| | | 12 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ | ᠰᠤᠳᠤᠯᠤᠯ ᠤᠨ ᠰᠤᠳᠤᠯᠭᠠᠨ ᠤ ᠲᠥᠪ ᠤᠨ ᠰᠢᠨ᠎ᠡ ᠬᠡᠯᠪᠡᠷᠢ ᠶᠢᠨ ᠣᠶᠣᠨ ᠤ ᠬᠥᠮᠥᠷᠭᠡ ᠶᠢᠨ ᠪᠠᠶᠢᠭᠤᠯᠤᠯᠲᠠ ᠵᠢᠴᠢ | 2016 ᠣᠨ ᠤ ᠰᠤᠷᠭᠠᠨ ᠬᠥᠮᠦᠵᠢᠯ ᠤᠨ ᠶᠠᠮᠤᠨ ᠤ ᠴᠢᠬᠤᠯᠠ ᠨᠠᠶᠢᠳᠠᠯᠭ᠎ᠠ ᠪᠠᠷ ᠰᠠᠭᠤᠷᠢᠨ ᠭᠠᠵᠠᠷ ᠤᠨ ᠴᠢᠬᠤᠯᠠ | ᠶᠡᠭᠡ ᠲᠥᠷᠥᠯ ᠵᠦᠢᠯ ᠡᠬᠢᠯᠡᠭᠦᠯᠬᠦ ᠶᠣᠰᠣᠯᠠᠯ ᠬᠥᠬᠡᠬᠤᠲᠠ ᠳᠤ ᠶᠠᠪᠤᠭᠳᠠᠪᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ | ᠰᠤᠳᠤᠯᠭᠠᠨ ᠤ ᠲᠥᠪ ᠨᠢ ᠳᠤᠮᠳᠠᠳᠤ ᠤᠯᠤᠰ ᠤᠨ ᠣᠶᠤᠨ ᠤ ᠬᠥᠮᠥᠷᠭᠡ ᠶᠢᠨ ᠬᠡᠯᠬᠢᠶᠡᠰᠦ ︵CTTI︶ ᠶᠢᠨ | ᠠᠩᠬᠠᠨ ᠤ ᠪᠦᠯᠦᠭ ᠤᠶᠤᠨ ᠤ ᠬᠥᠮᠥᠷᠭᠡ ᠶᠢᠨ ᠢᠷᠡᠯᠲᠡ ᠳᠤ ᠰᠣᠩᠭᠤᠭᠳᠠᠵᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠰᠣᠩᠭᠤᠭᠳᠠᠭᠰᠠᠨ ᠴᠤᠷ ᠤᠨ ᠭᠠᠭᠴᠠ ᠪᠠᠶᠢᠭᠤᠯᠤᠮᠵᠢ | ᠪᠣᠯᠣᠨ᠎ᠠ᠃ | ︽ᠤᠶᠤᠨ ᠤ ᠬᠥᠮᠥᠷᠭᠡ ᠶᠢᠨ ᠪᠠᠶᠢᠭᠤᠯᠤᠯᠲᠠ ᠪᠣᠯ ᠰᠢᠨ᠎ᠡ ᠬᠡᠷᠡᠭ ᠪᠣᠳᠠᠰ ᠮᠥᠨ᠂ ᠶᠡᠭᠡ ᠳᠡᠭᠡᠳᠦ | ᠰᠤᠷᠭᠠᠭᠤᠯᠢ ᠳᠤ ᠰᠢᠨ᠎ᠡ ᠬᠡᠯᠪᠡᠷᠢ ᠶᠢᠨ ᠣᠶᠣᠨ ᠤ ᠬᠥᠮᠥᠷᠭᠡ ᠪᠠᠶᠢᠭᠤᠯᠬᠤ ᠨᠢ ᠨᠡᠩ ᠴᠤ ᠤᠷᠢᠳᠤ ᠡᠮᠦᠨ᠎ᠡ ᠭᠠᠷᠤᠭ᠎ᠠ | ᠦᠭᠡᠢ ᠶᠤᠮ︾᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠰᠤᠳᠤᠯᠭᠠᠨ ᠤ | ᠲᠥᠪ ᠤᠨ ᠡᠷᠬᠢᠯᠡᠭᠴᠢ ᠴᠢᠮᠡᠳᠳᠤᠷᠵᠢ ᠶᠢᠨ ᠲᠠᠨᠢᠯᠴᠠᠭᠤᠯᠤᠭᠰᠠᠨ ᠨᠢ᠂ ᠮᠣᠩᠭᠤᠯ ᠰᠤᠳᠤᠯᠤᠯ ᠤᠨ ᠰᠤᠳᠤᠯᠭᠠᠨ ᠤ | ᠲᠥᠪ ᠨᠢ ᠡᠨᠡ ᠤᠳᠠᠭ᠎ᠠ ︽ᠳᠤᠮᠳᠠᠳᠤ ᠤᠯᠤᠰ ᠤᠨ ᠣᠶᠤᠨ ᠤ ᠬᠥᠮᠥᠷᠭᠡ ᠶᠢᠨ ᠬᠡᠯᠬᠢᠶᠡᠰᠦ ᠶᠢᠨ ᠤᠶᠤᠨ ᠤ | ᠬᠥᠮᠥᠷᠭᠡ ᠶᠢᠨ ᠢᠷᠡᠯᠲᠡ︾ ᠳᠤ ᠰᠣᠩᠭᠤᠭᠳᠠᠭᠰᠠᠨ ᠢᠶᠠᠷ ᠠᠵᠠ ᠲᠣᠬᠢᠶᠠᠯ ᠪᠣᠯᠭᠠᠨ᠂ ᠰᠤᠷᠭᠠᠨ ᠬᠥᠮᠦᠵᠢᠯ ᠤᠨ | ᠶᠠᠮᠤᠨ ᠤ ᠬᠥᠮᠦᠨ ᠨᠡᠶᠢᠭᠡᠮ ᠤᠨ ᠰᠢᠨᠵᠢᠯᠡᠬᠦ ᠤᠬᠠᠭᠠᠨ ᠤ ᠭᠤᠣᠯᠳᠠᠯᠭ᠎ᠠ ᠲᠠᠢ ᠰᠤᠳᠤᠯᠬᠤ ᠰᠠᠭᠤᠷᠢᠨ ᠭᠠᠵᠠᠷ ᠤᠨ | ᠡᠨᠡ ᠬᠦ ᠴᠢᠬᠤᠯᠠ ᠲᠠᠪᠴᠠᠩ ᠤᠨ ᠴᠢᠳᠠᠮᠵᠢ ᠶᠢ ᠭᠦᠢᠴᠡᠳ ᠪᠠᠳᠠᠷᠠᠭᠤᠯᠵᠤ᠂ ︽ᠮᠣᠩᠭᠤᠯ ᠰᠤᠳᠤᠯᠤᠯ ︾ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ᠂ ︽︿ᠨᠢᠭᠡ ᠪᠦᠰᠡ ᠨᠢᠭᠡ ᠵᠠᠮ﹀ ᠤᠨ ᠪᠦᠳᠦᠭᠡᠨ ᠪᠠᠶᠢᠭᠤᠯᠤᠯᠲᠠ ᠳᠤᠮᠳᠠᠬᠢ | ᠥᠪᠥᠷ ᠮᠣᠩᠭᠤᠯ ᠤᠨ ᠬᠥᠭᠵᠢᠯᠲᠡ ᠶᠢᠨ ᠠᠰᠠᠭᠤᠳᠠᠯ ᠤᠨ ᠰᠤᠳᠤᠯᠤᠯ︾ ᠪᠣᠯᠤᠨ ︽ᠣᠳᠣ ᠦᠶ᠎ᠡ ᠶᠢᠨ ᠳᠤᠮᠳᠠᠳᠤ | ᠤᠯᠤᠰ ᠤᠨ ᠮᠣᠩᠭᠤᠯ ᠰᠤᠳᠤᠯᠤᠯ︾ ᠢᠶᠠᠷ ᠭᠤᠣᠯ ᠰᠢᠪᠲᠤᠯᠬᠤ ᠴᠢᠭᠯᠡᠯ ᠢᠶᠠᠨ ᠪᠣᠯᠭᠠᠬᠤ ᠲᠣᠭᠤᠷᠢᠨ ᠳᠤ᠂ ᠰᠠᠭᠤᠷᠢ | ᠰᠤᠳᠤᠯᠭᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨᠵᠢᠯᠡᠭᠡᠨ ᠤ ᠬᠦᠴᠦᠨ ᠢ ᠪᠥᠭᠡᠮᠨᠡᠷᠡᠭᠦᠯᠵᠦ᠂ | ᠤᠯᠡᠠ ᠰᠢᠨᠵᠢᠯᠡᠭᠡᠨ ᠤ ᠶᠡᠷᠦᠩᠬᠡᠶᠢᠯᠡᠭᠰᠡᠨ ᠰᠤᠳᠤᠯᠭᠠᠨ ᠢ ᠥᠷᠨᠢᠭᠦᠯᠵᠦ᠂ ᠢᠯᠡᠷᠡᠭᠦᠯᠦᠯᠲᠡ ᠶᠢᠨ ᠬᠡᠮᠵᠢᠶ᠎ᠡ ᠲᠠᠢ ᠪᠠ | ᠠᠩᠬᠠᠨ ᠤ ᠡᠭᠦᠳᠦᠯᠲᠡ ᠶᠢᠨ ᠴᠢᠨᠠᠷᠲᠠᠶ ᠴᠢᠬᠤᠯᠠ ᠶᠡᠭᠡ ᠦᠷ᠎ᠡ ᠪᠦᠲᠦᠭᠡᠯ ᠭᠠᠷᠭᠠᠵᠤ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠬᠥᠭᠵᠢᠯᠲᠡ ᠳᠤ ᠦᠢᠯᠡᠴᠢᠯᠡᠨ᠎ᠡ ᠭᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠵᠠᠩ ᠶᠠ ᠮᠢᠨ ᠤ ᠲᠠᠨᠢᠯᠴᠠᠭᠤᠯᠤᠭᠰᠠᠨ ᠨᠢ᠄ ︽ᠶᠡᠭᠡ ᠳᠡᠭᠡᠳᠦ | ᠰᠤᠷᠭᠠᠭᠤᠯᠢ ᠶᠢᠨ ᠤᠶᠤᠨ ᠤ ᠬᠥᠮᠥᠷᠭᠡ ᠪᠠᠶᠢᠭᠤᠯᠬᠤ ᠳᠤ ᠶᠠᠭᠤᠨ ᠤ ᠤᠷᠢᠳ ᠴᠢᠭᠯᠡᠯ ᠢ ᠡᠵᠡᠮᠰᠢᠨ᠂ ᠭᠠᠵᠠᠷ ᠣᠷᠣᠨ | ᠪᠠ ᠰᠣᠶᠣᠯ ᠤᠨ ᠣᠨᠴᠠᠯᠢᠭ ᠪᠦᠬᠦᠢ ᠳᠠᠪᠠᠭᠤᠯᠢᠭ ᠢᠶᠠᠨ ᠠᠰᠢᠭᠯᠠᠨ ᠲᠡᠷᠢᠭᠦᠨ ᠤ ᠡᠩᠨᠡᠭᠡ ᠶᠢ ᠴᠣᠭᠴᠠᠯᠠᠵᠤ᠂ | ᠨᠡᠭᠡᠭᠡᠯᠲᠡᠲᠦ ᠴᠢᠨᠠᠷᠲᠠᠢ᠂ ᠥᠷᠢᠰᠦᠯᠳᠦᠭᠡᠨᠲᠦ ᠴᠢᠨᠠᠷᠲᠠᠶ᠂ ᠬᠦᠳᠡᠯᠭᠡᠭᠡᠨᠲᠦ ᠴᠢᠨᠠᠷᠲᠠᠶ ᠰᠢᠨᠵᠢᠯᠡᠭᠡᠨ ᠤ ᠲᠡᠭᠠᠭᠤᠯᠦᠬᠴᠢ | ᠪᠠ ᠰᠤᠳᠤᠯᠤᠭᠴᠢ ᠶᠢ ᠬᠥᠮᠥᠵᠢᠭᠦᠯᠦᠨ ᠰᠢᠨ᠎ᠡ ᠶᠢ ᠡᠭᠦᠳᠬᠦ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠳᠤ | ᠬᠡᠷᠡᠭᠯᠡᠨ᠎ᠡ︾ ᠭᠡᠪᠡ᠃ | ᠳᠤᠮᠳᠠᠳᠤ ᠤᠯᠤᠰ ᠤᠨ ᠣᠶᠤᠨ ᠤ ᠬᠥᠮᠥᠷᠭᠡ ᠶᠢᠨ ᠬᠡᠯᠬᠢᠶᠡᠰᠦ ︵CTTI︶ ᠶᠢ ᠨᠠᠨᠵᠢᠩ ᠶᠡᠭᠡ | ᠰᠤᠷᠭᠠᠭᠤᠯᠢ ᠶᠢᠨ ᠳᠤᠮᠳᠠᠳᠤ ᠤᠯᠤᠰ ᠤᠨ ᠣᠶᠤᠨ ᠤ ᠬᠥᠮᠥᠷᠭᠡ ᠶᠢᠨ ᠰᠤᠳᠤᠯᠭᠠᠨ ᠪᠠ ᠦᠨᠡᠯᠡᠯᠲᠡ ᠶᠢᠨ ᠲᠥᠪ ᠨᠢ | ᠭᠤᠸᠠᠩ ᠮᠢᠩ ᠡᠳᠦᠷ ᠤᠨ ᠰᠣᠨᠢᠨ ᠤ ᠤᠶᠤᠨ ᠤ ᠬᠥᠮᠥᠷᠭᠡ ᠶᠢᠨ ᠰᠤᠳᠤᠯᠭᠠᠨ ᠪᠠ ᠨᠡᠶᠢᠲᠡᠯᠡᠯᠲᠡ ᠶᠢᠨ ᠲᠥᠪ ᠲᠠᠢ | ᠰᠤᠳᠤᠯᠤᠨ ᠦᠢᠯᠡᠳᠦᠭᠰᠡᠨ ᠳᠤᠮᠳᠠᠳᠤ ᠤᠯᠤᠰ ᠤᠨ ᠠᠩᠬᠠᠳᠠᠭᠴᠢ ᠡᠭᠴᠡ ᠬᠠᠶᠢᠯᠲᠠ ᠶᠢᠨ ᠬᠥᠳᠡᠯᠭᠡᠭᠦᠷ ᠪᠠ | ᠳ᠋ᠠᠶᠢᠲ᠋ᠠ ᠶᠢᠨ ᠲᠠᠪᠴᠠᠩ ᠪᠣᠯᠣᠨ᠎ᠠ᠃ 2016 ᠣᠨ ᠤ 12 ᠳ᠋ᠤᠭᠠᠷ ᠰᠠᠷ᠎ᠠ ᠶᠢᠨ 17 ᠤ ᠡᠳᠦᠷ᠂ ᠭᠤᠸᠠᠩ ᠮᠢᠩ | ᠡᠳᠦᠷ ᠤᠨ ᠰᠣᠨᠢᠨ ᠤ ᠬᠤᠷᠢᠶ᠎ᠠ᠂ ᠨᠠᠨᠵᠢᠩ ᠶᠡᠭᠡ ᠰᠤᠷᠭᠠᠭᠤᠯᠢ ᠠᠴᠠ ᠭᠤᠣᠯᠯᠠᠨ ᠡᠷᠭᠢᠯᠡᠵᠦ᠂ ᠨᠠᠨᠵᠢᠩ ᠶᠡᠭᠡ | ᠰᠤᠷᠭᠠᠭᠤᠯᠢ ᠶᠢᠨ ᠳᠤᠮᠳᠠᠳᠤ ᠤᠯᠤᠰ ᠤᠨ ᠣᠶᠤᠨ ᠤ ᠬᠥᠮᠥᠷᠭᠡ ᠶᠢᠨ ᠰᠤᠳᠤᠯᠭᠠᠨ ᠪᠠ ᠦᠨᠡᠯᠡᠯᠲᠡ ᠶᠢᠨ ᠲᠥᠪ ᠨᠢ | ᠭᠤᠸᠠᠩ ᠮᠢᠩ ᠡᠳᠦᠷ ᠤᠨ ᠰᠣᠨᠢᠨ ᠤ ᠤᠶᠤᠨ ᠤ ᠬᠥᠮᠥᠷᠭᠡ ᠶᠢᠨ ᠰᠤᠳᠤᠯᠭᠠᠨ ᠪᠠ ᠨᠡᠶᠢᠲᠡᠯᠡᠯᠲᠡ ᠶᠢᠨ ᠲᠥᠪ ᠲᠠᠢ | ᠳᠠᠭᠠᠭᠠᠴᠢᠯᠠᠨ ᠡᠷᠭᠢᠯᠡᠭᠰᠡᠨ ︽2016 ᠣᠨ ᠤ ᠳᠤᠮᠳᠠᠳᠤ ᠤᠯᠤᠰ ᠤᠨ ᠣᠶᠤᠨ ᠤ ᠬᠥᠮᠥᠷᠭᠡ ᠶᠢᠨ ᠵᠠᠰᠠᠯᠲᠠ ᠶᠢᠨ | ᠶᠠᠷᠢᠶᠠᠨ ᠤ ᠲᠠᠪᠴᠠᠩ︾ ᠳᠡᠭᠡᠷ᠎ᠡ ᠮᠠᠨ ᠤ ᠤᠯᠤᠰ ᠤᠨ ᠠᠩᠬᠠᠳᠠᠭᠴᠢ ᠣᠶᠤᠨ ᠤ ᠬᠥᠮᠥᠷᠭᠡ ᠶᠢᠨ ᠡᠭᠴᠡ | ᠬᠠᠶᠢᠯᠲᠠ ᠶᠢᠨ ᠬᠥᠳᠡᠯᠭᠡᠭᠦᠷ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠠᠪᠴᠠᠩ — ᠳᠤᠮᠳᠠᠳᠤ ᠤᠯᠤᠰ ᠤᠨ | ᠣᠶᠤᠨ ᠤ ᠬᠥᠮᠥᠷᠭᠡ ᠶᠢᠨ ᠬᠡᠯᠬᠢᠶᠡᠰᠦ ︵CTTI︶ ᠶᠢᠨ ᠠᠩᠬᠠᠨ ᠤ ᠪᠦᠯᠦᠭ ᠲᠤ ᠡᠯᠰᠡᠭᠳᠡᠭᠰᠡᠨ ᠤᠶᠤᠨ ᠤ | ᠬᠥᠮᠥᠷᠭᠡ ᠶᠢᠨ ᠨᠡᠷᠡᠰ ᠤᠨ ᠵᠢᠭᠰᠠᠭᠠᠯᠲᠠ ᠵᠢᠴᠢ ᠪᠦᠲᠦᠮᠵᠢᠲᠦ ᠴᠢᠳᠠᠪᠤᠷᠢ ᠶᠢᠨ ᠰᠢᠯᠭᠠᠨ ᠦᠨᠡᠯᠡᠬᠦ ᠮᠡᠳᠡᠭᠦᠯᠦᠯᠲᠡ ᠶᠢ | ᠨᠡᠶᠢᠲᠡᠯᠡᠪᠡ᠃ | ᠤᠶᠤᠨ ᠤ ᠬᠥᠮᠥᠷᠭᠡ ᠶᠢᠨ ᠲᠦᠷᠭᠡᠨ ᠳᠠᠪᠬᠢᠬᠤ ᠵᠠᠮ ᠢᠶᠠᠷ ᠤᠷᠤᠭᠰᠢᠯᠠᠨ ᠬᠥᠭᠵᠢᠵᠦ ᠪᠠᠶᠢᠭ᠎ᠠ ᠥᠨᠥᠳᠦᠷ ᠲᠤ | ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠰᠤᠳᠤᠯᠭᠠᠨ ᠤ ᠲᠥᠪ ᠪᠦᠬᠦ | ᠤᠯᠤᠰ ᠤᠨ 255 ᠶᠡᠭᠡ ᠳᠡᠭᠡᠳᠦ ᠰᠤᠷᠭᠠᠭᠤᠯᠢ ᠶᠢᠨ ᠤᠶᠤᠨ ᠤ ᠬᠥᠮᠥᠷᠭᠡ ᠶᠢᠨ ᠳᠣᠲᠣᠷᠠᠬᠢ ᠨᠢᠭᠡ ᠭᠡᠰᠢᠭᠦᠨ | ᠪᠣᠯᠣᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠣᠶᠣᠨ ᠤ ᠬᠥᠮᠥᠷᠭᠡ ᠶᠢᠨ ᠪᠠᠶᠢᠭᠤᠯᠤᠯᠲᠠ ᠳᠤ | ᠬᠠᠮᠲᠤ ᠪᠠᠷ ᠵᠥᠪᠯᠡᠬᠦ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠬᠦᠷᠲᠡᠬᠦ ᠲᠠᠪᠴᠠᠩ ᠢ ᠪᠠᠶᠢᠭᠤᠯᠤᠨ ᠥᠭᠴᠦ᠂ | ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠤᠶᠤᠨ ᠤ ᠬᠥᠮᠥᠷᠭᠡ ᠶᠢᠨ ᠪᠠᠶᠢᠭᠤᠯᠤᠯᠲᠠ ᠳᠤ | ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠣᠭᠤᠳᠬᠤ᠂ ᠵᠢᠷᠤᠮᠵᠢᠭᠤᠯᠤᠨ ᠬᠠᠮᠢᠶᠠᠷᠬᠤ ᠲᠠᠯ᠎ᠠ ᠪᠠᠷ ᠰᠠᠶᠢᠨ ᠰᠠᠶᠢᠬᠠᠨ | ᠳᠠᠭᠤᠷᠢᠶᠠᠯ ᠦᠵᠡᠭᠦᠯᠬᠦ ᠪᠠ ᠬᠦᠲᠣᠯᠣᠠ ᠳᠠᠭᠠᠭᠤᠯᠬᠤ ᠦᠢᠯᠡᠳᠦᠯ ᠦᠵᠡᠭᠦᠯᠬᠦ ᠪᠣᠯᠣᠨ᠎ᠠ᠃ |