︽ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠵᠦ ᠬᠠᠤᠯᠢ ᠶᠣᠰᠣᠭᠠᠷ | ᠥᠮᠴᠢᠯᠡᠯ ᠤᠨ ᠡᠷᠬᠡ ᠶᠢ ᠬᠠᠮᠠᠭᠠᠯᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠳᠦᠷᠤ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠳᠤ ᠴᠢᠭᠯᠡᠭᠦᠯᠦᠨ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠢᠨᠬᠤᠸᠠ ᠬᠤᠷᠢᠶ᠎ᠠ ᠶᠢᠨ | ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠨ ᠠᠪᠤᠪᠠ᠃ | ᠥᠮᠴᠢᠯᠡᠯ ᠤᠨ ᠡᠷᠬᠡ ᠶᠢᠨ ᠲᠦᠷᠢᠮ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ | ᠰᠠᠭᠤᠷᠢ ᠮᠥᠨ | ᠠᠰᠠᠭᠤᠯᠲᠠ᠄ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠨᠢ ᠶᠠᠮᠠᠷ ᠴᠢᠬᠤᠯᠠ | ᠶᠡᠭᠡ ᠠᠴᠢ ᠬᠤᠯᠪᠣᠭᠳᠠᠯ ᠲᠠᠢ ᠪᠤᠢ︖ | ᠬᠠᠷᠢᠭᠤᠯᠲᠠ᠄ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠪᠣᠯ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠦᠷᠢᠨᠰᠢᠭᠦᠯᠬᠦ ᠶᠢᠨ ᠳᠣᠲᠣᠭᠠᠳᠤ ᠱᠠᠭᠠᠷᠳᠠᠯᠭ᠎ᠠ | ᠮᠦᠨ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠦᠷᠢᠨᠰᠢᠭᠦᠯᠬᠦ ᠳᠤ ᠡᠷᠬᠡᠪᠰᠢ | ᠬᠠᠮᠲᠤ ᠥᠮᠴᠢᠯᠡᠯ ᠢᠶᠠᠷ ᠭᠤᠣᠯ ᠴᠣᠭᠴᠠ ᠪᠣᠯᠭᠠᠭᠰᠠᠨ᠂ ᠤᠯᠠᠨ ᠲᠦᠷᠦᠯ ᠤᠨ ᠥᠮᠴᠢᠯᠡᠯ ᠤᠨ ᠠᠵᠤ ᠠᠬᠤᠶ ᠶᠢ | ᠬᠠᠮᠲᠤ ᠪᠠᠷ ᠬᠥᠭᠵᠢᠭᠦᠯᠬᠦ ᠠᠵᠤ ᠠᠬᠤᠶ ᠶᠢᠨ ᠦᠨᠳᠦᠰᠦᠨ ᠪᠠᠶᠢᠭᠤᠯᠤᠯ ᠢ ᠪᠠᠷᠢᠮᠳᠠᠯᠠᠬᠤ ᠪᠠ ᠪᠦᠷᠢᠨᠰᠢᠭᠦᠯᠵᠦ᠂ | ᠬᠠᠮᠲᠤ ᠶᠢᠨ ᠥᠮᠴᠢᠯᠡᠯ ᠤᠨ ᠠᠵᠤ ᠠᠬᠤᠶ ᠶᠢ ᠥᠴᠦᠬᠡᠨ ᠴᠦ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ | ᠬᠠᠮᠲᠤ ᠶᠢᠨ ᠥᠮᠴᠢᠯᠡᠯ ᠤᠨ ᠪᠣᠰᠤ ᠠᠵᠤ ᠠᠬᠤᠶ ᠶᠢᠨ ᠬᠥᠭᠵᠢᠯᠲᠡ ᠶᠢ ᠥᠴᠦᠬᠡᠨ ᠴᠦ ᠭᠤᠶᠢᠪᠢᠰᠢ ᠦᠭᠡᠢ ᠪᠠᠷ | ᠵᠣᠷᠢᠭᠵᠢᠭᠤᠯᠤᠨ᠂ ᠳᠡᠮᠵᠢᠵᠦ᠂ ᠬᠥᠲᠥᠯᠥᠨ ᠵᠢᠯᠤᠭᠤᠳᠬᠤ ᠬᠡᠷᠡᠭᠲᠡᠢ᠃ ᠥᠮᠴᠢᠯᠡᠯ ᠤᠨ ᠡᠷᠬᠡ ᠪᠣᠯ ᠥᠮᠴᠢᠯᠡᠯ ᠤᠨ | ᠳᠦᠷᠢᠮ ᠤᠨ ᠴᠢᠮᠦᠭᠡ ᠮᠥᠨ᠂ ᠥᠮᠴᠢᠯᠡᠯ ᠤᠨ ᠡᠷᠬᠡ ᠶᠢ ᠬᠠᠮᠠᠭᠠᠯᠠᠬᠤ ᠪᠣᠯ ᠬᠤᠶᠠᠷ ︽ᠥᠴᠦᠬᠡᠨ ᠴᠦ ᠭᠤᠶᠢᠪᠢᠰᠢ | ᠦᠭᠡᠢ︾ ᠶᠢ ᠨᠠᠶᠢᠳᠠᠪᠤᠷᠢᠵᠢᠭᠤᠯᠬᠤ ᠶᠢᠨ ᠰᠠᠭᠤᠷᠢ ᠮᠥᠨ᠃ ᠥᠭᠡᠷᠡᠴᠢᠯᠡᠯᠲᠡ ᠨᠡᠭᠡᠭᠡᠯᠳᠡ ᠶᠢᠨ ᠭᠦᠨᠵᠡᠭᠡᠶᠢᠷᠡᠬᠦ ᠶᠢ | ᠳᠠᠭᠠᠯᠳᠤᠨ᠂ ᠬᠠᠮᠲᠤ ᠶᠢᠨ ᠥᠮᠴᠢᠯᠡᠯ ᠢᠶᠠᠷ ᠭᠤᠣᠯ ᠴᠣᠭᠴᠠ ᠪᠣᠯᠭᠠᠭᠰᠠᠨ᠂ ᠤᠯᠠᠨ ᠲᠦᠷᠦᠯ ᠤᠨ ᠥᠮᠴᠢᠯᠡᠯ ᠤᠨ | ᠠᠵᠤ ᠠᠬᠤᠶ ᠶᠢ ᠬᠠᠮᠲᠤ ᠪᠠᠷ ᠬᠥᠭᠵᠢᠭᠦᠯᠬᠦ ᠪᠠᠶᠢᠷᠢᠰᠢᠯ ᠦᠨᠳᠦᠰᠦᠨ ᠳᠡᠭᠡᠨ ᠪᠦᠷᠢᠯᠳᠦᠵᠦ᠂ ᠡᠯ᠎ᠡ ᠵᠦᠢᠯ ᠤᠨ | ᠬᠦᠷᠦᠩᠭᠡ ᠶᠢ ᠡᠷᠭᠢᠯᠳᠦᠭᠦᠯᠬᠦ᠂ ᠳᠠᠬᠢᠨ ᠵᠣᠬᠢᠶᠠᠨ ᠪᠠᠶᠢᠭᠤᠯᠬᠤ᠂ ᠨᠡᠶᠢᠯᠡᠭᠦᠯᠬᠦ ᠶᠠᠪᠤᠳᠠᠯ ᠡᠳᠦᠷ ᠢᠷᠡᠬᠦᠶ᠎ᠡ | ᠣᠯᠠᠰᠢᠷᠠᠵᠤ᠂ ᠡᠯ᠎ᠡ ᠳᠦᠷᠦᠯ ᠤᠨ ᠡᠳ᠋ ᠬᠦᠷᠦᠩᠬᠡ ᠶᠢᠨ ᠡᠷᠬᠡ ᠨᠢ ᠴᠥᠮ ᠪᠦᠷᠢᠨ ᠲᠡᠭᠦᠯᠳᠡᠷ ᠥᠮᠴᠢᠯᠡᠯ ᠤᠨ | ᠡᠷᠬᠡ ᠶᠢᠨ ᠬᠠᠮᠠᠭᠠᠯᠠᠯᠲᠠ ᠶᠢᠨ ᠳᠦᠷᠢᠮ ᠢᠶᠠᠷ ᠪᠠᠲᠤᠯᠠᠬᠤ ᠶᠢ ᠱᠠᠭᠠᠷᠳᠠᠵᠤ ᠪᠠᠶᠢᠨ᠎ᠠ᠃ | ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠪᠣᠯ ᠰᠠᠶᠢᠨ ᠰᠠᠶᠢᠬᠠᠨ | ᠵᠢᠱᠢᠯᠲᠡ ᠶᠢ ᠡᠭᠦᠳᠦᠨ ᠪᠦᠲᠦᠭᠡᠵᠦ᠂ ᠨᠡᠶᠢᠭᠡᠮ ᠤᠨ ᠢᠲᠡᠭᠡᠯ ᠢ ᠨᠡᠮᠡᠭᠳᠡᠭᠦᠯᠬᠦ ᠶᠢᠨ ᠪᠣᠳᠠᠲᠤ ᠬᠡᠷᠡᠭᠴᠡᠭᠡ ᠮᠥᠨ᠃ | ᠣᠳᠣᠬᠠᠨ ᠳᠤ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠵᠤ᠂ ᠠᠵᠤ | ᠠᠬᠤᠶ ᠶᠢᠨ ᠨᠡᠮᠡᠭᠳᠡᠯ ᠬᠤᠷᠳᠤᠴᠠ ᠪᠠᠨ ᠰᠣᠯᠢᠨ᠂ ᠪᠦᠲᠦᠴᠡ ᠶᠢᠨ ᠲᠣᠬᠢᠷᠠᠭᠤᠯᠤᠯᠲᠠ ᠡᠮᠵᠡᠭᠯᠡᠯ ᠤᠨ ᠱᠠᠲᠤᠨ ᠳᠤ | ᠤᠷᠤᠵᠤ᠂ ᠰᠢᠨ᠎ᠡ ᠬᠠᠭᠤᠴᠢᠨ ᠬᠦᠳᠡᠯᠭᠡᠭᠦᠷ ᠴᠢᠳᠠᠪᠬᠢ ᠶᠢᠨ ᠬᠤᠪᠢᠷᠠᠯᠲᠠ ᠬᠠᠷᠢᠯᠴᠠᠨ ᠰᠣᠯᠪᠢᠴᠠᠵᠤ᠂ ᠠᠵᠤ | ᠠᠬᠤᠶ ᠶᠢᠨ ᠪᠠᠭᠤᠷᠠᠬᠤ ᠳᠠᠷᠤᠯᠲᠠ ᠨᠡᠮᠡᠭᠳᠡᠵᠦ ᠪᠠᠶᠢᠨ᠎ᠠ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠶ ᠶᠢᠨ ᠨᠥᠬᠦᠴᠡᠯ ᠳᠣᠣᠷ᠎ᠠ᠂ ᠡᠯ᠎ᠡ ᠵᠦᠢᠯ ᠤᠨ ᠥᠷᠢᠰᠥᠯᠳᠦᠭᠡᠨ ᠢ ᠪᠦᠲᠦᠮᠵᠢᠲᠡᠶ ᠪᠠᠷ ᠠᠷᠭᠠᠴᠠᠵᠤ᠂ ᠠᠵᠤ | ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠨᠢ ᠨᠡᠶᠢᠭᠡᠮ ᠤᠨ ᠵᠢᠱᠢᠯᠲᠡ ᠶᠢ ᠲᠣᠭᠲᠠᠪᠤᠷᠢᠲᠠᠶ | ᠪᠠᠶᠢᠯᠭᠠᠵᠤ᠂ ᠨᠡᠶᠢᠭᠡᠮ ᠤᠨ ᠢᠲᠡᠭᠡᠯ ᠢ ᠨᠡᠮᠡᠭᠳᠡᠭᠦᠯᠬᠦ ᠬᠡᠷᠡᠭᠲᠡᠢ᠃ ᠡᠭᠦᠨ ᠢ ᠪᠡᠶᠡᠯᠡᠭᠦᠯᠬᠦ ᠳᠤ᠂ ᠦᠮᠴᠢᠯᠡᠯ ᠤᠨ | ᠡᠷᠬᠡ ᠶᠢ ᠰᠠᠶᠢᠲᠤᠷ ᠬᠠᠮᠠᠭᠠᠯᠠᠬᠤ ᠶᠢᠨ ᠵᠠᠩᠭᠢᠯᠠᠭ᠎ᠠ ᠪᠣᠯᠤᠨ᠎ᠠ᠃ ᠵᠣᠷᠢᠭ ᠪᠠᠶᠢᠪᠠᠯ ᠵᠠᠪᠠᠯ ᠵᠣᠷᠢᠭᠰᠠᠨ ᠳᠠᠭᠠᠨ ᠬᠦᠷᠬᠦ | ᠬᠡᠷᠡᠭᠲᠡᠢ᠃ | ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠪᠣᠯ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠥᠪ ᠭᠤᠣᠯᠴᠢ ᠪᠠᠶᠢᠬᠤ ᠪᠣᠯ | ᠥᠮᠴᠢᠯᠡᠯ ᠤᠨ ᠡᠷᠬᠡ ᠶᠢ ᠬᠠᠮᠠᠭᠠᠯᠠᠬᠤ ᠭᠤᠣᠯ ᠵᠠᠷᠴᠢᠮ ᠮᠦᠨ᠃ ᠠᠷᠠᠳ ᠢᠷᠭᠡᠳ ᠤᠨ ᠡᠳ᠋ ᠬᠥᠷᠤᠩᠭᠡ ᠶᠢᠨ | ᠡᠷᠬᠡ ᠶᠢ ᠡᠷᠬᠡ ᠲᠡᠭᠰᠢ ᠪᠦᠲᠦᠮᠵᠢᠲᠡᠶ ᠪᠠᠷ ᠬᠠᠮᠠᠭᠠᠯᠠᠬᠤ ᠪᠣᠯ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ | ᠦᠨᠳᠦᠰᠦᠨ ᠠᠭᠤᠯᠬᠤᠨ ᠪᠣᠯᠤᠨ ᠴᠢᠬᠤᠯᠠ ᠢᠯᠡᠷᠡᠯ ᠮᠥᠨ᠃ ᠮᠠᠨ ᠤ ᠤᠯᠤᠰ ᠤᠨ ᠠᠵᠤ ᠠᠬᠤᠶ ᠨᠡᠶᠢᠭᠡᠮ ᠲᠦᠷᠭᠡᠨ | ᠬᠦᠭᠵᠢᠵᠦ᠂ ᠨᠡᠶᠢᠭᠡᠮ ᠤᠨ ᠡᠳ᠋ ᠪᠠᠶᠠᠯᠢᠭ ᠳᠠᠰᠤᠷᠠᠯ ᠦᠭᠡᠢ ᠪᠠᠷ ᠬᠤᠷᠠᠮᠳᠤᠨ ᠪᠤᠵᠠᠭᠠᠶᠢᠷᠠᠵᠤ᠂ ᠳᠤᠮᠳᠠ ᠵᠡᠷᠭᠡ ᠶᠢᠨ | ᠣᠷᠣᠯᠭ᠎ᠠ ᠲᠠᠢ ᠪᠥᠯᠦᠭᠯᠡᠯ ᠡᠳᠦᠷ ᠢᠷᠡᠬᠦᠶ᠎ᠡ ᠥᠷᠭᠡᠳᠴᠦ᠂ ᠬᠥᠮᠦᠰ ᠤᠨ ᠥᠮᠴᠢᠯᠡᠯ ᠤᠨ ᠡᠷᠬᠡ ᠶᠢᠨ ᠠᠮᠤᠷ | ᠲᠥᠪᠰᠢᠨ ᠤ ᠲᠠᠯ᠎ᠠ ᠪᠠᠷ ᠬᠢ ᠱᠠᠭᠠᠷᠳᠠᠯᠭ᠎ᠠ ᠤᠯᠠᠮ ᠠᠴᠠ ᠤᠯᠠᠮ ᠲᠤᠯᠭᠠᠮ᠎ᠠ ᠪᠣᠯᠵᠤ ᠪᠠᠶᠢᠨ᠎ᠠ᠃ ᠡᠯ᠎ᠡ ᠲᠦᠷᠦᠯ ᠤᠨ | ᠥᠮᠴᠢᠯᠡᠯ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠪᠠᠶᠢᠭᠠᠯᠢ ᠬᠥᠮᠦᠨ ᠤ ᠡᠳ᠋ ᠬᠥᠷᠤᠩᠭᠡ ᠶᠢᠨ | ᠡᠷᠬᠡ ᠶᠢᠨ ᠬᠠᠮᠠᠭᠠᠯᠠᠯᠲᠠ ᠶᠢ ᠡᠷᠬᠡᠪᠰᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢᠨ | ᠬᠠᠮᠠᠭᠠᠯᠠᠯᠲᠠ ᠶᠢ ᠴᠢᠩᠭᠠᠳᠬᠠᠨ᠂ ᠠᠷᠠᠳ ᠢᠷᠭᠡᠳ ᠤᠨ ᠦᠮᠴᠢᠯᠡᠯ ᠤᠨ ᠡᠷᠬᠡ ᠶᠢᠨ ᠡᠷᠬᠡ ᠠᠰᠢᠭ ᠪᠣᠯᠣᠨ | ᠰᠢᠨ᠎ᠡ ᠶᠢ ᠡᠭᠦᠳᠬᠦ ᠠᠰᠢᠭ ᠣᠷᠣᠯᠭ᠎ᠠ ᠶᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠢᠷᠭᠡᠳ ᠤᠨ ᠡᠳ᠋ ᠬᠥᠷᠥᠩᠭᠡ | ᠡᠳ᠋ ᠪᠠᠶᠠᠯᠢᠭ ᠤᠨ ᠠᠮᠤᠷ ᠲᠦᠪᠰᠢᠨ ᠤ ᠲᠦᠷᠦᠭᠳᠡᠯ ᠢ ᠨᠢ ᠨᠡᠮᠡᠭᠳᠡᠭᠦᠯᠵᠦ᠂ ᠡᠷᠬᠡ ᠲᠡᠭᠰᠢ ᠲᠥᠪ ᠭᠤᠣᠯᠴᠢ | ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ | ᠦᠮᠴᠢᠯᠡᠯ ᠤᠨ ᠡᠷᠬᠡ ᠶᠢ ᠬᠠᠮᠠᠭᠠᠯᠠᠬᠤ ᠲᠤᠪᠤᠶᠢᠮ᠎ᠠ ᠠᠰᠠᠭᠤᠳᠠᠯ ᠢ ᠡᠷᠴᠢᠮᠯᠡᠨ ᠰᠢᠢᠳᠪᠦᠷᠢᠯᠡᠬᠦ ᠬᠡᠷᠡᠭᠲᠡᠢ | ᠠᠰᠠᠭᠤᠯᠲᠠ᠄ ᠮᠠᠨ ᠤ ᠤᠯᠤᠰ ᠤᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠳᠤ ᠶᠠᠮᠠᠷ ᠶᠠᠮᠠᠷ ᠭᠤᠣᠯ | ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠶ ᠪᠠᠶᠢᠬᠤ ᠪᠤᠢ︖ | ᠬᠠᠷᠢᠭᠤᠯᠲᠠ᠄ ᠨᠢᠭᠡ ᠳᠤ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶ ᠶᠢᠨ ᠦᠮᠴᠢᠯᠡᠯ ᠤᠨ ᠡᠷᠬᠡ | ᠪᠣᠯᠣᠨ ᠬᠠᠤᠯᠢ ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠬᠤ ᠬᠡᠷᠡᠭᠲᠡᠢ᠃ ᠮᠠᠨ ᠤ ᠤᠯᠤᠰ ᠤᠨ | ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠳᠤ ᠦᠮᠴᠢᠯᠡᠯ ᠤᠨ ᠡᠷᠬᠡ ᠶᠢ ᠬᠠᠮᠠᠭᠠᠯᠠᠬᠤ ᠲᠠᠯ᠎ᠠ ᠪᠠᠷ ᠲᠣᠳᠣᠷᠬᠠᠶ | ᠲᠣᠭᠲᠠᠭᠠᠯ ᠲᠣᠭᠲᠠᠭᠠᠭᠰᠠᠨ ᠪᠠᠶᠢᠳᠠᠯ᠂ ᠭᠡᠪᠡᠴᠦ ᠲᠡᠦᠬᠡᠨ ᠰᠢᠯᠲᠠᠭᠠᠨ ᠠᠴᠠ ᠪᠣᠯᠤᠭᠠᠳ᠂ ᠵᠠᠷᠢᠮ ᠬᠠᠤᠯᠢ | ᠴᠠᠭᠠᠵᠠ ᠶᠢᠨ ᠲᠦᠷᠢᠮ ᠲᠣᠭᠲᠠᠭᠠᠯ ᠪᠣᠯᠣᠨ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠦᠢᠯᠡᠳᠦᠯᠭᠡ ᠨᠢ ᠠᠳᠠᠯᠢ | ᠪᠤᠰᠤ ᠥᠮᠴᠢᠯᠡᠯ ᠤᠨ ᠳᠦᠷᠢᠮ ᠤᠨ ᠥᠮᠴᠢᠯᠡᠬᠦ ᠡᠷᠬᠡ ᠶᠢᠨ ᠬᠠᠮᠠᠭᠠᠯᠠᠯᠲᠠ ᠳᠤ ᠳᠡᠩᠰᠢ ᠪᠣᠰᠤ ᠪᠠᠶᠢᠬᠤ ᠪᠠᠶᠢᠳᠠᠯ | ᠮᠦᠨ ᠯᠠ ᠤᠷᠤᠰᠢᠵᠤ᠂ ᠨᠢᠭᠡ ᠲᠠᠯ᠎ᠠ ᠪᠠᠷ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠠᠯᠳᠠᠭᠳᠠᠵᠤ | ᠭᠡᠭᠡᠭᠳᠡᠬᠦ ᠠᠰᠠᠭᠤᠳᠠᠯ ᠮᠥᠨ ᠯᠡ ᠣᠷᠣᠰᠢᠵᠤ᠂ ᠨᠦᠬᠦᠭᠡ ᠲᠠᠯ᠎ᠠ ᠪᠠᠷ᠂ ᠬᠠᠮᠲᠤ ᠶᠢᠨ ᠪᠤᠰᠤ ᠦᠮᠴᠢᠯᠡᠯ ᠤᠨ | ᠡᠷᠬᠡ ᠶᠢᠨ ᠬᠠᠮᠠᠭᠠᠯᠠᠯᠲᠠ ᠨᠢ ᠬᠠᠮᠲᠤ ᠶᠢᠨ ᠥᠮᠴᠢᠯᠡᠯ ᠢᠯᠠᠩᠭᠤᠶ᠎ᠠ ᠤᠯᠤᠰ ᠤᠨ ᠥᠮᠴᠢᠯᠡᠯ ᠤᠨ ᠥᠮᠴᠢᠯᠡᠬᠦ | ᠡᠷᠬᠡ ᠶᠢᠨ ᠬᠠᠮᠠᠭᠠᠯᠠᠯᠲᠠ ᠠᠴᠠ ᠪᠠᠭᠤᠷᠠᠢ ᠪᠠᠶᠢᠨ᠎ᠠ᠃ ᠬᠤᠯᠪᠣᠭᠳᠠᠯ ᠪᠦᠬᠦᠢ ᠬᠠᠤᠯᠢ ᠲᠣᠭᠲᠠᠭᠠᠬᠤ ᠳᠤ ︽ᠠᠳᠠᠯᠢ | ᠲᠡᠭᠰᠢ ᠬᠠᠮᠠᠭᠠᠯᠠᠯᠲᠠ︾ ᠶᠢᠨ ᠪᠠᠷᠢᠮᠵᠢᠶ᠎ᠠ ᠶᠣᠰᠤᠭᠠᠷ ᠠᠯᠬᠤᠮ ᠠᠯᠬᠤᠮ ᠢᠶᠠᠷ ᠲᠣᠬᠢᠷᠠᠭᠤᠯᠤᠨ ᠪᠦᠷᠢᠨᠰᠢᠭᠦᠯᠵᠦ᠂ | ᠪᠣᠳᠠᠲᠠᠶ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠠᠵᠢᠯᠯᠠᠭ᠎ᠠ ᠨᠢ ︽ᠠᠳᠠᠯᠢ ᠲᠡᠭᠰᠢ ᠬᠠᠮᠠᠭᠠᠯᠠᠯᠲᠠ︾ ᠶᠢᠨ | ᠱᠠᠭᠠᠷᠳᠠᠯᠭ᠎ᠠ ᠶᠣᠰᠣᠭᠠᠷ ᠤᠯᠠᠮ ᠵᠢᠷᠤᠮᠵᠢᠭᠤᠯᠬᠤ ᠬᠡᠷᠡᠭᠲᠡᠶ ᠪᠠᠶᠢᠨ᠎ᠠ᠃ | ᠬᠤᠶᠠᠷ ᠲᠤ ᠥᠮᠴᠢᠯᠡᠯ ᠤᠨ ᠡᠷᠬᠡ ᠳᠤ ᠬᠤᠯᠪᠣᠭᠳᠠᠭᠰᠠᠨ ᠪᠤᠷᠤᠭᠤ ᠬᠢᠯᠢᠰ ᠬᠡᠷᠡᠭ ᠢ ᠢᠯᠭᠠᠨ ᠲᠤᠳᠤᠯᠠᠬᠤ | ᠪᠠ ᠵᠠᠯᠠᠷᠠᠭᠤᠯᠬᠤ ᠬᠡᠷᠡᠭᠲᠡᠶ᠃ ᠥᠭᠡᠷᠡᠴᠢᠯᠡᠯᠲᠡ ᠨᠡᠭᠡᠭᠡᠯᠳᠡ ᠬᠢᠭᠰᠡᠨ ᠠᠴᠠ ᠨᠠᠰᠢ᠂ ᠮᠠᠨ ᠤ ᠤᠯᠤᠰ ᠤᠨ ᠬᠠᠤᠯᠢ | ᠴᠠᠭᠠᠵᠠ ᠶᠢᠨ ᠪᠠᠶᠢᠭᠤᠯᠤᠯ ᠲᠠᠰᠤᠷᠠᠯᠳᠠ ᠦᠭᠡᠢ ᠪᠦᠷᠢᠨᠰᠢᠵᠤ᠂ ᠬᠠᠤᠯᠢ ᠴᠠᠭᠠᠵᠠ ᠶᠢᠨ ᠥᠮᠴᠢᠯᠡᠯ ᠤᠨ ᠡᠷᠬᠡ ᠶᠢᠨ | ᠬᠠᠮᠠᠭᠠᠯᠠᠬᠤ ᠡᠷᠴᠢᠮ ᠲᠠᠰᠤᠷᠠᠯᠳᠠ ᠦᠭᠡᠢ ᠴᠢᠩᠭᠠᠷᠠᠪᠠ᠂ ᠭᠡᠪᠡᠴᠦ ᠵᠠᠷᠢᠮ ᠭᠠᠵᠠᠷ ᠤᠨ ᠬᠠᠤᠯᠢ ᠴᠠᠭᠠᠵᠠ ᠶᠢᠨ | ᠬᠡᠷᠡᠭᠵᠢᠭᠦᠯᠦᠯᠲᠡ ᠨᠢ ᠲᠥᠪ ᠭᠤᠣᠯᠴᠢ ᠪᠠᠷ ᠳᠤᠲᠠᠮᠠᠭ᠂ ᠵᠢᠷᠤᠮᠵᠢᠯ ᠢᠶᠠᠷ ᠬᠦᠷᠦᠯᠴᠡᠬᠦ ᠦᠭᠡᠢ ᠠᠴᠠ ᠪᠣᠯᠣᠭᠠᠳ | ᠥᠮᠴᠢᠯᠡᠯ ᠤᠨ ᠡᠷᠬᠡ ᠬᠠᠯᠳᠠᠯᠭ᠎ᠠ ᠳᠤ ᠤᠴᠠᠷᠠᠬᠤ ᠦᠵᠡᠭᠳᠡᠯ ᠮᠥᠨᠬᠦ ᠣᠷᠣᠰᠢᠭᠰᠠᠭᠠᠷ ᠪᠠᠶᠢᠨ᠎ᠠ᠃ ᠬᠠᠤᠯᠢ | ᠴᠠᠭᠠᠵᠠ ᠶᠢᠨ ᠨᠡᠷ᠎ᠡ ᠬᠦᠨᠳᠦ ᠪᠣᠯᠣᠨ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠬᠤ ᠶᠢᠨ ᠲᠣᠰᠠᠳᠠ᠂ ᠠᠵᠤ | ᠠᠬᠤᠶ ᠶᠢᠨ ᠬᠡᠷᠡᠭ ᠲᠠᠬᠢ ᠪᠤᠷᠤᠭᠤ ᠬᠢᠯᠢᠰ ᠬᠡᠷᠡᠭ ᠂ ᠢᠯᠠᠩᠭᠤᠶ᠎ᠠ ᠨᠡᠶᠢᠭᠡᠮ ᠤᠨ ᠲᠤᠰᠬᠠᠯ ᠶᠡᠬᠡᠲᠡᠢ᠂ ᠰᠡᠵᠢᠭ | ᠣᠯᠠᠨᠲᠠᠢ ᠬᠡᠷᠡᠭ ᠢ ᠬᠠᠤᠯᠢ ᠶᠣᠰᠣᠭᠠᠷ ᠵᠠᠯᠠᠷᠠᠭᠤᠯᠵᠤ ᠬᠡᠷᠡᠭᠲᠡᠢ᠂ ᠵᠠᠷᠢᠮ ᠨᠡᠶᠢᠲᠡᠯᠢᠭ ᠴᠢᠨᠠᠷᠲᠠᠶ ᠬᠡᠷᠡᠭ ᠢ ᠢᠯᠭᠠᠨ | ᠲᠤᠳᠦᠯᠡᠬᠤ ᠪᠠ ᠵᠠᠯᠠᠷᠠᠭᠤᠯᠬᠤ ᠨᠢ᠂ ᠨᠡᠶᠢᠭᠡᠮ ᠳᠤ ᠬᠠᠤᠯᠢ ᠪᠠᠷ ᠵᠠᠰᠠᠬᠤ ᠵᠢᠯᠣᠭᠤᠳᠤᠮᠵᠢ ᠥᠭᠬᠦ ᠳᠤ ᠠᠰᠢᠭᠲᠠᠶ | ᠪᠥᠭᠡᠳ ᠨᠡᠶᠢᠭᠡᠮ ᠤᠨ ᠡᠯ᠎ᠡ ᠡᠲᠡᠭᠡᠳ ᠤᠨ ᠬᠢᠨ ᠢ ᠥᠮᠴᠢᠯᠡᠬᠦ ᠡᠷᠬᠡ ᠪᠠᠨ ᠬᠠᠮᠠᠭᠠᠯᠠᠬᠤ ᠲᠦᠭᠡᠮᠡᠯ ᠲᠠᠨᠢᠨ ᠮᠡᠳᠡᠷᠡᠬᠦᠢ | ᠲᠠᠢ ᠪᠣᠯᠭᠠᠵᠤ᠂ ᠠᠷᠠᠳ ᠣᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠲᠥᠷᠥᠭᠳᠡᠭᠦᠯᠬᠦ ᠪᠣᠯᠣᠨ᠎ᠠ᠃ | ᠭᠤᠷᠪᠠ ᠳᠤ ᠠᠵᠤ ᠠᠬᠤᠶᠢᠯᠠᠯ ᠢᠯᠠᠩᠭᠤᠶ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠩᠭᠡᠷᠡᠭᠰᠡᠨ | ᠳᠤ ᠡᠵᠡᠩᠨᠡᠯᠲᠡ ᠨᠢ ᠵᠢᠷᠤᠮᠵᠢᠯ ᠦᠭᠡᠢ ᠪᠠᠶᠢᠭᠰᠠᠨ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠬᠡᠷᠡᠭᠲᠡᠢ᠃ ᠤᠷᠲᠤ | ᠬᠤᠭᠤᠴᠠᠭᠠᠨ ᠤ ᠲᠤᠷᠰᠢ᠂ ᠡᠯ᠎ᠡ ᠲᠥᠷᠥᠯ ᠤᠨ ᠠᠵᠤ ᠠᠬᠤᠶᠢᠯᠠᠯ ᠢᠯᠠᠩᠭᠤᠶ᠎ᠠ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠡᠵᠡᠩᠨᠡᠯᠲᠡ ᠶᠢᠨ ᠬᠥᠭᠵᠢᠯᠲᠡ ᠶᠢᠨ ᠶᠠᠪᠤᠴᠠ ᠳᠤᠨᠢ ᠲᠣᠭᠲᠠᠭᠠᠯ ᠠᠴᠠ ᠵᠥᠷᠢᠴᠡᠨ ᠡᠵᠡᠩᠨᠡᠬᠦ | ᠢᠯᠠᠩᠭᠤᠶ᠎ᠠ ᠬᠠᠤᠯᠢ ᠶᠢ ᠵᠥᠷᠢᠴᠡᠭᠰᠡᠨ ᠳᠤ ᠬᠤᠯᠪᠣᠭᠳᠠᠬᠤ ᠦᠢᠯᠡ ᠠᠵᠢᠯᠯᠠᠭ᠎ᠠ ᠤᠳ ᠣᠷᠣᠰᠢᠭᠰᠠᠭᠠᠷ ᠢᠷᠡᠪᠡ᠃ | ᠡᠭᠦᠨ ᠳᠤ ᠵᠠᠷᠢᠮ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠶᠡᠬᠡᠳᠡ ᠰᠠᠨᠠᠭ᠎ᠠ ᠠᠯᠭᠠᠰᠠᠵᠤ᠂ ᠪᠠᠰᠠ ᠵᠠᠷᠢᠮ | ᠬᠥᠮᠦᠰ ᠤᠨ ᠰᠠᠨᠠᠭ᠎ᠠ ᠰᠡᠳᠬᠢᠯ ᠢ ᠲᠣᠭᠲᠠᠪᠤᠷᠢ ᠠᠯᠳᠠᠭᠤᠯᠵᠤ᠂ ᠪᠡᠯᠡ ᠣᠷᠣᠭᠤᠯᠬᠤ ᠬᠦᠰᠡᠯ ᠰᠠᠨᠠᠭ᠎ᠠ ᠶᠢ ᠨᠢ | ᠭᠤᠶᠢᠪᠢᠯᠵᠠᠭᠤᠯᠵᠤ ᠪᠠᠶᠢᠨ᠎ᠠ᠃ ᠡᠨᠡ ᠬᠦ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠨᠢ ᠨᠡᠶᠢᠭᠡᠮ ᠤᠨ ᠵᠢᠱᠢᠯᠲᠡ ᠶᠢ | ᠲᠣᠭᠲᠠᠪᠤᠷᠢᠵᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠳᠥᠷᠪᠡ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠢ ᠵᠥᠷᠢᠴᠡᠭᠰᠡᠨ ᠬᠡᠷᠡᠭ ᠲᠤ | ᠬᠠᠤᠯᠢ ᠴᠠᠭᠠᠵᠠ ᠶᠢᠨ ᠵᠢᠷᠤᠮᠵᠢᠯ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ ᠠᠵᠤ | ᠠᠬᠤᠶᠢᠯᠠᠯ ᠪᠠ ᠠᠷᠠᠳ ᠢᠷᠭᠡᠨ ᠤ ᠡᠳ᠋ ᠬᠥᠷᠦᠩᠭᠡ ᠶᠢᠨ ᠡᠷᠬᠡ ᠬᠠᠯᠳᠠᠯᠭ᠎ᠠ ᠳᠤ ᠤᠴᠠᠷᠠᠵᠤ ᠪᠠᠶᠢᠭ᠎ᠠ ᠶᠢᠨ ᠴᠢᠬᠤᠯᠠ | ᠨᠢᠭᠡᠨ ᠰᠢᠯᠲᠠᠭᠠᠨ ᠨᠢ ᠪᠣᠯ ᠳᠠᠷᠤᠢ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠵᠢᠷᠤᠮᠵᠢᠯ ᠦᠭᠡᠢ ᠪᠠᠶᠢᠬᠤ ᠶᠠᠪᠤᠳᠠᠯ | ᠪᠣᠯᠤᠨ᠎ᠠ᠃ ᠢᠯᠠᠩᠭᠤᠶ᠎ᠠ ᠴᠥᠭᠡᠨ ᠲᠣᠭᠠᠨ ᠤ ᠣᠷᠣᠨ ᠨᠤᠲᠤᠭ ᠲᠤ ᠬᠠᠤᠯᠢ ᠶᠢ ᠳᠤᠷ᠎ᠠ ᠪᠠᠷ ᠢᠶᠠᠨ ᠬᠡᠷᠡᠭᠵᠢᠭᠦᠯᠬᠦ᠂ | ᠵᠠᠰᠠᠭ ᠵᠠᠬᠢᠷᠭᠠᠨ ᠠᠴᠠ ᠬᠠᠤᠯᠢ ᠴᠠᠭᠠᠵᠠ ᠳᠤ ᠭᠠᠷ ᠲᠦᠷᠦᠭᠦ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢᠶᠠᠷ | ᠡᠩ ᠤᠨ ᠠᠵᠤ ᠠᠬᠤᠶ ᠶᠢᠨ ᠵᠢᠭᠤᠷᠠᠯᠳᠤᠭᠠᠨ ᠳᠤ ᠭᠠᠷ ᠲᠦᠷᠦᠭᠦ᠂ ᠳᠤᠷ᠎ᠠ ᠪᠠᠷ ᠢᠶᠠᠨ ᠠᠯᠪᠠᠳᠠᠯᠭ᠎ᠠ ᠶᠢᠨ ᠠᠷᠭ᠎ᠠ | ᠬᠡᠮᠵᠢᠶ᠎ᠡ ᠠᠪᠬᠤ᠂ ᠡᠳ᠋ ᠬᠦᠷᠦᠩᠭᠡ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠬᠦ ᠳᠤ ᠬᠠᠤᠯᠢ ᠶᠣᠰᠣᠨ ᠤ ᠡᠳ᠋ | ᠬᠦᠷᠦᠩᠭᠡ ᠳᠤ ᠳᠤᠷ᠎ᠠ ᠪᠠᠷ ᠢᠶᠠᠨ ᠬᠤᠯᠪᠣᠭᠳᠠᠭᠤᠯᠬᠤ ᠵᠡᠷᠭᠡ ᠡᠳᠡᠭᠡᠷ ᠤᠢᠢᠯᠠ ᠠᠵᠢᠯᠯᠠᠭ᠎ᠠ ᠨᠢ ᠠᠵᠤ ᠠᠬᠤᠶᠢᠯᠠᠯ | ᠢᠯᠠᠩᠭᠤᠶ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠠᠵᠤ ᠠᠬᠤᠶᠢᠯᠠᠯ ᠤᠨ ᠡᠵᠡᠨ ᠬᠥᠮᠥᠨ ᠤ ᠡᠳ᠋ | ᠬᠥᠷᠦᠩᠭᠡ ᠶᠢᠨ ᠡᠷᠬᠡ ᠳᠤ ᠬᠠᠯᠳᠠᠯᠭ᠎ᠠ ᠤᠴᠠᠷᠠᠭᠤᠯᠵᠤ ᠪᠤᠢ᠃ ᠬᠠᠤᠯᠢ ᠴᠠᠭᠠᠵᠠ ᠶᠢᠨ ᠠᠵᠢᠯᠯᠠᠭ᠎ᠠ ᠶᠢ | ᠵᠢᠷᠤᠮᠵᠢᠭᠤᠯᠬᠤ ᠪᠠᠷ ᠳᠠᠮᠵᠢᠭᠤᠯᠤᠨ᠂ ᠬᠠᠤᠯᠢ ᠴᠠᠭᠠᠵᠠ ᠶᠢ ᠥᠮᠴᠢᠯᠡᠬᠦ ᠡᠷᠬᠡ ᠶᠢ ᠬᠠᠮᠠᠭᠠᠯᠠᠬᠤ ᠶᠢᠨ ᠬᠦᠴᠦᠲᠡᠶ | ᠪᠠᠲᠤᠯᠠᠭ᠎ᠠ ᠪᠣᠯᠭᠠᠬᠤ ᠬᠡᠷᠡᠭᠲᠡᠢ᠃ | ᠲᠠᠪᠤ ᠳᠤ ᠥᠮᠴᠢᠯᠡᠯ ᠤᠨ ᠡᠷᠬᠡ ᠶᠢ ᠬᠠᠮᠠᠭᠠᠯᠠᠬᠤ ᠨᠡᠶᠢᠭᠡᠮ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ | ᠪᠣᠯᠭᠠᠬᠤ ᠬᠡᠷᠡᠭᠲᠡᠢ᠃ ᠥᠮᠴᠢᠯᠡᠯ ᠤᠨ ᠡᠷᠬᠡ ᠶᠢ ᠬᠠᠮᠠᠭᠠᠯᠠᠬᠤ ᠨᠢ ᠠᠵᠤ ᠠᠬᠤᠶᠢᠯᠠᠯ ᠪᠠ ᠠᠷᠠᠳ | ᠢᠷᠭᠡᠨ ᠨᠢᠭᠡᠪᠦᠷᠢ ᠶᠢᠨ ᠶᠢᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠲᠤᠯᠠ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠬᠠᠮᠲᠤ ᠪᠠᠷ ᠣᠷᠣᠯᠴᠠᠬᠤ ᠴᠢᠬᠤᠯᠠᠲᠠᠶ᠃ ᠨᠢᠭᠡ ᠪᠦᠯᠦᠭ ᠥᠮᠴᠢᠯᠡᠯ ᠤᠨ ᠡᠷᠬᠡ ᠶᠢ ᠬᠠᠤᠯᠢ | ᠶᠤᠰᠤᠭᠠᠷ ᠪᠦᠲᠦᠮᠵᠢᠲᠡᠢ ᠬᠠᠮᠠᠭᠠᠯᠠᠭᠰᠠᠨ ᠰᠠᠶᠢᠨ ᠠᠷᠭ᠎ᠠ᠂ ᠰᠠᠶᠢᠨ ᠲᠤᠷᠰᠢᠯᠭ᠎ᠠ᠂ ᠰᠠᠶᠢᠨ ᠬᠡᠷᠡᠭ ᠤᠨ | ᠵᠢᠱᠢᠶ᠎ᠡ ᠶᠢ ᠳ᠋ᠦᠩᠨᠡᠨ ᠤᠬᠠᠭᠤᠯᠬᠤ ᠪᠠᠷ ᠳᠠᠮᠵᠢᠭᠤᠯᠵᠤ᠂ ᠠᠵᠤ ᠠᠬᠤᠶ ᠶᠢᠨ ᠪᠦᠳᠦᠭᠡᠠ ᠪᠠᠶᠢᠭᠤᠯᠤᠯᠲᠠ ᠪᠠᠷ | ᠭᠤᠣᠯᠳᠠᠯᠭ᠎ᠠ ᠪᠣᠯᠭᠠᠬᠤ᠂ ᠠᠵᠢᠯᠴᠢ ᠬᠥᠳᠡᠯᠮᠦᠷᠢᠴᠢ ᠪᠠᠷ ᠪᠠᠶᠠᠵᠢᠨ ᠴᠢᠨᠡᠭᠡᠯᠢᠭᠵᠢᠬᠦ᠂ ᠥᠮᠴᠢᠯᠡᠯ ᠤᠨ ᠡᠷᠬᠡ ᠶᠢ | ᠬᠠᠮᠠᠭᠠᠯᠠᠬᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ | ᠶᠢ ᠴᠢᠩᠭᠠᠳᠬᠠᠵᠤ᠂ ᠡᠷᠬᠡ ᠲᠡᠭᠰᠢ ᠪᠠᠷ ᠬᠠᠮᠠᠭᠠᠯᠠᠬᠤ᠂ ᠪᠦᠬᠦ ᠲᠠᠯ᠎ᠠ ᠪᠠᠷ ᠬᠠᠮᠠᠭᠠᠯᠠᠬᠤ᠂ ᠬᠠᠤᠯᠢ ᠶᠣᠰᠣᠭᠠᠷ | ᠬᠠᠮᠠᠭᠠᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠦᠨᠡᠨᠴᠢ ᠢᠲᠡᠭᠡᠮᠵᠢᠲᠡᠶ᠂ | ᠭᠡᠷ᠎ᠡ ᠶᠢ ᠵᠢᠷᠤᠮᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠰᠠᠭᠤᠭᠳᠠᠭᠤᠯᠬᠤ᠂ ᠥᠮᠴᠢᠯᠡᠬᠦ | ᠡᠷᠬᠡ ᠶᠢ ᠬᠠᠮᠠᠭᠠᠯᠠᠬᠤ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠲᠦᠯᠬᠢᠨ | ᠠᠬᠢᠭᠤᠯᠬᠤ ᠬᠡᠷᠡᠭᠲᠡᠢ᠃ | ᠵᠠᠰᠠᠭ ᠤᠨ ᠶᠠᠪᠤᠳᠠᠯ ᠦᠨᠡᠨᠴᠢ ᠢᠲᠡᠭᠡᠮᠵᠢᠲᠡᠢ ᠪᠠᠶᠢᠬᠤ ᠦᠯᠢᠭᠡᠷ ᠳᠠᠭᠤᠷᠢᠶᠠᠯ ᠤᠨ ᠦᠢᠯᠡᠳᠦᠯ ᠢ | ᠪᠠᠳᠠᠷᠠᠭᠤᠯᠬᠤ ᠬᠡᠷᠡᠭᠲᠡᠢ | ᠠᠰᠠᠭᠤᠯᠲᠠ᠄ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠳᠤ ᠵᠠᠰᠠᠭ ᠤᠨ | ᠣᠷᠳᠣᠨ ᠤ ᠠᠵᠢᠯᠯᠠᠭ᠎ᠠ ᠶᠢ ᠬᠡᠷᠬᠢᠨ ᠵᠢᠷᠤᠮᠵᠢᠭᠤᠯᠬᠤ ᠪᠣᠢ︖ | ᠬᠠᠷᠢᠭᠤᠯᠲᠠ᠄ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢ ᠬᠥᠭᠵᠢᠭᠦᠯᠬᠦ ᠳᠤ ᠵᠠᠬ᠎ᠠ | ᠳᠡᠯᠭᠡᠭᠦᠷ ᠢᠶᠠᠷ ᠡᠬᠢ ᠪᠠᠶᠠᠯᠢᠭ ᠢ ᠲᠣᠬᠢᠷᠠᠭᠤᠯᠬᠤ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠪᠠᠳᠠᠷᠠᠭᠤᠯᠬᠤ | ᠴᠢᠬᠤᠯᠠᠲᠠᠢ ᠪᠦᠭᠡᠳ ᠪᠠᠰᠠ ᠴᠦ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠶ | ᠶᠤᠮ᠃ ᠥᠮᠴᠢᠯᠡᠯ ᠤᠨ ᠡᠷᠬᠡ ᠶᠢ ᠬᠠᠮᠠᠭᠠᠯᠠᠬᠤ ᠪᠣᠯ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠬᠤ ᠶᠢᠨ ᠴᠢᠬᠤᠯᠠ ᠠᠭᠤᠯᠭ᠎ᠠ ᠮᠥᠨ᠃ ᠭᠡᠪᠡᠴᠦ ᠦᠢᠯᠡᠳᠦᠯᠭᠡ ᠶᠢᠨ ᠳᠤᠮᠳᠠ᠂ ᠵᠠᠷᠢᠮ ᠣᠷᠣᠨ | ᠨᠤᠲᠤᠭ ᠤᠨ ᠵᠠᠰᠠᠭ ᠤᠨ ᠣᠷᠳᠣᠨ ᠥᠮᠴᠢᠯᠡᠯ ᠤᠨ ᠡᠷᠬᠡ ᠶᠢ ᠬᠠᠮᠠᠭᠠᠯᠠᠬᠤ ᠦᠢᠯᠡᠳᠦᠯ ᠢᠶᠠᠨ ᠪᠠᠳᠠᠷᠠᠭᠤᠯᠬᠤ | ᠲᠠᠯ᠎ᠠ ᠪᠠᠷ ᠳᠤᠲᠠᠮᠠᠭ ᠪᠠᠶᠢᠬᠤ ᠪᠠ ᠢᠯᠠᠩᠭᠤᠶ᠎ᠠ ᠵᠠᠰᠠᠭ ᠤᠨ ᠣᠷᠳᠣᠨ ᠤ ᠲᠤᠰ ᠪᠡᠶ᠎ᠡ ᠶᠢᠨ ᠵᠦᠢ ᠪᠤᠰᠤ ᠦᠢᠯᠡ | ᠠᠵᠢᠯᠯᠠᠭ᠎ᠠ ᠨᠢ ᠠᠵᠤ ᠠᠬᠤᠶᠢᠯᠠᠯ ᠪᠠ ᠠᠷᠠᠳ ᠢᠷᠭᠡᠨ ᠤ ᠡᠳ᠋ ᠬᠥᠷᠦᠩᠭᠡ ᠶᠢᠨ ᠡᠷᠬᠡ ᠳᠤ ᠬᠠᠯᠳᠠᠯᠭ᠎ᠠ | ᠤᠴᠠᠷᠠᠭᠤᠯᠵᠤ ᠪᠠᠶᠢᠭ᠎ᠠ ᠦᠵᠡᠭᠳᠡᠯ ᠣᠷᠣᠰᠢᠵᠤ ᠪᠠᠶᠢᠨ᠎ᠠ᠃ | ᠥᠮᠴᠢᠯᠡᠯ ᠤᠨ ᠡᠷᠬᠡ ᠶᠢ ᠬᠠᠮᠠᠭᠠᠯᠠᠬᠤ ᠳᠤ ᠵᠠᠰᠠᠭ ᠤᠨ ᠣᠷᠳᠣᠨ ᠡᠷᠬᠡᠪᠰᠢ ᠪᠡᠶ᠎ᠡ ᠪᠠᠷ ᠢᠶᠠᠨ ᠲᠦᠷᠦᠭᠦᠯᠡᠨ | ᠤᠢᠯᠢᠭᠡᠷ ᠳᠠᠭᠤᠷᠢᠶᠠᠯ ᠪᠣᠯᠬᠤ ᠬᠡᠷᠡᠭᠲᠡᠶ᠃ ᠨᠢᠭᠡ ᠳᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ | ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠨᠡᠶᠢᠭᠡᠮ ᠨᠡᠶᠢᠲᠡ ᠵᠢᠴᠢ ᠵᠠᠰᠠᠭ | ᠵᠠᠬᠢᠷᠭᠠᠨ ᠤ ᠬᠠᠷᠢᠴᠠᠩᠭᠤᠶ ᠬᠥᠮᠦᠨ ᠳᠤ ᠬᠠᠤᠯᠢ ᠶᠣᠰᠣᠭᠠᠷ ᠭᠠᠷᠭᠠᠭᠰᠠᠨ ᠲᠦᠷᠤ ᠶᠢᠨ ᠪᠤᠳᠤᠯᠭ᠎ᠠ ᠶᠢᠨ | ᠠᠮᠠᠯᠠᠯᠲᠠ ᠪᠠᠨ ᠴᠢᠩᠭ᠎ᠠ ᠪᠣᠳᠠᠲᠠᠶᠢᠵᠢᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ | ᠣᠷᠳᠣᠨ ᠬᠢᠭᠡᠳ ᠨᠡᠶᠢᠭᠡᠮ ᠤᠨ ᠬᠦᠷᠦᠩᠭᠡ ᠶᠢᠨ ᠬᠤᠷᠰᠢᠬᠤ ᠵᠡᠷᠭᠡ ᠠᠵᠢᠯᠯᠠᠭ᠎ᠠ ᠳᠤ ᠪᠡᠯᠡ ᠣᠷᠣᠭᠤᠯᠤᠯᠲᠠ ᠶᠢᠨ | ᠭᠤᠣᠯ ᠴᠣᠭᠴᠠ ᠲᠠᠢ ᠬᠠᠤᠯᠢ ᠶᠣᠰᠣᠭᠠᠷ ᠲᠣᠭᠲᠠᠭᠠᠭᠰᠠᠨ ᠡᠯ᠎ᠡ ᠵᠦᠢᠯ ᠤᠨ ᠭᠡᠷ᠎ᠡ ᠪᠠᠨ ᠨᠠᠷᠢᠨ ᠬᠢᠨᠠᠮᠠᠭᠠᠶ | ᠭᠦᠢᠴᠡᠳᠭᠡᠬᠦ ᠬᠡᠷᠡᠭᠲᠡᠢ᠂ ᠵᠠᠰᠠᠭ ᠤᠨ ᠣᠷᠳᠣᠨ ᠬᠤᠭᠤᠴᠠᠭ᠎ᠠ ᠰᠣᠯᠢᠭᠰᠠᠨ ᠂ ᠤᠳᠤᠷᠢᠳᠬᠤ ᠬᠥᠮᠦᠰ ᠰᠣᠯᠢᠭᠳᠠᠭᠰᠠᠨ | ᠵᠡᠷᠭᠡ ᠰᠢᠯᠲᠠᠭᠠᠨ ᠢᠶᠠᠷ ᠭᠡᠷ᠎ᠡ ᠶᠢ ᠵᠥᠷᠢᠴᠡᠵᠦ ᠭᠡᠷ᠎ᠡ ᠶᠢ ᠡᠪᠳᠡᠵᠦ ᠪᠣᠯᠬᠤ ᠦᠭᠡᠢ᠃ ᠦᠨᠡᠬᠡᠷ ᠤᠯᠤᠰ ᠣᠷᠣᠨ ᠤ | ᠠᠰᠢᠭ ᠲᠤᠰᠠ᠂ ᠣᠯᠠᠨ ᠨᠡᠶᠢᠲᠡ ᠶᠢᠨ ᠠᠰᠢᠭ ᠲᠤᠰᠠ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠤᠴᠢᠷ | ᠰᠢᠯᠲᠠᠭᠠᠨ ᠢᠶᠠᠷ ᠵᠠᠰᠠᠭ ᠤᠨ ᠣᠷᠳᠣᠨ ᠤ ᠠᠮᠠᠯᠠᠯᠲᠠ ᠪᠠ ᠭᠡᠷ᠎ᠡ ᠪᠠᠨ ᠬᠤᠪᠢᠷᠠᠭᠤᠯᠬᠤ ᠴᠢᠬᠤᠯᠠ ᠲᠠᠢ ᠪᠣᠯ᠂ | ᠬᠠᠤᠯᠢ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠳᠡᠰ ᠳᠠᠷᠠᠭᠠᠯᠠᠯ ᠶᠤᠰᠤᠭᠠᠷ ᠭᠦᠢᠴᠡᠳᠬᠡᠬᠦ ᠶᠢᠨ ᠬᠠᠮᠲᠤ | ᠠᠵᠤ ᠠᠬᠤᠶᠢᠯᠠᠯ ᠪᠠ ᠪᠡᠯᠡ ᠣᠷᠣᠭᠤᠯᠤᠭᠴᠢ ᠳᠤ ᠡᠭᠦᠨ ᠠᠴᠠ ᠪᠣᠯᠣᠭᠰᠠᠨ ᠡᠳ᠋ ᠬᠦᠷᠦᠩᠭᠡ ᠶᠢᠨ ᠬᠤᠬᠢᠷᠠᠯ ᠢ ᠨᠢ | ᠬᠠᠤᠯᠢ ᠶᠣᠰᠣᠭᠠᠷ ᠲᠥᠯᠥᠵᠦ ᠥᠭᠬᠦ ᠬᠡᠷᠡᠭᠲᠡᠶ᠃ ᠬᠤᠶᠠᠷ ᠲᠤ ᠤᠳᠤᠷᠢᠳᠬᠤ ᠺᠠᠳ᠋ᠷ ᠤᠨ ᠬᠠᠤᠯᠢ ᠴᠠᠭᠠᠵᠠ ᠶᠢᠨ | ᠠᠵᠢᠯᠯᠠᠭ᠎ᠠ ᠳᠤ ᠭᠠᠷ ᠲᠦᠷᠦᠭᠦ ᠶᠢ ᠰᠡᠷᠭᠡᠶᠢᠯᠡᠬᠦ ᠲᠦᠷᠢᠮ ᠲᠣᠭᠲᠠᠭᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠨᠠᠮ ᠵᠠᠰᠠᠭ ᠤᠨ ᠺᠠᠳ᠋ᠷ ᠤᠨ ᠬᠠᠤᠯᠢ ᠴᠠᠭᠠᠵᠠ ᠶᠢᠨ ᠵᠢᠭᠤᠷᠠᠭᠠᠨ ᠳᠤ ᠣᠷᠣᠯᠴᠠᠬᠤ᠂ ᠪᠣᠳᠠᠲᠠᠶ ᠬᠡᠷᠡᠭ ᠢ | ᠰᠢᠢᠳᠪᠦᠷᠢᠯᠡᠬᠦ ᠳᠤ ᠭᠠᠷ ᠲᠦᠷᠦᠭᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠭᠤᠷᠪᠠ ᠳᠤ ᠡᠳ᠋ ᠬᠦ᠋ᠷᠦᠩᠭᠡ ᠶᠢ | ᠲᠠᠲᠠᠪᠤᠷᠢᠯᠠᠨ ᠬᠤᠷᠢᠶᠠᠬᠤ ᠲᠠᠲᠠᠪᠤᠷᠢᠯᠠᠨ ᠬᠡᠷᠡᠭᠯᠡᠬᠦ ᠲᠦᠷᠢᠮ ᠢ ᠪᠦᠷᠢᠨᠰᠢᠭᠦᠯᠬᠦ ᠬᠡᠷᠡᠭᠲᠡᠢ᠃ ᠲᠠᠲᠠᠪᠤᠷᠢᠯᠠᠨ ᠬᠤᠷᠢᠶᠠᠬᠤ | ᠲᠠᠲᠠᠪᠤᠷᠢᠯᠠᠨ ᠬᠡᠷᠡᠭᠯᠡᠬᠦ ᠳᠤᠮᠳᠠ ᠤᠯᠠᠨ ᠨᠡᠶᠢᠲᠡ ᠶᠢᠨ ᠠᠰᠢᠭ ᠲᠤᠰᠠ ᠶᠢ ᠥᠷᠭᠡᠳᠬᠡᠬᠦ᠂ ᠳᠡᠰ ᠳᠠᠷᠠᠭᠠᠯᠠᠯ ᠨᠢ | ᠵᠢᠷᠤᠮᠵᠢᠯ ᠦᠭᠡᠢ ᠪᠠᠶᠢᠬᠤ᠂ ᠲᠥᠯᠥᠪᠦᠷᠢ ᠥᠭᠬᠦ ᠨᠢ ᠵᠦᠢ ᠵᠤᠬᠢᠰ ᠦᠭᠡᠢ ᠪᠠᠶᠢᠬᠤ ᠵᠡᠷᠭᠡ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ |