ᠥᠪᠥᠷ ᠮᠣᠩᠭᠤᠯ ᠤᠨ ᠬᠥᠯᠥᠨ ᠨᠠᠭᠤᠷ ᠲᠤ ᠬᠠᠮᠠᠭᠠᠯᠠᠯᠲᠠ ᠶᠢᠨ ᠮᠠᠶ᠋ᠢᠭ ᠲᠠᠢ ᠡᠪᠦᠯ ᠤᠨ ᠵᠢᠭᠠᠰᠤᠨ ᠠᠩᠨᠠᠯ ᠬᠢᠵᠦ ᠪᠣᠢ
ᠨᠡᠶᠢᠲᠡᠯᠡᠭᠰᠡᠨ ᠴᠠᠭ᠄
2016/12/27
     12 ᠳ᠋ᠤᠭᠠᠷ ᠰᠠᠷ᠎ᠠ ᠶᠢᠨ 26᠎ ᠤ ᠡᠳᠦᠷ ᠰᠡᠭᠦᠳᠡᠷᠯᠡᠭᠰᠡᠨ ᠬᠥᠯᠥᠨ ᠨᠠᠭᠤᠷ ᠤᠨ ᠡᠪᠦᠯ ᠤᠨ ᠠᠩᠨᠠᠯ ᠤᠨ ᠠᠬᠤᠢ ᠲᠠᠯᠠᠪᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠶᠢᠷᠢᠯᠠᠵᠤ ᠪᠠᠶᠢᠭ᠎ᠠ ᠬᠥᠯᠥᠨ ᠨᠠᠭᠤᠷ ᠤᠨ ᠶᠡᠷᠦᠩᠬᠡᠶ ᠲᠠᠯᠠᠪᠠᠶ ᠨᠢ 2339 ᠲᠡᠭᠰᠢ ᠳᠥᠷᠪᠡᠯᠵᠢᠨ ᠺᠢᠯᠣᠮᠧᠲᠷ ᠪᠠᠶᠢᠳᠠᠭ᠃ 2002 ᠣᠨ ᠠᠴᠠ ᠨᠠᠰᠢ᠂ ᠦᠷᠭᠦᠯᠵᠢᠯᠡᠭᠰᠡᠨ ᠳᠤᠯᠠᠭᠠᠨ ᠬᠠᠭᠤᠷᠠᠶ ᠠᠭᠤᠷ ᠠᠮᠢᠰᠬᠤᠯ ᠤᠨ ᠨᠦᠯᠦᠭᠡᠯᠡᠯ ᠢᠶᠠᠷ᠂ ᠬᠥᠯᠥᠨ ᠨᠠᠭᠤᠷ ᠤᠨ ᠤᠰᠤᠨ ᠲᠦᠪᠰᠢᠨ ᠦᠷᠭᠦᠯᠵᠢᠯᠡᠨ ᠪᠠᠭᠤᠷᠠᠵᠤ᠂ ᠠᠮᠢ ᠠᠬᠤᠶ ᠶᠢᠨ ᠠᠰᠠᠭᠤᠳᠠᠯ ᠲᠣᠪᠤᠶᠢᠮ᠎ᠠ ᠢᠯᠡᠷᠡᠵᠦ᠂ ᠵᠢᠭᠠᠰᠤᠨ ᠤ ᠡᠬᠢ ᠪᠠᠶᠠᠯᠢᠭ ᠬᠤᠭᠤᠰᠣᠷᠠᠬᠤ ᠪᠠᠶᠢᠳᠠᠯ ᠳᠤ ᠤᠷᠤᠪᠠ᠃ ᠠᠮᠢ ᠠᠬᠤᠶ ᠶᠢᠨ ᠣᠷᠴᠢᠨ ᠨᠥᠬᠦᠴᠡᠯ ᠤᠨ ᠮᠠᠭᠤᠲᠠᠬᠤ ᠬᠠᠨᠳᠤᠰᠢ ᠶᠢ ᠬᠤᠷᠢᠭᠯᠠᠬᠤ ᠶᠢᠨ ᠲᠤᠰᠠᠳᠠ᠂ 2014 ᠣᠨ ᠠᠴᠠ ᠡᠬᠢᠯᠡᠨ ᠬᠥᠯᠥᠨ ᠨᠠᠭᠤᠷ ᠲᠤ ᠲᠠᠪᠤᠨ ᠵᠢᠯ ᠤᠨ ᠬᠤᠭᠤᠴᠠᠭ᠎ᠠ ᠲᠠᠢ ᠵᠢᠭᠠᠰᠤᠨ ᠠᠩᠨᠠᠯ ᠢ ᠵᠣᠭᠰᠤᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠵᠢᠭᠠᠰᠤᠨ ᠦᠢᠯᠡᠰ ᠤᠨ ᠡᠬᠢ ᠪᠠᠶᠠᠯᠢᠭ ᠢ ᠲᠠᠯᠪᠢᠨ ᠦᠷᠡᠵᠢᠭᠦᠯᠬᠦ ᠡᠷᠴᠢᠮ ᠢ ᠴᠢᠩᠭᠠᠷᠠᠭᠤᠯᠪᠠ᠃ ᠣᠳᠣᠬᠠᠨ ᠳᠤ᠂ ᠬᠥᠯᠥᠨ ᠨᠠᠭᠤᠷ ᠲᠤ ᠬᠠᠮᠠᠭᠠᠯᠠᠯᠲᠠ ᠶᠢᠨ ᠮᠠᠶ᠋ᠢᠭ ᠲᠠᠢ ᠡᠪᠦᠯ ᠤᠨ ᠵᠢᠭᠠᠰᠤᠨ ᠠᠩᠨᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠡᠪᠦᠯ ᠤᠨ ᠵᠢᠭᠠᠰᠤᠨ ᠭᠠᠷᠤᠯᠲᠠ ᠶᠢ 1000 ᠲᠣᠨ ᠣᠷᠴᠢᠮ ᠳᠤ ᠲᠣᠭᠲᠠᠪᠤᠷᠢᠵᠢᠭᠤᠯᠵᠤ ᠪᠠᠶᠢᠨ᠎ᠠ᠃ ᠣᠶᠢᠯᠠᠭᠠᠭᠰᠠᠨ ᠢᠶᠠᠷ᠂ ᠬᠥᠯᠥᠨ ᠨᠠᠭᠤᠷ ᠤᠨ ᠲᠤᠮᠤ ᠬᠡᠯᠪᠡᠷᠢ ᠶᠢᠨ ᠴᠢᠨᠠᠷ ᠰᠠᠶᠢᠲᠠᠶ ᠵᠢᠭᠠᠰᠤᠨ ᠤ ᠬᠠᠷᠢᠴᠠᠯ ᠨᠢ ᠬᠠᠮᠤᠭ ᠤᠨ ᠬᠦᠨᠳᠦ ᠨᠣᠴᠢᠲᠠᠶ ᠪᠠᠶᠢᠭᠰᠠᠨ ᠦᠶ᠎ᠡ ᠳᠤ 2% ᠬᠦᠷᠬᠦ ᠦᠭᠡᠶ ᠪᠠᠶᠢᠭᠰᠠᠨ ᠠᠴᠠ ᠪᠠᠨ 13% ᠣᠷᠴᠢᠮ ᠪᠣᠯᠵᠤ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号