ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠢᠩᠬᠢᠮ ᠲᠤᠪᠴᠢᠶ᠎ᠠ ᠶᠢᠨ ᠲᠡᠰ ᠤᠨ ᠤᠳᠤᠷᠢᠳᠬᠤ ᠺᠠᠳ᠋ᠷ ᠢᠶᠠᠷ ᠲᠡᠪᠰᠢᠬᠦᠯᠦᠨ ᠲᠤᠮᠢᠯᠠᠬᠤ ᠪᠠᠷ ᠪᠠᠶᠢᠭ᠎ᠠ 5 ᠬᠦᠮᠦᠨ ᠢ ᠢᠯᠡ ᠨᠡᠶᠢᠲᠡᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2016/12/28

      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠰᠤᠳᠤᠯᠤᠭᠠᠳ ᠲᠢᠩᠬᠢᠮ ᠲᠤᠪᠴᠢᠶ᠎ᠠ ᠶᠢᠨ ᠲᠡᠰ ᠤᠨ ᠤᠳᠤᠷᠢᠳᠬᠤ ᠺᠠᠳ᠋ᠷ ᠢᠶᠠᠷ ᠲᠡᠪᠰᠢᠬᠦᠯᠥᠨ ᠲᠤᠮᠢᠯᠠᠬᠤ ᠪᠠᠷ ᠪᠠᠶᠢᠭ᠎ᠠ 5 ᠬᠦᠮᠤᠨ ᠢ ᠢᠯᠡ ᠨᠡᠶᠢᠳᠡᠯᠡᠬᠦ ᠪᠠᠷ

ᠲᠤᠭᠳᠠᠵᠠᠢ᠃
     ᠨᠢᠬᠡ᠂ ᠢᠯᠡ ᠨᠡᠶᠢᠳᠡᠯᠡᠬᠦ ᠨᠡᠷᠡᠰ
     ᠯᠢ ᠵᠦᠩ ᠺᠠᠢ᠂ 1966 ᠤᠨ ᠤ 10 ᠰᠠᠷ᠎ᠠ ᠳᠤ ᠲᠦᠷᠦᠵᠡᠢ᠂ ᠥᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠲᠠᠷᠢᠶᠠᠯᠠᠩ ᠤᠨ ᠤᠬᠠᠭᠠᠨ ᠤ ᠮᠠᠰᠲ᠋ᠧᠷ᠂ ᠳᠡᠭᠡᠳᠦ ᠲᠡᠰ ᠤᠨ ᠠᠵᠤ ᠠᠬᠤᠢᠢᠴᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠲᠤᠭᠤᠢᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠦᠪᠡᠷᠲᠡᠭᠡᠨ ᠵᠠᠰᠠᠬᠤ ᠤᠷᠤᠨ ᠤ ᠬᠦᠭᠵᠢᠬᠦᠯᠦᠯᠳᠠ ᠦᠭᠡᠷᠡᠴᠢᠯᠡᠯᠳᠠ ᠶᠢᠨ ᠵᠦᠪᠯᠡᠯ ᠤᠨ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠬᠦᠨ ᠤ ᠲᠤᠰᠢᠶᠠᠯ ᠲᠠᠢ᠂ ᠤᠳᠤ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠡᠯ ᠳᠤ ᠲᠡᠪᠰᠢᠬᠦᠯᠦᠨ ᠲᠤᠮᠢᠯᠠᠬᠤ ᠪᠠᠷ ᠪᠤᠢ᠃
     ᠬᠤ᠋ ᠹᠧᠩ᠂ 1966 ᠤᠨ ᠤ 2 ᠰᠠᠷ᠎ᠠ ᠳᠤ ᠲᠦᠷᠦᠵᠡᠢ᠂ ᠡᠳ᠋ ᠤᠨ ᠵᠠᠰᠠᠭ ᠤᠨ ᠶᠠᠮᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠠᠵᠤ ᠠᠬᠤᠢ ᠶᠢᠨ ᠤᠬᠠᠭᠠᠨ ᠤ ᠳ᠋ᠤᠺᠲ᠋ᠤᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ᠂ ᠨᠠᠮ ᠤᠨ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠲᠠᠢ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠨ ᠶᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠡᠯ ᠳᠤ ᠲᠡᠪᠰᠢᠬᠦᠯᠦᠨ ᠲᠤᠮᠢᠯᠠᠬᠤ ᠪᠠᠷ ᠪᠤᠢ᠃
     ᠴᠧᠨ ᠪᠠᠢ ᠱᠠᠨ᠂ 1962 ᠤᠨ ᠤ 10 ᠰᠠᠷ᠎ᠠ ᠳᠤ ᠲᠦᠷᠦᠵᠠᠢ᠂ ᠮᠤᠩᠭᠤᠯ ᠦᠨᠳᠦᠰᠦᠳᠡᠨ᠂ ᠥᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠳᠡᠭᠡᠳᠦ ᠲᠡᠰ ᠤᠨ ᠤᠯᠤᠰ ᠲᠦᠷᠦ ᠶᠢᠨ ᠠᠵᠢᠯᠯᠠᠭᠴᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠥᠪᠦᠷ ᠮᠤᠩᠭᠤᠯ ᠤᠨ ᠤᠢ ᠰᠢᠭᠤᠢ ᠶᠢᠨ ᠠᠵᠤ ᠦᠢᠯᠡᠳᠪᠤᠷᠢ ︵ᠪᠦᠯᠦᠭᠯᠡᠯ︶ ᠶᠢᠨ ᠬᠢᠵᠠᠭᠠᠷᠳᠤ ᠺᠤᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠲᠤᠰᠢᠶᠠᠯ ᠲᠠᠢ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠨ ᠶᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠡᠯ ᠳᠤ ᠲᠡᠪᠰᠢᠬᠦᠯᠦᠨ ᠲᠤᠮᠢᠯᠠᠬᠤ ᠪᠠᠷ ᠪᠤᠢ᠃
     ᠶᠠᠨ ᠬᠤᠩ ᠭᠤᠸᠠᠩ᠂ 1970 ᠤᠨ ᠤ 8 ᠰᠠᠷ᠎ᠠ ᠳᠤ ᠲᠦᠷᠦᠵᠠᠢ᠂ ᠮᠤᠩᠭᠤᠯ ᠦᠨᠳᠦᠰᠦᠳᠡᠨ᠂ ᠥᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠬᠠᠶᠢᠯᠠᠷ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠡᠯ ᠲᠠᠢ᠂ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠨ ᠶᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠡᠯ ᠳᠤ ᠲᠡᠪᠰᠢᠬᠦᠯᠦᠨ ᠲᠤᠮᠢᠯᠠᠬᠤ ᠪᠠᠷ ᠪᠤᠢ᠃
     ᠴᠧᠨ ᠯᠢ ᠶᠠᠨ᠂ ᠡᠮᠡᠭᠳᠡᠢ᠂ 1960 ᠤᠨ ᠤ 12 ᠰᠠᠷ᠎ᠠ ᠳᠤ ᠲᠦᠷᠦᠵᠡᠢ᠂ ᠮᠤᠩᠭᠤᠯ ᠦᠨᠳᠦᠰᠦᠳᠡᠨ᠂ ᠴᠢᠴᠢᠬᠠᠷ ᠤᠨ ᠪᠠᠭᠰᠢ ᠶᠢᠨ ᠳᠡᠭᠡᠳᠦ ᠰᠤᠷᠭᠠᠭᠤᠯᠢ ᠠᠴᠠ ᠳᠡᠬᠦᠰᠦᠭᠰᠡᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠳᠦ ᠨᠠᠮ ᠤᠨ ᠭᠡᠰᠢᠬᠦᠨ᠂ ᠤᠳᠤ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠡᠯᠡᠳᠭᠡᠯ ᠭᠡᠰᠢᠬᠦᠨ᠂ ᠬᠠᠭᠤᠴᠢᠨ ᠪᠠᠷᠭᠤ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠡᠯ ᠲᠠᠢ᠂ ᠠᠶᠢᠮᠠᠬ ᠬᠤᠳᠠ ᠶᠢᠨ ᠳᠡᠳ᠋ ᠲᠢᠩᠬᠢᠮ ᠤᠨ ᠲᠡᠰ ᠤᠨ ᠤᠳᠤᠷᠢᠳᠬᠤ ᠲᠤᠰᠢᠶᠡᠯ ᠳᠤ ᠲᠡᠪᠰᠢᠬᠦᠯᠦᠨ ᠲᠤᠮᠢᠯᠠᠬᠤ ᠪᠠᠷ ᠪᠤᠢ᠃
     ᠬᠤᠶᠠᠷ᠂ ᠢᠯᠡ ᠨᠡᠶᠢᠳᠡᠯᠡᠬᠦ ᠴᠠᠭ
     2016 ᠤᠨ ᠤ 12 ᠳ᠋ᠤᠭᠠᠷ ᠰᠠᠷ᠎ᠠ ᠶᠢᠨ 28 ᠤ ᠡᠳᠤᠷ ᠠᠴᠠ 2017 ᠤᠨ ᠤ 1 ᠳ᠋ᠤᠭᠡᠷ ᠰᠠᠷ᠎ᠠ ᠶᠢᠨ 4 ᠤ ᠡᠳᠤᠷ ᠪᠤᠯᠳᠠᠯ᠎ᠠ᠃
     ᠭᠤᠷᠪᠠ᠂ ᠬᠦᠯᠢᠶᠡᠨ ᠠᠪᠬᠤ ᠠᠷᠭ᠎ᠠ
     ᠨᠢᠬᠡᠴᠡ ᠪᠤᠯᠤᠨ ᠬᠤᠪᠢ ᠬᠦᠮᠥᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠬᠦᠯᠬᠦ᠂ ᠤᠳᠠᠰᠤᠳᠠᠬᠤ ᠵᠡᠷᠬᠡ ᠬᠡᠯᠪᠡᠷᠢ ᠪᠠᠷ ᠲᠡᠭᠡᠷᠡᠬᠢ ᠢᠯᠡ ᠪᠠᠷ ᠨᠡᠶᠢᠳᠡᠯᠡᠭᠰᠡᠡ ᠬᠦᠮᠥᠰ ᠤᠨ ᠬᠤᠯᠪᠤᠭᠳᠠᠯ ᠪᠦᠬᠦᠢ ᠪᠠᠶᠢᠳᠠᠯ ᠪᠤᠯᠤᠨ ᠠᠰᠠᠭᠤᠳᠠᠯ ᠢ ᠲᠤᠰᠬᠠᠵᠥ ᠪᠤᠯᠤᠨ᠎ᠠ᠃ ᠲᠤᠰᠬᠠᠭᠰᠠᠠ ᠠᠰᠠᠭᠤᠳᠠᠯ ᠢ ᠪᠠᠶᠢᠴᠠᠭᠠᠬᠤ ᠳᠤ ᠬᠡᠷᠡᠴᠢᠯᠡᠬᠦ ᠬᠦᠮᠥᠨ ᠵᠢᠴᠢ ᠪᠤᠰᠤᠳ ᠬᠤᠯᠪᠤᠭᠳᠠᠯ ᠪᠦᠬᠦᠢ ᠰᠦᠪᠡᠭᠴᠢ ᠬᠠᠩᠭᠠᠬᠤ ᠬᠡᠷᠡᠭᠳᠡᠢ᠃ ᠪᠢᠳᠡ ᠠᠰᠠᠭᠤᠳᠠᠯ ᠢ ᠲᠤᠰᠬᠠᠭᠰᠠᠤᠠ ᠵᠢᠴᠢ ᠲᠤᠰᠬᠠᠭᠰᠠᠠ ᠠᠰᠠᠭᠤᠳᠠᠯ ᠤᠨ ᠨᠢᠭᠤᠴᠠ ᠶᠢ ᠬᠠᠮᠠᠭᠠᠯᠠᠨ᠎ᠠ᠃
     ᠨᠡᠶᠢᠳᠡ ᠳᠤ ᠵᠠᠷᠯᠠᠬᠤ ᠠᠯᠪᠠᠨ ᠭᠡᠷ ᠢ ᠦᠪᠤᠷ ᠮᠤᠩᠭᠤᠯ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ 401 ᠲᠠᠰᠤᠭ ᠲᠤ ᠳᠤᠬᠢᠷᠠᠭᠤᠯᠪᠠ᠃
     ᠬᠦᠯᠢᠶᠡᠨ ᠠᠪᠬᠤ ᠴᠠᠭ᠄
     ᠡᠳᠤᠷ ᠪᠦᠷᠢ ᠶᠢᠨ ᠦᠳᠡ ᠶᠢᠨ ᠡᠮᠤᠨᠡᠬᠢ 9᠄ 00 — 12᠄ 00
     ᠦᠳᠡ ᠶᠢᠨ ᠬᠤᠶᠢᠨᠠᠬᠢ 13᠄ 30 — 17᠄ 00
     ᠬᠦᠯᠢᠶᠡᠨ ᠠᠪᠬᠤ ᠤᠳᠠᠰᠤ᠄ ︵0471︶ 12380


   ᠤᠨᠴᠠᠭᠠᠢᠢᠯᠠᠨ ᠵᠠᠷᠯᠠᠪᠠ
   ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ
                         2016 ᠤᠨ ᠤ 12 ᠳ᠋ᠤᠭᠠᠷ ᠰᠠᠷ᠎ᠠ ᠶᠢᠨ 27 ᠤ ᠡᠳᠤᠷ

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ