ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠷᠪᠠᠨ ᠳᠤᠯᠤᠳᠤᠭᠠᠷ ᠤᠳᠠᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2016/12/29
      12 ᠳ᠋ᠤᠭᠠᠷ ᠰᠠᠷ᠎ᠠ ᠶᠢᠨ 28᠎ ᠤ ᠡᠳᠦᠷ ᠤᠨ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠤᠯᠤᠳᠤᠭᠠᠷ ᠬᠤᠷᠠᠯ ᠬᠦᠬᠡᠬᠤᠲᠠ ᠳᠤ ᠡᠬᠢᠯᠡᠪᠡ᠃ ᠡᠨᠡ ᠤᠳᠠᠭ᠎ᠠ ᠶᠢᠨ ᠬᠤᠷᠠᠯ ᠢ ᠭᠤᠤᠯᠳᠠᠭᠤ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠳᠤ ᠪᠡᠯᠡᠳᠭᠡᠯ ᠬᠢᠬᠦ ᠶᠢᠨ ᠲᠦᠯᠦᠭᠡ ᠬᠤᠷᠠᠯᠳᠣᠭᠤᠯᠵᠠᠢ᠃ ᠬᠤᠷᠠᠯ ᠠᠴᠠ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯ ᠢ 2017 ᠤᠨ ᠤ 1 ᠳ᠋ᠤᠭᠡᠷ ᠰᠠᠷ᠎ᠠ ᠶᠢᠨ 13᠎ ᠤ ᠡᠳᠦᠷ ᠠᠴᠠ 17᠎ ᠤ ᠡᠳᠦᠷ ᠪᠤᠯᠲᠠᠯ᠎ᠠ ᠬᠦᠬᠡᠬᠤᠲᠠ ᠳᠤ ᠬᠤᠷᠠᠯᠳᠤᠭᠤᠯᠬᠤ ᠪᠠᠷ ᠲᠤᠬᠲᠠᠵᠠᠢ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ ᠬᠤᠷᠠᠯ ᠡᠷᠬᠢᠯᠡᠨ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ ᠵᠠᠩ ᠵᠢᠶᠠᠨ ᠮᠢᠨ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠶᠠᠩ ᠴᠧᠩ ᠸᠠᠩ᠂ ᠴᠧᠨ ᠢᠥᠢ᠂ ᠳ᠋ᠦᠩ ᠡᠾᠧᠩ ᠢᠥᠢ᠂ ᠵᠧᠩ ᠹᠦ᠋ ᠲᠢᠶᠠᠨ᠂ ᠨᠢᠥ ᠭᠤᠸᠠᠩ ᠮᠢᠩ᠂ ᠴᠠᠩ ᠬᠠᠢ᠂ ᠯᠢᠶᠠᠩ ᠲᠢᠶᠧ ᠴᠧᠩ᠂ ᠸᠠᠩ ᠬᠤᠸᠠᠨ ᠴᠧᠩ᠂ ᠯᠦᠸᠧ ᡁᠢ ᠬᠤ᠋᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠭᠡᠰᠢᠬᠦᠨ᠂ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠤᠤᠯ ᠤᠨ ᠳᠡᠳ᠋ ᠺᠤᠮᠢᠰᠰᠠᠷ ᠵᠠᠩ ᠶᠢᠩ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠭᠡᠰᠢᠬᠦᠨ ᠯᠢᠥ ᠪᠢᠨ ᠬᠤᠷᠠᠯ ᠳᠤ ᠤᠷᠤᠯᠴᠠᠵᠠᠢ᠃      ᠬᠤᠷᠠᠯ ᠠᠴᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠤᠯᠤᠳᠤᠭᠠᠷ ᠬᠤᠷᠠᠯ ᠤᠨ ᠵᠦᠪᠯᠡᠬᠦ ᠵᠦᠢᠯ ᠪᠤᠯᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠢ ᠬᠤᠷᠠᠯᠳᠤᠭᠤᠯᠬᠤ ᠲᠤᠬᠲᠠᠭᠠᠯ ᠢ ᠬᠢᠨᠠᠨ ᠵᠦᠪᠯᠡᠵᠦ ᠪᠠᠲᠤᠯᠠᠨ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ ᠶᠢ ᠰᠤᠨᠤᠰᠴᠦ᠂ ᠠᠵᠢᠯᠲᠠᠨ ᠢ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠵᠦᠢᠯᠡᠰ ᠤᠨ ᠲᠤᠳᠤᠷᠬᠠᠢᠢᠯᠠᠯᠲᠠ ᠪᠤᠯᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠡᠯ᠎ᠡ ᠲᠤᠰᠬᠠᠢ ᠵᠦᠪᠯᠡᠯ ᠤᠨ ᠠᠵᠢᠯ ᠤᠨ ᠮᠡᠳᠡᠬᠦᠯᠦᠯᠲᠡ ᠶᠢ ᠰᠤᠨᠤᠰᠴᠠᠢ᠃      ᠷᠧᠨ ᠶᠠ ᠫᠢᠩ ᠵᠢᠭᠠᠵᠦ ᠭᠠᠷᠭᠠᠬᠰᠠᠨ ᠨᠢ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠳᠡᠭᠡᠳᠦ ᠭᠡᠮᠵᠢᠶ᠎ᠡ ᠪᠠᠷ ᠬᠦᠨᠳᠦᠳᠭᠡᠵᠦ᠂ ᠤᠯᠤᠰ ᠲᠦᠷᠦ ᠶᠢᠨ ᠵᠦᠪᠯᠡᠯᠬᠡᠨ ᠤ ᠰᠠᠨᠠᠯ ᠳᠤᠷᠠᠳᠤᠯᠭ᠎ᠠ ᠶᠢᠨ ᠴᠢᠨᠠᠷ ᠴᠢᠨᠰᠠᠭ᠎ᠠ ᠪᠠᠨ ᠴᠢᠨᠠᠭᠰᠢᠳᠠ ᠳᠡᠭᠡᠭᠰᠢᠯᠡᠬᠦᠯᠬᠦ ᠳᠤ ᠨᠡᠩ ᠦᠨᠳᠦᠷ ᠱᠠᠭᠠᠷᠳᠠᠯᠭ᠎ᠠ ᠳᠣᠷᠠᠳᠴᠠᠢ᠃ ᠰᠠᠨᠠᠯ ᠳᠤᠷᠠᠳᠤᠯᠭ᠎ᠠ ᠪᠣᠯ ᠤᠯᠤᠰ ᠲᠦᠷᠦ ᠶᠢᠨ ᠵᠦᠪᠯᠡᠯᠬᠡᠨ ᠤ ᠴᠢᠬᠤᠯᠠ ᠡᠬᠦᠷᠭᠡ ᠬᠠᠷᠢᠭᠤᠴᠠᠯᠭ᠎ᠠ ᠪᠣᠯᠣᠨ᠎ᠠ᠂ ᠰᠠᠨᠠᠯ ᠳᠤᠷᠠᠳᠤᠯᠭ᠎ᠠ ᠶᠢᠨ ᠠᠵᠢᠯ ᠤᠨ ᠦᠷᠳᠡᠭ ᠨᠢ ᠶᠠᠭᠤᠨ ᠤ ᠡᠮᠦᠨ᠎ᠡ ᠰᠠᠨᠠᠯ ᠳᠤᠷᠠᠳᠤᠯᠭ᠎ᠠ ᠶᠢᠨ ᠴᠢᠨᠠᠷ ᠴᠢᠨᠰᠠᠭ᠎ᠠ ᠪᠠᠷ ᠲᠤᠭᠲᠠᠭᠠᠬᠳᠠᠨ᠎ᠠ᠃ ᠪᠠᠶᠢᠩᠭᠤ ᠶᠢᠨ ᠬᠤᠷᠢᠶ᠎ᠠ ᠶᠢᠨ ᠬᠡᠰᠢᠬᠦᠳ᠂ ᠬᠡᠰᠢᠬᠦᠳ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠤᠬᠠᠮᠰᠠᠷ ᠪᠠᠨ ᠴᠢᠨᠠᠭᠰᠢᠳᠠ ᠳᠡᠭᠡᠭᠰᠢᠯᠡᠬᠦᠯᠵᠦ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠣᠨ ᠨᠠᠶᠢᠳᠠᠪᠤᠷᠢᠵᠢᠭᠤᠯᠬᠤ ᠪᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠷᠣᠭᠯᠠᠭᠰᠠᠨ ᠬᠦᠭᠵᠢᠯᠳᠡ ᠶᠢᠨ ᠠᠤᠭ᠎ᠠ ᠲᠦᠰᠦᠪ ᠤᠨ ᠲᠤᠭᠤᠷᠢᠨ ᠳᠤ᠂ ᠰᠡᠳᠦᠪ ᠢᠶᠠᠨ ᠰᠠᠶᠢᠲᠤᠷ ᠰᠤᠩᠭᠤᠵᠦ᠂ ᠬᠦᠨᠵᠡᠬᠡᠢ ᠪᠠᠶᠢᠴᠠᠭᠠᠨ ᠰᠤᠳᠤᠯᠵᠦ᠂ ᠰᠠᠨᠠᠭᠤᠯᠭ᠎ᠠ ᠳᠤᠷᠠᠳᠴᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠦᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠤᠭᠲᠠᠭᠠᠬᠤ ᠶᠢ ᠠᠬᠢᠭᠤᠯᠬᠤ᠂ ᠠᠵᠢᠯ ᠢᠶᠠᠨ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠨᠡᠩ ᠣᠯᠠᠨ ᠨᠡᠩ ᠦᠨ᠎ᠡ ᠦᠷᠲᠡᠭ ᠪᠦᠬᠦᠢ ᠯᠠᠪᠯᠠᠯᠲᠠ ᠪᠤᠯᠬᠤ ᠰᠠᠨᠠᠯ ᠬᠠᠩᠭᠠᠬᠤ ᠶᠢ ᠬᠦᠰᠡᠵᠦ ᠪᠠᠶᠢᠨ᠎ᠡ ᠬᠡᠵᠡᠢ᠃      ᠷᠧᠨ ᠶᠠ ᠫᠢᠩ ᠵᠢᠭᠠᠵᠦ ᠭᠠᠷᠭᠠᠬᠰᠠᠨ ᠨᠢ᠂ ᠲᠤᠰᠬᠠᠢ ᠵᠦᠪᠯᠡᠯ ᠡᠲᠡᠭᠡᠳ ᠢᠯᠭᠠᠯ ᠲᠠᠢ ᠬᠠᠷᠢᠯᠴᠠᠵᠦ᠂ ᠬᠡᠰᠢᠬᠦᠳ ᠢ ᠲᠠᠶᠢᠴᠢᠯᠠᠬᠤ ᠨᠢ᠂ ᠤᠯᠤᠰ ᠲᠦᠷᠦ ᠶᠢᠨ ᠵᠦᠪᠯᠡᠯᠬᠡᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠰᠠᠭᠤᠷᠢ ᠪᠤᠯᠤᠨ᠎ᠠ᠃ ᠤᠢᠢᠷ᠎ᠠ ᠶᠢᠨ ᠵᠢᠯ ᠳᠤ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠡᠯ᠎ᠡ ᠲᠤᠰᠬᠠᠢ ᠵᠦᠪᠯᠡᠯ ᠤᠨ ᠠᠵᠢᠯ ᠤᠨ ᠠᠭᠤᠯᠭ᠎ᠠ ᠤᠯᠠᠮ ᠪᠦᠷᠢᠨ ᠲᠡᠭᠦᠯᠳᠡᠷ ᠪᠤᠯᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠬᠡᠯᠪᠡᠷᠢ ᠤᠯᠠᠮ ᠠᠮᠢᠳᠤᠯᠢᠭ ᠪᠤᠯᠵᠦ᠂ ᠰᠠᠭᠤᠷᠢ ᠦᠢᠯᠡᠳᠦᠯ ᠤᠯᠠᠮ ᠳᠤᠪᠤᠶᠢᠮ᠎ᠠ ᠪᠤᠯᠵᠦ᠂ ᠤᠨ ᠤ ᠵᠦᠪᠯᠡᠬᠦ ᠲᠦᠯᠦᠪᠯᠡᠭᠡ ᠶᠢ ᠨᠠᠶᠢᠳᠠᠪᠤᠷᠢᠵᠢᠭᠤᠯᠬᠤ᠂ ᠡᠲᠡᠭᠡᠳ ᠢᠯᠭᠠᠯ ᠤᠨ ᠠᠵᠢᠯᠯᠠᠭ᠎ᠠ ᠦᠷᠨᠢᠬᠦᠯᠬᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠵᠦᠪᠯᠡᠯᠭᠡ ᠬᠢᠬᠦ᠂ ᠬᠡᠰᠢᠬᠦᠨ ᠢ ᠵᠤᠬᠢᠶᠠᠨ ᠪᠠᠶᠢᠭᠤᠯᠵᠦ ᠪᠠᠶᠢᠴᠠᠭᠠᠨ ᠰᠤᠳᠤᠯᠬᠤ᠂ ᠠᠵᠢᠯ ᠲᠦᠷᠦᠯ ᠢᠶᠠᠷ ᠨᠢ ᠵᠦᠪᠯᠡᠯᠭᠡ ᠬᠢᠬᠦ ᠠᠵᠢᠯᠯᠠᠭ᠎ᠠ ᠦᠷᠨᠢᠭᠦᠯᠬᠦ ᠵᠡᠷᠭᠡ ᠲᠠᠯ᠎ᠠ ᠪᠠᠷ ᠨᠡᠯᠢᠶᠡᠳ ᠡᠯᠪᠡᠭ ᠪᠠᠶᠠᠯᠢᠭ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠷ᠎ᠡ ᠪᠦᠲᠦᠮᠵᠢ ᠣᠯᠵᠠᠢ᠃ ᠰᠢᠨ᠎ᠡ ᠨᠢᠬᠡ ᠵᠢᠯ ᠳᠤ᠂ ᠡᠯ᠎ᠡ ᠲᠤᠰᠬᠠᠢ ᠵᠦᠪᠯᠡᠯ ᠦᠷᠬᠦᠯᠵᠢᠯᠡᠨ ᠲᠤᠰ ᠲᠤᠰ ᠤᠨ ᠡᠬᠦᠷᠭᠡ ᠴᠢᠳᠠᠪᠬᠢ ᠪᠤᠯᠤᠨ ᠳᠠᠪᠠᠭᠤᠯᠢᠬ ᠢᠶᠠᠨ ᠪᠠᠳᠠᠷᠠᠭᠤᠯᠵᠦ᠂ ᠭᠡᠰᠢᠬᠦᠳ ᠢ ᠪᠦᠲᠦᠮᠵᠢᠲᠡᠢ ᠵᠤᠬᠢᠶᠠᠨ ᠪᠠᠶᠢᠭᠤᠯᠣᠨ ᠲᠤᠰᠢᠶᠠᠯ ᠬᠠᠷᠢᠭᠤᠴᠠᠯᠭ᠎ᠠ ᠶᠢ ᠨᠢ ᠬᠦᠢᠴᠡᠳᠭᠡᠯᠭᠡᠵᠦ᠂ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠲᠠᠰᠤᠷᠠᠯᠳᠠ ᠦᠬᠡᠢ ᠳᠠᠪᠰᠢᠬᠤ ᠶᠢ ᠠᠬᠢᠭᠤᠯᠵᠦ᠂ ᠪᠦᠬᠦ ᠤᠷᠤᠨ ᠤ ᠦᠬᠡᠷᠡᠴᠢᠯᠡᠯᠲᠡ ᠬᠦᠭᠵᠢᠯᠲᠡ ᠲᠤᠬᠲᠠᠭᠤᠨ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠡ ᠭᠡᠵᠡᠢ᠃      ᠵᠠᠩ ᠵᠢᠶᠠᠨ ᠮᠢᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠢ ᠲᠦᠯᠦᠭᠡᠯᠡᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠮᠡᠳᠡᠭᠦᠯᠬᠦ ᠳᠡᠭᠡᠨ ᠲᠠᠨᠢᠯᠴᠠᠭᠤᠯᠤᠬᠰᠠᠨ ᠨᠢ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠦᠷᠪᠡᠳᠦᠭᠡᠷ ᠬᠤᠷᠠᠯ ᠠᠴᠠ ᠨᠠᠰᠢ ᠲᠤᠰᠢᠶᠠᠬᠰᠠᠨ ᠡᠯ᠎ᠡ ᠵᠦᠢᠯ ᠤᠨ ᠰᠠᠨᠠᠯ ᠳᠤᠷᠠᠳᠤᠯᠭ᠎ᠠ ᠶᠢᠨ ᠳᠣᠳᠣᠷ᠎ᠠ᠂ ᠵᠠᠰᠠᠭ ᠤᠨ ᠤᠷᠳᠦᠨ ᠤ ᠰᠢᠰᠲ᠋ᠧᠮ 742 ᠬᠤᠪᠢ ᠶᠢ ᠨᠢ ᠳᠠᠭᠠᠭᠠᠨ ᠰᠢᠢᠳᠪᠦᠷᠢᠯᠡᠵᠦ᠂ ᠶᠡᠷᠦᠩᠬᠡᠢ ᠲᠤᠭ᠎ᠠ ᠶᠢᠨ 95.9%᠎ ᠶᠢ ᠡᠵᠡᠯᠡᠵᠦ᠂ ᠤᠳᠤᠬᠠᠨ ᠪᠣᠯᠳᠠᠯ᠎ᠠ ᠪᠦᠬᠦᠨ ᠢ ᠨᠢᠬᠡᠨᠲᠡ ᠬᠤᠭᠤᠴᠠᠭ᠎ᠠ ᠶᠤᠰᠤᠭᠠᠷ ᠰᠢᠢᠳᠪᠦᠷᠢᠯᠡᠨ ᠬᠠᠷᠢᠭᠤᠯᠳᠠ ᠦᠭᠴᠡᠢ᠃ ᠰᠠᠨᠠᠯ ᠳᠤᠷᠠᠳᠤᠯᠭ᠎ᠠ ᠳᠤ ᠳᠤᠷᠠᠳᠤᠬᠰᠠᠨ ᠠᠰᠠᠭᠤᠳᠠᠯ ᠢ ᠨᠢᠭᠡᠨᠲᠡ ᠰᠢᠢᠳᠪᠦᠷᠢᠯᠡᠭᠰᠡᠨ ᠪᠣᠶᠣ ᠨᠢᠬᠡᠨᠲᠡ ᠲᠦᠯᠦᠪᠯᠡᠭᠡ ᠳᠤ ᠤᠷᠤᠭᠤᠯᠵᠦ ᠢᠳᠡᠭ ᠢᠳᠡᠭ ᠢᠶᠠᠷ ᠰᠢᠢᠳᠪᠦᠷᠢᠯᠡᠬᠦ ᠰᠠᠨᠠᠯ ᠳᠤᠷᠠᠳᠤᠯᠭ᠎ᠠ ᠶᠢᠨ ᠡᠵᠡᠯᠡᠬᠦ ᠬᠠᠷᠢᠴᠠᠯ ᠨᠢ 93.4%᠎ ᠳᠤ ᠬᠦᠷᠴᠦ᠂ ᠨᠢᠳᠤᠨᠤᠨ ᠤ ᠬᠢ ᠲᠠᠢ ᠬᠠᠷᠢᠴᠠᠭᠤᠯᠪᠠᠯ ᠵᠠᠭᠤᠨ ᠤ ᠬᠠᠷᠢᠴᠠᠯ ᠢᠶᠠᠷ 2.5 ᠬᠤᠪᠢ ᠳᠡᠭᠡᠭᠰᠢᠯᠡᠵᠡᠢ᠃ ᠬᠤᠶᠢᠰᠢᠳᠠ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠠᠰᠠᠭᠤᠳᠠᠯ ᠢ ᠰᠢᠢᠳᠪᠦᠷᠢᠯᠡᠬᠦ᠂ ᠰᠢᠢᠳᠪᠦᠷᠢᠯᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠪᠤᠯᠤᠨ ᠮᠦᠷᠳᠡᠨ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠤᠷᠤᠭᠤᠯᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠴᠢᠨᠠᠷ ᠴᠢᠨᠰᠠᠭ᠎ᠠ ᠶᠢ ᠴᠢᠨᠠᠭᠰᠢᠳᠠ ᠳᠡᠭᠡᠭᠰᠢᠯᠡᠬᠦᠯᠵᠦ᠂ ᠵᠠᠰᠠᠭ ᠤᠨ ᠤᠷᠳᠦᠨ ᠤ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠳᠣᠭᠳᠠᠭᠠᠬᠤ ᠶᠢ ᠠᠬᠢᠭᠤᠯᠵᠣ᠂ ᠦᠷᠭᠡᠨ ᠤᠯᠠᠨ ᠤᠯᠤᠰ ᠲᠦᠷᠦ ᠶᠢᠨ ᠵᠦᠪᠯᠡᠯᠬᠡᠨ ᠤ ᠭᠡᠰᠢᠬᠦᠨ ᠤ ᠰᠠᠨᠠᠯ ᠳᠤᠷᠠᠳᠤᠯᠭ᠎ᠠ ᠶᠢ ᠦᠪᠡᠷᠲᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠳᠤᠮᠳᠠ ᠨᠡᠩ ᠶᠡᠭᠡ ᠦᠢᠯᠡᠳᠦᠯ ᠢ ᠨᠢ ᠪᠠᠳᠠᠷᠠᠭᠤᠯᠣᠨ᠎ᠠ ᠭᠡᠵᠡᠢ᠃      ᠲᠤᠰ ᠡᠳᠦᠷ ᠤᠨ ᠦᠳᠡ ᠶᠢᠨ ᠬᠤᠶᠢᠨ᠎ᠠ᠂ ᠬᠤᠷᠠᠯ ᠳᠤ ᠤᠷᠤᠯᠴᠠᠬᠰᠠᠳ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠬᠠᠮᠢᠶ᠎ᠠ ᠪᠦᠬᠦᠢ ᠵᠦᠢᠯᠡᠰ ᠢ ᠳᠤᠭᠤᠢᠢᠯᠠᠩ ᠬᠤᠪᠢᠶᠠᠨ ᠶᠠᠷᠢᠯᠴᠠᠵᠠᠢ᠃ ᠳᠠᠷᠠᠭᠠᠪᠡᠷ ᠨᠢ ᠬᠤᠷᠠᠯᠳᠤᠬᠰᠠᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ 62 ᠳ᠋ᠤᠭᠠᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠠᠴᠠ᠂ ᠳᠤᠭᠤᠢᠢᠯᠠᠩ ᠬᠤᠪᠢᠶᠠᠨ ᠶᠠᠷᠢᠯᠴᠠᠬᠰᠠᠨ ᠪᠠᠶᠢᠳᠠᠯ ᠤᠨ ᠬᠠᠷᠢᠭᠤ ᠮᠡᠳᠡᠬᠦᠯᠦᠯᠲᠡ ᠶᠢ ᠰᠤᠨᠤᠰᠴᠠᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠤᠬᠢᠶᠠᠨ ᠪᠠᠶᠢᠭᠤᠯᠬᠤ ᠬᠡᠯᠲᠡᠰ᠂ ᠨᠢᠭᠡᠲᠦᠮᠡᠯ ᠹᠷᠦᠨᠲ ᠤᠨ ᠬᠡᠯᠲᠡᠰ᠂ ᠦᠪᠡᠷᠲᠡᠬᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠠᠯᠪᠠᠨ ᠲᠢᠩᠬᠢᠮ ᠪᠤᠯᠤᠨ ᠬᠡᠰᠡᠭ ᠰᠠᠨᠠᠯ ᠳᠤᠷᠠᠳᠤᠯᠭ᠎ᠠ ᠶᠢ ᠳᠠᠭᠠᠭᠠᠨ ᠰᠢᠢᠳᠪᠦᠷᠢᠯᠡᠭᠰᠡᠨ ᠨᠢᠭᠡᠴᠡ ᠶᠢᠨ ᠬᠠᠷᠢᠭᠤᠴᠠᠯᠭᠠᠲᠠᠨ ᠨᠦᠬᠦᠳ᠂ ᠬᠦᠬᠡᠬᠤᠲᠠ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠡᠯ᠎ᠡ ᠠᠶᠢᠮᠠᠭ ᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ᠂ ᠭᠤᠷᠪᠠᠨ ᠴᠦᠭᠡᠨ ᠲᠤᠭᠠᠲᠦ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ ᠶᠢᠨ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号