ᠥᠪᠥᠷ ᠮᠣᠩᠭᠤᠯ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠣᠭᠲᠠᠴᠠ ᠶᠢ ᠲᠡᠭᠦᠯᠳᠡᠷᠵᠢᠭᠦᠯᠪᠡ
ᠨᠡᠶᠢᠲᠡᠯᠡᠭᠰᠡᠨ ᠴᠠᠭ᠄
2016/12/27
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠷᠴᠢᠮᠬᠠᠨ ︽ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠪᠠ᠂ 2020 ᠣᠨ ᠪᠣᠯᠬᠤ ᠳᠤ᠂ ᠤᠢ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠲᠠᠴᠢᠷ ᠴᠥᠯ᠂ ᠭᠤᠣᠯ ᠭᠤᠷᠤᠬ᠎ᠠ᠂ ᠲᠠᠷᠢᠶᠠᠨ ᠭᠠᠵᠠᠷ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠣᠨ ᠨᠡᠭᠡᠭᠡᠨ ᠬᠥᠭᠵᠢᠭᠦᠯᠬᠦ ᠶᠢ ᠴᠠᠭᠠᠵᠠᠯᠠᠬᠤ ᠣᠷᠣᠨ᠂ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠵᠡᠷᠭᠡ ᠴᠢᠬᠤᠯᠠ ᠣᠷᠣᠨ ᠪᠦᠰᠡ ᠳᠤ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠨᠥᠬᠦᠪᠥᠷᠢ ᠥᠭᠬᠦ ᠬᠢᠷᠢ ᠲᠦᠪᠰᠢᠨ ᠢ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠵᠣᠬᠢᠴᠠᠭᠤᠯᠤᠨ᠎ᠠ︔ ᠭᠠᠵᠠᠷ ᠣᠷᠣᠨ ᠠᠯᠤᠰᠯᠠᠨ᠂ ᠰᠠᠪᠠ ᠭᠠᠵᠠᠷ ᠠᠯᠤᠰᠯᠠᠨ ᠨᠥᠬᠦᠪᠥᠷᠢ ᠥᠭᠬᠦ ᠲᠤᠷᠰᠢᠯᠲᠠ ᠶᠢᠨ ᠴᠢᠭ᠋ ᠢ ᠰᠦᠪᠡᠭᠴᠢᠯᠡᠨ ᠪᠠᠶᠢᠭᠤᠯᠵᠤ᠂ ᠤᠯᠡᠨ ᠡᠰᠢᠵᠢᠭᠰᠡᠨ ᠨᠥᠬᠦᠪᠥᠷᠢ ᠥᠭᠬᠦ ᠲᠣᠭᠲᠠᠴᠠ ᠶᠢ ᠠᠩᠬ᠎ᠠ ᠠᠯᠬᠤᠮ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠵᠤ᠂ ᠥᠪᠥᠷ ᠮᠣᠩᠭᠤᠯ ᠤᠨ ᠣᠭᠲᠠᠷᠭᠤᠶ ᠶᠢ ᠨᠡᠩ ᠴᠡᠯᠮᠡᠭ᠂ ᠡᠪᠡᠰᠦ ᠶᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ ᠪᠣᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠥᠩᠭᠡ ᠢᠯᠭᠠᠷᠠᠭᠰᠠᠨ ᠦᠵᠡᠮᠵᠢᠲᠦ ᠣᠷᠣᠨ ᠢ ᠴᠢᠷᠮᠠᠶᠢᠨ ᠴᠣᠭᠴᠠᠯᠠᠬᠤ ᠬᠡᠷᠡᠭᠲᠡᠶ ᠭᠡᠵᠦ ᠲᠣᠳᠣᠷᠬᠠᠢ ᠳᠤᠷᠠᠳᠴᠠᠢ᠃      ︽ᠬᠡᠷᠡᠭᠵᠢᠭᠦᠯᠬᠦ ᠰᠠᠨᠠᠯ︾᠎ ᠤᠨ ᠶᠣᠰᠣᠭᠠᠷ᠂ ᠬᠤᠶᠢᠰᠢᠳᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠦᠷᠢᠶ᠎ᠡ ᠭᠤᠣᠯᠳᠠᠯᠭ᠎ᠠ ᠲᠠᠢ ᠡᠭᠦᠷᠭᠡ ᠶᠢᠨ ᠲᠠᠯ᠎ᠠ ᠪᠠᠷ ᠪᠠᠷᠢᠮᠵᠢᠶ᠎ᠠ ᠳᠤ ᠨᠡᠶᠢᠴᠡᠭᠰᠡᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ᠂ ᠬᠠᠮᠠᠭᠠᠯᠠᠯᠲᠠ ᠶᠢᠨ ᠤᠢ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠵᠡᠷᠭᠡ ᠨᠡᠶᠢᠲᠡ ᠶᠢᠨ ᠠᠰᠠᠷᠠᠮᠵᠢ ᠶᠢᠨ ᠤᠢ ᠶᠢᠨ ᠪᠥᠳᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠤᠰ ᠤᠨ ᠨᠡᠶᠢᠳᠡ ᠶᠢᠨ ᠠᠰᠠᠷᠠᠮᠵᠢ ᠶᠢᠨ ᠤᠢ ᠶᠢᠨ ᠬᠡᠪᠴᠢᠶ᠎ᠡ ᠳᠤ ᠣᠷᠣᠭᠤᠯᠬᠤ ᠪᠠᠷ ᠢᠳᠡᠪᠬᠢᠲᠡᠢ ᠴᠢᠷᠮᠠᠶᠢᠨ᠎ᠠ︔ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠦᠷᠢ ᠥᠭᠬᠦ ᠰᠠᠭᠤᠷᠢ ᠮᠥᠩᠭᠦ ᠶᠢᠨ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠵᠦ᠂ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ ᠤᠢ ᠳᠤ ᠨᠥᠬᠦᠪᠦᠷᠢ ᠥᠭᠬᠦ ᠲᠠᠯᠠᠪᠠᠢ ᠶᠢ ᠥᠷᠭᠡᠳᠬᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠡᠳ᠋ ᠤᠨ ᠬᠦᠴᠦᠨ ᠢ ᠦᠨᠳᠦᠰᠦᠯᠡᠨ ᠨᠥᠬᠦᠪᠥᠷᠢ ᠥᠭᠬᠦ ᠪᠠᠷᠢᠮᠵᠢᠶ᠎ᠠ ᠶᠢ ᠲᠣᠬᠢᠲᠠᠢ ᠲᠣᠬᠢᠷᠠᠭᠤᠯᠵᠤ᠂ ᠪᠦᠬᠦ ᠣᠷᠣᠨ ᠤ ᠪᠤᠢ ᠪᠦᠬᠦᠢ ᠨᠡᠶᠢᠲᠡ ᠶᠢᠨ ᠠᠰᠠᠷᠠᠮᠵᠢ ᠶᠢᠨ ᠤᠢ ᠶᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠥᠭᠬᠦ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠬᠤ ᠪᠠᠷ ᠴᠢᠷᠮᠠᠶᠢᠨ᠎ᠠ᠃ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠭᠰᠡᠨ ᠤ ᠳᠠᠷᠠᠭ᠎ᠠ᠂ ᠪᠥᠬᠦ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠲᠠᠷᠬᠠᠭᠠᠯᠲᠠ ᠶᠢᠨ ᠵᠢᠷᠤᠭ ᠢ ᠵᠣᠬᠢᠶᠠᠵᠤ᠂ ᠨᠤᠲᠤᠭ ᠪᠡᠯᠴᠢᠭᠡᠷ ᠤᠨ ᠬᠤᠷᠢᠭ᠎ᠠ ᠱᠤᠭᠤᠮ ᠢ ᠬᠤᠪᠢᠶᠠᠷᠢᠯᠠᠨ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠬᠡᠪᠴᠢᠶ᠎ᠡ ᠶᠢ ᠥᠷᠭᠡᠳᠬᠡᠵᠦ᠂ ᠮᠠᠨ ᠤ ᠣᠷᠣᠨ ᠤ 411 ᠲᠦᠮᠡᠨ ᠮᠦ ᠬᠦᠨᠳᠦ ᠨᠣᠴᠢᠲᠠᠶ ᠡᠯᠡᠰᠦᠷᠬᠡᠭᠵᠢᠭᠰᠡᠨ ᠲᠠᠷᠢᠶᠠᠨ ᠭᠠᠵᠠᠷ᠂ ᠴᠢᠬᠤᠯᠠ ᠤᠰᠤᠨ ᠰᠤᠷᠪᠤᠯᠵᠢ ᠶᠢᠨ ᠭᠠᠵᠠᠷ ᠤᠨ15-25 ᠭᠷᠡᠳᠦ᠋ᠰ ᠤᠨ ᠨᠠᠯᠠᠤ ᠲᠠᠷᠢᠶᠠᠨ ᠭᠠᠵᠠᠷ᠂ 25 ᠭᠷᠠᠳᠦ᠋ᠰ ᠠᠴᠠ ᠳᠡᠭᠡᠭᠰᠢᠬᠢ ᠨᠠᠯᠠᠤ ᠲᠠᠷᠢᠶᠠᠨ ᠭᠠᠵᠠᠷ ᠪᠣᠯᠤᠨ ᠬᠦᠨᠳᠦ ᠨᠣᠴᠢᠲᠠᠶ ᠪᠣᠬᠢᠷᠲᠤᠭᠰᠠᠨ ᠲᠠᠷᠢᠶᠠᠨ ᠭᠠᠵᠠᠷ ᠢ ᠴᠥᠮ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠵᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠲᠦᠷᠦ ᠶᠢᠨ ᠪᠤᠳᠤᠯᠭ᠎ᠠ ᠶᠢ ᠤᠯᠠᠮ ᠪᠦᠷᠢᠨᠰᠢᠭᠦᠯᠵᠦ᠂ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠬᠤ ᠪᠣᠳᠠᠲᠠᠶ ᠠᠷᠭ᠎ᠠ ᠬᠡᠮᠵᠢᠶ᠎ᠡ ᠠᠪᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号