪᠠᠨ ᠪᠤᠯᠭᠠᠵᠠᠢ᠃ | ᠲᠤᠰ ᠺᠯᠦ᠋ᠨ ᠢᠰᠢᠭᠡ ᠶᠢᠨ ᠨᠤᠯᠤᠤᠷ ᠤᠨ ᠨᠠᠷᠢᠴᠡ ᠶᠢᠨ ᠬᠡᠮᠵᠢᠶ᠎ᠡ ᠨᠢ 13.8 ᠮᠢᠺᠷᠦᠮᠧᠲᠷ ᠲᠤ ᠭᠦᠷᠴᠤ᠂ | ︽ᠵᠦᠭᠡᠯᠡᠨ ᠠᠯᠲᠠ︾ ᠭᠡᠰᠡᠨ ᠰᠠᠶᠢᠬᠠᠨ ᠠᠯᠲᠠᠷ ᠲᠠᠢ ᠬᠤᠶᠠᠷ ᠪᠤᠭᠲᠠ ᠶᠢᠨ ᠨᠤᠯᠤᠤᠷ ᠤᠨ ᠴᠠᠭᠠᠨ ᠢᠮᠠᠭᠠᠨ ᠤ | ᠨᠤᠯᠤᠤᠷ ᠤᠨ ᠨᠠᠷᠢᠴᠡ ᠶᠢᠨ ᠬᠡᠮᠵᠢᠶ᠎ᠡ 15.8 ᠮᠢᠺᠷᠦᠮᠧᠲᠷ ᠠᠴᠠ ᠴᠤ ᠨᠠᠷᠢᠨ ᠪᠤᠯᠪᠠ᠃ ᠡᠨᠡ ᠨᠢ ᠮᠦᠨᠴᠦ ᠮᠠᠨ ᠤ | ᠤᠷᠤᠨ ᠤ ᠬᠡᠳᠦ ᠨᠠᠷᠢᠨ ᠡᠰ ᠲᠠᠢ ᠺᠯᠦ᠋ᠨ ᠢᠮᠠᠭᠠᠨ ᠤ ᠡᠭᠦᠯᠳᠡᠷ ᠤᠨ ᠪᠤᠶᠢᠵᠢᠭᠤᠯᠤᠯᠳᠡ ᠴᠢᠬᠤᠯᠠ ᠨᠢᠭᠡᠨ ᠠᠮᠵᠢᠯᠳᠡ | ᠤᠯᠤᠬᠰᠠᠨ ᠭᠡᠳᠡᠭ ᠢ ᠬᠠᠷᠠᠭᠤᠯᠵᠤ ᠪᠠᠶᠢᠨ᠎ᠠ᠃ |