ᠮᠣᠩᠭᠤᠯ ᠤᠯᠤᠰ ᠳᠠᠬᠢᠨᠲᠠ ᠮᠠᠨ ᠤ ᠣᠷᠣᠨ ᠤ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠪᠠ
ᠨᠡᠶᠢᠲᠡᠯᠡᠭᠰᠡᠨ ᠴᠠᠭ᠄
2016/12/28
     1 — 11 ᠳ᠋ᠦ᠋ᠭᠡᠷ ᠰᠠᠷ᠎ᠠ ᠪᠣᠯᠲᠠᠯ᠎ᠠ᠂ ᠮᠠᠨ ᠤ ᠣᠷᠣᠨ ᠬᠢᠭᠡᠳ ᠮᠣᠩᠭᠤᠯ ᠤᠯᠤᠰ ᠯᠤᠭ᠎ᠠ ᠬᠤᠶᠠᠷ ᠲᠠᠯ᠎ᠠ ᠶᠢᠨ ᠬᠢᠨ ᠤ ᠠᠷᠠᠯᠵᠢᠶᠠᠨ ᠤ ᠲᠤᠭ᠎ᠠ 25.14 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.8%᠎ ᠪᠠᠷ ᠪᠠᠭᠤᠷᠠᠵᠤ᠂ ᠪᠠᠭᠤᠷᠠᠯᠲᠠ ᠨᠢ 1 - 10 ᠳ᠋ᠤᠭᠠᠷ ᠰᠠᠷ᠎ᠠ ᠶᠢᠨ ᠬᠢ ᠠᠴᠠ 3.7 ᠵᠠᠭᠤᠨ ᠤ ᠴᠡᠭ ᠢᠶᠠᠷ ᠪᠠᠭᠠᠰᠴᠤ᠂ ᠮᠣᠩᠭᠤᠯ ᠤᠯᠤᠰ ᠯᠤᠭ᠎ᠠ ᠶᠢᠨ ᠠᠷᠠᠯᠵᠢᠶᠠᠨ ᠤ ᠲᠤᠭ᠎ᠠ ᠨᠢ ᠡᠨᠡ ᠵᠢᠯ ᠠᠴᠠ ᠨᠠᠰᠢ ᠠᠩᠬ᠎ᠠ ᠤᠳᠠᠭ᠎ᠠ ᠣᠷᠣᠰ ᠠᠴᠠ ᠳᠠᠪᠠᠵᠤ᠂ ᠮᠠᠨ ᠤ ᠣᠷᠣᠨ ᠤ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠠᠢ᠃ ᠡᠭᠦᠨ ᠳᠤ᠄ ᠮᠣᠩᠭᠤᠯ ᠳᠠᠬᠢ ᠭᠠᠷᠭᠠᠯᠲᠠ  3.81 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.4% ᠪᠠᠭᠠᠰᠴᠤ᠂ ᠮᠣᠩᠭᠤᠯ ᠠᠴᠠ ᠣᠷᠤᠭᠤᠯᠤᠯᠲᠠ 21.33 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠳᠣᠷᠣᠭᠰᠢᠯᠠᠵᠤ᠂ ᠪᠠᠭᠤᠷᠠᠯᠲᠠ ᠶᠢᠨ ᠬᠡᠮᠵᠢᠶ᠎ᠡ ᠨᠢ 1 - 10 ᠳ᠋ᠦ᠋ᠭᠡᠷ ᠰᠠᠷ᠎ᠠ ᠶᠢᠨ ᠬᠢ ᠠᠴᠠ 1.8 ᠪᠠ 4.1 ᠵᠠᠭᠤᠨ ᠤ ᠴᠡᠭ ᠪᠠᠭᠠᠰᠪᠠ᠃ ᠣᠷᠣᠰ ᠎ ᠯᠤᠭ᠎ᠠ ᠶᠢᠨ ᠬᠤᠶᠠᠷ ᠲᠠᠯ᠎ᠠ ᠶᠢᠨ ᠠᠷᠠᠯᠵᠢᠶᠠᠨ ᠤ ᠲᠤᠭ᠎ᠠ 25.07 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5%᠎ ᠪᠠᠷ ᠨᠡᠮᠡᠭᠳᠡᠵᠦ᠂ ᠨᠡᠮᠡᠭᠳᠡᠯ ᠨᠢ  1-10 ᠳ᠋ᠤᠭᠠᠷ ᠰᠠᠷ᠎ᠠ ᠶᠢᠨ ᠬᠢ ᠠᠴᠠ ᠡᠳᠦᠶ ᠲᠡᠳᠦᠶ ᠳᠣᠷᠣᠭᠰᠢᠯᠠᠭᠰᠠᠨ ᠪᠠᠶᠢᠨ᠎ᠠ᠃ ᠡᠭᠦᠨ ᠳᠤ᠄ ᠣᠷᠣᠰ ᠲᠠᠬᠢ ᠭᠠᠷᠭᠠᠯᠲᠠ 5.68 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠪᠡ︔ ᠣᠷᠣᠰ ᠠᠴᠠ ᠣᠷᠤᠭᠤᠯᠤᠯᠲᠠ ᠨᠢ 19.39 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠨᠡᠮᠡᠭᠳᠡᠪᠡ᠃ ᠪᠤᠰᠤᠳ ᠭᠤᠣᠯ ᠪᠣᠯᠬᠤ ᠠᠷᠠᠯᠵᠢᠶᠠᠨ ᠤ ᠬᠠᠨᠢᠲᠠᠳ ᠤᠨ  ᠲᠤᠲᠤᠷ᠎ᠠ᠂ ᠮᠠᠨ ᠤ ᠣᠷᠣᠨ ᠲᠠᠶᠢᠸᠠᠨ ᠮᠤᠵᠢ᠂ ᠶᠠᠫᠣᠨ᠂ ᠺᠣᠷᠢᠶᠠ᠂ ᠢᠷᠡᠨ ᠯᠤᠭ᠎ᠠ ᠶᠢᠨ ᠠᠷᠠᠯᠵᠢᠶᠠᠨ ᠤ ᠲᠤᠭ᠎ᠠ ᠴᠥᠮ 2 ᠣᠷᠣᠨᠲᠤ ᠲᠤᠭ᠎ᠠ ᠠᠴᠠ ᠳᠡᠭᠡᠭᠰᠢ ᠨᠡᠮᠡᠭᠳᠡᠵᠦ᠂ ᠡᠭᠦᠨ ᠳᠤ ᠶᠠᠫᠣᠨ᠂  ᠺᠣᠷᠢᠶᠠ᠂ ᠲᠠᠶᠢᠸᠠᠨ ᠮᠤᠵᠢ ᠶᠢᠨ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠨᠢ ᠲᠤᠰ ᠲᠤᠰ 7.6 ᠳᠠᠬᠢᠨ᠂ 4.3 ᠳᠠᠬᠢᠨ᠂ 3.6 ᠳᠠᠬᠢᠨ ᠳᠤ ᠬᠦᠷᠪᠡ᠃ ᠮᠠᠨ ᠤ ᠣᠷᠣᠨ ᠠᠦ᠋ᠰᠲᠷᠠᠯᠢᠶ᠎ᠠ᠂ ᠠᠮᠧᠷᠢᠺᠠ᠂  ᠫᠧᠷᠦ᠋᠂ ᠸᠢᠶᠧᠲᠨᠠᠮ ᠤᠨ ᠠᠷᠠᠯᠵᠢᠶᠠᠨ ᠤ ᠲᠤᠭ᠎ᠠ ᠦᠷᠭᠦᠯᠵᠢᠯᠡᠨ ᠪᠠᠭᠤᠷᠠᠭᠰᠠᠨ ᠪᠣᠯᠪᠠᠴᠤ ᠪᠠᠭᠤᠷᠠᠯᠲᠠ ᠶᠢᠨ ᠬᠡᠮᠵᠢᠶ᠎ᠡ ᠨᠢ ᠴᠥᠮ ᠡᠳᠦᠶ ᠲᠡᠳᠦᠶ ᠪᠠᠭᠠᠰᠴᠠᠶ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号