ᠥᠪᠥᠷ ᠵᠠᠰᠠᠭ ᠲᠠᠷᠬᠠᠭᠠᠭᠰᠠᠨ ﹇2016﹈ 80 ᠳ᠋ᠤᠭᠠᠷ ᠲᠤᠭᠠᠳᠤ | 7 ᠳ᠋ᠣᠭᠠᠷ ᠰᠠᠷ᠎ᠠ ᠶᠢᠨ 22 ᠤᠨ ᠡᠳᠣᠷ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠳᠠ ᠶᠢᠨ ᠦᠮᠴᠢᠯᠡᠯᠳᠣ ᠪᠤᠰᠤ ᠠᠵᠤ | ᠠᠬᠤᠶ ᠶᠢ ᠲᠦᠷᠬᠡᠳᠬᠡᠨ ᠭᠦᠭᠵᠢᠭᠦᠯᠭᠦ ᠶᠢ ᠵᠣᠷᠢᠬᠵᠢᠭᠤᠯᠬᠤ ᠪᠠ ᠳᠡᠮᠵᠢᠬᠦ ᠲᠤᠬᠠᠶ ᠲᠣᠭᠲᠠᠭᠠᠯ ᠤᠳ︾ ᠢ ᠡᠳᠣᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠳᠠ ᠶᠢᠨ ᠦᠮᠴᠢᠯᠡᠯᠳᠣ ᠪᠤᠰᠤ ᠠᠵᠤ | ᠠᠬᠤᠶ ᠶᠢ ᠲᠦᠷᠬᠡᠳᠬᠡᠨ ᠭᠦᠭᠵᠢᠭᠦᠯᠭᠦ ᠶᠢ ᠵᠣᠷᠢᠬᠵᠢᠭᠤᠯᠬᠤ ᠪᠠ ᠳᠡᠮᠵᠢᠬᠦ ᠲᠤᠬᠠᠶ ᠲᠣᠭᠲᠠᠭᠠᠯ ᠤᠳ | | | ᠳᠦᠷᠤ ᠶᠢᠨ ᠪᠤᠲᠣᠯᠭ᠎ᠠ ᠶᠢᠨ ᠳᠡᠮᠵᠢᠭᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠶᠢᠲᠡ ᠶᠢᠨ | ᠥᠮᠴᠢᠯᠡᠯᠳᠣ ᠪᠤᠰᠤ ᠠᠵᠤ ᠠᠬᠤᠶ ᠶᠢ ᠲᠦᠷᠬᠡᠳᠬᠡᠨ ᠭᠦᠭᠵᠢᠭᠦᠯᠭᠦ ᠶᠢ ᠠᠬᠢᠭᠤᠯᠣᠨ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠶᠢᠨ ᠨᠡᠮᠡᠭᠳᠡᠯ ᠤᠨ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠪᠠ ᠥᠷᠢᠰᠥᠯᠳᠦᠬᠦ | ᠬᠦᠴᠦᠨ ᠢ ᠴᠢᠩᠭᠠᠷᠠᠭᠤᠯᠬᠤ ᠶᠢᠨ ᠲᠣᠰᠠᠳᠠ᠂ ᠲᠥᠪ ᠤᠨ ᠵᠣᠷᠢᠭ ᠰᠠᠨᠠᠭ᠎ᠠ ᠪᠠ ︽ᠨᠡᠶᠢᠲᠡ ᠶᠢᠨ ᠥᠮᠴᠢᠯᠡᠯᠳᠣ | ᠪᠤᠰᠤ ᠠᠵᠤ ᠠᠬᠤᠶ ᠶᠢ ᠲᠦᠷᠬᠡᠳᠬᠡᠨ ᠭᠦᠭᠵᠢᠭᠦᠯᠭᠦ ᠶᠢ ᠵᠣᠷᠢᠬᠵᠢᠭᠤᠯᠬᠤ ᠪᠠ ᠳᠡᠮᠵᠢᠭᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠠᠨᠠᠯ︾ ︵ᠥᠪᠥᠷ ᠨᠠᠮ ᠲᠠᠷᠬᠠᠭᠠᠭᠰᠠᠨ ﹇2016﹈ 9 ᠳ᠋ᠣᠭᠡᠷ ᠲᠣᠭᠠᠲᠤ︶ ᠢ | ᠦᠨᠳᠣᠰᠣᠯᠡᠵᠣ᠂ ᠳᠣᠣᠷᠠᠬᠢ ᠮᠡᠲᠦ ᠲᠣᠭᠲᠠᠭᠠᠯ ᠢ ᠲᠤᠨᠨᠳᠠᠭᠠᠪᠠ᠃ | ᠨᠢᠭᠡ᠂ ᠣᠷᠣᠭᠤᠯᠬᠤ ᠶᠢ ᠵᠦᠪᠰᠢᠶᠡᠷᠡᠭᠦ ᠨᠥᠬᠦᠴᠡᠯ ᠢ ᠠᠭᠤᠵᠢᠭᠤ ᠲᠠᠯᠪᠢᠨ᠎ᠠ | ︵ᠨᠢᠭᠡ︶ ︽ᠠᠷᠠᠣᠨ ᠤᠨ ᠲᠤᠮᠳᠠᠬᠢ ᠪᠡᠯᠡ ᠣᠷᠣᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ | ᠵᠣᠷᠢᠬᠵᠢᠭᠤᠯᠬᠤ ᠪᠠ ᠬᠥᠲᠥᠯᠥᠨ ᠵᠢᠯᠣᠭᠤᠳᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2012﹈ 86 | ᠳ᠋ᠤᠭᠠᠷ ᠲᠣᠭᠠᠲᠤ︶ ᠪᠣᠯᠤᠨ ︽ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠪᠡᠯᠡ ᠣᠷᠣᠭᠤᠯᠵᠤ ᠪᠡᠯᠡ | ᠲᠣᠬᠢᠷᠠᠭᠤᠯᠬᠤ ᠲᠣᠭᠲᠠᠴᠠ ᠶᠢᠨ ᠰᠢᠨ᠎ᠠ ᠶᠢ ᠡᠭᠦᠣᠡᠴᠣ ᠨᠡᠶᠢᠭᠡᠮ ᠤᠨ ᠪᠡᠯᠡ ᠣᠷᠣᠭᠤᠯᠤᠯᠲᠠ ᠶᠢ ᠵᠣᠷᠢᠬᠵᠢᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ | ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 150 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠣᠷᠣᠬᠤ ᠶᠢ ᠲᠣᠳᠣᠷᠬᠠᠢ | ᠴᠠᠭᠠᠵᠠᠯᠠᠭᠰᠠᠨ ᠦᠭᠡᠢ ᠠᠵᠢᠯ ᠲᠦᠷᠦᠯ ᠪᠠ ᠬᠦᠷᠢᠶᠡᠨ ᠴᠠᠷᠠᠭ᠎ᠠ ᠳᠤ ᠠᠷᠠᠳ ᠤᠨ ᠲᠤᠮᠳᠠᠬᠢ ᠬᠥᠷᠥᠩᠭᠡ ᠶᠢᠨ | ᠣᠷᠣᠬᠤ ᠶᠢ ᠪᠦᠷ ᠵᠥᠪᠰᠢᠶᠡᠷᠡᠨ᠎ᠠ︔ ᠨᠢᠭᠡᠨᠲᠡ ᠭᠠᠳᠠᠭᠠᠳᠤ ᠶᠢᠨ ᠭᠦᠷᠣᠩᠭᠡ ᠳᠤ ᠨᠡᠬᠡᠬᠡᠯᠳᠡ ᠬᠢᠭᠦ ᠪᠤᠶᠤ ᠨᠡᠬᠡᠬᠡᠯᠳᠡ | ᠬᠢᠭᠦ ᠪᠠᠷ ᠠᠮᠠᠯᠠᠯᠳᠠᠭᠰᠠᠨ ᠬᠦᠷᠢᠶ᠎ᠡ ᠴᠠᠷᠠᠭ᠎ᠠ ᠪᠦᠬᠦᠨ ᠢ ᠴᠥᠮ ᠠᠷᠠᠳ ᠤᠨ ᠲᠤᠮᠳᠠᠬᠢ ᠬᠥᠷᠥᠩᠭᠡ ᠳᠤ ᠴᠢᠯᠦᠬᠡᠳᠡᠢ | ᠪᠤᠯᠭᠠᠨ᠎ᠠ︔ ᠠᠷᠠᠳ ᠤᠨ ᠲᠤᠮᠳᠠᠬᠢ ᠬᠥᠷᠥᠩᠭᠡ ᠶᠢᠨ ᠲᠥᠪ ᠭᠤᠣᠯᠴᠢ ᠪᠠᠷ ᠤᠷᠤᠬᠤ ᠪᠠ ᠥᠷᠢᠰᠥᠯᠳᠦᠭᠦ ᠶᠢ | ᠨᠦᠯᠣᠭᠡᠯᠡᠭᠦ ᠡᠯ᠎ᠡ ᠵᠦᠢᠯ ᠤᠨ ᠬᠠᠷᠰᠢ ᠰᠠᠭᠠᠳ ᠪᠦᠬᠦᠨ ᠢ ᠴᠥᠮ ᠠᠷᠢᠯᠭᠠᠨ᠎ᠠ᠃ | ︵ᠬᠤᠶᠠᠷ︶ ᠵᠠᠬ᠎ᠠ ᠳᠡᠯᠭᠡᠭᠦᠷ ᠲᠤ ᠤᠷᠤᠭᠤᠯᠬᠤ ᠶᠢ ᠵᠥᠪᠰᠢᠶᠡᠷᠡᠬᠦ ᠨᠢᠭᠡᠳᠦᠯᠲᠡᠶ ᠳᠦᠷᠢᠮ ᠢ ᠬᠡᠷᠡᠭᠵᠢᠭᠦᠯᠵᠦ᠂ | ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ ᠲᠣᠭᠲᠠᠭᠠᠬᠤ ᠶᠢᠨ ᠰᠠᠭᠤᠷᠢᠨ ᠳᠡᠭᠡᠷ᠎ᠡ᠂ ᠡᠯ᠎ᠡ ᠲᠦᠷᠦᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠤᠰᠤᠭᠠᠷ ᠨᠠᠷᠢᠨ ᠬᠠᠭᠤᠳᠠᠰᠤ ᠠᠴᠠ ᠭᠠᠳᠠᠨᠠᠬᠢ ᠬᠦᠷᠢᠶ᠎ᠠ ᠴᠠᠷᠠᠭ᠎ᠠ ᠳᠤ | ᠣᠷᠣᠬᠤ ᠶᠢ ᠵᠦᠪᠰᠢᠶᠡᠷᠡᠨ᠎ᠠ᠃ ᠵᠠᠬ᠎ᠠ ᠳᠡᠯᠭᠡᠭᠦᠷ ᠲᠤ ᠤᠷᠤᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠪᠠᠨ ᠡᠯ᠎ᠡ | ᠲᠦᠷᠦᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠳᠤ ᠠᠳᠠᠯᠢ ᠲᠡᠭᠰᠢ ᠪᠠᠷ ᠬᠠᠨᠳᠤᠭᠤᠯᠵᠦ᠂ ᠨᠡᠶᠢᠲᠡ ᠶᠢᠨ | ᠥᠮᠴᠢᠯᠡᠯᠳᠣ ᠪᠤᠰᠤ ᠠᠵᠤ ᠠᠬᠤᠶᠢᠯᠠᠯ ᠳᠤ ᠨᠡᠮᠡᠯᠲᠡ ᠨᠥᠬᠦᠴᠡᠯ ᠪᠤᠶᠤ ᠤᠷᠤᠭᠤᠯᠬᠤ ᠶᠢ ᠵᠦᠪᠰᠢᠶᠡᠷᠡᠭᠦ | ᠪᠠᠷᠢᠮᠵᠢᠶ᠎ᠠ ᠪᠠᠨ ᠠᠰᠳᠠᠭᠠᠨ ᠲᠣᠭᠲᠠᠭᠠᠵᠤ ᠪᠣᠯᠬᠤ ᠦᠭᠡᠢ᠃ | ︵ᠭᠤᠷᠪᠠ︶ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶᠢᠯᠠᠯ ᠤᠨ ᠪᠡᠯᠡ ᠨᠡᠶᠢᠯᠡᠭᠦᠯᠬᠦ ᠪᠠ | ᠬᠠᠮᠳᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠥᠮᠴᠢᠯᠡᠯᠳᠣ ᠠᠵᠤ ᠠᠬᠤᠶᠢᠯᠠᠯ ᠤᠨ | ᠲᠥᠷᠥᠯ ᠵᠦᠢᠯ ᠤᠨ ᠪᠡᠯᠡ ᠣᠷᠣᠭᠤᠯᠤᠯᠲᠠ᠂ ᠪᠦᠳᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠳᠤ ᠣᠷᠣᠯᠴᠠᠬᠤ ᠶᠢ | ᠵᠣᠷᠢᠬᠵᠢᠭᠤᠯᠣᠨ᠎ᠠ᠃ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶᠢᠯᠠᠯ ᠤᠨ ᠪᠡᠯᠠ ᠭᠠᠷᠭᠠᠵᠤ ᠰᠲ᠋ᠤᠺ ᠣᠷᠣᠬᠤ᠂ | ᠰᠲ᠋ᠤᠺ ᠤᠨ ᠡᠷᠬᠡ ᠶᠢ ᠬᠤᠳᠠᠯᠳᠤᠨ ᠠᠪᠬᠤ᠂ ᠰᠢᠯᠵᠢᠭᠦᠯᠵᠣ ᠪᠣᠯᠬᠤ ᠵᠢᠭᠡᠯᠡᠯᠭᠡ ᠶᠢ ᠬᠤᠳᠠᠯᠳᠤᠨ ᠠᠪᠬᠤ᠂ | ᠰᠲ᠋ᠤᠺ ᠤᠨ ᠡᠷᠬᠡ ᠪᠠᠨ ᠰᠣᠯᠢᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠤᠯᠤᠰ ᠤᠨ | ᠥᠮᠴᠢᠯᠡᠯᠳᠣ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠵᠦ ᠲᠠᠬᠢᠨ ᠵᠣᠬᠢᠶᠠᠨ ᠪᠠᠶᠢᠭᠤᠯᠬᠤ ᠪᠤᠶᠤ | ᠤᠯᠤᠰ ᠤᠨ ᠥᠮᠴᠢᠯᠡᠯᠳᠣ ᠰᠲ᠋ᠤᠺ ᠡᠵᠡᠮᠳᠡᠵᠦ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠨᠨᠰᠠᠨ ᠺᠣᠮᠫᠠᠨᠢ ᠶᠢᠨ ᠪᠡᠯᠡ | ᠨᠡᠮᠡᠭᠳᠡᠭᠦᠯᠦᠨ ᠰᠲ᠋ᠤᠺ ᠢᠶᠠᠨ ᠥᠷᠭᠡᠳᠬᠡᠬᠦ ᠵᠢᠴᠢ ᠠᠵᠤ ᠠᠬᠤᠶᠢᠯᠠᠯ ᠤᠨ ᠡᠵᠡᠩᠨᠡᠯᠳᠠ ᠬᠠᠮᠢᠶᠠᠷᠤᠯᠳᠠ ᠳᠤ | ᠣᠷᠣᠯᠴᠠᠬᠤ ᠶᠢ ᠵᠣᠷᠢᠬᠵᠢᠭᠤᠯᠣᠨ᠎ᠠ᠃ ᠠᠵᠤ ᠠᠬᠤᠶᠢᠯᠠᠯ ᠤᠨ ᠤᠯᠤᠰ ᠤᠨ ᠥᠮᠴᠢᠯᠡᠯᠳᠣ ᠡᠳ᠋ ᠬᠦᠷᠦᠩᠭᠡ ᠶᠢᠨ | ᠥᠮᠴᠢᠯᠡᠬᠦ ᠡᠷᠬᠡ ᠪᠤᠶᠤ ᠤᠯᠤᠰ ᠤᠨ ᠥᠮᠴᠢᠯᠡᠯᠳᠣ ᠰᠲ᠋ᠣᠺ ᠤᠨ ᠡᠷᠬᠡ ᠪᠠᠨ ᠰᠢᠯᠵᠢᠭᠦᠯᠵᠣ ᠥᠭᠬᠦ ᠦᠶ᠎ᠡ ᠳᠤ᠂ | ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠡᠩ ᠤᠨ ᠪᠠᠶᠢᠳᠠᠯ ᠳᠤ ᠰᠢᠯᠵᠢᠭᠦᠯᠦᠨ ᠦᠭᠭᠦ | ᠰᠠᠨᠠᠮᠵᠢ ᠲᠠᠢ ᠭᠦᠮᠣᠨ ᠤ ᠬᠢᠷᠢ ᠬᠡᠮ ᠤᠨ ᠨᠥᠬᠦᠴᠡᠯ ᠳᠡᠭᠡᠨ ᠠᠷᠠᠳ ᠤᠨ ᠲᠤᠮᠳᠠᠬᠢ ᠪᠡᠯᠡ ᠣᠷᠣᠭᠤᠯᠤᠯᠲᠠ ᠶᠢᠨ | ᠭᠤᠣᠯ ᠴᠣᠭᠴᠠ ᠳᠤ ᠲᠤᠰᠠᠭᠠᠷ ᠨᠡᠮᠡᠯᠲᠡ ᠨᠥᠬᠦᠴᠡᠯ ᠲᠣᠭᠲᠠᠭᠠᠬᠤ ᠦᠭᠡᠢ᠃ ᠵᠠᠰᠠᠭ ᠤᠨ ᠣᠷᠳᠣᠨ ᠬᠢᠭᠡᠳ | ᠨᠡᠶᠢᠭᠡᠮ ᠤᠨ ᠬᠦᠷᠦᠩᠭᠡ ᠶᠢᠨ ᠬᠤᠷᠰᠢᠬᠤ ︵PPP︶ ᠬᠡᠪ ᠵᠠᠭᠪᠤᠷ ᠢ ᠳᠡᠯᠭᠡᠷᠡᠭᠦᠯᠵᠣ᠂ ᠤᠯᠠᠨ ᠨᠡᠶᠢᠲᠡ ᠶᠢᠨ | ᠦᠢᠯᠡᠴᠢᠯᠡᠭᠡ᠂ ᠡᠬᠢ ᠪᠠᠶᠠᠯᠢᠭ ᠣᠷᠴᠢᠨ ᠲᠣᠭᠤᠷᠢᠨ᠂ ᠠᠮᠢ ᠠᠬᠤᠶ ᠶᠢᠨ ᠬᠠᠮᠠᠭᠠᠯᠠᠯᠲᠠ᠂ ᠰᠠᠭᠤᠷᠢ ᠪᠡᠯᠡᠳᠬᠡᠮᠵᠢ | ᠵᠡᠷᠭᠡ ᠬᠦᠷᠢᠶ᠎ᠠ ᠴᠠᠷᠠᠭ᠎ᠠ ᠳᠤ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠠᠳᠠᠨ ᠣᠷᠣᠭᠤᠯᠣᠨ᠎ᠠ᠃ | ︵ᠲᠦᠷᠪᠡ︶ ᠤᠯᠤᠰ ᠤᠨ ᠥᠮᠴᠢᠯᠡᠯᠳᠣ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠠᠰᠢᠭ ᠲᠤᠰᠠ ᠪᠠᠨ ᠬᠤᠯᠪᠣᠬᠤ ᠲᠣᠭᠲᠠᠴᠠ ᠪᠠᠶᠢᠭᠤᠯᠬᠤ ᠶᠢ ᠵᠤᠷᠢᠨᠨᠵᠢᠭᠤᠯᠵᠦ᠂ ᠠᠵᠢᠯ | ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠵᠤ᠂ ᠲᠡᠬᠡᠳᠤ ᠲᠤᠤᠷᠠᠳᠤ ᠬᠡᠯᠬᠢᠶ᠎ᠠ ᠪᠠᠨ ᠨᠢᠬᠡ ᠴᠤᠨᠨᠴᠠᠵᠢᠭᠤᠯᠤᠨᠨᠰᠠᠨ | ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠳᠡᠬᠦ᠂ ᠬᠠᠷᠢᠯᠴᠠᠨ | ᠨᠥᠬᠦᠪᠥᠷᠢᠯᠡᠵᠦ ᠬᠥᠭᠵᠢᠬᠦ ᠶᠢ ᠪᠡᠶᠡᠯᠡᠭᠦᠯᠣᠨ᠎ᠠ᠃ | ᠬᠤᠶᠠᠷ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ | ︵ᠲᠠᠪᠤ︶ ᠡᠯ᠎ᠡ ᠱᠠᠲᠤᠨ ᠤ ᠵᠠᠰᠠᠭ ᠤᠨ ᠣᠷᠳᠣᠨ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ | ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠵᠣᠬᠢᠴᠠᠭᠤᠯᠤᠨ ᠵᠦᠪᠳᠡᠯᠴᠡᠭᠦ ᠲᠣᠭᠲᠠᠴᠠ ᠶᠢ ᠪᠠᠶᠢᠭᠤᠯᠵᠣ᠂ ᠬᠡᠯᠪᠡᠷᠢ ᠪᠠᠨ | ᠬᠤᠪᠢᠷᠠᠭᠤᠯᠤᠨ ᠲᠡᠰ ᠲᠡᠪᠰᠢᠭᠦᠯᠭᠦ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠭᠠᠷᠣᠭᠰᠠᠨ | ᠲᠦᠷ ᠴᠠᠭ ᠤᠨ ᠴᠢᠨᠠᠷᠲᠠᠶ ᠪᠡᠯᠡ ᠮᠥᠩᠭᠦ ᠪᠠᠴᠢᠮ᠂ ᠵᠠᠬ᠎ᠠ ᠳᠡᠯᠭᠡᠭᠦᠷ ᠲᠠᠢ᠂ ᠦᠷ᠎ᠡ ᠠᠰᠢᠭ ᠲᠠᠢ᠂ ᠢᠲᠡᠭᠡᠮᠵᠢ | ᠰᠠᠶᠢᠲᠠᠶ ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠢᠳᠡᠪᠬᠢᠳᠠᠢ ᠵᠣᠬᠢᠴᠠᠭᠤᠯᠵᠣ ᠪᠠᠶᠢᠭᠠᠳ ︽ᠨᠢᠭᠡ ᠠᠵᠤ ᠠᠬᠤᠶᠢᠯᠠᠯ ᠳᠤ ᠨᠢᠭᠡ ᠵᠦᠢᠯ ᠤᠨ | ᠲᠦᠷᠣ ᠶᠢᠨ ᠪᠣᠳᠣᠯᠭ᠎ᠠ ᠲᠠᠢ ᠪᠠᠶᠢᠯᠭᠠᠬᠤ︾ ᠵᠠᠷᠴᠢᠮ ᠶᠤᠰᠤᠭᠠᠷ ᠮᠥᠩᠭᠦᠨ ᠭᠦᠢᠯᠭᠡᠭᠡ ᠪᠠᠷ ᠬᠠᠪᠰᠤᠷᠤᠨ | ᠲᠡᠳᠬᠦᠬᠦ ᠶᠢ ᠬᠡᠷᠡᠭᠵᠢᠭᠦᠯᠵᠦ᠂ ᠵᠢᠭᠡᠯᠡᠯᠭᠡ ᠰᠤᠭᠤᠴᠠᠬᠤ᠂ ᠵᠢᠭᠡᠯᠡᠯᠭᠡ ᠳᠠᠷᠤᠬᠤ᠂ ᠵᠢᠭᠡᠯᠡᠯᠭᠡ ᠵᠤᠨᠨᠰᠤᠭᠠᠨᠨᠰᠠᠨ ᠠᠴᠠ | ᠪᠣᠯᠵᠣ ᠠᠵᠤ ᠠᠬᠤᠶᠢᠯᠠᠯ ᠤᠨ ᠪᠡᠯᠡ ᠮᠥᠩᠭᠦᠨ ᠤ ᠬᠡᠯᠬᠢᠶ᠎ᠡ ᠲᠠᠰᠤᠷᠠᠬᠤ ᠠᠴᠠ ᠵᠠᠶᠢᠯᠠᠰᠬᠢᠨ᠎ᠠ᠃ | ︵ᠵᠢᠷᠭᠤᠭ᠎ᠠ︶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠪᠠᠩᠬᠢ ᠶᠢᠨ ᠵᠢᠭᠡᠯᠡᠯᠭᠡ ᠭᠤᠶᠤᠴᠢᠯᠠᠬᠤ᠂ | ᠵᠢᠭᠡᠯᠡᠯᠭᠡ ᠶᠢᠨ ᠲᠡᠮᠳᠡᠭᠲᠦ ᠲᠠᠷᠬᠠᠭᠠᠬᠤ᠂ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠪᠠ ᠤᠯᠤᠰ ᠤᠨ | ᠲᠤᠰᠬᠠᠶ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠭᠤᠶᠤᠴᠢᠯᠠᠬᠤ ᠵᠡᠷᠭᠡ ᠳᠤ ᠤᠯᠤᠰ ᠤᠨ | ᠥᠮᠴᠢᠯᠡᠯᠳᠣ ᠠᠵᠤ ᠠᠬᠤᠶᠢᠯᠠᠯ ᠲᠠᠢ ᠠᠳᠠᠯᠢ ᠲᠡᠭᠰᠢ ᠬᠠᠷᠠᠭᠠᠯᠵᠠᠯ ᠭᠦᠷᠳᠡᠬᠡᠨ᠎ᠠ᠃ | ︵ᠲᠤᠯᠤᠭ᠎ᠠ︶ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠶᠢᠨ ᠲᠦᠭᠰᠢᠭᠦᠷᠢ ᠶᠢᠨ ᠱᠠᠩᠨᠠᠵᠦ ᠨᠥᠬᠦᠪᠥᠷᠢ ᠦᠭᠭᠦ ᠪᠡᠯᠡ ᠮᠥᠩᠭᠦ ᠶᠢ ᠲᠣᠬᠢᠷᠠᠭᠤᠯᠵᠣ᠂ ᠵᠢᠵᠢᠭ ᠪᠢᠴᠢᠯ | ᠠᠵᠤ ᠠᠬᠤᠶᠢᠯᠠᠯ ᠳᠤ ᠲᠠᠯᠪᠢᠭᠰᠠᠨ ᠵᠢᠭᠡᠯᠡᠯᠭᠡ ᠶᠢᠨ ᠲᠦᠷᠦᠭᠦᠦ ᠵᠢᠯ ᠤᠨ ᠨᠡᠮᠡᠭᠳᠡᠯ ᠤᠨ ᠬᠡᠮᠵᠢᠶ᠎ᠡ ᠠᠴᠠ ᠶᠡᠭᠡ᠂ | ᠬᠤᠪᠢ ᠨᠡᠮᠡᠷᠢ ᠨᠢ ᠨᠡᠯᠢᠶᠡᠳ ᠲᠤᠪᠤᠶᠢᠮ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ︵ᠪᠠᠭ᠎ᠠ ᠲᠣᠭᠠᠨ ᠤ | ᠵᠢᠭᠡᠯᠡᠯᠭᠡ ᠶᠢᠨ ᠺᠣᠮᠫᠠᠨᠢ ᠪᠠᠭᠲᠠᠨ᠎ᠠ︶ ᠳᠤ᠂ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ | ᠣᠷᠳᠣᠨ ᠨᠢ ᠡᠳ᠋ ᠤᠨ ᠭᠦᠴᠣᠨ ᠢᠶᠠᠨ ᠦᠨᠳᠦᠰᠦᠯᠡᠵᠣ ᠱᠠᠩᠨᠠᠵᠤ ᠨᠦᠭᠦᠪᠣᠷᠢᠯᠡᠨᠠ᠃ ᠥᠪᠡᠷᠲᠡᠭᠡᠨ ᠵᠠᠰᠠᠬᠤ | ᠣᠷᠣᠨ ᠨᠢ ᠤᠯᠤᠰ ᠤᠨ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠶᠢᠨ ᠰᠠᠭᠤᠷᠢ ᠮᠥᠩᠭᠦ ᠶᠢᠨ | ᠲᠡᠮᠵᠢᠯᠡᠭᠡ ᠶᠢ ᠤᠯᠬᠤ ᠪᠠᠷ ᠴᠢᠷᠮᠠᠶᠢᠵᠦ᠂ ᠤᠳᠤ ᠶᠢᠨ ᠪᠠᠶᠢᠭ᠎ᠠ ᠬᠠᠮᠢᠶ᠎ᠠ ᠪᠦᠬᠦᠢ ᠲᠤᠰᠬᠠᠶ ᠵᠦᠢᠯ ᠤᠨ ᠪᠡᠯᠡ | ᠮᠥᠩᠭᠦ ᠶᠢᠨ ᠣᠷᠣᠭᠤᠯᠤᠯᠲᠠ ᠶᠢ ᠡᠮᠬᠢᠯᠡᠨ ᠨᠡᠶᠢᠯᠡᠭᠦᠯᠭᠦ ᠪᠠᠷ ᠲᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠪᠡᠯᠡ | ᠲᠤᠬᠢᠷᠠᠭᠤᠯᠭ᠎ᠠ ᠶᠢᠨ ᠳᠠᠭᠠᠭᠠᠯᠲᠠ ᠬᠢᠭᠦ ᠰᠠᠭᠤᠷᠢ ᠮᠥᠩᠭᠦ ᠶᠢ ᠲᠣᠬᠢᠷᠠᠭᠤᠯᠵᠣ᠂ ᠨᠡᠶᠢᠭᠡᠮ ᠤᠨ ᠭᠦᠷᠦᠩᠭᠡ ᠶᠢᠨ | ᠣᠷᠣᠭᠤᠯᠣᠯᠳᠠ ᠶᠢ ᠲᠠᠲᠠᠵᠤ᠂ ᠥᠪᠡᠷᠲᠡᠭᠡᠨ ᠵᠠᠰᠠᠬᠤ ᠣᠷᠣᠨ ᠤ ᠪᠡᠯᠡ ᠲᠣᠬᠢᠷᠠᠭᠤᠯᠬᠤ ᠴᠢᠨᠠᠷᠲᠠᠶ ᠳᠠᠭᠠᠭᠠᠯᠲᠠ ᠬᠢᠬᠦ | ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠨ᠎ᠠ᠃ ᠡᠯ᠎ᠡ ᠠᠶᠢᠮᠠᠭ ᠬᠤᠳᠠ ᠪᠣᠯᠤᠨ ᠨᠥᠬᠦᠴᠡᠯ ᠲᠠᠢ ᠬᠤᠰᠢᠭᠤ ᠰᠢᠶᠠᠨ ︵ᠬᠤᠳᠠ᠂ ᠲᠣᠭᠤᠷᠢᠭ︶᠂ | ᠨᠡᠭᠡᠭᠡᠯᠳᠠ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠨᠢ ᠦᠪᠡᠷ ᠤᠨ ᠪᠣᠳᠠᠲᠠᠶ ᠪᠠᠨ ᠦᠨᠳᠦᠰᠦᠯᠡᠵᠦ᠂ | ᠬᠠᠷᠭᠠᠯᠵᠠᠭᠰᠠᠨ ᠲᠡᠳᠬᠦᠮᠵᠢ ᠶᠢᠨ ᠪᠡᠯᠡ ᠮᠥᠩᠭᠦ ᠶᠢ ᠲᠣᠬᠢᠷᠠᠭᠤᠯᠵᠤ᠂ ᠤᠷᠲᠤ ᠬᠤᠭᠤᠴᠠᠭᠠᠨ ᠤ ᠪᠦᠳᠦᠮᠵᠢᠳᠡᠢ | ᠲᠡᠳᠬᠦᠨ ᠳᠡᠮᠵᠢᠬᠦ ᠲᠣᠭᠲᠠᠴᠠ ᠶᠢ ᠪᠠᠶᠢᠭᠤᠯᠣᠨ᠎ᠠ᠃ | ︵ᠨᠠᠢᠮᠨ︶ ᠡᠳ᠋ ᠤᠨ ᠵᠠᠰᠠᠭ ᠤᠨ ᠪᠡᠯᠡ ᠮᠥᠩᠭᠦ ᠪᠠᠷ ᠵᠢᠵᠢᠭ ᠪᠢᠴᠢᠯ ᠠᠵᠤ ᠠᠬᠤᠶᠢᠯᠠᠯ ᠤᠨ ᠲᠠᠭᠠᠭᠠᠯᠳᠠ ᠳᠤ | ᠲᠤᠰᠠᠯᠠᠬᠤ ᠲᠦᠷᠦᠯ ᠤᠨ ᠪᠡᠯᠡ ᠲᠣᠬᠢᠷᠠᠭᠤᠯᠬᠤ ᠦᠢᠯᠡᠴᠢᠯᠡᠭᠡ ᠶᠢ ᠳᠡᠮᠵᠢᠵᠣ ᠬᠥᠲᠥᠯᠥᠨ ᠵᠢᠯᠣᠭᠤᠳᠬᠤ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ | ᠬᠤᠯᠪᠣᠭᠳᠠᠯ ᠪᠥᠬᠦᠢ ᠰᠠᠯᠠᠭ᠎ᠠ ᠮᠥᠴᠢᠷ ᠯᠦᠭᠡ ᠶᠢᠨ ᠦᠢᠯᠡᠴᠢᠯᠡᠵᠦ ᠬᠠᠮᠵᠢᠯᠴᠠᠬᠤ ᠲᠣᠭᠲᠠᠴᠠ ᠶᠢ ᠪᠠᠶᠢᠭᠤᠯᠣᠨ᠎ᠠ᠃ | ᠬᠤᠰᠢᠭᠤ ᠰᠢᠶᠠᠨ ︵ᠬᠤᠳᠠ᠂ ᠲᠣᠭᠤᠷᠢᠭ︶ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠠᠭᠠᠭᠠᠯᠳᠠ ᠳᠤ | ᠲᠤᠰᠠᠯᠠᠬᠤ ᠲᠦᠷᠦᠯ ᠤᠨ ᠪᠡᠯᠡ ᠳᠤᠬᠢᠷᠠᠭᠤᠯᠬᠤ ᠦᠢᠯᠡᠴᠢᠯᠡᠭᠡ ᠪᠠ ᠵᠢᠭᠡᠯᠡᠯᠭᠡ ᠶᠢᠨ ᠲᠦᠭᠰᠢᠭᠦᠷᠢ ᠲᠤ ᠨᠦᠭᠦᠪᠦᠷᠢ | ᠦᠭᠭᠦ ᠲᠣᠭᠲᠠᠴᠠ ᠶᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠠᠶᠢᠮᠠᠭ ᠬᠤᠳᠠ ᠶᠢᠨ ᠬᠠᠷᠢᠶ᠎ᠠ ᠬᠤᠰᠢᠭᠤ ᠰᠢᠶᠠᠨ ︵ | ᠬᠤᠳᠠ᠂ ᠲᠣᠭᠤᠷᠢᠭ︶ ᠤ ᠲᠠᠭᠠᠭᠠᠯᠳᠠ ᠳᠤ ᠲᠤᠰᠠᠯᠠᠬᠤ ᠲᠦᠷᠦᠯ ᠤᠨ ᠪᠡᠯᠡ ᠳᠤᠬᠢᠷᠠᠭᠤᠯᠬᠤ ᠦᠢᠯᠡᠴᠢᠯᠡᠭᠡ ᠶᠢ | ᠨᠢᠭᠡᠳᠦᠯᠲᠡᠶ ᠲᠥᠯᠥᠪᠯᠡᠭᠦ ᠶᠢ ᠠᠬᠢᠭᠤᠯᠣᠨ᠂ ᠵᠠᠰᠠᠭ ᠤᠨ ᠣᠷᠳᠣᠨ ᠤ ᠲᠦᠭᠰᠢᠭᠦᠷᠢ ᠶᠢᠨ ᠪᠠᠲᠤᠯᠠᠭ᠎ᠠ ᠶᠢᠨ | ᠮᠥᠩᠭᠦ ᠶᠢᠨ ᠬᠡᠪᠴᠢᠶ᠎ᠡ ᠶᠢ ᠶᠡᠬᠡᠰᠬᠡᠵᠦ᠂ ᠲᠤᠮᠤᠳᠬᠠᠬᠤ ᠨᠤᠷᠮ᠎ᠠ ᠶᠢ ᠪᠤᠵᠠᠭᠠᠶᠢᠷᠠᠭᠤᠯᠤᠨ᠂ ᠪᠡᠯᠠ ᠲᠣᠬᠢᠷᠠᠭᠤᠯᠬᠤ | ᠦᠢᠯᠡᠴᠢᠯᠡᠭᠡᠨ ᠤ ᠪᠦᠷᠭᠦᠭᠦ ᠬᠡᠪᠴᠢᠶ᠎ᠡ ᠶᠢ ᠥᠷᠭᠡᠳᠬᠡᠨ᠎ᠡ᠃ ᠵᠠᠰᠠᠭ ᠤᠨ ᠣᠷᠳᠣᠨ᠂ ᠪᠠᠩᠬᠢ᠂ ᠳᠠᠭᠠᠭᠠᠯᠲᠠ ᠬᠢᠬᠦ | ᠪᠠᠶᠢᠭᠤᠯᠤᠮᠵᠢ ᠨᠢ ︽ᠲᠠᠭᠠᠭᠠᠯᠳᠠ ᠳᠤ ᠲᠤᠰᠠᠯᠠᠬᠤ ᠵᠢᠬᠡᠯᠡᠯᠬᠡ + ᠲᠠᠭᠠᠭᠠᠯᠳᠠ ᠬᠢᠭᠦ︾ ᠶᠢᠨ ᠲᠦᠭᠰᠢᠭᠦᠷᠢ ᠶᠢ | ᠬᠤᠪᠢᠶᠠᠷᠢᠯᠠᠨ ᠡᠭᠦᠷᠭᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ︵ᠶᠢᠰᠦ︶ ᠡᠳ᠋ ᠤᠨ ᠵᠠᠰᠠᠭ ᠤᠨ ᠪᠡᠯᠡ ᠮᠥᠩᠭᠦ ᠪᠠᠷ ᠣᠷᠣᠨ ᠨᠤᠲᠤᠭ ᠤᠨ ᠪᠠᠩᠬᠢ᠂ ᠠᠳᠠᠯ ᠦᠢᠯᠡᠰ | ᠴᠤᠨᠨᠴᠠᠯᠠᠨ ᠪᠡᠯᠠ ᠣᠷᠣᠭᠤᠯᠤᠯᠲᠠ ᠬᠢᠭᠦ ᠠᠵᠤ ᠠᠬᠤᠶᠢᠯᠠᠯ᠂ ᠪᠠᠭ᠎ᠠ ᠲᠣᠭᠠᠨ ᠤ ᠵᠢᠭᠡᠯᠡᠯᠭᠡ ᠲᠠᠯᠪᠢᠬᠤ ᠺᠣᠮᠫᠠᠨᠢ᠂ | ᠪᠡᠯᠡ ᠲᠣᠬᠢᠷᠠᠭᠤᠯᠬᠤ ᠴᠢᠨᠠᠷᠲᠠᠶ ᠳᠠᠭᠠᠭᠠᠯᠲᠠ ᠬᠢᠬᠦ ᠺᠣᠮᠫᠠᠨᠢ᠂ ᠰᠠᠭᠤᠷᠢ ᠮᠥᠩᠭᠦᠨ ᠤ ᠺᠣᠮᠫᠠᠨᠢ ᠵᠡᠷᠭᠡ ᠮᠥᠩᠭᠦᠨ | ᠭᠦᠢᠯᠭᠡᠭᠡᠨ ᠤ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠣᠯᠠᠮ ᠨᠢᠭᠡ ᠠᠯᠬᠤᠮ ᠴᠢᠩᠭᠠᠷᠠᠭᠤᠯᠵᠣ᠂ ᠡᠳ᠋ ᠤᠨ | ᠵᠠᠰᠠᠭ ᠤᠨ ᠪᠡᠯᠡ ᠮᠥᠩᠭᠦ ᠪᠠᠷ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶ ᠶᠢ ᠳᠡᠮᠵᠢᠭᠦ ᠨᠦᠯᠣᠭᠡᠯᠡᠯ ᠢ | ᠦᠷᠬᠡᠳᠬᠡᠨ᠎ᠠ᠃ | ︵ᠠᠷᠪᠠ︶ ᠮᠥᠩᠭᠦᠨ ᠭᠦᠢᠯᠭᠡᠭᠡᠨ ᠤ ᠠᠵᠢᠯ ᠲᠦᠷᠦᠯ ᠤᠳ ᠤᠨ ᠠᠵᠤ ᠠᠬᠤᠶ ᠶᠢᠨ ᠪᠦᠲᠦᠴᠡ ᠶᠢᠨ | ᠲᠤᠬᠢᠷᠡᠭᠤᠯᠦᠯᠳᠠ ᠪᠠ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠳᠡᠮᠵᠢᠭᠦ ᠲᠤᠬᠠᠶ ᠤᠯᠤᠰ ᠤᠨ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ | ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠬᠠᠷᠠᠭᠠᠯᠵᠠᠯ ᠢ ᠨᠡᠮᠡᠭᠳᠡᠭᠦᠯᠵᠦ᠂ ᠵᠢᠭᠡᠯᠡᠯᠭᠡ ᠶᠢᠨ ᠨᠡᠮᠡᠭᠳᠡᠯ ᠤᠨ | ᠬᠡᠮᠵᠢᠶ᠎ᠡ ᠶᠢ ᠪᠦᠳᠣᠮᠵᠢᠳᠠᠢ ᠳᠡᠭᠡᠭᠰᠢᠯᠡᠭᠦᠯᠬᠦ ᠶᠢᠨ ᠰᠠᠭᠤᠷᠢᠨ ᠳᠡᠭᠡᠷ᠎ᠡ᠂ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠶᠢᠨ ᠨᠡᠮᠡᠭᠳᠡᠬᠦ ᠬᠤᠷᠳᠤᠴᠠ ᠶᠢ ᠡᠯ᠎ᠡ ᠵᠦᠢᠯ ᠤᠨ ᠵᠢᠭᠡᠯᠡᠯᠭᠡ ᠶᠢᠨ ᠳᠤᠮᠳᠠᠴᠢ ᠨᠡᠮᠡᠭᠳᠡᠯ ᠤᠨ | ᠬᠤᠷᠳᠤᠴᠠ ᠠᠴᠠ ᠳᠣᠣᠷ᠎ᠠ ᠦᠯᠦ ᠪᠠᠶᠢᠯᠭᠠᠬᠤ᠂ ᠵᠢᠭᠡᠯᠡᠯᠭᠡ ᠵᠢᠭᠡᠯᠡᠬᠦ ᠡᠷᠦᠭᠡ ᠶᠢᠨ ᠲᠤᠭ᠎ᠠ ᠶᠢ ᠲᠦᠷᠦᠭᠦᠦ ᠵᠢᠯ ᠤᠨ | ᠠᠳᠠᠯᠢ ᠬᠤᠭᠤᠴᠠᠭᠠᠨ ᠤ ᠡᠷᠤᠭᠡ ᠶᠢᠨ ᠲᠤᠭ᠎ᠠ ᠠᠴᠠ ᠳᠣᠣᠷ᠎ᠠ ᠦᠯᠦ ᠪᠠᠶᠢᠯᠭᠠᠵᠦ᠂ ᠵᠢᠭᠡᠯᠡᠯᠭᠡ ᠤᠯᠬᠤ ᠨᠤᠷᠮ᠎ᠠ ᠶᠢ | ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢᠷᠢ ᠬᠡᠮᠵᠢᠶ᠎ᠡ ᠠᠴᠠ ᠳᠣᠣᠷ᠎ᠠ ᠦᠯᠦ ᠪᠠᠶᠢᠯᠭᠠᠬᠤ ᠶᠢ ᠴᠢᠷᠮᠠᠶᠢᠨ | ᠪᠡᠶᠡᠯᠡᠭᠦᠯᠣᠨ᠎ᠠ᠃ ᠠᠷᠠᠣᠨ ᠤᠨ ᠲᠤᠮᠳᠠᠬᠢ ᠬᠥᠷᠥᠩᠭᠡ ᠶᠢ ᠵᠤᠷᠢᠬᠵᠢᠭᠤᠯᠵᠦ᠂ ᠮᠥᠩᠭᠦᠨ ᠭᠦᠢᠯᠭᠡᠭᠡᠨ ᠤ ᠠᠵᠤ | ᠠᠬᠤᠶᠢᠯᠠᠯ ᠤᠨ ᠲᠠᠬᠢᠨ ᠵᠣᠬᠢᠶᠠᠨ ᠪᠠᠶᠢᠭᠤᠯᠵᠤ ᠥᠭᠡᠷᠡᠴᠢᠯᠡᠬᠦ ᠳᠤ ᠣᠷᠣᠯᠴᠠᠭᠤᠯᠵᠦ᠂ ᠠᠷᠠᠣᠨ ᠤᠨ ᠲᠤᠮᠳᠠᠬᠢ | ᠬᠦᠷᠦᠩᠬᠡ ᠪᠠᠷ ᠲᠦᠭᠰᠢᠭᠦᠷᠢ ᠪᠠᠨ ᠦᠪᠡᠰᠦᠪᠡᠨ ᠡᠭᠦᠷᠬᠡᠯᠡᠬᠦ ᠠᠷᠠᠳ ᠠᠴᠠ ᠡᠵᠡᠩᠨᠡᠭᠰᠡᠨ ᠪᠠᠩᠬᠢ᠂ ᠮᠥᠩᠭᠦᠨ | ᠭᠦᠢᠯᠭᠡᠭᠡᠨ ᠤ ᠲᠦᠷᠢᠶᠡᠰᠦᠯᠡᠯ ᠤᠨ ᠺᠣᠮᠫᠠᠨᠢ᠂ ᠬᠡᠷᠡᠭᠯᠡᠭᠡ ᠶᠢᠨ ᠮᠥᠩᠭᠦᠨ ᠭᠦᠢᠯᠭᠡᠭᠡᠨ ᠤ ᠺᠣᠮᠫᠠᠨᠢ ᠵᠡᠷᠭᠡ ᠳᠤᠮᠳᠠ | ᠵᠢᠵᠢᠭ ᠬᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠡᠭᠦᠰᠭᠡᠨ ᠪᠠᠶᠢᠭᠤᠯᠬᠤ ᠶᠢ ᠬᠠᠶᠢᠨ | ᠰᠦᠪᠡᠭᠴᠢᠯᠡᠨ᠎ᠠ᠃ ᠠᠷᠠᠣᠨ ᠤᠨ ᠲᠤᠮᠳᠠᠬᠢ ᠬᠥᠷᠥᠩᠭᠡ ᠶᠢ ᠲᠠᠮᠵᠢᠵᠦ ᠲᠣᠰᠬᠤᠨ ᠪᠠᠯᠭᠠᠰᠤ ᠶᠢᠨ ᠪᠠᠩᠬᠢ ᠶᠢ | ᠡᠭᠦᠰᠭᠡᠨ ᠪᠠᠶᠢᠭᠤᠯᠬᠤ ᠳᠤ ᠣᠷᠣᠯᠴᠠᠭᠤᠯᠤᠨ᠎ᠠ᠃ | ︵ᠠᠷᠪᠠᠨ ᠨᠢᠭᠡ︶ ᠠᠵᠤ ᠠᠬᠤᠶᠢᠯᠠᠯ ᠤᠳ ᠤᠨ ᠭᠤᠣᠯ ᠰᠠᠮᠪᠠᠷ᠎ᠠ᠂ ᠠᠳᠠᠯ ᠦᠢᠯᠡᠰ ᠴᠣᠭᠴᠠᠯᠠᠬᠤ ᠰᠠᠮᠪᠠᠷ᠎ᠠ᠂ | ᠳᠤᠮᠳᠠ ᠵᠢᠵᠢᠭ ᠠᠵᠦ ᠠᠬᠤᠢᠢᠯᠠᠯ ᠤᠨ ᠰᠠᠮᠪᠠᠷ᠎ᠠ᠂ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠲᠤ ᠭᠠᠷᠬᠤ᠂ ᠰᠢᠨ᠎ᠠ | ᠭᠤᠷᠪᠠᠳᠤᠭᠠᠷ ᠰᠠᠮᠪᠠᠷ᠎ᠠ ᠳᠤ ᠫᠠᠶᠢᠰᠠ ᠡᠯᠭᠦᠭᠦ ᠪᠠᠷ ᠵᠠᠷᠤᠴᠠᠭᠤᠯᠤᠬᠰᠠᠨ ᠡᠮᠦᠨᠡᠬᠢ ᠬᠤᠭᠤᠴᠠᠭᠠᠨ ᠤ ᠵᠠᠷᠤᠳᠠᠯ ᠳᠤᠨᠢ | ᠠᠳᠠᠯᠢ ᠱᠠᠲᠤᠨ ᠤ ᠡᠳ᠋ ᠤᠨ ᠵᠠᠰᠠᠭ ᠠᠴᠠ ᠵᠣᠬᠢᠬᠤ ᠨᠥᠬᠦᠪᠥᠷᠢ ᠦᠭᠭᠦᠨ᠎ᠠ᠃ ᠠᠵᠤ ᠠᠬᠤᠶᠢᠯᠠᠯ ᠤᠳ ᠣᠬᠤᠷ | ᠬᠤᠭᠤᠴᠠᠭᠠᠨ ᠤ ᠪᠡᠯᠡ ᠲᠣᠬᠢᠷᠠᠭᠤᠯᠬᠤ ᠲᠡᠮᠳᠡᠭᠲᠦ ᠲᠠᠷᠬᠠᠭᠠᠬᠤ᠂ ᠤᠷᠲᠤᠪᠲᠤᠷ ᠬᠤᠭᠤᠴᠠᠭᠠᠨ ᠤ ᠫᠢᠶᠣᠣ ᠪᠠᠷᠢᠮᠲᠠ᠂ | ᠠᠵᠤ ᠠᠬᠤᠶᠢᠯᠠᠯ ᠤᠨ ᠦᠭᠴᠡᠭᠡ᠂ ᠺᠣᠮᠫᠠᠨᠢ ᠶᠢᠨ ᠦᠭᠴᠡᠭᠡ᠂ ᠨᠡᠶᠢᠯᠡᠮᠡᠯ ᠢᠲᠡᠭᠡᠮᠵᠢ ᠵᠢᠴᠢ ᠳᠤᠮᠳᠠ ᠵᠢᠵᠢᠭ ᠠᠵᠤ | ᠠᠬᠤᠶᠢᠯᠠᠯ ᠤᠨ ᠨᠡᠶᠢᠯᠡᠭᠦᠯᠦᠭᠰᠡᠨ ᠫᠢᠶᠣᠣ ᠪᠠᠷᠢᠮᠲᠠ᠂ ᠨᠡᠶᠢᠯᠡᠮᠡᠯ ᠵᠢᠭᠡᠯᠡᠯᠭᠡ ᠶᠢᠨ ᠲᠡᠮᠳᠡᠭᠲᠦ ᠵᠡᠷᠭᠡ ᠶᠢ | ᠳᠠᠷᠬᠠᠭᠠᠬᠤ ᠳᠤ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠬᠤᠶᠠᠷ ᠱᠠᠳᠣ ᠨᠢ ᠲᠡᠳᠡᠨ ᠤ ᠲᠠᠷᠬᠠᠭᠠᠬᠤ | ᠲᠤᠭ᠎ᠠ ᠬᠡᠮᠵᠢᠶ᠎ᠠ ᠶᠣᠰᠣᠭᠠᠷ ᠵᠣᠬᠢᠬᠤ ᠱᠠᠩᠨᠠᠯ ᠣᠯᠭᠤᠵᠣ ᠪᠣᠯᠣᠨ᠎ᠠ᠃ | ︵ᠠᠷᠪᠠᠨ ᠬᠤᠶᠠᠷ︶ ᠡᠳ᠋ ᠤᠨ ᠵᠠᠰᠠᠭ ᠠᠴᠠ ᠪᠡᠯᠡ ᠤᠷᠤᠭᠤᠯᠬᠤ᠂ ᠠᠷᠠᠣᠨ ᠤᠨ ᠲᠤᠮᠳᠠᠬᠢ ᠬᠥᠷᠥᠩᠭᠡ ᠶᠢ | ᠲᠠᠳᠠᠨ ᠣᠷᠣᠭᠤᠯᠵᠤ ᠣᠷᠣᠯᠴᠠᠭᠤᠯᠬᠤ᠂ ᠠᠷᠠᠳ ᠤᠨ ᠲᠤᠮᠳᠠᠬᠢ ᠳᠠᠭᠠᠭᠠᠯᠲᠠ ᠬᠢᠬᠦ ᠪᠠᠶᠢᠭᠤᠯᠤᠮᠵᠢ ᠶᠢ ᠲᠠᠬᠢᠨ | ᠵᠣᠬᠢᠶᠠᠨ ᠪᠠᠶᠢᠭᠤᠯᠵᠣ ᠡᠮᠬᠢᠯᠡᠨ ᠨᠡᠶᠢᠯᠡᠭᠦᠯᠭᠦ᠂ ᠲᠤᠰᠬᠠᠶ ᠵᠦᠢᠯ ᠤᠨ ᠪᠡᠯᠡ ᠮᠥᠩᠭᠦ ᠶᠢᠨ ᠲᠡᠳᠬᠦᠮᠵᠢ ᠶᠢ ᠤᠯᠬᠤ ᠪᠠᠷ | ᠴᠢᠷᠮᠠᠶᠢᠬᠤ᠂ ᠠᠰᠢᠭ ᠤᠯᠵᠠᠪᠤᠷᠢ ᠬᠤᠷᠠᠮᠳᠤᠭᠤᠯᠵᠣ ᠬᠦᠷᠦᠩᠭᠡ ᠨᠡᠮᠡᠭᠳᠡᠭᠦᠯᠭᠦ ᠵᠡᠷᠭᠡ ᠠᠷᠭ᠎ᠠ ᠮᠠᠶ᠋ᠢᠭ ᠢᠶᠠᠷ | ᠳᠡᠮᠵᠢᠭᠤᠯᠵᠣ᠂ ᠬᠦᠷᠦᠩᠭᠡ ᠮᠥᠩᠭᠦ ᠶᠢ ᠦᠷᠭᠦᠯᠵᠢᠯᠡᠨ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠂ ᠤᠯᠤᠰ ᠤᠨ | ᠦᠮᠴᠢᠯᠡᠯᠳᠣ ᠪᠡᠯᠡ ᠲᠣᠬᠢᠷᠠᠭᠤᠯᠬᠤ ᠴᠢᠨᠠᠷᠲᠠᠶ ᠳᠠᠭᠠᠭᠠᠯᠲᠠ ᠬᠢᠬᠦ ᠪᠠᠶᠢᠭᠤᠯᠤᠮᠵᠢ ᠶᠢ ᠬᠦᠴᠦᠷᠬᠡᠭᠵᠢᠭᠦᠯᠣᠨ | ᠪᠤᠵᠠᠭᠠᠶᠢᠷᠠᠭᠤᠯᠵᠣ᠂ ᠠᠶᠢᠮᠠᠭ ᠬᠤᠳᠠ ᠨᠢᠭᠡᠪᠦᠷᠢ ᠨᠢ ᠳᠠᠩᠰᠠᠯᠠᠭᠤᠯᠤᠭᠰᠠᠨ ᠪᠡᠯᠠ ᠮᠥᠩᠭᠦ ᠪᠠᠷ 5 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠠᠶᠢᠬᠤ ᠤᠯᠤᠰ ᠤᠨ ᠤᠢᠮᠴᠢᠯᠡᠯᠳᠦ ᠰᠲ᠋ᠤᠺ ᠡᠵᠡᠮᠳᠡᠭᠰᠡᠨ ᠪᠡᠯᠡ ᠲᠤᠬᠢᠷᠠᠭᠤᠯᠭ᠎ᠠ ᠶᠢᠨ | ᠳᠠᠭᠠᠭᠠᠯᠲᠠ ᠬᠢᠬᠦ ᠪᠠᠶᠢᠭᠤᠯᠤᠮᠵᠢ ᠶᠢ ᠨᠢᠬᠡ ᠪᠣᠢ ᠪᠣᠯᠭᠠᠨ᠂ ᠬᠤᠰᠢᠭᠤ ᠰᠢᠶᠠᠨ ︵ᠬᠤᠳᠠ᠂ ᠲᠣᠭᠤᠷᠢᠭ︶ | ᠨᠢᠭᠡᠪᠣᠷᠢ ᠨᠢ ᠳᠠᠩᠰᠠᠯᠠᠭᠤᠯᠤᠭᠰᠠᠨ ᠪᠡᠯᠡ ᠮᠥᠩᠭᠦ ᠪᠠᠷ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ | ᠤᠯᠤᠰ ᠤᠨ ᠤᠢᠮᠴᠢᠯᠡᠯᠳᠦ ᠰᠲ᠋ᠤᠺ ᠡᠵᠡᠮᠳᠡᠭᠰᠡᠨ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠶᠢ | ᠨᠢᠬᠡ ᠪᠠᠶᠢᠭᠤᠯᠬᠤ ᠪᠠᠷ ᠴᠢᠷᠮᠠᠶᠢᠨ᠎ᠠ᠃ 3 ᠵᠢᠯ ᠣᠷᠴᠢᠮ ᠤᠨ ᠴᠠᠭ ᠢ ᠠᠰᠢᠭᠯᠠᠵᠣ᠂ ᠡᠳ᠋ ᠤᠨ ᠵᠠᠰᠠᠭ ᠤᠨ ᠪᠡᠯᠡ | ᠮᠥᠩᠭᠦ ᠶᠢ ᠣᠷᠣᠭᠤᠯᠬᠤ᠂ ᠤᠯᠤᠰ ᠤᠨ ᠥᠮᠴᠢᠯᠡᠯᠳᠣ ᠬᠦᠷᠦᠩᠬᠡ ᠪᠠ ᠠᠷᠠᠳ ᠠᠴᠠ ᠡᠵᠡᠩᠨᠡᠭᠰᠡᠨ ᠬᠥᠷᠥᠩᠭᠡ ᠶᠢ | ᠰᠢᠩᠭᠡᠭᠡᠨ ᠠᠪᠴᠤ ᠬᠤᠪᠢ ᠣᠷᠣᠭᠤᠯᠬᠤ ᠪᠠᠷ ᠳᠡᠮᠵᠢᠭᠤᠯᠵᠣ᠂ ᠬᠦᠷᠦᠩᠭᠡ ᠨᠢ 20 ᠳ᠋ᠦᠩᠰᠢᠭᠤᠷ ᠲᠥᠭᠦᠷᠢᠭ ᠲᠤ | ᠬᠦᠷᠣᠭ᠍ᠰᠡᠨ ᠥᠪᠡᠷᠲᠡᠭᠡᠨ ᠵᠠᠰᠠᠬᠤ ᠣᠷᠣᠨ ᠤ ᠲᠠᠬᠢᠨ ᠳᠠᠭᠠᠭᠠᠯᠲᠠ ᠬᠢᠬᠦ ᠪᠠᠶᠢᠭᠤᠯᠤᠮᠵᠢ ᠶᠢ ᠪᠣᠢ ᠪᠣᠯᠭᠠᠬᠤ ᠪᠠᠷ | ᠴᠢᠷᠮᠠᠶᠢᠵᠦ᠂ ᠭᠤᠣᠯᠳᠠᠭᠤ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠳᠠᠭᠠᠭᠠᠯᠲᠠ | ᠬᠢᠬᠦ ᠪᠠᠶᠢᠭᠤᠯᠤᠮᠵᠢ ᠳᠤ ᠲᠠᠬᠢᠨ ᠳᠠᠭᠠᠭᠠᠯᠲᠠ ᠬᠢᠵᠣ᠂ ᠪᠦᠯᠦᠭᠯᠡᠨ ᠢᠲᠡᠭᠡᠮᠵᠢ ᠪᠠᠨ ᠨᠡᠮᠡᠭᠳᠡᠭᠦᠯᠬᠦ ᠶᠢ ᠪᠡᠶᠡᠯᠡᠭᠦᠯᠵᠣ᠂ | ᠲᠡᠬᠢᠠ ᠳᠠᠭᠠᠭᠠᠯᠲᠠ ᠬᠢᠬᠦ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠣᠨ᠎ᠠ᠃ ᠪᠠᠩᠬᠢ ᠶᠢ ᠲᠠᠮᠵᠢᠵᠦ ᠪᠠᠶᠢᠭᠠᠳ ᠡᠯ᠎ᠡ | ᠲᠦᠷᠦᠯ ᠤᠨ ᠳᠠᠭᠠᠭᠠᠯᠲᠠ ᠬᠢᠬᠦ ᠪᠠᠶᠢᠭᠤᠯᠤᠮᠵᠢ᠂ ᠠᠵᠤ ᠠᠬᠤᠶᠢᠯᠠᠯ ᠯᠤᠭ᠎ᠠ ᠦᠯᠦ ᠬᠥᠳᠡᠯᠬᠦ ᠬᠦᠷᠦᠩᠭᠡ ᠪᠠ | ᠬᠥᠳᠡᠯᠬᠦ ᠬᠦᠷᠦᠩᠬᠡ ᠶᠢ ᠪᠠᠷᠢᠴᠠᠭᠠᠯᠠᠨ ᠳᠠᠨᠵᠢᠯᠠᠬᠤ ᠠᠵᠢᠯ ᠥᠷᠨᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠵᠢᠴᠢ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠵᠢᠭᠡᠯᠡᠯᠭᠡ ᠶᠢᠨ ᠳᠠᠭᠠᠭᠠᠯᠲᠠ ᠬᠢᠯᠭᠡᠬᠦ ᠵᠠᠷᠤᠳᠠᠯ ᠢ | ᠪᠠᠭᠤᠷᠠᠭᠤᠯᠣᠨ᠎ᠠ᠃ ᠲᠠᠸᠠᠷ ᠤᠨ ᠲᠡᠮᠳᠡᠭᠲᠦ ᠶᠢᠨ ᠲᠤᠰᠬᠠᠶ ᠬᠡᠷᠡᠭᠯᠡᠬᠦ ᠡᠷᠬᠡ᠂ ᠲᠤᠰᠬᠠᠶ ᠠᠰᠢᠭ ᠤᠨ ᠡᠷᠬᠡ᠂ ᠵᠣᠬᠢᠶᠠᠯ | ᠪᠦᠲᠦᠭᠡᠯ ᠤᠨ ᠡᠷᠬᠡ᠂ ᠭᠦᠮᠦᠷᠬᠡᠯᠡᠬᠦ ᠬᠠᠭᠤᠳᠠᠰᠤ᠂ ᠪᠠᠷᠠᠭ᠎ᠠ ᠭᠠᠷᠭᠠᠵᠤ ᠠᠪᠬᠤ ᠬᠠᠭᠤᠳᠠᠰᠤ᠂ ᠳᠡᠯᠭᠡᠭᠦᠷ ᠡᠵᠡᠩᠨᠡᠬᠦ | ᠡᠷᠬᠡ᠂ ᠬᠤᠳᠠᠯᠳᠤᠭᠠᠨ ᠤ ᠢᠲᠡᠭᠡᠮᠵᠢ ᠶᠢᠨ ᠳᠠᠭᠠᠳᠬᠠᠯ ᠤᠨ ᠬᠠᠭᠤᠳᠠᠰᠤ᠂ ᠰᠲ᠋ᠣᠺ ᠤᠨ ᠡᠷᠬᠡ᠂ ᠬᠤᠷᠢᠶᠠᠪᠠᠰᠤ | ᠵᠣᠬᠢᠬᠤ ᠲᠡᠩᠰᠡᠠ ᠵᠣᠭᠤᠰ᠂ ᠣᠨᠴᠠ ᠵᠥᠪᠰᠢᠶᠡᠷᠡᠭᠰᠡᠨ ᠡᠵᠡᠩᠨᠡᠬᠦ ᠡᠷᠬᠡ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠭᠡᠷ᠎ᠡ ᠵᠡᠷᠭᠡ ᠲᠡᠯᠳᠠ ᠬᠦᠷᠦᠩᠬᠡ ᠶᠢ ᠬᠡᠷᠡᠭᠯᠡᠨ ᠵᠢᠭᠡᠯᠡᠯᠭᠡ ᠪᠠᠷᠢᠴᠠᠭᠠᠯᠠᠨ ᠳᠠᠨᠵᠢᠯᠠᠬᠤ ᠶᠢ ᠵᠦᠪᠰᠢᠶᠡᠷᠡᠨ᠎ᠠ᠃ | ︵ᠠᠷᠪᠠᠨ ᠭᠤᠷᠪᠠ︶ ᠠᠭᠤᠷᠬᠠᠶ ᠮᠠᠯᠲᠠᠬᠤ ᠡᠷᠬᠡᠲᠦ ᠬᠥᠮᠦᠨ ᠤ ᠥᠮᠴᠢᠯᠡᠵᠦ ᠪᠠᠶᠢᠭ᠎ᠠ ᠠᠭᠤᠷᠬᠠᠶ ᠮᠠᠯᠲᠠᠬᠤ | ᠡᠷᠬᠡ ᠪᠠᠷ ᠢᠶᠠᠨ ᠪᠠᠷᠢᠴᠠᠭᠠᠨ ᠤ ᠡᠳ᠋ ᠪᠣᠯᠭᠠᠵᠤ᠂ ᠥᠪᠡᠷ ᠤᠨ ᠪᠡᠶ᠎ᠡ ᠳᠡᠭᠡᠨ ᠪᠤᠶᠤ ᠪᠤᠰᠤᠳ ᠬᠥᠮᠦᠨ ᠤ | ᠵᠢᠭᠡᠯᠡᠯᠭᠡ ᠶᠢᠨ ᠥᠷᠢ ᠥᠭᠴᠡᠭᠡ ᠳᠤ ᠳᠠᠭᠠᠭᠠᠯᠲᠠ ᠬᠠᠩᠭᠠᠭᠰᠠᠨ ᠪᠥᠭᠡᠳ ᠪᠠᠷᠢᠴᠠᠭᠠᠯᠠᠬᠤ ᠶᠢ ᠭᠤᠶᠤᠴᠢᠯᠠᠵᠣ | ᠳᠠᠩᠰᠠᠯᠠᠭᠤᠯᠬᠤ ᠶᠢ ᠵᠦᠪᠰᠢᠶᠡᠷᠡᠨ᠎ᠠ᠃ | ︵ᠠᠷᠪᠠᠨ ᠲᠥᠷᠪᠡ︶ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠤᠷᠤᠨ ᠤ ᠬᠡᠪᠴᠢᠶᠠᠨ ᠳᠤ | ᠬᠠᠤᠯᠢ ᠶᠣᠰᠣᠭᠠᠷ ᠣᠯᠤᠭᠰᠠᠨ ᠤᠯᠤᠰ ᠤᠨ ᠥᠮᠴᠢᠯᠡᠯᠳᠣ ᠭᠠᠵᠠᠷ ᠰᠢᠷᠣᠶ ᠶᠢᠨ ᠬᠡᠷᠡᠭᠯᠡᠬᠦ ᠡᠷᠬᠡ ᠵᠢᠴᠢ ᠬᠡᠷ ᠪᠠᠷᠢᠬᠤ | ᠰᠠᠭᠤᠷᠢ ᠭᠠᠵᠠᠷ᠂ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠪᠠ ᠤᠯᠠᠨ | ᠨᠡᠶᠢᠲᠡ ᠶᠢᠨ ᠪᠡᠯᠡᠳᠬᠡᠮᠵᠢ ᠠᠴᠠ ᠪᠤᠰᠤᠳ ᠬᠠᠮᠲᠤ ᠨᠡᠶᠢᠳᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠶᠢᠨ ᠭᠠᠵᠠᠷ ᠰᠢᠷᠣᠢ ᠪᠠᠷ ᠪᠠᠷᠢᠴᠠᠭᠠᠳᠤ ᠵᠢᠭᠡᠯᠡᠯᠭᠡ ᠪᠠ ᠭᠠᠵᠠᠷ ᠰᠢᠷᠣᠶ ᠶᠢᠨ ᠪᠠᠷᠢᠴᠠᠭᠠᠳᠣ | ᠳᠡᠩᠰᠠᠯᠠᠯᠳᠠ ᠬᠢᠭᠦ ᠶᠢ ᠵᠥᠪᠰᠢᠶᠡᠷᠡᠨ᠎ᠡ᠃ | ᠭᠤᠷᠪᠠ᠂ ᠡᠳ᠋ ᠤᠨ ᠵᠠᠰᠠᠭ ᠤᠨ ᠳᠡᠮᠵᠢᠯᠭᠡ ᠪᠠᠨ ᠨᠡᠮᠡᠭᠳᠡᠭᠦᠯᠦᠨ᠎ᠠ | ︵ᠠᠷᠪᠠᠨ ᠲᠠᠪᠤ︶ ᠠᠵᠤ ᠠᠬᠤᠶᠢᠯᠠᠯ ᠤᠨ ᠪᠡᠯᠨ ᠣᠷᠣᠭᠤᠯᠣᠯᠳᠠ ᠨᠢ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠴᠢᠭᠯᠡᠯ ᠳᠤ ᠨᠡᠶᠢᠴᠡᠬᠦ ᠴᠢᠬᠤᠯᠠ ᠶᠡᠭᠡ ᠲᠥᠷᠥᠯ ᠵᠦᠢᠯ ᠳᠤ ︽ | ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠭᠠᠶᠢᠯᠢ | ᠰᠦᠢᠳᠬᠡᠯ ᠵᠡᠷᠭᠡ ᠲᠥᠷᠥ ᠶᠢᠨ ᠪᠤᠳᠤᠯᠭ᠎ᠠ ᠶᠢᠨ ᠳᠡᠮᠵᠢᠯᠭᠡ ᠣᠯᠭᠤᠨ᠎ᠠ᠃ | ︵ᠠᠷᠪᠠᠨ ᠵᠢᠷᠭᠤᠭ᠎ᠠ︶ ᠡᠬᠢ ᠪᠠᠶᠠᠯᠢᠭ ᠤᠨ ᠬᠡᠯᠪᠡᠷᠢ ᠪᠦᠬᠦᠢ ᠠᠵᠤ ᠠᠬᠤᠶᠢᠯᠠᠯ ᠤᠳ ᠬᠡᠯᠪᠡᠷᠢ ᠪᠠᠨ | ᠬᠤᠪᠢᠷᠠᠭᠤᠯᠤᠨ ᠭᠦᠭᠵᠢᠭᠦᠯᠭᠦ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠤᠢ ᠪᠤᠯᠤᠨᠨᠰᠠᠨ ᠠᠵᠤ | ᠦᠢᠯᠡᠰ ᠪᠣᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠳᠤ ᠡᠯ᠎ᠡ ᠱᠠᠲᠤᠨ ᠤ ᠵᠠᠰᠠᠭ ᠤᠨ | ᠣᠷᠳᠣᠨ ᠨᠢ ᠬᠦᠷᠦᠩᠭᠡ ᠮᠥᠩᠭᠦ ᠶᠢᠨ ᠣᠷᠣᠭᠤᠯᠤᠯᠲᠠ ᠪᠤᠶᠤ ᠪᠡᠯᠡ ᠣᠷᠣᠭᠤᠯᠤᠯᠲᠠ ᠶᠢᠨ ᠨᠥᠬᠦᠪᠥᠷᠢ᠂ | ᠵᠢᠭᠡᠯᠡᠯᠭᠡ ᠶᠢᠨ ᠲᠡᠮ ᠬᠦᠦ ᠥᠭᠬᠦ ᠵᠡᠷᠭᠡ ᠠᠷᠭ᠎ᠠ ᠮᠠᠶ᠋ᠢᠭ ᠢᠶᠠᠷ ᠵᠣᠬᠢᠬᠤ ᠲᠡᠮᠵᠢᠯᠬᠡ ᠤᠯᠭᠤᠨ᠎ᠠ᠃ | ︵ᠠᠷᠪᠠᠨ ᠲᠤᠯᠤᠭ᠎ᠠ︶ ᠲᠥᠪ ᠤᠨ ᠪᠡᠯᠡ ᠣᠷᠣᠭᠤᠯᠤᠯᠲᠠ ᠶᠢ ᠤᠯᠬᠤ ᠪᠠᠷ ᠴᠢᠷᠮᠠᠶᠢᠬᠤ ᠪᠠ ᠥᠪᠡᠷᠲᠡᠭᠡᠨ | ᠵᠠᠰᠠᠬᠤ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠳᠤ ᠵᠠᠷᠤᠴᠠᠭᠤᠯᠬᠤ ᠡᠯ᠎ᠡ | ᠲᠥᠷᠥᠯ ᠤᠨ ᠲᠤᠰᠬᠠᠶ ᠪᠡᠯᠡ ᠮᠥᠩᠭᠦ ᠶᠢ ᠲᠣᠬᠢᠷᠠᠭᠤᠯᠬᠤ ᠦᠶ᠎ᠡ ᠳᠤ᠂ ᠭᠤᠤᠯᠳᠠᠯᠠᠭ᠎ᠠ ᠪᠠᠨ ᠨᠡᠶᠢᠲᠡ ᠶᠢᠨ | ᠥᠮᠴᠢᠯᠡᠯᠳᠣ ᠪᠤᠰᠤ ᠠᠵᠤ ᠠᠬᠤᠶᠢᠯᠠᠯ ᠲᠡᠰᠢ ᠬᠡᠯᠪᠠᠶᠢᠯᠭᠡᠨ᠎ᠡ᠃ ᠵᠠᠰᠠᠭ ᠤᠨ ᠣᠷᠳᠣᠨ ᠤ ᠬᠥᠲᠥᠯᠥᠨ ᠵᠢᠯᠣᠭᠤᠳᠬᠤ | ᠴᠢᠨᠠᠷᠲᠠᠶ ᠠᠵᠤ ᠦᠢᠯᠡᠰ ᠤᠨ ᠰᠠᠭᠤᠷᠢ ᠮᠥᠩᠭᠦ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ | ᠰᠠᠭᠤᠷᠢ ᠮᠥᠩᠭᠦ ᠵᠡᠷᠭᠡ ᠡᠯ᠎ᠡ ᠲᠦᠷᠦᠯ ᠤᠨ ᠰᠠᠭᠤᠷᠢ ᠮᠥᠩᠭᠦ ᠶᠢ ᠡᠭᠦᠰᠭᠡᠨ ᠪᠠᠶᠢᠭᠤᠯᠬᠤ ᠳᠤ ᠠᠷᠠᠣᠨ ᠤᠨ ᠲᠤᠮᠳᠠᠬᠢ | ᠬᠥᠷᠥᠩᠭᠡ ᠶᠢᠨ ᠣᠷᠣᠯᠴᠠᠬᠤ ᠶᠢ ᠵᠣᠷᠢᠬᠵᠢᠭᠤᠯᠵᠣ᠂ ᠠᠷᠠᠣᠨ ᠤᠨ ᠲᠤᠮᠳᠠᠬᠢ ᠬᠦᠷᠦᠩᠬᠡ ᠶᠢᠨ ᠡᠯ᠎ᠡ ᠲᠦᠷᠣᠯ ᠤᠨ | ᠰᠠᠭᠤᠷᠢ ᠮᠥᠩᠭᠦ ᠡᠭᠦᠰᠭᠡᠨ ᠪᠠᠶᠢᠭᠤᠯᠬᠤ ᠶᠢ ᠳᠡᠮᠵᠢᠨ᠎ᠠ᠃ | ︵ᠠᠷᠪᠠᠨ ᠨᠠᠢᠮᠨ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠤᠰᠬᠠᠶ ᠪᠡᠯᠡ ᠮᠥᠩᠭᠦ | ᠲᠣᠬᠢᠷᠠᠭᠤᠯᠣᠨ ᠳᠤᠮᠳᠠ ᠵᠢᠵᠢᠭ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠦᠳᠣᠭᠡᠨ ᠪᠠᠶᠢᠭᠤᠯᠤᠯᠲᠠ ᠳᠤ ᠵᠠᠷᠤᠴᠠᠭᠤᠯᠵᠦ ᠤᠯᠤᠰ ᠤᠨ ᠲᠤᠷᠰᠢᠯᠲᠠ ᠶᠢᠨ ᠴᠢᠬ ᠤᠨ ᠬᠡᠪᠴᠢᠶᠡᠨ ᠳᠤ ᠵᠢᠭᠰᠠᠭᠠᠨ | ᠣᠷᠣᠭᠤᠯᠤᠭᠰᠠᠨ ᠤᠯᠡᠠ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠥᠳᠥᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠥᠪᠡᠷᠲᠡᠭᠡᠨ ᠵᠠᠰᠠᠬᠤ ᠣᠷᠣᠨ ᠢᠵᠢ ᠪᠦᠷᠢᠳᠦᠭᠦᠯᠬᠦ ᠪᠡᠯᠠ ᠣᠷᠣᠭᠤᠯᠤᠯᠲᠠ ᠣᠯᠭᠤᠨ᠎ᠠ︔ ᠡᠯ᠎ᠡ ᠭᠠᠵᠠᠷ | ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠣᠯᠤᠨ ᠵᠢᠵᠢᠭ ᠪᠢᠴᠢᠯ | ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠢ ᠡᠭᠦᠰᠭᠡᠨ ᠪᠠᠶᠢᠭᠤᠯᠬᠤ ᠳᠤ ᠨᠥᠬᠦᠪᠥᠷᠢ | ᠣᠯᠭᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠡᠮᠵᠢᠭᠤᠯᠵᠣ᠂ | ᠦᠢᠯᠡᠴᠢᠯᠡᠭᠡᠨ ᠤ ᠪᠠᠶᠢᠭᠤᠯᠤᠮᠵᠢ ᠨᠢ ᠲᠣᠮᠳᠠ ᠵᠢᠵᠢᠭ ᠪᠢᠴᠢᠯ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ | ᠲᠡᠰ ᠲᠡᠪᠰᠢᠭᠦᠯᠭᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠤ ᠰᠢᠯᠢᠳᠡᠭ ᠦᠢᠯᠡᠴᠢᠯᠡᠭᠡ ᠬᠠᠩᠭᠠᠬᠤ ᠶᠢ | ᠬᠥᠲᠥᠯᠥᠨ ᠵᠢᠯᠣᠭᠤᠳᠣᠨ᠎ᠠ᠃ | ︵ᠠᠷᠪᠠ ᠶᠢᠰᠦ︶ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠰᠠᠭᠤᠷᠢ ᠮᠥᠩᠭᠦ ᠶᠢ | ᠬᠠᠤᠯᠢ ᠶᠣᠰᠣᠭᠠᠷ ᠪᠠᠶᠢᠭᠤᠯᠵᠣ᠂ ᠪᠡᠯᠡ ᠮᠥᠩᠭᠦ ᠶᠢᠨ ᠢᠷᠡᠯᠳᠡ ᠳᠤ ᠡᠳ᠋ ᠤᠨ ᠵᠠᠰᠠᠭ ᠤᠨ ᠲᠥᠰᠦᠪ ᠤᠨ | ᠲᠤᠬᠢᠷᠡᠭᠤᠯᠦᠯᠳᠠ᠂ ᠤᠯᠤᠰ ᠤᠨ ᠰᠠᠭᠤᠷᠢ ᠮᠥᠩᠭᠦ ᠶᠢᠨ ᠣᠷᠣᠭᠤᠯᠤᠯᠲᠠ᠂ ᠨᠡᠶᠢᠭᠡᠮ ᠤᠨ ᠬᠦᠷᠦᠩᠭᠡ᠂ ᠰᠠᠭᠤᠷᠢ | ᠮᠥᠩᠭᠦ ᠶᠢᠨ ᠠᠰᠢᠭ ᠣᠷᠣᠯᠭ᠎ᠠ᠂ ᠲᠤᠰᠠᠯᠠᠵᠦ ᠬᠠᠨᠳᠢᠪᠯᠠᠬᠤ ᠵᠡᠷᠭᠡ ᠪᠠᠭᠲᠠᠨ᠎ᠠ᠃ ᠰᠠᠭᠤᠷᠢ ᠮᠥᠩᠭᠦ ᠶᠢ ᠭᠤᠣᠯᠳᠠᠭᠤ | ᠣᠷᠣᠨ ᠨᠤᠲᠤᠭ᠂ ᠲᠦᠭᠰᠢᠭᠦᠷᠢᠲᠦ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠵᠢᠴᠢ ᠪᠤᠰᠤᠳ ᠨᠡᠶᠢᠭᠡᠮ ᠤᠨ ᠪᠡᠯᠡ | ᠮᠥᠩᠭᠦ ᠶᠢᠨ ᠰᠤᠶᠤᠭᠠᠯᠠᠯ ᠤᠨ ᠬᠤᠭᠤᠴᠠᠭ᠎ᠠ᠂ ᠠᠩᠬ᠎ᠠ ᠡᠭᠦᠳᠦᠨ ᠪᠠᠶᠢᠭᠤᠯᠬᠤ ᠬᠤᠭᠤᠴᠠᠭᠠᠨ ᠳᠤ ᠣᠷᠣᠰᠢᠵᠤ | ᠪᠦᠭᠦᠢ ᠪᠤᠶᠢᠵᠢᠯᠲᠠ ᠶᠢᠨ ᠬᠡᠯᠪᠡᠷᠢ ᠪᠦᠬᠦᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠭᠦ ᠵᠡᠷᠭᠡ ᠶᠢ | ᠭᠦᠳᠣᠯᠣᠨ ᠵᠢᠯᠣᠭᠤᠣᠠᠬᠤ ᠳᠤ ᠬᠡᠷᠩᠯᠡᠨ᠎ᠠ᠃ ᠰᠠᠭᠤᠷᠢ ᠮᠥᠩᠭᠦ ᠳᠤ ᠪᠡᠯᠠ ᠮᠥᠩᠭᠦ ᠲᠤᠰᠠᠯᠠᠨ ᠬᠠᠨᠳᠢᠪᠯᠠᠬᠤ ᠶᠢ | ᠵᠣᠷᠢᠬᠵᠢᠭᠤᠯᠵᠤ᠂ ᠠᠵᠤ ᠠᠬᠤᠶᠢᠯᠠᠯ ᠪᠣᠯᠤᠨ ᠬᠤᠪᠢ ᠬᠥᠮᠦᠨ ᠤ ᠰᠠᠭᠤᠷᠢ ᠮᠥᠩᠭᠦ ᠳᠤ ᠲᠤᠰᠠᠯᠠᠨ ᠬᠠᠨᠳᠢᠪᠯᠬᠠᠰᠠᠨ | ᠪᠡᠯᠠ ᠮᠥᠩᠭᠦ ᠨᠢ ᠬᠠᠮᠢᠶ᠎ᠠ ᠪᠥᠬᠦᠢ ᠲᠣᠭᠲᠠᠭᠠᠯ ᠳᠤ ᠨᠡᠶᠢᠴᠡᠪᠡᠯ᠂ ᠠᠵᠤ ᠠᠬᠤᠶᠢᠯᠠᠯ ᠤᠨ ᠣᠨ ᠤ ᠠᠰᠢᠭ | ᠤᠯᠵᠠᠪᠤᠷᠢ ᠶᠢᠨ ᠪᠦᠬᠦ ᠲᠤᠭ᠎ᠠ ᠶᠢᠨ 12% ᠤᠨ ᠳᠣᠲᠣᠷᠠᠬᠢ ᠬᠡᠰᠡᠭ᠂ ᠬᠤᠪᠢ ᠬᠥᠮᠦᠨ ᠤ ᠠᠰᠢᠭ ᠣᠯᠵᠠᠪᠤᠷᠢ ᠶᠢᠨ | ᠭᠠᠶᠢᠯᠢ ᠪᠠᠨ ᠮᠡᠳᠡᠭᠦᠯᠭᠦ ᠳᠤ ᠲᠤᠰᠢᠶᠠᠪᠠᠰᠤ ᠵᠣᠬᠢᠬᠤ ᠣᠯᠵᠠᠪᠤᠷᠢ ᠶᠢᠨ ᠲᠤᠭ᠎ᠠ ᠶᠢᠨ 30% ᠶᠢᠨ ᠳᠣᠲᠣᠷᠠᠬᠢ | ᠬᠡᠰᠡᠭ ᠢ ᠨᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠭᠠᠶᠢᠯᠢ ᠶᠢ ᠪᠣᠳᠣᠬᠤ ᠦᠶ᠎ᠡ ᠳᠤ ᠭᠠᠶᠢᠯᠢ | ᠲᠤᠰᠢᠶᠠᠬᠤ ᠠᠴᠠ ᠡᠮᠦᠨ᠎ᠡ ᠬᠠᠰᠤᠵᠤ ᠭᠠᠷᠭᠠᠬᠤ ᠶᠢ ᠵᠥᠪᠰᠢᠶᠡᠷᠡᠨ᠎ᠠ᠃ | ︵ᠬᠤᠷᠢ︶ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ | ᠰᠠᠭᠤᠷᠢ ᠮᠥᠩᠭᠦ ᠶᠢᠨ ᠶᠡᠷᠦᠩᠬᠡᠶ ᠬᠡᠮᠵᠢᠶᠡᠨ ᠤ ᠳᠣᠲᠣᠷ᠎ᠠ 5 ᠳ᠋ᠦᠩᠰᠢᠭᠤᠷ ᠲᠥᠭᠦᠷᠢᠭ ᠲᠣᠬᠢᠷᠠᠭᠤᠯᠵᠣ ᠥᠪᠡᠷᠲᠡᠭᠡᠨ | ᠵᠠᠰᠠᠬᠤ ᠣᠷᠣᠨ ᠤ ᠰᠢᠨ᠎ᠡ ᠪᠠᠷ ᠪᠤᠢ ᠪᠤᠯᠤᠨᠨᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ | ᠣᠷᠣᠭᠤᠯᠤᠯᠲᠠ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠪᠠᠶᠢᠭᠤᠯᠣᠨ᠂ ᠤᠯᠤᠰ ᠤᠨ ᠰᠢᠨ᠎ᠡ ᠪᠠᠷ ᠪᠤᠢ | ᠪᠤᠯᠤᠨᠨᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠬᠤ | ᠰᠠᠭᠤᠷᠢ ᠮᠦᠩᠭᠦ ᠯᠦᠭᠡ ᠢᠵᠢ ᠪᠦᠷᠢᠳᠦᠭᠦᠯᠵᠣ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ | ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠳᠤ ᠨᠡᠶᠢᠭᠡᠮ ᠤᠨ ᠬᠦᠷᠦᠩᠭᠡ ᠶᠢᠨ ᠳᠡᠮᠵᠢᠬᠦ ᠶᠢ ᠬᠥᠲᠥᠯᠥᠨ | ᠵᠢᠯᠣᠭᠤᠳᠣᠨ᠎ᠠ᠃ ᠡᠯ᠎ᠡ ᠠᠶᠢᠮᠠᠭ ᠬᠤᠳᠠ ᠶᠢᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠬᠥᠲᠥᠯᠥᠨ | ᠵᠢᠯᠣᠭᠤᠳᠬᠤ ᠰᠠᠭᠤᠷᠢ ᠮᠥᠩᠭᠦ ᠪᠠᠶᠢᠭᠤᠯᠬᠤ ᠶᠢ ᠵᠣᠷᠢᠬᠵᠢᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ | ᠪᠤᠢ ᠪᠤᠯᠤᠨᠨᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠬᠥᠲᠥᠯᠥᠨ | ᠵᠢᠯᠣᠭᠤᠳᠬᠤ ᠰᠠᠭᠤᠷᠢ ᠮᠥᠩᠭᠦ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ᠂ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ᠂ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠰᠠᠭᠤᠷᠢ ᠮᠥᠩᠭᠦ ᠵᠡᠷᠭᠡ ᠶᠢᠨ ᠠᠵᠤ ᠠᠬᠤᠶᠢᠯᠠᠯ ᠤᠨ ᠮᠡᠷᠭᠡᠵᠢᠯ ᠤᠨ | ᠰᠢᠨ᠎ᠡ ᠶᠢ ᠡᠭᠦᠳᠬᠦ ᠪᠠ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦᠯᠭᠦ ᠶᠢ ᠳᠡᠮᠵᠢᠬᠦ ᠶᠢ ᠵᠣᠷᠢᠬᠵᠢᠭᠤᠯᠣᠨ᠎ᠠ᠃ | ︵ᠬᠤᠷᠢᠨ ᠨᠢᠭᠡ︶ ᠡᠯ᠎ᠡ ᠭᠠᠵᠠᠷ ᠣᠷᠣᠨ ᠨᠤᠭᠤᠳ ᠰᠤᠯᠠ ᠪᠠᠶᠢᠭ᠎ᠠ ᠬᠤᠳᠠᠯᠳᠤᠭᠠᠨ ᠳᠤ ᠬᠡᠷᠡᠭᠯᠡᠬᠦ ᠭᠡᠷ᠂ | ᠠᠵᠤ ᠦᠢᠯᠡᠳᠪᠦᠷᠢ ᠶᠢᠨ ᠭᠡᠷ ᠪᠠᠶᠢᠰᠢᠩ᠂ ᠠᠵᠤ ᠠᠬᠤᠶᠢᠯᠠᠯ ᠤᠨ ᠰᠠᠩ ᠬᠥᠮᠥᠷᠭᠡ᠂ ᠪᠠᠷᠠᠭᠠᠨ ᠤ ᠭᠦᠢᠯᠭᠡᠭᠡᠨ ᠤ | ᠪᠡᠯᠡᠳᠬᠡᠮᠵᠢ ᠪᠠ ᠭᠡᠷ ᠪᠦᠯᠢ ᠶᠢᠨ ᠣᠷᠣᠨ ᠰᠠᠭᠤᠴᠠ᠂ ᠲᠦᠷᠢᠶᠡᠰᠦᠯᠡᠬᠦ ᠭᠡᠷ ᠪᠠᠶᠢᠰᠢᠩ ᠵᠡᠷᠭᠡ ᠡᠬᠢ ᠪᠠᠶᠠᠯᠢᠭ ᠢ | ᠰᠡᠷᠭᠦᠭᠡᠵᠣ᠂ ᠰᠢᠨ᠎ᠡ ᠶᠢ ᠡᠬᠦᠳᠴᠤ ᠦᠢᠯᠡᠳᠬᠦ ᠭᠠᠵᠠᠷ᠂ ᠲᠡᠷᠭᠡᠨ ᠬᠥᠮᠥᠷᠭᠡ ᠶᠢᠨ ᠺᠤᠹᠧ᠂ ᠠᠳᠠᠯ ᠦᠢᠯᠡᠰ | ᠴᠣᠭᠴᠠᠯᠠᠭᠴᠢ ᠶᠢᠨ ᠣᠷᠣᠨ ᠵᠠᠶ ᠵᠡᠷᠭᠡ ᠰᠢᠨ᠎ᠡ ᠬᠡᠯᠪᠡᠷᠢ ᠶᠢᠨ ᠨᠡᠪᠴᠢᠭᠦᠯᠦᠬᠦᠷ ᠢ ᠶᠡᠬᠡᠪᠡᠷ ᠬᠥᠭᠵᠢᠭᠦᠯᠵᠦ᠂ ᠠᠳᠠᠯ | ᠦᠢᠯᠡᠰ ᠴᠣᠭᠴᠠᠯᠠᠭᠴᠢᠣᠨ ᠲᠤ ᠥᠪᠡᠷ ᠤᠨ ᠥᠷᠲᠡᠭ ᠢᠶᠠᠷ ᠲᠣᠣᠷ᠎ᠡ ᠪᠠᠶᠢᠳᠠᠭ ᠠᠵᠢᠯᠯᠠᠬᠤ ᠭᠠᠵᠠᠷ ᠪᠠ ᠣᠷᠣᠨ | ᠰᠠᠭᠤᠴᠠ ᠶᠢᠨ ᠨᠥᠬᠦᠴᠡᠯ ᠢ ᠬᠠᠩᠭᠠᠨ᠎ᠠ᠃ ᠨᠥᠬᠦᠴᠡᠯ ᠲᠠᠢ ᠠᠶᠢᠮᠠᠭ ᠬᠤᠳᠠ ᠨᠢ ᠠᠳᠠᠯ ᠦᠢᠯᠡᠰ ᠴᠣᠭᠴᠠᠯᠠᠬᠤ | ᠲᠡᠮᠳᠡᠭᠲᠦ᠂ ᠰᠢᠨ᠎ᠡ ᠶᠢ ᠡᠭᠦᠳᠬᠦ ᠲᠡᠮᠳᠡᠭᠲᠦ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠵᠣ᠂ ᠠᠳᠠᠯ ᠦᠢᠯᠡᠰ | ᠴᠣᠭᠴᠠᠯᠠᠭᠴᠢ ᠪᠠ ᠰᠢᠨ᠎ᠡ ᠶᠢ ᠡᠭᠦᠳᠣᠭ᠍ᠴᠢᠣᠨ ᠲᠤ ᠨᠡᠶᠢᠭᠡᠮ ᠤᠨ ᠪᠣᠯᠪᠠᠰᠤᠷᠠᠭᠤᠯᠤᠯ᠂ ᠬᠠᠮᠢᠶᠠᠷᠤᠯᠲᠠ ᠶᠢᠨ ᠯᠠᠪᠯᠠᠭ᠎ᠠ᠂ | ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠭᠦ᠂ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠭᠦ᠂ ᠰᠤᠳᠤᠯᠤᠨ ᠨᠡᠭᠡᠭᠡᠵᠦ | ᠵᠢᠷᠤᠵᠤ ᠲᠥᠯᠥᠪᠯᠡᠬᠦ ᠵᠡᠷᠭᠡ ᠦᠢᠯᠡᠴᠢᠯᠡᠭᠡ ᠬᠠᠩᠭᠠᠬᠤ ᠶᠢ ᠬᠠᠶᠢᠨ ᠰᠦᠪᠡᠭᠴᠢᠯᠡᠨ᠎ᠠ᠃ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠠᠴᠠ ᠠᠳᠠᠯ ᠦᠢᠯᠡᠰ ᠴᠣᠭᠴᠠᠯᠠᠵᠣ ᠠᠵᠢᠯ ᠣᠯᠭᠤᠬᠤ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠭᠦ ᠪᠡᠯᠡ ᠮᠦᠩᠭᠦ ᠠᠴᠠ ᠨᠢᠭᠡ ᠬᠡᠰᠡᠭ ᠪᠡᠯᠡ ᠮᠥᠩᠭᠦ ᠶᠢ | ᠲᠣᠬᠢᠷᠠᠭᠤᠯᠵᠤ᠂ ᠡᠯ᠎ᠡ ᠠᠶᠢᠮᠠᠭ ᠬᠤᠲᠠ ᠶᠢᠨ ᠠᠳᠠᠯ ᠦᠢᠯᠡᠰ ᠴᠣᠭᠴᠠᠯᠠᠬᠤ ᠲᠡᠮᠳᠡᠭᠲᠦ᠂ ᠰᠢᠨ᠎ᠡ ᠶᠢ ᠡᠭᠦᠳᠬᠦ | ᠲᠡᠮᠳᠡᠭᠲᠦ ᠶᠢᠨ ᠪᠡᠯᠡᠨ ᠵᠣᠭᠤᠰ ᠰᠣᠯᠢᠬᠤ ᠲᠤᠭ᠎ᠠ ᠬᠡᠮᠵᠢᠶ᠎ᠡ ᠶᠢ ᠦᠨᠳᠣᠰᠣᠯᠡᠵᠣ ᠵᠣᠬᠢᠬᠤ ᠬᠠᠷᠢᠴᠠᠯ ᠢᠶᠠᠷ ᠨᠥᠬᠦᠪᠥᠷᠢ | ᠤᠯᠭᠤᠨ᠎ᠠ᠃ | ︵ᠬᠤᠷᠢᠨ ᠬᠤᠶᠠᠷ︶ ᠠᠵᠤ ᠠᠬᠤᠶᠢᠯᠠᠯ ᠤᠨ ᠢᠨᠵᠧᠨᠧᠷᠢᠩ ︵ᠮᠡᠷᠭᠡᠵᠢᠯ︶ ᠤᠨ ᠰᠤᠳᠤᠯᠤᠯ ᠤᠨ ᠲᠥᠪ᠂ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ ᠪᠠ ᠠᠵᠤ | ᠠᠬᠤᠶᠢᠯᠠᠯ ᠤᠨ ᠮᠡᠷᠭᠡᠵᠢᠯ ᠤᠨ ᠲᠥᠪ ᠪᠠᠶᠢᠭᠤᠯᠵᠣ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠯᠭᠠᠵᠤ | ᠬᠤᠷᠢᠶᠠᠨ ᠠᠪᠬᠤ ᠶᠢ ᠲᠠᠮᠵᠢᠨᠨᠰᠠᠨ ᠪᠠᠶᠢᠪᠠᠯ ᠥᠪᠡᠷᠲᠡᠭᠡᠨ ᠵᠠᠰᠠᠬᠤ ᠣᠷᠣᠨ ᠠᠴᠠ ᠵᠣᠬᠢᠬᠤ ᠬᠡᠮᠵᠢᠶᠡᠨ ᠤ ᠱᠠᠩᠨᠠᠯ | ᠤᠯᠭᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ | ᠢᠨᠵᠧᠨᠧᠷᠢᠩ ︵ᠮᠡᠷᠭᠡᠵᠢᠯ︶ ᠤᠨ ᠰᠤᠳᠤᠯᠤᠯ ᠤᠨ ᠲᠥᠪ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ ᠵᠡᠷᠭᠡ ᠶᠢ | ᠨᠡᠶᠢᠭᠡᠮ ᠳᠤ ᠴᠢᠯᠥᠭᠡᠲᠡᠶ ᠨᠡᠭᠡᠭᠡᠭᠦ ᠡᠷᠴᠢᠮ ᠢᠶᠠᠨ ᠴᠢᠩᠭᠠᠷᠠᠭᠤᠯᠤᠨ᠂ ᠵᠢᠵᠢᠭ ᠪᠢᠴᠢᠯ ᠠᠵᠤ ᠠᠬᠤᠶᠢᠯᠠᠯ ᠪᠠ ᠠᠳᠠᠯ | ᠦᠢᠯᠡᠰ ᠴᠣᠭᠴᠠᠯᠠᠭᠰᠠᠣᠨ ᠲᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ︵ᠬᠤᠷᠢᠨ ᠭᠤᠷᠪᠠ︶ ᠤᠯᠤᠰ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠲᠦᠷᠦ ᠶᠢᠨ ᠪᠤᠳᠤᠯᠭ᠎ᠠ ᠶᠢ ᠲᠠᠭᠠᠵᠦ᠂ ᠵᠢᠭᠤᠯᠴᠢᠯᠠᠯ ᠤᠨ ᠬᠤᠭᠤᠯᠠᠨ ᠬᠡᠷ᠂ ᠦᠵᠡᠮᠵᠢ ᠶᠢᠨ ᠣᠷᠣᠨ ︵ | ᠦᠵᠡᠮᠵᠢ ᠶᠢᠨ ᠴᠢᠬ︶ ᠤ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠪᠡᠯᠡᠳᠬᠡᠮᠵᠢ ᠶᠢ ᠦᠭᠡᠷᠡᠴᠢᠯᠡᠵᠣ ᠰᠠᠶᠢᠵᠢᠷᠠᠭᠤᠯᠣᠭᠰᠠᠨ ᠪᠠᠶᠢᠪᠠᠯ 25% ᠠᠴᠠ ᠳᠣᠣᠷ᠎ᠠ ᠦᠯᠦ ᠪᠠᠶᠢᠯᠭᠠᠬᠤ | ᠵᠠᠰᠠᠭ ᠤᠨ ᠣᠷᠳᠣᠨ ᠤ ᠨᠥᠬᠦᠪᠥᠷᠢ ᠤᠯᠭᠤᠨ᠎ᠠ᠃ | ︵ᠬᠤᠷᠢᠨ ᠲᠥᠷᠪᠡ︶ ᠠᠵᠤ ᠠᠬᠤᠶᠢᠯᠠᠯ ᠤᠨ ᠡᠵᠡᠩᠨᠡᠭᠴᠢᠳ ᠤᠨ ᠪᠣᠯᠪᠠᠰᠤᠷᠠᠭᠤᠯᠤᠯ ᠢ ᠡᠯ᠎ᠡ ᠱᠠᠲᠤᠨ ᠤ | ᠵᠠᠰᠠᠭ ᠤᠨ ᠣᠷᠳᠣᠨ ᠤ ᠴᠢᠳᠠᠪᠤᠷᠢᠲᠠᠨ ᠪᠣᠯᠪᠠᠰᠤᠷᠠᠭᠤᠯᠬᠤ ᠲᠥᠯᠥᠪᠯᠡᠭᠡ ᠳᠤ ᠣᠷᠣᠭᠤᠯᠵᠣ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠠᠴᠠ ᠡᠯ᠎ᠡ ᠲᠥᠷᠥᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠳᠡᠮᠵᠢᠬᠦ ᠪᠠᠨ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠭᠦᠮᠦᠵᠢᠭᠦᠯᠦᠨ ᠬᠦᠭᠵᠢᠬᠦᠯᠬᠦ᠂ ᠲᠠᠯ᠎ᠠ | ᠨᠤᠲᠤᠭ ᠤᠨ ᠰᠣᠳᠣᠨ ᠴᠢᠳᠠᠪᠤᠷᠢᠲᠠᠨ ᠵᠡᠷᠭᠡ ᠲᠤᠰᠬᠠᠶ ᠪᠡᠯᠡ ᠮᠥᠩᠭᠦ ᠶᠢ ᠠᠵᠤ ᠠᠬᠤᠶᠢᠯᠠᠯ ᠤᠨ ᠳᠡᠭᠡᠳᠦ ᠵᠡᠷᠭᠡ ᠶᠢᠨ | ᠴᠢᠳᠠᠪᠤᠷᠢᠲᠠᠨ ᠤ ᠪᠣᠯᠪᠠᠰᠤᠷᠠᠭᠤᠯᠤᠯ ᠲᠡᠰᠢ ᠬᠡᠯᠪᠠᠶᠢᠯᠭᠡᠬᠦ ᠬᠡᠷᠡᠭᠲᠡᠶ᠃ ᠠᠵᠤ ᠠᠬᠤᠶᠢᠯᠠᠯ ᠨᠢ ᠲᠡᠭᠦᠰᠦᠬᠡᠳ 2 | ᠵᠢᠯ ᠤᠨ ᠳᠣᠲᠣᠷ᠎ᠠ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠤᠳᠤᠭ ᠲᠠᠢ ᠳᠡᠭᠡᠳᠦ ᠰᠤᠷᠭᠠᠭᠤᠯᠢ ᠠᠴᠠ | ᠲᠡᠭᠦᠰᠦᠭᠰᠡᠨ ᠰᠤᠷᠤᠭᠴᠢ ᠶᠢ 1 ᠡᠯᠰᠡᠬᠦ ᠪᠦᠷᠢ᠂ 1 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ | ᠲᠣᠭᠲᠠᠭᠠᠬᠤ ᠶᠢᠨ ᠬᠠᠮᠳᠣ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ | ᠪᠠᠶᠢᠪᠠᠯ᠂ ᠠᠵᠤ ᠠᠬᠤᠶᠢᠯᠠᠯ ᠤᠨ ᠪᠠᠶᠢᠭ᠎ᠠ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠢ 2000 ᠲᠥᠭᠦᠷᠢᠭ ᠠᠴᠠ ᠲᠣᠣᠷ᠎ᠡ ᠦᠯᠦ ᠪᠠᠶᠢᠯᠭᠠᠵᠦ ᠨᠢᠭᠡ ᠤᠳᠠᠭ᠎ᠠ ᠶᠢᠨ ᠴᠢᠨᠠᠷᠳᠠᠢ ᠠᠵᠢᠯ ᠤᠨ | ᠪᠠᠶᠢᠷᠢ ᠳᠤ ᠭᠠᠷᠬᠤ ᠪᠣᠯᠪᠠᠰᠤᠷᠠᠭᠤᠯᠤᠯ ᠤᠨ ᠨᠥᠬᠦᠪᠥᠷᠢ ᠤᠯᠭᠤᠨ᠎ᠠ᠃ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠠᠵᠢᠯ ᠬᠤᠪᠢᠷᠠᠯᠲᠠ ᠭᠠᠷᠬᠤ ᠦᠶ᠎ᠡ ᠳᠤ ᠠᠵᠢᠯᠯᠠᠭᠰᠠᠨ ᠤᠨ ᠵᠢᠯ ᠢ ᠨᠢ ᠦᠷᠭᠦᠯᠵᠢᠯᠡᠨ ᠪᠤᠳᠦᠨ᠎ᠠ᠃ | ︵ᠬᠤᠷᠢᠨ ᠲᠠᠪᠤ︶ ᠳᠤᠮᠳᠠᠳᠤ ᠤᠯᠤᠰ ᠤᠨ ᠨᠡᠷᠡᠳᠥ ᠲᠠᠸᠠᠷ ᠤᠨ ᠲᠡᠮᠳᠡᠭ ᠢ ᠰᠢᠨ᠎ᠠ ᠪᠠᠷ ᠣᠯᠤᠭᠰᠠᠨ ᠠᠵᠤ | ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 100 ᠲᠦᠮᠡᠨ ᠲᠥᠭᠦᠷᠢᠭ ᠤᠨ ᠨᠢᠬᠡ | ᠤᠳᠠᠭ᠎ᠠ ᠶᠢᠨ ᠴᠢᠨᠠᠷᠳᠠᠢ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠪᠡᠯᠭᠡ | ᠳᠡᠮᠳᠡᠭᠳᠣ ᠦᠢᠯᠡᠳᠬᠦᠨ᠂ ᠨᠡᠷᠡᠳᠡᠢ ᠲᠠᠸᠠᠷ ᠤᠨ ᠳᠡᠮᠳᠡᠭᠳᠣ᠂ ᠨᠡᠷᠡᠳᠤ ᠦᠢᠯᠡᠳᠬᠦᠨ ᠢ ᠰᠢᠨ᠎ᠠ ᠪᠠᠷ ᠣᠯᠣᠭᠰᠠᠨ ᠠᠵᠤ | ᠠᠬᠤᠶᠢᠯᠠᠯ ᠳᠤ ᠡᠯ᠎ᠡ ᠠᠶᠢᠮᠠᠭ ᠬᠤᠳᠠ ᠶᠢᠨ ᠠᠷᠠᠳ ᠤᠨ ᠵᠠᠰᠠᠭ ᠠᠴᠠ 50 ᠲᠦᠮᠡᠨ ᠲᠥᠭᠦᠷᠢᠭ ᠤᠨ ᠨᠢᠬᠡ | ᠤᠳᠠᠭ᠎ᠠ ᠶᠢᠨ ᠴᠢᠨᠠᠷᠳᠠᠢ ᠱᠠᠩᠨᠠᠯ ᠣᠯᠭᠤᠨ᠎ᠠ᠃ | ︵ᠬᠤᠷᠢᠨ ᠵᠢᠷᠭᠤᠭ᠎ᠠ︶ ᠲᠤᠬᠠᠶ ᠶᠢᠨ ᠭᠠᠵᠠᠷ ᠤᠨ ᠤᠯᠠᠨ ᠨᠡᠶᠢᠲᠡ ᠶᠢᠨ ᠲᠦᠷᠢᠶᠡᠰᠦᠯᠡᠬᠦ ᠣᠷᠣᠨ | ᠰᠠᠭᠤᠴᠠ ᠶᠢᠨ ᠵᠠᠬ᠎ᠠ ᠳᠡᠯᠭᠡᠭᠦᠷ ᠲᠤ ᠤᠷᠤᠭᠤᠯᠬᠤ ᠶᠢᠨ ᠵᠥᠪᠰᠢᠶᠡᠷᠡᠬᠦ ᠪᠠᠷᠢᠮᠵᠢᠶ᠎ᠠ ᠳᠤ ᠨᠡᠶᠢᠴᠡᠭᠰᠡᠨ ᠠᠵᠤ | ᠠᠬᠤᠶᠢᠯᠠᠯ ᠤᠳ ᠤᠨ ᠠᠵᠢᠯᠲᠠᠨ ᠠᠵᠢᠯᠴᠢᠨ ᠢ ᠲᠤᠬᠠᠶ ᠶᠢᠨ ᠭᠠᠵᠠᠷ ᠤᠨ ᠤᠯᠠᠨ ᠨᠡᠶᠢᠳᠡ ᠶᠢᠨ ᠲᠦᠷᠢᠶᠡᠰᠦᠯᠡᠬᠦ | ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠣ᠂ ᠤᠯᠡᠠ ᠨᠡᠶᠢᠲᠡ ᠶᠢᠨ ᠲᠦᠷᠢᠶᠡᠰᠦᠯᠡᠬᠦ | ᠣᠷᠣᠨ ᠰᠠᠭᠤᠴᠠ ᠶᠢᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠭᠦᠷᠳᠡᠬᠡᠵᠦ ᠪᠣᠯᠣᠨ᠎ᠠ᠃ ᠠᠵᠤ | ᠠᠬᠤᠶᠢᠯᠠᠯ ᠨᠢ ᠠᠵᠢᠯᠳᠡᠠ ᠠᠵᠢᠯᠴᠢᠨ ᠤ ᠨᠡᠶᠢᠲᠡ ᠶᠢᠨ ᠪᠠᠶᠢᠷᠢ ᠶᠢᠨ ᠬᠡᠷ ᠢ ᠦᠪᠡᠷᠳᠡᠬᠡᠨ ᠪᠠᠶᠢᠭᠤᠯᠤᠭᠰᠠᠨ ᠪᠠᠶᠢᠪᠠᠯ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠬᠢᠨᠠᠨ ᠲᠣᠭᠳᠠᠭᠠᠯᠭᠠᠵᠣ᠂ ᠣᠷᠣᠨ ᠰᠠᠭᠤᠴᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠲᠤᠯᠦᠭᠠᠠ ᠶᠠᠮᠤᠨ ᠵᠥᠪᠯᠡᠯ ᠤᠨ ︽ᠤᠯᠠᠨ ᠨᠡᠶᠢᠲᠡ ᠶᠢᠨ | ᠲᠦᠷᠢᠶᠡᠰᠦᠯᠡᠬᠦ ᠣᠷᠣᠨ ᠰᠠᠭᠤᠴᠠ ᠶᠢ ᠲᠦᠷᠭᠡᠣᠡᠭᠡᠨ ᠬᠥᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠪᠦᠳᠦᠭᠡᠠ | ᠪᠠᠲᠤᠯᠠᠭ᠎ᠠ ﹇2010﹈ 87 ᠳ᠋ᠣᠭᠠᠷ ᠲᠣᠭᠠᠲᠤ︶ ᠪᠣᠯᠤᠨ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ | ᠲᠣᠭᠤᠷᠢᠭ︶ ᠤ ᠲᠣᠭᠲᠠᠭᠠᠭᠰᠠᠨ ᠪᠣᠳᠠᠲᠠᠶ ᠬᠠᠮᠢᠶᠠᠷᠤᠯᠲᠠ ᠶᠢᠨ ᠠᠷᠭ᠎ᠠ ᠪᠠᠷ ᠬᠠᠮᠢᠶᠠᠷᠴᠤ ᠪᠠᠶᠢᠪᠡᠯ᠂ ᠤᠯᠠᠨ | ᠨᠡᠶᠢᠳᠡ ᠶᠢᠨ ᠲᠦᠷᠢᠶᠡᠰᠦᠯᠡᠬᠦ ᠣᠷᠣᠨ ᠰᠠᠭᠤᠴᠠ ᠶᠢᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ | ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠭᠦᠷᠳᠡᠬᠡᠵᠦ ᠪᠣᠯᠤᠨ᠎ᠠ᠃ | ︵ᠬᠤᠷᠢᠨ ᠲᠤᠯᠤᠭ᠎ᠠ︶ ᠰᠠᠯᠠᠭ᠎ᠠ ᠮᠥᠴᠢᠷ ᠤᠨ ᠲᠥᠰᠦᠪ ᠤᠨ ᠤᠷᠤᠨ ᠲᠤᠭᠠᠳᠤ ᠨᠢᠭᠡᠴᠡ ᠨᠦᠭᠦᠳ | ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠦᠶ᠎ᠡ ᠳᠤ᠂ ᠵᠢᠵᠢᠭ | ᠪᠢᠴᠢᠯ ᠠᠵᠤ ᠠᠬᠤᠶᠢᠯᠠᠯ ᠤᠨ ᠬᠠᠩᠭᠠᠵᠤ ᠳᠡᠶᠢᠯᠬᠦ ᠤᠷᠢᠲᠠᠯ ᠳᠣᠣᠷ᠎ᠠ᠂ ᠲᠤᠰ ᠰᠠᠯᠠᠭ᠎ᠠ ᠮᠥᠴᠢᠷ ᠤᠨ ᠣᠨ ᠤ | ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠣᠯ ᠵᠦᠢᠯ ᠤᠨ ᠲᠥᠰᠦᠪ ᠤᠨ ᠶᠡᠷᠦᠩᠬᠡᠶ ᠲᠤᠭ᠎ᠠ ᠶᠢᠨ | 18% ᠠᠴᠠ ᠳᠡᠭᠡᠭᠰᠢᠬᠢ ᠶᠢ ᠤᠷᠢᠳᠴᠢᠯᠠᠨ ᠦᠯᠡᠳᠡᠭᠡᠵᠣ ᠲᠣᠰᠬᠠᠶᠢᠯᠠᠨ ᠵᠢᠵᠢᠭ ᠪᠢᠴᠢᠯ ᠠᠵᠤ ᠠᠬᠤᠶᠢᠯᠠᠯ ᠳᠤ | ᠬᠠᠨᠳᠣᠭᠤᠯᠬᠤ ᠬᠡᠷᠩᠳᠠᠢ᠃ ᠵᠢᠵᠢᠭ ᠪᠢᠴᠢᠯ ᠠᠵᠤ ᠠᠬᠤᠶᠢᠯᠠᠯ ᠳᠤ ᠲᠤᠰᠬᠠᠶ ᠬᠠᠨᠳᠤᠭᠤᠯᠤᠭᠰᠠᠨ ᠪᠤᠰᠤ ᠲᠥᠷᠥᠯ | ᠵᠦᠢᠯ ᠢ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠪᠤᠶᠤ ᠬᠡᠯᠡᠯᠴᠡᠭᠡ ᠬᠢᠬᠦ ᠪᠢᠴᠢᠭ ᠮᠠᠲ᠋ᠧᠷᠢᠶᠠᠯ᠂ ᠠᠰᠠᠭᠤᠨ ᠯᠠᠪᠯᠠᠬᠤ | ᠪᠢᠴᠢᠭ ᠮᠠᠲ᠋ᠧᠷᠢᠶᠠᠯ ᠳᠤ ᠲᠣᠭᠲᠠᠭᠠᠯ ᠭᠠᠷᠭᠠᠬᠤ ᠶᠢᠨ ᠬᠠᠮᠳᠣ᠂ ᠵᠢᠵᠢᠭ ᠪᠢᠴᠢᠯ ᠠᠵᠤ ᠠᠬᠤᠶᠢᠯᠠᠯ ᠤᠨ | ᠦᠢᠯᠡᠳᠬᠦᠨ ᠤ ᠦᠨ᠎ᠡ ᠬᠠᠩᠰᠢ ᠳᠤ 6% — 10% ᠶᠢᠨ ᠬᠠᠰᠤᠯᠳᠠ ᠤᠯᠭᠤᠵᠦ᠂ ᠬᠠᠰᠤᠨᠨᠰᠠᠨ ᠤ ᠲᠠᠷᠠᠭᠠᠬᠢ | ᠦᠨ᠎ᠡ ᠬᠠᠩᠰᠢ ᠪᠠᠷ ᠰᠢᠯᠭᠠᠷᠠᠭᠤᠯᠤᠯᠳᠠ ᠳᠤ ᠤᠷᠤᠯᠴᠠᠭᠤᠯᠤᠨ᠎ᠠ᠃ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ | ᠵᠢᠴᠢ ᠪᠤᠰᠤᠳ ᠬᠠᠤᠯᠢ ᠶᠢᠨ ᠡᠷᠭᠡᠳᠠᠨ᠂ ᠪᠠᠶᠢᠭᠠᠯᠢ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠤᠭᠤᠳ | ᠵᠢᠵᠢᠭ ᠪᠢᠴᠢᠯ ᠠᠵᠤ ᠠᠬᠤᠶᠢᠯᠠᠯ ᠯᠤᠭ᠎ᠠ ᠬᠠᠮᠲᠤᠷᠠᠭᠰᠠᠨ ᠴᠣᠭᠴᠠ ᠶᠢ ᠪᠦᠷᠢᠯᠳᠣᠭᠦᠯᠵᠣ᠂ ᠵᠢᠵᠢᠭ ᠪᠢᠴᠢᠯ ᠠᠵᠤ | ᠠᠬᠤᠶᠢᠯᠠᠯ ᠳᠤ ᠲᠤᠰᠬᠠᠶ ᠬᠠᠨᠳᠤᠭᠤᠯᠤᠭᠰᠠᠨ ᠪᠤᠰᠤ ᠵᠠᠰᠠᠭ ᠤᠨ ᠣᠷᠳᠣᠨ ᠬᠤᠳᠠᠯᠳᠤᠨ ᠠᠪᠬᠤ ᠠᠵᠢᠯᠯᠠᠭ᠎ᠠ ᠳᠤ | ᠬᠠᠮᠲᠤ ᠪᠠᠷ ᠣᠷᠣᠯᠴᠠᠬᠤ ᠦᠶ᠎ᠡ ᠳᠤ᠂ ᠵᠢᠵᠢᠭ ᠪᠢᠴᠢᠯ ᠠᠵᠤ ᠠᠬᠤᠶᠢᠯᠠᠯ ᠤᠨ ᠵᠦᠪᠳᠡᠯᠴᠡᠭᠰᠡᠨ ᠭᠡᠷ᠎ᠡ ᠶᠢᠨ | ᠵᠣᠭᠤᠰᠣᠨ ᠲᠤᠭ᠎ᠠ ᠨᠢ ᠬᠠᠮᠲᠤᠷᠠᠭᠰᠠᠨ ᠴᠣᠭᠴᠠ ᠶᠢᠨ ᠵᠦᠪᠳᠡᠯᠴᠡᠭᠰᠡᠨ ᠭᠡᠷ᠎ᠡ ᠶᠢᠨ ᠶᠡᠷᠦᠩᠬᠡᠶ ᠵᠣᠭᠤᠰᠣᠨ | ᠲᠤᠭ᠎ᠠ ᠶᠢᠨ 30% ᠠᠴᠠ ᠳᠡᠭᠡᠭᠰᠢᠬᠢ ᠶᠢ ᠡᠵᠡᠯᠡᠭᠰᠡᠨ ᠪᠠᠶᠢᠪᠠᠯ᠂ ᠬᠠᠮᠲᠤᠷᠠᠭᠰᠠᠨ ᠴᠣᠭᠴᠠ ᠳᠤ 2% — | 3% ᠶᠢᠨ ᠦᠨ᠎ᠡ ᠬᠠᠩᠰᠢ ᠶᠢᠨ ᠬᠠᠰᠤᠯᠳᠠ ᠬᠢᠵᠦ ᠪᠣᠯᠤᠨ᠎ᠠ᠃ | ︵ᠬᠤᠷᠢᠨ ᠨᠠᠢᠮᠨ︶ ᠠᠷᠠᠣᠨ ᠤᠨ ᠲᠤᠮᠳᠠᠬᠢ ᠬᠦᠷᠦᠩᠬᠡ ᠶᠢᠨ ᠪᠡᠯᠠ ᠣᠷᠣᠭᠤᠯᠵᠤ ᠡᠭᠦᠳᠦᠨ ᠪᠠᠶᠢᠭᠤᠯᠤᠭᠰᠠᠨ | ᠨᠠᠰᠤᠲᠠᠳ ᠢ ᠠᠰᠠᠷᠠᠬᠤ ᠪᠠᠶᠢᠭᠤᠯᠤᠮᠵᠢ ᠨᠢ ᠣᠨᠴᠠ ᠬᠦᠴᠢᠷᠳᠡᠯᠲᠡᠶ ᠬᠥᠮᠦᠰ ᠢ ᠠᠰᠠᠷᠠᠬᠤ ᠪᠤᠶᠤ ᠠᠰᠠᠷᠠᠨ | ᠲᠡᠵᠢᠬᠡᠭᠰᠡᠨ ᠪᠠᠶᠢᠪᠠᠯ᠂ ᠲᠡᠳᠡᠨ ᠤ ᠵᠠᠷᠤᠳᠠᠯ ᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠲᠠᠮᠵᠢᠭᠤᠯᠤᠨ ᠲᠠᠭᠠᠭᠠᠨ ᠡᠭᠦᠷᠭᠡᠯᠡᠨ᠎ᠡ᠃ | ᠲᠦᠷᠪᠡ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠦᠨ᠎ᠡ | ︵ᠬᠤᠷᠢ ᠶᠢᠰᠦ︶ ᠮᠠᠨ ᠤ ᠣᠷᠣᠨ ᠳᠤ ᠪᠠᠶᠢᠭᠤᠯᠤᠭᠰᠠᠨ ᠵᠣᠷᠢᠬᠵᠢᠭᠤᠯᠬᠤ ᠲᠦᠷᠦᠯ ᠤᠨ ᠠᠵᠤ ᠠᠬᠤᠶᠢᠯᠠᠯ ︵ | ︽ᠪᠠᠷᠠᠭᠤᠨ ᠬᠡᠰᠡᠭ ᠭᠠᠵᠡᠷ ᠣᠷᠣᠨ ᠤ ᠵᠣᠷᠢᠬᠵᠢᠭᠤᠯᠬᠤ ᠲᠦᠷᠦᠯ ᠤᠨ ᠠᠵᠤ ᠦᠢᠯᠡᠰ ᠤᠨ ᠭᠠᠷᠴᠠᠭ︾ ᠲᠤ | ᠲᠣᠭᠲᠠᠭᠠᠭᠰᠠᠨ ᠠᠵᠤ ᠦᠢᠯᠡᠰ ᠤᠨ ᠲᠦᠷᠦᠯ ᠵᠦᠢᠯ ᠢᠶᠠᠷ ᠭᠤᠣᠯ ᠡᠵᠡᠩᠨᠡᠬᠦ ᠲᠤᠬᠠᠶᠢᠯᠠᠭᠰᠠᠨ ᠠᠵᠢᠯ ᠪᠣᠯᠭᠠᠭᠰᠠᠨ | ᠪᠥᠭᠡᠳ ᠲᠡᠳᠡᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ ᠠᠵᠤ ᠠᠬᠤᠶᠢᠯᠠᠯ ᠤᠨ | ᠣᠷᠣᠯᠭ᠎ᠠ ᠶᠢᠨ ᠶᠡᠷᠦᠩᠬᠡᠶ ᠲᠤᠭ᠎ᠠ ᠶᠢᠨ 70% ᠠᠴᠠ ᠳᠡᠭᠡᠭᠰᠢᠬᠢ ᠶᠢ ᠡᠵᠡᠯᠡᠬᠦ ᠠᠵᠤ ᠠᠬᠤᠶᠢᠯᠠᠯ ᠢ ᠵᠢᠭᠠᠨ᠎ᠠ︶ ᠠᠴᠠ | 15% ᠶᠢᠨ ᠭᠠᠶᠢᠯᠢ ᠶᠢᠨ ᠨᠤᠷᠮ᠎ᠠ ᠪᠠᠷ ᠬᠠᠰᠤᠵᠦ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢ | ᠲᠠᠳᠠᠪᠤᠷᠢᠯᠠᠨ᠎ᠠ᠃ | ︵ᠭᠤᠴᠢ︶ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠬᠦ ᠰᠢᠨ᠎ᠠ ᠪᠠᠷ | ᠡᠷᠬᠢᠯᠡᠭᠰᠠᠨ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠤᠳ ᠤᠨ ᠦᠢᠯᠡᠳᠪᠦᠷᠢᠯᠡᠵᠦ ᠡᠵᠡᠩᠨᠡᠭᠡᠳ ᠣᠯᠤᠭᠰᠠᠨ | ᠠᠩᠬᠠᠳᠠᠬᠴᠢ ᠣᠷᠣᠯᠭ᠎ᠠ ᠶᠢᠨ ᠬᠠᠷᠢᠶ᠎ᠠ ᠪᠥᠬᠦᠢ ᠭᠠᠶᠢᠯᠢ ᠲᠤᠰᠢᠶᠠᠬᠤ ᠣᠨ ᠠᠴᠠ ᠡᠬᠢᠯᠡᠵᠣ᠂ ᠨᠢᠭᠡᠳᠦᠭᠡᠷ ᠵᠢᠯ ᠠᠴᠠ | ᠲᠠᠪᠤᠳᠤᠭᠠᠷ ᠵᠢᠯ ᠬᠦᠷᠲᠡᠯ᠎ᠡ ᠨᠢ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ | ᠬᠤᠪᠢᠳᠠᠨ ᠬᠥᠷᠳᠡᠬᠦ ᠬᠡᠰᠡᠭ ᠢ ᠬᠤᠷᠢᠶᠠᠬᠤ ᠠᠴᠠ ᠬᠡᠯᠲᠦᠷᠢᠭᠦᠯᠦᠨ᠎ᠡ᠃ | ︵ᠭᠤᠴᠢᠨ ᠨᠢᠭᠡ︶ ᠦᠷᠲᠡᠭ ᠨᠡᠮᠡᠭᠳᠡᠯ ᠤᠨ ᠭᠠᠶᠢᠯᠢ ᠶᠢᠨ ᠡᠬᠢᠯᠡᠵᠦ ᠲᠠᠲᠠᠪᠤᠷᠢᠯᠠᠬᠤ ᠴᠢᠬ ᠢ ᠤᠯᠤᠰ ᠠᠴᠠ | ᠲᠣᠭᠲᠠᠭᠠᠭᠰᠠᠨ ᠲᠡᠬᠡᠳᠤ ᠬᠢᠵᠠᠭᠠᠷ ᠢᠶᠠᠷ ᠬᠡᠷᠡᠭᠵᠢᠭᠦᠯᠣᠨ᠎ᠠ᠃ | ︵ᠭᠤᠴᠢᠨ ᠬᠤᠶᠠᠷ︶ ᠵᠢᠵᠢᠭ ᠬᠡᠯᠪᠠᠷᠢ ᠶᠢᠨ ᠥᠴᠦᠬᠡᠨ ᠠᠰᠢᠭ ᠤᠯᠵᠠᠪᠤᠷᠢ ᠲᠠᠢ ᠠᠵᠤ ᠠᠬᠤᠶᠢᠯᠠᠯ ᠠᠴᠠ | ᠲᠡᠳᠡᠨ ᠤ ᠠᠰᠢᠭ ᠣᠯᠵᠠᠪᠤᠷᠢ ᠶᠢ 20% ᠶᠢᠨ ᠭᠠᠶᠢᠯᠢ ᠶᠢᠨ ᠨᠤᠷᠮ᠎ᠠ ᠪᠠᠷ ᠬᠠᠰᠤᠵᠦ ᠠᠵᠤ ᠠᠬᠤᠶᠢᠯᠠᠯ ᠤᠨ ᠠᠰᠢᠭ | ᠣᠯᠵᠠᠪᠤᠷᠢ ᠶᠢᠨ ᠭᠠᠶᠢᠯᠢ ᠶᠢ ᠲᠠᠳᠠᠪᠤᠷᠢᠯᠠᠨ᠎ᠠ︔ 2017 ᠣᠨ ᠤ 12 ᠳ᠋ᠣᠭᠠᠷ ᠰᠠᠷ᠎ᠠ ᠶᠢᠨ 31 ᠤ ᠡᠳᠣᠷ ᠠᠴᠠ | ᠡᠮᠦᠨ᠎ᠡ᠂ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 30 ᠲᠦᠮᠡᠨ | ᠲᠥᠭᠦᠷᠢᠭ ᠠᠴᠠ ᠳᠣᠣᠷ᠎ᠠ ᠪᠠᠶᠢᠬᠤ ︵30 ᠲᠦᠮᠡᠨ ᠲᠥᠭᠦᠷᠢᠭ ᠪᠠᠭᠲᠠᠨ᠎ᠠ︶ ᠵᠢᠵᠢᠭ ᠬᠡᠯᠪᠡᠷᠢ ᠶᠢᠨ ᠥᠴᠦᠬᠡᠨ | ᠠᠰᠢᠭ ᠤᠯᠵᠠᠪᠤᠷᠢ ᠲᠠᠢ ᠠᠵᠤ ᠠᠬᠤᠶᠢᠯᠠᠯ ᠤᠨ ᠣᠯᠤᠭᠰᠠᠨ ᠠᠰᠢᠭ ᠣᠯᠵᠠᠪᠤᠷᠢ ᠶᠢ 50% ᠪᠠᠷ ᠭᠠᠶᠢᠯᠢ | ᠲᠤᠰᠢᠶᠠᠬᠤ ᠶᠣᠰᠣᠲᠠᠶ ᠠᠰᠢᠭ ᠤᠯᠵᠠᠪᠤᠷᠢ ᠶᠢᠨ ᠲᠤᠭ᠎ᠠ ᠳᠤ ᠪᠤᠳᠤᠵᠦ ᠤᠷᠤᠭᠤᠯᠤᠨ᠂ 20% ᠶᠢᠨ ᠭᠠᠶᠢᠯᠢ ᠶᠢᠨ | ᠨᠤᠷᠮ᠎ᠠ ᠪᠠᠷ ᠠᠵᠤ ᠠᠬᠤᠶᠢᠯᠠᠯ ᠤᠨ ᠠᠰᠢᠭ ᠤᠯᠵᠠᠪᠤᠷᠢ ᠶᠢᠨ ᠭᠠᠶᠢᠯᠢ ᠲᠤᠰᠢᠶᠠᠨ᠎ᠠ᠃ ᠠᠵᠤ ᠠᠬᠤᠶᠢᠯᠠᠯ ᠤᠨ ᠠᠰᠢᠭ | ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠬᠥᠷᠳᠡᠬᠦ ᠬᠡᠰᠡᠭ ᠢ ᠬᠠᠰᠤᠵᠤ ᠬᠡᠯᠲᠦᠷᠢᠭᠦᠯᠬᠦ | ᠲᠦᠷᠦ ᠶᠢᠨ ᠪᠤᠳᠤᠯᠭ᠎ᠠ ᠶᠢ ︽ᠥᠪᠥᠷ ᠵᠠᠰᠠᠭ ᠲᠠᠷᠬᠠᠭᠠᠭᠰᠠᠨ ﹇2012﹈ 88 ᠳ᠋ᠣᠭᠠᠷ ᠲᠣᠭᠠᠲᠤ ᠪᠢᠴᠢᠭ | ᠮᠠᠲ᠋ᠧᠷᠢᠶᠠᠯ ᠤᠨ ᠵᠢᠵᠢᠭ ᠬᠡᠯᠪᠡᠷᠢ ᠶᠢᠨ ᠥᠴᠦᠬᠡᠨ ᠠᠰᠢᠭ ᠣᠯᠵᠠᠪᠣᠷᠢ ᠲᠠᠢ ᠠᠵᠤ ᠠᠬᠤᠶᠢᠯᠠᠯ ᠤᠨ ᠠᠰᠢᠭ | ᠤᠯᠵᠠᠪᠤᠷᠢ ᠶᠢᠨ ᠭᠠᠶᠢᠯᠢ ᠶᠢᠨ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠳᠤ ᠵᠠᠰᠠᠪᠤᠷᠢ | ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2014﹈ 87 ᠳ᠋ᠣᠭᠠᠷ ᠲᠣᠭᠠᠲᠤ︶ ᠤᠨ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ︵ᠭᠤᠴᠢᠨ ᠭᠤᠷᠪᠠ︶ 2014 ᠣᠨ ᠤ 11 ᠳ᠋ᠣᠭᠡᠷ ᠰᠠᠷ᠎ᠠ ᠶᠢᠨ 1 ᠤ ᠡᠳᠣᠷ ᠠᠴᠠ 2017 ᠣᠨ ᠤ | 12 ᠳ᠋ᠣᠭᠠᠷ ᠰᠠᠷ᠎ᠠ ᠶᠢᠨ 31 ᠤ ᠡᠳᠣᠷ ᠪᠤᠯᠳᠠᠯ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠢᠵᠢᠭ ᠪᠢᠴᠢᠯ | ᠬᠡᠯᠪᠡᠷᠢ ᠶᠢᠨ ᠠᠵᠤ ᠠᠬᠤᠶᠢᠯᠠᠯ ᠯᠤᠭ᠎ᠠ ᠲᠣᠭᠲᠠᠭᠰᠠᠨ ᠵᠤᠭᠤᠰ ᠵᠢᠬᠡᠯᠡᠭᠰᠡᠨ ᠭᠡᠷ᠎ᠡ ᠠᠴᠠ ᠲᠡᠮᠳᠡᠭᠲᠦ ᠶᠢᠨ ᠭᠠᠶᠢᠯᠢ | ᠲᠠᠲᠠᠪᠤᠷᠢᠯᠠᠬᠤ ᠶᠢ ᠬᠡᠯᠲᠦᠷᠢᠭᠦᠯᠦᠨ᠎ᠡ᠃ | ︵ᠭᠤᠴᠢᠨ ᠲᠥᠷᠪᠡ︶ ᠨᠥᠬᠦᠴᠡᠯ ᠳᠤ ᠨᠡᠶᠢᠴᠡᠬᠦ ᠳᠠᠭᠠᠭᠠᠯᠲᠠ ᠬᠢᠬᠦ ᠪᠠᠶᠢᠭᠤᠯᠤᠮᠵᠢ ᠶᠢᠨ ᠳᠤᠮᠳᠠ ᠵᠢᠵᠢᠭ | ᠠᠵᠤ ᠠᠬᠤᠶᠢᠯᠠᠯ ᠤᠨ ᠢᠲᠡᠭᠡᠮᠵᠢ ᠶᠢᠨ ᠳᠠᠭᠠᠭᠠᠯᠲᠠ ᠪᠤᠶᠤ ᠲᠡᠬᠢᠠ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ | ᠡᠷᠬᠢᠯᠡᠬᠡᠳ ᠣᠯᠤᠭᠰᠠᠨ ᠣᠷᠣᠯᠭ᠎ᠠ ︵ᠢᠲᠡᠭᠡᠮᠵᠢ ᠶᠢᠨ ᠲᠡᠰ ᠢ ᠦᠨᠡᠯᠡᠭᠦ᠂ ᠯᠠᠪᠯᠠᠯᠭ᠎ᠠ ᠥᠭᠬᠦ᠂ ᠪᠣᠯᠪᠠᠰᠤᠷᠠᠭᠤᠯᠬᠤ | ᠵᠡᠷᠭᠡ ᠶᠢᠨ ᠣᠷᠣᠯᠭ᠎ᠠ ᠶᠢ ᠪᠠᠭᠳᠠᠭᠠᠬᠤ ᠦᠭᠡᠢ︶ ᠠᠴᠠ 3 ᠵᠢᠯ ᠤᠨ ᠳᠣᠲᠣᠷ᠎ᠠ ᠦᠷᠳᠡᠭ ᠨᠡᠮᠡᠭᠳᠡᠯ ᠤᠨ ᠭᠠᠶᠢᠯᠢ | ᠳᠠᠳᠠᠪᠣᠷᠢᠯᠠᠬᠤ ᠠᠴᠠ ᠬᠡᠯᠲᠦᠷᠢᠭᠦᠯᠣᠨ᠂ ᠭᠠᠶᠢᠯᠢ ᠳᠠᠳᠠᠪᠣᠷᠢᠯᠠᠬᠤ ᠠᠴᠠ ᠬᠡᠯᠲᠦᠷᠢᠭᠦᠯᠬᠦ ᠴᠠᠭ ᠢ ᠳᠠᠩᠰᠠᠯᠠᠭᠤᠯᠬᠤ ᠭᠠᠷ | ᠭᠦᠢᠴᠡᠳᠬᠡᠯ ᠢᠶᠠᠨ ᠪᠡᠶᠡᠯᠡᠭᠦᠯᠣᠭ᠍ᠰᠡᠨ ᠡᠳᠦᠷ ᠠᠴᠠ ᠡᠬᠢᠯᠡᠵᠦ ᠪᠤᠳᠦᠨ᠎ᠡ᠃ | ︵ᠭᠤᠴᠢᠨ ᠲᠠᠪᠤ︶ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠳ | ᠰᠲ᠋ᠣᠺ ᠤᠨ ᠡᠷᠬᠡ ᠪᠠᠷ ᠪᠡᠯᠡ ᠣᠷᠣᠭᠤᠯᠬᠤ ᠠᠷᠭ᠎ᠠ ᠮᠠᠶ᠋ᠢᠭ ᠢ ᠠᠪᠴᠤ ᠵᠠᠬ᠎ᠠ ᠳᠡᠯᠭᠡᠭᠦᠷ ᠲᠤ ᠭᠠᠷᠤᠭᠠᠳᠤᠶ ᠳᠤᠮᠳᠠ | ᠵᠢᠵᠢᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ 2 ᠵᠢᠯ ︵24 ᠰᠠᠷ᠎ᠠ︶ ᠠᠴᠠ ᠳᠡᠭᠡᠭᠰᠢ ᠪᠡᠯᠨ | ᠣᠷᠣᠭᠤᠯᠣᠭᠰᠠᠨ ᠪᠠᠶᠢᠪᠠᠯ ᠲᠡᠳᠡᠨ ᠤ ᠳᠤᠮᠳᠠ ᠵᠢᠵᠢᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠪᠡᠯᠠ | ᠣᠷᠣᠭᠤᠯᠤᠭᠰᠠᠨ ᠲᠤᠭ᠎ᠠ ᠶᠢᠨ 70% ᠪᠠᠷ ᠰᠲ᠋ᠣᠺ ᠤᠨ ᠡᠷᠬᠡ ᠶᠢ ᠡᠵᠡᠮᠰᠢᠵᠦ ᠪᠦᠬᠦᠯᠢ 2 ᠵᠢᠯ ᠪᠣᠯᠣᠭᠰᠠᠨ ᠲᠤᠰ | ᠵᠢᠯ ᠳᠤ ᠲᠤᠰ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠭᠠᠶᠢᠯᠢ | ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠶᠢ ᠰᠠᠭᠤᠯᠭᠠᠨ ᠬᠠᠰᠣᠨ᠎ᠠ︔ ᠲᠤᠬᠠᠶ ᠶᠢᠨ ᠵᠢᠯ ᠳᠤ | ᠰᠠᠭᠤᠯᠭᠠᠵᠤ ᠬᠠᠰᠤᠬᠤ ᠳᠤ ᠭᠦᠢᠴᠡᠭᠦ ᠦᠭᠡᠢ ᠪᠠᠶᠢᠪᠠᠯ᠂ ᠬᠤᠶᠢᠰᠢᠳᠠ ᠶᠢᠨ ᠭᠠᠶᠢᠯᠢ ᠲᠤᠰᠢᠶᠠᠬᠤ ᠣᠨ ᠳᠤ ᠳ᠋ᠦᠩᠨᠡᠨ | ᠰᠢᠯᠵᠢᠭᠦᠯᠵᠣ ᠰᠠᠭᠤᠯᠭᠠᠨ ᠬᠠᠰᠤᠨ᠎ᠠ᠃ | ︵ᠭᠤᠴᠢᠨ ᠵᠢᠷᠭᠤᠭ᠎ᠠ︶ ᠨᠢᠭᠡᠳᠦᠯᠲᠡᠶ ᠵᠢᠭᠡᠯᠡᠵᠦ ᠨᠢᠭᠡᠳᠦᠯᠲᠡᠶ ᠪᠤᠴᠠᠭᠠᠬᠤ ᠲᠣᠬᠠᠶᠢᠯᠠᠭᠰᠠᠨ ᠠᠵᠢᠯ ᠤᠨ | ᠳᠤᠮᠳᠠ᠂ ᠠᠵᠤ ᠠᠬᠤᠶᠢᠯᠠᠯ ᠤᠨ ᠪᠦᠯᠦᠭᠯᠡᠯ ᠪᠤᠶᠤ ᠠᠵᠤ ᠠᠬᠤᠶᠢᠯᠠᠯ ᠤᠨ ᠪᠦᠯᠦᠭᠯᠡᠯ ᠳᠠᠬᠢ ᠭᠤᠣᠯᠯᠠᠭᠴᠢ ᠠᠵᠤ | ᠠᠬᠤᠶᠢᠯᠠᠯ ᠵᠢᠴᠢ ᠪᠦᠯᠦᠭᠯᠡᠯ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠺᠣᠮᠫᠠᠨᠢ ᠳᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠳᠤ ᠦᠭᠭᠦ ᠵᠢᠬᠡᠯᠡᠭᠰᠡᠨ ᠵᠤᠭᠤᠰ ᠤᠨ ᠭᠦᠦ ᠮᠦᠩᠭᠦ ᠶᠢᠨ ᠨᠤᠷᠮ᠎ᠠ ᠶᠢᠨ ᠬᠢᠷᠢ ᠬᠡᠮᠵᠢᠶ᠎ᠡ ᠪᠤᠶᠤ ᠥᠭᠬᠦ | ᠵᠢᠭᠡᠯᠡᠯᠭᠡ ᠶᠢᠨ ᠲᠡᠮᠳᠡᠭᠲᠦ ᠶᠢᠨ ᠦᠷᠳᠡᠭ ᠤᠨ ᠬᠦᠦ ᠮᠥᠩᠭᠦ ᠶᠢᠨ ᠨᠤᠷᠮ᠎ᠠ ᠠᠴᠠ ᠥᠨᠳᠥᠷ ᠦᠬᠡᠢ ᠪᠠᠷ ᠠᠵᠤ | ᠠᠬᠤᠶᠢᠯᠠᠯ ᠤᠨ ᠪᠦᠯᠦᠭᠯᠡᠯ ᠪᠤᠶᠤ ᠪᠦᠯᠦᠭᠯᠡᠯ ᠤᠨ ᠬᠠᠷᠢᠶ᠎ᠠ ᠨᠢᠭᠡᠴᠡ ᠠᠴᠠ ᠬᠤᠷᠢᠶᠠᠭᠰᠠᠨ ᠬᠦᠦ ᠮᠥᠩᠭᠦ ᠠᠴᠠ | ᠦᠷᠳᠡᠭ ᠨᠡᠮᠡᠭᠳᠡᠯ ᠤᠨ ᠭᠠᠶᠢᠯᠢ ᠲᠠᠳᠠᠪᠤᠷᠢᠯᠠᠬᠤ ᠠᠴᠠ ᠬᠡᠯᠲᠦᠷᠢᠭᠦᠯᠣᠨ᠎ᠠ᠃ | ︵ᠭᠤᠴᠢᠨ ᠲᠤᠯᠤᠭ᠎ᠠ︶ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠲᠣᠭᠲᠠᠭᠠᠭᠳᠠᠭᠰᠠᠨ | ᠪᠠᠶᠢᠪᠠᠯ 15% ᠶᠢᠨ ᠭᠠᠶᠢᠯᠢ ᠶᠢᠨ ᠨᠤᠷᠮ᠎ᠠ ᠪᠠᠷ ᠬᠠᠰᠤᠵᠦ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ | ᠭᠠᠶᠢᠯᠢ ᠶᠢ ᠲᠠᠳᠠᠪᠤᠷᠢᠯᠠᠨ᠎ᠠ᠃ | ︵ᠭᠤᠴᠢᠨ ᠨᠠᠢᠮᠨ︶ ᠠᠵᠤ ᠠᠬᠤᠶᠢᠯᠠᠯ ᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠤᠷᠠᠯᠠᠯ | ᠨᠡᠬᠡᠬᠡᠨ ᠭᠦᠭᠵᠢᠭᠦᠯᠭᠦ ᠳᠤ ᠵᠠᠷᠤᠴᠠᠭᠤᠯᠤᠬᠰᠠᠨ ᠰᠤᠳᠤᠯᠤᠨ ᠨᠡᠭᠡᠭᠡᠬᠦ ᠵᠠᠷᠤᠳᠠᠯ ᠨᠢ ᠲᠡᠯᠳᠠ ᠬᠦᠷᠦᠩᠬᠡ ᠪᠤᠯᠵᠦ | ᠪᠦᠷᠢᠯᠳᠦᠭᠰᠡᠨ ᠦᠭᠡᠢ ᠪᠠᠷ ᠲᠣᠰ ᠬᠤᠭᠤᠴᠠᠭᠠᠨ ᠤ ᠣᠯᠵᠠᠪᠤᠷᠢ ᠠᠯᠳᠠᠪᠤᠷᠢ ᠳᠤ ᠪᠤᠳᠤᠵᠤ ᠣᠷᠣᠭᠤᠯᠣᠭᠰᠠᠨ ᠪᠠᠶᠢᠪᠠᠯ | ᠲᠣᠭᠲᠠᠭᠠᠯ ᠶᠣᠰᠣᠭᠠᠷ ᠦᠨᠡᠨ ᠪᠣᠳᠠᠲᠠᠶ ᠪᠠᠷ ᠬᠠᠰᠤᠭᠰᠠᠨ ᠰᠠᠭᠤᠷᠢᠨ ᠳᠡᠭᠡᠷ᠎ᠡ᠂ ᠰᠤᠳᠤᠯᠤᠨ ᠨᠡᠭᠡᠭᠡᠬᠦ ᠵᠠᠷᠤᠳᠠᠯ ᠤᠨ | 50% ᠪᠠᠷ ᠨᠡᠮᠡᠨ ᠪᠤᠳᠤᠵᠤ ᠬᠠᠰᠤᠨ᠎ᠠ︔ ᠲᠡᠯᠳᠠ ᠬᠦᠷᠦᠩᠬᠡ ᠪᠤᠯᠵᠦ ᠪᠦᠷᠢᠯᠳᠦᠭᠰᠡᠨ ᠪᠠᠶᠢᠪᠠᠯ ᠲᠡᠯᠳᠠ | ᠬᠦᠷᠦᠩᠬᠡ ᠶᠢᠨ ᠥᠪᠡᠷ ᠤᠨ ᠥᠷᠳᠡᠭ ᠤᠨ 150% ᠪᠠᠷ ᠲᠡᠰᠬᠡᠨ ᠦᠭᠡᠶᠢᠰᠭᠡᠨ᠎ᠠ᠃ | ︵ᠭᠤᠴᠢ ᠶᠢᠰᠦ︶ ᠭᠠᠶᠢᠯᠢ ᠲᠤᠰᠢᠶᠠᠬᠤ ᠨᠢᠬᠡ ᠣᠨ ᠤ ᠳᠣᠲᠣᠷ᠎ᠠ᠂ ᠰᠠᠭᠤᠭᠠᠯᠢ ᠠᠷᠠᠳ ᠤᠨ ᠠᠵᠤ | ᠠᠬᠤᠶᠢᠯᠠᠯ ᠤᠨ ᠮᠡᠷᠭᠡᠵᠢᠯ ᠰᠢᠯᠵᠢᠭᠦᠯᠦᠨ ᠦᠭᠭᠦ ᠶᠢ ᠡᠷᠬᠢᠯᠡᠭᠡᠣᠨ ᠣᠯᠣᠭᠰᠠᠨ ᠣᠷᠣᠯᠭ᠎ᠠ ᠶᠢᠨ 500 ᠲᠦᠮᠡᠨ | ᠲᠥᠭᠦᠷᠢᠭ ᠠᠴᠠ ᠳᠠᠪᠠᠭᠰᠠᠨ ᠥᠭᠡᠢ ᠬᠡᠰᠡᠭ ᠲᠤ ᠠᠰᠢᠭ ᠤᠯᠵᠠᠪᠤᠷᠢ ᠶᠢᠨ ᠭᠠᠶᠢᠯᠢ ᠶᠢ ᠬᠡᠯᠲᠦᠷᠢᠭᠦᠯᠦᠨ᠎ᠡ︔ 500 | ᠲᠦᠮᠡᠨ ᠲᠥᠭᠦᠷᠢᠭ ᠠᠴᠠ ᠳᠠᠪᠠᠭᠰᠠᠨ ᠬᠡᠰᠡᠭ ᠲᠤ ᠠᠰᠢᠭ ᠤᠯᠵᠠᠪᠤᠷᠢ ᠶᠢᠨ ᠭᠠᠶᠢᠯᠢ ᠶᠢ ᠬᠠᠭᠠᠰ ᠢᠶᠠᠷ ᠬᠠᠰᠣᠵᠣ | ᠲᠠᠲᠠᠪᠤᠷᠢᠯᠠᠨ᠎ᠠ᠃ ᠨᠢᠭᠡᠴᠨ ᠪᠤᠶᠤ ᠬᠤᠪᠢ ᠬᠥᠮᠦᠨ ᠤ ᠮᠡᠷᠭᠡᠵᠢᠯ ᠰᠢᠯᠵᠢᠭᠦᠯᠦᠨ ᠥᠭᠬᠦ᠂ ᠮᠡᠷᠭᠡᠵᠢᠯ ᠨᠡᠭᠡᠭᠡᠬᠦ | ᠭᠦᠭᠵᠢᠭᠦᠯᠭᠦ ᠲᠤᠬᠠᠶᠢᠯᠠᠭᠰᠠᠨ ᠠᠵᠢᠯ ᠵᠢᠴᠢ ᠲᠡᠭᠦᠨ ᠯᠦᠭᠡ ᠬᠤᠯᠪᠣᠭᠳᠠᠬᠤ ᠮᠡᠷᠭᠡᠵᠢᠯ ᠤᠨ ᠵᠥᠪᠯᠡᠯᠭᠡ ᠥᠭᠬᠦ᠂ | ᠮᠡᠷᠭᠡᠵᠢᠯ ᠤᠨ ᠦᠢᠯᠡᠴᠢᠯᠡᠭᠡ ᠬᠢᠬᠦ ᠲᠣᠬᠠᠶᠢᠯᠠᠭᠰᠠᠨ ᠠᠵᠢᠯ ᠢ ᠡᠷᠬᠢᠯᠡᠭᠡᠣᠨ ᠣᠯᠤᠭᠰᠠᠨ ᠣᠷᠣᠯᠭ᠎ᠠ ᠳᠤ ᠦᠷᠳᠡᠭ | ᠨᠡᠮᠡᠭᠳᠡᠯ ᠤᠨ ᠭᠠᠶᠢᠯᠢ ᠶᠢ ᠬᠡᠯᠲᠦᠷᠢᠭᠦᠯᠣᠨ᠎ᠠ᠃ | ︵ᠳᠥᠴᠢ︶ ᠵᠢᠵᠢᠭ ᠪᠢᠴᠢᠯ ᠠᠵᠤ ᠠᠬᠤᠶᠢᠯᠠᠯ ᠤᠨ ᠲᠠᠷᠢᠶᠠᠯᠠᠩ᠂ ᠮᠠᠯ ᠠᠵᠤ ᠠᠬᠤᠶ᠂ ᠤᠢ ᠰᠢᠭᠤᠶ᠂ | ᠤᠰᠦᠠ ᠭᠠᠷᠣᠯᠳᠠ ᠶᠢᠨ ᠠᠵᠤ ᠦᠢᠯᠡᠰ ᠤᠨ ᠦᠢᠯᠡᠳᠪᠦᠷᠢᠯᠡᠯ ᠡᠷᠬᠢᠯᠡᠭᠰᠡᠨ ᠠᠵᠤ ᠠᠬᠤᠶᠢᠯᠠᠯ ᠤᠨ ᠠᠰᠢᠭ | ᠣᠯᠵᠠᠪᠤᠷᠢ ᠶᠢ ᠲᠣᠭᠲᠠᠭᠠᠯ ᠶᠣᠰᠣᠭᠠᠷ ᠠᠵᠦ ᠠᠬᠤᠶᠢᠯᠠᠯ ᠤᠨ ᠠᠰᠢᠭ ᠤᠯᠵᠠᠪᠤᠷᠢ ᠶᠢᠨ ᠭᠠᠶᠢᠯᠢ ᠳᠡᠳᠠᠪᠣᠷᠢᠯᠠᠬᠤ ᠠᠴᠠ | ᠬᠡᠯᠳᠦᠷᠢᠭᠦᠯᠭᠦ ᠪᠡ ᠬᠠᠰᠣᠵᠣ ᠲᠠᠲᠠᠪᠤᠷᠢᠯᠠᠨ᠎ᠠ᠃ | ︵ᠳᠥᠴᠢᠨ ᠨᠢᠭᠡ︶ ︽ᠬᠦᠳᠡᠭᠡ ᠠᠶᠢᠯ ᠤᠨ ᠵᠤᠭᠠᠴᠠᠯ︾᠂ ︽ᠮᠠᠯᠴᠢᠨ ᠠᠶᠢᠯ ᠤᠨ ᠵᠤᠭᠠᠴᠠᠯ︾ ᠤᠨ ᠠᠵᠤ | ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠬᠥᠷᠳᠡᠬᠦ ᠬᠡᠰᠡᠭ ᠢ | ᠳᠠᠳᠠᠪᠣᠷᠢᠯᠠᠬᠤ ᠠᠴᠠ ᠬᠡᠯᠳᠡᠷᠢᠭᠦᠯᠣᠨᠠ᠃ ᠲᠡᠭᠦᠬᠦ᠂ ᠦᠵᠡᠭᠦᠯᠦᠯᠭᠡ ᠶᠢᠨ ᠲᠠᠷᠢᠶᠠᠯᠠᠩ ᠤᠨ ᠠᠵᠣ ᠠᠬᠤᠢ ᠡᠷᠬᠢᠯᠡᠵᠣ | ᠪᠠᠶᠢᠭ᠎ᠠ ᠨᠢᠭᠡᠴᠡ ᠪᠠ ᠬᠤᠪᠢ ᠬᠥᠮᠦᠨ ᠠᠴᠠ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ | ᠲᠠᠲᠠᠪᠤᠷᠢᠯᠠᠬᠤ ᠠᠴᠠ ᠬᠡᠯᠳᠦᠷᠢᠭᠦᠯᠦᠨ᠎ᠠ᠃ | ︵ᠳᠥᠴᠢᠨ ᠬᠤᠶᠠᠷ︶ 2014 ᠣᠨ ᠤ 1 ᠳ᠋ᠣᠭᠡᠷ ᠰᠠᠷ᠎ᠠ ᠶᠢᠨ 1 ᠤ ᠡᠳᠣᠷ ᠠᠴᠠ 2018 ᠣᠨ ᠤ 12 | ᠳ᠋ᠣᠭᠠᠷ ᠰᠠᠷ᠎ᠠ ᠶᠢᠨ 31 ᠤ ᠡᠳᠣᠷ ᠪᠤᠯᠳᠠᠯ᠎ᠠ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠳ ︽ᠵᠢᠭᠡᠯᠡᠯᠭᠡ ᠶᠢᠨ | ᠲᠦᠭᠰᠢᠭᠦᠷᠢ ᠶᠢ ᠲᠥᠷᠥᠯ ᠬᠤᠪᠢᠶᠠᠬᠤ ᠵᠢᠯᠤᠭᠤᠳᠤᠮᠵᠢ︾ ︵ᠪᠠᠩᠬᠢ ᠬᠢᠨᠠᠯᠲᠠ ᠲᠠᠷᠬᠠᠭᠠᠭᠰᠠᠨ ﹇2007﹈ 54 | ᠳ᠋ᠣᠭᠡᠷ ᠲᠣᠭᠠᠲᠤ︶ ᠶᠢᠨ ᠲᠣᠭᠳᠠᠭᠠᠯ ᠶᠣᠰᠣᠭᠠᠷ᠂ ᠲᠡᠳᠡᠨ ᠤ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠪᠠ | ᠳᠤᠮᠳᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠳᠤ ᠲᠦᠭᠰᠢᠭᠦᠷᠢ ᠶᠢᠨ ᠲᠥᠷᠥᠯ ᠬᠤᠪᠢᠶᠠᠭᠰᠠᠨ ᠤ ᠳᠠᠷᠠᠭ᠎ᠠ᠂ | ᠲᠣᠭᠲᠠᠭᠠᠭᠰᠠᠨ ᠬᠠᠷᠢᠴᠠᠯ ᠢᠶᠠᠷ ᠪᠣᠳᠣᠵᠣ ᠭᠠᠷᠭᠠᠨ ᠠᠪᠬᠤ ᠵᠢᠭᠡᠯᠡᠯᠭᠡ ᠶᠢᠨ ᠬᠤᠬᠢᠷᠠᠯ ᠤᠨ ᠪᠡᠯᠡᠳᠬᠡᠯ ᠮᠥᠩᠭᠦ ᠶᠢ | ᠭᠠᠶᠢᠯᠢ ᠲᠤᠰᠢᠶᠠᠬᠤ ᠶᠣᠰᠣᠲᠠᠶ ᠠᠰᠢᠭ ᠤᠯᠵᠠᠪᠤᠷᠢ ᠶᠢᠨ ᠲᠤᠭ᠎ᠠ ᠶᠢ ᠪᠤᠳᠤᠬᠤ ᠦᠶ᠎ᠡ ᠳᠤ ᠰᠠᠭᠤᠯᠭᠠᠨ ᠬᠠᠰᠤᠬᠤ ᠶᠢ | ᠵᠥᠪᠰᠢᠶᠡᠷᠡᠨ᠎ᠡ᠃ | ︵ᠳᠥᠴᠢᠨ ᠭᠤᠷᠪᠠ︶ ᠠᠵᠤ ᠠᠬᠤᠶᠢᠯᠠᠯ ᠤᠳ ᠤᠯᠤᠰ ᠠᠴᠠ ᠭᠤᠣᠯᠳᠠᠯᠭ᠎ᠠ ᠲᠠᠢ ᠲᠡᠳᠬᠦᠬᠦ ᠤᠯᠡᠠ | ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠲᠦᠷᠦᠯ ᠵᠦᠢᠯ ᠳᠤ ᠪᠡᠯᠡ ᠣᠷᠣᠭᠤᠯᠵᠤ ᠡᠵᠡᠩᠨᠡᠭᠰᠡᠨ ᠠᠰᠢᠭ | ᠣᠯᠵᠠᠪᠤᠷᠢ ᠶᠢ ᠲᠥᠷᠥᠯ ᠵᠦᠢᠯ ᠤᠨ ᠦᠢᠯᠡᠳᠪᠦᠷᠢᠯᠡᠵᠦ ᠡᠵᠡᠩᠨᠡᠭᠡᠳ ᠠᠩᠬᠠᠳᠠᠭᠴᠢ ᠣᠯᠤᠭᠰᠠᠨ ᠣᠷᠣᠯᠭ᠎ᠠ ᠶᠢᠨ | ᠬᠠᠷᠢᠶ᠎ᠠ ᠪᠥᠬᠦᠢ ᠭᠠᠶᠢᠯᠢ ᠲᠤᠰᠢᠶᠠᠬᠤ ᠣᠨ ᠠᠴᠠ ᠡᠬᠢᠯᠡᠨ᠂ ᠨᠢᠭᠡᠳᠦᠭᠡᠷ ᠵᠢᠯ ᠠᠴᠠ ᠭᠤᠷᠪᠠᠳᠤᠭᠠᠷ ᠵᠢᠯ | ᠭᠦᠷᠳᠡᠯ᠎ᠠ ᠨᠢ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠠᠴᠠ ᠬᠡᠯᠲᠦᠷᠢᠭᠦᠯᠦᠨ᠎ᠡ᠂ ᠳᠥᠷᠪᠡᠳᠦᠭᠡᠷ | ᠵᠢᠯ ᠠᠴᠠ ᠵᠢᠷᠭᠤᠳᠤᠭᠠᠷ ᠵᠢᠯ ᠬᠦᠷᠲᠡᠯ᠎ᠡ ᠨᠢ ᠠᠵᠤ ᠠᠬᠤᠶᠢᠯᠠᠯ ᠤᠨ ᠠᠰᠢᠭ ᠤᠯᠵᠠᠪᠤᠷᠢ ᠶᠢᠨ ᠭᠠᠶᠢᠯᠢ ᠶᠢ | ᠬᠠᠭᠠᠰ ᠢᠶᠠᠷ ᠬᠠᠰᠤᠵᠦ ᠲᠠᠲᠠᠪᠤᠷᠢᠯᠠᠨ᠎ᠠ᠃ | ︵ᠳᠥᠴᠢᠨ ᠲᠦᠷᠪᠡ︶ ︽ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠪᠠᠷ ᠠᠷᠠᠣᠨ ᠤᠨ ᠲᠤᠮᠳᠠᠬᠢ | ᠪᠡᠯᠡ ᠣᠷᠣᠭᠤᠯᠤᠯᠲᠠ ᠶᠢᠨ ᠡᠷᠡᠭᠦᠯ ᠢᠶᠠᠷ ᠬᠥᠭᠵᠢᠬᠦᠯᠬᠦ ᠶᠢ ᠠᠬᠢᠭᠤᠯᠬᠤ ᠶᠢ ᠤᠯᠠᠮ ᠨᠢᠭᠡ ᠠᠯᠬᠤᠮ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠠᠨᠠᠯ︾ ︵ | ᠤᠯᠤᠰ ᠭᠠᠶᠢᠯᠢ ᠲᠠᠷᠬᠠᠭᠠᠭᠰᠠᠨ ﹇2012﹈ 53 ᠳ᠋ᠣᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠣᠳᠣ ᠶᠢᠨ ᠬᠡᠷᠩᠵᠢᠭᠦᠯᠵᠣ ᠪᠠᠶᠢᠭ᠎ᠠ ᠰᠠᠭᠤᠷᠢ ᠠᠵᠤ ᠦᠢᠯᠡᠰ ᠪᠠ ᠰᠠᠭᠤᠷᠢ ᠪᠡᠯᠡᠳᠬᠡᠮᠵᠢ᠂ ᠬᠤᠳᠠ ᠶᠢᠨ | ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠪᠣᠯᠤᠨ ᠲᠥᠷᠥ ᠶᠢᠨ ᠪᠤᠳᠤᠯᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠪᠦᠳᠦᠭᠡᠨ ᠪᠠᠶᠢᠭᠤᠯᠤᠯᠲᠠ᠂ ᠨᠡᠶᠢᠭᠡᠮ ᠤᠨ ᠠᠵᠢᠯ ᠦᠢᠯᠡᠰ᠂ ᠮᠥᠩᠭᠦᠨ ᠭᠦᠢᠯᠭᠡᠭᠡᠨ ᠤ | ᠦᠢᠯᠡᠴᠢᠯᠡᠭᠡ᠂ ᠠᠷᠠᠯᠵᠢᠶ᠎ᠡ ᠬᠤᠳᠠᠯᠳᠤᠭ᠎ᠠ ᠶᠢᠨ ᠭᠦᠢᠯᠬᠡᠬᠡᠨ ᠵᠡᠷᠭᠡ ᠬᠦᠷᠢᠶᠡᠨ ᠳᠤ ᠠᠷᠠᠳ ᠤᠨ ᠲᠣᠮᠳᠠᠬᠢ ᠪᠡᠯᠡ | ᠣᠷᠣᠭᠤᠯᠤᠯᠲᠠ ᠶᠢᠨ ᠣᠷᠣᠬᠤ ᠶᠢ ᠵᠣᠷᠢᠬᠵᠢᠭᠤᠯᠬᠤ ᠪᠠ ᠭᠦᠳᠣᠯᠣᠨ ᠵᠢᠯᠣᠭᠤᠣᠠᠬᠤ ᠵᠢᠴᠢ ᠠᠵᠤ ᠠᠬᠤᠶᠢᠯᠠᠯ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦᠯᠭᠦ ᠵᠡᠷᠭᠡ | ᠲᠠᠯ᠎ᠠ ᠪᠠᠷ ᠬᠢ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠣᠨ᠎ᠠ᠃ | ᠲᠠᠪᠤ᠂ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠣᠨ᠎ᠠ | ︵ᠳᠥᠴᠢᠨ ᠲᠠᠪᠤ︶ ᠠᠷᠠᠣᠨ ᠤᠨ ᠲᠤᠮᠳᠠᠬᠢ ᠬᠦᠷᠦᠩᠬᠡ ᠪᠠᠷ ᠪᠡᠯᠠ ᠣᠷᠣᠭᠤᠯᠵᠤ ᠪᠠᠶᠢᠭᠠᠳ ᠡᠯ᠎ᠡ | ᠲᠦᠷᠦᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠡᠭᠦᠳᠦᠨ ᠡᠷᠬᠢᠯᠡᠭᠰᠡᠨ ᠪᠠᠶᠢᠪᠠᠯ᠂ | ᠰᠤᠷᠭᠠᠨ ᠬᠥᠮᠦᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠡᠵᠡᠨ ᠮᠡᠳᠡᠵᠦ ᠰᠦᠢᠳᠬᠡᠯ ᠬᠤᠷᠢᠶᠠᠬᠤ ᠲᠦᠷᠦᠯ | ᠵᠦᠢᠯ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠨ᠎ᠠ᠃ ᠲᠡᠳᠡᠨ ᠤ ᠤᠰᠤ ᠬᠡᠷᠡᠭᠯᠡᠬᠦ᠂ ᠬᠡᠢ ᠬᠡᠷᠡᠭᠯᠡᠬᠦ ᠶᠢ | ᠲᠤᠰ ᠲᠤᠰ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ | ᠤᠰᠤᠨ ᠤ ᠦᠨ᠎ᠡ ᠪᠣᠯᠤᠨ ᠬᠡᠢ ᠶᠢᠨ ᠦᠨ᠎ᠡ ᠶᠢᠨ ᠳᠤᠮᠳᠠᠴᠢ ᠬᠢᠷᠢ ᠲᠦᠪᠰᠢᠨ ᠢᠶᠠᠷ ᠬᠡᠷᠡᠭᠵᠢᠭᠦᠯᠣᠨ᠎ᠠ ︵ᠣᠰᠣᠨ ᠤ | ᠱᠠᠲᠤᠯᠢᠭ ᠦᠨ᠎ᠡ᠂ ᠬᠡᠢ ᠶᠢᠨ ᠱᠠᠲᠤᠯᠢᠭ ᠦᠨ᠎ᠡ ᠶᠢ ᠬᠡᠷᠡᠭᠵᠢᠭᠦᠯᠦᠬᠡᠳᠦᠢ ᠭᠠᠵᠠᠷ ᠣᠷᠣᠨ ᠳᠤ ᠪᠣᠯ ᠡᠩ ᠤᠨ | ᠰᠠᠭᠤᠭᠠᠯᠢ ᠠᠷᠠᠳ ᠤᠨ ᠤᠰᠤ ᠬᠡᠷᠡᠭᠯᠡᠬᠦ᠂ ᠬᠡᠢ ᠬᠡᠷᠡᠭᠯᠡᠬᠦ ᠦᠨ᠎ᠡ ᠬᠠᠩᠰᠢ ᠶᠢ ᠲᠦᠷ ᠬᠡᠷᠩᠵᠢᠭᠦᠯᠣᠨ᠎ᠠ︶᠂ | ᠴᠠᠬᠢᠯᠭᠠᠨ ᠬᠡᠷᠡᠭᠯᠡᠬᠦ ᠳᠤ ᠰᠠᠭᠤᠭᠠᠯᠢ ᠠᠷᠠᠳ ᠤᠨ ᠬᠠᠮᠲᠤᠷᠠᠭᠰᠠᠨ ᠬᠡᠮᠵᠢᠭᠦᠷ ᠲᠠᠢ ᠬᠡᠷᠡᠭᠯᠡᠭᠴᠢ ᠡᠷᠣᠭᠡ ᠶᠢᠨ | ᠴᠠᠬᠢᠯᠭᠠᠨ ᠤ ᠦᠨ᠎ᠡ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ | ︵ᠳᠥᠴᠢᠨ ᠵᠢᠷᠭᠤᠭ᠎ᠠ︶ ᠠᠷᠠᠣᠨ ᠤᠨ ᠲᠤᠮᠳᠠᠬᠢ ᠬᠦᠷᠦᠩᠬᠡ ᠪᠠᠷ ᠪᠡᠯᠠ ᠣᠷᠣᠭᠤᠯᠵᠤ ᠪᠠᠶᠢᠭᠠᠳ | ᠡᠮᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠡᠭᠦᠳᠦᠨ ᠡᠷᠬᠢᠯᠡᠭᠰᠡᠨ ᠪᠠᠶᠢᠪᠠᠯ᠂ ᠠᠰᠢᠭ ᠤᠯᠵᠠᠪᠤᠷᠢ ᠶᠢᠨ | ᠪᠤᠰᠤ ᠡᠮᠴᠢᠯᠡᠭᠡᠨ ᠤ ᠪᠠᠶᠢᠭᠤᠯᠤᠮᠵᠢ ᠶᠢᠨ ᠬᠠᠩᠭᠠᠭᠰᠠᠨ ᠡᠮᠴᠢᠯᠡᠭᠡ ᠶᠢᠨ ᠦᠢᠯᠡᠴᠢᠯᠡᠭᠡᠨ ᠪᠣᠯᠤᠨ ᠡᠮ ᠤᠨ | ᠵᠦᠢᠯ ᠳᠤᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢᠨ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔ ᠠᠰᠢᠭ ᠤᠯᠵᠠᠪᠤᠷᠢ ᠶᠢᠨ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠶᠢᠨ | ᠬᠠᠩᠭᠠᠭᠰᠠᠨ ᠡᠮᠴᠢᠯᠡᠭᠡ ᠶᠢᠨ ᠦᠢᠯᠡᠴᠢᠯᠡᠭᠡ ᠳᠤ ᠡᠵᠡᠨ ᠮᠡᠳᠡᠨ ᠦᠨ᠎ᠡ ᠲᠣᠭᠲᠠᠭᠠᠬᠤ ᠶᠢ ᠬᠡᠷᠩᠵᠢᠭᠦᠯᠣᠨ᠎ᠠ᠃ | ᠠᠷᠠᠣᠨ ᠤᠨ ᠲᠤᠮᠳᠠᠬᠢ ᠬᠥᠷᠥᠩᠭᠡ ᠪᠠᠷ ᠨᠠᠰᠤᠲᠠᠳ ᠢ ᠠᠰᠠᠷᠠᠬᠤ ᠪᠠᠶᠢᠭᠤᠯᠤᠮᠵᠢ ᠶᠢ ᠡᠭᠦᠳᠦᠨ ᠡᠷᠬᠢᠯᠡᠭᠰᠡᠠ ᠪᠠᠶᠢᠪᠠᠯ᠂ | ᠲᠡᠳᠡᠨ ᠤ ᠤᠰᠤ ᠬᠡᠷᠡᠭᠯᠡᠬᠦ᠂ ᠬᠡᠢ ᠬᠡᠷᠡᠭᠯᠡᠬᠦ ᠶᠢ ᠲᠤᠰ ᠲᠤᠰ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ | ᠨᠢᠭᠡᠳᠦᠭᠡᠷ ᠳᠡᠰ᠂ ᠬᠤᠶᠠᠳᠤᠭᠠᠷ ᠳᠡᠰ ᠤᠨ ᠤᠰᠤᠨ ᠤ ᠦᠨ᠎ᠡ ᠪᠣᠯᠤᠨ ᠬᠡᠢ ᠶᠢᠨ ᠦᠨ᠎ᠡ ᠶᠢᠨ ᠳᠤᠮᠳᠠᠴᠢ ᠬᠢᠷᠢ | ᠬᠡᠮᠵᠢᠶ᠎ᠡ ᠪᠠᠷ ᠬᠡᠷᠡᠭᠵᠢᠭᠦᠯᠣᠨ᠎ᠠ ︵ᠣᠰᠣᠨ ᠤ ᠱᠠᠲᠤᠯᠢᠭ ᠦᠨ᠎ᠡ᠂ ᠬᠡᠢ ᠶᠢᠨ ᠱᠠᠲᠤᠯᠢᠭ ᠦᠨ᠎ᠡ ᠶᠢ | ᠬᠡᠷᠡᠭᠵᠢᠭᠦᠯᠦᠬᠡᠳᠦᠢ ᠭᠠᠵᠠᠷ ᠣᠷᠣᠨ ᠳᠤ ᠪᠣᠯ ᠡᠩ ᠤᠨ ᠰᠠᠭᠤᠭᠠᠯᠢ ᠠᠷᠠᠳ ᠤᠨ ᠤᠰᠤ ᠬᠡᠷᠡᠭᠯᠡᠬᠦ᠂ ᠬᠡᠢ ᠬᠡᠷᠡᠭᠯᠡᠬᠦ | ᠦᠨ᠎ᠡ ᠬᠠᠩᠰᠢ ᠶᠢ ᠲᠦᠷ ᠬᠡᠷᠩᠵᠢᠭᠦᠯᠣᠨ᠎ᠠ︶᠂ ᠴᠠᠬᠢᠯᠭᠠᠨ ᠬᠡᠷᠡᠭᠯᠡᠬᠦ ᠳᠤ ᠰᠠᠭᠤᠭᠠᠯᠢ ᠠᠷᠠᠳ ᠤᠨ ᠬᠠᠮᠲᠤᠷᠠᠭᠰᠠᠨ | ᠬᠡᠮᠵᠢᠭᠦᠷ ᠲᠠᠢ ᠬᠡᠷᠡᠭᠯᠡᠭᠴᠢ ᠡᠷᠣᠭᠡ ᠶᠢᠨ ᠴᠠᠬᠢᠯᠭᠠᠨ ᠤ ᠦᠨ᠎ᠡ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠢᠯᠴᠢ | ᠬᠡᠷᠡᠭᠯᠡᠬᠦ ᠳᠤ ᠰᠠᠭᠤᠭᠠᠯᠢ ᠠᠷᠠᠳ ᠤᠨ ᠦᠨ᠎ᠡ ᠬᠠᠩᠰᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠣᠨ᠎ᠠ᠃ | ︵ᠳᠥᠴᠢᠨ ᠲᠤᠯᠤᠭ᠎ᠠ︶ ᠠᠷᠠᠳ ᠤᠨ ᠲᠤᠮᠳᠠᠬᠢ ᠬᠦᠷᠦᠩᠬᠡ ᠨᠢ ᠣᠨᠴᠠ ᠵᠥᠪᠰᠢᠶᠡᠷᠡᠯ ᠲᠠᠢ ᠡᠵᠡᠩᠨᠡᠬᠦ | ᠠᠷᠭ᠎ᠠ ᠮᠠᠶ᠋ᠢᠭ ᠢᠶᠠᠷ ᠲᠠᠮᠵᠢᠨ ᠬᠤᠲᠠ ᠶᠢᠨ ᠤᠰᠤ ᠬᠠᠩᠭᠠᠬᠤ᠂ ᠭᠡᠢ ᠬᠠᠩᠭᠠᠬᠤ᠂ ᠢᠯᠴᠢ ᠬᠠᠩᠭᠠᠬᠤ ᠪᠠ ᠪᠣᠬᠢᠷ | ᠤᠰᠤ ᠶᠢ ᠰᠢᠢᠣᠡᠪᠣᠷᠢᠯᠡᠭᠦ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠳᠠ᠂ ᠡᠵᠡᠩᠨᠡᠯᠳᠠ ᠪᠠ ᠬᠠᠮᠢᠶᠠᠷᠤᠯᠲᠠ ᠳᠤ | ᠣᠷᠣᠯᠴᠠᠭᠰᠠᠨ ᠪᠠᠶᠢᠪᠠᠯ᠂ ᠣᠯᠣᠰ ᠤᠨ ᠤᠢᠮᠴᠢᠯᠡᠯᠳᠦ ᠬᠦᠷᠦᠩᠬᠡ ᠯᠦᠭᠡ ᠠᠳᠠᠯᠢ ᠣᠯᠭᠤᠮᠵᠢ ᠶᠢ ᠭᠦᠷᠳᠡᠬᠡᠵᠣ᠂ | ᠲᠡᠳᠡᠨ ᠤ ᠦᠨ᠎ᠡ ᠶᠢᠨ ᠪᠠᠷᠢᠮᠵᠢᠶ᠎ᠠ ᠶᠢ ᠥᠪᠡᠷ ᠤᠨ ᠦᠷᠳᠡᠭ ᠢ ᠨᠢ ᠨᠦᠭᠦᠪᠣᠷᠢᠯᠡᠭᠦ᠂ ᠵᠦᠢ ᠵᠣᠬᠢᠰᠲᠠᠶ ᠠᠰᠢᠭ | ᠣᠷᠣᠯᠭ᠎ᠠ ᠲᠠᠢ ᠪᠠᠶᠢᠯᠭᠠᠬᠤ ᠵᠠᠷᠴᠢᠮ ᠶᠣᠰᠣᠭᠠᠷ ᠲᠣᠭᠲᠠᠭᠠᠨ᠎ᠠ᠃ | ︵ᠳᠥᠴᠢᠨ ᠨᠠᠢᠮᠨ︶ ᠠᠷᠠᠳ ᠤᠨ ᠲᠤᠮᠳᠠᠬᠢ ᠬᠦᠷᠦᠩᠬᠡ ᠨᠢ ᠣᠷᠣᠨ ᠨᠣᠳᠤᠭ ᠤᠨ ᠳᠡᠮᠣᠷ ᠵᠠᠮ ᠳᠤ ᠪᠡᠯᠨ | ᠣᠷᠣᠭᠤᠯᠵᠣ᠂ ᠡᠵᠡᠩᠨᠡᠭᠦ ᠪᠠ ᠬᠠᠮᠢᠶᠠᠷᠤᠨᠨᠰᠠᠨ ᠪᠠᠶᠢᠪᠠᠯ᠂ ᠬᠡᠪ ᠤᠨ ᠡᠵᠡᠩᠨᠡᠯᠳᠠ ᠬᠠᠮᠠᠭᠠᠯᠠᠯᠳᠠ ᠶᠢᠨ ᠬᠡᠷᠡᠭᠴᠡᠭᠡ ᠶᠢ | ᠬᠦᠢᠴᠡᠳ ᠬᠠᠩᠭᠠᠬᠤ ᠶᠢᠨ ᠬᠠᠮᠲᠤ ᠵᠦᠢ ᠵᠣᠬᠢᠰᠲᠠᠶ ᠡᠵᠡᠩᠨᠡᠯᠲᠡ ᠶᠢᠨ ᠠᠴᠢ ᠬᠠᠷᠢᠭᠤᠯᠲᠠ ᠲᠠᠢ ᠪᠠᠶᠢᠯᠭᠠᠬᠤ ᠵᠠᠷᠴᠢᠮ | ᠶᠣᠰᠣᠭᠠᠷ ᠲᠡᠭᠡᠭᠡᠪᠦᠷᠢ ᠶᠢᠨ ᠦᠨ᠎ᠡ ᠶᠢ ᠬᠠᠷᠭᠤᠭᠤᠯᠤᠨ ᠲᠣᠭᠳᠠᠭᠠᠨ᠎ᠠ᠃ | ︵ᠳᠥᠴᠢ ᠶᠢᠰᠦ︶ ᠠᠷᠠᠳ ᠤᠨ ᠲᠤᠮᠳᠠᠬᠢ ᠬᠦᠷᠦᠩᠬᠡ ᠨᠢ ᠤᠰᠤᠨ ᠠᠰᠢᠭᠯᠠᠯᠲᠠ ᠶᠢᠨ ᠪᠠᠷᠢᠯᠭ᠎ᠠ ᠳᠤ ᠪᠡᠯᠠ | ᠣᠷᠣᠭᠤᠯᠣᠭᠰᠠᠨ ᠪᠠᠶᠢᠪᠠᠯ᠂ ᠤᠰᠤ ᠬᠠᠩᠭᠠᠬᠤ ᠦᠨ᠎ᠡ ᠳᠤ ᠥᠪᠡᠷ ᠤᠨ ᠦᠷᠳᠡᠭ ᠢ ᠨᠢ ᠨᠥᠬᠦᠪᠥᠷᠢᠯᠡᠬᠦ᠂ ᠵᠦᠢ | ᠵᠣᠬᠢᠰᠲᠠᠶ ᠠᠰᠢᠭ ᠣᠷᠣᠯᠭ᠎ᠠ ᠲᠠᠢ ᠪᠠᠶᠢᠯᠭᠠᠬᠤ ᠵᠠᠷᠴᠢᠮ ᠶᠤᠰᠤᠭᠠᠷ᠂ ᠵᠠᠰᠠᠭ ᠤᠨ ᠣᠷᠳᠣᠨ ᠠᠴᠠ ᠵᠢᠯᠣᠭᠤᠳᠬᠤ | ᠦᠨ᠎ᠡ ᠬᠠᠩᠰᠢ ᠶᠢᠨ ᠬᠠᠮᠢᠶᠠᠷᠤᠯᠲᠠ ᠶᠢ ᠬᠡᠷᠡᠭᠵᠢᠭᠦᠯᠭᠦ ᠶᠢᠨ ᠬᠠᠮᠳᠣ᠂ ᠰᠠᠭᠤᠷᠢ ᠪᠠᠷᠢᠮᠵᠢᠶᠠᠲᠤ ᠦᠨ᠎ᠡ ᠬᠠᠩᠰᠢ ᠶᠢᠨ | ᠰᠠᠭᠤᠷᠢᠨ ᠳᠡᠭᠡᠷ᠎ᠡ ᠨᠡᠯᠢᠶᠡᠳ ᠶᠡᠭᠡ ᠭᠦᠪᠦᠮᠡᠯ ᠬᠡᠮᠵᠢᠶ᠎ᠡ ᠲᠠᠢ ᠪᠠᠷ ᠲᠣᠭᠲᠠᠭᠠᠵᠤ ᠪᠤᠯᠤᠨ᠎ᠠ᠃ | ︵ᠲᠠᠪᠢ︶ ᠵᠢᠵᠢᠭ ᠪᠢᠴᠢᠯ ᠠᠵᠤ ᠠᠬᠤᠶᠢᠯᠠᠯ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ | ᠣᠷᠣᠨ ᠨᠤᠲᠤᠭ ᠤᠨ ᠰᠤᠷᠭᠠᠨ ᠬᠥᠮᠦᠵᠢᠯ ᠤᠨ ᠵᠠᠷᠣᠳᠠᠯ ᠤᠨ ᠨᠡᠮᠡᠯᠲᠡ᠂ ᠤᠰᠤᠨ ᠠᠰᠢᠭᠯᠠᠯᠲᠠ ᠶᠢᠨ ᠪᠥᠳᠥᠭᠡᠨ | ᠪᠠᠶᠢᠭᠤᠯᠤᠯᠲᠠ ᠶᠢᠨ ᠰᠠᠭᠤᠷᠢ ᠮᠥᠩᠭᠦ᠂ ᠰᠣᠶᠣᠯ ᠤᠨ ᠠᠵᠢᠯ ᠦᠢᠯᠡᠰ ᠤᠨ ᠪᠥᠳᠥᠭᠡᠨ ᠪᠠᠶᠢᠭᠤᠯᠤᠯᠲᠠ ᠶᠢᠨ | ᠵᠠᠷᠤᠳᠠᠯ᠂ ᠵᠡᠮᠳᠡᠭᠴᠦᠳ ᠤᠨ ᠠᠵᠢᠯ ᠤᠯᠬᠤ ᠪᠠᠲᠤᠯᠠᠭ᠎ᠠ ᠶᠢᠨ ᠮᠥᠩᠭᠦ ᠵᠡᠷᠭᠡ ᠵᠠᠰᠠᠭ ᠤᠨ ᠣᠷᠳᠣᠨ ᠤ ᠴᠢᠨᠠᠷᠲᠠᠶ | ᠰᠠᠭᠤᠷᠢ ᠮᠥᠩᠭᠦ ᠵᠢᠴᠢ ᠴᠠᠭ ᠠᠭᠤᠷ᠂ ᠲᠡᠦᠬᠡ ᠶᠢᠨ ᠳᠤᠷᠠᠰᠬᠠᠯᠲᠤ ᠵᠦᠢᠯᠡᠰ᠂ ᠨᠣᠭᠤᠭᠠᠷᠠᠭᠤᠯᠤᠯᠲᠠ᠂ ᠭᠠᠯ | ᠤᠨᠲᠠᠷᠠᠭᠠᠬᠤ᠂ ᠭᠠᠵᠠᠷ ᠬᠥᠳᠡᠯᠦᠯᠲᠡ᠂ ᠶᠠᠰᠤ ᠴᠢᠨᠠᠷ ᠤᠨ ᠪᠠᠶᠢᠴᠠᠭᠠᠯᠲᠠ ᠵᠡᠷᠭᠡ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠠᠴᠠ ᠬᠡᠯᠳᠤᠷᠢᠭᠦᠯᠣᠨᠠ᠃ ᠡᠵᠡᠩᠨᠡᠯᠲᠡ ᠦᠢᠯᠡᠴᠢᠯᠡᠬᠡᠨ ᠤ ᠴᠢᠨᠠᠷᠲᠠᠶ | ᠰᠦᠢᠳᠬᠡᠯ ᠬᠤᠷᠢᠶᠠᠬᠤ ᠪᠠᠷᠢᠮᠵᠢᠶ᠎ᠠ ᠳᠤ ᠲᠤᠤᠷᠡᠳᠦ ᠬᠢᠵᠠᠭᠠᠷ ᠲᠠᠢ ᠪᠠᠶᠢᠪᠠᠯ᠂ ᠴᠥᠮ ᠲᠤᠤᠷᠡᠳᠦ ᠬᠢᠵᠠᠭᠠᠷ ᠢᠶᠠᠷ | ᠬᠤᠷᠢᠶᠠᠵᠤ᠂ ᠪᠠᠷᠢᠮᠵᠢᠶ᠎ᠠ ᠶᠢ ᠳᠡᠭᠡᠭᠰᠢᠯᠡᠭᠦᠯᠬᠦ ᠪᠤᠶᠤ ᠬᠡᠯᠪᠡᠷᠢ ᠶᠢ ᠨᠢ ᠥᠭᠡᠷᠡᠲᠡᠭᠦᠯᠦᠨ ᠪᠠᠷᠢᠮᠵᠢᠶ᠎ᠠ ᠶᠢ | ᠳᠡᠭᠡᠭᠰᠢᠯᠡᠭᠦᠯᠵᠣ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠴᠢᠩᠭ᠎ᠠ ᠬᠤᠷᠢᠭᠯᠠᠨ᠎ᠠ᠃ | ︵ᠲᠠᠪᠢᠨ ᠨᠢᠭᠡ︶ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠶᠠᠪᠤᠴᠠ ᠳᠤᠮᠳᠠᠬᠢ ᠳᠠᠭᠠᠭᠠᠯᠲᠠ ᠬᠢᠭᠦ᠂ | ᠦᠨᠡᠯᠡᠨ ᠵᠢᠱᠢᠬᠦ᠂ ᠲᠡᠮᠳᠡᠭᠯᠡᠨ ᠳᠠᠩᠰᠠᠯᠠᠭᠤᠯᠬᠤ᠂ ᠬᠢᠨᠠᠨ ᠪᠤᠳᠤᠬᠤ᠂ ᠳᠠᠭᠠᠳᠬᠠᠯ ᠵᠡᠷᠭᠡ ᠵᠠᠭᠤᠴᠢ | ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠥᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ | ᠴᠢᠬᠤᠯᠠ ᠪᠤᠰᠤ ᠪᠡᠯᠡ ᠮᠥᠩᠭᠦ ᠶᠢᠨ ︽ᠨᠡᠪᠲᠡᠷᠡᠬᠦ ᠵᠠᠮ︾ ᠪᠠ ︽ᠲᠠᠮᠵᠢᠨ ᠥᠩᠭᠡᠷᠡᠬᠦ︾ ᠭᠤᠨᠴᠤᠭᠠ ᠶᠢᠨ | ᠰᠦᠢᠳᠬᠡᠯ ᠬᠤᠷᠢᠶᠠᠬᠤ ᠶᠢ ᠢᠯᠭᠠᠷᠠᠭᠤᠯᠤᠨ᠎ᠠ᠃ | ᠵᠢᠷᠭᠤᠭ᠎ᠠ᠂ ᠭᠠᠵᠠᠷ ᠰᠢᠷᠣᠶ ᠠᠭᠤᠷᠬᠠᠶ ᠶᠢᠨ ᠭᠠᠷᠤᠯᠲᠠ ᠶᠢᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ | ᠴᠢᠩᠭᠠᠳᠬᠠᠨ᠎ᠠ | ︵ᠲᠠᠪᠢᠨ ᠬᠤᠶᠠᠷ︶ ᠠᠵᠤ ᠠᠬᠤᠶᠢᠯᠠᠯ ᠤᠨ ᠬᠡᠷᠩᠯᠡᠭᠦ ᠭᠠᠵᠠᠷ ᠨᠢ ᠤᠯᠤᠰ ᠤᠨ ︽ᠬᠤᠪᠢᠶᠠᠷᠢᠯᠠᠨ ᠦᠭᠴᠣ | ᠬᠡᠷᠡᠭᠯᠡᠭᠦ ᠭᠠᠵᠠᠷ ᠤᠨ ᠭᠠᠷᠴᠠᠭ︾ ᠤᠨ ᠲᠣᠭᠲᠠᠭᠠᠯ ᠳᠤ ᠨᠠᠶᠢᠴᠡᠪᠡᠯ᠂ ᠬᠤᠪᠢᠶᠠᠷᠢᠯᠠᠨ ᠦᠭᠭᠦ ᠠᠷᠭ᠎ᠠ ᠮᠠᠶ᠋ᠢᠭ ᠢ | ᠬᠡᠷᠡᠭᠯᠡᠨ ᠭᠠᠵᠠᠷ ᠬᠠᠩᠭᠠᠵᠦ ᠪᠣᠯᠤᠨ᠎ᠠ᠃ | ︵ᠲᠠᠪᠢᠨ ᠭᠤᠷᠪᠠ︶ ᠠᠵᠤ ᠠᠬᠤᠶᠢᠯᠠᠯ ᠤᠳ ᠤᠯᠤᠰ ᠤᠨ ᠥᠮᠴᠢᠯᠡᠯᠳᠤ ᠠᠰᠢᠭᠯᠠᠭᠠᠳᠤᠶ ᠭᠠᠵᠠᠷ ᠰᠢᠷᠣᠶ ᠶᠢ | ᠨᠡᠭᠡᠭᠡᠨ ᠠᠰᠢᠭᠯᠠᠵᠤ ᠲᠠᠷᠢᠶᠠᠯᠠᠩ᠂ ᠮᠠᠯ ᠠᠵᠤ ᠠᠬᠤᠶ᠂ ᠤᠢ ᠰᠢᠭᠤᠶ᠂ ᠤᠰᠦᠠ ᠤ ᠭᠠᠷᠣᠯᠳᠠ ᠶᠢᠨ ᠠᠵᠤ | ᠦᠢᠯᠡᠰ ᠤᠨ ᠦᠢᠯᠡᠳᠪᠦᠷᠢᠯᠡᠯ ᠡᠷᠬᠢᠯᠡᠭᠰᠡᠨ ᠪᠠᠶᠢᠪᠠᠯ᠂ ᠲᠦᠯᠦᠪᠦᠷᠢᠳᠡᠢ ᠰᠢᠯᠵᠢᠬᠦᠯᠬᠦ ᠠᠷᠭ᠎ᠠ ᠮᠠᠶ᠋ᠢᠭ ᠢᠶᠠᠷ ᠭᠠᠵᠠᠷ | ᠰᠢᠷᠣᠶ ᠶᠢᠨ ᠬᠡᠷᠡᠭᠯᠡᠬᠦ ᠡᠷᠬᠡ ᠶᠢ ᠣᠯᠵᠤ ᠪᠣᠯᠤᠨ᠎ᠠ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠭᠠᠵᠠᠷ ᠰᠢᠷᠣᠶ ᠲᠦᠯᠦᠪᠦᠷᠢᠳᠡᠢ ᠰᠢᠯᠵᠢᠬᠦᠯᠦᠭᠰᠡᠨ | ᠮᠥᠩᠭᠦ ᠬᠤᠷᠢᠶᠠᠬᠤ ᠠᠴᠠ ᠬᠡᠯᠲᠦᠷᠢᠭᠦᠯᠵᠦ ᠪᠣᠯᠤᠨ᠎ᠠ᠂ ᠬᠡᠷᠡᠭᠯᠡᠬᠦ ᠵᠢᠯ ᠬᠤᠭᠤᠴᠠᠭ᠎ᠠ ᠶᠢ 50 ᠵᠢᠯ ᠠᠴᠠ | ᠬᠡᠲᠦᠷᠡᠭᠦᠯᠵᠦ ᠪᠣᠯᠬᠤ ᠦᠭᠡᠢ᠃ ᠬᠡᠷᠡᠭᠯᠡᠯᠲᠡ ᠶᠢ ᠨᠢ ᠦᠨᠡᠨᠬᠦ ᠬᠤᠪᠢᠷᠠᠭᠤᠯᠵᠣ ᠲᠠᠷᠢᠶᠠᠯᠠᠩ ᠤᠨ ᠪᠤᠰᠤ ᠪᠥᠳᠥᠭᠡᠨ | ᠪᠠᠶᠢᠭᠤᠯᠤᠯᠲᠠ ᠡᠷᠬᠢᠯᠡᠭᠦ ᠴᠢᠬᠤᠯᠠᠲᠠᠶ ᠪᠠᠶᠢᠪᠠᠯ᠂ ᠭᠠᠵᠠᠷ ᠰᠢᠷᠣᠶ ᠲᠦᠯᠦᠪᠦᠷᠢᠳᠡᠢ ᠰᠢᠯᠵᠢᠭᠦᠯᠦᠭᠰᠡᠨ ᠮᠥᠩᠭᠦ | ᠲᠤᠰᠢᠶᠠᠭᠰᠠᠨ ᠤ ᠳᠠᠷᠠᠭ᠎ᠠ᠂ ᠬᠠᠮᠢᠶ᠎ᠠ ᠪᠦᠬᠦᠢ ᠭᠠᠷ ᠭᠦᠢᠴᠡᠳᠬᠡᠯ ᠢ ᠬᠠᠤᠯᠢ ᠶᠣᠰᠣᠭᠠᠷ ᠭᠦᠢᠴᠡᠣᠡᠭᠡᠵᠣ ᠪᠣᠯᠤᠨ᠎ᠠ᠃ | ︵ᠲᠠᠪᠢᠨ ᠲᠦᠷᠪᠡ︶ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠰᠠᠭᠤᠷᠢ ᠪᠡᠯᠡᠳᠬᠡᠮᠵᠢ ᠶᠢᠨ | ᠪᠦᠳᠦᠭᠡᠨ ᠪᠠᠶᠢᠭᠤᠯᠤᠯᠲᠠ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠪᠡᠯᠡ | ᠣᠷᠣᠭᠤᠯᠤᠭᠰᠠᠨ ᠠᠵᠤ ᠠᠬᠤᠶᠢᠯᠠᠯ ᠨᠢ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠬᠡᠯ ᠭᠠᠵᠠᠷ ᠢ ᠬᠤᠳᠠᠯᠳᠤᠨ | ᠠᠪᠬᠤ ᠴᠢᠬᠤᠯᠠ ᠲᠠᠢ ᠪᠠᠶᠢᠪᠠᠯ᠂ ᠤᠯᠤᠰ ᠤᠨ ᠬᠡᠷᠡᠭᠵᠢᠭᠦᠯᠭᠦ ᠶᠢ ᠵᠦᠪᠰᠢᠶᠡᠷᠡᠭᠰᠡᠨ ᠬᠠᠮᠤᠭ ᠲᠣᠣᠷ᠎ᠡ ᠦᠨ᠎ᠡ ᠶᠢᠨ | ᠪᠠᠷᠢᠮᠵᠢᠶ᠎ᠠ ᠶᠢᠨ ᠲᠦᠷᠦ ᠶᠢᠨ ᠪᠤᠳᠤᠯᠭ᠎ᠠ ︵ᠤᠯᠤᠰ ᠤᠨ ᠬᠠᠮᠤᠭ ᠲᠣᠣᠷ᠎ᠡ ᠦᠨ᠎ᠡ ᠶᠢᠨ ᠪᠠᠷᠢᠮᠵᠢᠶ᠎ᠠ ᠪᠠᠶᠢᠬᠤ ᠦᠭᠡᠢ | ᠬᠡᠷᠡᠭᠯᠡᠬᠦ ᠭᠠᠵᠠᠷ ᠢ ᠲᠣᠬᠠᠢ ᠶᠢᠨ ᠭᠠᠵᠠᠷ ᠤᠨ ᠥᠪᠡᠷ ᠤᠨ ᠤᠢᠷᠳᠡᠭ ᠤᠨ ᠦᠨ᠎ᠡ ᠠᠴᠠ ᠲᠣᠣᠷ᠎ᠡ ᠪᠠᠶᠢᠯᠭᠠᠵᠦ ᠪᠤᠯᠬᠤ | ᠦᠭᠡᠢ︶ ᠠᠴᠠ ᠳᠣᠣᠷ᠎ᠠ ᠪᠠᠶᠢᠯᠭᠠᠬᠤ ᠦᠭᠡᠶ ᠤᠷᠢᠲᠠᠯ ᠳᠣᠣᠷ᠎ᠠ᠂ ᠭᠠᠵᠠᠷ ᠰᠢᠷᠣᠶ ᠲᠦᠯᠦᠪᠦᠷᠢᠳᠡᠢ ᠰᠢᠯᠵᠢᠭᠦᠯᠬᠦ | ᠦᠨ᠎ᠡ ᠬᠠᠩᠰᠢ ᠶᠢᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠬᠦᠷᠳᠡᠬᠡᠨ᠎ᠡ᠃ ᠵᠦᠪᠰᠢᠶᠡᠷᠡᠭᠦᠯᠭᠦ ᠪᠠᠷ | ᠲᠠᠮᠵᠢᠭᠠᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠣᠷᠣᠭᠰᠠᠨ ᠠᠵᠤ ᠠᠬᠤᠶᠢᠯᠠᠯ ᠨᠢ | ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠵᠦ ᠪᠣᠯᠤᠨ᠎ᠠ᠃ | ︵ᠲᠠᠪᠢᠨ ᠲᠠᠪᠤ︶ ᠠᠵᠤ ᠠᠬᠤᠶᠢᠯᠠᠯ ᠤᠨ ᠪᠡᠯᠨ ᠣᠷᠣᠭᠤᠯᠣᠭᠰᠠᠨ ᠠᠵᠤ ᠦᠢᠯᠡᠳᠪᠦᠷᠢ ᠶᠢᠨ ᠲᠦᠷᠦᠯ | ᠵᠦᠢᠯ ᠨᠢ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠬᠤᠲᠠ ᠪᠠᠯᠭᠠᠰᠤ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢᠨ ᠬᠡᠪᠴᠢᠶᠡᠨ ᠳᠠᠬᠢ ᠤᠯᠤᠰ ᠤᠨ ᠥᠮᠴᠢᠯᠡᠯᠳᠣ | ᠠᠰᠢᠭᠯᠠᠭᠠᠳᠤᠶ ᠭᠠᠵᠠᠷ ᠰᠢᠷᠦᠢ ᠶᠢ ᠬᠡᠷᠡᠭᠯᠡᠭᠰᠡᠨ ᠪᠠᠶᠢᠪᠠᠯ᠂ ᠭᠠᠵᠠᠷ ᠰᠢᠷᠣᠶ ᠶᠢ ᠲᠦᠯᠦᠪᠦᠷᠢᠳᠡᠢ ᠰᠢᠯᠵᠢᠭᠦᠯᠦᠭᠰᠡᠨ | ᠦᠨ᠎ᠡ ᠬᠠᠩᠰᠢ ᠶᠢ ᠨᠢ ᠪᠠᠶᠢᠭ᠎ᠠ ᠭᠠᠵᠠᠷ ᠰᠢᠷᠣᠶ ᠶᠢᠨ ᠲᠡᠰ ᠢᠯᠭᠠᠯ ᠯᠤᠭ᠎ᠠ ᠬᠠᠷᠢᠯᠴᠠᠨ ᠵᠣᠬᠢᠴᠠᠯᠳᠤᠬᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠦᠢ ᠶᠢ | ᠲᠦᠯᠦᠪᠦᠷᠢᠳᠡᠢ ᠰᠢᠯᠵᠢᠭᠦᠯᠬᠦ ᠬᠠᠮᠤᠭ ᠳᠣᠣᠷ᠎ᠠ ᠦᠨ᠎ᠠ ᠬᠠᠩᠰᠢ ᠶᠢᠨ ᠪᠠᠷᠢᠮᠵᠢᠶ᠎ᠠ︾ ᠶᠢᠨ 50% ᠪᠠᠷ | ᠬᠡᠷᠩᠵᠢᠭᠦᠯᠣᠨ᠎ᠠ︔ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠬᠤᠲᠠ | ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢᠨ ᠬᠡᠪᠴᠢᠶᠡᠨ ᠠᠴᠠ ᠪᠤᠰᠤᠳ᠂ ᠭᠠᠵᠠᠷ | ᠰᠢᠷᠣᠶ ᠶᠢᠨ ᠡᠮᠦᠨᠡᠬᠢ ᠬᠤᠭᠤᠴᠠᠭᠠᠨ ᠤ ᠨᠡᠭᠡᠭᠡᠨ ᠬᠥᠭᠵᠢᠭᠦᠯᠬᠦ ᠶᠢ ᠦᠪᠡᠰᠦᠪᠡᠨ ᠪᠡᠶᠡᠯᠡᠭᠦᠯᠣᠭ᠍ᠰᠡᠨ ᠠᠵᠤ | ᠦᠢᠯᠡᠳᠪᠦᠷᠢ ᠶᠢᠨ ᠲᠥᠷᠥᠯ ᠵᠦᠢᠯ ᠤᠨ ᠭᠠᠵᠠᠷ ᠰᠢᠷᠦᠢ ᠶᠢ ᠬᠡᠷᠡᠭᠯᠡᠭᠰᠡᠨ ᠪᠠᠶᠢᠪᠠᠯ᠂ ᠭᠠᠵᠠᠷ ᠰᠢᠷᠣᠶ ᠶᠢ | ᠲᠦᠯᠦᠪᠦᠷᠢᠳᠡᠢ ᠰᠢᠯᠵᠢᠬᠦᠯᠦᠭᠰᠡᠨ ᠦᠨ᠎ᠡ ᠬᠠᠩᠰᠢ ᠶᠢ ᠨᠢ ᠪᠠᠶᠢᠭ᠎ᠠ ᠭᠠᠵᠠᠷ ᠰᠢᠷᠣᠶ ᠶᠢᠨ ᠲᠡᠰ ᠢᠯᠭᠠᠯ ᠯᠤᠭ᠎ᠠ | ᠬᠠᠷᠢᠯᠴᠠᠨ ᠵᠣᠬᠢᠴᠠᠯᠳᠤᠬᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ | ᠬᠡᠷᠡᠭᠯᠡᠬᠦ ᠭᠠᠵᠠᠷ ᠰᠢᠷᠦᠢ ᠶᠢ ᠲᠦᠯᠦᠪᠦᠷᠢᠳᠡᠢ ᠰᠢᠯᠵᠢᠭᠦᠯᠬᠦ ᠬᠠᠮᠤᠭ ᠳᠣᠣᠷ᠎ᠠ ᠦᠨ᠎ᠠ ᠬᠠᠩᠰᠢ ᠶᠢᠨ ᠪᠠᠷᠢᠮᠵᠢᠶ᠎ᠠ︾ ᠶᠢᠨ | 60% ᠪᠠᠷ ᠬᠡᠷᠩᠵᠢᠭᠦᠯᠣᠨ᠎ᠠ᠂ ᠡᠭᠦᠨ ᠤ ᠳᠣᠲᠣᠷ᠎ᠠ᠂ ᠤᠯᠤᠰ ᠤᠨ ᠦᠮᠴᠢᠯᠡᠯᠳᠦ ᠠᠰᠢᠭᠯᠠᠭᠠᠳᠤᠶ ᠭᠠᠵᠠᠷ | ᠰᠢᠷᠦᠢ ᠶᠢ ᠬᠡᠷᠡᠭᠯᠡᠭᠰᠡᠨ ᠪᠠᠶᠢᠪᠠᠯ᠂ ᠭᠠᠵᠠᠷ ᠰᠢᠷᠣᠶ ᠲᠦᠯᠦᠪᠦᠷᠢᠳᠡᠢ ᠰᠢᠯᠵᠢᠬᠦᠯᠦᠭᠰᠡᠨ ᠦᠨ᠎ᠡ ᠬᠠᠩᠰᠢ ᠶᠢ ᠨᠢ | ᠪᠠᠶᠢᠭ᠎ᠠ ᠭᠠᠵᠠᠷ ᠰᠢᠷᠣᠶ ᠶᠢᠨ ᠲᠡᠰ ᠢᠯᠭᠠᠯ ᠯᠤᠭ᠎ᠠ ᠬᠠᠷᠢᠯᠴᠠᠨ ᠵᠣᠬᠢᠴᠠᠯᠳᠤᠬᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠦᠢ ᠶᠢ ᠲᠦᠯᠦᠪᠦᠷᠢᠳᠡᠢ | ᠰᠢᠯᠵᠢᠭᠦᠯᠬᠦ ᠬᠠᠮᠤᠭ ᠳᠣᠣᠷ᠎ᠠ ᠦᠨ᠎ᠠ ᠬᠠᠩᠰᠢ ᠶᠢᠨ ᠪᠠᠷᠢᠮᠵᠢᠶ᠎ᠠ︾ ᠶᠢᠨ 15% ᠪᠠᠷ ᠬᠡᠷᠩᠵᠢᠭᠦᠯᠣᠨ᠎ᠠ᠃ | ︵ᠲᠠᠪᠢᠨ ᠵᠢᠷᠭᠤᠭ᠎ᠠ︶ ᠠᠵᠤ ᠠᠬᠤᠶᠢᠯᠠᠯ ᠤᠳ ᠪᠡᠯᠨ ᠣᠷᠣᠭᠤᠯᠵᠤ ᠤᠯᠤᠰ ᠤᠨ ᠠᠵᠤ ᠦᠢᠯᠡᠰ ᠤᠨ | ᠲᠦᠷᠦ ᠶᠢᠨ ᠪᠤᠳᠤᠯᠭ᠎ᠠ ᠳᠤ ᠨᠡᠶᠢᠴᠡᠬᠦ ᠪᠦᠲᠦᠭᠡᠨ ᠪᠠᠶᠢᠭᠤᠯᠬᠤ ᠲᠦᠷᠦᠯ ᠵᠦᠢᠯ ᠪᠠ ᠤᠯᠤᠰ ᠤᠨ ᠥᠮᠴᠢᠯᠡᠯᠳᠣ ᠠᠵᠤ | ᠠᠬᠤᠶᠢᠯᠠᠯ ᠢ ᠪᠦᠬᠦᠯᠢ ᠴᠤᠨᠨᠴᠠ ᠪᠠᠷ ᠨᠢ ᠬᠤᠳᠠᠯᠳᠤᠨ ᠠᠪᠤᠭᠰᠠᠨ ᠪᠠᠶᠢᠪᠠᠯ᠂ ᠬᠡᠷᠡᠭᠯᠡᠬᠦ ᠰᠢᠷᠦᠢ ᠭᠠᠵᠠᠷ ᠲᠤ | ᠲᠦᠯᠦᠪᠦᠷᠢᠳᠡᠢ ᠰᠢᠯᠵᠢᠭᠦᠯᠬᠦ ᠠᠷᠭ᠎ᠠ ᠮᠠᠶ᠋ᠢᠭ ᠢ ᠠᠪᠴᠤ ᠪᠣᠯᠤᠨ᠎ᠠ᠂ ᠲᠦᠷᠢᠶᠡᠰᠦᠯᠡᠭᠦᠯᠬᠦ ᠠᠷᠭ᠎ᠠ ᠮᠠᠶ᠋ᠢᠭ ᠢ ᠴᠦ | ᠠᠪᠴᠤ ᠪᠣᠯᠤᠨ᠎ᠠ᠂ ᠭᠠᠵᠠᠷ ᠰᠢᠷᠣᠶ ᠲᠦᠯᠦᠪᠦᠷᠢᠳᠡᠢ ᠰᠢᠯᠵᠢᠬᠦᠯᠦᠭᠰᠡᠨ ᠮᠥᠩᠭᠦ ᠪᠤᠶᠤ ᠲᠦᠷᠢᠶᠡᠰᠦᠨ ᠮᠥᠩᠭᠦ ᠶᠢ | ᠤᠳᠦ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠵᠣᠬᠢᠰᠲᠠᠶ ᠳᠣᠷᠣᠭᠰᠢᠯᠠᠭᠤᠯᠵᠤ᠂ ᠬᠠᠮᠤᠭ ᠳᠣᠣᠷ᠎ᠠ ᠳᠠᠭᠠᠨ | ᠬᠠᠤᠯᠢ ᠶᠣᠰᠣᠭᠠᠷ ᠨᠤᠲᠠᠯᠠᠨ ᠲᠤᠬᠳᠠᠭᠠᠭᠰᠠᠨ ᠭᠠᠵᠠᠷ ᠰᠢᠷᠣᠶ ᠶᠢ ᠲᠦᠯᠦᠪᠦᠷᠢᠳᠡᠢ ᠰᠢᠯᠵᠢᠭᠦᠯᠬᠦ ᠮᠥᠩᠭᠦ ᠪᠤᠶᠤ | ᠲᠦᠷᠢᠶᠡᠰᠦᠨ ᠮᠥᠩᠭᠦ ᠶᠢᠨ 70% ᠠᠴᠠ ᠲᠣᠣᠷ᠎ᠠ ᠪᠠᠶᠢᠵᠤ ᠪᠣᠯᠬᠤ ᠦᠭᠡᠢ᠃ | ︵ᠲᠠᠪᠢᠨ ᠲᠤᠯᠤᠭ᠎ᠠ︶ ᠠᠵᠤ ᠠᠬᠤᠶᠢᠯᠠᠯ ᠤᠳ ᠭᠠᠵᠠᠷ ᠰᠢᠷᠣᠶ ᠶᠢ ᠡᠮᠬᠢᠯᠡᠨ ᠵᠠᠰᠠᠬᠤ ᠲᠥᠯᠥᠪᠵᠢᠭᠦᠯᠭᠡ ᠶᠢ | ᠦᠨᠳᠦᠰᠦᠯᠡᠨ ᠪᠡᠯᠡ ᠣᠷᠣᠭᠤᠯᠤᠭᠰᠠᠨ ᠭᠠᠵᠠᠷ ᠰᠢᠷᠣᠶ ᠶᠢ ᠡᠮᠬᠢᠯᠡᠨ ᠵᠠᠰᠠᠬᠤ ᠲᠥᠷᠥᠯ ᠵᠦᠢᠯ ᠨᠢ᠂ ᠡᠳ᠋ ᠤᠨ | ᠵᠠᠰᠠᠭ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠰᠢᠯᠭᠠᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠵᠣᠬᠢᠬᠤ ᠬᠡᠮᠵᠢᠶᠡᠨ ᠤ ᠪᠡᠯᠡ ᠮᠥᠩᠭᠦ ᠶᠢᠨ ᠨᠦᠭᠦᠪᠦᠷᠢ | ᠣᠯᠭᠤᠨ᠎ᠠ᠃ ᠡᠮᠬᠢᠯᠡᠨ ᠵᠠᠰᠠᠭᠰᠠᠨ ᠤ ᠳᠠᠷᠠᠭᠠᠬᠢ ᠭᠠᠵᠠᠷ ᠰᠢᠷᠣᠶ ᠨᠢ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠪᠠᠯ᠂ | ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠮᠠᠯᠴᠢᠨ ᠲᠠᠷᠢᠶᠠᠴᠢᠳ ᠤᠨ ᠵᠥᠪᠰᠢᠶᠡᠷᠡᠯ᠂ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠵᠦᠪᠰᠢᠶᠡᠷᠡᠯ ᠢᠶᠠᠷ ᠲᠠᠮᠵᠢᠭᠠᠳ᠂ ᠭᠠᠵᠠᠷ ᠰᠢᠷᠣᠶ ᠶᠢᠨ | ᠬᠡᠷᠡᠭᠯᠡᠯᠳᠡ ᠶᠢ ᠬᠤᠪᠢᠷᠠᠭᠤᠯᠬᠤ ᠤᠢᠭᠡᠢ ᠪᠠᠶᠢᠬᠤ ᠤᠷᠢᠲᠠᠯ ᠳᠣᠣᠷ᠎ᠠ᠂ ᠳᠠᠭᠠᠭᠠᠴᠢᠯᠠᠬᠤ ᠪᠤᠶᠤ ᠲᠦᠷᠢᠶᠡᠰᠦᠯᠡᠬᠦ ᠵᠡᠷᠭᠡ | ᠠᠷᠭ᠎ᠠ ᠮᠠᠶ᠋ᠢᠭ ᠢᠶᠠᠷ ᠬᠡᠷᠡᠭᠯᠡᠵᠦ ᠪᠣᠯᠤᠨ᠎ᠠ᠃ | ︵ᠲᠠᠪᠢᠨ ᠨᠠᠢᠮᠨ︶ ᠠᠵᠤ ᠠᠬᠤᠶᠢᠯᠠᠯ ᠤᠳ ᠲᠦᠯᠦᠪᠦᠷᠢᠳᠡᠢ ᠰᠢᠯᠵᠢᠭᠦᠯᠬᠦ ᠠᠷᠭ᠎ᠠ ᠮᠠᠶ᠋ᠢᠭ ᠢᠶᠠᠷ ᠣᠯᠤᠭᠰᠠᠨ | ᠭᠠᠵᠠᠷ ᠰᠢᠷᠣᠶ ᠪᠠᠨ ᠬᠠᠤᠯᠢ ᠶᠣᠰᠣᠭᠠᠷ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ᠂ ᠬᠠᠩᠰᠢᠯᠠᠵᠤ ᠪᠡᠯᠠ | ᠭᠠᠷᠭᠠᠨ ᠬᠤᠪᠢ ᠣᠷᠣᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠭᠤᠯᠵᠦ ᠬᠦᠢᠯᠬᠡᠬᠡᠨ ᠠᠰᠢᠨᠨᠯᠠᠵᠦ ᠪᠣᠯᠣᠨ᠎ᠠ᠃ ᠭᠠᠵᠠᠷ | ᠰᠢᠷᠣᠶ ᠶᠢᠨ ᠬᠡᠷᠡᠭᠯᠡᠯᠳᠡ ᠶᠢ ᠦᠨᠡᠨᠬᠦ ᠬᠤᠪᠢᠷᠠᠭᠤᠯᠬᠤ ᠴᠢᠬᠤᠯᠠᠳᠠᠢ ᠪᠠᠶᠢᠪᠠᠯ᠂ ᠤᠤᠯ ᠤᠨ ᠭᠠᠵᠠᠷ ᠰᠢᠷᠣᠶ ᠶᠢ | ᠲᠦᠯᠦᠪᠦᠷᠢᠳᠡᠢ ᠰᠢᠯᠵᠢᠭᠦᠯᠦᠭᠰᠡᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠭᠦ ᠶᠢᠨ ᠬᠠᠮᠲᠤ᠂ | ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠢᠶᠠᠷ ᠬᠠᠮᠢᠶ᠎ᠠ ᠪᠦᠬᠦᠢ ᠭᠠᠷᠳᠠᠮ ᠢ ᠭᠦᠢᠴᠡᠣᠡᠭᠡᠨᠠ᠂ ᠡᠭᠦᠨ ᠤ | ᠳᠣᠲᠣᠷ᠎ᠠ᠂ ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ ᠲᠤᠭᠤᠷᠢᠭ ᠲᠤᠳᠤᠷᠠᠬᠢ ᠭᠠᠵᠠᠷ ᠰᠢᠷᠣᠶ ᠶᠢᠨ | ᠬᠡᠷᠡᠭᠯᠡᠯᠲᠡ ᠶᠢ ᠬᠤᠪᠢᠷᠠᠭᠤᠯᠤᠨᠨᠰᠠᠨ ᠪᠠᠶᠢᠪᠠᠯ᠂ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ ᠤᠷᠢᠳᠠᠪᠠᠷ | ᠬᠤᠳᠠ ᠶᠢᠨ ᠲᠥᠯᠥᠪᠵᠢᠭᠦᠯᠭᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃ | ᠲᠥᠯᠥᠪᠵᠢᠭᠦᠯᠭᠡ ᠳᠤ ᠨᠡᠶᠢᠴᠡᠵᠣ᠂ ᠣᠣᠯ ᠤᠨ ᠬᠡᠷᠡᠭᠯᠡᠯᠲᠡ ᠶᠢ ᠨᠢ ᠦᠯᠦ ᠬᠤᠪᠢᠷᠠᠭᠤᠯᠬᠤ ᠤᠷᠢᠲᠠᠯ ᠳᠣᠣᠷ᠎ᠠ᠂ | ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢᠨ ᠪᠠᠭᠲᠠᠭᠠᠮᠵᠢ ᠶᠢᠨ ᠨᠤᠷᠮ᠎ᠠ ᠶᠢ ᠨᠡᠮᠡᠭᠳᠡᠭᠦᠯᠦᠭᠰᠡᠨ ᠪᠠᠶᠢᠪᠠᠯ᠂ | ᠭᠠᠵᠠᠷ ᠰᠢᠷᠣᠶ ᠶᠢᠨ ᠲᠦᠯᠦᠪᠦᠷᠢᠳᠡᠢ ᠰᠢᠯᠵᠢᠭᠦᠯᠬᠦ ᠦᠨ᠎ᠡ ᠶᠢᠨ ᠵᠣᠭᠤᠰ ᠢ ᠳᠠᠬᠢᠵᠣ ᠨᠡᠮᠡᠵᠣ ᠬᠤᠷᠢᠶᠠᠬᠤ ᠦᠭᠡᠢ᠃ | ᠠᠵᠤ ᠠᠬᠤᠶᠢᠯᠠᠯ ᠤᠨ ᠰᠢᠯᠵᠢᠭᠦᠯᠦᠨ ᠥᠭᠬᠦ ᠠᠷᠭ᠎ᠠ ᠮᠠᠶ᠋ᠢᠭ ᠢᠶᠠᠷ ᠣᠯᠤᠭᠰᠠᠨ ᠭᠠᠵᠠᠷ ᠰᠢᠷᠣᠶ ᠶᠢ ᠵᠥᠪᠰᠢᠶᠡᠷᠡᠬᠦ | ᠡᠷᠬᠡ ᠲᠠᠢ ᠠᠷᠠᠳ ᠤᠨ ᠵᠠᠰᠠᠭ ᠤᠨ ᠣᠷᠳᠣᠨ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠡᠳ᠂ ᠬᠠᠤᠯᠢ ᠳᠤ | ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠬᠠᠮᠢᠶ᠎ᠠ ᠪᠦᠬᠦᠢ ᠭᠠᠷᠳᠠᠮ ᠢ ᠬᠢᠵᠦ᠂ ᠭᠠᠵᠠᠷ ᠰᠢᠷᠣᠶ ᠶᠢ | ᠲᠦᠯᠦᠪᠦᠷᠢᠳᠡᠢ ᠰᠢᠯᠵᠢᠭᠦᠯᠬᠦ ᠮᠥᠩᠭᠦ ᠪᠠᠨ ᠨᠥᠬᠦᠪᠥᠷᠢᠯᠡᠨ ᠲᠤᠰᠢᠶᠠᠭᠰᠠᠨ ᠤ ᠳᠠᠷᠠᠭ᠎ᠠ᠂ ᠡᠵᠡᠩᠨᠡᠯᠲᠡ ᠶᠢᠨ ᠴᠢᠨᠠᠷᠲᠠᠶ | ᠨᠡᠬᠡᠬᠡᠯᠳᠡ ᠬᠢᠵᠦ ᠪᠦᠳᠦᠭᠡᠠ ᠪᠠᠶᠢᠭᠤᠯᠬᠤ ᠪᠤᠶᠤ ᠰᠢᠯᠵᠢᠭᠦᠯᠦᠨ ᠬᠤᠳᠠᠯᠳᠤᠬᠤ ᠳᠤ ᠬᠡᠷᠡᠭᠯᠡᠵᠦ ᠪᠣᠯᠤᠨ᠎ᠠ᠃ | ︵ᠲᠠᠪᠢ ᠶᠢᠰᠦ︶ ᠠᠷᠠᠳ ᠤᠨ ᠲᠤᠮᠳᠠᠬᠢ ᠬᠦᠷᠦᠩᠬᠡ ᠨᠢ ᠲᠡᠬᠢᠠ ᠬᠠᠭᠠᠯᠪᠦᠷᠢᠯᠡᠬᠰᠠᠨ ᠢ ᠵᠠᠰᠠᠬᠤ ᠶᠢ | ᠡᠭᠦᠷᠭᠡᠳᠣ ᠬᠦᠮᠣᠨ ᠢ ᠨᠢ ᠲᠤᠭᠳᠠᠭᠠᠬᠤ ᠶᠢᠨ ᠠᠷᠭ᠎ᠠ ᠦᠬᠡᠢ ᠲᠡᠦᠬᠡᠨ ᠠᠴᠠ ᠦᠯᠡᠳᠡᠭᠳᠡᠵᠣ ᠢᠷᠡᠭᠰᠡᠨ ᠦᠢᠯᠡᠳᠪᠦᠷᠢ | ᠠᠭᠤᠷᠬᠠᠶ ᠶᠢᠨ ᠬᠠᠶᠠᠭᠳᠠᠮᠠᠯ ᠭᠠᠵᠠᠷ ᠪᠠ ᠡᠵᠡᠨ ᠤᠢᠭᠡᠢ ᠪᠤᠯᠤᠬᠰᠠᠨ ᠲᠥᠯᠥᠪᠯᠡᠭᠡᠲᠦ ᠠᠵᠤ ᠠᠬᠤᠶ ᠶᠢᠨ ᠦᠶ᠎ᠡ ᠠᠴᠠ | ᠦᠯᠡᠳᠡᠭᠳᠡᠵᠣ ᠢᠷᠡᠭᠰᠡᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠲᠦᠷᠦᠯ | ᠵᠦᠢᠯ ᠳᠤ ᠪᠡᠯᠨ ᠤᠷᠤᠭᠤᠯᠤᠨᠨᠰᠠᠨ ᠪᠠᠶᠢᠪᠠᠯ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠰᠢᠯᠭᠠᠵᠦ ᠬᠤᠷᠢᠶᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠵᠣᠬᠢᠬᠤ | ᠬᠡᠮᠵᠢᠶᠡᠨ ᠤ ᠡᠳ᠋ ᠤᠨ ᠵᠠᠰᠠᠭ ᠤᠨ ᠨᠥᠬᠦᠪᠥᠷᠢ ᠣᠯᠭᠤᠨ᠎ᠠ︔ ᠳᠠᠬᠢᠨ ᠬᠠᠭᠠᠯᠪᠤᠷᠢᠯᠠᠭᠰᠠᠨ ᠤ ᠳᠠᠷᠠᠭ᠎ᠠ ᠲᠠᠷᠢᠶᠠᠯᠠᠩ᠂ | ᠮᠡᠯ ᠠᠵᠤ ᠠᠬᠤᠶ᠂ ᠤᠢ ᠰᠢᠭᠤᠶ᠂ ᠤᠰᠦᠠ ᠭᠠᠷᠣᠯᠳᠠ ᠶᠢᠨ ᠠᠵᠤ ᠦᠢᠯᠡᠰ ᠤᠨ ᠦᠢᠯᠡᠳᠪᠦᠷᠢᠯᠡᠯ ᠡᠷᠬᠢᠯᠡᠭᠰᠡᠨ | ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠳᠠᠬᠢᠨ ᠬᠠᠭᠠᠯᠪᠤᠷᠢᠯᠠᠬᠰᠠᠨ ᠢ ᠵᠠᠰᠠᠬᠤ ᠨᠢᠭᠡᠴᠨ ᠪᠤᠶᠤ ᠬᠤᠪᠢ ᠬᠥᠮᠦᠨ ᠳᠤ ᠤᠷᠢᠳᠠᠪᠠᠷ | ᠬᠡᠷᠩᠯᠡᠭᠦᠯᠵᠣ ᠪᠣᠯᠣᠨ᠎ᠠ᠃ | ︵ᠵᠢᠷᠠ︶ ᠠᠵᠤ ᠠᠬᠤᠶᠢᠯᠠᠯ ᠨᠢ ᠦᠢᠯᠡᠴᠢᠯᠡᠭᠡᠨ ᠤ ᠠᠵᠣ ᠦᠢᠯᠡᠰ ᠲᠦᠪᠯᠡᠷᠡᠭᠰᠡᠨ ᠲᠤᠭᠤᠷᠢᠭ ᠢ ᠪᠡᠯᠨ | ᠣᠷᠣᠭᠤᠯᠵᠣ ᠪᠦᠳᠣᠭᠡᠨ ᠪᠠᠶᠢᠭᠤᠯᠤᠨᠨᠰᠠᠨ ᠪᠠᠶᠢᠪᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠡᠷᠡᠭᠯᠡᠬᠦ ᠭᠠᠵᠠᠷ ᠤᠨ ᠦᠨ᠎ᠡ ᠪᠠᠷ ᠬᠡᠷᠡᠭᠵᠢᠭᠦᠯᠣᠨ᠎ᠠ᠃ ᠠᠰᠢᠭ ᠤᠯᠵᠠᠪᠤᠷᠢ ᠶᠢᠨ ᠪᠤᠰᠤ ᠴᠢᠨᠠᠷᠲᠠᠶ ᠠᠷᠠᠳ ᠠᠴᠠ | ᠡᠷᠬᠢᠯᠡᠭᠰᠡᠨ ᠰᠤᠷᠭᠠᠭᠤᠯᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠳᠦᠬᠡᠭᠳᠡᠭᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠠᠷᠢᠶᠠᠯᠠᠩ ᠠᠷᠠᠯᠵᠢᠶ᠎ᠠ ᠶᠢᠨ ᠵᠠᠬ᠎ᠠ ᠳᠡᠯᠭᠡᠭᠦᠷ ᠢ | ᠰᠢᠨ᠎ᠡ ᠪᠠᠷ ᠪᠡ ᠥᠷᠭᠡᠳᠬᠡᠨ ᠪᠠᠶᠢᠭᠤᠯᠤᠨᠨᠰᠠᠨ ᠪᠠᠶᠢᠪᠠᠯ᠂ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠲᠤ | ᠬᠡᠷᠡᠭᠯᠡᠬᠦ ᠭᠠᠵᠠᠷ ᠰᠢᠷᠦᠢ ᠶᠢᠨ ᠲᠦᠷᠦ ᠶᠢᠨ ᠪᠤᠳᠦᠯᠭ᠎ᠠ ᠶᠢ ᠬᠡᠷᠡᠭᠵᠢᠭᠦᠯᠣᠨ᠎ᠠ᠃ | ︵ᠵᠢᠷᠠᠨ ᠨᠢᠭᠡ︶ ᠠᠷᠠᠳ ᠤᠨ ᠲᠤᠮᠳᠠᠬᠢ ᠬᠦᠷᠦᠩᠬᠡ ᠪᠠᠷ ᠲᠠᠭᠠᠯᠳᠠ ᠠᠭᠤᠷᠬᠠᠢ᠂ ᠦᠯᠡᠳᠡᠭᠳᠡᠯ ᠠᠭᠤᠷᠬᠠᠢ | ᠪᠠ ᠴᠢᠨᠠᠷ ᠪᠠᠷᠣᠭᠳᠠᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠪᠡᠯᠠ ᠣᠷᠣᠭᠤᠯᠵᠤ ᠨᠡᠭᠡᠭᠡᠨ | ᠭᠦᠭᠵᠢᠭᠦᠯᠦᠭᠰᠡᠨ ᠪᠠᠶᠢᠪᠠᠯ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠥᠬᠦᠪᠥᠷᠢ ᠵᠠᠷᠤᠳᠠᠯ ᠵᠡᠷᠭᠡ | ᠲᠠᠯ᠎ᠠ ᠪᠠᠷ᠂ ᠤᠯᠤᠰ ᠤᠨ ᠥᠮᠴᠢᠯᠡᠯᠳᠣ ᠠᠭᠤᠷᠬᠠᠶ ᠶᠢᠨ ᠠᠵᠤ ᠠᠬᠤᠶᠢᠯᠠᠯ ᠲᠠᠢ ᠠᠳᠠᠯᠢ ᠪᠠᠷ ᠬᠠᠰᠤᠵᠤ | ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ | ︵ᠵᠢᠷᠠᠨ ᠬᠤᠶᠠᠷ︶ ᠠᠭᠤᠷᠬᠠᠶ ᠶᠢᠨ ᠠᠵᠤ ᠠᠬᠤᠶᠢᠯᠠᠯ ᠨᠢ ᠰᠢᠨ᠎ᠡ ᠮᠡᠷᠭᠡᠵᠢᠯ᠂ ᠰᠢᠨ᠎ᠡ ᠤᠷᠠᠯᠠᠯ ᠪᠠ ᠰᠢᠨ᠎ᠡ | ᠲᠤᠨᠤᠬ ᠲᠥᠬᠦᠭᠡᠷᠦᠮᠵᠢ ᠶᠢ ᠬᠡᠷᠡᠭᠯᠡᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠬᠡᠬᠡᠵᠦ ᠲᠠᠬᠢᠨ | ᠮᠠᠯᠲᠠᠬᠤ ᠨᠤᠷᠮ᠎ᠠ᠂ ᠬᠦᠳᠡᠷ ᠰᠢᠯᠢᠵᠦ ᠪᠤᠴᠠᠭᠠᠨ ᠬᠤᠷᠢᠶᠠᠬᠤ ᠨᠣᠷᠮ᠎ᠠ ᠪᠣᠯᠤᠨ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ ᠲᠡᠬᠡᠭᠰᠢᠯᠡᠭᠦᠯᠦᠭᠰᠡᠨ ᠪᠠᠶᠢᠪᠠᠯ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠵᠤ | ᠶᠡᠷᠦᠩᠬᠡᠶᠢᠯᠡᠨ ᠠᠰᠢᠭᠯᠠᠭᠰᠠᠨ ᠳᠤᠨᠢ ᠱᠠᠩᠨᠠᠯ ᠢᠶᠠᠷ ᠨᠦᠭᠦᠪᠣᠷᠢ ᠦᠭᠭᠦ ᠶᠢ ᠤᠷᠤᠯᠠᠭᠤᠯᠬᠤ᠂ ᠵᠢᠱᠢᠶ᠎ᠡ ᠦᠵᠡᠭᠦᠯᠬᠦ | ᠢᠨᠵᠧᠨᠧᠷᠢᠩ ᠤᠨ ᠲᠤᠰᠬᠠᠶ ᠵᠦᠢᠯ ᠤᠨ ᠪᠡᠯᠡ ᠮᠥᠩᠭᠦ ᠵᠢᠴᠢ ᠪᠣᠬᠢᠷᠲᠤᠯ ᠤᠢᠭᠡᠢ ᠠᠭᠤᠷᠬᠠᠶ ᠶᠢ ᠰᠢᠯᠭᠠᠷᠠᠭᠤᠯᠬᠤ | ᠵᠡᠷᠭᠡ ᠲᠠᠯ᠎ᠠ ᠪᠠᠷ ᠤᠷᠢᠳᠠᠪᠠᠷ ᠳᠡᠮᠵᠢᠯᠭᠡ ᠦᠵᠡᠭᠦᠯᠦᠨ᠎ᠡ᠃ | ︵ᠵᠢᠷᠠᠨ ᠭᠤᠷᠪᠠ︶ ᠠᠷᠠᠳ ᠤᠨ ᠲᠤᠮᠳᠠᠬᠢ ᠬᠦᠷᠦᠩᠬᠡ ᠶᠢᠨ ᠪᠡᠶ᠎ᠡ ᠪᠠᠨ ᠳᠠᠭᠠᠭᠠᠵᠤ ᠬᠠᠶᠢᠨ ᠪᠠᠶᠢᠴᠠᠭᠠᠬᠤ | ᠨᠢᠭᠡᠴᠡ ᠵᠣᠬᠢᠶᠠᠨ ᠪᠠᠶᠢᠭᠤᠯᠵᠤ᠂ ᠬᠠᠶᠢᠨ ᠪᠠᠶᠢᠴᠠᠭᠠᠬᠤ ᠬᠢᠷᠢ ᠬᠡᠮ ᠢ ᠭᠤᠶᠤᠴᠢᠯᠠᠬᠤ᠂ ︽ᠠᠭᠤᠷᠬᠠᠶ ᠬᠠᠶᠢᠬᠤ | ᠲᠠᠯ᠎ᠠ ᠪᠠᠷ ᠰᠢᠪᠲᠤᠯᠤᠯᠲᠠ ᠭᠠᠷᠭᠠᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ︾ ᠳᠤ ᠣᠷᠣᠯᠴᠠᠵᠤ᠂ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠳᠠ ᠥᠷᠨᠢᠭᠦᠯᠭᠦ ᠶᠢ ᠵᠦᠪᠰᠢᠶᠡᠷᠡᠨ᠎ᠠ᠃ ᠠᠷᠠᠳ ᠤᠨ ᠲᠤᠮᠳᠠᠬᠢ ᠬᠦᠷᠦᠩᠬᠡ ᠪᠣᠯᠤᠨ | ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠰᠠᠭᠤᠷᠢ ᠮᠥᠩᠭᠦ ᠬᠤᠷᠰᠢᠠ ᠪᠡᠯᠠ ᠣᠷᠣᠭᠤᠯᠵᠤ ᠪᠤᠢ ᠪᠣᠯᠤᠭᠰᠠᠨ | ᠬᠠᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠡᠯᠡ ᠣᠷᠣᠭᠤᠯᠤᠯᠲᠠ ᠶᠢᠨ ᠬᠠᠷᠢᠴᠠᠯ ᠪᠠ ᠭᠡᠷ᠎ᠡ ᠶᠢᠨ ᠪᠣᠯᠵᠣᠯ | ᠶᠣᠰᠣᠭᠠᠷ ᠰᠢᠯᠵᠢᠭᠦᠯᠦᠨ ᠬᠤᠳᠠᠯᠳᠤᠬᠰᠠᠨ ᠪᠠᠶᠢᠪᠠᠯ᠂ ᠠᠳᠠᠯᠢ ᠨᠥᠬᠦᠴᠡᠯ ᠤᠨ ᠳᠣᠣᠷ᠎ᠠ ᠠᠷᠠᠳ ᠤᠨ ᠲᠤᠮᠳᠠᠬᠢ ᠪᠡᠯᠡ | ᠣᠷᠣᠭᠤᠯᠤᠭᠰᠠᠨ ᠡᠲᠡᠭᠡᠳ ᠨᠢ ᠤᠷᠢᠳᠠᠪᠠᠷ ᠬᠤᠳᠠᠯᠳᠤᠨ ᠠᠪᠬᠤ ᠡᠷᠬᠡ ᠲᠠᠢ᠃ | ︵ᠵᠢᠷᠠᠨ ᠲᠦᠷᠪᠡ︶ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶᠢᠯᠠᠯ ᠤᠳ ᠳᠠᠮᠫᠤᠷᠠᠭᠰᠠᠨ ᠪᠤᠶᠤ | ᠡᠵᠡᠩᠨᠡᠯᠲᠡ ᠪᠠᠷᠣᠭᠳᠠᠢ ᠤᠯᠤᠰ ᠤᠨ ᠥᠮᠴᠢᠯᠡᠯᠳᠣ ᠠᠭᠤᠷᠬᠠᠶ ᠶᠢᠨ ᠠᠵᠤ ᠠᠬᠤᠶᠢᠯᠠᠯ ᠢ ᠬᠤᠳᠠᠯᠳᠤᠨ ᠠᠪᠴᠣ᠂ | ᠨᠡᠶᠢᠯᠡᠭᠦᠯᠦᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠣᠭᠡᠣᠨ᠂ ᠠᠭᠤᠷᠬᠠᠶ ᠶᠢᠨ ᠭᠠᠷᠤᠯᠲᠠ ᠲᠠᠬᠢ ᠨᠢᠭᠡᠨᠲᠡ ᠦᠨᠡᠯᠡᠨ ᠵᠢᠱᠢᠭᠡᠳ ᠬᠠᠩᠰᠢᠯᠠᠬᠰᠠᠨ ᠤ ᠬᠠᠮᠲᠤ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠲᠥᠪᠬᠢᠨᠡᠭᠦᠯᠬᠦ ᠳᠤ ᠬᠡᠷᠡᠭᠯᠡᠭᠰᠡᠨ ᠬᠡᠰᠡᠭ ᠢ ᠠᠭᠤᠷᠬᠠᠶ ᠶᠢᠨ | ᠦᠢᠯᠡᠰ ᠤᠨ ᠡᠷᠬᠡ ᠶᠢᠨ ᠵᠣᠭᠤᠰᠣᠨ ᠳᠤ ᠲᠤᠯᠭᠠᠨ ᠪᠣᠳᠣᠵᠣ ᠪᠣᠯᠤᠨ᠎ᠠ᠃ | ᠲᠤᠯᠤᠭ᠎ᠠ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠣᠨ᠎ᠠ | ︵ᠵᠢᠷᠠᠨ ᠲᠠᠪᠤ︶ ᠡᠯ᠎ᠡ ᠲᠥᠷᠥᠯ ᠤᠨ ᠠᠵᠤ ᠠᠬᠤᠶᠢᠯᠠᠯ ᠤᠨ ᠰᠲ᠋ᠣᠺ ᠤᠨ ᠡᠷᠬᠡ᠂ ᠬᠤᠭᠤᠴᠠᠭᠠᠲᠤ ᠡᠷᠬᠡ᠂ | ᠠᠰᠢᠭ ᠣᠷᠣᠯᠭ᠎ᠠ ᠬᠤᠪᠢᠶᠠᠬᠤ ᠵᠡᠷᠭᠡ ᠤᠷᠮᠠᠰᠢᠭᠤᠯᠬᠤ ᠠᠷᠭ᠎ᠠ ᠮᠠᠶ᠋ᠢᠭ ᠢᠶᠠᠷ ᠳᠡᠮᠵᠢᠭᠤᠯᠵᠣ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠤᠨ ᠰᠢᠨ᠎ᠡ ᠶᠢ ᠡᠭᠦᠳᠬᠦ ᠢᠳᠡᠪᠬᠢᠵᠢᠯ ᠢ ᠳᠠᠶᠢᠴᠢᠯᠠᠬᠤ ᠶᠢ ᠵᠣᠷᠢᠬᠵᠢᠭᠤᠯᠣᠨ᠎ᠠ᠃ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠠᠵᠢᠯ ᠦᠢᠯᠡᠰ ᠤᠨ | ᠨᠢᠭᠡᠴᠨ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠤᠷᠢᠬᠳᠠᠭᠰᠠᠨ ᠠᠵᠢᠯ ᠤᠨ ᠪᠠᠶᠢᠷᠢ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠭᠰᠡᠨ ᠤᠷᠢᠲᠠᠯ ᠳᠣᠣᠷ᠎ᠠ᠂ ᠠᠵᠤ ᠠᠬᠤᠶᠢᠯᠠᠯ ᠳᠤ ᠤᠴᠢᠵᠦ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠮᠡᠷᠭᠡᠵᠢᠯ ᠤᠨ ᠪᠤᠭᠤᠮᠳᠠ ᠰᠢᠪᠳᠣᠯᠭᠦ ᠠᠵᠢᠯ ᠳᠤ ᠲᠤᠰᠢᠶᠠᠯ | ᠬᠠᠪᠰᠤᠷᠭᠠᠪᠠᠯ ᠣᠯᠤᠭᠰᠠᠨ ᠣᠷᠣᠯᠭ᠎ᠠ ᠶᠢ ᠬᠤᠪᠢ ᠬᠥᠮᠦᠨ ᠪᠠ ᠨᠢᠭᠡᠴᠨ ᠨᠢ ᠵᠥᠪᠳᠡᠯᠴᠡᠵᠣ ᠪᠠᠶᠢᠭᠠᠣᠨ | ᠬᠤᠪᠢᠶᠠᠷᠢᠯᠠᠨ᠎ᠠ᠃ | ︵ᠵᠢᠷᠠᠨ ᠵᠢᠷᠭᠤᠭ᠎ᠠ︶ ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠨᠢ ᠠᠵᠢᠯᠯᠠᠵᠣ ᠪᠠᠶᠢᠭ᠎ᠠ | ᠨᠢᠭᠡᠴᠨ ᠪᠠᠷ ᠢᠶᠠᠨ ᠵᠥᠪᠰᠢᠶᠡᠷᠡᠭᠦᠯᠦᠭᠡᠳ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠣᠯ ᠵᠦᠢᠯ ᠪᠠ ᠦᠷ᠎ᠡ | ᠪᠦᠲᠦᠭᠡᠯ ᠢᠶᠠᠨ ᠠᠪᠴᠣ ᠠᠵᠢᠯ ᠤᠨ ᠪᠠᠶᠢᠷᠢ ᠠᠴᠠ ᠪᠠᠨ ᠰᠠᠯᠵᠦ ᠠᠳᠠᠯ ᠦᠢᠯᠡᠰ ᠴᠣᠭᠴᠠᠯᠠᠵᠣ ᠪᠤᠯᠤᠨ᠎ᠠ᠂ | ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠣᠭᠴᠠᠯᠠᠬᠤ ᠬᠤᠭᠤᠴᠠᠭ᠎ᠠ ᠶᠢ 3 ᠵᠢᠯ ᠢᠶᠠᠷ ᠨᠢᠭᠡ | ᠬᠤᠭᠤᠴᠠᠭ᠎ᠠ ᠪᠤᠯᠭᠠᠵᠦ᠂ ᠬᠠᠮᠤᠭ ᠤᠷᠳᠤ ᠳᠠᠭᠠᠨ ᠬᠤᠶᠠᠷ ᠬᠤᠭᠤᠴᠠᠭ᠎ᠠ ᠠᠴᠠ ᠬᠡᠲᠦᠷᠡᠵᠣ ᠪᠣᠯᠬᠤ ᠦᠭᠡᠢ᠃ | ᠠᠵᠢᠯ ᠤᠨ ᠪᠠᠶᠢᠷᠢ ᠠᠴᠠ ᠪᠠᠨ ᠰᠠᠯᠤᠭᠰᠠᠨ ᠬᠤᠭᠤᠴᠠᠭᠠᠨ ᠳᠤ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ | ᠴᠣᠭᠴᠠᠯᠠᠭᠴᠢ ᠨᠢ ᠤᠤᠯ ᠨᠢᠭᠡᠴᠨ ᠯᠦᠭᠡ ᠠᠵᠢᠯᠳᠠᠨ ᠤ ᠶᠠᠪᠤᠳᠠᠯ ᠤᠨ ᠬᠠᠷᠢᠴᠠᠭ᠎ᠠ ᠪᠠ ᠦᠨᠳᠦᠰᠦᠨ ᠤᠯᠭᠤᠮᠵᠢ ᠪᠠᠨ | ᠤᠤᠯ ᠶᠤᠰᠤᠭᠠᠷ ᠪᠠᠶᠢᠯᠭᠠᠨ᠂ ᠤᠤᠯ ᠨᠢᠭᠡᠴᠨ ᠨᠢ ᠠᠵᠢᠯ ᠤᠨ ᠪᠠᠶᠢᠷᠢ ᠠᠴᠠ ᠪᠠᠨ ᠰᠠᠯᠤᠭᠰᠠᠨ ᠬᠤᠭᠤᠴᠠᠭᠠᠨ ᠤ | ᠨᠡᠶᠢᠭᠡᠮ ᠤᠨ ᠳᠠᠭᠠᠳᠬᠠᠯ ᠢ ᠨᠢ ᠣᠷᠣᠯᠠᠨ ᠲᠤᠰᠢᠶᠠᠵᠤ᠂ ᠬᠡᠷᠡᠭᠰᠡᠵᠦ ᠪᠦᠭᠦᠢ ᠵᠠᠷᠤᠳᠠᠯ ᠢ ᠨᠢ ᠠᠵᠢᠯ ᠤᠨ | ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠣᠭᠴᠠᠯᠠᠭᠴᠢ ᠪᠠ ᠠᠵᠢᠯᠯᠠᠵᠣ ᠪᠠᠶᠢᠭ᠎ᠠ ᠠᠵᠤ ᠠᠬᠤᠶᠢᠯᠠᠯ | ᠬᠠᠮᠲᠤ ᠳᠠᠭᠠᠨ ᠡᠭᠦᠷᠭᠡᠯᠡᠨ᠎ᠡ︔ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠣᠭᠴᠠᠯᠠᠭᠴᠢ ᠨᠢ ᠤᠤᠯ | ᠨᠢᠭᠡᠴᠨ ᠶᠢᠨ ᠠᠵᠢᠯ ᠤᠨ ᠪᠠᠶᠢᠷᠢ ᠳᠠᠭᠠᠨ ᠪᠠᠶᠢᠭ᠎ᠠ ᠪᠤᠰᠤᠳ ᠬᠥᠮᠦᠰ ᠲᠠᠢ ᠠᠳᠠᠯᠢ ᠪᠠᠷ ᠲᠤᠰᠬᠠᠶ ᠮᠡᠷᠭᠡᠵᠢᠯ ᠤᠨ | ᠲᠤᠰᠢᠶᠠᠯ ᠢ ᠰᠢᠯᠭᠠᠨ ᠲᠣᠭᠲᠠᠭᠠᠵᠤ ᠤᠷᠢᠨ ᠬᠡᠷᠡᠭᠯᠡᠬᠦ ᠪᠠ ᠠᠵᠢᠯ ᠤᠨ ᠪᠠᠶᠢᠷᠢ ᠶᠢᠨ ᠵᠡᠷᠭᠡ ᠳᠡᠰ ᠢ ᠳᠡᠪᠰᠢᠭᠦᠯᠬᠦ ᠳᠤ | ᠤᠷᠤᠯᠴᠠᠬᠤ ᠡᠷᠬᠡ ᠲᠠᠢ︔ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ ᠴᠤᠨᠨᠴᠠᠯᠬᠠᠴᠢᠳ ᠨᠡᠶᠢᠭᠡᠮ ᠤᠨ | ᠳᠠᠭᠠᠳᠬᠠᠯ ᠢ ᠲᠣᠭᠲᠠᠭᠠᠯ ᠶᠣᠰᠣᠭᠠᠷ ᠲᠣᠰᠢᠶᠠᠭᠰᠠᠨ ᠪᠠᠶᠢᠪᠠᠯ᠂ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ | ᠦᠢᠯᠡᠰ ᠴᠣᠭᠴᠠᠯᠠᠬᠤ ᠬᠤᠭᠤᠴᠠᠭᠠᠨ ᠤ ᠠᠵᠢᠯᠯᠠᠭᠰᠠᠨ ᠤᠨ ᠵᠢᠯ ᠢ ᠨᠢ ᠦᠷᠭᠦᠯᠵᠢᠯᠡᠨ ᠪᠤᠳᠦᠨ᠎ᠠ᠃ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠡᠭᠦᠷᠬᠡ ᠴᠢᠳᠠᠪᠤᠷᠢᠳᠤ ᠰᠠᠯᠠᠭ᠎ᠠ | ᠮᠥᠴᠢᠷ ᠤᠨ ᠤᠳᠤᠷᠢᠳᠬᠤ ᠲᠤᠰᠢᠶᠠᠯ ᠢ ᠡᠭᠦᠷᠭᠡᠯᠡᠭᠴᠢ ᠨᠢ᠂ ᠤᠳᠤᠷᠢᠳᠬᠤ ᠲᠤᠰᠢᠶᠠᠯ ᠠᠴᠠ ᠪᠠᠨ ᠰᠠᠯᠤᠬᠰᠠᠨ ᠤ | ᠳᠠᠷᠠᠭ᠎ᠠ᠂ ᠰᠢᠨᠵᠢᠯᠡᠬᠦ ᠤᠬᠠᠭᠠᠨ ᠰᠤᠳᠤᠯᠭᠠᠨ ᠤ ᠠᠵᠢᠯᠲᠠᠨ ᠤ ᠪᠡᠶ᠎ᠡ ᠭᠡᠮ ᠢᠶᠠᠷ ᠠᠵᠢᠯ ᠤᠨ ᠪᠠᠶᠢᠷᠢ ᠠᠴᠠ ᠪᠠᠨ | ᠰᠠᠯᠵᠣ ᠠᠳᠠᠯ ᠦᠢᠯᠡᠰ ᠴᠤᠨᠨᠴᠠᠯᠠᠵᠦ ᠪᠣᠯᠤᠨ᠎ᠠ᠃ ᠠᠵᠢᠯ ᠤᠨ ᠪᠠᠶᠢᠷᠢ ᠠᠴᠠ ᠪᠠᠨ ᠰᠠᠯᠵᠣ ᠠᠳᠠᠯ ᠦᠢᠯᠡᠰ | ᠴᠣᠭᠴᠠᠯᠠᠬᠤ ᠬᠤᠭᠤᠴᠠᠭᠠᠨ ᠳᠤ ᠣᠣᠯ ᠨᠢᠬᠡᠴᠡ ᠳᠡᠭᠡᠨ ᠪᠤᠴᠠᠭᠰᠠᠨ ᠪᠠᠶᠢᠪᠠᠯ᠂ ᠨᠢᠭᠡᠴᠨ ᠨᠢ ᠵᠤᠬᠢᠬᠤ ᠲᠤᠰᠬᠠᠶ | ᠮᠡᠷᠭᠡᠵᠢᠯ ᠤᠨ ᠲᠤᠰᠢᠶᠠᠯ ᠶᠣᠰᠣᠭᠠᠷ ᠠᠵᠢᠯ ᠤᠨ ᠪᠠᠶᠢᠷᠢ ᠳᠤ ᠤᠷᠢᠨ ᠲᠣᠮᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠡᠵᠡᠮᠰᠢᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠳ ᠢ | ᠵᠤᠷᠢᠬᠵᠢᠭᠤᠯᠵᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠡᠭᠦᠳᠦᠨ ᠪᠠᠶᠢᠭᠤᠯᠬᠤ ᠶᠢᠨ | ᠬᠠᠮᠳᠣ᠂ ᠠᠵᠤ ᠠᠬᠤᠶᠢᠯᠠᠯ ᠤᠨ ᠰᠲ᠋ᠣᠺ ᠤᠨ ᠡᠷᠬᠡ ᠲᠠᠢ ᠪᠤᠯᠭᠠᠨ᠎ᠠ᠃ | ︵ᠵᠢᠷᠠᠨ ᠲᠤᠯᠤᠭ᠎ᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠬᠠᠮᠲᠤᠪᠠᠷ ᠭᠦᠷᠳᠡᠭᠦ ᠨᠢᠭᠡᠳᠦᠯᠲᠡᠶ ᠲᠠᠪᠴᠠᠩ ᠢ ᠪᠠᠶᠢᠭᠤᠯᠵᠣ᠂ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠣᠨ᠂ | ᠨᠡᠶᠢᠭᠡᠮ᠂ ᠠᠵᠤ ᠠᠬᠤᠶᠢᠯᠠᠯ ᠳᠤ ᠠᠵᠢᠯ ᠬᠡᠷᠡᠭ ᠬᠦᠢᠴᠡᠳᠬᠡᠬᠦ ᠲᠡᠰ ᠳᠠᠷᠠᠭᠠᠯᠠᠯ ᠪᠣᠯᠤᠨ ᠴᠠᠭ ᠬᠤᠭᠤᠴᠠᠭ᠎ᠠ ᠪᠠᠨ | ᠢᠯᠡ ᠪᠣᠯᠭᠠᠵᠣ᠂ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠤᠳᠤᠯᠭ᠎ᠠ᠂ ᠪᠡᠯᠡ | ᠣᠷᠣᠭᠤᠯᠤᠯᠲᠠ ᠶᠢᠨ ᠲᠦᠷᠦ ᠶᠢᠨ ᠪᠤᠳᠤᠯᠭ᠎ᠠ ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ᠂ ᠮᠥᠩᠭᠦᠨ | ᠭᠦᠢᠯᠭᠡᠭᠡᠨ ᠤ ᠲᠦᠷᠦ ᠶᠢᠨ ᠪᠤᠳᠤᠯᠭ᠎ᠠ᠂ ᠰᠦᠢᠳᠬᠡᠯ ᠬᠤᠷᠢᠶᠠᠬᠤ ᠲᠦᠷᠦᠯ ᠵᠦᠢᠯ ᠵᠢᠴᠢ ᠪᠠᠷᠢᠮᠵᠢᠶ᠎ᠠ᠂ ᠪᠦᠷᠢᠳᠬᠡᠨ | ᠳᠠᠩᠰᠠᠯᠠᠭᠤᠯᠬᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠵᠡᠷᠭᠡ | ᠮᠡᠳᠡᠭᠡ ᠵᠠᠩᠭᠢ ᠶᠢ ᠴᠠᠭ ᠲᠣᠬᠠᠢ ᠳᠤᠨᠢ ᠨᠠᠶᠢᠳᠡᠯᠡᠨ᠎ᠠ᠃ | ︵ᠵᠢᠷᠠᠨ ᠨᠠᠢᠮᠨ︶ ᠭᠡᠷᠡᠴᠢ ᠦᠨᠡᠮᠯᠡᠯ ᠢ ᠭᠦᠢᠴᠡᠳᠬᠡᠬᠦ ᠴᠠᠭ ᠢ ᠨᠢ ᠪᠣᠭᠤᠨᠢᠰᠬᠠᠨ᠎ᠠ᠃ ᠢᠳᠡᠭᠡᠨ ᠤ | ᠭᠦᠢᠯᠬᠡᠬᠡᠨ ᠤ ᠵᠥᠪᠰᠢᠶᠡᠷᠡᠯ ᠠᠴᠠ ᠪᠤᠰᠤᠳ᠂ ᠡᠯ᠎ᠡ ᠲᠥᠷᠥᠯ ᠤᠨ ᠠᠵᠤ ᠠᠬᠤᠶᠢᠯᠠᠯ ᠤᠨ ᠳᠠᠩᠰᠠᠯᠠᠭᠤᠯᠤᠨ | ᠵᠥᠪᠰᠢᠶᠡᠷᠡᠭᠦᠯᠬᠦ ᠭᠤᠶᠤᠴᠢᠯᠠᠯ ᠢ 7 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠭᠦ ᠬᠡᠷᠡᠭᠲᠡᠶ᠃ ᠠᠵᠤ ᠠᠬᠤᠶᠢᠯᠠᠯ | ᠪᠠᠶᠢᠭᠤᠯᠵᠦ ᠲᠠᠩᠰᠠᠯᠠᠭᠤᠯᠬᠤ᠂ ᠲᠠᠩᠰᠠᠯᠠᠯ ᠢᠶᠠᠨ ᠬᠤᠪᠢᠷᠠᠭᠤᠯᠬᠤ ᠶᠢ ᠭᠦᠢᠴᠡᠳᠬᠡᠯᠬᠡᠭᠦ ᠪᠠᠷ ᠭᠤᠶᠤᠴᠢᠯᠠᠬᠰᠠᠨ ᠨᠢ | ᠨᠥᠬᠦᠴᠡᠯ ᠲᠤ ᠨᠡᠶᠢᠴᠡᠭᠰᠡᠨ ᠪᠠᠶᠢᠪᠠᠯ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 5 ᠠᠵᠢᠯᠯᠠᠬᠤ ᠡᠳᠦᠷ ᠪᠣᠯᠭᠠᠨ | ᠪᠣᠭᠤᠨᠢᠰᠬᠠᠨ᠎ᠠ︔ ᠨᠡᠷᠡᠶᠢᠳᠦᠯ ᠳᠠᠩᠰᠠᠯᠠᠭᠤᠯᠬᠤ ᠪᠠᠷ ᠭᠤᠶᠤᠴᠢᠯᠠᠭᠰᠠᠨ ᠪᠠᠶᠢᠪᠠᠯ᠂ ᠲᠤᠰ ᠡᠳᠦᠷ ᠲᠤᠨᠢ ᠬᠦᠯᠢᠶᠡᠠ | ᠠᠪᠴᠤ ᠰᠶᠢᠳᠪᠦᠷᠢᠯᠡᠵᠦ᠂ ᠲᠤᠰ ᠡᠳᠦᠷ ᠲᠤᠨᠢ ᠬᠠᠷᠭᠤᠭᠤᠯᠤᠨ ᠵᠥᠪᠰᠢᠶᠡᠷᠡᠵᠦ᠂ ᠲᠡᠷᠡ ᠳᠠᠷᠤᠶ ᠳᠤᠨᠢ | ᠬᠦᠢᠴᠡᠳᠬᠡᠵᠦ ᠲᠠᠭᠤᠰᠬᠠᠬᠤ ᠲᠦᠷᠢᠮ ᠢ ᠬᠡᠷᠩᠵᠢᠭᠦᠯᠣᠨ᠎ᠠ᠃ | ︵ᠵᠢᠷᠠ ᠶᠢᠰᠦ︶ ᠲᠥᠷᠥᠯ ᠵᠦᠢᠯ ᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠳᠥᠭᠦᠮᠴᠢᠯᠡᠨᠠ᠃ ᠬᠢᠨᠠᠨ | ᠵᠥᠪᠰᠢᠶᠡᠷᠡᠭᠦ᠂ ᠬᠠᠷᠭᠤᠭᠤᠯᠣᠨ ᠵᠦᠪᠰᠢᠶᠡᠷᠡᠬᠦ ᠲᠦᠷᠦᠯ ᠵᠦᠢᠯ ᠤᠨ ᠴᠢᠬᠤᠯᠠ ᠮᠠᠲ᠋ᠧᠷᠢᠶᠠᠯ ᠪᠠ ᠭᠠᠷᠳᠠᠮ ᠨᠢ ᠪᠦᠷᠢᠨ | ᠭᠦᠢᠴᠡᠳ ᠪᠠᠶᠢᠪᠠᠯ᠂ 15 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠭᠦ᠂ ᠬᠠᠷᠭᠤᠭᠤᠯᠣᠨ | ᠵᠦᠪᠰᠢᠶᠡᠷᠡᠬᠦ ᠶᠢ ᠪᠡᠶᠡᠯᠡᠭᠦᠯᠣᠨ᠎ᠠ︔ ᠪᠦᠷᠢᠳᠬᠡᠨ ᠳᠠᠩᠰᠠᠯᠠᠭᠤᠯᠬᠤ ᠲᠦᠷᠦᠯ ᠤᠨ ᠲᠦᠷᠦᠯ ᠵᠦᠢᠯ ᠳᠤ ᠶᠠᠮᠠᠷᠪᠠ | ᠤᠷᠢᠳᠠᠴᠢ ᠨᠥᠬᠦᠴᠡᠯ ᠲᠤᠷᠠᠳᠬᠤ ᠤᠢᠭᠡᠢ ᠪᠠᠶᠢᠵᠦ᠂ 5 ᠠᠵᠢᠯᠯᠠᠬᠤ ᠡᠳᠦᠷ ᠤᠨ ᠳᠣᠲᠣᠷ᠎ᠠ ᠪᠦᠷᠢᠳᠬᠡᠨ | ᠳᠠᠩᠰᠠᠯᠠᠭᠤᠯᠬᠤ ᠶᠢ ᠪᠡᠶᠡᠯᠡᠭᠦᠯᠣᠨ᠎ᠠ︔ ᠣᠯᠣᠰ ᠤᠨ ᠠᠵᠤ ᠦᠢᠯᠡᠰ ᠤᠨ ᠲᠥᠷᠥ ᠶᠢᠨ ᠪᠤᠳᠤᠯᠭ᠎ᠠ ᠳᠤ ᠨᠠᠶᠢᠴᠡᠭᠰᠡᠨ | 500 ᠲᠦᠮᠡᠨ ᠲᠥᠭᠦᠷᠢᠭ ᠠᠴᠠ ᠳᠣᠷᠣᠭᠰᠢ ᠪᠡᠯᠡ ᠣᠷᠣᠭᠤᠯᠤᠭᠰᠠᠨ ᠲᠦᠷᠦᠯ ᠵᠦᠢᠯ ᠳᠤ ᠪᠦᠷᠢᠳᠬᠡᠨ | ᠳᠠᠩᠰᠠᠯᠠᠭᠤᠯᠵᠤ ᠮᠡᠳᠡᠭᠳᠡᠬᠦ ᠶᠢ ᠬᠡᠷᠡᠭᠵᠢᠭᠦᠯᠣᠨ᠎ᠠ᠃ | ︵ᠲᠡᠯ᠎ᠠ︶ ᠲᠤᠰᠠᠭᠠᠷ ᠪᠠᠶᠢᠴᠨ ᠰᠣᠩᠭᠤᠬᠤ ᠨᠥᠬᠦᠴᠡᠯ ᠳᠤ ᠨᠡᠶᠢᠴᠡᠬᠦ ᠭᠠᠵᠠᠷ ᠬᠡᠷᠡᠭᠯᠡᠬᠦ ᠲᠥᠷᠥᠯ ᠵᠦᠢᠯ ᠨᠢ | ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷᠯᠠᠯ ᠳᠤ ᠪᠠᠶᠢᠪᠡᠯ᠂ ᠭᠠᠵᠠᠷ ᠰᠢᠷᠣᠶ | ᠳᠠᠳᠠᠪᠣᠷᠢᠯᠠᠨ ᠰᠢᠯᠵᠢᠭᠦᠯᠭᠦ ᠶᠢ ᠬᠠᠮᠲᠤ ᠳᠤᠨᠢ ᠭᠦᠢᠴᠡᠣᠡᠭᠡᠭᠦ ᠶᠢ ᠬᠡᠷᠩᠵᠢᠭᠦᠯᠣᠨ᠎ᠠ︔ ᠭᠠᠵᠠᠷ ᠰᠢᠷᠣᠶ ᠶᠢ ᠠᠰᠢᠭᠯᠠᠬᠤ | ᠶᠡᠷᠦᠩᠬᠡᠶ ᠲᠥᠯᠥᠪᠵᠢᠭᠦᠯᠭᠡ ᠳᠤ ᠲᠣᠭᠲᠠᠭᠠᠭᠰᠠᠨ ᠬᠤᠲᠠ ᠪᠠᠯᠭᠠᠰᠤ ᠶᠢᠨ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠭᠦᠷᠢᠶ᠎ᠡ ᠬᠡᠪᠴᠢᠶ᠎ᠡ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠦᠢᠯᠡᠴᠢᠯᠡᠭᠡᠨ ᠤ ᠦᠢᠯᠡᠰ | ᠲᠦᠪᠯᠡᠷᠡᠭᠰᠡᠨ ᠲᠤᠭᠤᠷᠢᠭ ᠤᠨ ᠭᠦᠷᠢᠶ᠎ᠡ ᠬᠡᠪᠴᠢᠶ᠎ᠡ ᠳᠤ ᠪᠠᠶᠢᠪᠠᠯ᠂ ᠪᠦᠯᠦᠭ ᠣᠳᠠᠭ᠎ᠠ ᠬᠤᠪᠢᠶᠠᠨ ᠭᠠᠵᠠᠷ ᠬᠡᠷᠡᠭᠯᠡᠬᠦ | ᠠᠷᠭ᠎ᠠ ᠮᠠᠶ᠋ᠢᠭ ᠶᠤᠰᠤᠭᠠᠷ ᠮᠡᠳᠡᠭᠦᠯᠦᠨ ᠵᠥᠪᠰᠢᠶᠡᠷᠡᠭᠦᠯᠵᠦ᠂ ᠲᠠᠬᠢᠭᠠᠳ ᠪᠣᠳᠠᠲᠠᠶ ᠲᠦᠷᠦᠯ ᠵᠦᠢᠯ ᠶᠤᠰᠤᠭᠠᠷ ᠭᠠᠵᠠᠷ | ᠬᠠᠩᠭᠠᠬᠤ ᠭᠠᠷᠳᠠᠮ ᠢ ᠭᠦᠢᠴᠡᠳᠬᠡᠨ᠎ᠠ︔ ᠬᠡᠷᠡᠭᠯᠡᠬᠦ ᠭᠠᠵᠠᠷ ᠢ ᠬᠢᠨᠠᠨ ᠪᠠᠶᠢᠴᠠᠭᠠᠬᠤ᠂ ᠬᠢᠨᠠᠨ ᠵᠥᠪᠰᠢᠶᠡᠷᠡᠬᠦ᠂ | ᠳᠠᠩᠰᠠᠯᠠᠵᠤ ᠲᠡᠮᠳᠡᠭᠯᠡᠬᠦ᠂ ᠦᠨᠡᠮᠯᠡᠯ ᠣᠯᠭᠤᠬᠤ ᠵᠡᠷᠭᠡ ᠴᠢᠬᠤᠯᠠ ᠮᠠᠲ᠋ᠧᠷᠢᠶᠠᠯ ᠪᠠ ᠭᠠᠷᠳᠠᠮ ᠨᠢ ᠪᠦᠷᠢᠨ ᠭᠦᠢᠴᠡᠳ | ᠪᠠᠶᠢᠪᠠᠯ 15 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠶ᠃ | ︵ᠳᠠᠯᠠᠨ ᠨᠢᠭᠡ︶ ᠤᠷᠢᠳᠴᠢᠯᠠᠨ ᠤᠷᠤᠯᠴᠠᠬᠤ᠂ ᠮᠥᠷᠳᠡᠨ ᠰᠢᠮᠳᠠᠭᠤᠯᠵᠦ ᠭᠦᠢᠴᠡᠳᠬᠡᠬᠦ ᠵᠡᠷᠭᠡ ᠠᠷᠭ᠎ᠠ | ᠬᠡᠮᠵᠢᠶ᠎ᠡ ᠶᠢ ᠠᠪᠴᠣ᠂ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢᠨ ᠭᠦᠢᠴᠡᠳᠬᠡᠬᠦ ᠲᠤᠭ᠎ᠠ ᠶᠢ ᠡᠵᠡᠮᠰᠢᠭᠰᠡᠨ᠂ | ᠬᠦᠨᠳᠦ ᠲᠡᠮᠦᠷᠯᠢᠭ᠂ ᠠᠶᠤᠯᠳᠣ ᠬᠢᠮᠢ ᠶᠢᠨ ᠵᠦᠢᠯ ᠵᠢᠴᠢ ᠬᠦᠨᠳᠡᠬᠦᠷ ᠭᠠᠵᠠᠷ ᠣᠷᠣᠨ ᠳᠤ ᠦᠯᠦ ᠬᠤᠯᠪᠣᠭᠳᠠᠬᠤ | ᠲᠦᠷᠣᠯ ᠵᠦᠢᠯ ᠳᠤ ᠤᠷᠴᠢᠨ ᠨᠦᠭᠦᠴᠡᠯ ᠢ ᠦᠨᠡᠯᠡᠵᠣ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠨ᠎ᠠ᠂ | ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ᠂ ᠮᠡᠳᠡᠭᠦᠯᠦᠯᠲᠡ ᠶᠢᠨ ᠬᠦᠰᠦᠨᠦᠭᠲᠦ ᠶᠢ | ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠨᠢ ᠲᠤᠰ ᠲᠤᠰ 30 ᠪᠡ 15 ᠠᠵᠢᠯᠯᠠᠬᠤ ᠡᠳᠦᠷ ᠪᠣᠯᠭᠠᠨ | ᠪᠣᠭᠤᠨᠢᠰᠬᠠᠵᠣ᠂ ᠲᠠᠩᠰᠠᠯᠠᠵᠦ ᠲᠡᠮᠳᠡᠭᠯᠡᠬᠦ ᠬᠦᠰᠦᠨᠦᠭᠳᠣ ᠶᠢᠨ ᠲᠥᠷᠥᠯ ᠵᠦᠢᠯ ᠢ ᠳᠠᠬᠢᠨ ᠬᠢᠨᠠᠨ ᠵᠥᠪᠰᠢᠶᠡᠷᠡᠬᠦ ᠦᠭᠡᠢ | ᠪᠠᠶᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ | ᠳᠠᠩᠰᠠᠯᠠᠭᠤᠯᠪᠡᠯ ᠪᠣᠯᠴᠢᠬᠠᠨ᠎ᠠ᠃ | ︵ᠳᠠᠯᠠᠨ ᠬᠤᠶᠠᠷ︶ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠦᠷᠦᠯ ᠵᠦᠢᠯ ᠨᠢ ᠨᠢᠭᠡᠨᠳᠠ ᠭᠠᠵᠠᠷ | ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠲᠥᠯᠥᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠶᠢᠨ ᠶᠠᠰᠤ ᠴᠢᠨᠠᠷ ᠲᠤ | ᠬᠢᠨᠠᠯᠲᠠ ᠲᠠᠯᠪᠢᠬᠤ ᠵᠡᠷᠭᠡ ᠬᠠᠮᠢᠶ᠎ᠠ ᠪᠦᠬᠦᠢ ᠭᠠᠷᠳᠠᠮ ᠢᠶᠠᠨ ᠭᠦᠢᠴᠡᠳᠬᠡᠵᠣ᠂ ᠪᠠᠷᠢᠯᠭ᠎ᠠ ᠪᠠᠷᠢᠬᠤ ᠠᠵᠤ | ᠠᠬᠤᠶᠢᠯᠠᠯ ᠢᠶᠠᠨ ᠨᠢᠭᠡᠨᠲᠡ ᠲᠣᠭᠲᠠᠵᠣ᠂ ᠪᠠᠷᠢᠯᠭ᠎ᠠ ᠶᠢᠨ ᠵᠢᠷᠤᠭ ᠤᠨ ᠬᠢᠨᠠᠨ ᠪᠠᠶᠢᠴᠠᠭᠠᠯᠳᠠ ᠵᠠᠪᠠᠯ ᠬᠢᠭᠦ ᠲᠦᠷᠦᠯ | ᠵᠦᠢᠯ ᠤᠨ ᠰᠢᠷᠣᠶ ᠮᠣᠳᠣᠨ ᠤ ᠪᠠᠷᠢᠯᠭ᠎ᠠ ᠪᠠᠷᠢᠬᠤ ᠵᠢᠷᠤᠭ ᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ 3 | ᠠᠵᠢᠯᠯᠠᠬᠤ ᠡᠳᠦᠷ ᠤᠨ ᠳᠣᠲᠣᠷ᠎ᠠ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠵᠦ ᠳᠠᠭᠤᠰᠬᠠᠬᠤ | ᠬᠡᠷᠩᠳᠠᠢ᠃ ᠪᠠᠷᠢᠯᠭ᠎ᠠ ᠪᠠᠷᠢᠬᠤ ᠶᠢ ᠵᠥᠪᠰᠢᠶᠡᠷᠡᠭᠰᠡᠨ ᠤ ᠲᠡᠷᠠᠭ᠎ᠠ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ | ᠪᠠᠷᠢᠯᠭ᠎ᠠ ᠪᠠᠷᠢᠬᠤ ᠶᠠᠪᠤᠴᠠ ᠳᠠᠬᠢ ᠶᠠᠰᠤ ᠴᠢᠨᠠᠷ ᠲᠤ ᠬᠢᠨᠠᠯᠲᠠ ᠳᠠᠯᠪᠢᠵᠣ ᠬᠠᠮᠢᠶᠠᠷᠬᠤ ᠪᠠᠨ ᠴᠢᠩᠭᠠᠣᠠᠬᠠᠬᠤ | ᠬᠡᠷᠩᠳᠠᠢ᠃ | ︵ᠳᠠᠯᠠᠨ ᠭᠤᠷᠪᠠ︶ ᠶᠠᠮᠠᠷᠪᠠ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠵᠢᠴᠢ ᠡᠯ᠎ᠡ ᠲᠦᠷᠦᠯ ᠤᠨ | ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ ᠵᠡᠷᠭᠡ ᠨᠡᠶᠢᠭᠡᠮ ᠤᠨ ᠪᠦᠯᠬᠦᠮ ᠤᠳ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠴᠠ ᠵᠠᠷᠤᠳᠠᠯ ᠰᠦᠢᠳᠬᠡᠯ ᠲᠡᠰᠬᠡᠨ ᠬᠤᠷᠢᠶᠠᠬᠤ ᠶᠢ ᠴᠢᠩᠭ᠎ᠠ | ᠬᠤᠷᠢᠬᠯᠠᠨ᠎ᠠ᠂ ᠬᠠᠤᠯᠢ ᠲᠣᠭᠲᠠᠭᠠᠯ ᠠᠴᠠ ᠵᠥᠷᠢᠴᠡᠵᠣ ᠪᠠᠶᠢᠴᠠᠭᠠᠬᠤ᠂ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ | ᠥᠷᠨᠢᠭᠦᠯᠭᠦ ᠶᠢ ᠴᠢᠩᠭ᠎ᠠ ᠬᠤᠷᠢᠬᠯᠠᠨ᠎ᠠ᠂ ᠲᠤᠰᠬᠠᠶ ᠬᠡᠷᠡᠭᠯᠡᠬᠡᠨ ᠤ ᠦᠢᠯᠡᠳᠬᠦᠨ ᠢ ᠠᠯᠪᠠᠳᠠᠨ ᠵᠢᠭᠠᠵᠦ ᠬᠤᠳᠠᠯᠳᠤᠨ | ᠠᠪᠤᠭᠤᠯᠬᠤ ᠪᠠ ᠲᠥᠯᠥᠪᠦᠷᠢᠲᠦ ᠦᠢᠯᠡᠴᠢᠯᠡᠭᠡ ᠬᠦᠯᠢᠶᠡᠠ ᠠᠪᠤᠭᠤᠯᠬᠤ ᠶᠢ ᠴᠢᠩᠭ᠎ᠠ ᠬᠤᠷᠢᠬᠯᠠᠨ᠎ᠠ᠃ ᠡᠯ᠎ᠡ | ᠲᠦᠷᠦᠯ ᠤᠨ ᠬᠢᠨᠠᠨ ᠪᠣᠳᠣᠬᠤ᠂ ᠪᠠᠶᠢᠴᠠᠭᠠᠬᠤ᠂ ᠠᠳᠠᠯᠢᠳᠬᠠᠨ ᠰᠢᠯᠭᠠᠷᠠᠭᠤᠯᠬᠤ ᠵᠡᠷᠭᠡ ᠶᠢ ᠨᠡᠶᠢᠲᠡ ᠶᠢᠨ | ᠥᠮᠴᠢᠯᠡᠯᠳᠣ ᠪᠣᠰᠣ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯᠳᠣ ᠠᠵᠤ ᠠᠬᠤᠶᠢᠯᠠᠯ ᠳᠤ ᠠᠳᠠᠯᠢ ᠲᠡᠭᠰᠢ ᠪᠠᠷ | ᠶᠠᠪᠤᠭᠤᠯᠤᠨ᠎ᠠ᠃ ︽ᠬᠤᠣᠰ ᠢ ᠲᠠᠰᠢᠷᠠᠮ ᠢᠶᠠᠷ ᠬᠦᠢᠴᠡᠳᠬᠡᠵᠦ᠂ ᠨᠢᠭᠡ ᠶᠢ ᠢᠯᠡ ᠪᠣᠯᠭᠠᠬᠤ︾ ᠬᠢᠨᠠᠯᠳᠠ | ᠬᠠᠮᠢᠶᠠᠷᠣᠯᠳᠠ ᠶᠢᠨ ᠠᠷᠭ᠎ᠠ ᠮᠠᠶ᠋ᠢᠭ ᠢ ᠲᠦᠷᠬᠡᠳᠬᠡᠨ ᠬᠡᠷᠡᠭᠵᠢᠭᠦᠯᠵᠦ᠂ ᠪᠠᠶᠢᠴᠠᠭᠠᠠᠬᠤ ᠡᠲᠡᠭᠡᠳ ᠢᠶᠠᠨ ᠳᠠᠰᠢᠷᠠᠮ | ᠲᠠᠭᠠᠤ ᠰᠤᠩᠭᠤᠵᠦ᠂ ᠬᠠᠤᠯᠢ ᠬᠡᠷᠡᠭᠵᠢᠭᠦᠯᠵᠣ ᠪᠠᠶᠢᠴᠠᠭᠠᠬᠤ ᠠᠵᠢᠯᠳᠡᠠ ᠢᠶᠠᠨ ᠲᠠᠰᠢᠷᠠᠮ ᠲᠠᠭᠠᠤ ᠰᠣᠩᠭᠤᠨ | ᠲᠣᠮᠢᠯᠠᠵᠤ᠂ ᠪᠠᠶᠢᠴᠠᠭᠠᠨ ᠰᠢᠢᠣᠡᠪᠣᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠨᠡᠶᠢᠲᠡᠯᠡᠵᠣ᠂ ᠬᠢᠨᠠᠯᠳᠠ | ᠬᠠᠮᠢᠶᠠᠷᠣᠯᠳᠠ ᠶᠢᠨ ᠡᠷᠭᠡ ᠳᠡᠭᠰᠢ ᠴᠢᠨᠠᠷ᠂ ᠵᠢᠷᠤᠮᠵᠢᠯᠳᠣ ᠴᠢᠨᠠᠷ ᠪᠠ ᠲᠦᠭᠦᠮ ᠠᠪᠰᠠᠷ ᠴᠢᠨᠠᠷ ᠲᠠᠢ ᠪᠠᠶᠢᠬᠤ ᠶᠢ | ᠪᠡᠶᠡᠯᠡᠭᠦᠯᠣᠨ᠎ᠠ᠃ | ︵ᠳᠠᠯᠠᠨ ᠳᠦᠷᠪᠡ︶ ᠵᠡᠭᠠᠯᠳᠦᠬᠤ ᠲᠣᠭᠲᠠᠴᠠ ᠶᠢ ᠪᠦᠷᠢᠡᠰᠢᠬᠦᠯᠣᠨ᠂ ᠡᠯ᠎ᠡ ᠱᠠᠲᠤᠨ ᠤ ᠬᠢᠨᠠᠨ ᠪᠠᠶᠢᠴᠠᠭᠠᠬᠤ | ᠰᠠᠯᠠᠭ᠎ᠠ ᠮᠥᠴᠢᠷ ᠪᠠ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠷᠬᠡ ᠠᠰᠢᠭ ᠢ ᠬᠠᠮᠠᠭᠠᠯᠠᠬᠤ ᠵᠡᠭᠠᠯᠳᠦᠬᠤ | ᠲᠥᠪ ᠨᠢ ᠠᠵᠤ ᠠᠬᠤᠶᠢᠯᠠᠯ ᠤᠨ ᠵᠡᠭᠠᠯᠳᠦᠵᠦ ᠢᠯᠡᠴᠢᠯᠡᠨ ᠮᠡᠳᠡᠭᠦᠯᠦᠭᠰᠡᠨ ᠵᠦᠢᠯ ᠢ ᠴᠠᠭ ᠲᠤᠬᠠᠶ ᠳᠤᠨᠢ ᠬᠦᠯᠢᠶᠡᠨ | ᠠᠪᠴᠤ ᠰᠶᠢᠳᠪᠦᠷᠢᠯᠡᠨ᠂ ᠲᠣᠭᠲᠠᠭᠰᠠᠨ ᠴᠠᠭ ᠬᠤᠭᠤᠴᠠᠭ᠎ᠠ ᠳᠤ ᠵᠡᠭᠠᠯᠳᠦᠬᠰᠡᠠ ᠵᠦᠢᠯᠡᠰ ᠢ ᠰᠢᠢᠣᠡᠪᠣᠷᠢᠯᠡᠭᠰᠡᠨ | ᠪᠠᠶᠢᠳᠠᠯ ᠤᠨ ᠬᠠᠷᠢᠭᠤᠯᠳᠠ ᠦᠭᠭᠦ ᠬᠡᠷᠩᠳᠠᠢ᠃ ᠪᠠᠶᠢᠴᠠᠭᠠᠨ ᠰᠤᠷᠪᠤᠯᠵᠢᠯᠠᠬᠤ ᠪᠡ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠪᠦᠷᠢᠨᠰᠢᠭᠦᠯᠵᠣ᠂ ︽ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ | ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠲᠡᠰᠬᠡᠬᠦ︾ ᠤᠢᠢᠯᠠ ᠠᠵᠢᠯᠯᠠᠭ᠎ᠠ ᠪᠠ | ᠪᠠᠶᠢᠭᠤᠯᠭ᠎ᠠ ᠶᠢᠨ ︽ᠡᠭᠦᠳᠡᠨ ᠳᠤᠨᠢ ᠣᠷᠣᠬᠤ ᠳᠤ ᠭᠦᠴᠢᠷᠳᠡᠢ᠂ ᠴᠢᠷᠠᠢ ᠶᠢ ᠨᠢ ᠬᠠᠷᠠᠬᠤ ᠠᠴᠠ ᠵᠢᠷᠦᠬᠡᠰᠢᠶᠡᠭᠦ᠂ | ᠠᠵᠢᠯ ᠬᠡᠷᠡᠭ ᠬᠦᠢᠴᠡᠳᠬᠡᠬᠦ ᠳᠤ ᠪᠡᠷᠬᠡ︾᠂ ︽ᠳᠤᠷ᠎ᠠ ᠪᠠᠷ ᠢᠶᠠᠨ ᠦᠢᠯᠡᠳᠬᠦ᠂ ᠠᠵᠢᠯ ᠢᠶᠠᠨ ᠦᠯᠦ ᠬᠢᠬᠦ︾᠂ ︽ | ᠢᠳᠡᠵᠦ ᠠᠪᠴᠤ ᠭᠠᠴᠢᠵᠦ ᠨᠡᠬᠡᠬᠦ︾ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠵᠣ᠂ ᠵᠣᠷᠢᠭᠤᠳᠠ ᠭᠠᠴᠢᠬᠤ᠂ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠬᠠᠷᠰᠢᠯᠠᠭᠰᠠᠨ ᠠᠴᠠ ᠪᠤᠯᠵᠦ ᠬᠦᠨᠳᠤ ᠨᠤᠴᠢᠳᠠᠢ ᠨᠥᠯᠥᠭᠡ | ᠦᠵᠡᠭᠦᠯᠦᠭᠰᠡᠨ ᠨᠢᠭᠡᠴᠡ ᠪᠠ ᠬᠤᠪᠢ ᠬᠥᠮᠦᠨ ᠢ ᠬᠠᠤᠯᠢ ᠲᠣᠭᠲᠠᠭᠠᠯ ᠶᠣᠰᠣᠭᠠᠷ ᠰᠢᠢᠣᠡᠪᠣᠷᠢᠯᠡᠨ᠎ᠠ᠃ | ︵ᠳᠠᠯᠠᠨ ᠲᠠᠪᠤ︶ ᠬᠠᠤᠯᠢ ᠲᠣᠭᠲᠠᠭᠠᠨ ᠬᠠᠮᠠᠭᠠᠯᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠬᠦ | ᠭᠠᠵᠠᠷ ᠲᠥᠯᠥᠪᠵᠢᠭᠦᠯᠬᠦ ᠪᠠ ᠪᠠᠶᠢᠭᠤᠯᠬᠤ ᠳᠤ᠂ ᠲᠡᠳᠡᠨ ᠤ ᠬᠠᠤᠯᠢ ᠶᠣᠰᠣᠭᠠᠷ᠂ ᠲᠣᠭᠲᠠᠭᠠᠯ ᠳᠤ ᠨᠡᠶᠢᠴᠡᠭᠦᠯᠦᠨ᠂ | ᠡᠮᠬᠢ ᠵᠢᠷᠤᠮ ᠲᠠᠢ ᠡᠵᠡᠩᠨᠡᠬᠦ ᠶᠢ ᠬᠥᠲᠥᠯᠥᠨ ᠵᠢᠯᠣᠭᠤᠳᠣᠨ᠎ᠠ᠃ ᠢᠳᠡᠭᠡᠨ ᠤ ᠠᠮᠣᠷ ᠲᠦᠪᠰᠢᠨ᠂ ᠡᠮᠴᠢᠯᠡᠭᠡᠨ ᠤ | ᠠᠮᠣᠷ ᠲᠦᠪᠰᠢᠨ᠂ ᠡᠮ ᠤᠨ ᠵᠦᠢᠯ ᠤᠨ ᠠᠮᠣᠷ ᠲᠦᠪᠰᠢᠨ᠂ ᠠᠶᠤᠯ ᠤᠢᠭᠡᠢ ᠦᠢᠯᠡᠳᠪᠦᠷᠢᠯᠡᠯ᠂ ᠤᠯᠠᠨ | ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠠᠮᠤᠷ ᠲᠦᠪᠰᠢᠨ᠂ ᠣᠷᠴᠢᠨ ᠲᠣᠭᠤᠷᠢᠨ ᠤ | ᠬᠠᠮᠠᠭᠠᠯᠠᠯᠲᠠ ᠳᠤ ᠬᠤᠯᠪᠣᠭᠳᠠᠬᠤ ᠲᠦᠷᠦᠯ ᠵᠦᠢᠯ ᠪᠠ ᠠᠵᠤ ᠠᠬᠤᠶᠢᠯᠠᠯ ᠳᠤ ᠬᠢᠨᠠᠨ ᠵᠥᠪᠰᠢᠶᠡᠷᠡᠬᠦ ᠪᠠ ᠬᠢᠨᠠᠯᠳᠠ | ᠳᠠᠯᠪᠢᠵᠣ ᠬᠠᠮᠢᠶᠠᠷᠬᠤ ᠶᠢ ᠴᠢᠩᠳᠡᠯᠡᠨ᠎ᠠ᠃ | ︵ᠳᠠᠯᠠᠨ ᠵᠢᠷᠭᠤᠭ᠎ᠠ︶ ᠲᠤᠰ ᠲᠣᠭᠲᠠᠭᠠᠯ ᠳᠤ ᠬᠠᠮᠤᠷᠤᠭᠳᠠᠬᠰᠠᠨ ᠦᠭᠡᠢ ᠵᠦᠢᠯᠡᠰ ᠢ ᠤᠯᠤᠰ ᠪᠠ | ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠨ ᠬᠡᠷᠡᠭᠵᠢᠭᠦᠯᠦᠭᠰᠡᠨ ᠪᠤᠰᠤᠳ ᠲᠦᠷᠦ ᠶᠢᠨ ᠪᠤᠳᠤᠯᠭ᠎ᠠ ᠳᠤ | ᠲᠤᠨᠨᠳᠠᠭᠠᠯ ᠲᠠᠢ ᠪᠠᠶᠢᠪᠠᠯ᠂ ᠲᠡᠳᠡᠬᠡᠷ ᠲᠦᠷᠦ ᠶᠢᠨ ᠪᠤᠳᠤᠯᠭ᠎ᠠ ᠪᠠᠷ ᠵᠢᠷᠤᠮᠯᠠᠨ ᠬᠡᠷᠡᠭᠵᠢᠭᠦᠯᠣᠨ᠎ᠠ᠃ | ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ 2013 ᠣᠨ ᠳᠤ ᠳᠠᠷᠤᠮᠠᠯᠯᠠᠨ ᠶᠠᠪᠤᠭᠤᠯᠤᠨᠨᠰᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯᠳᠣ ᠪᠤᠰᠤ ᠠᠵᠤ ᠠᠬᠤᠶ ᠶᠢ ᠲᠦᠷᠬᠡᠳᠬᠡᠨ | ᠭᠦᠭᠵᠢᠭᠦᠯᠭᠦ ᠶᠢ ᠵᠣᠷᠢᠬᠵᠢᠭᠤᠯᠬᠤ ᠪᠠ ᠳᠡᠮᠵᠢᠬᠦ ᠲᠣᠭᠲᠠᠭᠠᠯ ᠤᠳ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ | ᠲᠠᠷᠬᠠᠭᠠᠭᠰᠠᠨ ﹇2013﹈ 61 ᠳ᠋ᠤᠭᠡᠷ ᠲᠣᠭᠠᠲᠤ︶ ᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃ |