ᠥᠪᠥᠷ ᠮᠣᠩᠭᠤᠯ 9 ᠲᠦᠮᠡᠨ ︽ᠵᠢᠵᠢᠭ ᠡᠮ ᠤᠨ ᠬᠠᠶᠢᠷᠴᠠᠭ︾ ᠲᠠᠷᠬᠠᠭᠠᠵᠤ ᠮᠠᠯᠴᠢᠳ ᠲᠤ ᠡᠷᠡᠭᠦᠯ ᠮᠡᠨᠳᠦ ᠬᠦᠷᠭᠡᠪᠡ
ᠨᠡᠶᠢᠲᠡᠯᠡᠭᠰᠡᠨ ᠴᠠᠭ᠄
2016/12/26
     ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠠᠴᠠ ᠣᠶᠢᠯᠭᠠᠭᠰᠠᠨ ᠢᠶᠠᠷ᠂ ᠣᠳᠣᠬᠠᠨ ᠪᠣᠯᠲᠠᠯ᠎ᠠ ᠥᠪᠥᠷ ᠮᠣᠩᠭᠤᠯ ᠥᠷᠭᠡᠨ ᠠᠭᠤᠳᠠᠮ ᠮᠠᠯᠵᠢᠬᠤ ᠣᠷᠣᠨ ᠳᠤ ᠨᠡᠶᠢᠳᠡ 6000 ᠭᠠᠷᠤᠶ ᠲᠦᠮᠡᠨ ᠲᠥᠭᠦᠷᠢᠭ ᠣᠷᠣᠭᠤᠯᠤᠨ ᠪᠠᠷᠤᠭ 9 ᠲᠦᠮᠡᠨ ︽ᠵᠢᠵᠢᠭ ᠡᠮ ᠤᠨ ᠬᠠᠶᠢᠷᠴᠠᠭ︾᠎ ᠢ ᠲᠠᠷᠬᠠᠭᠠᠵᠤ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠡᠭᠦᠳᠡᠯ ᠥᠷᠳᠡᠭᠡ ᠶᠢ 400 ᠭᠠᠷᠤᠢ ᠪᠠᠶᠢᠭᠤᠯᠵᠤ᠂ 1200 ᠭᠠᠷᠤᠶ ᠭᠠᠴᠠᠭ᠎ᠠ ᠲᠣᠰᠬᠤᠨ ᠤ 60 ᠲᠦᠮᠡ ᠰᠢᠬᠠᠮ ᠬᠥᠮᠦᠨ ᠠᠮᠠ ᠶᠢ ᠪᠦᠷᠬᠦᠭᠦᠯᠪᠡ᠃      ᠭᠠᠵᠠᠷ ᠨᠤᠲᠤᠭ ᠠᠭᠤᠳᠠᠮ ᠬᠥᠮᠦᠨ ᠠᠮᠠ ᠰᠡᠶᠢᠷᠡᠭ᠂ ᠵᠠᠮ ᠬᠠᠷᠢᠯᠴᠠᠭ᠎ᠠ ᠳᠥᠭᠦᠮ ᠦᠭᠡᠢ᠂ ᠡᠪᠦᠯ ᠤᠨ ᠤᠯᠠᠷᠢᠯ ᠣᠷᠳᠣ ᠪᠥᠭᠡᠳ ᠬᠠᠬᠢᠷ ᠬᠦᠢᠲᠡᠨ᠂ ᠵᠤᠨ ᠤ ᠤᠯᠠᠷᠢᠯ ᠬᠠᠯᠠᠭᠤᠨ ᠪᠥᠭᠡᠳ ᠣᠬᠤᠷ᠂ ᠮᠠᠯᠴᠢᠨ ᠲᠦᠮᠡᠨ ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ ᠦᠵᠡᠭᠦᠯᠬᠦ ᠳᠤ ᠳᠥᠭᠦᠮ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2011 ᠣᠨ ᠠᠴᠠ ᠡᠬᠢᠯᠡᠨ᠂ ︽ᠵᠠᠰᠠᠭ ᠤᠨ ᠣᠷᠳᠣᠨ ᠳᠡᠮᠵᠢᠯᠭᠡ ᠦᠵᠡᠭᠦᠯᠬᠦ᠂ ᠮᠠᠯᠴᠢᠳ ᠰᠠᠶᠢᠨ ᠳᠤᠷ᠎ᠠ ᠠᠴᠠ ᠪᠠᠨ ᠣᠷᠣᠯᠴᠠᠬᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠠᠮᠤᠷ ᠲᠦᠪᠰᠢᠨ ᠪᠥᠭᠡᠳ ᠲᠣᠬᠢᠷᠠᠮᠵᠢᠲᠠᠢ ᠪᠠᠶᠢᠬᠤ︾ ᠵᠠᠷᠴᠢᠮ ᠶᠣᠰᠣᠭᠠᠷ᠂ ︽ᠵᠢᠵᠢᠭ ᠡᠮ ᠤᠨ ᠬᠠᠶᠢᠷᠴᠠᠭ︾᠎ ᠢ ᠮᠠᠯᠴᠢᠨ ᠡᠷᠦᠬᠡ ᠳᠤ ᠣᠷᠣᠭᠤᠯᠬᠤ ᠢᠨᠵᠧᠨᠧᠷᠢᠩ ᠢ ᠢᠳᠡᠪᠬᠢᠲᠡᠶ ᠰᠦᠪᠡᠭᠴᠢᠯᠡᠨ ᠬᠡᠷᠡᠭᠵᠢᠭᠦᠯᠵᠦ᠂ ᠮᠠᠯᠵᠢᠬᠤ ᠭᠡᠷ ᠪᠦᠯᠢ ᠳᠤ ᠦᠨ᠎ᠡ ᠲᠥᠯᠥᠪᠦᠷᠢ ᠦᠭᠡᠢ ᠪᠠᠷ ︽ᠵᠢᠵᠢᠭ ᠡᠮ ᠤᠨ ᠬᠠᠶᠢᠷᠴᠠᠭ︾᠎ ᠢ ᠲᠠᠷᠬᠠᠭᠠᠵᠤ᠂ ᠡᠭᠦᠨ ᠤ ᠬᠠᠮᠲᠤ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ︽ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠡᠭᠦᠳᠡᠯ ᠥᠷᠳᠡᠭᠡ︾ ᠪᠠᠶᠢᠭᠤᠯᠵᠤ᠂ ᠲᠤᠰᠬᠠᠶ ᠲᠡᠷᠭᠡ ᠪᠣᠯᠤᠨ ᠲᠡᠷᠭᠡᠨ ᠳᠡᠭᠡᠷ᠎ᠡ ᠠᠴᠢᠬᠤ ᠡᠮ ᠡᠮᠨᠡᠯᠭᠡ ᠶᠢᠨ ᠲᠥᠬᠦᠭᠡᠷᠦᠮᠵᠢ ᠲᠣᠬᠢᠷᠠᠭᠤᠯᠵᠤ  ᠂ ︽ᠵᠢᠵᠢᠭ ᠡᠮ ᠤᠨ ᠬᠠᠶᠢᠷᠴᠠᠭ︾᠎ ᠪᠠᠷ ᠠᠴᠢᠶᠠᠯᠠᠪᠤᠷᠢ ᠪᠣᠯᠭᠠᠨ᠂ ᠲᠣᠭᠲᠠᠮᠠᠯ ᠬᠤᠭᠤᠴᠠᠭ᠎ᠠ ᠲᠠᠢ ᠪᠠᠷ ᠮᠠᠯᠴᠢᠳ ᠢ ᠲᠣᠭᠤᠷᠢᠨ ᠡᠮᠨᠡᠬᠦ ᠦᠢᠯᠡᠴᠢᠯᠡᠭᠡ ᠥᠷᠨᠢᠭᠦᠯᠪᠡ᠃      ᠵᠢᠵᠢᠭ ᠡᠮ ᠤᠨ ᠬᠠᠶᠢᠷᠴᠠᠭ ᠤᠨ ᠳᠣᠲᠣᠷ᠎ᠠ ᠦᠷᠭᠦᠯᠵᠢ ᠬᠡᠷᠡᠭᠯᠡᠬᠦ ᠵᠣᠷ ᠤᠨ ᠪᠤᠰᠤ ᠡᠮ᠂ ᠥᠪᠡᠷᠮᠢᠴᠡ ᠬᠡᠷᠡᠭᠴᠡᠭᠡ ᠲᠠᠢ ᠵᠣᠷ ᠤᠨ ᠡᠮ᠂ ᠡᠮ ᠤᠨ ᠮᠣᠩᠭᠤᠯ ᠲᠣᠳᠣᠷᠬᠠᠶᠢᠯᠠᠯᠲᠠ ᠶᠢᠨ ᠪᠢᠴᠢᠭ᠂ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠬᠤ ᠮᠣᠩᠭᠤᠯ ᠮᠠᠲ᠋ᠧᠷᠢᠶᠠᠯ᠂ ᠬᠠᠪᠲᠠᠭᠠᠶ ᠺᠣᠮᠫᠢᠦ᠋ᠲ᠋ᠧᠷ ︵ᠡᠷᠡᠭᠦᠯ ᠮᠡᠨᠳᠤ ᠶᠢᠨ ᠬᠠᠮᠢᠶᠠᠷᠤᠯᠲᠠ᠂ ᠡᠷᠡᠭᠦᠯ ᠮᠡᠨᠳᠤ ᠶᠢᠨ ᠮᠡᠳᠡᠯᠭᠡ ᠨᠡᠪᠲᠡᠷᠡᠭᠦᠯᠬᠦ ᠳᠤ ᠬᠡᠷᠡᠭᠯᠡᠬᠦ︶ ᠰᠠᠪᠠᠯᠠᠵᠤ᠂ ᠴᠢᠰᠤᠨ ᠳᠠᠷᠤᠯᠲᠠ ᠶᠢᠨ ᠬᠡᠮᠵᠢᠭᠦᠷ᠂ ᠪᠡᠶ᠎ᠡ ᠶᠢᠨ ᠬᠠᠯᠠᠭᠤᠨ ᠤ ᠬᠡᠮᠵᠢᠭᠦᠷ᠂ ᠱᠠ ᠪᠦᠰ᠂ ᠠᠷᠢᠭᠤᠳᠬᠠᠬᠤ ᠤᠰᠤ ᠵᠡᠷᠭᠡ ᠡᠮ ᠡᠮᠨᠡᠯᠭᠡ ᠶᠢᠨ ᠳᠥᠭᠦᠮ ᠪᠠᠭᠠᠵᠢ ᠬᠡᠷᠡᠭᠰᠡᠯ᠂ ᠮᠠᠯᠵᠢᠬᠤ ᠣᠷᠣᠨ ᠤ ᠭᠡᠷ ᠪᠦᠯᠢ ᠶᠢᠨ ᠡᠮᠴᠢ ᠶᠢᠨ ᠬᠠᠷᠢᠯᠴᠠᠬᠤ ᠠᠷᠭ᠎ᠠ᠂ ᠡᠮ ᠤᠨ ᠬᠠᠶᠢᠷᠴᠠᠭ ᠢ ᠬᠠᠮᠢᠶᠠᠷᠬᠤ ᠭᠠᠷ ᠳᠡᠪᠲᠡᠷ᠂ ᠬᠤᠷᠰᠢᠭᠰᠠᠨ ᠡᠮᠨᠡᠯᠭᠡ ᠶᠢᠨ ᠦᠨᠡᠮᠯᠡᠯ᠂ ᠭᠡᠷ ᠪᠦᠯᠢ ᠶᠢᠨ ᠡᠮᠴᠢ ᠶᠢᠨ ᠠᠮᠠᠯᠠᠯᠲᠠ ᠶᠢᠨ ᠪᠢᠴᠢᠭ ᠵᠡᠷᠭᠡ ᠢ ᠲᠣᠬᠢᠷᠠᠭᠤᠯᠪᠠ᠃ ᠭᠡᠷ ᠪᠦᠯᠢ ᠶᠢᠨ ᠡᠮᠴᠢ ᠨᠠᠷ ᠨᠢ 3᠎ ᠠᠴᠠ 6 ᠰᠠᠷ᠎ᠠ ᠪᠦᠷᠢ ᠨᠢᠭᠡ ᠤᠳᠠᠭ᠎ᠠ ᠡᠮ ᠤᠨ ᠵᠦᠢᠯ ᠢ ᠡᠮᠬᠢᠯᠡᠨ ᠨᠥᠬᠦᠪᠦᠷᠢᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠪᠠ ᠡᠷᠡᠭᠦᠯ ᠮᠡᠨᠳᠤ ᠶᠢᠨ ᠬᠠᠮᠢᠶᠠᠷᠤᠯᠲᠠ ᠬᠢᠬᠦ᠂ ᠬᠢᠨᠠᠯᠲᠠ ᠲᠠᠯᠪᠢᠬᠤ ᠪᠠ ᠮᠠᠯᠴᠢᠳ ᠤᠨ ᠵᠦᠢ ᠵᠣᠬᠢᠰᠲᠠᠶ ᠪᠠᠷ ᠡᠮ ᠬᠡᠷᠡᠭᠯᠡᠬᠦ ᠶᠢ ᠨᠢ ᠵᠢᠯᠣᠭᠤᠳᠬᠤ ᠶᠢ ᠬᠠᠷᠢᠭᠤᠴᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号