| ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠳᠡᠭᠡᠷ᠎ᠡ ᠲᠤᠷᠠᠳᠤᠬᠰᠡᠨ ᠢᠶᠠᠷ᠂ ᠳᠠᠷᠠᠭᠠᠴᠢ ᠶᠢᠨ ᠬᠡᠰᠡᠭ ᠬᠤᠭᠤᠴᠠᠭᠠᠨ ᠳᠤ᠂ | ᠮᠠᠨ ᠤ ᠤᠷᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠭᠦ ᠠᠬᠢᠴᠠ ᠪᠠᠨ ᠲᠦᠷᠭᠡᠳᠭᠡᠵᠦ᠂ ᠰᠢᠨ᠎ᠡ | ᠬᠡᠯᠪᠡᠷᠢ ᠶᠢᠨ ᠠᠵᠦ ᠦᠢᠯᠡᠳᠪᠦᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ᠂ ᠮᠠᠯ ᠠᠵᠦ ᠠᠬᠤᠢ | ᠲᠠᠷᠢᠶᠠᠯᠠᠩ ᠤᠨ ᠤᠲᠤᠬᠢᠴᠢᠯᠠᠯᠲᠠ ᠪᠠ ᠪᠤᠬᠢᠷᠳᠤᠯ ᠦᠭᠡᠢ ᠬᠦᠭᠵᠢᠭᠦᠯᠤᠯᠳᠠ ᠶᠢ ᠭᠦᠨᠵᠡᠭᠡᠢ ᠠᠭᠤᠰᠤᠯᠴᠠᠭᠤᠯᠤᠨ | ᠬᠦᠭᠵᠢᠭᠦᠯᠵᠦ᠂ ᠭᠦᠨ ᠳᠠᠪᠬᠤᠷᠭ᠎ᠠ ᠶᠢᠨ ᠬᠤᠷᠰᠢᠯᠴᠠᠭ᠎ᠠ ᠶᠢ ᠠᠬᠢᠭᠤᠯᠤᠨ᠎ᠠ ᠭᠡᠵᠡᠢ᠃ ᠡᠨᠡ ᠮᠡᠳᠤ ᠪᠠᠷ᠂ ︽ᠢᠨᠲ᠋ᠧᠷ | ᠰᠦᠯᠵᠢᠶ᠎ᠡ + ᠠᠵᠦ ᠦᠢᠯᠡᠳᠪᠦᠷᠢ︾ ᠶᠢᠨ ᠲᠠᠶᠢᠴᠢᠯᠡᠯ ᠢᠶᠠᠷ ᠮᠠᠨ ᠤ ᠤᠷᠤᠨ ᠤ ᠠᠵᠦ ᠠᠬᠤᠢᠢᠯᠠᠯ ᠨᠤᠭᠤᠳ | ᠤᠷᠢᠳ ᠪᠠᠶᠢᠭ᠎ᠠ ᠦᠭᠡᠢ ᠬᠦᠴᠦᠯᠡᠴᠠ ᠪᠠᠷ ᠤᠯᠠᠮᠵᠢᠯᠠᠯᠲᠦ ᠠᠵᠦ ᠦᠢᠯᠡᠰ ᠢ ᠲᠠᠬᠢᠨ ᠴᠤᠬᠴᠠᠯᠠᠵᠦ᠂ ᠰᠢᠨ᠎ᠡ ᠪᠠᠷ | ᠮᠠᠨᠳᠤᠬᠰᠡᠨ ᠠᠵᠦ ᠦᠢᠯᠡᠰ ᠢ ᠬᠦᠭᠵᠢᠭᠦᠯᠵᠤ ᠪᠤᠢ᠃ | ᠠᠵᠦ ᠠᠬᠤᠢᠢᠯᠠᠯ ᠳᠤ ᠰᠢᠨ᠎ᠡ ᠬᠦᠭᠵᠢᠯᠲᠡ ᠶᠢᠨ ᠤᠷᠤᠨ ᠵᠠᠢ ᠤᠯᠭᠤᠪᠠ | ᠤᠳᠤᠬᠠᠨ ᠳᠤ᠂ ᠰᠢᠨ᠎ᠡ ᠪᠠᠷ ᠮᠠᠨᠳᠤᠬᠰᠡᠨ ᠮᠡᠳᠡᠭᠡ ᠵᠠᠩᠭᠢ ᠶᠢᠨ ᠲᠤᠤᠷ ᠰᠦᠯᠵᠢᠶᠡᠨ ᠤ ᠮᠡᠷᠭᠡᠵᠢᠯ ᠨᠢᠭᠡᠨᠲᠡ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠠᠵᠢᠯ ᠲᠦᠷᠦᠯ ᠤᠨ ᠡᠯ᠎ᠡ ᠭᠤᠬᠴᠤᠭᠠᠨ ᠳᠤ ᠠᠭᠤᠰᠤᠨ | ᠤᠷᠤᠵᠤ᠂ ︽ᠢᠨᠲ᠋ᠧᠷ ᠰᠦᠯᠵᠢᠶ᠎ᠡ + ᠠᠵᠦ ᠦᠢᠯᠡᠳᠪᠦᠷᠢ︾ ᠶᠢᠨ ᠰᠢᠨ᠎ᠡ ᠪᠠᠶᠢᠳᠠᠯ ᠢ ᠪᠦᠷᠢᠯᠳᠦᠭᠦᠯᠵᠤ᠂ ᠠᠵᠤ | ᠠᠬᠤᠢᠢᠯᠡᠯ ᠢ ᠰᠢᠨ᠎ᠡ ᠬᠦᠭᠵᠢᠯᠲᠡ ᠶᠢᠨ ᠤᠷᠤᠨ ᠵᠠᠢ ᠪᠡ ᠰᠢᠨ᠎ᠡ ᠠᠵᠠ ᠲᠤᠬᠢᠶᠠᠯ ᠲᠡᠰᠢ ᠵᠢᠯᠤᠭᠤᠳᠤᠨ ᠳᠠᠭᠠᠭᠤᠯᠵᠤ | ᠪᠤᠢ᠃ | ᠢᠯᠢ ᠪᠦᠯᠦᠭᠯᠡᠯ ᠤᠨ ᠴᠤᠬᠴᠠᠯᠠᠨ ᠪᠠᠶᠢᠭᠤᠯᠤᠬᠰᠡᠨ ᠤᠶᠤᠨᠴᠢ ᠴᠠᠭᠠᠨ ᠢᠳᠡᠭᠡᠨ ᠤ ᠦᠢᠯᠡᠰ ᠤᠨ ᠮᠡᠳᠡᠭᠡ | ᠵᠠᠩᠬᠢᠵᠢᠯᠲᠠ ᠶᠢᠨ ᠲᠠᠪᠴᠠᠩ ᠨᠢ ᠴᠠᠭᠠᠨ ᠢᠳᠡᠭᠡᠨ ᠤ ᠶᠠᠰᠤ ᠴᠢᠨᠠᠷ ᠤᠨ ᠠᠮᠦᠷ ᠲᠦᠪᠰᠢᠨ᠂ ᠦᠢᠯᠡᠳᠪᠦᠷᠢᠯᠡᠯ ᠤᠨ | ᠶᠠᠪᠤᠴᠠ᠂ ᠭᠦᠢᠯᠭᠡᠭᠡ᠂ ᠤᠨᠤᠪᠴᠢᠲᠠᠢ ᠬᠠᠮᠢᠶᠠᠷᠤᠯᠲᠠ ᠬᠢᠭᠡᠳ ᠦᠢᠯᠡᠴᠢᠯᠡᠭᠡ᠂ ᠪᠦᠲᠦᠭᠡᠭᠳᠡᠭᠦᠨ ᠤ ᠪᠦᠬᠦ | ᠶᠠᠪᠤᠴᠠ ᠳᠠᠬᠢ ᠶᠠᠰᠤ ᠴᠢᠨᠠᠷ ᠤᠨ ᠬᠠᠮᠢᠶᠠᠷᠤᠯᠲᠠ ᠵᠢᠴᠢ ᠮᠡᠳᠡᠭᠡ ᠵᠠᠩᠭᠢ ᠶᠢᠨ ᠡᠬᠢ ᠢᠷᠡᠯᠲᠡ ᠶᠢ ᠮᠦᠷᠳᠡᠨ | ᠦᠵᠡᠭᠦ ᠶᠢ ᠪᠡᠶᠡᠯᠡᠭᠦᠯᠵᠦ᠂ ︽ᠴᠠᠭᠠᠨ ᠢᠳᠡᠭᠡᠨ ᠤ ᠡᠬᠢ ᠢᠷᠡᠯᠲᠡ ᠠᠴᠠ ᠬᠤᠭᠤᠯᠠᠨ ᠰᠢᠷᠡᠭᠡᠨ ᠳᠡᠭᠡᠷ᠎ᠡ ᠬᠦᠷᠲᠡᠯᠡᠬᠢ | ︾ ᠠᠵᠦ ᠦᠢᠯᠡᠰ ᠤᠨ ᠪᠦᠭᠦ᠋ᠢᠯᠡ ᠬᠡᠯᠬᠢᠶᠡᠵᠢᠯ ᠤᠨ ᠶᠠᠰᠤ ᠴᠢᠨᠠᠷ ᠤᠨ ᠠᠮᠦᠷ ᠲᠦᠪᠰᠢᠨ ᠢ ᠪᠠᠲᠤᠯᠠᠬᠰᠡᠨ ᠪᠠᠶᠢᠨ᠎ᠡ᠃ | ᠤᠳᠤᠬᠠᠨ ᠳᠤ ᠲᠤᠰ ᠠᠵᠤ ᠠᠬᠤᠶᠢᠯᠠᠯ ᠦᠨᠢᠶᠡᠨ ᠰᠦ ᠳᠤ RFID ︵ᠰᠠᠴᠤᠷᠠᠯ ᠤᠨ ᠳᠠᠪᠲᠠᠮᠵᠢ ᠪᠠᠷ ᠢᠯᠭᠠᠬᠤ︶ | ᠲᠡᠮᠳᠡᠭ ᠳᠠᠭᠠᠯᠳᠤᠭᠤᠯᠬᠤ ᠨᠤᠷᠮ᠎ᠡ ᠶᠢ 100 % ᠪᠠᠷ ᠪᠡᠶᠡᠯᠡᠭᠦᠯᠵᠡᠢ︔ ᠲᠦᠭᠦᠬᠡᠢ ᠰᠦ ᠶᠢᠨ ᠶᠠᠰᠤ ᠴᠢᠨᠠᠷ | ᠢ ᠲᠤᠬᠠᠢ ᠶᠢᠨ ᠲᠠᠯᠠᠪᠤᠷ ᠲᠤ ᠰᠢᠯᠭᠠᠨ ᠪᠠᠶᠢᠴᠠᠭᠠᠬᠤ ᠨᠤᠷᠮ᠎ᠡ ᠶᠢ 100 % ᠳᠤ ᠬᠦᠷᠭᠡᠪᠡ︔ ᠴᠠᠭᠠᠨ ᠢᠳᠡᠭᠡᠨ ᠢ | ᠵᠦᠭᠡᠭᠡᠪᠦᠷᠢᠯᠡᠬᠦ ᠪᠦᠬᠦ ᠶᠠᠪᠤᠴᠠ ᠶᠢ ᠰᠢᠯᠭᠠᠨ ᠪᠠᠶᠢᠴᠠᠭᠠᠬᠤ ᠨᠤᠷᠮ᠎ᠡ ᠶᠢ 100 % ᠳᠤ ᠬᠦᠷᠭᠡᠪᠡ︔ ᠨᠢᠯᠬ᠎ᠠ | ᠬᠡᠤᠬᠡᠳ ᠤᠨ ᠰᠦᠨ ᠲᠠᠯᠬ᠎ᠠ ᠶᠢ ᠬᠤᠶᠠᠷ ᠬᠡᠮᠵᠢᠯᠲᠦ ᠺᠤᠳ᠋ ᠢᠶᠠᠷ ᠮᠦᠷᠳᠡᠨ ᠦᠵᠡᠭᠦ ᠨᠤᠷᠮ᠎ᠡ ᠶᠢ 100% ᠳᠤ | ᠬᠦᠷᠭᠡᠪᠡ᠃ | ᠮᠧᠩ ᠽᠤᠤ ᠬᠢᠵᠠᠭᠠᠷᠳᠤ ᠺᠤᠮᠫᠠᠨᠢ ᠶᠢᠨ ᠴᠤᠬᠴᠠᠯᠠᠨ ᠪᠠᠶᠢᠭᠤᠯᠤᠬᠰᠡᠨ ᠲᠠᠯ᠎ᠡ ᠨᠤᠲᠤᠭ ᠤᠨ ᠲᠤᠮᠤ | ᠳ᠋ᠠᠶᠢᠲ᠋ᠠ ᠶᠢᠨ | ᠲᠠᠪᠴᠠᠩ ᠨᠢ ᠠᠷᠪᠢᠳᠠᠢ ᠤᠰᠤᠯᠠᠯᠳᠠ ᠶᠢᠨ ᠤᠢ ᠰᠢᠭᠤᠢ ᠶᠢᠨ ᠢᠨᠵᠧᠨᠧᠷᠢᠩ ᠲᠤ ᠲᠤᠭ᠎ᠠ ᠪᠠᠷᠢᠮᠲᠠ ᠶᠢᠨ ᠯᠠᠪᠯᠠᠯᠲᠠ | ᠬᠠᠨᠭ᠍ᠭᠠᠵᠠᠢ︔ ᠡᠪᠡᠰᠦ ᠪᠡᠯᠴᠢᠭᠡᠷ ᠬᠤᠳᠠᠯᠳᠤᠨ ᠠᠪᠬᠤ᠂ ᠬᠦᠮᠦᠷᠭᠡᠯᠡᠬᠦ ᠲᠦᠰᠦᠯ ᠢ ᠲᠤᠬᠳᠠᠭᠠᠬᠤ ᠳᠤ ᠲᠤᠭ᠎ᠠ | ᠪᠠᠷᠢᠮᠲᠠ ᠶᠢᠨ ᠲᠤᠯᠭᠠᠭᠤᠷᠢ ᠬᠠᠨᠭ᠍ᠭᠠᠵᠠᠢ︔ ᠡᠪᠡᠰᠦᠨ ᠤ ᠦᠷ᠎ᠡ ᠴᠤᠬᠯᠠᠭᠤᠯᠬᠤ᠂ ᠨᠦᠬᠡᠴᠡᠯᠡᠬᠦ᠂ ᠪᠤᠶᠢᠵᠢᠭᠤᠯᠬᠤ᠂ | ᠬᠡᠷᠡᠭᠯᠡᠬᠦ ᠳᠤ ᠦᠷᠭᠡᠨ ᠳᠡᠯᠭᠡᠷ ᠲᠠᠪᠴᠠᠩ ᠬᠠᠨᠭ᠍ᠭᠠᠵᠠᠢ᠃ | ᠦᠪᠦᠷ ᠮᠤᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠪᠠᠶᠢᠭᠤᠯᠤᠬᠰᠡᠡ ᠴᠠᠬᠢᠯᠭᠠᠨ ᠬᠦᠴᠦᠨ ᠤ | ᠠᠵᠢᠯ ᠲᠦᠷᠦᠯ ᠤᠨ ᠲᠤᠮᠤ ᠳ᠋ᠠᠶᠢᠲ᠋ᠠ ᠶᠢᠨ ᠲᠠᠪᠴᠠᠩ ᠨᠢ ᠵᠠᠰᠠᠭ ᠤᠨ ᠤᠷᠳᠤᠨ ᠠᠵᠦ ᠠᠬᠤᠢᠢᠯᠠᠯ ᠠᠷᠠᠳ ᠢᠷᠭᠡᠳ | ᠭᠤᠷᠪᠠᠨ ᠲᠠᠯ᠎ᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠢᠭᠡᠳᠬᠡᠵᠦ᠂ ᠴᠠᠬᠢᠯᠭᠠᠨ ᠬᠦᠴᠦᠨ ᠤ | ᠡᠵᠡᠩᠨᠡᠯᠲᠡ ᠶᠢᠨ ᠲᠤᠭ᠎ᠠ ᠪᠠᠷᠢᠮᠲᠠ᠂ ᠪᠤᠷᠤᠯᠠᠭᠤᠯᠭ᠎ᠠ ᠶᠢᠨ ᠲᠤᠭ᠎ᠠ ᠪᠠᠷᠢᠮᠲᠠ᠂ ᠴᠠᠭ ᠲᠤᠬᠠᠢ ᠲᠤᠨᠢ ᠲᠤᠬᠢᠷᠠᠭᠤᠯᠬᠤ | ᠲᠤᠭ᠎ᠠ ᠪᠠᠷᠢᠮᠲᠠ ᠵᠡᠷᠭᠡ ᠤᠯᠠᠨ ᠭᠤᠬᠴᠤᠭᠠᠨ ᠤ ᠲᠤᠭ᠎ᠠ ᠪᠠᠷᠢᠮᠲᠠ ᠶᠢ ᠴᠤᠬᠯᠠᠭᠤᠯᠤᠨ ᠨᠢᠭᠡᠳᠭᠡᠵᠦ᠂ | ᠲᠤᠳᠤᠭᠠᠲᠦ ᠶᠢᠨ ᠲᠤᠭ᠎ᠠ ᠪᠠᠷᠢᠮᠲᠠ ᠶᠢᠨ ᠬᠠᠮᠳᠤᠪᠠᠷ ᠡᠳ᠋ᠯᠡᠬᠦ ᠶᠢ ᠪᠡᠶᠡᠯᠡᠭᠦᠯᠵᠤ᠂ ᠡᠯ᠎ᠡ ᠰᠠᠯᠠᠭ᠎ᠠ ᠮᠦᠴᠢᠷ ᠤᠨ | ᠬᠤᠭᠤᠷᠤᠨᠳᠤᠬᠢ ᠰᠤᠷᠠᠭ ᠵᠠᠩᠭᠢ ᠪᠢᠲᠡᠭᠦᠮᠵᠢᠯᠡᠭᠳᠡᠭᠰᠡᠨ ᠪᠠᠶᠢᠳᠠᠯ ᠢ ᠠᠷᠢᠯᠭᠠᠵᠦ᠂ ᠡᠳᠦᠷ ᠪᠦᠷᠢ ᠶᠢᠨ ᠮᠡᠳᠡᠭᠡ | ᠵᠠᠩᠭᠢ ᠶᠢ ᠬᠠᠮᠳᠤᠪᠠᠷ ᠡᠳ᠋ᠯᠡᠬᠦ ᠨᠤᠷᠮ᠎ᠡ 400GB ᠶᠢ ᠳᠠᠪᠠᠵᠤ᠂ ᠤᠬᠤᠷᠬᠠᠨ ᠬᠤᠭᠤᠴᠠᠭᠠᠨ ᠤ ᠳᠠᠭᠠᠭᠠᠴᠠ ᠶᠢᠨ | ᠬᠡᠮᠵᠢᠶ᠎ᠡ ᠶᠢ ᠲᠦᠰᠦᠭᠡᠯᠡᠬᠦ ᠤᠨᠤᠪᠴᠢ ᠶᠢᠨ ᠨᠤᠷᠮ᠎ᠠ 99.53% ᠪᠤᠯᠵᠦ ᠳᠡᠭᠡᠭᠰᠢᠯᠡᠵᠡᠢ᠃ | ᠦᠪᠦᠷ ᠮᠤᠩᠭᠤᠯ ᠤᠨ ᠨᠡᠭᠦᠷᠡᠰᠦ ᠶᠢᠨ ᠠᠷᠠᠯᠵᠢᠶᠠᠨ ᠤ ᠡᠯᠧᠺᠲᠷᠤᠨ ᠶᠡᠷᠦᠩᠬᠡᠶᠢᠯᠡᠭᠰᠡᠨ ᠲᠠᠪᠴᠠᠩ ᠪᠤᠯ | ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠵᠦᠪᠰᠢᠶᠡᠷᠡᠨ ᠪᠠᠶᠢᠭᠤᠯᠤᠬᠰᠡᠨ ᠴᠤᠷ ᠤᠨ ᠭᠠᠭᠴᠠ | ᠨᠡᠭᠦᠷᠡᠰᠦ ᠠᠷᠠᠯᠵᠢᠶᠠᠯᠠᠬᠤ ᠡᠯᠧᠺᠲᠷᠤᠨ ᠦᠢᠯᠡᠴᠢᠯᠡᠭᠡᠨ ᠤ ᠲᠠᠪᠴᠠᠩ ᠮᠦᠨ᠂ ᠮᠦᠨᠴᠦ ᠪᠦᠬᠦ ᠤᠯᠤᠰ ᠤᠨ | ᠨᠡᠭᠦᠷᠡᠰᠦ ᠠᠷᠠᠯᠵᠢᠶᠠᠯᠠᠬᠤ ᠵᠠᠬ᠎ᠠ ᠳᠡᠯᠭᠡᠭᠦᠷ ᠤᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠲᠠ ᠡᠭᠦᠰᠭᠡᠨ | ᠪᠠᠶᠢᠭᠤᠯᠤᠬᠰᠡᠨ ᠨᠢᠭᠡᠴᠠ ᠶᠢᠨ ᠨᠢᠭᠡ ᠪᠤᠯᠤᠨ᠎ᠠ᠃ ᠲᠤᠰ ᠲᠠᠪᠴᠠᠩ ᠨᠢ ᠱᠧᠨ ᠬᠤᠸᠠ ᠪᠦᠯᠦᠭᠯᠡᠯ ᠤᠨ ᠡᠯᠧᠺᠲᠷᠤᠨ | ᠲᠠᠪᠴᠠᠩ ᠢᠶᠠᠷ ᠳᠠᠮᠵᠢᠵᠦ ᠭᠠᠳᠠᠭᠠᠲᠦ ᠠᠴᠠ ᠨᠡᠭᠦᠷᠡᠰᠦ ᠤᠷᠤᠭᠤᠯᠵᠦ ᠶᠢ ᠠᠮᠵᠢᠯᠲᠠ ᠲᠠᠢ ᠪᠡᠶᠡᠯᠡᠭᠦᠯᠭᠦ ᠶᠢᠨ ᠬᠠᠮᠲᠦ | ᠱᠧᠨ ᠬᠤᠸᠠ ᠪᠦᠯᠦᠭᠯᠡᠯ ᠤᠨ ᠬᠤᠪᠢᠶᠠᠷᠢ ᠺᠤᠮᠫᠠᠨᠢ ᠲᠠᠰᠢ ᠲᠦᠭᠡᠮᠡᠯᠵᠢᠭᠦᠯᠦᠭᠡᠳ ᠵᠠᠰᠠᠭ ᠤᠨ ᠤᠷᠳᠤᠨ᠂ | ᠲᠤᠬᠠᠢᠢᠯᠠᠬᠰᠡᠨ ᠠᠵᠢᠯ ᠲᠦᠷᠦᠯ ᠵᠢᠴᠢ ᠤᠷᠤᠨ ᠨᠤᠲᠤᠭ ᠤᠨ ᠤᠯᠡᠨ ᠲᠦᠮᠡᠨ ᠤ ᠨᠡᠶᠢᠳᠡᠮ ᠤᠨ ᠬᠦᠷᠢᠶᠡᠯᠡᠯ ᠢ | ᠤᠯᠤᠬᠰᠡᠨ ᠪᠠᠶᠢᠨ᠎ᠡ᠃ 2015 ᠣᠨ ᠳᠤ 3841 ᠲᠦᠮᠡᠨ ᠲᠤᠨ ᠨᠡᠭᠦᠷᠡᠰᠤ ᠠᠷᠠᠯᠵᠢᠶᠠᠯᠠᠵᠤ᠂ ᠠᠷᠠᠯᠵᠢᠶ᠎ᠠ | ᠪᠦᠳᠦᠭᠰᠡᠨ ᠭᠡᠮᠵᠢᠶ᠎ᠠ 59.9 ᠳ᠋ᠦᠩᠰᠢᠭᠤᠷ ᠲᠦᠭᠦᠷᠢᠭ ᠲᠤᠯᠵᠡᠢ᠃ | ᠁ | ᠡᠨᠡ ᠮᠡᠳᠤ ᠪᠠᠷ ︽ᠢᠨᠲ᠋ᠧᠷ ᠰᠦᠯᠵᠢᠶ᠎ᠡ + ᠠᠵᠦ ᠦᠢᠯᠡᠳᠪᠦᠷᠢ︾ ᠨᠢ ᠮᠠᠨ ᠤ ᠤᠷᠤᠨ ᠤ ᠮᠡᠳᠡᠭᠡ | ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠴᠠᠯ ᠳᠤ ᠮᠠᠰᠢ ᠶᠡᠭᠡ ᠠᠬᠢᠭᠤᠯᠬᠤ ᠦᠢᠯᠡᠳᠦᠯ | ᠦᠵᠡᠭᠦᠯᠵᠦ ᠪᠤᠢ᠃ | ᠮᠡᠳᠡᠭᠡ ᠵᠠᠩᠭᠢᠵᠢᠯᠲᠠ ᠪᠠ ᠠᠵᠦ ᠦᠢᠯᠡᠳᠪᠦᠷᠢᠵᠢᠯᠲᠡ ᠶᠢᠨ ᠠᠭᠤᠰᠤᠯᠴᠠᠯ ᠢ ᠠᠬᠢᠭᠤᠯᠪᠡ | ᠮᠡᠳᠡᠭᠡ ᠵᠠᠩᠭᠢᠵᠢᠯᠳᠠ ᠪᠠ ᠠᠵᠤ ᠦᠢᠯᠡᠳᠪᠦᠷᠢᠵᠢᠯᠳᠠ ᠶᠢ ᠠᠭᠤᠰᠤᠯᠴᠠᠭᠤᠯᠬᠤ ᠪᠤᠯ ᠮᠠᠨ ᠤ ᠤᠷᠤᠨ ᠤ | ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠠ ᠶᠢᠨ ᠵᠠᠪᠠᠯ ᠶᠠᠪᠤᠬᠤ ᠵᠠᠮ ᠪᠤᠯᠤᠨ᠎ᠠ᠃ ᠡᠨᠡ ᠲᠤᠬᠠᠢ | ᠦᠪᠡᠷᠲᠡᠭᠡᠨ ᠵᠠᠰᠠᠬᠤ ᠤᠷᠤᠨ ᠤ ᠬᠦᠭᠵᠢᠯᠳᠠ ᠶᠢ ᠰᠤᠳᠤᠯᠬᠤ ᠲᠦᠪ ᠤᠨ ᠰᠤᠳᠤᠯᠭᠠᠲᠠᠨ ᠹᠦ᠋ ᠳ᠋ᠦᠩ ᠮᠸᠢ᠄ ︽ | ᠠᠵᠦ ᠦᠢᠯᠡᠳᠪᠦᠷᠢ ᠶᠢᠨ ᠢᠨᠲ᠋ᠧᠷ ᠰᠦᠯᠵᠢᠶ᠎ᠡ ᠨᠢ ᠤᠳᠤᠬᠠᠨ ᠤ ᠠᠵᠦ ᠦᠢᠯᠡᠳᠪᠦᠷᠢ ᠶᠢᠨ ᠰᠢᠰᠲ᠋ᠧᠮ ᠳᠠᠬᠢ ᠮᠡᠳᠡᠭᠡ | ᠵᠠᠩᠭᠢᠴᠢᠯᠡᠬᠤ ᠦᠭᠡᠷᠡᠴᠢᠯᠡᠯᠲᠡ ᠶᠢ ᠬᠠᠮᠤᠷᠴᠦ᠂ ᠢᠨᠲ᠋ᠧᠷ ᠰᠦᠯᠵᠢᠶ᠎ᠡ᠂ ᠪᠠᠷᠠᠭᠠᠨ ᠤ ᠭᠦᠢᠯᠭᠡᠭᠡ᠂ ᠲᠤᠮᠤ ᠳ᠋ᠠᠶᠢᠲ᠋ᠠ᠂ | ᠡᠭᠦᠯᠡᠨ ᠪᠤᠳᠤᠯᠲᠠ ᠵᠡᠷᠭᠡ ᠮᠡᠳᠡᠭᠡ ᠵᠠᠩᠭᠢ ᠶᠢᠨ ᠠᠵᠦ ᠦᠢᠯᠡᠰ ᠲᠤ ᠴᠢᠬᠤᠯᠠ ᠶᠡᠭᠡ ᠠᠬᠢᠭᠤᠯᠬᠤ ᠦᠢᠯᠡᠳᠦᠯ | ᠦᠵᠡᠭᠦᠯᠵᠡᠢ᠃ ᠬᠠᠮᠲᠦ ᠲᠤᠨᠢ ᠲᠡᠷᠡ ᠨᠢ ᠪᠠᠰᠠ ᠦᠢᠯᠡᠳᠪᠦᠷᠢᠯᠡᠯ ᠤᠨ ᠭᠤᠬᠴᠤᠭᠠᠨ ᠳᠠᠬᠢ ᠦᠭᠡᠷᠡᠴᠢᠯᠡᠯᠲᠡ ᠲᠠᠢ | ᠬᠤᠯᠪᠤᠬᠳᠠᠬᠤ ᠪᠤᠯᠬᠤᠷ ᠬᠢᠨᠠᠨ ᠡᠵᠡᠮᠰᠢᠬᠦ ᠲᠦᠬᠦᠭᠡᠷᠤᠮᠵᠢ᠂ ᠠᠦ᠋ᠲ᠋ᠤᠴᠢᠯᠠᠬᠰᠡᠨ ᠲᠦᠬᠦᠭᠡᠷᠦᠮᠵᠢ ᠵᠡᠷᠭᠡ ᠬᠦᠷᠢᠶ᠎ᠡ | ᠬᠡᠪᠴᠢᠶᠡᠨ ᠳᠠᠬᠢ ᠬᠦᠭᠵᠢᠯᠲᠡ ᠳᠤ ᠠᠰᠢᠬᠲᠠᠢ ᠪᠠᠶᠢᠳᠠᠭ︾ ᠭᠡᠪᠡ᠃ | ︽ᠢᠨᠲ᠋ᠧᠷ ᠰᠦᠯᠵᠢᠶ᠎ᠡ + ᠠᠵᠦ ᠦᠢᠯᠡᠳᠪᠦᠷᠢ︾ ᠶᠢᠨ ᠬᠦᠭᠵᠢᠯᠲᠠ ᠶᠢᠨ ᠶᠠᠪᠤᠴᠠ ᠳᠤ᠂ ᠪᠦᠷᠭᠦᠴᠡ ᠢᠶᠠᠷ | ᠨᠡᠩ ᠦᠷᠭᠡᠨ᠂ ᠠᠵᠢᠯ ᠤᠨ ᠬᠤᠪᠢᠶᠠᠷᠯᠠᠯ ᠢᠶᠠᠷ ᠨᠡᠩ ᠨᠠᠷᠢᠨ ᠨᠢᠬᠲᠠ ᠠᠵᠦ ᠦᠢᠯᠡᠳᠪᠦᠷᠢ ᠶᠢᠨ ᠡᠭᠦᠯᠡᠨ | ᠪᠤᠳᠤᠯᠲᠠ ᠶᠢᠨ ᠲᠠᠪᠴᠠᠩ ᠤᠳ ᠬᠤᠷ᠎ᠡ ᠶᠢᠨ ᠳᠠᠷᠠᠭᠠᠬᠢ ᠬᠤᠯᠤᠰᠤᠨ ᠰᠦᠶᠦᠭᠡ ᠮᠡᠲᠦ ᠪᠠᠷ ᠰᠤᠭᠤᠷᠠᠨ ᠪᠤᠰᠴᠤ | ᠡᠬᠢᠯᠡᠪᠡ᠃ ᠡᠨᠡ ᠨᠢ ᠪᠦᠭᠦ ᠤᠷᠤᠨ ᠤ ᠮᠡᠳᠡᠭᠡ ᠵᠠᠩᠭᠢᠵᠢᠯᠲᠠ ᠪᠠ ᠠᠵᠦ ᠦᠢᠯᠡᠳᠪᠦᠷᠢᠵᠢᠯᠲᠡ ᠶᠢᠨ ᠠᠭᠤᠰᠤᠯᠴᠠᠯ | ᠤᠨ ᠳᠠᠷᠳᠠᠩ ᠵᠠᠮ ᠢ ᠨᠡᠬᠡᠭᠡᠭᠰᠡᠨ ᠪᠠᠶᠢᠨ᠎ᠡ᠃ | ᠪᠤᠭᠤᠲᠦ ᠬᠤᠲᠠ ᠶᠢᠨ ᠮᠡᠳᠡᠭᠡ ᠵᠠᠩᠬᠢᠵᠢᠯᠲᠠ ᠪᠠ ᠠᠵᠦ ᠦᠢᠯᠡᠳᠪᠦᠷᠢᠵᠢᠯᠲᠡ ᠶᠢᠨ ᠠᠭᠤᠰᠤᠯᠴᠠᠯ ᠵᠢᠴᠢ | ᠠᠵᠦ ᠦᠢᠯᠡᠳᠪᠦᠷᠢ ᠶᠢᠨ ᠡᠭᠦᠯᠡᠨ ᠪᠤᠳᠤᠯᠲᠠ ᠶᠢᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠨᠢ ᠠᠵᠦ | ᠦᠢᠯᠡᠳᠪᠦᠷᠢ ᠪᠠ ᠮᠡᠳᠡᠭᠡ ᠵᠠᠩᠬᠢᠵᠢᠯᠲᠠ ᠶᠢᠨ ᠶᠠᠮᠦᠨ ᠤ ︽ᠪᠦᠬᠦ ᠤᠯᠤᠰ ᠤᠨ ᠠᠵᠦ ᠦᠢᠯᠡᠳᠪᠦᠷᠢ ᠶᠢᠨ ᠡᠭᠦᠯᠡᠨ | ᠪᠤᠳᠤᠯᠲᠠ ᠶᠢᠨ ᠰᠢᠨ᠎ᠡ ᠶᠢ ᠡᠭᠦᠳᠬᠦ ᠦᠢᠯᠡᠴᠢᠯᠡᠭᠡ︾ ᠶᠢᠨ ᠲᠤᠷᠰᠢᠯᠲᠠ ᠶᠢᠨ ᠴᠢᠬ ᠪᠤᠯᠵᠡᠢ᠃ ᠲᠤᠰ ᠲᠠᠪᠴᠠᠩ | ᠤᠲᠤᠬᠠᠨ ᠤ ᠪᠠᠶᠢᠭ᠎ᠠ ᠡᠯ᠎ᠡ ᠲᠦᠷᠦᠯ ᠤᠨ ᠡᠬᠢ ᠪᠠᠶᠠᠯᠢᠭ ᠢ ᠪᠦᠷᠢᠮᠦᠰᠦᠨ ᠨᠢᠭᠡᠳᠭᠡᠨ ᠠᠰᠢᠬᠯᠠᠵᠦ᠂ ᠡᠭᠦᠯᠡᠨ | ᠪᠤᠳᠤᠯᠲᠠ ᠶᠢᠨ ᠲᠠᠪᠴᠠᠩ ᠰᠢᠰᠲ᠋ᠧᠮ ᠤᠨ ᠴᠢᠳᠠᠮᠵᠢ ᠶᠢ ᠶᠡᠬᠡᠪᠡᠷ ᠳᠡᠭᠡᠭᠰᠢᠯᠡᠭᠦᠯᠵᠡᠢ᠃ ᠤᠳᠤᠬᠠᠨ ᠪᠤᠯᠲᠠᠯ᠎ᠡ᠂ ᠲᠤᠰ | ᠲᠠᠪᠴᠠᠩ ᠡᠯ᠎ᠡ ᠲᠦᠷᠦᠯ ᠤᠨ ᠮᠡᠳᠡᠭᠡ ᠵᠠᠩᠭᠢ ᠶᠢ ᠨᠡᠶᠢᠲᠡ 2000 ᠭᠠᠷᠤᠢ ᠵᠤᠷᠪᠤᠰ ᠨᠡᠶᠢᠲᠡᠯᠡᠵᠦ᠂ ᠲᠤᠬᠠᠢ ᠶᠢᠨ | ᠭᠠᠵᠠᠷ ᠤᠨ ᠳᠠᠩᠰᠠᠯᠠᠭᠤᠯᠤᠬᠰᠡᠨ ᠬᠡᠷᠡᠭᠯᠡᠭᠴᠢ ᠶᠢᠨ ᠲᠤᠭ᠎ᠠ 3350 ᠡᠷᠦᠬᠡ ᠲᠤᠯᠵᠦ᠂ ᠡᠭᠦᠨ ᠳᠤ 1100 | ᠭᠠᠷᠤᠢ ᠡᠷᠦᠬᠡ ᠨᠢ ᠲᠠᠪᠴᠠᠩ ᠢᠶᠠᠷ ᠳᠠᠮᠵᠢᠵᠦ ᠠᠵᠦ ᠠᠬᠤᠢᠢᠯᠠᠯ ᠤᠨ ᠪᠢᠴᠢᠯ ᠲᠤᠤᠷ ᠰᠦᠯᠵᠢᠶᠡᠨ ᠦᠷᠳᠡᠭᠡ | ᠨᠡᠬᠡᠭᠡᠵᠦ᠂ ᠲᠠᠷᠤᠮ ᠤᠨ ᠲᠤᠭ᠎ᠠ ᠨᠢᠭᠡᠨᠲᠡ 19.76 ᠲᠦᠮᠡᠨ ᠬᠦᠮᠦᠨ ︵ᠤᠳᠠᠭ᠎ᠠ︶ ᠢ ᠳᠠᠪᠠᠵᠠᠢ᠃ | ᠰᠢᠯᠢ ᠶᠢᠨ ᠭᠤᠤᠯ ᠠᠶᠢᠮᠠᠭ ᠤᠨ ᠰᠢᠨ᠎ᠡ ᠲᠤᠷᠭᠠᠨ ᠵᠠᠮ · ᠲᠠᠯ᠎ᠡ ᠨᠤᠲᠤᠭ ᠤᠨ ᠮᠠᠯ ᠠᠵᠦ ᠠᠬᠤᠢ ᠶᠢᠨ | ᠰᠢᠨ᠎ᠡ ᠶᠢ ᠡᠭᠦᠳᠬᠦ ᠲᠦᠷᠦᠯ ᠵᠦᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠨᠢ ᠰᠢᠯᠢ ᠶᠢᠨ ᠭᠤᠤᠯ | ᠠᠶᠢᠮᠠᠭ ᠤᠨ ᠤᠨᠴᠠᠯᠢᠬᠲᠦ ᠡᠯᠧᠺᠲᠷᠤᠨ ᠬᠤᠳᠠᠯᠳᠤᠭᠠᠨ ᠤ ᠲᠠᠪᠴᠠᠩ᠂ ᠪᠤᠷᠤᠯᠠᠭᠤᠯᠭ᠎ᠠ ᠰᠠᠶᠢᠲᠠᠢ ᠪᠦᠲᠦᠭᠡᠭᠳᠡᠭᠦᠨ | ᠪᠠ ᠲᠦᠷᠦᠯ ᠳᠡᠮᠳᠡᠭ ᠤᠨ ᠦᠵᠡᠭᠦᠯᠦᠯᠭᠡ᠂ ᠡᠯᠧᠺᠲᠷᠤᠨ ᠪᠤᠷᠤᠯᠠᠭᠤᠯᠭ᠎ᠠ ᠶᠢᠨ ᠪᠦᠷᠢᠳᠭᠡᠯ ᠵᠡᠷᠭᠡ ᠤᠯᠠᠨ ᠬᠡᠰᠡᠭ | ᠪᠦᠯᠦᠭ ᠢ ᠨᠢᠭᠡᠳᠬᠡᠵᠦ᠂ ᠤᠳᠤᠬᠠᠨ ᠳᠤ ᠨᠢᠭᠡᠨᠲᠡ 100 ᠭᠠᠷᠤᠢ ᠠᠵᠦ ᠠᠬᠤᠢᠢᠯᠠᠯ ᠢ ᠴᠤᠬᠯᠠᠭᠤᠯᠵᠦ᠂ | ᠤᠨᠴᠠᠯᠢᠬᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ 2000 ᠭᠠᠷᠤᠢ ᠵᠦᠢᠯ ᠪᠤᠯᠵᠡᠢ᠃ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠦ ᠦᠢᠯᠡᠳᠪᠦᠷᠢ ᠶᠢ ᠡᠵᠡᠮᠳᠡᠭᠦ ᠰᠢᠰᠲ᠋ᠧᠮ ᠤᠨ | ᠠᠮᠦᠷ ᠲᠦᠪᠰᠢᠨ ᠢ ᠤᠷᠢᠳᠴᠢᠯᠠᠨ ᠰᠡᠷᠡᠮᠵᠢᠯᠡᠭᠦᠯᠵᠤ ᠬᠢᠨᠠᠨ ᠰᠢᠯᠭᠠᠬᠤ ᠲᠠᠪᠴᠠᠩ ᠨᠢᠭᠡᠨᠲᠡ ᠪᠦᠬᠦ ᠤᠷᠤᠨ ᠤ 50 | ᠡᠷᠦᠬᠡ ᠭᠤᠤᠯᠳᠠᠯᠭ᠎ᠠ ᠲᠠᠢ ᠠᠵᠢᠯ ᠲᠦᠷᠦᠯ᠂ ᠠᠵᠦ ᠠᠬᠤᠢᠢᠯᠠᠯ ᠪᠠ ᠠᠵᠦ ᠦᠢᠯᠡᠳᠪᠦᠷᠢ ᠶᠢ ᠡᠵᠡᠮᠳᠡᠭᠦ ᠰᠢᠰᠲ᠋ᠧᠮ | ᠤᠨ ᠮᠡᠳᠡᠭᠡ ᠵᠠᠩᠭᠢ ᠶᠢᠨ ᠠᠮᠦᠷ ᠲᠦᠪᠰᠢᠨ ᠢ ᠰᠢᠯᠭᠠᠨ ᠪᠠᠶᠢᠴᠠᠭᠠᠬᠤ ᠪᠠ ᠤᠷᠢᠳᠴᠢᠯᠠᠨ ᠰᠡᠷᠡᠮᠵᠢᠯᠡᠬᠦᠯᠭᠦ ᠠᠵᠢᠯ ᠢ | ᠪᠡᠶᠡᠯᠡᠭᠦᠯᠵᠡᠢ᠃ ᠪᠠᠰᠠ 10 ᠠᠵᠦ ᠦᠢᠯᠡᠳᠪᠦᠷᠢ ᠶᠢ ᠡᠵᠡᠮᠳᠡᠬᠦ ᠰᠢᠰᠲ᠋ᠧᠮ ᠤᠨ ᠠᠮᠦᠷ ᠲᠦᠪᠰᠢᠨ ᠤᠯᠠᠨ | ᠨᠡᠶᠢᠲᠡ ᠶᠢᠨ ᠦᠢᠯᠡᠴᠢᠯᠡᠭᠡᠨ ᠤ ᠲᠤᠷᠰᠢᠯᠲᠠ ᠶᠢᠨ ᠴᠢᠬ ᠢ ᠲᠦᠪᠯᠡᠷᠡᠭᠦᠯᠦᠨ ᠪᠠᠶᠢᠭᠤᠯᠵᠦ᠂ ᠵᠢᠱᠢᠶᠡᠴᠢ ᠦᠢᠯᠡᠳᠦᠯ | ᠦᠵᠡᠭᠦᠯᠵᠦ ᠪᠤᠢ᠃ | ︽ᠢᠨᠲ᠋ᠧᠷ ᠰᠦᠯᠵᠢᠶ᠎ᠡ + ᠠᠵᠦ ᠦᠢᠯᠡᠳᠪᠦᠷᠢ︾ ᠨᠢ ᠵᠦᠪᠬᠡᠨ ᠨᠢᠭᠡ ᠤᠳᠠᠭᠠᠨ ᠤ ᠰᠢᠨ᠎ᠡ ᠶᠢ ᠡᠭᠦᠳᠬᠦ | ᠠᠵᠠ ᠲᠤᠬᠢᠶᠠᠯ ᠪᠢᠰᠢ᠂ ᠬᠠᠷᠢᠨ ᠨᠡᠩ ᠴᠢᠬᠤᠯᠠ ᠨᠢ ᠨᠢᠭᠡ ᠤᠳᠠᠭᠠᠨ ᠤ ᠦᠢᠯᠡᠰ ᠪᠤᠰᠬᠠᠬᠤ ᠠᠵᠠ ᠲᠤᠬᠢᠶᠠᠯ | ᠪᠤᠯᠤᠨ᠎ᠡ᠃ ᠦᠪᠡᠷᠲᠡᠭᠡᠨ ᠵᠠᠰᠠᠬᠤ ᠤᠷᠤᠨ ᠤ ᠲᠤᠮᠳᠠ ᠪᠠᠭ᠎ᠠ ᠠᠵᠦ ᠠᠬᠤᠢᠢᠯᠠᠯ ᠤᠨ ᠲᠤᠪᠴᠢᠶ᠎ᠡ ᠠᠴᠠ ᠴᠤᠬᠴᠠᠯᠠᠨ | ᠪᠠᠶᠢᠭᠤᠯᠤᠬᠰᠡᠨ ᠲᠤᠮᠳᠠ ᠪᠠᠭ᠎ᠠ ᠠᠵᠦ ᠠᠬᠤᠢᠢᠯᠠᠯ ᠤᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠨᠢ ᠪᠦᠬᠦ | ᠤᠷᠤᠨ ᠤ ᠦᠢᠯᠡᠰ ᠪᠤᠰᠬᠠᠵᠦ ᠰᠢᠨ᠎ᠡ ᠶᠢ ᠡᠭᠦᠳᠬᠦ ᠠᠵᠢᠯ ᠳᠤ ᠬᠢᠵᠠᠭᠠᠷᠯᠠᠰᠢ ᠦᠭᠡᠢ ᠬᠦᠭᠵᠢᠯᠲᠡ ᠶᠢᠨ ᠠᠵᠠ | ᠲᠤᠬᠢᠶᠠᠯ ᠤᠯᠭᠤᠵᠠᠢ᠃ ᠲᠤᠰ ᠲᠠᠪᠴᠠᠩ ᠨᠢ ᠪᠦᠬᠦ ᠤᠷᠤᠨ ᠤ ᠲᠤᠮᠳᠠ ᠪᠠᠭ᠎ᠠ ᠠᠵᠦ ᠠᠬᠤᠢᠢᠯᠠᠯ ᠳᠤ ᠲᠦᠷᠦ ᠶᠢᠨ | ᠪᠤᠳᠤᠯᠭ᠎ᠠ ᠶᠢᠨ ᠲᠠᠶᠢᠯᠤᠮᠵᠢ ᠬᠢᠭᠦ᠂ ᠬᠠᠤᠯᠢ ᠴᠠᠭᠠᠵᠠ ᠶᠢᠨ ᠵᠦᠪᠯᠡᠯᠭᠡ ᠠᠪᠬᠤ᠂ ᠦᠢᠯᠡᠰ ᠪᠤᠰᠬᠠᠬᠤ᠂ ᠵᠠᠬ᠎ᠠ | ᠳᠡᠯᠭᠡᠭᠦᠷ ᠢ ᠦᠷᠭᠡᠳᠭᠡᠬᠦ᠂ ᠪᠡᠯᠡ ᠬᠤᠷᠠᠮᠳᠤᠭᠤᠯᠬᠤ ᠵᠡᠷᠭᠡ ᠪᠠᠳᠤᠯᠠᠭ᠎ᠠ ᠲᠠᠢ ᠦᠢᠯᠡᠴᠢᠯᠡᠭᠡ ᠬᠠᠨᠭ᠍ᠭᠠᠵᠦ᠂ ︽ | 1+14+n︾ ᠭᠤᠷᠪᠠᠨ ᠲᠡᠰ ᠪᠠᠷ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠲᠡᠷᠡᠯᠴᠡᠬᠦ ᠶᠢ ᠦᠨᠳᠦᠰᠦᠨ ᠳᠡᠭᠡᠨ | ᠪᠡᠶᠡᠯᠡᠭᠦᠯᠵᠡᠢ᠃ ᠪᠦᠬᠦ ᠤᠷᠤᠨ ᠤ ᠤᠳᠤᠬᠠᠨ ᠤ ᠪᠠᠶᠢᠭ᠎ᠠ 25 ᠨᠡᠶᠢᠲᠡ ᠶᠢᠨ ᠦᠢᠯᠡᠴᠢᠯᠡᠭᠡᠨ ᠤ ᠲᠠᠪᠴᠠᠩ ᠨᠢ | ᠨᠡᠶᠢᠲᠡ 1.3 ᠲᠦᠮᠡᠨ ︵ᠤᠳᠠᠭ᠎ᠠ︶ ᠠᠵᠦ ᠠᠬᠤᠢᠢᠯᠠᠯ ᠪᠠ 15 ᠲᠦᠮᠡᠨ ᠬᠦᠮᠦᠨ ︵ᠤᠳᠠᠭ᠎ᠠ︶ ᠳᠤ | ᠦᠢᠯᠡᠴᠢᠯᠡᠵᠦ᠂ ᠵᠤᠬᠢᠶᠠᠨ ᠪᠠᠶᠢᠭᠤᠯᠤᠬᠰᠡᠨ ᠡᠯ᠎ᠡ ᠵᠦᠢᠯ ᠤᠨ ᠬᠦᠳᠡᠯᠭᠡᠭᠡᠨ ᠤ ᠲᠦᠷᠦᠯ ᠵᠦᠢᠯ 2000 ᠲᠤᠯᠵᠦ᠂ | ᠬᠠᠨᠤᠮᠵᠢ ᠶᠢᠨ ᠬᠡᠮᠵᠢᠶ᠎ᠡ 95% ᠠᠴᠠ ᠳᠡᠭᠡᠭᠰᠢ ᠳᠤ ᠬᠦᠷᠴᠡᠢ᠃ | ᠠᠵᠦ ᠦᠢᠯᠡᠳᠪᠦᠷᠢ ᠶᠢᠨ ᠲᠤᠮᠤ ᠳ᠋ᠠᠶᠢᠲ᠋ᠠ ᠶᠢᠨ ᠲᠤᠬᠠᠢ ᠪᠠᠷᠠᠯᠠᠯ | ︽ᠢᠨᠲ᠋ᠧᠷ ᠰᠦᠯᠵᠢᠶ᠎ᠡ + ᠠᠵᠦ ᠦᠢᠯᠡᠳᠪᠦᠷᠢ︾ ᠶᠢᠨ ᠰᠢᠨ᠎ᠡ ᠠᠵᠠ ᠲᠤᠬᠢᠶᠠᠯ᠂ ᠰᠢᠨ᠎ᠡ ᠦᠷᠢᠰᠦᠯᠳᠦᠭᠡᠨ | ᠤ ᠡᠮᠦᠨ᠎ᠡ᠂ ᠮᠠᠨ ᠤ ᠤᠷᠤᠨ ᠨᠢᠭᠡᠨᠲᠡ ᠵᠤᠬᠢᠬᠤ ᠪᠡᠯᠡᠳᠭᠡᠯ ᠲᠠᠢ ᠪᠤᠯᠤᠬᠰᠡᠨ ᠠᠵᠠᠢ᠂ ︽13·5︾ ᠶᠢᠨ | ᠲᠦᠯᠦᠪᠵᠢᠭᠦᠯᠭᠡ ᠶᠢᠨ ᠬᠤᠭᠤᠴᠠᠭᠠᠨ ᠤ ᠪᠦᠬᠦ ᠤᠷᠤᠨ ᠤ ᠠᠵᠦ ᠦᠢᠯᠡᠳᠪᠦᠷᠢ ᠶᠢᠨ ᠲᠤᠮᠤ ᠳ᠋ᠠᠶᠢᠲ᠋ᠠ ᠶᠢ | ᠬᠦᠭᠵᠢᠭᠦᠯᠬᠦ ᠠᠤᠭ᠎ᠠ ᠬᠠᠷᠠᠯᠲᠠ ᠶᠢ ᠲᠤᠬᠳᠠᠭᠠᠵᠠᠢ᠂ ᠲᠠᠷᠤᠢ 2020 ᠣᠨ ᠪᠤᠯᠲᠠᠯ᠎ᠡ 50 ᠤᠶᠤᠨᠴᠢ ᠦᠢᠯᠡᠳᠪᠦᠷᠢ | ᠂ 10 ᠤᠶᠤᠨᠴᠢ ᠬᠦᠷᠢᠶᠡᠯᠡᠩ ᠲᠤᠭᠤᠷᠢᠭ ᠢ ᠪᠠᠶᠢᠭᠤᠯᠤᠨ᠎ᠡ︔ ᠠᠵᠦ ᠦᠢᠯᠡᠳᠪᠦᠷᠢᠵᠢᠯᠲᠡ ᠪᠠ ᠮᠡᠳᠡᠭᠡ | ᠵᠠᠩᠬᠢᠵᠢᠯᠲᠠ ᠶᠢᠨ ᠠᠭᠤᠰᠤᠯᠴᠠᠭᠤᠯᠬᠤ ᠲᠠᠯ᠎ᠠ ᠪᠠᠷ ᠢᠯᠡᠷᠡᠬᠡᠢ ᠦᠷ᠎ᠡ ᠪᠦᠳᠦᠮᠵᠢ ᠭᠠᠷᠭᠠᠨ᠎ᠡ᠃ 2020 ᠣᠨ ᠳᠤ᠂ | ᠠᠵᠦ ᠦᠢᠯᠡᠳᠪᠦᠷᠢᠵᠢᠯᠲᠡ ᠪᠠ ᠮᠡᠳᠡᠭᠡ ᠵᠠᠩᠬᠢᠵᠢᠯᠲᠠ ᠶᠢ ᠠᠭᠤᠰᠤᠯᠴᠠᠭᠤᠯᠤᠨ ᠬᠦᠭᠵᠢᠭᠦᠯᠦᠭᠰᠡᠨ ᠵᠢᠭᠠᠯᠲᠠ | ᠲᠤᠭ᠎ᠠ ᠶᠢ ᠪᠦᠬᠦ ᠤᠯᠤᠰ ᠤᠨ ᠲᠤᠮᠳᠠᠴᠢ ᠲᠦᠪᠰᠢᠨ ᠳᠤ ᠬᠦᠷᠭᠡᠬᠦ ᠪᠤᠶᠤ ᠳᠠᠪᠠᠭᠤᠯᠤᠨᠡ᠃ ᠠᠵᠦ ᠠᠬᠤᠢᠢᠯᠠᠯ ᠤᠨ | ᠡᠵᠡᠩᠨᠡᠯᠲᠡ ᠬᠠᠮᠢᠶᠠᠷᠤᠯᠲᠠ ᠮᠡᠳᠡᠭᠡ ᠵᠠᠩᠭᠢᠵᠢᠯᠲᠠ ᠶᠢᠨ ᠲᠦᠪᠰᠢᠨ ᠪᠠ ᠦᠢᠯᠡᠳᠪᠦᠷᠢᠯᠡᠯ ᠤᠨ ᠲᠦᠬᠦᠭᠡᠷᠦᠮᠵᠢ ᠶᠢᠨ | ᠲᠤᠭᠠᠴᠢᠯᠠᠬᠰᠡᠨ ᠬᠡᠮᠵᠢᠶ᠎ᠡ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠦᠨ᠎ᠡ᠃ | ᠡᠭᠦᠨ ᠤ ᠲᠤᠭᠤᠷᠢᠨ ᠳᠤ᠂ ᠮᠠᠨ ᠤ ᠤᠷᠤᠨ ᠠᠵᠦ ᠦᠢᠯᠡᠳᠪᠦᠷᠢ ᠶᠢᠨ ᠮᠡᠳᠡᠭᠡ ᠵᠠᠩᠭᠢ ᠶᠢ ᠬᠠᠮᠳᠤᠪᠠᠷ | ᠡᠳ᠋ᠯᠡᠬᠦ ᠪᠠ ᠲᠤᠭ᠎ᠠ ᠪᠠᠷᠢᠮᠲᠠ ᠶᠢᠨ ᠨᠡᠭᠡᠭᠡᠯᠲᠡ ᠲᠠᠢ ᠪᠤᠯᠭᠠᠬᠤ ᠶᠢ ᠤᠯᠠᠮ ᠴᠢᠨᠠᠬᠰᠢᠲᠠ ᠪᠠᠨ ᠠᠬᠢᠭᠤᠯᠵᠦ᠂ ᠠᠵᠦ | ᠦᠢᠯᠡᠳᠪᠦᠷᠢ ᠶᠢᠨ ᠠᠵᠦ ᠠᠬᠤᠢ ᠶᠢᠨ ᠡᠵᠡᠩᠨᠡᠯᠲᠡ ᠶᠢᠨ ᠬᠢᠨᠠᠨ ᠰᠢᠯᠭᠠᠯᠲᠠ ᠶᠢ ᠴᠢᠩᠭᠠᠳᠬᠠᠨ᠎ᠡ᠃ ᠤᠨᠴᠠᠯᠢᠬᠲᠦ | ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠰᠠᠭᠤᠷᠢᠯᠠᠵᠦ᠂ ᠬᠤᠪᠤᠷ ᠰᠢᠷᠤᠢ᠂ ᠨᠡᠭᠦᠷᠡᠰᠦ᠂ ᠴᠠᠬᠢᠯᠭᠠᠨ | ᠬᠦᠴᠦ᠂ ᠲᠤᠨᠤᠬᠯᠠᠯ ᠵᠡᠷᠭᠡ ᠨᠢᠭᠡ ᠪᠦᠯᠦᠭ ᠤᠨᠴᠠᠯᠢᠬᠲᠦ ᠠᠵᠢᠯ ᠲᠦᠷᠦᠯ ᠤᠨ ᠲᠤᠮᠤ ᠳ᠋ᠠᠶᠢᠲ᠋ᠠ ᠶᠢᠨ ᠲᠠᠪᠴᠠᠩ ᠢ | ᠪᠠᠶᠢᠭᠤᠯᠵᠦ᠂ ᠡᠭᠦᠯᠡᠨ ᠪᠤᠳᠤᠯᠲᠠ᠂ ᠲᠤᠮᠤ ᠳ᠋ᠠᠶᠢᠲ᠋ᠠ᠂ ᠪᠠᠷᠠᠭᠠᠨ ᠤ ᠭᠦᠢᠯᠭᠡᠭᠡ᠂ 3D ᠬᠡᠪᠯᠡᠯ ᠤᠨ ᠮᠡᠷᠭᠡᠵᠢᠯ᠂ | ᠡᠵᠡᠩᠨᠡᠯᠲᠡ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠵᠡᠷᠭᠡ ᠠᠵᠦ ᠦᠢᠯᠡᠰ ᠤᠨ ᠬᠡᠯᠬᠢᠶᠡᠵᠢᠯ ᠤᠨ | ᠡᠯ᠎ᠡ ᠭᠤᠬᠴᠤᠭᠠᠨ ᠳᠠᠬᠢ ᠠᠰᠢᠬᠯᠠᠯᠳᠠ ᠶᠢ ᠠᠬᠢᠭᠤᠯᠵᠦ᠂ ᠦᠢᠯᠡᠳᠬᠦ ᠦᠢᠯᠡᠰ ᠤᠨ ᠲᠤᠤᠷ ᠰᠦᠯᠵᠢᠶᠡᠴᠢᠯᠡᠭᠰᠡᠨ ᠪᠠ | ᠤᠶᠤᠨᠴᠢᠯᠠᠬᠰᠡᠨ ᠬᠦᠭᠵᠢᠯᠲᠡ ᠶᠢ ᠶᠡᠬᠡᠪᠡᠷ ᠬᠦᠭᠵᠢᠭᠦᠯᠦᠨ᠎ᠡ᠃ | ᠴᠠᠭᠠᠨ ᠢᠳᠡᠭᠡᠨ ᠤ ᠦᠢᠯᠡᠰ ᠤᠨ ᠲᠤᠮᠤ ᠳ᠋ᠠᠶᠢᠲ᠋ᠠ ᠶᠢ ᠭᠤᠤᠯᠳᠠᠯᠭ᠎ᠠ ᠲᠠᠢ ᠬᠦᠭᠵᠢᠭᠦᠯᠦᠨ᠎ᠡ᠃ ᠬᠦᠬᠡᠬᠤᠲᠠ | ᠳᠤ ᠲᠤᠮᠳᠠᠳᠤ ᠤᠯᠤᠰ ᠤᠨ ᠴᠠᠭᠠᠨ ᠢᠳᠡᠭᠡᠨ ᠤ ᠦᠢᠯᠡᠰ ᠤᠨ ᠲᠤᠮᠤ ᠳ᠋ᠠᠶᠢᠲ᠋ᠠ ᠶᠢᠨ ᠲᠠᠪᠴᠠᠩ ᠢ ᠪᠠᠶᠢᠭᠤᠯᠤᠬᠰᠡᠨ | ᠰᠠᠭᠤᠷᠢᠨ ᠳᠡᠭᠡᠷ᠎ᠡ᠂ ᠵᠠᠰᠠᠭ ᠤᠨ ᠤᠷᠳᠤᠨ᠂ ᠠᠵᠦ ᠠᠬᠤᠢᠢᠯᠠᠯ᠂ ᠠᠷᠠᠳ ᠢᠷᠭᠡᠳ ᠭᠤᠷᠪᠠᠨ ᠲᠠᠯ᠎ᠡ ᠶᠢᠨ ᠲᠤᠭ᠎ᠠ | ᠪᠠᠷᠢᠮᠲᠠ ᠶᠢᠨ ᠡᠬᠢ ᠪᠠᠶᠠᠯᠢᠭ ᠢ ᠨᠢᠭᠡᠳᠬᠡᠵᠦ᠂ ᠴᠠᠭᠠᠨ ᠢᠳᠡᠭᠡᠨ ᠤ ᠲᠤᠭ᠎ᠠ ᠪᠠᠷᠢᠮᠲᠠ ᠶᠢᠨ ᠴᠤᠬᠯᠠᠭᠤᠯᠬᠤ ᠵᠢᠴᠢ | ᠠᠰᠢᠬᠯᠠᠬᠤ ᠶᠢ ᠪᠡᠶᠡᠯᠡᠭᠦᠯᠵᠦ᠂ ︽ᠬᠠᠮᠲᠦᠪᠡᠷ ᠤᠷᠤᠯᠴᠠᠵᠦ᠂ ᠴᠤᠬᠭᠠᠷ ᠠᠰᠢᠬ ᠬᠦᠷᠲᠡᠬᠦ︾ ᠲᠤᠬᠲᠠᠴᠠ ᠶᠢ | ᠪᠦᠷᠢᠯᠳᠤᠭᠦᠯᠦᠨ᠎ᠡ᠃ ᠢᠯᠢ ᠪᠦᠯᠦᠭᠯᠡᠯ ᠤᠨ ᠤᠶᠤᠨᠴᠢ ᠪᠠᠷ ᠦᠢᠯᠡᠳᠬᠦ ᠲᠤᠷᠰᠢᠯᠲᠠ ᠶᠢᠨ ᠴᠢᠬ ᠤᠨ ᠵᠢᠱᠢᠶ᠎ᠡ | ᠦᠵᠡᠭᠦᠯᠬᠦ ᠲᠦᠷᠦᠯ ᠨᠢ ᠤᠯᠤᠰ ᠤᠨ ᠵᠦᠪᠰᠢᠶᠡᠷᠡᠯ ᠢ ᠤᠯᠤᠬᠰᠡᠨ ᠠᠵᠠ ᠲᠤᠬᠢᠶᠠᠯ ᠢ ᠠᠮᠵᠢᠨ᠂ ᠠᠵᠦ ᠠᠬᠤᠢᠢᠯᠠᠯ | ᠤᠨ 500 ᠭᠠᠷᠤᠢ ᠲᠦᠮᠡᠨ ᠪᠤᠷᠤᠯᠠᠭᠤᠯᠭ᠎ᠠ ᠶᠢᠨ ᠦᠵᠦᠭᠦᠷᠯᠢᠭ᠂ 10 ᠭᠠᠷᠤᠢ ᠳ᠋ᠦᠩᠰᠢᠭᠤᠷ ᠬᠡᠷᠡᠭᠯᠡᠭᠴᠢ ᠵᠢᠴᠢ | ᠬᠠᠮᠳᠤᠷᠠᠯᠴᠠᠭᠠᠨ ᠤ ᠬᠠᠨᠢᠳᠠᠨ ᠤ ᠰᠤᠷᠠᠭ ᠵᠠᠩᠭᠢ ᠶᠢᠨ ᠲᠤᠭ᠎ᠠ ᠪᠠᠷᠢᠮᠳᠠ ᠶᠢ ᠵᠠᠳᠠᠯᠤᠬᠰᠡᠨ ᠰᠠᠭᠤᠷᠢᠨ ᠳᠡᠭᠡᠷ᠎ᠡ᠂ | ᠲᠤᠮᠳᠠᠳᠤ ᠤᠯᠤᠰ ᠤᠨ ᠴᠠᠭᠠᠨ ᠢᠳᠡᠭᠡᠨ ᠤ ᠦᠢᠯᠡᠰ ᠤᠨ ᠤᠶᠤᠨᠴᠢᠯᠠᠬᠰᠡᠨ ᠢᠨᠵᠧᠨᠧᠷᠢᠩ ᠶᠢ ᠪᠦᠬᠦ ᠬᠦᠴᠦ ᠪᠠᠷ | ᠴᠤᠬᠴᠠᠯᠠᠵᠦ᠂ ᠴᠠᠭᠠᠨ ᠢᠳᠡᠭᠡᠨ ᠤᠦ᠋ᠯᠡᠰ ᠤᠨ ᠲᠤᠮᠤ ᠳ᠋ᠠᠶᠢᠲ᠋ᠠ ᠶᠢᠨ ᠬᠡᠷᠡᠭᠯᠡᠭᠡᠨ ᠳᠠᠬᠢ ᠠᠰᠢᠬᠯᠠᠯᠳᠠ ᠶᠢ | ᠭᠦᠨᠵᠡᠭᠡᠶᠢᠷᠡᠭᠦᠯᠦᠨ᠎ᠡ᠃ | ᠡᠨᠧᠷᠬᠢ ᠶᠢᠨ ᠠᠵᠦ ᠦᠢᠯᠡᠰ ᠤᠨ ᠲᠤᠮᠤ ᠳ᠋ᠠᠶᠢᠲ᠋ᠠ ᠶᠢ ᠭᠤᠤᠯᠳᠠᠯᠭ᠎ᠠ ᠲᠠᠢ ᠬᠦᠭᠵᠢᠭᠦᠯᠦᠨ᠎ᠡ᠃ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠬᠢᠯᠭᠠᠨ ᠭᠠᠷᠭᠠᠬᠤ ᠮᠠᠰᠢᠨ ᠴᠤᠬᠴᠠᠯᠠᠪᠤᠷᠢ ᠶᠢᠨ ᠪᠠᠭᠳᠠᠭᠠᠮᠵᠢ ᠶᠢᠨ | ᠪᠦᠬᠦ ᠤᠯᠤᠰ ᠤᠨ ᠲᠡᠷᠢᠭᠦᠨ ᠳᠤ ᠵᠢᠬᠰᠠᠵᠦ ᠪᠦᠬᠦᠢ ᠳᠠᠪᠠᠭᠤᠯᠢᠭ ᠵᠢᠴᠢ ᠴᠠᠬᠢᠯᠭᠠᠨ ᠲᠤᠤᠷ ᠤᠨ ᠬᠠᠮᠢᠶᠠᠷᠤᠯᠲᠠ ᠶᠢᠨ | ᠲᠤᠬᠲᠠᠴᠠ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠵᠦ᠂ ᠴᠠᠬᠢᠯᠭᠠᠨ ᠲᠤᠤᠷ ᠤᠨ ᠠᠮᠦᠷ ᠲᠦᠪᠰᠢᠨ᠂ ᠮᠡᠳᠡᠭᠡ | ᠵᠠᠩᠭᠢ ᠶᠢᠨ ᠤᠷᠢᠳᠴᠢᠯᠠᠨ ᠮᠡᠳᠡᠭᠦᠯᠭᠦ᠂ ᠲᠠᠯᠠᠪᠠᠢ ᠦᠷᠳᠡᠭᠡ ᠶᠢᠨ ᠵᠦᠭᠡᠭᠡᠪᠦᠷᠢᠯᠡᠯᠲᠡ ᠬᠢᠨᠠᠨ ᠰᠢᠯᠭᠠᠯᠲᠠ ᠵᠢᠴᠢ | ᠰᠠᠯᠪᠢᠨ ᠵᠠᠰᠠᠬᠤ ᠪᠠᠷ ᠭᠤᠤᠯᠳᠠᠯᠭ᠎ᠠ ᠪᠤᠯᠭᠠᠵᠦ᠂ ᠲᠤᠮᠤ ᠳ᠋ᠠᠶᠢᠲ᠋ᠠ ᠶᠢ ᠠᠰᠢᠬᠯᠠᠵᠦ᠂ ᠪᠠᠭᠳᠠᠭᠠᠮᠵᠢ᠂ ᠴᠠᠬᠢᠯᠭᠠᠨ ᠤ | ᠬᠡᠮᠵᠢᠶ᠎ᠡ᠂ ᠰᠤᠯᠢᠯᠴᠠᠭ᠎ᠠ᠂ ᠴᠠᠬᠢᠯᠭᠠᠨ ᠤ ᠦᠨ᠎ᠡ ᠬᠠᠨᠭ᠍ᠰᠢ ᠵᠢᠴᠢ ᠠᠮᠦᠷ ᠲᠦᠪᠰᠢᠨ ᠵᠡᠷᠭᠡ ᠶᠢᠨ ᠮᠡᠳᠡᠭᠡ ᠵᠠᠩᠭᠢ ᠶᠢ | ᠴᠤᠬᠯᠠᠭᠤᠯᠤᠨ ᠬᠤᠷᠠᠮᠳᠤᠭᠤᠯᠬᠤ ᠪᠤᠶᠤ ᠬᠤᠯᠪᠤᠬᠲᠠᠯ ᠪᠦᠬᠦᠢ ᠵᠠᠳᠠᠯᠤᠯᠲᠠ ᠬᠢᠵᠤ᠂ ᠡᠨᠧᠷᠬᠢ ᠶᠢ ᠠᠰᠢᠬᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠡᠨᠧᠷᠬᠢ ᠶᠢᠨ ᠦᠢᠯᠡᠳᠪᠦᠷᠢᠯᠡᠯ ᠤᠨ ᠠᠷᠭ᠎ᠠ ᠬᠡᠯᠪᠡᠷᠢ ᠵᠢᠴᠢ ᠬᠡᠷᠡᠭᠯᠡᠭᠡᠨ ᠤ ᠠᠷᠭ᠎ᠠ | ᠬᠡᠯᠪᠡᠷᠢ ᠤᠨ ᠬᠤᠪᠢᠰᠤᠯᠳᠠ ᠶᠢ ᠠᠬᠢᠭᠤᠯᠤᠨ᠎ᠡ᠃ |