ᠠᠳᠠᠯ ᠦᠢᠯᠡᠰ ᠴᠣᠭᠴᠠᠯᠠᠵᠤ ᠶᠠᠭᠠᠷᠠᠯᠲᠠᠢ ᠠᠵᠢᠯᠯᠠᠵᠤ ᠪᠤᠢ
ᠨᠡᠶᠢᠲᠡᠯᠡᠭᠰᠡᠨ ᠴᠠᠭ᠄
2016/12/27
    12 ᠳ᠋ᠤᠭᠠᠷ ᠰᠠᠷ᠎ᠠ ᠶᠢᠨ 26᠎ ᠤ ᠡᠳᠦᠷ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠪᠣᠷᠣᠲᠣᠬᠤᠶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠡᠯᠧᠺᠲᠷᠣᠨ ᠬᠤᠳᠠᠯᠳᠤᠭᠠᠨ ᠤ ᠨᠢᠭᠡᠨ ᠰᠠᠩ ᠬᠥᠮᠥᠷᠭᠡ ᠶᠢᠨ ᠠᠵᠢᠯᠲᠠᠳ ᠪᠦᠲᠦᠭᠡᠭᠳᠡᠬᠦᠨ ᠪᠣᠭᠤᠳᠠᠯᠯᠠᠵᠤ ᠪᠠᠶᠢᠭ᠎ᠠ ᠨᠢ᠃      ᠪᠣᠷᠣᠲᠣᠬᠤᠶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ 2015 ᠣᠨ ᠎ ᠤ 6 ᠳ᠋ᠤᠭᠠᠷ ᠰᠠᠷ᠎ᠠ ᠶᠢᠨ 6᠎ ᠤ ᠡᠳᠦᠷ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠪᠡ᠂ ᠣᠳᠣᠬᠠᠨ ᠳᠤ ᠣᠷᠣᠵᠤ ᠰᠠᠭᠤᠭᠰᠠᠨ ᠡᠯ᠎ᠡ ᠵᠦᠢᠯ ᠤᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠨᠡᠶᠢᠲᠡ 226 ᠪᠠᠶᠢᠵᠤ᠂ 500 ᠢᠯᠡᠭᠦᠦ ᠤᠶᠤᠲᠠᠳ ᠲᠤ ᠰᠢᠭᠤᠳ ᠠᠳᠠᠯ ᠦᠢᠯᠡᠰ ᠴᠣᠭᠴᠠᠯᠠᠭᠤᠯᠵᠤ ᠠᠵᠢᠯ ᠣᠯᠭᠤᠵᠤ᠂ 2000 ᠭᠠᠷᠤᠶ ᠬᠥᠮᠦᠨ ᠳᠤ ᠲᠠᠮ ᠢᠶᠠᠷ ᠠᠵᠢᠯ ᠣᠯᠭᠤᠪᠠ᠃ ᠡᠨᠡ ᠵᠢᠯ ᠤᠨ ᠲᠦᠷᠦᠭᠦᠦ ᠠᠷᠪᠠᠨ ᠰᠠᠷ᠎ᠠ ᠳᠤ ᠂ ᠲᠤᠰ ᠬᠦᠷᠢᠶᠡᠯᠡᠩ ᠲᠣᠭᠤᠷᠢᠭ ᠤᠨ ᠪᠣᠷᠣᠯᠠᠭᠤᠯᠭ᠎ᠠ ᠨᠢ 9580 ᠲᠦᠮᠡᠨ ᠲᠥᠭᠦᠷᠢᠭ ᠲᠤ ᠬᠦᠷᠴᠦ᠂ ᠵᠢᠱᠢᠬᠦ ᠪᠠᠷ ᠪᠦᠬᠦ ᠵᠢᠯ ᠤᠨ ᠪᠣᠷᠣᠯᠠᠭᠤᠯᠭ᠎ᠠ ᠶᠢᠨ ᠬᠡᠮᠵᠢᠶ᠎ᠡ ᠨᠢ 1.2 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号