ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠦᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2016/12/26
                  ᠥᠪᠥᠷ ᠵᠠᠰᠠᠭ ᠠᠯᠪᠠᠨ ᠲᠠᠷᠬᠠᠭᠠᠭᠰᠠᠨ ﹇2016﹈ 88 ᠳ᠋ᠤᠭᠠᠷ ᠲᠤᠭᠠᠳᠤ                         2016 ᠣᠨ ᠤ 7 ᠳ᠋ᠤᠭᠠᠷ ᠰᠠᠷ᠎ᠠ ᠶᠢᠨ 21᠎ ᠤ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ ᠳᠤ᠄      ᠮᠠᠨ ᠤ ᠣᠷᠣᠨ ᠤ ᠠᠵᠤ ᠠᠬᠤᠢ ᠨᠡᠶᠢᠭᠡᠮ ᠤᠨ ᠲᠥᠷᠭᠡᠨ ᠬᠥᠭᠵᠢᠯᠲᠡ ᠶᠢ ᠳᠠᠭᠠᠯᠳᠤᠨ᠂ ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠠᠬᠢᠴᠠ ᠲᠠᠰᠤᠷᠠᠯᠲᠠ ᠦᠭᠡᠢ ᠲᠦᠷᠭᠡᠳᠴᠦ᠂ ᠠᠶᠤᠯ ᠭᠠᠮᠰᠢᠭ ᠤᠴᠠᠷᠠᠭᠤᠯᠬᠤ ᠬᠦᠴᠦᠨ ᠵᠦᠢᠯ ᠲᠠᠰᠤᠷᠠᠯᠲᠠ ᠦᠭᠡᠢ ᠨᠡᠮᠡᠭᠳᠡᠨ᠂ ᠮᠠᠯᠵᠢᠬᠤ ᠲᠠᠷᠢᠶᠠᠯᠠᠬᠤ ᠣᠷᠣᠨ ᠤ ᠭᠠᠯ ᠲᠦᠢᠮᠡᠷ ᠤᠨ ᠠᠶᠤᠯ ᠭᠠᠮᠰᠢᠭ ᠠᠮᠠᠷᠬᠠᠨ ᠡᠭᠦᠰᠬᠦ ᠪᠠ ᠣᠯᠠᠨ ᠡᠭᠦᠰᠬᠦ ᠪᠣᠯᠪᠠ᠃ ᠣᠶᠢᠷ᠎ᠠ ᠶᠢᠨ ᠲᠠᠪᠤᠨ ᠵᠢᠯ ᠤᠨ ᠪᠦᠬᠦ ᠣᠷᠣᠨ ᠤ ᠭᠠᠯ ᠲᠦᠢᠮᠡᠷ ᠤᠨ ᠠᠶᠤᠯ ᠭᠠᠮᠰᠢᠭ ᠤᠨ ᠪᠦᠷᠢᠳᠭᠡᠯ ᠠᠴᠠ ᠦᠵᠡᠪᠡᠯ᠂ ᠳᠤᠮᠳᠠᠴᠢ ᠪᠠᠷ ᠵᠢᠯ ᠪᠦᠷᠢ ᠶᠢᠨ 34.9 %᠎ ᠶᠢᠨ ᠭᠠᠯ ᠲᠦᠢᠮᠡᠷ ᠤᠨ ᠠᠶᠤᠯ ᠭᠠᠮᠰᠢᠭ ᠨᠢ ᠮᠠᠯᠵᠢᠬᠤ ᠲᠠᠷᠢᠶᠠᠯᠠᠬᠤ ᠣᠷᠣᠨ ᠳᠤ ᠡᠭᠦᠰᠴᠦ᠂ ᠡᠭᠦᠨ ᠤ ᠲᠤᠳᠤᠷ᠎ᠠ ᠵᠦᠪᠬᠡᠨ 2015 ᠣᠨ ᠳᠤ ᠮᠠᠯᠵᠢᠬᠤ ᠲᠠᠷᠢᠶᠠᠯᠠᠬᠤ ᠣᠷᠣᠨ ᠳᠤ 3451 ᠤᠳᠠᠭ᠎ᠠ ᠭᠠᠯ ᠲᠦᠢᠮᠡᠷ ᠤᠨ ᠠᠶᠤᠯ ᠭᠠᠮᠰᠢᠭ ᠡᠭᠦᠰᠴᠦ᠂ 22 ᠬᠦᠮᠦᠨ ᠠᠳᠡᠵᠦ᠂ ᠲᠤᠰ ᠲᠤᠰ ᠪᠦᠬᠦ ᠣᠷᠣᠨ ᠤ ᠭᠠᠯ ᠲᠦᠢᠮᠡᠷ ᠤᠨ ᠠᠶᠤᠯ ᠭᠠᠮᠰᠢᠭ ᠤᠨ ᠶᠡᠷᠦᠩᠬᠡᠢ ᠲᠤᠭ᠎ᠠ ᠪᠣᠯᠣᠨ ᠠᠳᠡᠭᠰᠡᠨ ᠬᠦᠮᠦᠨ ᠤ ᠲᠤᠭ᠎ᠠ ᠶᠢᠨ 36.3% ᠪᠠ 37.9%᠎ ᠶᠢ ᠡᠵᠡᠯᠡᠪᠡ᠃ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠭᠠᠯ ᠲᠦᠢᠮᠡᠷ ᠤᠨ ᠠᠶᠤᠯ ᠭᠠᠮᠰᠢᠭ ᠠᠴᠠ ᠠᠪᠤᠷᠠᠬᠤ ᠬᠦᠴᠦᠨ ᠬᠦᠨᠳᠦ ᠨᠣᠴᠢᠲᠠᠢ ᠬᠦᠷᠦᠯᠴᠡᠬᠦ ᠦᠭᠡᠢ ᠪᠠ ᠭᠠᠯ ᠤᠨᠲᠠᠷᠠᠭᠠᠬᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠬᠤᠴᠤᠷᠤᠩᠭᠤᠢ ᠠᠴᠠ ᠪᠣᠯᠵᠤ ᠪᠠᠭ᠎ᠠ ᠭᠠᠯ ᠠᠴᠠ ᠶᠡᠭᠡ ᠠᠶᠤᠯ ᠭᠠᠮᠰᠢᠭ ᠪᠣᠯᠬᠤ ᠪᠠ ︽ᠪᠠᠭ᠎ᠠ ᠭᠠᠯ ᠳᠤ ᠬᠦᠮᠦᠨ ᠠᠳᠡᠬᠦ︾ ᠪᠠᠶᠢᠳᠠᠯ ᠡᠭᠦᠰᠴᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠢ ᠬᠦᠨᠳᠦ ᠨᠣᠴᠢᠲᠠᠢ ᠨᠦᠯᠦᠭᠡᠯᠡᠪᠡ᠃ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠢ ᠪᠦᠷᠢᠨ ᠪᠦᠷᠬᠦᠭᠰᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠴᠢᠳᠠᠯ ᠤᠨ ᠰᠢᠰᠲ᠋ᠧᠮᠵᠢ ᠶᠢ ᠪᠠᠶᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠄      ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠲᠤᠳᠤᠷᠬᠠᠶᠢᠯᠠᠬᠤ ᠬᠡᠷᠡᠭᠲᠡᠢ      ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠣᠯ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠭᠠᠯ ᠰᠡᠷᠭᠡᠶᠢᠯᠡᠬᠦ ᠠᠮᠦᠷ ᠲᠥᠪᠰᠢᠨ ᠤ ᠦᠢᠯᠡᠴᠢᠯᠡᠭᠡ ᠶᠢᠨ ᠡᠭᠦᠷᠭᠡ ᠴᠢᠳᠠᠪᠤᠷᠢ ᠪᠠᠨ ᠭᠦᠢᠴᠡᠳᠭᠡᠬᠦ ᠶᠢᠨ ᠴᠢᠬᠤᠯᠠ ᠠᠭᠤᠯᠭ᠎ᠠ ᠪᠣᠯᠣᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠬᠦ ᠠᠮᠦᠷ ᠲᠥᠪᠰᠢᠨ ᠤ ᠠᠵᠢᠯ ᠢ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠴᠤᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠳᠤ ᠣᠷᠤᠭᠤᠯᠤᠨ᠂ ᠲᠣᠬᠠᠢ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ︽13 · 5︾᠎ ᠶᠢᠨ ᠲᠦᠯᠦᠪᠵᠢᠭᠦᠯᠭᠡ ᠳᠤ ᠵᠢᠭᠰᠠᠭᠠᠨ ᠣᠷᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠬᠠᠮᠢᠶᠠᠷᠬᠤ᠂ ᠪᠠᠲᠤᠯᠠᠬᠤ᠂ ᠰᠢᠯᠭᠠᠨ ᠦᠨᠡᠯᠡᠬᠦ᠂ ᠰᠢᠮᠳᠠᠭᠤᠯᠤᠨ ᠵᠢᠯᠤᠭᠤᠳᠬᠤ ᠲᠣᠭᠲᠠᠴᠠ ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃      ᠬᠤᠶᠠᠷ᠂ ᠲᠥᠷᠥ ᠶᠢᠨ ᠪᠣᠳᠣᠯᠭ᠎ᠠ ᠪᠠᠷ ᠲᠡᠳᠭᠦᠬᠦ ᠶᠢ ᠴᠢᠩᠭᠠᠳᠬᠠᠵᠤ᠂ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ      ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠤᠭᠤᠳ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠂ ᠠᠵᠤ ᠠᠬᠤᠶᠢᠯᠠᠯ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠪᠣᠯᠣᠨ ᠨᠡᠶᠢᠲᠡ ᠶᠢᠨ ᠠᠰᠠᠷᠠᠮᠵᠢ ᠶᠢᠨ ᠬᠦᠮᠦᠰ ᠵᠡᠷᠭᠡ ᠣᠯᠠᠨ ᠲᠠᠯ᠎ᠠ ᠶᠢᠨ ᠬᠦᠴᠦᠨ ᠢ ᠵᠤᠷᠢᠬᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠤᠨ ᠬᠥᠭᠵᠢᠯᠲᠡ ᠶᠢ ᠲᠤᠰᠠᠯᠠᠨ ᠳᠡᠮᠵᠢᠬᠦᠯᠵᠦ᠂ ᠣᠯᠠᠨ ᠵᠠᠮ ᠮᠥᠷ ᠢᠶᠠᠷ ᠣᠷᠤᠭᠤᠯᠤᠯᠲᠠ ᠪᠠᠨ ᠨᠡᠮᠡᠭᠳᠡᠭᠦᠯᠬᠦ ᠬᠡᠷᠡᠭᠲᠡᠢ᠃ ᠠᠶᠢᠮᠠᠭ ᠬᠤᠲᠠ᠂ ᠬᠤᠰᠢᠭᠤ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠨᠢ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ ᠵᠡᠷᠭᠡ ᠰᠠᠯᠠᠭ᠎ᠠ ᠮᠦᠴᠢᠷ ᠤᠨ ︽︿ᠣᠷᠣᠨ ᠨᠤᠲᠤᠭ ᠤᠨ ᠭᠠᠯ ᠤᠨᠲᠠᠷᠠᠭᠠᠬᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ﹀᠎ ᠶᠢ ᠳᠠᠷᠤᠮᠠᠯᠯᠠᠨ ᠶᠠᠪᠤᠭᠤᠯᠬᠤ ᠲᠣᠬᠠᠢ ᠡᠳ᠋ ᠤᠨ ᠵᠠᠰᠠᠭ ᠤᠨ ᠶᠠᠮᠦᠨ ᠤ ᠮᠡᠳᠡᠭᠳᠡᠯ ᠢ ᠤᠯᠠᠮᠵᠢᠯᠠᠨ ᠶᠠᠪᠤᠭᠤᠯᠬᠤ ᠤᠴᠢᠷ︾ ︵ᠦᠪᠦᠷ ᠡᠳ᠋ ᠲᠦᠰᠦᠪ ﹇2012﹈ 1849 ᠳ᠋ᠤᠭᠡᠷ ᠲᠣᠭᠠᠲᠤ︶᠎ ᠤᠨ ᠲᠣᠭᠲᠠᠭᠠᠯ ᠶᠤᠰᠤᠭᠠᠷ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠬᠤᠸᠠᠷᠠᠨ ᠤ ᠪᠦᠲᠦᠭᠡᠨ ᠪᠠᠶᠢᠭᠤᠯᠤᠯᠲᠠ᠂ ᠭᠠᠯ ᠤᠨᠲᠠᠷᠠᠭᠠᠬᠤ ᠲᠤᠨᠤᠭ ᠲᠥᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠡᠳᠦᠷ ᠲᠤᠳᠤᠮ ᠤᠨ ᠬᠠᠮᠠᠭᠠᠯᠠᠨ ᠠᠷᠠᠴᠢᠯᠠᠵᠤ ᠠᠵᠢᠯᠯᠠᠬᠤ ᠳᠤ ᠬᠡᠷᠡᠭᠰᠡᠬᠦ ᠵᠠᠷᠤᠳᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠬᠤ ᠶᠢᠨ ᠬᠠᠮᠲᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠣᠯᠣᠨ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠠᠭᠠᠨ ᠤ ᠦᠨ᠎ᠡ ᠨᠡᠮᠡᠭᠳᠡᠭᠰᠡᠨ ᠬᠢᠷᠢ ᠬᠡᠮᠵᠢᠶ᠎ᠡ ᠯᠦᠭᠡ ᠤᠶᠠᠯᠳᠤᠭᠤᠯᠤᠨ ᠣᠷᠤᠭᠤᠯᠤᠯᠲᠠ ᠶᠢᠨ ᠬᠠᠷᠢᠴᠠᠯ ᠢ ᠲᠣᠬᠢᠷᠠᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠬᠠᠪᠰᠤᠷᠤᠨ ᠲᠡᠳᠭᠦᠵᠦ ᠬᠦᠬᠢᠭᠦᠯᠦᠨ ᠱᠠᠩᠨᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃      ᠭᠤᠷᠪᠠ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠤᠳᠤᠷᠬᠠᠶᠢᠯᠠᠵᠤ᠂ ᠵᠢᠯ ᠳᠠᠷᠠᠭᠠᠯᠠᠨ ᠠᠯᠬᠤᠮ ᠬᠤᠪᠢᠶᠠᠨ ᠬᠡᠷᠡᠭᠵᠢᠭᠦᠯᠬᠦ ᠬᠡᠷᠡᠭᠲᠡᠢ      2016 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠤᠭᠤᠳ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠶᠤᠰᠤᠭᠠᠷ᠂ ᠣᠳᠣ ᠶᠢᠨ ᠪᠠᠶᠢᠭ᠎ᠠ ᠭᠠᠯ ᠤᠨᠲᠠᠷᠠᠭᠠᠬᠤ ᠬᠦᠴᠦᠨ ᠪᠠ ᠭᠠᠯ ᠤᠨᠲᠠᠷᠠᠭᠠᠵᠦ ᠠᠪᠤᠷᠠᠨ ᠲᠤᠰᠠᠯᠠᠬᠤ ᠡᠭᠦᠷᠭᠡ ᠵᠡᠷᠭᠡ ᠪᠣᠲᠠᠲᠠᠢ ᠲᠠᠢ ᠪᠠᠨ ᠤᠶᠠᠯᠳᠤᠭᠤᠯᠤᠨ᠂ ᠲᠤᠰ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠢ ᠲᠣᠭᠲᠠᠭᠠᠵᠤ᠂ ︽ᠨᠢᠭᠡᠲᠦᠯᠲᠡᠢ ᠲᠦᠯᠦᠪᠯᠡᠨ ᠲᠦᠯᠦᠪᠵᠢᠭᠦᠯᠬᠦ᠂ ᠵᠦᠢ ᠵᠣᠬᠢᠰᠲᠠᠢ ᠪᠠᠶᠢᠷᠢᠰᠢᠭᠤᠯᠬᠤ᠂ ᠲᠣᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠳᠦᠬᠦᠷᠵᠢᠭᠦᠯᠦᠨ ᠪᠦᠲᠦᠭᠡᠨ ᠪᠠᠶᠢᠭᠤᠯᠬᠤ᠂ ᠲᠤᠰᠬᠠᠶᠢᠯᠠᠬᠤ ᠪᠠ ᠬᠠᠪᠰᠤᠷᠭᠠᠬᠤ ᠶᠢ ᠤᠶᠠᠯᠳᠤᠭᠤᠯᠬᠤ︾ ᠵᠠᠷᠴᠢᠮ ᠶᠤᠰᠤᠭᠠᠷ᠂ ᠠᠩᠭᠢ ᠪᠠ ᠥᠷᠲᠡᠭᠡ ᠶᠢᠨ ᠲᠦᠯᠦᠪᠵᠢᠭᠦᠯᠭᠡ ᠶᠢᠨ ᠪᠠᠶᠢᠷᠢᠰᠢᠭᠤᠯᠤᠯ᠂ ᠪᠦᠲᠦᠭᠡᠨ ᠪᠠᠶᠢᠭᠤᠯᠬᠤ ᠲᠤᠭ᠎ᠠ ᠬᠡᠮᠵᠢᠶ᠎ᠡ᠂ ᠠᠵᠢᠯᠲᠠᠨ ᠤ ᠲᠤᠭ᠎ᠠ᠂ ᠲᠡᠷᠭᠡ ᠬᠦᠰᠬᠡ ᠲᠤᠨᠤᠭ ᠲᠥᠭᠦᠭᠡᠷᠦᠮᠵᠢ᠂ ᠵᠠᠷᠤᠳᠠᠯ ᠤᠨ ᠪᠠᠲᠤᠯᠠᠭ᠎ᠠ᠂ ᠭᠡᠷ ᠪᠠᠶᠢᠰᠢᠩ ᠤᠨ ᠪᠠᠷᠢᠯᠭ᠎ᠠ᠂ ᠬᠠᠷᠢᠭᠤᠴᠠᠯᠭᠠᠲᠤ ᠰᠠᠯᠠᠭ᠎ᠠ ᠮᠦᠴᠢᠷ᠂ ᠠᠬᠢᠭᠤᠯᠬᠤ ᠡᠳᠦᠷ ᠤᠨ ᠳᠠᠷᠠᠭᠠᠯᠠᠯ ᠵᠡᠷᠭᠡ ᠵᠦᠢᠯᠡᠰ ᠢ ᠲᠤᠳᠤᠷᠬᠠᠶᠢᠯᠠᠬᠤ ᠬᠡᠷᠡᠭᠲᠡᠢ᠃ ︽2016 ᠣᠨ ᠤ ᠵᠠᠰᠠᠭ ᠤᠨ ᠣᠷᠳᠣᠨ ᠤ ᠭᠠᠯ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢᠨ ᠪᠢᠴᠢᠭ︾᠎ ᠲᠤ ᠲᠣᠳᠤᠷᠬᠠᠶᠢᠯᠠᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠣᠰᠤᠭᠠᠷ᠂ 2016 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠦᠬᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢ 150 ᠰᠢᠨ᠎ᠡ ᠪᠠᠷ ᠪᠠᠶᠢᠭᠤᠯᠬᠤ ᠶᠢᠨ ᠬᠠᠮᠲᠤ ᠵᠢᠵᠢᠬᠦᠷᠯᠡᠨ ᠠᠵᠢᠯᠯᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠤᠰᠤᠭᠠᠷ ᠠᠯᠬᠤᠮ ᠠᠯᠬᠤᠮ ᠢᠶᠠᠷ ᠠᠬᠢᠭᠤᠯᠵᠤ᠂ ︽13 · 5︾᠎ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢ ᠪᠦᠲᠦᠭᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠬᠦ ᠪᠠᠷ ᠴᠢᠷᠮᠠᠶᠢᠨ᠂ ᠮᠠᠯᠵᠢᠬᠤ ᠲᠠᠷᠢᠶᠠᠯᠠᠬᠤ ᠣᠷᠣᠨ ᠤ ᠭᠠᠯ ᠲᠦᠢᠮᠡᠷ ᠤᠨ ᠠᠶᠤᠯ ᠭᠠᠮᠰᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ᠳᠥᠷᠪᠡ᠂ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠵᠦ᠂ ᠦᠢᠯᠡᠳᠦᠯ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ      ᠨᠢᠭᠡᠨᠲᠡ ᠪᠦᠲᠦᠭᠡᠨ ᠪᠠᠶᠢᠭᠤᠯᠵᠤ ᠵᠢᠵᠢᠬᠦᠷᠯᠡᠨ ᠠᠵᠢᠯᠯᠠᠬᠰᠠᠨ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠤᠭᠤᠳ ︽ᠵᠠᠷᠤᠳᠠᠯ ᠤᠨ ᠢᠷᠡᠯᠲᠡ ᠨᠢ ᠪᠠᠲᠤᠯᠠᠭ᠎ᠠ ᠲᠠᠢ᠂ ᠪᠠᠭᠠᠵᠢ ᠬᠡᠷᠡᠭᠰᠡᠯ ᠲᠤᠨᠤᠭ ᠲᠥᠭᠦᠭᠡᠷᠦᠮᠵᠢ ᠨᠢ ᠪᠦᠷᠢᠨ ᠲᠡᠭᠦᠯᠳᠡᠷ᠂ ᠠᠵᠢᠯᠲᠠᠨ ᠬᠡᠷᠡᠭᠯᠡᠬᠦ ᠳᠦᠷᠢᠮ ᠨᠢ ᠠᠮᠢᠳᠤᠯᠢᠭ᠂ ᠬᠠᠮᠢᠶᠠᠷᠤᠯᠲᠠ ᠨᠢ ᠴᠢᠩᠭ᠎ᠠ ᠪᠦᠭᠡᠳ ᠵᠢᠷᠤᠮᠵᠢᠭᠤᠨ︾ ᠵᠠᠷᠴᠢᠮ ᠶᠤᠰᠤᠭᠠᠷ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠠᠵᠢᠯᠯᠠᠭᠠᠨ ᠤ ᠦᠷ᠎ᠡ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠵᠠᠷᠤᠳᠠᠯ ᠢ ᠪᠠᠲᠤᠯᠠᠬᠤ ᠲᠠᠯ᠎ᠠ ᠪᠠᠷ᠂ ᠣᠷᠤᠭᠤᠯᠤᠭᠰᠠᠨ ᠵᠠᠷᠤᠳᠠᠯ ᠨᠢ ᠲᠤᠰ ᠭᠠᠵᠠᠷ ᠠᠴᠠ ᠪᠠᠨ ᠮᠠᠲ᠋ᠧᠷᠢᠶᠠᠯ ᠠᠪᠬᠤ᠂ ᠵᠦᠢ ᠵᠣᠬᠢᠰᠲᠠᠢ ᠦᠭᠡᠷᠡᠴᠢᠯᠡᠬᠦ ᠯᠦᠭᠡ ᠤᠶᠠᠯᠳᠤᠭᠤᠯᠬᠤ ᠵᠠᠷᠴᠢᠮ ᠢᠶᠠᠷ ᠡᠳᠦᠷ ᠲᠤᠳᠤᠮ ᠤᠨ ᠠᠵᠢᠯᠯᠠᠭᠠᠨ ᠤ ᠬᠡᠷᠡᠭᠰᠡᠬᠦ ᠵᠠᠷᠤᠳᠠᠯ ᠢ ᠤᠷᠢᠳᠠᠪᠠᠷ ᠪᠠᠲᠤᠯᠠᠬᠤ ᠬᠡᠷᠡᠭᠲᠡᠢ︔ ᠵᠢᠵᠢᠭᠦᠷᠯᠡᠨ ᠰᠤᠷᠭᠠᠭᠤᠯᠢᠯᠠᠬᠤ ᠲᠠᠯ᠎ᠠ ᠪᠠᠷ᠂ ᠪᠠᠭᠠᠵᠢ ᠬᠡᠷᠡᠭᠰᠡᠯ ᠲᠤᠨᠤᠭ ᠲᠥᠭᠦᠭᠡᠷᠦᠮᠵᠢ ᠶᠢ ᠪᠠᠶᠢᠴᠠᠭᠠᠨ ᠠᠷᠠᠴᠢᠯᠠᠨ ᠬᠠᠮᠠᠭᠠᠯᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠵᠦ᠂ ᠲᠣᠬᠠᠶᠢᠯᠠᠭᠰᠠᠨ ᠠᠵᠢᠯ ᠤᠨ ᠰᠤᠷᠭᠠᠭᠤᠯᠢᠯᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠲᠤᠳᠤᠭᠠᠲᠤ ᠶᠢ ᠬᠠᠮᠠᠭᠠᠯᠠᠬᠤ ᠶᠢᠨ ᠭᠠᠯ ᠰᠡᠷᠭᠡᠶᠢᠯᠡᠬᠦ ᠪᠠᠶᠢᠭᠤᠯᠤᠮᠵᠢ ᠨᠢ ︽ᠲᠤᠳᠤᠭᠠᠲᠤ ᠶᠢ ᠬᠠᠮᠠᠭᠠᠯᠠᠬᠤ ᠶᠢᠨ ᠭᠠᠯ ᠰᠡᠷᠭᠡᠶᠢᠯᠡᠬᠦ ᠴᠡᠷᠢᠭ ᠠᠩᠭᠢ ᠶᠢᠨ ᠭᠠᠯ ᠤᠨᠲᠠᠷᠠᠭᠠᠵᠦ ᠠᠪᠤᠷᠠᠨ ᠲᠤᠰᠠᠯᠠᠬᠤ ᠲᠣᠬᠠᠶᠢᠯᠠᠭᠰᠠᠨ ᠠᠵᠢᠯ ᠤᠨ ᠰᠤᠷᠭᠠᠭᠤᠯᠢᠯᠠᠯ ᠤᠨ ᠬᠦᠲᠦᠯᠪᠦᠷᠢ︾ ᠶᠤᠰᠤᠭᠠᠷ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠠᠩᠭᠢ ᠶᠢᠨ ᠲᠣᠬᠠᠶᠢᠯᠠᠭᠰᠠᠨ ᠠᠵᠢᠯ ᠤᠨ ᠰᠤᠷᠭᠠᠭᠤᠯᠢᠯᠠᠯ ᠤᠨ ᠲᠦᠯᠦᠪᠯᠡᠭᠡ ᠶᠢ ᠲᠣᠭᠲᠠᠭᠠᠨ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠠᠩᠭᠢ ᠨᠢ ᠪᠤᠲᠠᠲᠠᠢ ᠲᠠᠢ ᠪᠠᠨ ᠤᠶᠠᠯᠳᠤᠭᠤᠯᠤᠨ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ︔ ᠡᠳᠦᠷ ᠲᠤᠳᠤᠮ ᠤᠨ ᠬᠠᠮᠢᠶᠠᠷᠤᠯᠲᠠ ᠶᠢᠨ ᠲᠠᠯ᠎ᠠ ᠪᠠᠷ᠂ ᠲᠣᠭᠲᠠᠭᠠᠯ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠵᠤ᠂ ᠳᠤᠲᠤᠭᠠᠲᠤ ᠶᠢ ᠬᠠᠮᠠᠭᠠᠯᠠᠬᠤ ᠶᠢᠨ ᠭᠠᠯ ᠰᠡᠷᠭᠡᠶᠢᠯᠡᠬᠦ ᠪᠠᠶᠢᠭᠤᠯᠤᠮᠵᠢ ᠨᠢ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠠᠩᠭᠢ ᠶᠢᠨ ᠵᠢᠵᠢᠭᠦᠷᠯᠡᠨ ᠠᠵᠢᠯᠯᠠᠵᠦ ᠪᠠᠴᠢᠮ ᠪᠠᠶᠢᠳᠠᠯ ᠳᠤ ᠪᠡᠯᠡᠳᠭᠡᠬᠦ᠂ ᠲᠣᠬᠠᠶᠢᠯᠠᠭᠰᠠᠨ ᠠᠵᠢᠯ ᠤᠨ ᠰᠤᠷᠭᠠᠭᠤᠯᠢᠯᠠᠯ ᠵᠡᠷᠭᠡ ᠠᠵᠢᠯ ᠳᠤ ᠵᠢᠯᠤᠭᠤᠳᠬᠤ ᠪᠠ ᠰᠢᠯᠭᠠᠨ ᠬᠢᠨᠠᠬᠤ ᠶᠢ ᠴᠢᠩᠭᠠᠳᠬᠠᠵᠤ᠂ ᠭᠠᠯ ᠲᠦᠢᠮᠡᠷ ᠤᠨ ᠠᠶᠤᠯ ᠭᠠᠮᠰᠢᠭ ᠡᠬᠦᠰᠦᠭᠰᠡᠨ ᠦᠶ᠎ᠡ ᠳᠤ ︽ᠡᠷᠲᠡ ᠠᠴᠠ ᠠᠪᠤᠷᠠᠬᠤ᠂ ᠪᠠᠭ᠎ᠠ ᠳᠡᠭᠡᠷ᠎ᠡ ᠨᠢ ᠤᠨᠲᠠᠷᠠᠭᠠᠬᠤ︾᠎ ᠶᠢ ᠦᠨᠡᠨᠬᠦ ᠪᠠᠲᠤᠯᠠᠨ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠦᠢᠯᠡᠳᠦᠯ ᠢ ᠵᠢᠩᠬᠢᠨᠢ ᠪᠠᠷ ᠪᠠᠳᠠᠷᠠᠭᠤᠯᠬᠤ ᠬᠡᠷᠡᠭᠲᠡᠢ᠃      ᠲᠠᠪᠤ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠴᠢᠩᠭᠠᠷᠠᠭᠤᠯᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ      ᠡᠯ᠎ᠡ ᠱᠠᠲᠤᠨ ᠤ ᠵᠠᠰᠠᠭ ᠤᠨ ᠣᠷᠳᠤᠨ ᠨᠤᠭᠤᠳ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠭᠠᠯ ᠰᠡᠷᠭᠡᠶᠢᠯᠡᠬᠦ ᠠᠵᠢᠯ ᠤᠨ ᠤᠨ ᠤ ᠰᠢᠯᠭᠠᠨ ᠬᠢᠨᠠᠬᠤ ᠬᠠᠷᠠᠯᠲᠠ ᠳᠤ ᠣᠷᠤᠭᠤᠯᠵᠤ᠂ ᠰᠢᠮᠳᠠᠭᠤᠯᠤᠨ ᠵᠢᠯᠤᠭᠤᠳᠬᠤ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠬᠤᠭᠤᠴᠠᠭ᠎ᠠ ᠶᠤᠰᠤᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠃ ᠦᠪᠡᠷᠲᠡᠭᠡᠨ ᠵᠠᠰᠬᠠᠤ ᠣᠷᠣᠨ ᠠᠴᠠ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠪᠠ ᠵᠢᠯᠤᠭᠤᠳᠴᠤ᠂ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠣᠬᠠᠢ ᠳᠤᠨᠢ ᠮᠡᠳᠡᠭᠡᠯᠡᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠲᠠᠢ ᠬᠠᠷᠢᠴᠠᠭᠤᠯᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠢ ᠵᠣᠬᠢᠶᠠᠨ ᠪᠠᠶᠢᠭᠤᠯᠵᠤ ᠲᠣᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ᠂ ᠮᠦᠷᠳᠡᠨ ᠪᠠᠶᠢᠴᠠᠭᠠᠬᠤ᠂ ᠱᠠᠲᠤᠯᠠᠵᠤ ᠰᠤᠭᠤᠴᠠᠨ ᠪᠠᠶᠢᠴᠠᠭᠠᠬᠤ ᠵᠡᠷᠭᠡ ᠬᠡᠯᠪᠡᠷᠢ ᠮᠠᠶ᠋ᠢᠭ ᠢ ᠬᠡᠷᠡᠭᠯᠡᠨ᠂ ᠠᠵᠢᠯ ᠢᠶᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠠᠰᠠᠭᠤᠳᠠᠯ ᠢ ᠢᠯᠡᠷᠡᠭᠦᠯᠪᠡᠯ᠂ ᠴᠠᠭ ᠲᠣᠬᠠᠢ ᠳᠤᠨᠢ ᠠᠷᠭ᠎ᠠ ᠬᠡᠮᠵᠢᠶ᠎ᠡ ᠠᠪᠴᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠲᠣᠭᠲᠠᠭᠠᠭᠰᠠᠨ ᠬᠤᠭᠤᠴᠠᠭᠠᠨ ᠳᠤᠲᠤᠷ᠎ᠠ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠣᠶᠣ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠦᠭᠡᠢ ᠵᠢᠴᠢ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠱᠠᠭᠠᠷᠳᠠᠯᠭ᠎ᠠ ᠶᠤᠰᠤᠭᠠᠷ ᠪᠡᠶᠡᠯᠡᠭᠦᠯᠦᠭᠰᠡᠨ ᠦᠭᠡᠢ ᠪᠣᠶᠣ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠭᠰᠡᠨ ᠦᠭᠡᠢ ᠪᠠᠶᠢᠪᠠᠯ᠂ ᠬᠠᠮᠢᠶ᠎ᠠ ᠪᠦᠬᠦᠢ ᠬᠠᠷᠢᠭᠤᠴᠠᠯᠭᠠᠲᠤ ᠬᠦᠮᠦᠨ ᠠᠴᠠ ᠴᠢᠩᠭ᠎ᠠ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃      ᠳᠠᠭᠠᠯᠳᠤᠭᠤᠯᠤᠯ᠄ ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠᠳᠠᠭᠠᠯᠳᠤᠭᠤᠯᠤᠯ                 ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ                 ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ                 ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ      ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠭᠠᠯ ᠲᠦᠢᠮᠡᠷ ᠤᠨ ᠠᠶᠤᠯ ᠭᠠᠮᠰᠢᠭ ᠢ ᠰᠡᠷᠭᠡᠶᠢᠯᠡᠨ ᠡᠵᠡᠮᠳᠡᠬᠦ ᠰᠠᠭᠤᠷᠢ ᠶᠢ ᠪᠦᠬᠦ ᠲᠠᠯ᠎ᠠ ᠪᠠᠷ ᠪᠠᠲᠤᠳᠬᠠᠨ᠂ ᠮᠠᠯᠵᠢᠬᠤ ᠲᠠᠷᠢᠶᠠᠯᠠᠬᠤ ᠣᠷᠣᠨ ᠳᠤ ᠭᠠᠯ ᠤᠨᠲᠠᠷᠠᠭᠠᠵᠦ ᠠᠪᠤᠷᠠᠨ ᠲᠤᠰᠠᠯᠠᠬᠤ ᠬᠦᠴᠦᠨ ᠴᠢᠳᠠᠯ ᠢ ᠪᠦᠷᠢᠨ ᠪᠦᠷᠬᠦᠭᠦᠯᠦᠭᠰᠡᠨ ᠰᠢᠰᠲ᠋ᠧᠮᠵᠢ ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ ᠶᠢᠨ ᠲᠤᠰᠠᠳᠠ᠂ ᠳᠣᠣᠷᠠᠬᠢ ᠮᠡᠲᠦ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠣᠨᠴᠤᠭᠤᠶᠢᠯᠠᠨ ᠲᠣᠭᠲᠠᠭᠠᠪᠠ᠄      ᠨᠢᠭᠡ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢ ᠵᠣᠬᠢᠶᠠᠨ ᠪᠠᠶᠢᠭᠤᠯᠬᠤ ᠵᠠᠭᠪᠤᠷ      ︵ᠨᠢᠭᠡ︶ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠪᠠ ᠥᠷᠲᠡᠭᠡ ᠶᠢ ᠪᠠᠶᠢᠭᠤᠯᠤᠨ᠎ᠠ᠃ ᠠᠵᠤ ᠠᠬᠤᠢ ᠬᠥᠭᠵᠢᠵᠦ᠂ ᠬᠦᠮᠦᠨ ᠠᠮᠠ ᠨᠡᠯᠢᠶᠡᠳ ᠲᠦᠪᠯᠡᠷᠡᠭᠰᠡᠨ ᠮᠠᠯᠵᠢᠬᠤ ᠲᠠᠷᠢᠶᠠᠯᠠᠬᠤ ᠣᠷᠣᠨ ᠨᠢ ︽ᠨᠢᠭᠡ ᠥᠷᠲᠡᠭᠡ ᠪᠠᠷ ᠲᠥᠪ ᠪᠣᠯᠭᠠᠵᠤ᠂ ᠣᠶᠢᠷ᠎ᠠ ᠬᠠᠪᠢ ᠶᠢᠨ ᠬᠢ ᠶᠢ ᠳᠠᠶᠢᠴᠢᠯᠠᠬᠤ︾ ᠵᠠᠷᠴᠢᠮ ᠢᠶᠠᠷ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠦᠷᠦᠭᠦᠯᠡᠵᠦ᠂ ᠳᠤᠲᠤᠭᠠᠲᠤ ᠶᠢ ᠬᠠᠮᠠᠭᠠᠯᠠᠬᠤ ᠶᠢᠨ ᠭᠠᠯ ᠤᠨᠲᠠᠷᠠᠭᠠᠬᠤ ᠠᠩᠭᠢ ᠶᠢᠨ ᠬᠠᠷᠢᠶᠠᠲᠤ ᠣᠷᠣᠨ ᠤ ᠲᠠᠯᠠᠪᠠᠢ ᠠᠴᠠ ᠭᠠᠳᠠᠨᠠᠬᠢ ᠮᠠᠯᠵᠢᠬᠤ ᠲᠠᠷᠢᠶᠠᠯᠠᠬᠤ ᠣᠷᠣᠨ ᠢ ᠠᠯᠢ ᠣᠯᠠᠨ ᠣᠷᠣᠨ ᠪᠦᠰᠡ ᠪᠣᠯᠭᠠᠨ ᠬᠤᠪᠢᠶᠠᠷᠢᠯᠠᠵᠤ᠂ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠬᠢ ᠪᠠ ᠥᠷᠲᠡᠭᠡ ᠶᠢ ᠪᠠᠶᠢᠭᠤᠯᠤᠨ᠂ ᠠᠩᠭᠢ ᠪᠠ ᠥᠷᠲᠡᠭᠡ ᠨᠢᠭᠡᠪᠦᠷᠢ ᠨᠢ ᠣᠯᠠᠨ ᠮᠠᠯᠵᠢᠬᠤ ᠲᠠᠷᠢᠶᠠᠯᠠᠬᠤ ᠣᠷᠣᠨ ᠢ ᠬᠠᠮᠤᠷᠴᠤ᠂ 1᠎ ᠠᠴᠠ ᠳᠡᠭᠡᠭᠰᠢ ︵1᠎ ᠶᠢ ᠪᠠᠭᠲᠠᠭᠠᠨ᠎ᠠ︶ ᠭᠠᠯ ᠤᠨᠲᠠᠷᠠᠭᠠᠬᠤ ᠲᠡᠷᠭᠡ᠂ ᠭᠠᠷ ᠮᠠᠰᠢᠨᠲᠦ ᠬᠦᠭᠡᠷᠭᠡ ᠲᠣᠬᠢᠷᠠᠭᠤᠯᠤᠨ᠂ ᠵᠠᠰᠠᠭ ᠤᠨ ᠣᠷᠳᠤᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠭᠴᠢ ᠶᠢᠨ ᠣᠷᠣᠨ ᠲᠤᠭ᠎ᠠ ᠶᠢ ᠵᠣᠬᠢᠰᠲᠠᠢ ᠲᠣᠬᠢᠷᠠᠭᠤᠯᠵᠤ᠂ ᠬᠡᠷᠡᠭᠰᠡᠬᠦ ᠵᠠᠷᠤᠳᠠᠯ ᠢ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠠᠴᠠ ᠪᠠᠲᠤᠯᠠᠬᠤ ᠪᠤᠶᠤ ᠠᠰᠢᠭ ᠲᠤᠰᠠ ᠬᠦᠷᠲᠡᠬᠦ ᠰᠤᠮᠤ ᠰᠢᠶᠠᠩ ᠪᠠᠯᠭᠠᠰᠤ ᠶᠢᠨ ᠡᠳ᠋ ᠤᠨ ᠵᠠᠰᠠᠭ ᠠᠴᠠ ᠵᠤᠬᠢᠬᠤ ᠬᠠᠷᠢᠴᠠᠯ ᠢᠶᠠᠷ ᠬᠠᠮᠲᠤᠪᠠᠷ ᠪᠠᠲᠤᠯᠠᠬᠤ ᠬᠡᠷᠡᠭᠲᠡᠢ᠃      ︵ᠬᠤᠶᠠᠷ︶ ᠲᠤᠰᠢᠶᠠᠯ ᠬᠠᠪᠰᠤᠷᠭᠠᠭᠰᠠᠨ ᠭᠠᠯ ᠤᠨᠲᠠᠷᠠᠭᠠᠬᠤ ᠥᠷᠲᠡᠭᠡ ᠶᠢ ᠪᠠᠶᠢᠭᠤᠯᠤᠨ᠎ᠠ᠃ ᠠᠵᠤ ᠠᠬᠤᠢ ᠶᠢᠨ ᠰᠠᠭᠤᠷᠢ ᠪᠠᠷᠤᠭᠲᠠᠢ᠂ ᠬᠦᠮᠦᠨ ᠠᠮᠠ ᠬᠠᠷᠢᠴᠠᠩᠭᠤᠢ ᠲᠠᠷᠠᠬᠠᠢ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠳᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠣᠳᠣ ᠶᠢᠨ ᠪᠠᠶᠢᠭ᠎ᠠ ᠬᠦᠮᠦᠨ ᠤ ᠬᠦᠴᠦᠨ ᠤ ᠡᠬᠢ ᠪᠠᠶᠠᠯᠢᠭ ᠲᠠᠭᠠᠨ ᠰᠠᠭᠤᠷᠢᠯᠠᠨ ᠪᠡᠶ᠎ᠠ ᠪᠠᠨ ᠲᠠᠭᠠᠭᠠᠵᠦ ᠪᠦᠲᠦᠭᠡᠨ ᠪᠠᠶᠢᠭᠤᠯᠬᠤ ᠪᠣᠶᠣ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠲᠦᠷᠦᠭᠦᠯᠡᠵᠦ᠂ ᠬᠠᠷᠢᠶᠠᠲᠤ ᠣᠷᠣᠨ ᠤ ᠳᠤᠲᠤᠭᠠᠲᠤ ᠶᠢ ᠬᠠᠮᠠᠭᠠᠯᠠᠬᠤ ᠶᠢᠨ ᠲᠣᠮᠢᠯᠠᠭᠰᠠᠨ ᠰᠠᠯᠪᠤᠷᠢ ᠳᠤ ᠲᠦᠰᠢᠭᠯᠡᠨ ᠲᠤᠰᠢᠶᠠᠯ ᠬᠠᠪᠰᠤᠷᠭᠠᠭᠰᠠᠨ ᠭᠠᠯ ᠤᠨᠲᠠᠷᠠᠭᠠᠬᠤ ᠥᠷᠲᠡᠭᠡ ᠶᠢ ᠪᠠᠶᠢᠭᠤᠯᠤᠨ᠎ᠠ᠃ 1᠎ ᠠᠴᠠ ᠳᠡᠭᠡᠭᠰᠢ ︵1᠎ ᠶᠢ ᠪᠠᠭᠲᠠᠭᠠᠨ᠎ᠠ︶ ᠭᠠᠯ ᠤᠨᠲᠠᠷᠠᠭᠠᠬᠤ ᠬᠦᠩᠭᠡᠨ ᠬᠡᠯᠪᠡᠷᠢᠲᠦ ᠲᠡᠷᠭᠡ᠂ ᠭᠠᠷ ᠮᠠᠰᠢᠨᠲᠦ ᠬᠦᠭᠡᠷᠭᠡ ᠶᠢ ᠲᠣᠬᠢᠷᠠᠭᠤᠯᠵᠤ᠂ ᠬᠡᠷᠡᠭᠰᠡᠬᠦ ᠵᠠᠷᠤᠳᠠᠯ ᠢ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠤᠶᠠᠷ ᠱᠠᠲᠤᠨ ᠠᠴᠠ ᠪᠠᠲᠤᠯᠠᠬᠤ ᠪᠣᠶᠣ ᠨᠡᠶᠢᠲᠡ ᠶᠢᠨ ᠠᠰᠠᠷᠠᠮᠵᠢ ᠶᠢᠨ ᠪᠠᠶᠢᠭᠤᠯᠤᠮᠵᠢ ᠯᠤᠭ᠎ᠠ ᠵᠣᠬᠢᠴᠠᠭᠤᠯᠤᠨ ᠬᠠᠮᠲᠤᠪᠠᠷ ᠰᠢᠢᠳᠪᠦᠷᠢᠯᠡᠨ᠎ᠡ᠃      ︵ᠭᠤᠷᠪᠠ︶ ᠰᠠᠶᠢᠨ ᠳᠤᠷ᠎ᠠ ᠶᠢᠨ ᠭᠠᠯ ᠤᠨᠲᠠᠷᠠᠭᠠᠬᠤ ᠥᠷᠲᠡᠭᠡ ᠶᠢ ᠪᠠᠶᠢᠭᠤᠯᠤᠨ᠎ᠠ᠃ ᠠᠵᠤ ᠠᠬᠤᠢ ᠶᠢᠨ ᠨᠦᠬᠦᠴᠡᠯ ᠨᠡᠯᠢᠶᠡᠳ ᠪᠠᠷᠤᠭᠲᠠᠢ᠂ ᠬᠦᠮᠦᠨ ᠠᠮᠠ ᠨᠡᠯᠢᠶᠡᠳ ᠰᠡᠶᠢᠷᠡᠭ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠳᠤ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠺᠠᠳ᠋ᠷ ᠪᠣᠯᠣᠨ ᠭᠠᠯ ᠤᠨᠲᠠᠷᠠᠭᠠᠬᠤ ᠳᠤ ᠬᠠᠯᠠᠭᠤᠨ ᠰᠡᠳᠬᠢᠯ ᠲᠠᠢ ᠨᠡᠶᠢᠲᠡ ᠶᠢᠨ ᠠᠰᠠᠷᠠᠮᠵᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠮᠠᠯᠴᠢᠨ ᠲᠠᠷᠢᠶᠠᠴᠢᠳ ᠪᠤᠶᠤ ᠭᠠᠯ ᠲᠦᠢᠮᠡᠷ ᠤᠨ ᠠᠶᠤᠯ ᠭᠠᠮᠰᠢᠭ ᠢ ᠤᠷᠢᠳᠴᠢᠯᠠᠨ ᠰᠡᠷᠭᠡᠶᠢᠯᠡᠬᠦ᠂ ᠭᠠᠯ ᠤᠨᠳᠠᠷᠠᠭᠠᠵᠦ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠨ ᠠᠪᠤᠷᠠᠬᠤ ᠠᠵᠢᠯ ᠢ ᠰᠠᠶᠢᠨ ᠳᠤᠷ᠎ᠠ ᠠᠴᠠ ᠪᠠᠨ ᠡᠷᠬᠢᠯᠡᠬᠦ ᠬᠦᠮᠦᠰ ᠢᠶᠠᠷ ᠰᠠᠶᠢᠨ ᠳᠤᠷ᠎ᠠ ᠶᠢᠨ ᠭᠠᠯ ᠤᠨᠲᠠᠷᠠᠭᠠᠬᠤ ᠥᠷᠲᠡᠭᠡ ᠶᠢ ᠪᠠᠶᠢᠭᠤᠯᠵᠤ᠂ 1 ᠭᠠᠯ ᠤᠨᠲᠠᠷᠠᠭᠠᠬᠤ ᠬᠦᠩᠭᠡᠨ ᠬᠡᠯᠪᠡᠷᠢᠲᠦ ᠲᠡᠷᠭᠡ᠂ ᠭᠠᠷ ᠮᠠᠰᠢᠨᠲᠦ ᠬᠦᠭᠡᠷᠭᠡ ᠶᠢ ᠲᠣᠬᠢᠷᠠᠭᠤᠯᠤᠨ᠂ ᠡᠳᠦᠷ ᠲᠤᠳᠤᠮ ᠤᠨ ᠠᠵᠢᠯᠯᠠᠭᠠᠨ ᠤ ᠵᠠᠷᠤᠳᠠᠯ ᠢ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠤᠶᠠᠷ ᠱᠠᠲᠤᠨ ᠤ ᠡᠳ᠋ ᠤᠨ ᠵᠠᠰᠠᠭ ᠠᠴᠠ ᠪᠠᠲᠤᠯᠠᠬᠤ ᠪᠤᠶᠤ ᠨᠡᠶᠢᠲᠡ ᠶᠢᠨ ᠠᠰᠠᠷᠠᠮᠵᠢ ᠶᠢᠨ ᠪᠠᠶᠢᠭᠤᠯᠤᠮᠵᠢ ᠯᠤᠭ᠎ᠠ ᠵᠤᠬᠢᠴᠠᠭᠤᠯᠤᠨ ᠬᠠᠮᠲᠤᠪᠠᠷ ᠰᠢᠢᠳᠪᠦᠷᠢᠯᠡᠨ᠎ᠡ᠃      ᠬᠤᠶᠠᠷ᠂ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠪᠦᠷᠢᠯᠳᠦᠯ      ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠨᠢ ᠬᠠᠷᠢᠴᠠᠩᠭᠤᠢ ᠲᠣᠭᠲᠠᠮᠠᠯ ᠵᠢᠵᠢᠭᠦᠷᠯᠡᠨ ᠠᠵᠢᠯᠯᠠᠵᠤ ᠪᠡᠯᠡᠳᠭᠡᠬᠦ ᠲᠠᠯᠠᠪᠠᠢ ᠭᠠᠵᠠᠷ᠂ ᠬᠠᠷᠢᠴᠠᠩᠭᠤᠢ ᠲᠣᠭᠲᠠᠮᠠᠯ ᠠᠵᠢᠯᠲᠠᠳ ᠪᠠ ᠵᠣᠬᠢᠴᠠᠩᠭᠤᠢ ᠵᠢᠵᠢᠭᠦᠷᠯᠡᠨ ᠠᠵᠢᠯᠯᠠᠵᠤ ᠪᠡᠯᠡᠳᠭᠡᠬᠦ ᠶᠢᠨ ᠳᠦᠷᠢᠮ ᠲᠠᠢ ᠪᠠᠶᠢᠵᠤ᠂ ᠲᠠᠯᠠᠪᠠᠢ ᠭᠠᠵᠠᠷ᠂ ᠭᠠᠯ ᠤᠨᠲᠠᠷᠠᠭᠠᠬᠤ ᠲᠡᠷᠭᠡ᠂ ᠪᠠᠭᠠᠵᠢ ᠬᠡᠷᠡᠭᠰᠡᠯ ᠲᠤᠨᠤᠭ ᠲᠥᠭᠦᠭᠡᠷᠦᠮᠵᠢ᠂ ᠭᠡᠷ ᠪᠠᠶᠢᠰᠢᠩ ᠤᠨ ᠪᠠᠷᠢᠯᠭ᠎ᠠ ᠪᠠ ᠭᠠᠯ ᠤᠨᠲᠠᠷᠠᠭᠠᠭᠴᠢ ᠵᠡᠷᠭᠡ ᠪᠠᠷ ᠪᠦᠷᠢᠯᠳᠦᠵᠦ ᠂ ᠮᠠᠯᠵᠢᠬᠤ ᠲᠠᠷᠢᠶᠠᠯᠠᠬᠤ ᠣᠷᠣᠨ ᠤ ᠡᠬᠢᠯᠡᠵᠦ ᠡᠬᠦᠰᠦᠭᠰᠡᠨ ᠭᠠᠯ ᠲᠦᠢᠮᠡᠷ ᠢ ᠤᠨᠳᠠᠷᠠᠭᠠᠬᠤ ᠨᠠᠭᠠᠳᠤ ᠵᠠᠬ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠦᠭᠰᠡᠨ ᠪᠠᠶᠢᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠨᠢ ᠨᠢᠭᠡᠲᠦᠯᠲᠡᠢ ᠢᠯᠭᠠᠬᠤ ᠲᠡᠮᠲᠡᠭ ᠢ ᠪᠠᠶᠢᠷᠢᠯᠠᠭᠤᠯᠵᠤ᠂ ᠭᠠᠯ ᠤᠨᠲᠠᠷᠠᠭᠠᠬᠤ ᠥᠷᠲᠡᠭᠡ ᠶᠢᠨ ᠢᠯᠡᠷᠬᠡᠢ ᠣᠷᠣᠨ ᠪᠠᠶᠢᠷᠢ ᠳᠤ ᠭᠠᠯ ᠤᠨᠲᠠᠷᠠᠭᠠᠬᠤ ᠥᠷᠲᠡᠭᠡ ᠶᠢᠨ ᠨᠡᠷᠡᠶᠢᠳᠦᠯ ᠪᠣᠯᠣᠨ ᠲᠥᠭᠰᠢᠭᠦᠷᠢ ᠮᠡᠳᠡᠬᠦᠯᠬᠦ ᠳ᠋ᠢᠶᠠᠩᠬᠤᠸᠠ ᠶᠢ ᠲᠠᠯᠪᠢᠬᠤ ᠶᠢᠨ ᠬᠠᠮᠲᠤ᠂ ᠳᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠭᠠᠯ ᠰᠡᠷᠭᠡᠶᠢᠯᠡᠬᠦ ᠪᠠᠶᠢᠭᠤᠯᠤᠮᠵᠢ ᠶᠢᠨ ᠲᠣᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠣᠯᠣᠨ ᠨᠢᠭᠡᠲᠦᠯᠲᠡᠢ ᠲᠣᠬᠢᠷᠠᠭᠤᠯᠤᠯᠲᠠ ᠶᠢ ᠬᠦᠯᠢᠶᠡᠬᠦ ᠬᠡᠷᠡᠭᠲᠡᠢ᠃      ᠭᠤᠷᠪᠠ᠂ ᠭᠠᠯ ᠤᠨᠲᠠᠷᠠᠭᠠᠬᠤ ᠥᠷᠲᠡᠭᠡ ᠶᠢᠨ ᠪᠠᠭᠠᠵᠢ ᠬᠡᠷᠡᠭᠰᠡᠯ ᠲᠤᠨᠤᠭ ᠲᠥᠭᠦᠭᠡᠷᠦᠮᠵᠢ ᠶᠢ ᠲᠤᠬᠢᠷᠠᠭᠤᠯᠬᠤ ᠪᠠᠷᠢᠮᠵᠢᠶ᠎ᠠ      ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢᠨ ᠲᠡᠷᠭᠡ ᠬᠥᠰᠬᠡ᠂ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠨᠢ ᠲᠤᠰ ᠣᠷᠣᠨ ᠪᠦᠰᠡ ᠶᠢᠨ ᠡᠩ ᠤᠨ ᠭᠠᠯ ᠲᠦᠢᠮᠡᠷ ᠢ ᠤᠨᠳᠠᠷᠠᠭᠠᠵᠦ ᠠᠪᠤᠷᠠᠬᠤ ᠶᠢᠨ ᠬᠠᠮᠤᠭ ᠤᠨ ᠨᠠᠭᠠᠳᠤ ᠵᠠᠬ᠎ᠠ ᠶᠢᠨ ᠬᠡᠷᠡᠭᠴᠡᠭᠡ ᠶᠢ ᠬᠠᠩᠭᠠᠵᠤ᠂ ᠮᠠᠯᠵᠢᠬᠤ ᠲᠠᠷᠢᠶᠠᠯᠠᠬᠤ ᠣᠷᠣᠨ ᠳᠤ ᠭᠡᠷ ᠤᠨ ᠭᠠᠳᠠᠨᠠᠬᠢ ᠭᠠᠯ ᠤᠨᠲᠠᠷᠠᠭᠠᠬᠤ ᠬᠤᠳᠳᠤᠭ ᠵᠢᠴᠢ ᠳᠠᠷᠤᠯᠲᠠᠲᠤ ᠬᠦᠭᠡᠷᠭᠡ ᠶᠢᠨ ᠭᠡᠷ ᠢ ᠪᠠᠶᠢᠭᠤᠯᠤᠭᠰᠠᠨ ᠪᠠᠶᠢᠪᠠᠯ᠂ ᠴᠠᠬᠢᠯᠭᠠᠨ ᠡᠭᠦᠰᠭᠡᠭᠴᠢ ᠨᠢ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠬᠤ ᠠᠴᠠ ᠭᠠᠳᠠᠨ᠎ᠠ᠂ ᠠᠳᠠᠭ ᠲᠠᠭᠠᠨ ᠮᠠᠰᠢᠨᠲᠦ ᠭᠠᠯ ᠤᠨᠲᠠᠷᠠᠭᠠᠬᠤ ᠬᠦᠭᠡᠷᠭᠡ ︵ᠭᠠᠷ ᠮᠠᠰᠢᠨᠲᠦ ᠬᠦᠭᠡᠷᠭᠡ᠂ ᠬᠦᠪᠦᠮᠡᠯ ᠬᠦᠭᠡᠷᠭᠡ ᠪᠠᠭᠲᠠᠨ᠎ᠠ ︶᠎ ᠶᠢ 1 ᠲᠣᠬᠢᠷᠠᠭᠤᠯᠤᠨ᠎ᠠ︔ ᠮᠠᠯᠵᠢᠬᠤ ᠲᠠᠷᠢᠶᠠᠯᠠᠬᠤ ᠣᠷᠣᠨ ᠳᠤ ᠭᠡᠷ ᠤᠨ ᠭᠠᠳᠠᠨᠠᠬᠢ ᠭᠠᠯ ᠤᠨᠲᠠᠷᠠᠭᠠᠬᠤ ᠬᠤᠳᠳᠤᠭ ᠪᠠᠶᠢᠬᠤ ᠦᠭᠡᠢ ᠪᠣᠯ ᠠᠳᠠᠭ ᠲᠠᠭᠠᠨ ᠭᠦᠨ ᠤᠰᠤᠨ ᠤ ᠬᠤᠳᠳᠤᠭ 1᠂ ᠭᠠᠯ ᠤᠨᠲᠠᠷᠠᠭᠠᠬᠤ ᠬᠦᠩᠭᠡᠨ ᠬᠡᠯᠪᠡᠷᠢᠲᠦ ᠤᠰᠤᠨ ᠲᠡᠷᠭᠡ ︵ᠴᠡᠴᠡᠷᠯᠢᠭ ᠤᠨ ᠨᠣᠭᠤᠭᠠᠷᠠᠭᠤᠯᠤᠯᠲᠠ ᠪᠣᠶᠣ ᠲᠠᠷᠢᠶᠠᠯᠠᠩ ᠳᠤ ᠬᠡᠷᠡᠭᠯᠡᠬᠦ ᠪᠠᠷ ᠦᠭᠡᠷᠡᠴᠢᠯᠡᠨ ᠤᠭᠰᠠᠷᠠᠭᠰᠠᠨ ᠤᠰᠤᠨ ᠲᠡᠷᠭᠡ᠂ ᠤᠰᠤ ᠲᠡᠭᠡᠭᠡᠬᠦ ᠬᠡᠮᠵᠢᠶ᠎ᠡ ᠨᠢ 2 ᠲᠤᠨ ᠠᠴᠠ ᠪᠠᠭ᠎ᠠ ᠪᠠᠶᠢᠵᠤ ᠪᠣᠯᠬᠤ ᠦᠭᠡᠢ︶ 1᠎ ᠶᠢ ᠲᠣᠬᠢᠷᠠᠭᠤᠯᠤᠨ᠎ᠠ᠂ ᠡᠯ᠎ᠡ ᠭᠠᠵᠠᠷ ᠤᠳ ᠪᠤᠲᠠᠳᠤ ᠪᠠᠶᠢᠳᠠᠯ ᠢᠶᠠᠨ ᠦᠨᠳᠦᠰᠦᠯᠡᠨ ᠪᠤᠰᠤᠳ ᠲᠣᠬᠢᠷᠠᠭᠤᠯᠬᠤ ᠪᠠᠷᠢᠮᠵᠢᠶᠠᠲᠤ ᠪᠠᠭᠠᠵᠢ ᠬᠡᠷᠡᠭᠰᠡᠯ ᠢ ᠰᠤᠩᠭᠤᠨ ᠲᠣᠬᠢᠷᠠᠭᠤᠯᠵᠤ ᠪᠣᠯᠣᠨ᠎ᠠ᠃ ︵ᠪᠠᠭᠠᠵᠢ ᠬᠡᠷᠡᠭᠰᠡᠯ ᠲᠤᠨᠤᠭ ᠲᠥᠭᠦᠭᠡᠷᠦᠮᠵᠢ ᠶᠢᠨ ᠲᠣᠬᠢᠷᠠᠭᠤᠯᠬᠤ ᠪᠠᠷᠢᠮᠵᠢᠶ᠎ᠠ ᠶᠢ ᠬᠦᠰᠦᠨᠦᠭᠲᠦ 1᠎ ᠳᠤ ᠦᠵᠡ᠂ ᠭᠠᠯ ᠤᠨᠲᠠᠷᠠᠭᠠᠭᠴᠢ ᠶᠢᠨ ᠦᠨᠳᠦᠰᠦᠨ ᠬᠠᠮᠠᠭᠠᠯᠠᠬᠤ ᠲᠤᠨᠤᠭ ᠲᠦᠭᠦᠭᠡᠷᠦᠮᠵᠢ ᠶᠢᠨ ᠲᠣᠬᠢᠷᠠᠭᠤᠯᠬᠤ ᠪᠠᠷᠢᠮᠵᠢᠶ᠎ᠠ ᠶᠢ ᠬᠦᠨᠦᠰᠦᠭᠲᠦ 2᠎ ᠲᠤ ᠦᠵᠡ︶      ᠳᠥᠷᠪᠡ᠂ ᠭᠠᠯ ᠤᠨᠲᠠᠷᠠᠭᠠᠬᠤ ᠥᠷᠲᠡᠭᠡ ᠶᠢᠨ ᠡᠭᠦᠷᠭᠡᠯᠡᠬᠦ ᠡᠭᠦᠷᠭᠡ      ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠥᠷᠲᠡᠭᠡ ᠶᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠬᠠᠮᠢᠶᠠᠷᠬᠤ ᠶᠢᠨ ᠬᠠᠮᠲᠤ᠂ ᠳᠣᠣᠷᠠᠬᠢ ᠭᠤᠣᠯ ᠪᠣᠯᠬᠤ ᠡᠭᠦᠷᠭᠡ ᠶᠢ ᠡᠭᠦᠷᠭᠡᠯᠡᠨ᠎ᠡ᠄      ︵ᠨᠢᠭᠡ︶ ᠭᠠᠯ ᠰᠡᠷᠭᠡᠶᠢᠯᠡᠯᠲᠡ ᠶᠢᠨ ᠤᠬᠠᠭᠤᠯᠭ᠎ᠠ ᠶᠢᠨ ᠡᠭᠦᠷᠭᠡ᠃       1. ᠮᠠᠯᠵᠢᠬᠤ ᠲᠠᠷᠢᠶᠠᠯᠠᠬᠤ ᠣᠷᠣᠨ ᠤ ᠭᠠᠯ ᠲᠦᠢᠮᠡᠷ ᠤᠨ ᠠᠶᠤᠯ ᠭᠠᠮᠰᠢᠭ ᠤᠨ ᠪᠠᠶᠢᠳᠠᠯ ᠪᠣᠯᠣᠨ ᠡᠭᠦᠰᠬᠦ ᠵᠢᠮ᠎ᠡ ᠶᠣᠰᠣ ᠲᠠᠢ ᠤᠶᠠᠯᠳᠤᠭᠤᠯᠤᠨ᠂ ᠭᠠᠯ ᠰᠡᠷᠭᠡᠶᠢᠯᠡᠯᠲᠡ ᠶᠢᠨ ᠤᠬᠠᠭᠤᠯᠭ᠎ᠠ ᠬᠦᠮᠦᠵᠢᠯ ᠤᠨ ᠪᠣᠯᠪᠠᠰᠤᠷᠠᠭᠤᠯᠤᠯ ᠪᠣᠯᠣᠨ ᠭᠠᠯ ᠰᠡᠷᠭᠡᠶᠢᠯᠡᠯᠲᠡ ᠶᠢᠨ ᠠᠮᠦᠷ ᠲᠥᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ᠎ᠡ᠃      2. ᠭᠠᠯ ᠰᠡᠷᠭᠡᠶᠢᠯᠡᠯᠲᠡ ᠶᠢᠨ ᠤᠬᠠᠭᠤᠯᠭ᠎ᠠ ᠶᠢᠨ ᠭᠠᠵᠠᠷ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠥᠷᠭᠡᠨ ᠣᠯᠠᠨ ᠮᠠᠯᠴᠢᠨ ᠲᠠᠷᠢᠶᠠᠴᠢᠨ᠂ ᠰᠤᠷᠤᠭᠴᠢᠳ ᠢ ᠢᠳᠡᠪᠬᠢᠲᠡᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠥᠷᠲᠡᠭᠡ ᠶᠢ ᠲᠣᠭᠤᠷᠢᠨ ᠦᠵᠡᠭᠦᠯᠵᠦ᠂ ᠭᠡᠷ ᠪᠦᠯᠢ ᠶᠢᠨ ᠭᠠᠯ ᠲᠦᠢᠮᠡᠷ ᠤᠨ ᠠᠶᠤᠯ ᠭᠠᠮᠰᠢᠭ ᠤᠨ ᠠᠶᠤᠯ ᠠᠴᠠ ᠠᠪᠤᠷᠠᠬᠤ᠂ ᠠᠮᠢ ᠵᠢᠭᠤᠳᠠᠨ ᠦᠪᠡᠷ ᠢ ᠪᠠᠨ ᠠᠪᠤᠷᠠᠬᠤ᠂ ᠠᠮᠦᠷ ᠲᠥᠪᠰᠢᠨ ᠢᠶᠠᠷ ᠵᠠᠶᠢᠯᠠᠭᠤᠯᠬᠤ ᠵᠡᠷᠭᠡ ᠭᠠᠯ ᠤᠨᠲᠠᠷᠠᠭᠠᠬᠤ ᠰᠤᠷᠢᠯᠲᠠ ᠶᠢᠨ ᠠᠵᠢᠯᠯᠠᠭ᠎ᠠ ᠪᠣᠯᠣᠨ ᠭᠠᠯ ᠰᠡᠷᠭᠡᠶᠢᠯᠡᠯᠲᠡ ᠶᠢᠨ ᠠᠮᠦᠷ ᠲᠥᠪᠰᠢᠨ ᠤ ᠬᠦᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃      3. ᠡᠪᠦᠯ ᠬᠠᠪᠤᠷ ᠤᠨ ᠭᠠᠯ ᠲᠦᠢᠮᠡᠷ ᠤᠨ ᠠᠶᠤᠯ ᠭᠠᠮᠰᠢᠭ ᠢ ᠰᠡᠷᠭᠡᠶᠢᠯᠡᠨ ᠡᠵᠡᠮᠳᠡᠬᠦ ᠬᠤᠭᠤᠴᠠᠭ᠎ᠠ᠂ ᠲᠠᠷᠢᠶᠠᠯᠠᠩ ᠤᠨ ᠶᠠᠭᠠᠷᠠᠤ ᠤᠯᠠᠷᠢᠯ ᠵᠢᠴᠢ ᠰᠢᠨ᠎ᠡ ᠵᠢᠯ᠂ ᠴᠠᠭᠠᠨ ᠰᠠᠷ᠎ᠠ ᠵᠡᠷᠭᠡ ᠴᠢᠬᠤᠯᠠ ᠶᠡᠭᠡ ᠪᠠᠶᠠᠷ ᠤᠨ ᠡᠳᠦᠷ ᠤᠨ ᠬᠤᠭᠤᠴᠠᠭᠠᠨ ᠤ ᠠᠮᠦᠷ ᠲᠥᠪᠰᠢᠨ ᠢᠶᠠᠷ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠪᠠ ᠣᠯᠠᠨ ᠲᠥᠮᠡᠨᠴᠢ ᠴᠢᠨᠠᠷᠲᠠᠢ ᠭᠠᠯ ᠰᠡᠷᠭᠡᠶᠢᠯᠡᠯᠲᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃      ︵ᠬᠤᠶᠠᠷ︶ ᠭᠠᠯ ᠰᠡᠷᠭᠡᠶᠢᠯᠡᠯᠲᠡ ᠶᠢᠨ ᠪᠠᠶᠢᠴᠠᠭᠠᠯᠲᠠ ᠬᠢᠬᠦ ᠲᠣᠭᠤᠷᠢᠨ ᠪᠠᠶᠢᠴᠠᠭᠠᠬᠤ ᠡᠭᠦᠷᠭᠡ᠃ ᠡᠪᠦᠯ ᠬᠠᠪᠤᠷ ᠤᠨ ᠭᠠᠯ ᠲᠦᠢᠮᠡᠷ ᠤᠨ ᠠᠶᠤᠯ ᠭᠠᠮᠰᠢᠭ ᠣᠯᠠᠨ ᠡᠭᠦᠰᠬᠦ ᠤᠯᠠᠷᠢᠯ ᠵᠢᠴᠢ ︽5.1︾᠂ ︽10.1︾᠂ ᠰᠢᠨ᠎ᠡ ᠵᠢᠯ᠂ ᠴᠠᠭᠠᠨ ᠰᠠᠷ᠎ᠠ ᠵᠡᠷᠭᠡ ᠴᠢᠬᠤᠯᠠ ᠶᠡᠭᠡ ᠪᠠᠶᠠᠷ ᠤᠨ ᠡᠳᠦᠷ ᠤᠨ ᠬᠤᠭᠤᠴᠠᠭᠠᠨ ᠳᠤ᠂ ᠴᠢᠬᠤᠯᠠ ᠴᠠᠭ ᠬᠤᠭᠤᠴᠠᠭᠠᠨ ᠤ ᠵᠠᠩᠬᠢᠶᠠᠰᠤ ᠶᠢᠨ ᠦᠶ᠎ᠠ ᠳᠤ ᠭᠠᠯ ᠰᠡᠷᠭᠡᠶᠢᠯᠡᠯᠲᠡ ᠶᠢᠨ ᠲᠣᠭᠤᠷᠢᠨ ᠪᠠᠶᠢᠴᠠᠭᠠᠵᠤ ᠪᠠᠶᠢᠴᠠᠭᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠵᠦ᠂ ᠭᠠᠯ ᠲᠦᠢᠮᠡᠷ ᠤᠨ ᠠᠶᠤᠯ ᠭᠠᠮᠰᠢᠭ ᠤᠨ ᠳᠠᠯᠳᠠ ᠭᠡᠮ ᠢ ᠴᠠᠭ ᠲᠣᠬᠠᠢ ᠳᠤᠨᠢ ᠠᠷᠢᠯᠭᠠᠨ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠠᠮᠦᠷ ᠲᠥᠪᠰᠢᠨ ᠢ ᠦᠨᠡᠨᠬᠦ ᠪᠠᠲᠤᠯᠠᠨ᠎ᠠ᠃      ︵ᠭᠤᠷᠪᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠭᠦᠷᠭᠡ᠃       1. ᠬᠦᠮᠦᠰ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠤᠰᠤᠨ ᠰᠤᠷᠪᠤᠯᠵᠢ᠂ ᠵᠠᠮ ᠤᠨ ᠪᠠᠶᠢᠳᠠᠯ ᠢ ᠣᠶᠢᠯᠠᠭᠠᠭᠤᠯᠵᠤ᠂ ᠭᠠᠯ ᠲᠦᠢᠮᠡᠷ ᠤᠨ ᠠᠶᠤᠯ ᠭᠠᠮᠰᠢᠭ ᠤᠨ ᠮᠡᠳᠡᠭᠦᠯᠦᠯᠲᠡ᠂ ᠠᠪᠤᠷᠠᠬᠤ ᠪᠠᠷ ᠲᠤᠰᠠᠯᠠᠮᠵᠢ ᠭᠤᠶᠤᠬᠤ ᠪᠤᠶᠤ ᠣᠷᠣᠨ ᠨᠣᠲᠤᠭ ᠤᠨ ᠵᠠᠰᠠᠭ ᠤᠨ ᠣᠷᠳᠣᠨ᠂ ᠲᠣᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠵᠢᠴᠢ ᠲᠡᠳᠡᠨ ᠤ ᠭᠠᠯ ᠰᠡᠷᠭᠡᠶᠢᠯᠡᠬᠦ ᠪᠠᠶᠢᠭᠤᠯᠤᠮᠵᠢ ᠶᠢᠨ ᠵᠠᠷᠯᠢᠭ ᠢ ᠦᠨᠳᠦᠰᠦᠯᠡᠨ᠂ ᠲᠣᠬᠠᠢ ᠶᠢᠨ ᠭᠠᠵᠠᠷ ᠲᠤᠨᠢ ᠲᠠᠷᠦ᠋ᠢᠬᠠᠨ ᠬᠦᠷᠦᠯᠴᠡᠨ ᠬᠦᠷᠴᠦ ᠭᠠᠯ ᠲᠦᠢᠮᠡᠷ ᠢ ᠤᠨᠳᠠᠷᠠᠭᠠᠵᠦ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠨ᠎ᠠ᠃      2. ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠭᠴᠢ ᠨᠢ ᠱᠠᠭᠠᠷᠳᠠᠯᠭ᠎ᠠ ᠶᠤᠰᠤᠭᠠᠷ ᠨᠢᠭᠡᠲᠦᠯᠲᠡᠢ ᠬᠤᠪᠴᠠᠰᠤᠯᠠᠵᠤ᠂ ᠲᠣᠬᠠᠢ ᠶᠢᠨ ᠭᠠᠵᠠᠷ ᠤᠨ ᠪᠣᠲᠠᠲᠠᠢ ᠲᠠᠢ ᠪᠠᠨ ᠤᠶᠠᠯᠳᠤᠭᠤᠯᠤᠨ᠂ ᠭᠠᠯ ᠢ ᠤᠨᠳᠠᠷᠠᠭᠠᠵᠦ ᠠᠪᠤᠷᠠᠨ ᠲᠤᠰᠠᠯᠠᠬᠤ ᠰᠤᠷᠭᠠᠭᠤᠯᠢᠯᠠᠯ ᠪᠣᠯᠣᠨ ᠰᠤᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨᠬᠢᠨ᠎ᠡ᠃      3. ᠣᠷᠣᠨ ᠨᠤᠲᠤᠭ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠲᠤᠰᠢᠶᠠᠨ ᠬᠢᠯᠭᠡᠭᠰᠡᠨ ᠭᠠᠯ ᠤᠨᠲᠠᠷᠠᠭᠠᠬᠤ ᠠᠵᠢᠯ ᠯᠤᠭ᠎ᠠ ᠬᠤᠯᠪᠣᠭᠳᠠᠵᠤ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠬᠦᠰᠦᠨᠦᠭᠳᠦ 1     ᠪᠠᠭᠠᠵᠢ ᠬᠡᠷᠡᠭᠰᠡᠯ ᠲᠤᠨᠤᠭ ᠲᠦᠬᠦᠬᠡᠷᠦᠮᠵᠢ ᠶᠢᠨ ᠲᠤᠬᠢᠷᠠᠭᠤᠯᠬᠤ ᠪᠠᠷᠢᠮᠵᠢᠶ᠎ᠠᠬᠦᠰᠦᠨᠦᠭᠳᠦ 2   ᠭᠠᠯ ᠤᠨᠳᠠᠷᠠᠭᠠᠬᠴᠢ ᠶᠢᠨ ᠦᠨᠳᠦᠰᠦᠨ ᠬᠠᠮᠠᠭᠠᠯᠠᠬᠤ ᠲᠤᠨᠤᠭ ᠲᠦᠬᠦᠬᠡᠷᠦᠮᠵᠢ ᠶᠢ ᠲᠤᠬᠢᠷᠠᠭᠤᠯᠬᠤ ᠪᠠᠷᠢᠮᠵᠢᠶ᠎ᠠ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号