ᠥᠪᠥᠷ ᠵᠠᠰᠠᠭ ᠠᠯᠪᠠᠨ ᠥᠰᠥᠭ ﹇2016﹈ 92 ᠳ᠋ᠤᠭᠠᠷ ᠲᠤᠭᠠᠳᠤ | 2016 ᠣᠨ ᠤ 5 ᠳ᠋ᠣᠭᠠᠷ ᠰᠠᠷ᠎ᠠ ᠶᠢᠨ 10 ᠤ ᠡᠳᠣᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠳᠠᠯᠭ᠎ᠠ ᠶᠢᠨ ᠴᠢᠨᠠᠷᠲᠠᠶ ᠣᠷᠣᠨ | ᠨᠤᠲᠤᠭ ᠤᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠬᠡᠷᠡᠭᠵᠢᠭᠦᠯᠬᠦ | ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠵᠣᠬᠢᠶᠠᠨ | ᠪᠠᠶᠢᠭᠤᠯᠤᠨ ᠬᠡᠷᠡᠭᠵᠢᠭᠦᠯᠲᠦᠭᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠳᠠᠯᠭ᠎ᠠ ᠶᠢᠨ | ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ | ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠬᠡᠷᠡᠭᠵᠢᠭᠦᠯᠬᠦ ᠲᠥᠰᠦᠯ | ︽ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ | ᠠᠵᠢᠯ ᠤᠨ ᠲᠥᠰᠦᠯ ᠢ ᠳᠠᠷᠤᠮᠠᠯᠯᠠᠨ ᠶᠠᠪᠣᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2016﹈ 3 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠦᠨᠳᠣᠰᠣᠯᠡᠵᠣ᠂ ᠥᠪᠡᠷᠲᠡᠭᠡᠨ ᠵᠠᠰᠠᠬᠤ ᠣᠷᠣᠨ ᠤ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ | ᠪᠠᠷᠢᠮᠵᠢᠶ᠎ᠠ ᠶᠢᠨ ᠠᠵᠢᠯ ᠤᠨ ᠪᠣᠳᠠᠳᠠᠢ ᠲᠠᠢ ᠤᠶᠠᠯᠳᠤᠭᠤᠯᠵᠤ᠂ ᠣᠨᠴᠣᠭᠤᠶᠢᠯᠠᠨ ᠲᠤᠰ ᠲᠥᠰᠦᠯ ᠢ ᠲᠣᠭᠳᠠᠭᠠᠪᠠ᠃ | ᠨᠢᠭᠡ᠂ ᠠᠵᠢᠯ ᠤᠨ ᠬᠠᠷᠠᠯᠲᠠ | ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ | ᠪᠣᠯ ᠪᠠᠷᠢᠮᠵᠢᠶᠠᠵᠢᠭᠤᠯᠬᠤ ᠥᠭᠡᠷᠡᠴᠢᠯᠡᠯᠲᠡ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠂ | ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠲᠣᠭᠲᠠᠭᠠᠬᠤ ᠵᠠᠷᠴᠢᠮ ᠪᠠ ᠬᠦᠷᠢᠶ᠎ᠡ ᠬᠡᠪᠴᠢᠶ᠎ᠡ ᠶᠣᠰᠣᠭᠠᠷ᠂ ᠤᠳᠤ ᠶᠢᠨ | ᠬᠡᠷᠡᠭᠵᠢᠭᠦᠯᠵᠦ ᠪᠠᠶᠢᠭ᠎ᠠ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠵᠢᠴᠢ ᠲᠣᠭᠲᠠᠭᠠᠵᠤ | ᠵᠠᠰᠠᠪᠤᠷᠢ ᠣᠷᠣᠭᠤᠯᠬᠤ ᠲᠥᠯᠥᠪᠯᠡᠭᠡ ᠳᠤ ᠢᠯᠭᠠᠷᠠᠭᠤᠯᠵᠣ ᠦᠨᠡᠯᠡᠨ ᠵᠢᠱᠢᠭᠦ ᠶᠢ ᠥᠷᠨᠢᠭᠦᠯᠦᠨ᠎ᠠ᠃ 2016 ᠣᠨ ᠤ | ᠵᠢᠯ ᠤᠨ ᠰᠡᠭᠦᠯᠴᠢ ᠠᠴᠠ ᠡᠮᠦᠨ᠎ᠡ᠂ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠰᠢᠢᠣᠡᠪᠣᠷᠢ ᠶᠢ ᠳᠤᠷᠠᠣᠡᠴᠣ᠂ ᠳᠠᠬᠢᠵᠣ ᠬᠡᠷᠩᠯᠡᠭᠦ | ᠦᠬᠡᠢ ᠶᠢ ᠨᠢ ᠬᠦᠴᠦᠨ ᠦᠬᠡᠢ ᠪᠣᠯᠭᠠᠵᠣ᠂ ᠠᠯᠪᠠᠳᠠᠬᠤ ᠳᠤ ᠲᠣᠬᠢᠷᠠᠬᠤ ᠦᠭᠡᠢ ᠶᠢ ᠨᠢ ᠲᠠᠨᠢᠯᠴᠠᠭᠤᠯᠭ᠎ᠠ ᠶᠢᠨ | ᠴᠢᠨᠠᠷᠲᠠᠶ ᠪᠠᠷᠢᠮᠵᠢᠶ᠎ᠠ ᠪᠣᠯᠭᠠᠨ ᠬᠤᠪᠢᠷᠠᠭᠤᠯᠵᠣ᠂ ᠦᠨᠡᠨᠬᠦ ᠠᠯᠪᠠᠳᠠᠬᠤ ᠴᠢᠬᠤᠯᠠ ᠲᠠᠢ ᠶᠢ ᠨᠢ ᠦᠷᠭᠦᠯᠵᠢᠯᠡᠨ | ᠬᠦᠴᠦᠨ ᠲᠠᠢ ᠪᠠᠶᠢᠯᠭᠠᠬᠤ ᠪᠤᠶᠤ ᠡᠮᠬᠢᠯᠡᠨ ᠨᠡᠶᠢᠯᠡᠭᠦᠯᠵᠦ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠣᠨ᠎ᠠ᠃ ᠨᠢᠭᠡ | ᠪᠦᠯᠦᠭ ᠢ ᠨᠢ ᠬᠦᠴᠦᠨ ᠤᠢᠭᠡᠢ ᠪᠣᠯᠭᠠᠬᠤ᠂ ᠨᠢᠭᠡ ᠪᠦᠯᠦᠭ ᠢ ᠨᠢ ᠬᠤᠪᠢᠷᠠᠭᠤᠯᠬᠤ᠂ ᠨᠢᠭᠡ ᠪᠦᠯᠦᠭ ᠢ ᠨᠢ ᠡᠮᠬᠢᠯᠡᠨ | ᠨᠡᠶᠢᠯᠡᠭᠦᠯᠭᠦ᠂ ᠨᠢᠭᠡ ᠪᠦᠯᠦᠭ ᠢ ᠨᠢ ᠵᠠᠰᠠᠪᠤᠷᠢ ᠣᠷᠣᠭᠤᠯᠬᠤ ᠪᠠᠷ ᠳᠠᠮᠵᠢᠭᠤᠯᠤᠨ᠂ ᠤᠳᠤ ᠶᠢᠨ ᠬᠡᠷᠡᠭᠵᠢᠭᠦᠯᠵᠦ | ᠪᠠᠶᠢᠭ᠎ᠠ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠣᠷᠣᠰᠢᠵᠤ ᠪᠠᠶᠢᠭ᠎ᠠ ᠰᠣᠯᠪᠢᠴᠠᠨ ᠳᠠᠪᠬᠤᠷᠳᠠᠵᠣ ᠪᠠᠶᠢᠬᠤ | ᠵᠥᠷᠢᠴᠡᠯ᠂ ᠭᠦᠷᠢᠶ᠎ᠡ ᠬᠡᠪᠴᠢᠶ᠎ᠠ ᠠᠴᠠ ᠳᠠᠪᠠᠭᠤᠯᠣᠨ ᠲᠣᠭᠲᠠᠭᠠᠬᠰᠠᠨ ᠵᠡᠷᠭᠡ ᠭᠤᠣᠯ ᠠᠰᠠᠭᠤᠳᠠᠯ ᠢ ᠠᠯᠬᠤᠮ | ᠠᠯᠬᠤᠮ ᠢᠶᠠᠷ ᠰᠢᠢᠣᠡᠪᠣᠷᠢᠯᠠᠨ᠂ ᠪᠦᠲᠦᠴᠡ ᠨᠢ ᠵᠦᠢ ᠵᠣᠬᠢᠰᠲᠠᠶ᠂ ᠬᠡᠪᠴᠢᠶ᠎ᠡ ᠨᠢ ᠲᠣᠬᠢᠷᠠᠮᠵᠢᠳᠠᠢ᠂ ᠠᠭᠤᠯᠭ᠎ᠠ ᠨᠢ | ᠰᠢᠨᠵᠢᠯᠡᠬᠦ ᠤᠬᠠᠭᠠᠨᠴᠢ ᠰᠢᠨ᠎ᠡ ᠬᠡᠯᠪᠡᠷᠢ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠰᠢᠰᠲ᠋ᠤᠮᠵᠢ ᠶᠢ | ᠪᠠᠶᠢᠭᠤᠯᠬᠤ ᠳᠤ ᠰᠠᠭᠤᠷᠢ ᠲᠠᠯᠪᠢᠨ᠎ᠠ᠃ | ᠬᠤᠶᠠᠷ᠂ ᠠᠵᠢᠯ ᠤᠨ ᠬᠦᠷᠢᠶ᠎ᠡ ᠬᠡᠪᠴᠢᠶ᠎ᠠ | ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠪᠣᠯᠤᠨ ᠨᠢᠭᠡᠨᠲᠡ ᠰᠡᠳᠦᠪ ᠲᠣᠭᠲᠠᠵᠣ᠂ ᠶᠠᠭ | ᠲᠣᠭᠲᠠᠭᠠᠬᠤ ᠶᠠᠪᠤᠴᠨ ᠳᠠᠭᠠᠨ ᠪᠠᠶᠢᠭ᠎ᠠ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ | ᠲᠣᠭᠲᠠᠭᠠᠵᠤ ᠵᠠᠰᠠᠪᠤᠷᠢ ᠣᠷᠣᠭᠤᠯᠬᠤ ᠲᠥᠯᠥᠪᠯᠡᠭᠡ ᠶᠢᠨ ᠲᠦᠷᠣᠯ ᠵᠦᠢᠯ᠃ | ᠭᠤᠷᠪᠠ᠂ ᠠᠵᠢᠯᠯᠠᠬᠤ ᠵᠠᠷᠴᠢᠮ | ︵ᠨᠢᠭᠡ︶ ᠨᠢᠭᠡᠳᠦᠯᠲᠡᠶ ᠬᠠᠮᠢᠶᠠᠷᠴᠤ᠂ ᠠᠵᠢᠯ ᠬᠤᠪᠢᠶᠠᠷᠢᠯᠠᠨ ᠬᠠᠷᠢᠭᠤᠴᠠᠨ᠎ᠠ᠃ ᠥᠪᠡᠷᠲᠡᠭᠡᠨ ᠵᠠᠰᠠᠬᠤ | ᠣᠷᠣᠨ ᠤ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ | ᠬᠤᠷᠠᠯ ︵ᠳᠣᠷᠣᠭᠰᠢ ᠬᠠᠮᠲᠤᠷᠠᠭᠰᠠᠨ ᠬᠤᠷᠠᠯ ᠬᠡᠵᠦ ᠲᠣᠪᠴᠢᠯᠠᠨ᠎ᠠ︶ ᠤᠨ ᠨᠢᠭᠡᠳᠦᠯᠲᠡᠶ ᠪᠠᠶᠢᠷᠢᠯᠠᠭᠤᠯᠤᠯᠲᠠ ᠳᠣᠣᠷ᠎ᠠ | ᠂ ᠨᠢᠭᠡᠳᠦᠯᠲᠡᠶ ᠠᠵᠢᠯ ᠤᠨ ᠲᠡᠰ ᠳᠠᠷᠠᠭᠠᠯᠠᠯ᠂ ᠮᠡᠷᠭᠡᠵᠢᠯ ᠤᠨ ᠠᠷᠭ᠎ᠠ ᠪᠠ ᠴᠠᠭ ᠤᠨ ᠠᠬᠢᠴᠠ ᠶᠣᠰᠣᠭᠠᠷ᠂ | ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ | ᠴᠣᠮᠬᠠᠳᠬᠠᠬᠤ ᠠᠵᠢᠯ ᠢ ᠵᠣᠬᠢᠶᠠᠨ ᠪᠠᠶᠢᠭᠤᠯᠵᠣ ᠥᠷᠨᠢᠭᠦᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠲᠣᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠤᠰ ᠠᠵᠢᠯ ᠲᠦᠷᠦᠯ ᠤᠨ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ | ᠬᠤᠯᠪᠣᠭᠳᠠᠯ ᠪᠦᠬᠦᠢ ᠪᠠᠷᠢᠮᠵᠢᠶᠠᠵᠢᠭᠤᠯᠬᠤ ᠮᠡᠷᠭᠡᠵᠢᠯ ᠤᠨ ᠺᠣᠮᠢᠰ᠂ ᠠᠵᠢᠯ ᠲᠥᠷᠥᠯ ᠤᠨ ᠨᠡᠶᠢᠭᠡᠮᠯᠢᠭ ᠪᠣᠯᠤᠨ | ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠨᠡᠶᠢᠯᠡᠮᠡᠯ | ᠬᠦᠴᠦᠨ ᠢ ᠴᠢᠷᠮᠠᠶᠢᠨ ᠪᠦᠷᠢᠯᠳᠦᠭᠦᠯᠣᠨᠠ᠃ | ︵ᠬᠤᠶᠠᠷ︶ ᠲᠣᠭᠲᠠᠭᠤᠨ ᠢᠶᠠᠷ ᠠᠬᠢᠭᠤᠯᠵᠤ᠂ ᠬᠡᠷᠩᠯᠡᠭᠦ ᠶᠢ ᠬᠠᠮᠳᠣ ᠳᠤᠨᠢ ᠬᠠᠷᠠᠭᠠᠯᠵᠠᠨ᠎ᠠ᠃ | ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠬᠡᠷᠩᠯᠡᠵᠣ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ | ᠡᠵᠡᠮᠰᠢᠵᠦ᠂ ᠪᠠᠷᠢᠮᠵᠢᠶ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠠᠵᠤ ᠦᠢᠯᠡᠰ ᠤᠨ | ᠲᠥᠷᠥ ᠶᠢᠨ ᠪᠤᠳᠤᠯᠭ᠎ᠠ᠂ ᠬᠢᠨᠠᠨ ᠬᠠᠮᠢᠶᠠᠷᠬᠤ ᠲᠥᠷᠢᠮ ᠤᠨ ᠵᠣᠯᠭᠠᠭᠤᠯᠤᠯᠲᠠ ᠶᠢ ᠭᠦᠢᠴᠡᠣᠨ ᠪᠣᠳᠣᠯᠬᠢᠯᠠᠵᠣ᠂ | ᠬᠠᠮᠢᠶ᠎ᠠ ᠪᠦᠬᠦᠢ ᠪᠠᠷᠢᠮᠵᠢᠶ᠎ᠠ ᠶᠢᠨ ᠬᠤᠭᠤᠷᠣᠨᠳᠣᠬᠢ ᠬᠠᠮᠵᠢᠯᠴᠠᠵᠣ ᠲᠦᠬᠦᠷᠵᠢᠬᠦᠯᠬᠦ ᠶᠢ ᠪᠦᠳᠣᠮᠵᠢᠳᠠᠢ ᠪᠠᠳᠣᠯᠠᠨ᠎ᠠ᠃ | ᠰᠢᠨ᠎ᠡ ᠪᠠᠷᠢᠮᠵᠢᠶ᠎ᠠ ᠶᠢ ᠲᠣᠭᠲᠠᠭᠠᠨ ᠨᠡᠶᠢᠲᠡᠯᠡᠬᠦ ᠠᠴᠠ ᠡᠮᠦᠨ᠎ᠡ᠂ ᠤᠤᠯ ᠪᠠᠷᠢᠮᠵᠢᠶ᠎ᠠ ᠶᠢ ᠳᠡᠷᠨ ᠬᠡᠪ ᠢᠶᠠᠷ ᠨᠢ | ᠬᠡᠷᠡᠭᠵᠢᠭᠦᠯᠬᠦ ᠪᠠ ᠦᠢᠯᠡᠳᠦᠯ ᠢ ᠨᠢ ᠪᠠᠳᠠᠷᠠᠭᠤᠯᠬᠤ ᠶᠢ ᠦᠨᠡᠡᠭᠦ ᠪᠠᠲᠤᠯᠠᠵᠣ᠂ ᠬᠢᠨᠠᠯᠳᠠ ᠬᠠᠮᠢᠶᠠᠷᠤᠯᠲᠠ ᠬᠢᠬᠦ | ᠦᠬᠡᠢ ᠪᠠᠷ ᠴᠢᠯᠦᠬᠡᠳᠡᠢ ᠪᠠᠶᠢᠯᠭᠠᠵᠦ ᠪᠤᠯᠬᠤ ᠦᠬᠡᠢ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠯᠣ | ᠪᠠᠭᠤᠷᠠᠭᠤᠯᠣᠨ᠎ᠠ᠃ | ᠲᠦᠷᠪᠡ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠡᠯ | ︵ᠨᠢᠭᠡ︶ ᠬᠠᠮᠲᠤᠷᠠᠭᠰᠠᠨ ᠬᠤᠷᠠᠯ ᠵᠢᠴᠢ ᠳᠡᠭᠦᠨ ᠤ ᠠᠯᠪᠠᠨ ᠭᠡᠷ᠃ ᠠᠯᠪᠠᠳᠠᠯᠭ᠎ᠠ ᠶᠢᠨ ᠴᠢᠨᠠᠷᠲᠠᠶ | ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠳᠤᠮᠳᠠ ᠵᠣᠬᠢᠴᠠᠭᠤᠯᠬᠤ | ᠴᠢᠬᠤᠯᠠᠲᠠᠶ ᠴᠢᠬᠤᠯᠠ ᠶᠡᠭᠡ ᠠᠰᠠᠭᠤᠳᠠᠯ ᠪᠠ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ | ᠰᠢᠢᠣᠡᠪᠣᠷᠢ ᠶᠢ ᠬᠠᠮᠲᠤᠷᠠᠭᠰᠠᠨ ᠬᠤᠷᠠᠯ ᠳᠤ ᠮᠡᠳᠡᠭᠦᠯᠵᠦ ᠬᠢᠨᠠᠨ ᠲᠣᠭᠲᠠᠭᠠᠨ᠎ᠠ᠃ ᠬᠠᠮᠲᠤᠷᠠᠭᠰᠠᠨ ᠬᠤᠷᠠᠯ ᠤᠨ | ᠠᠯᠪᠠᠨ ᠬᠡᠷ ᠨᠢ ᠬᠠᠮᠲᠤᠷᠠᠭᠰᠠᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠠᠵᠢᠯ ᠥᠷᠨᠢᠭᠦᠯᠭᠦ ᠶᠢ ᠰᠢᠮᠳᠠᠭᠤᠯᠣᠨ ᠵᠢᠯᠣᠭᠤᠣᠡᠴᠣ᠂ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ | ᠡᠮᠬᠢᠯᠡᠨ ᠨᠠᠶᠢᠯᠡᠭᠦᠯᠵᠣ ᠰᠢᠯᠢᠳᠡᠭᠵᠢᠭᠦᠯᠣᠨ ᠴᠣᠮᠬᠠᠳᠬᠠᠬᠤ ᠭᠦᠷᠢᠶ᠎ᠡ ᠬᠡᠪᠴᠢᠶ᠎ᠡ ᠪᠠ ᠬᠠᠷᠢᠭᠤᠴᠠᠯᠭᠠᠳᠣ ᠰᠠᠯᠠᠭ᠎ᠠ | ᠮᠥᠴᠢᠷ ᠢ ᠬᠠᠷᠢᠭᠤᠴᠠᠨ ᠲᠣᠭᠳᠠᠭᠠᠵᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠣᠷᠠᠳᠣᠭᠰᠠᠨ ᠡᠮᠬᠢᠯᠡᠨ | ᠨᠠᠶᠢᠯᠡᠭᠦᠯᠵᠣ ᠰᠢᠯᠢᠳᠡᠭᠵᠢᠭᠦᠯᠣᠨ ᠴᠣᠮᠬᠠᠳᠬᠠᠬᠤ ᠰᠢᠢᠣᠡᠪᠣᠷᠢ ᠶᠢ ᠬᠢᠨᠠᠨ ᠬᠠᠷᠭᠤᠭᠤᠯᠬᠤ ᠶᠢᠨ ᠬᠠᠮᠳᠣ᠂ | ᠬᠠᠮᠲᠤᠷᠠᠭᠰᠠᠨ ᠬᠤᠷᠠᠯ ᠳᠤ ᠲᠡᠪᠰᠢᠭᠦᠯᠣᠨ ᠬᠢᠨᠠᠨ ᠲᠣᠭᠲᠠᠭᠠᠯᠭᠠᠭᠰᠠᠨ ᠤ ᠳᠠᠷᠠᠭ᠎ᠠ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ | ᠬᠤᠷᠠᠯ ᠤᠨ ᠠᠯᠪᠠᠨ ᠭᠡᠷ ᠲᠤ ᠮᠡᠳᠡᠭᠦᠯᠣᠨ᠎ᠠ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠃ ᠥᠪᠡᠷᠲᠡᠭᠡᠨ | ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ ᠠᠬᠤᠶ ᠪᠠ ᠮᠡᠳᠡᠭᠡ | ᠵᠠᠩᠭᠢᠵᠢᠯᠲᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠤᠢ ᠰᠢᠭᠤᠶ ᠶᠢᠨ ᠲᠢᠩᠬᠢᠮ᠂ ᠣᠷᠣᠨ ᠰᠠᠭᠤᠴᠠ ᠬᠤᠳᠠ | ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ | ᠳᠣᠲᠣᠭᠠᠳᠤ ᠶᠢ ᠬᠠᠮᠠᠭᠠᠯᠠᠬᠤ ᠶᠢᠨ ᠭᠠᠯ ᠤᠨᠲᠠᠷᠠᠭᠠᠬᠤ ᠶᠡᠷᠦᠩᠬᠡᠶ ᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠲᠤᠰ ᠲᠥᠰᠦᠯ ᠢ ᠦᠨᠳᠣᠰᠣᠯᠡᠵᠣ᠂ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ | ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠠᠵᠢᠯᠯᠠᠬᠤ ᠳᠤᠭᠤᠶᠢᠯᠠᠩ ᠪᠠᠶᠢᠭᠤᠯᠣᠨ᠎ᠠ᠃ ᠲᠢᠭᠯᠡᠵᠦ ᠡᠮᠬᠢᠯᠡᠭᠰᠡᠨ ᠠᠯᠪᠠᠳᠠᠯᠭ᠎ᠠ ᠶᠢᠨ ᠴᠢᠨᠠᠷᠲᠠᠶ | ᠣᠷᠣᠨ ᠨᠤᠲᠤᠭ ᠤᠨ ᠪᠠᠷᠢᠮᠵᠢᠶ᠎ᠠ ᠶᠢᠨ ᠪᠠᠶᠢᠳᠠᠯ ᠶᠣᠰᠣᠭᠠᠷ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠵᠣᠬᠢᠶᠠᠨ | ᠪᠠᠶᠢᠭᠤᠯᠵᠤ ᠲᠤᠰᠬᠠᠶ ᠮᠡᠷᠭᠡᠵᠢᠯ ᠤᠨ ᠳᠤᠭᠤᠶᠢᠯᠠᠩ ᠢ ᠪᠦᠷᠢᠯᠳᠦᠭᠦᠯᠵᠣ᠂ ᠲᠤᠰᠬᠠᠶ ᠮᠡᠷᠭᠡᠵᠢᠯ ᠤᠨ ᠳᠤᠭᠤᠶᠢᠯᠠᠩ ᠨᠢ | ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ | ᠮᠡᠳᠡᠭᠡ ᠵᠠᠩᠭᠢᠵᠢᠯᠳᠠ ᠶᠢᠨ ᠲᠠᠪᠴᠠᠩ ︵ᠰᠦᠯᠵᠢᠶᠠᠨ ᠬᠠᠶ᠋ᠢᠭ᠄ http://qb.sacinfo.org.cn/pub᠂ | ᠬᠡᠷᠡᠭᠯᠡᠭᠴᠢ ᠶᠢᠨ ᠨᠡᠷ᠎ᠡ ᠪᠣᠯᠤᠨ ᠡᠬᠢᠨ ᠤ ᠨᠢᠭᠤᠴᠠ ᠨᠣᠮᠧᠷ ᠢ ᠳᠠᠭᠠᠯᠳᠤᠭᠤᠯᠤᠯ ᠳᠤ ᠦᠵᠡ︶ ᠳᠤ ᠭᠠᠷᠴᠣ᠂ | ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠵᠣᠷᠪᠣᠰ ᠳᠠᠷᠠᠭᠠᠯᠠᠨ ᠦᠨᠡᠯᠡᠨ ᠵᠢᠱᠢᠵᠣ᠂ | ᠬᠦᠴᠦᠨ ᠦᠭᠡᠶ ᠪᠣᠯᠭᠠᠬᠤ᠂ ᠬᠤᠪᠢᠷᠠᠭᠤᠯᠬᠤ᠂ ᠡᠮᠬᠢᠯᠡᠨ ᠨᠡᠶᠢᠯᠡᠭᠦᠯᠭᠦ᠂ ᠵᠠᠰᠠᠪᠤᠷᠢ ᠣᠷᠣᠭᠤᠯᠬᠤ ᠪᠤᠶᠤ | ᠦᠷᠭᠦᠯᠵᠢᠯᠡᠨ ᠭᠦᠴᠣᠨ ᠲᠠᠢ ᠪᠠᠶᠢᠯᠭᠠᠬᠤ ᠰᠠᠨᠠᠭᠤᠯᠭ᠎ᠠ ᠲᠣᠷᠠᠳᠣᠨ᠎ᠠ᠃ | ᠲᠠᠪᠤ᠂ ᠠᠬᠢᠴᠠ ᠶᠢᠨ ᠲᠤᠬᠢᠷᠠᠭᠤᠯᠤᠯᠲᠠ | ︵ᠨᠢᠭᠡ︶ ᠪᠡᠯᠡᠳᠬᠡᠬᠦ ᠱᠠᠳᠣ ᠦᠶ᠎ᠡ ︵2016 ᠣᠨ ᠤ 1 ᠳ᠋ᠣᠭᠡᠷ ᠰᠠᠷ᠎ᠠ ᠠᠴᠠ 2 ᠳ᠋ᠣᠭᠠᠷ ᠰᠠᠷ᠎ᠠ | ᠭᠦᠷᠳᠡᠯ᠎ᠠ︶ | ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠨᠢ | ᠤᠳᠤ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠭᠦᠢ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ | ᠪᠠᠷᠢᠮᠵᠢᠶ᠎ᠠ ᠶᠢᠨ ᠪᠠᠶᠢᠳᠠᠯ ᠢ ᠦᠢᠯᠠᠭᠠᠵᠣ᠂ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠭᠠᠷᠴᠠᠭ ᠪᠠ | ᠪᠠᠷᠢᠮᠵᠢᠶ᠎ᠠ ᠶᠢᠨ ᠪᠦᠬᠦ ᠠᠭᠤᠯᠭ᠎ᠠ ︵ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ | ᠣᠷᠣᠭᠤᠯᠬᠤ ᠲᠥᠯᠥᠪᠯᠡᠭᠡ ᠶᠢᠨ ᠲᠦᠷᠦᠯ ᠵᠦᠢᠯ ᠳᠤ ᠪᠠᠷᠢᠮᠵᠢᠶ᠎ᠠ ᠶᠢᠨ ᠡᠭᠡ ᠨᠣᠣᠷᠠᠭ ᠪᠤᠶᠤ ᠪᠠᠷᠢᠮᠵᠢᠶ᠎ᠠ ᠶᠢᠨ | ᠬᠦᠳᠦᠯᠪᠦᠷᠢ ᠶᠢ ᠬᠠᠩᠭᠠᠨ᠎ᠠ︶ ᠶᠢ ᠲᠣᠰ ᠲᠣᠰ ᠬᠠᠩᠭᠠᠵᠣ᠂ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ | ᠴᠣᠮᠬᠠᠳᠬᠠᠬᠤ ᠶᠢ ᠬᠠᠷᠢᠭᠤᠴᠠᠬᠤ ᠬᠠᠷᠢᠭᠤᠴᠠᠯᠭᠠᠳᠣ ᠰᠠᠯᠠᠭ᠎ᠠ ᠮᠥᠴᠢᠷ ᠤᠨ ᠲᠤᠬᠠᠢ ᠰᠠᠨᠠᠭᠤᠯᠭ᠎ᠠ ᠶᠢ ᠲᠣᠷᠠᠳᠣᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠶᠠᠮᠤᠨ ᠤ | ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠣᠨ᠎ᠠ᠃ ᠨᠢᠭᠤᠴᠠ ᠳᠤ ᠬᠤᠯᠪᠣᠭᠳᠠᠬᠤ | ᠠᠭᠤᠯᠭ᠎ᠠ ᠠᠴᠠ ᠪᠣᠰᠣᠣᠨ᠂ ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠶᠢ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ | ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠲᠠᠪᠴᠠᠩ ᠳᠤ ᠨᠢᠬᠡᠳᠦᠯᠳᠡᠢ | ᠳᠡᠮᠵᠢᠭᠤᠯᠣᠨᠠ᠃ | ︵ᠬᠤᠶᠠᠷ︶ ᠦᠨᠡᠯᠡᠨ ᠵᠢᠱᠢᠬᠦ ᠱᠠᠳᠤ ᠦᠶ᠎ᠡ ︵2016 ᠣᠨ ᠤ 3 ᠳ᠋ᠣᠭᠠᠷ ᠰᠠᠷ᠎ᠠ ᠠᠴᠠ 5 ᠳ᠋ᠣᠭᠠᠷ ᠰᠠᠷ᠎ᠠ | ᠭᠦᠷᠳᠡᠯ᠎ᠠ︶ | 1. ᠵᠣᠬᠢᠶᠠᠨ ᠪᠠᠶᠢᠭᠤᠯᠬᠤ ᠪᠠᠶᠢᠭᠤᠯᠤᠮᠵᠢ ᠶᠢ ᠪᠠᠶᠢᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠠᠵᠢᠯ ᠤᠨ ᠳᠤᠭᠤᠶᠢᠯᠠᠩ ᠪᠠ ᠲᠤᠰᠬᠠᠶ ᠮᠡᠷᠭᠡᠵᠢᠯ ᠤᠨ ᠳᠤᠭᠤᠶᠢᠯᠠᠩ ᠢ ᠪᠠᠶᠢᠭᠤᠯᠬᠤ ᠬᠡᠷᠡᠭᠲᠡᠶ᠃ | 2. ᠠᠵᠢᠯᠳᠠᠨ ᠢ ᠪᠣᠯᠪᠠᠰᠤᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ ᠨᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ | ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯᠳᠠᠨ ᠳᠤ ᠪᠣᠯᠪᠠᠰᠤᠷᠠᠭᠤᠯᠣᠯ ᠭᠦᠷᠳᠡᠭᠡᠵᠣ᠂ | ᠠᠵᠢᠯ ᠤᠨ ᠪᠠᠷᠢᠮᠵᠢᠶ᠎ᠠ ᠪᠠ ᠱᠠᠭᠠᠷᠳᠠᠯᠭ᠎ᠠ ᠪᠠᠨ ᠨᠢᠭᠡᠣᠡᠭᠡᠭᠦ ᠬᠡᠷᠩᠳᠠᠢ᠃ | 3. ᠦᠨᠡᠯᠡᠨ ᠵᠢᠱᠢᠬᠦ ᠠᠵᠢᠯ ᠢ ᠥᠷᠨᠢᠭᠦᠯᠣᠨ᠎ᠠ᠃ | ︵1︶ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠯᠪᠠᠳᠠᠯᠭ᠎ᠠ ᠶᠢᠨ | ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢᠨ ᠣᠳᠣᠬᠢ ᠪᠠᠶᠢᠳᠠᠯ᠂ ᠠᠰᠠᠭᠤᠳᠠᠯ ᠪᠠ ᠬᠡᠷᠡᠭᠯᠡᠵᠣ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠭᠦᠢᠴᠡᠳ ᠪᠠᠶᠢᠴᠠᠭᠠᠨ ᠰᠤᠳᠤᠯᠣᠨᠠ᠂ ᠡᠬᠦᠨ ᠳᠤ ᠠᠯᠪᠠᠳᠠᠯᠭ᠎ᠠ ᠶᠢᠨ ᠴᠢᠨᠠᠷᠲᠠᠶ ᠣᠷᠣᠨ | ᠨᠤᠲᠤᠭ ᠤᠨ ᠪᠠᠷᠢᠮᠵᠢᠶ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠵᠠᠰᠠᠭ ᠤᠨ | ᠣᠷᠳᠣᠨ ᠤ ᠪᠢᠴᠢᠭ ᠮᠠᠲ᠋ᠧᠷᠢᠶᠠᠯ ᠳᠤ ᠬᠡᠷᠩᠯᠡᠭᠳᠡᠭᠰᠠᠨ ᠡᠰᠡᠭᠦ᠂ ᠲᠣᠳᠣᠷᠬᠠᠶ ᠬᠡᠷᠡᠭᠵᠢᠭᠦᠯᠵᠤ ᠬᠢᠨᠠᠯᠲᠠ ᠲᠠᠯᠪᠢᠬᠤ | ᠰᠠᠯᠠᠭ᠎ᠠ ᠮᠥᠴᠢᠷ ᠪᠣᠯᠤᠨ ᠬᠡᠷᠡᠭᠵᠢᠭᠦᠯᠬᠦ ᠠᠷᠭ᠎ᠠ ᠬᠡᠮᠵᠢᠶ᠎ᠡ ᠪᠠᠶᠢᠬᠤ ᠡᠰᠡᠭᠦ ᠵᠢᠴᠢ ᠬᠠᠮᠢᠶ᠎ᠠ ᠪᠥᠬᠦᠢ ᠠᠵᠢᠯ | ᠲᠥᠷᠥᠯ ᠤᠨ ᠬᠦᠷᠢᠶᠡᠨ ᠳᠠᠬᠢ ᠬᠡᠷᠡᠭᠯᠡᠵᠣ ᠪᠠᠶᠢᠭ᠎ᠠ ᠪᠠᠶᠢᠳᠠᠯ ᠵᠡᠷᠭᠡ ᠶᠢ ᠪᠠᠭᠳᠠᠭᠠᠨ᠎ᠠ᠃ | ︵2︶ ᠤᠯᠤᠰ ᠤᠨ ᠪᠠᠷᠢᠮᠵᠢᠶᠠᠴᠢᠯᠠᠯᠳᠠ ᠶᠢᠨ ᠬᠠᠮᠢᠶᠠᠷᠤᠯᠳᠠ ᠶᠢᠨ ᠵᠦᠪᠯᠡᠯ ᠤᠨ ︽ᠠᠯᠪᠠᠳᠠᠯᠭ᠎ᠠ ᠶᠢᠨ | ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠶᠢᠨ ᠦᠨᠡᠯᠡᠨ ᠵᠢᠱᠢᠬᠦ ᠠᠷᠭ᠎ᠠ︾ | ᠶᠢ ᠦᠨᠳᠣᠰᠣᠯᠡᠵᠣ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠳᠤ ᠮᠡᠷᠭᠡᠵᠢᠯ ᠤᠨ ᠦᠨᠡᠯᠡᠯᠲᠡ | ᠬᠢᠵᠣ᠂ ᠬᠦᠴᠦᠨ ᠦᠭᠡᠶ ᠪᠣᠯᠭᠠᠬᠤ᠂ ᠬᠤᠪᠢᠷᠠᠭᠤᠯᠬᠤ᠂ ᠡᠮᠬᠢᠯᠡᠨ ᠨᠡᠶᠢᠯᠡᠭᠦᠯᠭᠦ᠂ ᠵᠠᠰᠠᠪᠤᠷᠢ ᠣᠷᠣᠭᠤᠯᠬᠤ ᠪᠤᠶᠤ | ᠦᠷᠭᠦᠯᠵᠢᠯᠡᠨ ᠭᠦᠴᠣᠨ ᠲᠠᠢ ᠪᠠᠶᠢᠯᠭᠠᠬᠤ ᠰᠢᠢᠣᠡᠪᠣᠷᠢ ᠲᠣᠷᠠᠳᠣᠨ᠎ᠠ᠃ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ | ᠴᠣᠮᠬᠠᠳᠬᠠᠬᠤ ᠰᠢᠢᠣᠡᠪᠣᠷᠢ ᠪᠠᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ | ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠲᠠᠪᠴᠠᠩ ᠳᠤ ᠲᠠᠭᠯᠠᠵᠤ ᠮᠡᠳᠡᠭᠦᠯᠬᠦ ᠬᠡᠷᠡᠭᠲᠡᠶ᠃ | 4. ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ | ᠰᠠᠨᠠᠭᠤᠯᠭ᠎ᠠ ᠶᠢ ᠮᠡᠳᠡᠭᠦᠯᠦᠨ ᠬᠦᠷᠭᠡᠨ᠎ᠠ᠃ ᠤᠳᠤ ᠶᠢᠨ ᠪᠠᠶᠢᠭ᠎ᠠ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ | ᠪᠠᠷᠢᠮᠵᠢᠶ᠎ᠠ ᠲᠤᠳᠤᠷᠠᠬᠢ ᠪᠦᠬᠦ ᠤᠯᠤᠰ ᠤᠨ ᠬᠡᠪᠴᠢᠶᠡᠨ ᠳᠤ ᠨᠢᠭᠡᠣᠡᠭᠦ ᠮᠡᠷᠭᠡᠵᠢᠯ ᠤᠨ ᠱᠠᠭᠠᠷᠳᠠᠯᠭ᠎ᠠ ᠳᠤ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠨᠢ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ | ᠣᠷᠣᠭᠤᠯᠬᠤ ᠰᠠᠨᠠᠭᠤᠯᠭ᠎ᠠ ᠳᠤᠷᠠᠳᠣᠨ᠂ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ ᠲᠣᠭᠲᠠᠭᠠᠵᠤ | ᠵᠠᠰᠠᠪᠤᠷᠢ ᠣᠷᠣᠭᠤᠯᠬᠤ ᠶᠢᠨ ᠴᠢᠬᠤᠯᠠ ᠴᠢᠨᠠᠷ ᠪᠠ ᠠᠯᠪᠠᠳᠠᠬᠤ ᠠᠭᠤᠯᠭ᠎ᠠ ᠶᠢ ᠲᠣᠳᠣᠷᠬᠠᠶᠢᠯᠠᠵᠣ᠂ ᠬᠠᠮᠲᠤᠷᠠᠭᠰᠠᠨ | ᠬᠤᠷᠠᠯ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ | ᠠᠩᠬ᠎ᠠ ᠬᠢᠨᠠᠭᠰᠠᠨ ᠤ ᠲᠠᠷᠠᠭ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ | ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠣᠨ᠎ᠠ᠃ | 5. ᠦᠰᠦᠭ ᠪᠢᠴᠢᠭ ᠤᠨ ᠲᠡᠮᠳᠡᠭᠯᠡᠯ ᠲᠠᠢ ᠪᠠᠶᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠠᠴᠠ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠦᠨᠡᠯᠡᠨ ᠵᠢᠱᠢᠬᠦ ᠶᠢ ᠵᠣᠬᠢᠶᠠᠨ | ᠪᠠᠶᠢᠭᠤᠯᠤᠨ ᠥᠷᠨᠢᠭᠦᠯᠭᠦ ᠦᠶᠠᠰ᠂ ᠦᠨᠡᠯᠡᠨ ᠵᠢᠱᠢᠭᠰᠡᠨ ᠶᠠᠪᠤᠴᠠ᠂ ᠦᠨᠡᠯᠡᠨ ᠵᠢᠱᠢᠭᠰᠡᠨ ᠦᠨᠳᠦᠰᠦᠯᠡᠯ᠂ ᠦᠨᠡᠯᠡᠨ | ᠵᠢᠱᠢᠭᠰᠡᠨ ᠰᠢᠢᠣᠡᠪᠣᠷᠢ᠂ ᠦᠨᠡᠯᠡᠨ ᠵᠢᠱᠢᠬᠦ ᠳᠤ ᠣᠷᠣᠯᠴᠠᠭᠰᠠᠳ ᠢ ᠴᠥᠮ ᠦᠰᠦᠭ ᠪᠢᠴᠢᠭ ᠢᠶᠠᠷ ᠲᠡᠮᠳᠡᠭᠯᠡᠵᠣ᠂ | ᠬᠤᠷᠠᠯ ᠤᠨ ᠲᠣᠪᠴᠢ ᠪᠤᠶᠤ ᠠᠵᠢᠯ ᠤᠨ ᠮᠡᠳᠡᠬᠦᠯᠦᠯᠳᠡ ᠶᠢ ᠪᠦᠷᠢᠯᠳᠣᠭᠦᠯᠭᠦ ᠬᠡᠷᠩᠳᠠᠢ᠃ | 6. ᠵᠣᠬᠢᠴᠠᠭᠤᠯᠤᠨ ᠰᠢᠢᠣᠡᠪᠣᠷᠢᠯᠡᠭᠦ ᠰᠠᠨᠠᠯ᠃ ᠬᠦᠴᠦᠨ ᠦᠭᠡᠢ ᠪᠣᠯᠭᠠᠬᠤ ᠪᠠᠷ ᠰᠠᠨᠠᠭᠤᠯᠭ᠎ᠠ ᠭᠠᠷᠭᠠᠭᠰᠠᠨ | ᠪᠠᠷᠢᠮᠵᠢᠶ᠎ᠠ ᠶᠢ ᠬᠠᠷᠢᠭᠤᠴᠠᠯᠭᠠᠳᠣ ᠰᠠᠯᠠᠭ᠎ᠠ ᠮᠥᠴᠢᠷ ᠨᠢ ᠡᠯ᠎ᠡ ᠬᠠᠮᠢᠶ᠎ᠠ ᠪᠦᠬᠦᠢ ᠬᠡᠷᠡᠭᠯᠡᠭᠦ ᠰᠠᠯᠠᠭ᠎ᠠ ᠮᠥᠴᠢᠷ ᠯᠦᠭᠡ | ᠭᠦᠢᠴᠡᠳ ᠣᠯᠣᠯᠴᠠᠵᠣ᠂ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ | ᠪᠤᠳᠤᠯᠭ᠎ᠠ ᠪᠢᠴᠢᠭ ᠮᠠᠲ᠋ᠧᠷᠢᠶᠠᠯ ᠲᠠᠢ ᠠᠪᠴᠠᠯᠳᠤᠬᠤ ᠦᠭᠡᠢ ᠪᠠᠶᠢᠬᠤ ᠪᠠᠶᠢᠳᠠᠯ ᠭᠠᠷᠬᠤ ᠠᠴᠠ ᠵᠠᠶᠢᠯᠠᠰᠬᠢᠭᠦ | ᠬᠡᠷᠩᠳᠠᠢ᠃ | ︵ᠭᠤᠷᠪᠠ︶ ᠰᠢᠢᠣᠡᠪᠣᠷᠢ ᠶᠢ ᠰᠢᠢᠣᠡᠪᠣᠷᠢᠯᠡᠭᠦ ᠱᠠᠲᠤ ᠦᠶ᠎ᠡ ︵2016 ᠣᠨ ᠤ 6 ᠳ᠋ᠣᠭᠠᠷ ᠰᠠᠷ᠎ᠠ ᠠᠴᠠ | 11 ᠳ᠋ᠣᠭᠡᠷ ᠰᠠᠷ᠎ᠠ ᠭᠦᠷᠳᠡᠯ᠎ᠠ︶ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠶᠠᠮᠤᠨ ᠤ | ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ ᠢᠶᠠᠷ ᠮᠠᠭᠠᠳᠯᠠᠭᠤᠯᠤᠬᠰᠠᠨ ᠮᠠᠨ ᠤ ᠣᠷᠣᠨ ᠤ ᠬᠦᠴᠦᠨ | ᠦᠭᠡᠢ ᠪᠣᠯᠭᠠᠬᠤ᠂ ᠬᠤᠪᠢᠷᠠᠭᠤᠯᠬᠤ ᠪᠠᠷ ᠲᠦᠯᠣᠪᠯᠡᠵᠣ ᠪᠠᠶᠢᠭ᠎ᠠ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ | ᠪᠠᠷᠢᠮᠵᠢᠶ᠎ᠠ ᠶᠢ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠨᠡᠶᠢᠭᠡᠮ ᠨᠡᠶᠢᠳᠡ ᠳᠤ 60 ᠡᠳᠦᠷ ᠢᠯᠨ ᠨᠠᠶᠢᠳᠡᠯᠠᠨ᠎ᠠ | ᠃ ᠤᠯᠤᠰ ᠤᠨ ᠠᠮᠤᠷ ᠲᠦᠪᠰᠢᠨ ᠪᠠ ᠨᠢᠭᠤᠴᠠ ᠳᠤ ᠬᠤᠯᠪᠣᠭᠳᠠᠭᠰᠠᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠣ ᠵᠣᠬᠢᠬᠤ ᠬᠡᠪᠴᠢᠶᠡᠨ ᠳᠤ ᠢᠯᠨ ᠨᠠᠶᠢᠳᠡᠯᠠᠨ᠎ᠠ᠃ | ︵ᠲᠦᠷᠪᠡ︶ ᠬᠢᠨᠠᠨ ᠲᠣᠭᠲᠠᠭᠠᠵᠣ ᠨᠡᠶᠢᠲᠡᠯᠡᠬᠦ ᠱᠠᠲᠤ ᠦᠶ᠎ᠡ ︵2016 ᠣᠨ ᠤ 12 ᠳ᠋ᠣᠭᠠᠷ ᠰᠠᠷ᠎ᠠ︶ | 1. ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ | ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠠᠴᠠ ᠬᠢᠨᠠᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ | ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠡᠯ᠎ᠡ ᠲᠠᠯ᠎ᠠ ᠶᠢᠨ ᠬᠢᠨ ᠤ ᠰᠠᠨᠠᠯ ᠢ ᠵᠣᠬᠢᠴᠠᠭᠤᠯᠤᠨ | ᠰᠢᠢᠣᠡᠪᠣᠷᠢᠯᠡᠭᠰᠠᠨ ᠤ ᠳᠠᠷᠠᠭ᠎ᠠ᠂ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠮᠡᠳᠡᠭᠦᠯᠣᠯᠳᠠ ᠪᠢᠴᠢᠵᠣ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ | ᠬᠤᠷᠠᠯ ᠤᠨ ᠠᠯᠪᠠᠨ ᠭᠡᠷ ᠲᠤ ᠮᠡᠳᠡᠭᠦᠯᠵᠣ ᠬᠢᠨᠠᠨ ᠬᠠᠷᠭᠤᠭᠤᠯᠣᠨ᠎ᠠ᠃ | 2. ᠨᠡᠶᠢᠲᠡᠯᠡᠭᠦ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠷᠢᠮᠵᠢᠶᠠᠵᠢᠭᠤᠯᠬᠤ ᠶᠢ ᠵᠣᠬᠢᠴᠠᠭᠤᠯᠤᠨ | ᠠᠬᠢᠭᠤᠯᠬᠤ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠠᠴᠠ ᠬᠢᠨᠠᠨ ᠬᠠᠷᠭᠤᠭᠤᠯᠣᠭᠰᠠᠨ ᠤ ᠳᠠᠷᠠᠭ᠎ᠠ᠂ | ᠬᠦᠴᠦᠨ ᠦᠭᠡᠢ ᠪᠣᠯᠭᠠᠬᠤ᠂ ᠬᠤᠪᠢᠷᠠᠭᠤᠯᠬᠤ ᠴᠢᠬᠤᠯᠳᠠᠢ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠯ᠎ᠡ ᠬᠠᠮᠢᠶ᠎ᠠ | ᠪᠥᠬᠦᠢ ᠬᠠᠷᠢᠭᠤᠴᠠᠯᠭᠠᠳᠣ ᠰᠠᠯᠠᠭ᠎ᠠ ᠮᠥᠴᠢᠷ ᠨᠢ ᠲᠣᠭᠲᠠᠭᠠᠭᠰᠠᠨ ᠬᠤᠭᠤᠴᠠᠭᠠᠨ ᠳᠣᠲᠣᠷ᠎ᠠ ᠲᠤᠰ ᠲᠤᠰ ᠬᠦᠴᠦᠨ | ᠦᠭᠡᠢ ᠪᠣᠯᠭᠠᠬᠤ᠂ ᠬᠤᠪᠢᠷᠠᠭᠤᠯᠬᠤ ᠠᠯᠪᠠᠨ ᠵᠡᠷ ᠨᠡᠶᠢᠲᠡᠯᠡᠵᠦ᠂ ᠬᠤᠪᠢᠷᠠᠭᠤᠯᠬᠤ ᠴᠢᠬᠤᠯᠠᠲᠠᠶ ᠶᠢ ᠨᠢ | ᠲᠠᠨᠢᠯᠴᠠᠭᠤᠯᠭ᠎ᠠ ᠶᠢᠨ ᠴᠢᠨᠠᠷᠲᠠᠶ ᠪᠠᠷᠢᠮᠵᠢᠶ᠎ᠠ ᠲᠣᠭᠲᠠᠭᠠᠵᠤ ᠵᠠᠰᠠᠪᠤᠷᠢ ᠣᠷᠣᠭᠤᠯᠬᠤ ᠳᠡᠰ ᠳᠠᠷᠠᠭᠠᠯᠠᠯ ᠶᠣᠰᠣᠭᠠᠷ | ᠬᠤᠪᠢᠷᠠᠭᠤᠯᠣᠨ᠎ᠠ︔ ᠡᠮᠬᠢᠯᠡᠨ ᠨᠡᠶᠢᠯᠡᠭᠦᠯᠭᠦ᠂ ᠵᠠᠰᠠᠪᠤᠷᠢ ᠣᠷᠣᠭᠤᠯᠬᠤ ᠴᠢᠬᠤᠯᠳᠠᠢ ᠠᠯᠪᠠᠳᠠᠯᠭ᠎ᠠ ᠶᠢᠨ ᠴᠢᠨᠠᠷᠲᠠᠶ | ᠪᠠᠷᠢᠮᠵᠢᠶ᠎ᠠ ᠶᠢ ᠤᠯᠤᠰ ᠤᠨ ᠪᠠᠷᠢᠮᠵᠢᠶᠠᠴᠢᠯᠠᠯᠳᠠ ᠶᠢᠨ ᠬᠠᠮᠢᠶᠠᠷᠤᠯᠳᠠ ᠶᠢᠨ ᠵᠦᠪᠯᠡᠯ ᠠᠴᠠ ᠭᠠᠳᠠᠭᠰᠢ ᠦᠷ᠎ᠡ ᠳ᠋ᠦᠩ ᠢ | ᠨᠠᠶᠢᠳᠡᠯᠡᠭᠦ ᠶᠢᠨ ᠬᠠᠮᠳᠣ᠂ ᠡᠭᠦᠨ ᠢ ᠦᠨᠳᠦᠰᠦᠯᠡᠨ ᠰᠢᠨ᠎ᠡ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠲᠣᠭᠲᠠᠭᠠᠵᠤ | ᠵᠠᠰᠠᠪᠤᠷᠢ ᠣᠷᠣᠭᠤᠯᠬᠤ ᠲᠥᠯᠥᠪᠯᠡᠭᠡ ᠶᠢ ᠲᠣᠬᠢᠷᠠᠭᠤᠯᠣᠨ᠎ᠠ᠃ | ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠠᠵᠢᠯᠳᠠᠨ ᠤ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠨᠢ ᠲᠤᠰ ᠲᠥᠰᠦᠯ ᠪᠠ ᠪᠣᠳᠠᠳᠣ ᠬᠡᠷᠡᠭᠴᠡᠭᠡ ᠪᠠᠨ ᠦᠨᠳᠦᠰᠦᠯᠡᠨ᠂ ᠲᠣᠰ ᠲᠦᠷᠣᠯ ᠤᠨ ᠠᠵᠢᠯ ᠢ ᠲᠤᠰᠬᠠᠶ | ᠬᠥᠮᠦᠨ ᠲᠣᠬᠢᠷᠠᠭᠤᠯᠤᠨ ᠪᠣᠳᠠᠲᠠᠶ ᠬᠠᠷᠢᠭᠤᠴᠠᠭᠤᠯᠬᠤ ᠬᠡᠷᠡᠭᠲᠡᠶ᠃ ᠡᠭᠦᠨ ᠤ ᠬᠠᠮᠲᠤ᠂ ᠪᠠᠷᠢᠮᠵᠢᠶᠠᠵᠢᠭᠤᠯᠬᠤ ᠲᠤᠰᠬᠠᠶ | ᠪᠠᠶᠢᠭᠤᠯᠤᠮᠵᠢ ᠨᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ ᠠᠵᠢᠯ ᠳᠤ ᠮᠡᠷᠭᠡᠵᠢᠯ ᠤᠨ | ᠲᠤᠯᠭᠠᠭᠤᠷᠢᠯᠡᠯ ᠬᠠᠩᠭᠠᠬᠤ ᠬᠡᠷᠩᠳᠠᠢ᠃ | ︵ᠬᠤᠶᠠᠷ︶ ᠲᠠᠪᠴᠠᠩ ᠤᠨ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠨᠢ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢ ᠢᠯᠭᠠᠷᠠᠭᠤᠯᠵᠣ ᠡᠮᠬᠢᠯᠡᠨ ᠨᠡᠶᠢᠯᠡᠭᠦᠯᠬᠦ | ᠠᠵᠢᠯ ᠢ ᠥᠷᠨᠢᠭᠦᠯᠬᠦ ᠳᠤᠮᠳᠠ᠂ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠡᠮᠬᠢᠯᠡᠨ ᠨᠡᠶᠢᠯᠡᠭᠦᠯᠵᠦ | ᠰᠢᠯᠢᠳᠡᠭᠵᠢᠭᠦᠯᠣᠨ ᠴᠣᠮᠬᠠᠳᠬᠠᠬᠤ ᠠᠵᠢᠯ ᠤᠨ ᠨᠢᠭᠡᠳᠦᠯᠲᠡᠶ ᠲᠠᠪᠴᠠᠩ ᠢ ᠬᠡᠷᠩᠯᠡᠵᠣ ᠲᠤᠭ᠎ᠠ ᠪᠠᠷᠢᠮᠲᠠ ᠮᠡᠳᠡᠭᠦᠯᠦᠨ | ᠬᠦᠷᠭᠡᠭᠦ᠂ ᠮᠡᠳᠡᠭᠡ ᠵᠠᠩᠭᠢ ᠪᠠᠶᠢᠴᠠᠭᠠᠵᠣ ᠯᠠᠪᠯᠠᠬᠤ᠂ ᠬᠤᠷᠢᠶᠠᠩᠭᠤᠶᠢᠯᠠᠵᠣ ᠪᠦᠷᠢᠳᠬᠡᠭᠦ᠂ ᠰᠣᠯᠢᠯᠴᠠᠵᠣ ᠬᠠᠷᠢᠭᠤ | ᠲᠤᠰᠬᠠᠬᠤ ᠬᠡᠷᠡᠭᠲᠡᠶ᠃ | ︵ᠭᠤᠷᠪᠠ︶ ᠪᠤᠰᠤᠳ ᠱᠠᠭᠠᠷᠳᠠᠯᠭ᠎ᠠ᠃ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠣᠨ ᠴᠣᠮᠬᠠᠳᠬᠠᠬᠤ | ᠠᠵᠢᠯ ᠤᠨ ᠬᠤᠭᠤᠴᠠᠭᠠᠨ ᠳᠤ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠤᠶᠤ ᠲᠥᠷᠥ | ᠠᠯᠪᠠᠨ ᠲᠠᠷᠬᠠᠭᠠᠭᠰᠠᠨ ﹇2016﹈ 3 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠨᠢᠭᠡᠨᠳᠠ ᠲᠣᠳᠣᠷᠬᠠᠶᠢᠯᠠᠭᠰᠠᠨ | ᠤᠳᠤ ᠶᠢᠨ ᠪᠠᠶᠢᠭ᠎ᠠ ᠵᠠᠭᠪᠣᠷ ᠶᠣᠰᠣᠭᠠᠷ ᠪᠤᠶᠤ ᠲᠦᠷ ᠴᠠᠭ ᠡᠨᠡ ᠶᠣᠰᠣᠭᠠᠷ ᠬᠠᠮᠢᠶᠠᠷᠬᠤ ᠬᠦᠷᠢᠶ᠎ᠡ ᠴᠠᠷᠠᠭ᠎ᠠ ᠠᠴᠠ | ᠪᠣᠰᠣᠣᠨ᠂ ᠰᠢᠨ᠎ᠡ ᠠᠯᠪᠠᠳᠠᠯᠭ᠎ᠠ ᠶᠢᠨ ᠴᠢᠨᠠᠷᠲᠠᠶ ᠣᠷᠣᠨ ᠨᠤᠲᠤᠭ ᠤᠨ ᠪᠠᠷᠢᠮᠵᠢᠶ᠎ᠠ ᠶᠢᠨ ᠵᠦᠢᠯ ᠲᠣᠭᠲᠠᠭᠠᠬᠤ ᠶᠢ | ᠵᠣᠭᠰᠣᠭᠠᠨ᠎ᠠ᠃ | ᠳᠠᠭᠠᠯᠳᠤᠭᠤᠯᠤᠯ᠄ ᠲᠠᠪᠴᠠᠩ ᠳᠤ ᠭᠠᠷᠬᠤ ᠬᠡᠷᠡᠭᠯᠡᠭᠴᠢ ᠶᠢᠨ ᠨᠡᠷ᠎ᠡ ᠪᠣᠯᠤᠨ ᠡᠬᠢᠨ ᠤ ᠨᠢᠭᠤᠴᠠ ᠨᠣᠮᠧᠷ ᠤᠨ | ᠬᠦᠰᠦᠨᠦᠭᠳᠣ | ᠲᠠᠭᠠᠯᠳᠤᠭᠤᠯᠤᠯ | | |