ᠥᠪᠥᠷ ᠵᠠᠰᠠᠭ ᠠᠯᠪᠠᠨ ᠲᠠᠷᠬᠠᠭᠠᠭᠰᠠᠨ ﹇2016﹈ 93 ᠳ᠋ᠤᠭᠠᠷ ᠲᠤᠭᠠᠳᠤ | 2016 ᠣᠨ ᠤ 7 ᠳ᠋ᠤᠭᠠᠷ ᠰᠠᠷ᠎ᠠ ᠶᠢᠨ 29 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠢᠬᠤᠯᠠ ᠪᠦᠲᠦᠭᠡᠭᠳᠡᠭᠦᠨ ᠤ ᠮᠦᠷᠳᠡᠨ | ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠶᠢᠨ ᠬᠡᠷᠡᠭᠵᠢᠭᠦᠯᠬᠦ ᠲᠦᠰᠦᠯ︾ ᠢ | ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠢᠬᠤᠯᠠ ᠪᠦᠲᠦᠭᠡᠭᠳᠡᠭᠦᠨ ᠤ ᠮᠦᠷᠳᠡᠨ | ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠶᠢᠨ ᠬᠡᠷᠡᠭᠵᠢᠭᠦᠯᠬᠦ ᠲᠦᠰᠦᠯ | | | ︽ᠴᠢᠬᠤᠯᠠ ᠪᠦᠲᠦᠭᠡᠭᠳᠡᠭᠦᠨ ᠤ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2015﹈ 95 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠴᠢᠬᠤᠯᠠ ᠪᠦᠲᠦᠭᠡᠭᠳᠡᠭᠦᠨ ᠤ ᠮᠦᠷᠳᠡᠨ ᠤᠬᠤᠴᠢᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠶᠢᠨ ᠲᠤᠰᠠᠳᠠ᠂ ᠲᠤᠰ ᠲᠦᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ | ᠠᠮᠦᠷ ᠲᠥᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ | ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠡᠮ ᠤᠨ ᠵᠦᠢᠯᠡᠰ ᠤᠨ ᠬᠠᠮᠢᠶᠠᠷᠤᠯᠲᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠨᠴᠤᠭᠤᠢ ᠲᠥᠭᠦᠭᠡᠷᠦᠮᠵᠢ ᠶᠢᠨ ᠠᠮᠦᠷ ᠲᠥᠪᠰᠢᠨ ᠤ ᠬᠠᠤᠯᠢ︾᠂ ︽ᠠᠷᠠᠳ ᠤᠨ | ᠬᠡᠷᠡᠭᠯᠡᠭᠡᠨ ᠤ ᠳᠡᠯᠪᠡᠷᠡᠬᠦ ᠪᠤᠳᠠᠰ ᠤᠨ ᠠᠮᠦᠷ ᠲᠥᠪᠰᠢᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠤᠨ ᠲᠣᠭᠲᠠᠭᠠᠯ ᠶᠤᠰᠤᠭᠠᠷ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠦᠷ | ᠲᠥᠪᠰᠢᠨ ᠪᠠ ᠣᠯᠠᠨ ᠨᠡᠶᠢᠲᠡ ᠶᠢᠨ ᠠᠮᠦᠷ ᠲᠥᠪᠰᠢᠨ ᠳᠤ ᠴᠢᠬᠤᠯᠠ ᠶᠡᠭᠡ ᠨᠦᠯᠦᠭᠡᠯᠡᠯ ᠪᠤᠯᠬᠤ ᠪᠦᠲᠦᠭᠡᠭᠳᠡᠭᠦᠨ ᠤ | ᠲᠣᠭᠤᠷᠢᠨ ᠳᠤ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ᠂ ᠢᠳᠡᠭᠡᠨ᠂ ᠡᠮ ᠤᠨ | ᠵᠦᠢᠯ ᠪᠠ ᠡᠮᠴᠢᠯᠡᠭᠡ ᠶᠢᠨ ᠪᠠᠭᠠᠵᠢ ᠬᠡᠷᠡᠭᠰᠡᠯ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ᠂ | ᠣᠨᠴᠤᠭᠤᠢ ᠲᠥᠭᠦᠭᠡᠷᠦᠮᠵᠢ᠂ ᠠᠶᠤᠯᠲᠠᠢ ᠡᠳ᠋᠂ ᠬᠤᠪᠣᠷ ᠰᠢᠷᠤᠢ ᠶᠢᠨ ᠪᠦᠳᠦᠭᠡᠭᠳᠡᠬᠦᠨ ᠵᠡᠷᠭᠡ ᠪᠠᠷ ᠭᠤᠣᠯᠳᠠᠯᠭ᠎ᠠ | ᠪᠣᠯᠭᠠᠵᠤ᠂ ᠲᠦᠷᠦᠯ ᠬᠤᠪᠢᠶᠠᠨ ᠵᠢᠯᠤᠭᠤᠳᠬᠤ᠂ ᠠᠯᠬᠤᠮ ᠬᠤᠪᠢᠶᠠᠨ ᠬᠡᠷᠡᠭᠵᠢᠭᠦᠯᠦᠨ᠂ ᠮᠦᠷᠳᠡᠨ ᠤᠬᠤᠴᠢᠯᠠᠬᠤ | ᠰᠢᠰᠲ᠋ᠧᠮᠵᠢ ᠶᠢ ᠲᠦᠷᠭᠡᠳᠭᠡᠨ ᠪᠠᠶᠢᠭᠤᠯᠥᠨ᠎ᠠ᠃ ᠨᠦᠬᠦᠴᠡᠯ ᠲᠠᠢ ᠭᠠᠵᠠᠷ ᠣᠷᠣᠨ ᠨᠢ ᠬᠡᠰᠡᠭ ᠠᠮᠦᠷ ᠲᠥᠪᠰᠢᠨ ᠤ | ᠲᠥᠭᠰᠢᠭᠦᠷᠢ ᠶᠢᠨ ᠭᠡᠮ ᠰᠣᠭᠤᠭ ᠢᠶᠠᠷ ᠶᠡᠭᠡ᠂ ᠨᠡᠶᠢᠭᠡᠮ ᠤᠨ ᠲᠤᠰᠬᠠᠯ ᠴᠢᠩᠭ᠎ᠠ ᠪᠠᠶᠢᠭ᠎ᠠ ᠪᠦᠲᠦᠭᠡᠭᠳᠡᠭᠦᠨ ᠳᠤ | ᠴᠢᠭᠯᠡᠭᠦᠯᠵᠦ᠂ ᠲᠤᠰ ᠵᠠᠰᠠᠭ ᠵᠠᠬᠢᠷᠭᠠᠨ ᠤ ᠣᠷᠣᠨ ᠤ ᠳᠤᠲᠤᠷ᠎ᠠ ᠪᠠᠨ ᠦᠢᠯᠡᠳᠪᠦᠷᠢᠯᠡᠯ ᠡᠵᠡᠩᠨᠡᠯᠲᠡ ᠶᠢᠨ ᠠᠵᠤ | ᠠᠬᠤᠶᠢᠯᠠᠯ ᠤᠨ ᠮᠡᠳᠡᠭᠡ ᠵᠠᠩᠬᠢᠵᠢᠯᠲᠠ ᠶᠢᠨ ᠠᠷᠭ᠎ᠠ ᠮᠠᠶ᠋ᠢᠭ ᠢᠶᠠᠷ ᠮᠦᠷᠳᠡᠨ ᠤᠬᠤᠴᠢᠯᠠᠬᠤ ᠰᠢᠰᠲ᠋ᠧᠮᠵᠢ | ᠪᠠᠶᠢᠭᠤᠯᠬᠤ ᠶᠢ ᠬᠠᠤᠯᠢ ᠶᠤᠰᠤᠭᠠᠷ ᠠᠯᠪᠠᠳᠠᠨ ᠱᠠᠭᠠᠷᠳᠠᠨ᠎ᠠ᠃ 2020 ᠣᠨ ᠪᠣᠯᠳᠡᠯ᠎ᠠ ᠪᠦᠬᠦ ᠣᠷᠣᠨ ᠤ ᠴᠢᠬᠤᠯᠠ | ᠪᠦᠲᠦᠭᠡᠭᠳᠡᠭᠦᠨ ᠤ ᠮᠦᠷᠳᠡᠨ ᠤᠬᠤᠴᠢᠯᠠᠬᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠤ᠂ ᠬᠤᠯᠪᠣᠭᠳᠠᠯ ᠪᠦᠬᠦᠢ | ᠰᠠᠯᠠᠭ᠎ᠠ ᠮᠦᠴᠢᠷ᠂ ᠭᠠᠵᠠᠷ ᠣᠷᠣᠨ᠂ ᠠᠵᠢᠯ ᠲᠦᠷᠦᠯ ᠪᠣᠯᠣᠨ ᠠᠵᠤ ᠠᠬᠤᠶᠢᠯᠠᠯ ᠤᠨ ᠮᠦᠷᠳᠡᠨ ᠤᠬᠤᠴᠢᠯᠠᠬᠤ | ᠮᠡᠳᠡᠭᠡ ᠵᠠᠩᠭᠢ ᠶᠢ ᠬᠠᠷᠢᠯᠴᠠᠨ ᠨᠡᠪᠲᠡᠷᠡᠭᠦᠯᠵᠦ ᠬᠠᠮᠲᠤᠪᠠᠷ ᠡᠳ᠋ᠯᠡᠬᠦ ᠶᠢ ᠠᠩᠬ᠎ᠠ ᠠᠯᠬᠤᠮ ᠪᠡᠶᠡᠯᠡᠭᠦᠯᠦᠨ᠂ ᠢᠳᠡᠰᠢᠨ ᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ᠂ ᠢᠳᠡᠭᠡᠨ᠂ ᠡᠮ ᠤᠨ ᠵᠦᠢᠯ ᠪᠠ ᠡᠮᠴᠢᠯᠡᠭᠡ ᠶᠢᠨ | ᠪᠠᠭᠠᠵᠢ ᠬᠡᠷᠡᠭᠰᠡᠯ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ᠂ ᠣᠨᠴᠤᠭᠤᠢ | ᠲᠦᠭᠦᠭᠡᠷᠦᠮᠵᠢ᠂ ᠠᠶᠤᠯᠲᠠᠢ ᠡᠳ᠋᠂ ᠬᠤᠪᠤᠷ ᠰᠢᠷᠤᠢ ᠶᠢᠨ ᠪᠦᠳᠦᠭᠡᠭᠳᠡᠬᠦᠨ ᠵᠡᠷᠭᠡ ᠴᠢᠬᠤᠯᠠ ᠪᠦᠲᠦᠭᠡᠭᠳᠡᠭᠦᠨ ᠤ | ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠮᠦᠷᠳᠡᠨ ᠤᠬᠤᠴᠢᠯᠠᠬᠤ ᠦᠵᠡᠯ ᠤᠬᠠᠮᠰᠠᠷ ᠢ ᠮᠡᠳᠡᠭᠳᠡᠮ᠎ᠡ | ᠳᠡᠭᠡᠭᠰᠢᠯᠡᠭᠦᠯᠵᠦ᠂ ᠪᠦᠲᠦᠭᠡᠭᠳᠡᠭᠦᠨ ᠢ ᠮᠦᠷᠳᠡᠨ ᠤᠬᠤᠴᠢᠯᠠᠬᠤ ᠲᠠᠯ᠎ᠠ ᠪᠠᠷ ᠬᠢ ᠨᠡᠶᠢᠭᠡᠮ ᠤᠨ ᠣᠯᠠᠨ ᠨᠡᠶᠢᠳ᠋ᠨ ᠶᠢᠨ | ᠲᠠᠨᠢᠨ ᠮᠡᠳᠡᠬᠦ ᠬᠡᠮᠵᠢᠶ᠎ᠡ ᠪᠠ ᠬᠦᠯᠢᠶᠡᠨ ᠠᠪᠬᠤ ᠬᠡᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ | ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠢᠷᠢ ᠬᠡᠮᠵᠢᠶ᠎ᠠ ᠶᠢ ᠢᠯᠡᠷᠬᠡᠢ ᠳᠡᠭᠡᠭᠰᠢᠯᠡᠭᠦᠯᠵᠦ᠂ ᠮᠦᠷᠳᠡᠨ | ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠢᠯᠡᠳᠳᠡ | ᠰᠠᠶᠢᠵᠢᠷᠠᠭᠤᠯᠥᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠮᠦᠷᠳᠡᠨ | ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠢᠳᠡᠰᠢᠨ ᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠪᠦᠬᠦ ᠶᠠᠪᠤᠴᠠ ᠶᠢ ᠮᠦᠷᠳᠡᠨ ᠤᠬᠤᠴᠢᠯᠠᠵᠤ | ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢᠨ ᠭᠤᠣᠯ ᠴᠤᠭᠴᠠ ᠪᠣᠯᠣᠨ ᠭᠦᠢᠯᠭᠡᠭᠡᠭᠰᠡᠨ | ᠬᠠᠨᠳᠤᠰᠢ ᠶᠢᠨ ᠬᠠᠮᠢᠶᠠᠷᠤᠯᠲᠠ ᠪᠠᠷ ᠭᠤᠤᠯᠯᠠᠭᠤᠯᠤᠨ᠂ ᠮᠦᠷᠳᠡᠨ ᠤᠬᠤᠴᠢᠯᠠᠬᠤ ᠨᠣᠮᠧᠷ ᠢᠶᠠᠷ ᠠᠴᠢᠶᠠᠯᠠᠪᠤᠷᠢ | ᠪᠣᠯᠭᠠᠵᠤ᠂ ᠮᠦᠷᠳᠡᠨ ᠤᠬᠤᠴᠢᠯᠠᠬᠤ ᠪᠠ ᠬᠠᠮᠢᠶᠠᠷᠬᠤ ᠶᠢ ᠵᠠᠬ᠎ᠠ ᠳᠡᠯᠭᠡᠭᠦᠷ ᠲᠤ ᠤᠷᠤᠭᠤᠯᠬᠤ ᠶᠢ ᠵᠥᠪᠰᠢᠶᠡᠷᠡᠬᠦ ᠯᠦᠭᠡ | ᠬᠠᠷᠢᠯᠴᠠᠨ ᠵᠤᠯᠭᠠᠭᠤᠯᠬᠤ ᠶᠢ ᠠᠬᠢᠭᠤᠯᠤᠨ᠂ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ︽ᠲᠠᠷᠢᠶᠠᠨ ᠭᠠᠵᠠᠷ ᠮᠠᠯᠵᠢᠯ ᠤᠨ ᠲᠠᠯᠠᠪᠠᠢ ᠠᠴᠠ ᠬᠤᠭᠤᠯᠨ ᠪᠤᠳᠠᠭ᠎ᠠ ᠬᠢᠬᠦ ᠬᠦᠷᠲᠡᠯᠡᠬᠢ︾ ᠪᠦᠬᠦ | ᠶᠠᠪᠤᠴᠠ ᠶᠢ ᠮᠦᠷᠳᠡᠨ ᠤᠬᠤᠴᠢᠯᠠᠬᠤ ᠪᠠ ᠬᠠᠮᠢᠶᠠᠷᠬᠤ ᠶᠢ ᠪᠡᠶᠡᠯᠡᠭᠦᠯᠦᠨ᠎ᠡ᠃ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠨ ᠡᠵᠡᠩᠨᠡᠭᠴᠢᠳ ᠤᠨ ᠤᠯᠤᠰ ᠤᠨ ᠲᠠᠷᠢᠶᠠᠯᠠᠩ ᠤᠨ | ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠮᠦᠷᠳᠡᠨ ᠤᠬᠤᠴᠢᠯᠠᠬᠤ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠲᠡᠪᠴᠡᠩ ᠤᠨ ᠠᠵᠢᠯᠯᠠᠭᠠᠨ ᠳᠤ ᠢᠳᠡᠪᠬᠢᠲᠡᠢ ᠣᠷᠤᠯᠴᠠᠬᠤ ᠶᠢ ᠠᠬᠢᠭᠤᠯᠤᠨ᠎ᠠ᠃ ︵ᠦᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠲᠦᠷᠦᠭᠦᠯᠡᠨ᠎ᠡ︔ ᠦᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶ᠎ᠠ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠦᠷ | ᠮᠣᠩᠭᠤᠯ ᠤᠨ ᠬᠢᠯᠢ ᠪᠠᠷ ᠣᠷᠣᠭᠤᠯᠵᠦ ᠭᠠᠷᠭᠠᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ | ᠬᠠᠮᠵᠢᠯᠴᠠᠨ᠎ᠠ︶ | ︵ᠬᠤᠶᠠᠷ︶ ᠢᠳᠡᠭᠡᠨ ᠵᠢᠴᠢ ᠬᠠᠮᠢᠶ᠎ᠠ ᠪᠦᠬᠦᠢ ᠪᠦᠲᠦᠭᠡᠭᠳᠡᠭᠦᠨ ᠤ ᠮᠦᠷᠳᠡᠨ ᠤᠬᠤᠴᠢᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠨᠢᠯᠬ᠎ᠠ ᠨᠢᠷᠠᠢ ᠬᠡᠦᠬᠡᠳ ᠲᠤ ᠵᠤᠷᠢᠭᠤᠯᠤᠬᠰᠠᠨ ᠨᠠᠶᠢᠷᠠᠯᠭᠠᠲᠤ ᠢᠳᠡᠭᠡᠨ᠂ ᠮᠢᠬᠠᠨ | ᠢᠳᠡᠭᠡᠨ᠂ ᠴᠠᠭᠠᠨ ᠢᠳᠡᠭᠡ᠂ ᠢᠳᠡᠰᠢᠨ ᠤ ᠤᠷᠭᠤᠮᠠᠯ ᠤᠨ ᠲᠤᠰᠤ᠂ ᠬᠠᠷ᠎ᠠ ᠠᠷᠢᠬᠢ ᠵᠡᠷᠭᠡ ᠢᠳᠡᠭᠡᠨ ᠪᠠ | ᠭᠤᠣᠯᠳᠠᠯᠭ᠎ᠠ ᠲᠠᠢ ᠢᠳᠡᠭᠡᠨ ᠤ ᠬᠠᠮᠢᠶ᠎ᠠ ᠪᠦᠬᠦᠢ ᠪᠦᠲᠦᠭᠡᠭᠳᠡᠭᠦᠨ ᠤ ᠲᠣᠭᠤᠷᠢᠨ ᠳᠤ ᠦᠢᠯᠡᠳᠪᠦᠷᠢᠯᠡᠯ ᠤᠨ ᠠᠵᠤ | ᠠᠬᠤᠶᠢᠯᠠᠯ ᠤᠨ ᠶᠠᠰᠤ ᠴᠢᠨᠠᠷ ᠤᠨ ᠠᠮᠦᠷ ᠲᠥᠪᠰᠢᠨ ᠤ ᠮᠦᠷᠳᠡᠨ ᠤᠬᠤᠴᠢᠯᠠᠬᠤ ᠰᠢᠰᠲ᠋ᠧᠮᠵᠢ ᠶᠢ ᠬᠠᠤᠯᠢ ᠶᠤᠰᠤᠭᠠᠷ | ᠪᠠᠶᠢᠭᠤᠯᠬᠤ ᠶᠢ ᠰᠢᠮᠳᠠᠭᠤᠯᠤᠨ ᠵᠢᠯᠤᠭᠤᠳᠴᠤ᠂ ᠶᠠᠰᠤ ᠴᠢᠨᠠᠷ ᠤᠨ ᠠᠮᠦᠷ ᠲᠥᠪᠰᠢᠨ ᠤ ᠭᠤᠣᠯ ᠴᠤᠭᠴᠠ ᠶᠢᠨ | ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠎ᠠ᠃ ᠮᠦᠷᠳᠡᠨ ᠤᠬᠤᠴᠢᠯᠠᠬᠤ ᠬᠡᠯᠬᠢᠶᠡᠵᠢᠯ ᠢ ᠢᠳᠡᠭᠡᠨ ᠤ | ᠲᠥᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠳᠡᠯ᠎ᠠ ᠲᠡᠰᠢ ᠤᠷᠳᠤᠳᠬᠠᠬᠤ ᠶᠢ ᠠᠬᠢᠭᠤᠯᠵᠤ᠂ ᠪᠦᠬᠦ ᠠᠵᠤ | ᠦᠢᠯᠡᠰ ᠤᠨ ᠬᠡᠯᠬᠢᠶᠡᠵᠢᠯ ᠤᠨ ᠮᠦᠷᠳᠡᠨ ᠤᠬᠤᠴᠢᠯᠠᠬᠤ ᠬᠠᠮᠢᠶᠠᠷᠤᠯᠲᠠ ᠶᠢ ᠬᠡᠷᠡᠭᠵᠢᠭᠦᠯᠦᠨ᠂ ᠭᠠᠳᠠᠭᠠᠲᠤ ᠳᠤ | ᠭᠠᠷᠭᠠᠬᠤ ᠢᠳᠡᠭᠡᠨ ᠪᠠ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠵᠢᠱᠢᠶ᠎ᠡ | ᠦᠵᠡᠭᠦᠯᠬᠦ ᠣᠷᠣᠨ ᠳᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠮᠦᠷᠳᠡᠨ ᠤᠬᠤᠴᠢᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠦᠷᠨᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠎ᠡ︔ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ | ᠮᠡᠳᠡᠭᠡ ᠵᠠᠩᠬᠢᠵᠢᠯᠲᠠ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠦᠪᠦᠷ ᠮᠣᠩᠭᠤᠯ ᠤᠨ ᠬᠢᠯᠢ ᠪᠠᠷ ᠣᠷᠣᠭᠤᠯᠵᠦ ᠭᠠᠷᠭᠠᠬᠤ ᠶᠢ | ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠬᠠᠮᠵᠢᠯᠴᠠᠨ᠎ᠠ︶ | ︵ᠭᠤᠷᠪᠠ︶ ᠡᠮ ᠤᠨ ᠵᠦᠢᠯ ᠪᠠ ᠡᠮᠴᠢᠯᠡᠭᠡ ᠶᠢᠨ ᠪᠠᠭᠠᠵᠢ ᠬᠡᠷᠡᠭᠰᠡᠯ ᠤᠨ ᠮᠦᠷᠳᠡᠨ ᠤᠬᠤᠴᠢᠯᠠᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠡᠮ ᠤᠨ ᠵᠦᠢᠯ ᠪᠠ ᠡᠮᠴᠢᠯᠡᠭᠡ ᠶᠢᠨ ᠪᠠᠭᠠᠵᠢ ᠬᠡᠷᠡᠭᠰᠡᠯ ᠤᠨ | ᠦᠢᠯᠡᠳᠪᠦᠷᠢᠯᠡᠯ ᠤᠨ ᠠᠵᠤ ᠠᠬᠤᠶᠢᠯᠠᠯ ᠤᠳ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠯᠡᠯ | ︵GMP︶ ᠢ ᠴᠢᠩᠭ᠎ᠠ ᠬᠡᠷᠡᠭᠵᠢᠭᠦᠯᠵᠦ᠂ ᠡᠵᠡᠩᠨᠡᠯᠲᠡ ᠶᠢᠨ ᠠᠵᠤ ᠠᠬᠤᠶᠢᠯᠠᠯ ᠤᠳ ᠡᠵᠡᠩᠨᠡᠯᠲᠡ ᠶᠢᠨ ᠶᠠᠰᠤ | ᠴᠢᠨᠠᠷ ᠤᠨ ᠬᠠᠮᠢᠶᠠᠷᠤᠯᠲᠠ ᠶᠢᠨ ᠵᠢᠷᠤᠮᠯᠡᠯ ︵GSP︶ ᠢ ᠴᠢᠩᠭ᠎ᠠ ᠬᠡᠷᠡᠭᠵᠢᠭᠦᠯᠦᠨ᠂ ᠦᠢᠯᠡᠳᠪᠦᠷᠢᠯᠡᠯ ᠪᠠ | ᠡᠵᠡᠩᠨᠡᠯᠲᠡ ᠶᠢᠨ ᠶᠠᠪᠤᠴᠠ ᠳᠤᠮᠳᠠᠬᠢ ᠲᠤᠭ᠎ᠠ ᠪᠠᠷᠢᠮᠲᠠ ᠶᠢᠨ ᠦᠨᠡᠨ ᠪᠤᠲᠠᠲᠠᠢ᠂ ᠪᠦᠷᠢᠨ ᠪᠦᠲᠦᠨ᠂ ᠮᠦᠷᠳᠡᠨ | ᠤᠬᠤᠴᠢᠯᠠᠵᠤ ᠪᠣᠯᠬᠤ ᠶᠢ ᠪᠠᠲᠤᠯᠠᠨ᠎ᠠ᠃ ᠡᠮ ᠤᠨ ᠪᠦᠬᠦ ᠵᠦᠢᠯ᠂ ᠪᠦᠬᠦ ᠶᠠᠪᠤᠴᠠ ᠶᠢ ᠮᠦᠷᠳᠡᠨ ᠤᠬᠤᠴᠢᠯᠠᠬᠤ ᠪᠠ | ᠬᠢᠨᠠᠨ ᠬᠠᠮᠢᠶᠠᠷᠬᠤ ᠶᠢ ᠠᠬᠢᠭᠤᠯᠬᠤ ᠪᠠᠷ ᠭᠤᠣᠯ ᠠᠭᠤᠯᠭ᠎ᠠ ᠪᠣᠯᠭᠠᠵᠤ᠂ ᠡᠮ ᠤᠨ ᠵᠦᠢᠯ ᠤᠨ ᠮᠦᠷᠳᠡᠨ ᠤᠬᠤᠴᠢᠯᠠᠬᠤ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮ ᠤᠨ ᠵᠦᠢᠯ ᠤᠨ ᠨᠠᠶᠢᠷᠠᠯᠲᠠ ᠶᠢᠨ ᠲᠦᠷᠦᠯ ᠤᠨ ᠵᠦᠢᠯ ᠤᠨ | ᠡᠯᠧᠺᠲᠷᠣᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠥᠭᠦᠬᠡᠢ ᠡᠮ ︵ᠮᠠᠲ᠋ᠧᠷᠢᠶᠠᠯ︶᠂ | ᠴᠢᠨᠠᠬᠤ ᠡᠮ ᠵᠡᠷᠭᠡ ᠲᠦᠷᠦᠯ ᠢᠯᠭᠠᠯ ᠤᠨ ᠡᠮ ᠤᠨ ᠵᠦᠢᠯ ᠳᠤ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ | ᠤᠯᠤᠰ ᠤᠨ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ | ᠡᠮᠴᠢᠯᠡᠭᠡ ᠶᠢᠨ ᠪᠠᠭᠠᠵᠢ ᠬᠡᠷᠡᠭᠰᠡᠯ ᠤᠨ ᠪᠦᠲᠦᠭᠡᠭᠳᠡᠭᠦᠨ ᠤ ᠨᠤᠮᠧᠷᠯᠠᠬᠤ ᠳᠦᠷᠢᠮ ᠢ ᠦᠨᠳᠦᠰᠦᠯᠡᠨ ᠲᠣᠭᠲᠠᠭᠠᠭᠰᠠᠨ | ᠵᠦᠢᠯ ᠳᠤ᠂ ᠪᠦᠲᠦᠭᠡᠭᠳᠡᠭᠦᠨ ᠤ ᠲᠥᠭᠰᠢᠭᠦᠷᠢ ᠶᠢ ᠦᠨᠳᠦᠰᠦᠯᠡᠨ ᠡᠮᠴᠢᠯᠡᠭᠡ ᠶᠢᠨ ᠪᠠᠭᠠᠵᠢ ᠬᠡᠷᠡᠭᠰᠡᠯ ᠤᠨ | ᠪᠦᠲᠦᠭᠡᠭᠳᠡᠭᠦᠨ ᠤ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠯᠬᠤᠮ ᠠᠯᠬᠤᠮ ᠢᠶᠠᠷ | ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠬᠠᠮᠵᠢᠯᠴᠠᠨ᠎ᠠ︶ | ︵ᠳᠥᠷᠪᠡ︶ ᠲᠠᠷᠢᠶᠠᠯᠠᠩ ᠮᠠᠯ ᠠᠵᠤ ᠠᠬᠤᠢ ᠶᠢᠨ ᠭᠤᠣᠯ ᠪᠤᠯᠬᠤ ᠦᠢᠯᠡᠳᠪᠦᠷᠢᠯᠡᠯ ᠤᠨ ᠬᠡᠷᠡᠭᠰᠡᠯ ᠤᠨ | ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠨ ᠡᠮ᠂ ᠮᠠᠯ ᠤᠨ ᠡᠮ᠂ | ᠲᠡᠵᠢᠭᠡᠯ ᠪᠤᠷᠳᠤᠭ᠎ᠠ᠂ ᠪᠤᠷᠳᠤᠭ᠎ᠠ᠂ ᠦᠷ᠎ᠡ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠭᠤᠣᠯ ᠪᠤᠯᠬᠤ | ᠦᠢᠯᠡᠳᠪᠦᠷᠢᠯᠡᠯ ᠤᠨ ᠬᠡᠷᠡᠭᠰᠡᠯ ᠤᠨ ᠲᠡᠮᠲᠡᠭᠯᠡᠬᠦ᠂ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠳᠡᠯ᠎ᠠ ᠶᠢᠨ ᠪᠦᠬᠦ | ᠶᠠᠪᠤᠴᠠ ᠶᠢ ᠮᠦᠷᠳᠡᠨ ᠤᠬᠤᠴᠢᠯᠠᠵᠦ ᠬᠢᠨᠠᠨ ᠬᠠᠮᠢᠶᠠᠷᠬᠤ ᠪᠠᠷ ᠭᠤᠣᠯ ᠠᠭᠤᠯᠭ᠎ᠠ ᠪᠣᠯᠭᠠᠵᠤ᠂ ᠲᠠᠷᠢᠶᠠᠯᠠᠩ ᠮᠠᠯ ᠠᠵᠤ | ᠠᠬᠤᠢ ᠶᠢᠨ ᠭᠤᠣᠯ ᠦᠢᠯᠡᠳᠪᠦᠷᠢᠯᠡᠯ ᠤᠨ ᠬᠡᠷᠡᠭᠰᠡᠯ ᠤᠨ ᠮᠦᠷᠳᠡᠨ ᠤᠬᠤᠴᠢᠯᠠᠵᠦ ᠰᠢᠰᠲ᠋ᠧᠮᠵᠢ ᠶᠢ ᠪᠠᠶᠢᠭᠤᠯᠬᠤ ᠶᠢᠨ | ᠬᠠᠮᠲᠤ᠂ ᠭᠠᠷᠤᠯᠲᠠ ᠶᠢᠨ ᠣᠷᠣᠨ ᠤ ᠭᠡᠷᠡᠴᠢᠯᠡᠯ ᠤᠨ ᠰᠢᠰᠲ᠋ᠧᠮ ᠯᠦᠭᠡ ᠬᠤᠯᠪᠤᠵᠤ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠤᠨ ᠡᠯᠧᠺᠲᠷᠣᠨ ᠮᠦᠷᠳᠡᠨ ᠤᠬᠤᠴᠢᠯᠠᠬᠤ ᠨᠤᠮᠧᠷ ᠤᠨ ᠢᠯᠭᠠᠬᠤ | ᠲᠡᠮᠲᠡᠭ ᠤᠨ ᠳᠦᠷᠢᠮ ᠢ ᠪᠠᠶᠢᠭᠤᠯᠤᠨ᠂ ᠮᠡᠳᠡᠭᠡ ᠵᠠᠩᠭᠢ ᠶᠢ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠭᠦᠯᠬᠦ ᠶᠢ | ᠪᠡᠶᠡᠯᠡᠭᠦᠯᠵᠦ᠂ ᠪᠦᠬᠦ ᠶᠠᠪᠤᠴᠠ ᠶᠢ ᠮᠦᠷᠳᠡᠨ ᠤᠬᠤᠴᠢᠯᠠᠬᠤ ᠪᠠ ᠬᠠᠮᠢᠶᠠᠷᠬᠤ ᠶᠢ ᠬᠡᠷᠡᠭᠵᠢᠭᠦᠯᠦᠨ᠂ ᠲᠠᠷᠢᠶᠠᠯᠠᠩ ᠮᠠᠯ | ᠠᠵᠤ ᠠᠬᠤᠢ ᠶᠢᠨ ᠦᠢᠯᠡᠳᠪᠦᠷᠢᠯᠡᠯ ᠤᠨ ᠠᠮᠦᠷ ᠲᠥᠪᠰᠢᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ᠂ ᠠᠮᠢ ᠠᠬᠤᠢ ᠶᠢᠨ ᠣᠷᠴᠢᠨ ᠲᠣᠭᠤᠷᠢᠨ ᠤ ᠠᠮᠦᠷ | ᠲᠥᠪᠰᠢᠨ ᠪᠠ ᠠᠷᠠᠳ ᠲᠦᠮᠡᠨ ᠤ ᠠᠮᠢ ᠨᠠᠰᠤᠨ ᠤ ᠠᠮᠦᠷ ᠲᠥᠪᠰᠢᠨ ᠢ ᠪᠠᠲᠤᠯᠠᠨ᠎ᠠ᠃ ︽ᠭᠤᠷᠪᠡᠡ ᠪᠦᠲᠦᠭᠡᠭᠳᠡᠭᠦᠨ | ᠬᠢᠬᠡᠳ ᠨᠢᠭᠡ ᠲᠡᠮᠲᠡᠭ︾ ᠲᠠᠢ ᠠᠵᠤ ᠠᠬᠤᠶᠢᠯᠠᠯ ᠪᠣᠯᠣᠨ ᠤᠯᠤᠰ ᠤᠨ ᠳᠡᠰ ᠤᠨ᠂ ᠦᠪᠡᠷᠲᠡᠭᠡᠨ ᠵᠠᠰᠠᠬᠤ ᠣᠷᠣᠨ ᠤ | ᠳᠡᠰ ᠤᠨ ᠬᠦᠲᠦᠴᠢ ᠠᠵᠤ ᠠᠬᠤᠶᠢᠯᠠᠯ ᠵᠡᠷᠭᠡ ᠦᠢᠯᠡᠳᠪᠦᠷᠢᠯᠡᠯ ᠤᠨ ᠬᠡᠪᠴᠢᠶᠡᠵᠢᠯ ᠢᠶᠠᠷ ᠨᠡᠯᠢᠶᠡᠳ ᠶᠡᠭᠡ᠂ | ᠬᠠᠮᠢᠶᠠᠷᠤᠯᠲᠠ ᠶᠢᠨ ᠵᠠᠭᠪᠤᠷ ᠨᠢ ᠲᠡᠷᠢᠭᠦᠨ ᠤ᠂ ᠪᠦᠲᠦᠭᠡᠭᠳᠡᠭᠦᠨ ᠤ ᠶᠠᠰᠤ ᠴᠢᠨᠠᠷ ᠨᠢ ᠪᠠᠲᠤᠯᠠᠭ᠎ᠠ ᠲᠠᠢ ᠠᠵᠤ | ᠠᠬᠤᠶᠢᠯᠠᠯ ᠢ ᠰᠤᠩᠭᠤᠵᠤ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠤᠷᠢᠳᠠᠪᠠᠷ ᠦᠷᠨᠢᠭᠦᠯᠵᠦ᠂ | ᠴᠡᠭ ᠢᠶᠠᠷ ᠨᠡᠶᠢᠳᠡᠮ ᠢ ᠳᠡᠶᠢᠴᠢᠯᠡᠨ᠂ ᠠᠯᠬᠤᠮ ᠠᠯᠬᠤᠮ ᠢᠶᠠᠷ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ | ᠲᠡᠷᠢᠶᠠᠯᠠᠩ ᠮᠠᠯ ᠠᠵᠤ ᠠᠬᠤᠢ ᠶᠢᠨ ᠲᠢᠩᠭᠢᠮ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠠᠵᠤ ᠦᠢᠯᠡᠳᠪᠦᠷᠢ | ᠬᠤᠳᠠᠯᠳᠤᠭ᠎ᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠠᠩᠭᠠᠨ | ᠪᠣᠷᠤᠯᠠᠭᠤᠯᠬᠤ ᠬᠤᠯᠪᠣᠭᠠᠲᠤ ᠬᠤᠷᠰᠢᠶ᠎ᠠ ᠬᠠᠮᠵᠢᠯᠴᠠᠨ᠎ᠠ︶ | ︵ᠲᠠᠪᠤ︶ ᠣᠨᠴᠣᠭᠤᠢ ᠲᠥᠭᠦᠭᠡᠷᠦᠮᠵᠢ ᠶᠢᠨ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠦᠷᠨᠢᠭᠦᠯᠦᠨ᠎ᠡ᠃ ᠴᠠᠬᠢᠯᠭᠠᠨ ᠱᠠᠲᠤ᠂ ᠬᠡᠢ ᠠᠭᠤᠯᠬᠤ ᠰᠠᠪᠠ ᠭᠡᠷᠡᠭᠰᠡᠯ ᠵᠡᠷᠭᠡ ᠪᠦᠲᠦᠭᠡᠭᠳᠡᠭᠦᠨ ᠢᠶᠠᠷ ᠭᠤᠣᠯᠳᠠᠯᠭ᠎ᠠ | ᠪᠣᠯᠭᠠᠵᠤ᠂ ᠣᠨᠴᠤᠭᠤᠢ ᠲᠥᠭᠦᠭᠡᠷᠦᠮᠵᠢ ᠶᠢᠨ ᠠᠮᠦᠷ ᠲᠥᠪᠰᠢᠨ ᠤ ᠮᠡᠷᠭᠡᠵᠢᠯ ᠤᠨ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠳ ᠤᠨ ᠴᠠᠬᠢᠯᠭᠠᠨ ᠱᠠᠲᠤ ᠶᠢᠨ | ᠪᠦᠲᠦᠭᠡᠭᠳᠡᠭᠦᠨ ᠢ ᠦᠢᠯᠡᠳᠬᠦ᠂ ᠤᠭᠰᠠᠷᠠᠬᠤ᠂ ᠬᠠᠮᠠᠭᠠᠯᠠᠨ ᠠᠷᠠᠴᠢᠯᠠᠬᠤ᠂ ᠰᠢᠯᠭᠠᠨ ᠪᠠᠶᠢᠴᠠᠭᠠᠬᠤ ᠵᠢᠴᠢ ᠬᠡᠢ | ᠠᠭᠤᠯᠬᠤ ᠰᠡᠪᠠ ᠭᠡᠷᠡᠭᠰᠡᠯ ᠤᠨ ᠪᠦᠲᠦᠭᠡᠭᠳᠡᠭᠦᠨ ᠢ ᠦᠢᠯᠡᠳᠬᠦ᠂ ᠬᠡᠢ ᠠᠭᠤᠯᠬᠤ᠂ ᠰᠢᠯᠭᠠᠨ ᠪᠠᠶᠢᠴᠠᠭᠠᠬᠤ ᠵᠡᠷᠭᠡ | ᠶᠠᠪᠤᠴᠠ ᠶᠢᠨ ᠮᠡᠳᠡᠭᠡ ᠵᠠᠩᠭᠢ ᠳᠤ ᠲᠡᠮᠲᠡᠭᠯᠡᠯ ᠬᠢᠬᠦ ᠶᠢ ᠠᠬᠢᠭᠤᠯᠵᠤ᠂ ᠣᠨᠴᠤᠭᠤᠢ ᠲᠥᠭᠦᠭᠡᠷᠦᠮᠵᠢ ᠶᠢᠨ ᠠᠮᠦᠷ | ᠲᠥᠪᠰᠢᠨ ᠤ ᠬᠠᠮᠢᠶᠠᠷᠤᠯᠲᠠ ᠶᠢᠨ ᠮᠦᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠤᠨ᠎ᠠ᠃ ︵ᠦᠪᠡᠷᠲᠡᠭᠡᠨ | ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠬᠠᠷᠢᠭᠤᠴᠠᠨ᠎ᠠ︶ | ︵ᠵᠢᠷᠭᠤᠭ᠎ᠠ︶ ᠠᠶᠤᠯᠲᠠᠢ ᠡᠳ᠋ ᠤᠨ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠦᠷᠨᠢᠭᠦᠯᠦᠨ᠎ᠡ᠃ ᠠᠷᠠᠳ ᠤᠨ ᠬᠡᠷᠡᠭᠯᠡᠭᠡᠨ ᠤ ᠳᠡᠯᠪᠡᠷᠡᠬᠦ ᠪᠤᠳᠠᠰ᠂ ᠬᠤᠸᠠᠷ ᠫᠤᠤᠵᠢᠩ᠂ ᠠᠮᠠᠷᠬᠠᠨ ᠳᠡᠯᠪᠡᠷᠡᠬᠦ | ᠠᠶᠤᠯᠲᠠᠢ ᠬᠢᠮᠢ ᠶᠢᠨ ᠪᠤᠳᠠᠰ᠂ ᠳᠣᠭᠰᠢᠨ ᠬᠤᠣᠷᠲᠤ ᠬᠢᠮᠢ ᠶᠢᠨ ᠪᠤᠳᠠᠰ ᠵᠡᠷᠭᠡ ᠪᠦᠲᠦᠭᠡᠭᠳᠡᠭᠦᠨ ᠢᠶᠠᠷ ᠭᠤᠣᠯᠳᠠᠯᠭ᠎ᠠ | ᠪᠣᠯᠭᠠᠵᠤ᠂ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠬᠡᠷᠡᠭᠯᠡᠬᠦ ᠪᠠ ᠦᠬᠡᠶᠢᠰᠬᠡᠬᠦ ᠪᠦᠬᠦ | ᠶᠠᠪᠤᠴᠠ ᠶᠢᠨ ᠮᠡᠳᠡᠭᠡ ᠵᠠᠩᠬᠢᠵᠢᠭᠤᠯᠤᠭᠰᠠᠨ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠦᠷᠨᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠠᠶᠤᠯ ᠦᠬᠡᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠳᠤᠲᠤᠭᠠᠲᠤ ᠶᠢ | ᠬᠠᠮᠠᠭᠠᠯᠠᠬᠤ ᠲᠢᠩᠭᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠲᠣᠪᠴᠢᠶ᠎ᠠ᠂ ᠦᠪᠦᠷ ᠮᠣᠩᠭᠤᠯ ᠤᠨ ᠬᠢᠯᠢ ᠪᠠᠷ ᠣᠷᠣᠭᠤᠯᠵᠦ ᠭᠠᠷᠭᠠᠬᠤ ᠶᠢ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠲᠣᠪᠴᠢᠶ᠎ᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠤᠰᠤᠭᠠᠷ ᠲᠤᠰ ᠲᠤᠰ ᠬᠠᠷᠢᠭᠤᠴᠠᠨ᠎ᠠ︶ | ︵ᠳᠤᠯᠤᠭ᠎ᠠ︶ ᠬᠤᠪᠤᠷ ᠰᠢᠷᠤᠢ ᠶᠢᠨ ᠦᠢᠯᠡᠳᠬᠦᠨ ᠤ ᠮᠦᠷᠳᠡᠨ ᠤᠬᠤᠴᠢᠯᠠᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠦᠷᠨᠢᠭᠦᠯᠦᠨ᠎ᠡ᠃ ᠤᠯᠤᠰ ᠤᠨ ᠬᠤᠪᠣᠷ ᠰᠢᠷᠤᠢ ᠶᠢᠨ ᠦᠢᠯᠡᠳᠬᠦᠨ ᠤ ᠮᠦᠷᠳᠡᠨ ᠤᠬᠤᠴᠢᠯᠠᠬᠤ | ᠰᠢᠰᠲ᠋ᠧᠮᠵᠢ ᠳᠤ ᠲᠦᠰᠢᠭᠯᠡᠨ᠂ ᠬᠤᠪᠣᠷ ᠰᠢᠷᠤᠢ ᠶᠢᠨ ᠠᠭᠤᠷᠬᠠᠢ ᠶᠢᠨ ᠭᠠᠷᠤᠯᠲᠠ᠂ ᠬᠤᠪᠣᠷ ᠰᠢᠷᠤᠢ ᠶᠢᠨ | ᠬᠠᠶᠢᠯᠤᠭᠤᠯᠤᠨ ᠰᠠᠯᠭᠠᠭᠰᠠᠨ ᠦᠢᠯᠡᠳᠭᠦᠨ ᠢᠶᠠᠷ ᠭᠤᠣᠯᠳᠠᠯᠭ᠎ᠠ ᠪᠣᠯᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠡᠬᠡ | ᠳᠠᠩᠰᠠ᠂ ᠦᠢᠯᠡᠳᠭᠦᠨ ᠤ ᠪᠤᠭᠤᠳᠠᠯ ᠤᠨ ᠢᠯᠭᠠᠬᠤ ᠲᠡᠮᠲᠡᠭ ᠵᠡᠷᠭᠡ ᠪᠠᠷ ᠭᠤᠣᠯ ᠠᠭᠤᠯᠭ᠎ᠠ ᠪᠣᠯᠭᠠᠨ᠂ ᠬᠤᠪᠣᠷ | ᠰᠢᠷᠤᠢ ᠶᠢᠨ ᠦᠢᠯᠡᠳᠬᠦᠨ ᠤ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠵᠤ᠂ ᠬᠤᠪᠣᠷ ᠰᠢᠷᠤᠢ ᠶᠢᠨ ᠦᠢᠯᠡᠳᠬᠦᠨ ᠤ ᠮᠠᠯᠳᠠᠬᠤ᠂ ᠬᠠᠶᠢᠯᠤᠭᠤᠯᠤᠨ ᠰᠠᠯᠭᠠᠬᠤ ᠠᠴᠠ ᠭᠦᠢᠯᠭᠡᠭᠡᠬᠦ ᠪᠠ | ᠭᠠᠳᠠᠭᠠᠲᠤ ᠳᠤ ᠭᠠᠷᠭᠠᠬᠤ ᠬᠦᠷᠲᠡᠯᠡᠬᠢ ᠪᠦᠬᠦ ᠶᠠᠪᠤᠴᠠ ᠶᠢ ᠮᠦᠷᠳᠡᠨ ᠤᠬᠤᠴᠢᠯᠠᠵᠤ ᠬᠠᠮᠢᠶᠠᠷᠬᠤ ᠶᠢ ᠪᠡᠶᠡᠯᠡᠭᠦᠯᠦᠨ᠎ᠡ᠃ | ︵ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠎ᠡ︔ ᠦᠪᠡᠷᠲᠡᠭᠡᠨ ᠵᠠᠰᠬᠠᠤ ᠣᠷᠣᠨ ᠤ ᠤᠯᠤᠰ ᠤᠨ | ᠭᠠᠵᠠᠷ ᠰᠢᠷᠤᠢ ᠡᠬᠢ ᠪᠠᠶᠠᠯᠢᠭ ᠤᠨ ᠲᠢᠩᠭᠢᠮ᠂ ᠣᠷᠣᠨ ᠨᠣᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠦᠪᠦᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠢᠯᠢ ᠪᠠᠷ ᠣᠷᠣᠭᠤᠯᠵᠦ ᠭᠠᠷᠭᠠᠬᠤ ᠶᠢ | ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠦᠬᠡᠬᠤᠲᠠ ᠪᠤᠭᠤᠮᠲᠠ᠂ ᠮᠠᠨᠵᠤᠤᠷ ᠪᠤᠭᠤᠮᠲᠠ | ᠬᠠᠮᠵᠢᠯᠴᠠᠨ᠎ᠠ︶ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠠᠵᠢᠯ ᠤᠨ ᠲᠦᠰᠦᠯ ᠢ ᠲᠣᠭᠲᠠᠭᠠᠨ᠎ᠠ ︵2016 ᠣᠨ ᠤ 12 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ︶᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ | ᠪᠤᠲᠠᠲᠠᠢ ᠲᠠᠢ ᠪᠠᠨ ᠤᠶᠠᠯᠳᠤᠭᠤᠯᠤᠨ ᠪᠤᠲᠠᠲᠠᠢ ᠬᠡᠷᠡᠭᠵᠢᠭᠦᠯᠬᠦ ᠲᠦᠰᠦᠯ ᠢ ᠲᠣᠭᠲᠠᠭᠠᠵᠤ᠂ ᠮᠦᠷᠳᠡᠨ ᠤᠬᠤᠴᠢᠯᠠᠬᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠬᠤᠯᠠ ᠪᠦᠲᠦᠭᠡᠭᠳᠡᠭᠦᠨ ᠤ ᠨᠡᠷᠡᠰ ᠢ ᠲᠣᠭᠲᠠᠭᠠᠨ᠂ ᠪᠦᠲᠦᠭᠡᠨ | ᠪᠠᠶᠢᠭᠤᠯᠤᠯᠲᠠ ᠶᠢᠨ ᠬᠠᠷᠠᠯᠲᠠ᠂ ᠠᠵᠢᠯ ᠤᠨ ᠡᠭᠦᠷᠭᠡ᠂ ᠴᠠᠭ ᠬᠤᠭᠤᠴᠠᠭ᠎ᠠ ᠶᠢᠨ ᠠᠬᠢᠴᠠ ᠪᠣᠯᠣᠨ ᠪᠤᠲᠠᠲᠠᠢ ᠠᠷᠭ᠎ᠠ | ᠬᠡᠮᠵᠢᠶ᠎ᠡ ᠶᠢ ᠲᠤᠳᠤᠷᠬᠠᠶᠢᠯᠠᠨ᠎ᠠ᠃ | ︵ᠬᠤᠶᠠᠷ︶ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ | ᠠᠬᠢᠭᠤᠯᠤᠨ᠎ᠠ ︵2019 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ᠡᠯ᠎ᠡ ᠭᠠᠵᠠᠷ ᠣᠷᠣᠨ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠲᠤᠰ ᠭᠠᠵᠠᠷ ᠣᠷᠣᠨ᠂ ᠲᠤᠰ ᠠᠵᠢᠯ ᠲᠦᠷᠦᠯ ᠤᠨ ᠮᠦᠷᠳᠡᠨ | ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠨᠢᠭᠡᠲᠦᠯᠲᠡᠢ ᠲᠦᠯᠦᠪᠯᠡᠨ ᠪᠠᠶᠢᠷᠢᠯᠠᠭᠤᠯᠵᠤ᠂ | ᠴᠢᠬᠤᠯᠠ ᠪᠦᠲᠦᠭᠡᠭᠳᠡᠭᠦᠨ ᠤ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠦᠷᠨᠢᠭᠦᠯᠦᠨ᠂ ᠰᠠᠯᠠᠭ᠎ᠠ | ᠮᠦᠴᠢᠷ ᠤᠨ ᠴᠢᠬᠤᠯᠠ ᠪᠦᠲᠦᠭᠡᠭᠳᠡᠭᠦᠨ ᠤ ᠮᠦᠷᠳᠡᠨ ᠤᠬᠤᠴᠢᠯᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠠᠵᠤ ᠠᠬᠤᠶᠢᠯᠠᠯ ᠢ ᠵᠢᠯᠤᠭᠤᠳᠤᠨ ᠰᠢᠮᠳᠠᠭᠤᠯᠵᠤ ᠪᠠᠶᠢᠭᠠᠳ ᠪᠦᠲᠦᠭᠡᠭᠳᠡᠭᠦᠨ ᠤ ᠶᠠᠰᠤ ᠴᠢᠨᠠᠷ ᠤᠨ ᠮᠦᠷᠳᠡᠨ | ᠤᠬᠤᠴᠢᠯᠠᠬᠤ ᠰᠢᠰᠲ᠋ᠧᠮᠵᠢ ᠶᠢ ᠪᠠᠶᠢᠭᠤᠯᠤᠭᠤᠯᠤᠨᠠ᠃ | ︵ᠭᠤᠷᠪᠠ︶ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠬᠦ ᠶᠢ ᠠᠬᠢᠭᠤᠯᠤᠨ᠎ᠠ ︵2020 ᠣᠨ ᠤ 12 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶᠃ ᠲᠤᠭ᠎ᠠ ᠪᠠᠷᠢᠮᠲᠠ ᠴᠤᠭᠯᠠᠭᠤᠯᠬᠤ ᠭᠦᠢᠴᠡᠳᠭᠡᠯ ᠲᠤᠭ᠎ᠠ᠂ | ᠳᠠᠮᠵᠢᠭᠤᠯᠬᠤ ᠬᠡᠪ ᠬᠡᠯᠪᠡᠷᠢ᠂ ᠵᠠᠯᠭᠠᠭᠤᠯᠬᠤ ᠵᠢᠷᠤᠮᠯᠡᠯ ᠵᠢᠴᠢ ᠨᠤᠮᠧᠷᠯᠠᠬᠤ ᠳᠦᠷᠢᠮ ᠢ ᠨᠢᠭᠡᠲᠦᠯᠲᠡᠢ ᠪᠣᠯᠭᠠᠨ᠎ᠠ᠃ | ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠲᠡᠪᠴᠡᠩ ᠳᠤ ᠲᠦᠰᠢᠭᠯᠡᠨ᠂ ᠰᠠᠯᠠᠭ᠎ᠠ | ᠮᠦᠴᠢᠷ ᠤᠨ ᠬᠠᠮᠢᠶ᠎ᠠ ᠪᠦᠬᠦᠢ ᠰᠢᠰᠲ᠋ᠧᠮ ᠤᠨ ᠲᠤᠭ᠎ᠠ ᠪᠠᠷᠢᠮᠲᠠ ᠶᠢᠨ ᠬᠠᠮᠲᠤᠪᠠᠷ ᠬᠦᠷᠲᠡᠬᠦ ᠪᠠ ᠴᠣᠪᠤᠷᠡᠯ ᠢᠶᠠᠨ | ᠬᠠᠷᠢᠯᠴᠠᠨ ᠨᠡᠪᠲᠡᠷᠡᠬᠦᠯᠬᠦ ᠶᠢ ᠶᠡᠬᠡᠪᠡᠷ ᠠᠬᠢᠭᠤᠯᠵᠤ᠂ ᠠᠵᠤ ᠠᠬᠤᠶᠢᠯᠠᠯ ᠤᠨ ᠲᠤᠭ᠎ᠠ ᠪᠠᠷᠢᠮᠲᠠ ᠪᠠ ᠰᠢᠰᠲ᠋ᠧᠮᠵᠢ ᠶᠢᠨ | ᠵᠠᠯᠭᠠᠵᠦ ᠣᠷᠤᠭᠤᠯᠬᠤ ᠶᠢ ᠠᠬᠢᠭᠤᠯᠤᠨ᠂ ᠵᠠᠰᠠᠭ ᠤᠨ ᠣᠷᠳᠣᠨ ᠪᠠ ᠨᠡᠶᠢᠭᠡᠮ ᠤᠨ ᠮᠦᠷᠳᠡᠨ ᠤᠬᠤᠴᠢᠯᠠᠬᠤ ᠲᠤᠭ᠎ᠠ | ᠪᠠᠷᠢᠮᠲᠠ ᠶᠢᠨ ᠠᠭᠤᠰᠤᠯᠴᠠᠯ ᠢ ᠪᠡᠶᠡᠯᠡᠭᠦᠯᠦᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠨᠢᠬᠡᠳᠦᠯᠳᠡᠢ | ᠴᠤᠩᠬᠤᠪᠴᠢ ᠶᠢ ᠨᠡᠬᠡᠬᠡᠵᠦ᠂ ᠨᠡᠶᠢᠭᠡᠮ ᠤᠨ ᠣᠯᠠᠨ ᠨᠡᠶᠢᠲᠡ ᠳᠤ ᠬᠠᠨᠳᠤᠭᠤᠯᠤᠬᠰᠠᠨ ᠮᠦᠷᠳᠡᠨ ᠤᠬᠤᠴᠢᠯᠠᠬᠤ | ᠮᠡᠳᠡᠭᠡ ᠵᠠᠩᠭᠢ ᠶᠢᠨ ᠨᠢᠭᠡ ᠥᠷᠲᠡᠭᠡᠴᠢᠯᠡᠭᠰᠡᠨ ᠮᠠᠶ᠋ᠢᠭ ᠤᠨ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠬᠠᠩᠭᠠᠨ᠎ᠠ᠃ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠴᠤᠭᠯᠠᠭᠤᠯᠬᠤ ᠲᠡᠪᠴᠡᠩ ᠳᠤ ᠲᠦᠰᠢᠭᠯᠡᠨ᠂ ᠪᠦᠲᠦᠭᠡᠭᠳᠡᠭᠦᠨ ᠤ | ᠮᠦᠷᠳᠡᠨ ᠤᠬᠤᠴᠢᠯᠠᠬᠤ ᠲᠤᠮᠤ ᠲᠤᠭ᠎ᠠ ᠪᠡᠷᠢᠮᠳᠡ ᠶᠢᠨ ᠲᠡᠪᠴᠡᠩ ᠢ ᠪᠠᠶᠢᠭᠤᠯᠤᠨ᠎ᠠ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ | ᠣᠷᠣᠨ ᠨᠤᠭᠤᠳ ᠴᠢᠬᠤᠯᠠ ᠪᠦᠲᠦᠭᠡᠭᠳᠡᠭᠦᠨ ᠤ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ | ᠠᠵᠢᠯ ᠢ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠴᠢᠬᠤᠯᠠ ᠢᠨᠵᠧᠨᠧᠷᠢᠩ ᠪᠠ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠦᠢᠯᠡᠰ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ | ᠴᠢᠩᠭᠠᠳᠬᠠᠨ᠂ ᠪᠤᠲᠠᠲᠠᠢ ᠬᠡᠷᠡᠭᠵᠢᠭᠦᠯᠬᠦ ᠲᠦᠰᠦᠯ ᠢ ᠰᠤᠳᠤᠯᠤᠨ ᠲᠣᠭᠲᠠᠭᠠᠵᠤ᠂ ᠰᠠᠯᠠᠭ᠎ᠠ ᠮᠦᠴᠢᠷ ᠤᠨ ᠠᠵᠢᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠦᠷᠨᠢᠭᠦᠯᠬᠦ ᠶᠢᠨ ᠴᠢᠬᠤᠯᠠ ᠪᠦᠲᠦᠭᠡᠭᠳᠡᠭᠦᠨ ᠤ ᠨᠡᠷᠡᠰ ᠢ ᠨᠠᠷᠢᠯᠢᠬᠵᠢᠭᠤᠯᠵᠤ᠂ ᠮᠦᠷᠳᠡᠨ ᠤᠬᠤᠴᠢᠯᠠᠬᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠬᠠᠷᠠᠯᠲᠠ᠂ ᠠᠵᠢᠯ ᠤᠨ ᠡᠭᠦᠷᠭᠡ᠂ ᠴᠠᠭ ᠬᠤᠭᠤᠴᠠᠭ᠎ᠠ ᠶᠢᠨ ᠠᠬᠢᠴᠠ ᠪᠠ | ᠠᠬᠢᠭᠤᠯᠬᠤ ᠠᠷᠭ᠎ᠠ ᠬᠡᠮᠵᠢᠶ᠎ᠡ ᠶᠢ ᠲᠤᠳᠤᠷᠬᠠᠶᠢᠯᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ᠂ ᠵᠣᠬᠢᠴᠠᠭᠤᠯᠬᠤ ᠪᠠᠨ ᠴᠢᠩᠭᠠᠳᠬᠠᠵᠤ᠂ ᠨᠢᠭᠲᠠ | ᠬᠠᠮᠵᠢᠯᠴᠠᠨ᠂ ᠬᠠᠮᠲᠤᠪᠠᠷ ᠠᠬᠢᠭᠤᠯᠤᠨ᠎ᠠ᠃ ᠮᠦᠷᠳᠡᠨ ᠤᠬᠤᠴᠢᠯᠠᠬᠤ ᠪᠠᠶᠢᠭᠤᠯᠤᠯᠲᠠ ᠶᠢᠨ ᠦᠷ᠎ᠡ ᠪᠦᠲᠦᠭᠡᠯ ᠤᠨ | ᠬᠡᠷᠡᠭᠯᠡᠯᠳᠡ ᠶᠢ ᠴᠢᠬᠤᠯᠠᠴᠢᠯᠠᠵᠤ᠂ ᠲᠤᠮᠤ ᠲᠤᠭ᠎ᠠ ᠪᠡᠷᠢᠮᠳᠡ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ | ᠪᠠᠶᠢᠭᠤᠯᠤᠨ᠂ ᠶᠠᠰᠤ ᠴᠢᠨᠠᠷ ᠤᠨ ᠠᠮᠦᠷ ᠲᠥᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠴᠢᠬᠤᠯᠠ | ᠪᠦᠲᠦᠭᠡᠭᠳᠡᠭᠦᠨ ᠤ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠠᠮᠦᠷ ᠲᠥᠪᠰᠢᠨ ᠤ ᠲᠥᠭᠰᠢᠭᠦᠷᠢ | ᠡᠭᠦᠰᠬᠦ ᠶᠢ ᠴᠢᠩᠭ᠎ᠠ ᠰᠡᠷᠭᠡᠶᠢᠯᠡᠨ᠎ᠡ᠃ | ︵ᠬᠤᠶᠠᠷ︶ ᠰᠢᠮᠳᠠᠭᠤᠯᠤᠨ ᠵᠢᠯᠤᠭᠤᠳᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠲᠤᠰ ᠭᠠᠵᠠᠷ ᠣᠷᠣᠨ᠂ ᠲᠤᠰ ᠠᠵᠢᠯ ᠲᠦᠷᠦᠯ ᠤᠨ ᠬᠦᠷᠢᠶ᠎ᠡ | ᠴᠠᠷᠠᠭ᠎ᠠ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠭᠤᠣᠯ ᠴᠤᠭᠴᠠ ᠶᠢᠨ | ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠶᠢ ᠰᠢᠮᠳᠠᠭᠤᠯᠤᠨ ᠵᠢᠯᠤᠭᠤᠳᠴᠤ᠂ ᠮᠦᠷᠳᠡᠨ ᠤᠬᠤᠴᠢᠯᠠᠬᠤ | ᠬᠠᠮᠢᠶᠠᠷᠬᠤ ᠳᠦᠷᠢᠮ ᠪᠣᠯᠣᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠣᠳᠣ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠮᠡᠳᠡᠭᠡ ᠵᠠᠩᠭᠢ ᠴᠤᠭᠯᠠᠭᠤᠯᠬᠤ᠂ ᠦᠯᠡᠳᠡᠭᠡᠨ ᠬᠠᠳᠠᠭᠠᠯᠠᠵᠤ᠂ | ᠮᠡᠳᠡᠭᠡ ᠵᠠᠩᠬᠢᠵᠢᠭᠤᠯᠤᠭᠰᠠᠨ ᠮᠦᠷᠳᠡᠨ ᠤᠬᠤᠴᠢᠯᠠᠬᠤ ᠰᠢᠰᠲ᠋ᠧᠮᠵᠢ ᠪᠠᠶᠢᠭᠤᠯᠬᠤ ᠶᠢ ᠵᠣᠷᠢᠬᠵᠢᠭᠤᠯᠤᠨ᠎ᠠ᠃ ᠮᠦᠷᠳᠡᠨ | ᠤᠬᠤᠴᠢᠯᠠᠬᠤ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠨᠡᠶᠢᠭᠡᠮ ᠤᠨ | ᠬᠦᠴᠦᠨ ᠪᠠ ᠬᠦᠷᠦᠩᠭᠡ ᠶᠢᠨ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠳᠤ ᠣᠷᠤᠭᠤᠯᠤᠯᠲᠠ | ᠬᠢᠬᠦ ᠶᠢ ᠳᠡᠮᠵᠢᠵᠦ᠂ ᠨᠦᠬᠦᠴᠡᠯ ᠲᠠᠢ ᠠᠵᠢᠯ ᠲᠦᠷᠦᠯ ᠤᠨ ᠨᠡᠶᠢᠭᠡᠮᠯᠢᠭ ᠤᠨ ᠭᠡᠰᠢᠭᠦᠨ ᠪᠤᠯᠬᠤ ᠠᠵᠤ ᠠᠬᠤᠶᠢᠯᠠᠯ ᠤᠨ | ᠮᠦᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠬᠤ ᠳᠤ ᠲᠤᠰᠬᠠᠶᠢᠵᠢᠭᠰᠠᠨ ᠦᠢᠯᠡᠴᠢᠯᠡᠭᠡ ᠬᠠᠩᠭᠠᠬᠤ ᠶᠢ | ᠳᠡᠮᠵᠢᠨ᠎ᠡ᠃ | ︵ᠭᠤᠷᠪᠠ︶ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠮᠦᠷᠳᠡᠨ ᠤᠬᠤᠴᠢᠯᠠᠬᠤ ᠬᠠᠮᠢᠶᠠᠷᠬᠤ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠳᠡᠰᠢᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ᠂ ᠢᠳᠡᠭᠡᠨ᠂ ᠡᠮ ᠤᠨ ᠵᠦᠢᠯ ᠪᠠ ᠡᠮᠴᠢᠯᠡᠭᠡ ᠶᠢᠨ ᠪᠠᠭᠠᠵᠢ ᠬᠡᠷᠡᠭᠰᠡᠯ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ᠂ ᠤᠨᠴᠤᠭᠤᠢ ᠲᠥᠭᠦᠭᠡᠷᠦᠮᠵᠢ᠂ ᠠᠶᠤᠯᠲᠠᠢ ᠡᠳ᠋᠂ ᠬᠤᠪᠤᠷ ᠰᠢᠷᠤᠢ ᠶᠢᠨ | ᠦᠢᠯᠡᠳᠬᠦᠨ ᠵᠡᠷᠭᠡ ᠳᠤᠯᠤᠭᠠᠨ ᠲᠦᠷᠦᠯ ᠤᠨ ᠴᠢᠬᠤᠯᠠ ᠪᠦᠲᠦᠭᠡᠭᠳᠡᠭᠦᠨ ᠤ ᠮᠦᠷᠳᠡᠨ ᠤᠬᠤᠴᠢᠯᠠᠬᠤ ᠪᠠᠷᠢᠮᠵᠢᠶ᠎ᠠ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠠᠷᠢᠮᠵᠢᠶ᠎ᠠ ᠪᠠ ᠵᠢᠷᠤᠮᠯᠡᠯ ᠢ ᠲᠤᠬᠳᠠᠭᠠᠨ᠎ᠠ᠃ ᠠᠳᠠᠯᠢ ᠪᠤᠰᠤ | ᠪᠦᠲᠦᠭᠡᠭᠳᠡᠭᠦᠨ ᠤ ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠭᠦᠢᠯᠭᠡᠭᠡᠬᠦ᠂ ᠬᠡᠷᠡᠭᠯᠡᠬᠦ ᠦᠪᠡᠷᠮᠢᠴᠡ | ᠣᠨᠴᠠᠯᠢᠭ ᠲᠤ ᠴᠢᠭᠯᠡᠭᠦᠯᠦᠨ᠂ ᠵᠣᠬᠢᠬᠤ ᠪᠦᠲᠦᠭᠡᠨ ᠪᠠᠶᠢᠭᠤᠯᠬᠤ ᠵᠢᠷᠤᠮᠯᠡᠯ ᠢ ᠲᠣᠭᠲᠠᠭᠠᠵᠤ᠂ ᠳᠦᠭᠦᠮ ᠠᠪᠰᠠᠷᠬᠠᠨ | ᠪᠦᠭᠡᠳ ᠬᠡᠷᠡᠭᠯᠡᠭᠡᠨ ᠳᠤ ᠲᠣᠬᠢᠷᠠᠬᠤ ᠮᠦᠷᠳᠡᠨ ᠤᠬᠤᠴᠢᠯᠠᠬᠤ ᠠᠷᠭ᠎ᠠ ᠮᠠᠶ᠋ᠢᠭ ᠢ ᠬᠡᠷᠡᠭᠯᠡᠨ᠎ᠠ᠃ ᠡᠭᠦᠨ ᠤ ᠬᠠᠮᠲᠤ᠂ | ᠲᠤᠭ᠎ᠠ ᠪᠠᠷᠢᠮᠲᠠ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ᠂ ᠰᠤᠯᠢᠯᠴᠠᠬᠤ᠂ ᠠᠰᠢᠭᠯᠠᠬᠤ᠂ ᠴᠢᠯᠦᠬᠡᠳᠡᠢ | ᠪᠤᠯᠭᠠᠬᠤ ᠳᠦᠷᠢᠮ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ᠃ | ︵ᠳᠥᠷᠪᠡ︶ ᠲᠥᠷᠥ ᠶᠢᠨ ᠪᠣᠳᠤᠯᠭ᠎ᠠ ᠪᠠᠷ ᠬᠦᠲᠦᠯᠦᠨ ᠵᠢᠯᠤᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ | ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ | ᠴᠢᠩᠭᠠᠷᠠᠭᠤᠯᠵᠦ᠂ ᠴᠢᠭᠯᠡᠭᠦᠯᠬᠦ ᠴᠢᠨᠠᠷᠲᠠᠢ ᠠᠷᠭ᠎ᠠ ᠬᠡᠮᠵᠢᠶ᠎ᠡ ᠠᠪᠴᠤ᠂ ᠨᠦᠬᠦᠴᠡᠯ ᠲᠠᠢ ᠭᠠᠵᠠᠷ ᠣᠷᠣᠨ ᠨᠢ ᠪᠡᠯᠡ | ᠮᠦᠩᠭᠦ ᠶᠢᠨ ᠳᠡᠮᠵᠢᠯᠭᠡ ᠶᠢ ᠨᠡᠮᠡᠭᠳᠡᠭᠦᠯᠦᠨ᠂ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠷᠭᠡᠳᠭᠡᠨ ᠠᠬᠢᠭᠤᠯᠵᠤ᠂ ᠣᠯᠠᠨ ᠡᠰᠢᠵᠢᠭᠰᠡᠨ ᠪᠡᠯᠡ ᠣᠷᠤᠭᠤᠯᠤᠯᠲᠠ ᠪᠦᠲᠦᠭᠡᠨ ᠪᠠᠶᠢᠭᠤᠯᠤᠯᠲᠠ ᠶᠢᠨ | ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠂ ᠨᠡᠶᠢᠭᠡᠮ ᠤᠨ ᠬᠦᠷᠦᠩᠭᠡ ᠶᠢᠨ ᠣᠷᠤᠭᠤᠯᠤᠯᠲᠠ ᠶᠢ ᠳᠠᠶᠢᠴᠢᠯᠠᠨ᠎ᠠ᠃ | ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡ ᠪᠠᠨ ᠴᠢᠩᠭᠠᠳᠬᠠᠨ | ᠰᠠᠶᠢᠵᠢᠷᠠᠭᠤᠯᠬᠤ ᠶᠢ ᠵᠣᠷᠢᠬᠵᠢᠭᠤᠯᠵᠤ᠂ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠦᠷᠨᠢᠭᠦᠯᠦᠭᠰᠡᠨ | ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠪᠠ ᠪᠦᠲᠦᠭᠡᠭᠳᠡᠭᠦᠨ ᠤ ᠬᠠᠷᠢᠭᠤᠴᠠᠯᠭ᠎ᠠ ᠶᠢᠨ | ᠳᠠᠭᠠᠳᠬᠠᠯ ᠢ ᠬᠠᠩᠭᠠᠨ᠎ᠠ᠃ ᠪᠡᠯᠡ ᠲᠣᠬᠢᠷᠠᠭᠤᠯᠬᠤ ᠶᠢ ᠵᠠᠯᠭᠠᠭᠤᠯᠬᠤ ᠦᠢᠯᠡᠴᠢᠯᠡᠭᠡᠨ ᠤ ᠲᠡᠪᠴᠡᠩ ᠢ ᠪᠠᠶᠢᠭᠤᠯᠵᠤ᠂ | ᠵᠦᠷᠢᠶᠡᠴᠢᠯᠡᠭᠰᠡᠨ᠂ ᠨᠠᠷᠢᠯᠢᠬᠵᠢᠭᠤᠯᠤᠭᠰᠠᠨ ᠪᠡᠯᠡ ᠲᠣᠬᠢᠷᠠᠭᠤᠯᠬᠤ ᠶᠢ ᠵᠠᠯᠭᠠᠭᠤᠯᠵᠤ ᠵᠣᠬᠢᠴᠠᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠤ | ᠠᠬᠤᠶᠢᠯᠠᠯ ᠳᠤ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ | ︵ᠲᠠᠪᠤ︶ ᠤᠬᠠᠭᠤᠯᠬᠤ ᠡᠷᠴᠢᠮ ᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠦᠴᠢᠷ ᠤᠳ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ | ᠮᠠᠶ᠋ᠢᠭ ᠢ ᠠᠪᠴᠤ ᠪᠠᠶᠢᠭᠠᠳ ᠮᠦᠷᠳᠡᠨ ᠤᠬᠤᠴᠢᠯᠠᠬᠤ ᠤᠨᠤᠯᠵᠢᠬᠤᠨ ᠢ ᠥᠷᠭᠡᠨ ᠳᠡᠯᠭᠡᠷ ᠢᠶᠠᠷ ᠤᠬᠠᠭᠤᠯᠤᠨ᠂ | ᠮᠦᠷᠳᠡᠨ ᠤᠬᠤᠴᠢᠯᠠᠬᠤ ᠶᠢ ᠬᠠᠯᠠᠮᠵᠢᠯᠠᠬᠤ᠂ ᠮᠦᠷᠳᠡᠨ ᠤᠬᠤᠴᠢᠯᠠᠬᠤ ᠶᠢ ᠳᠡᠮᠵᠢᠬᠦ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠲᠠᠢ ᠪᠣᠯᠭᠠᠬᠤ ᠶᠢ ᠠᠬᠢᠭᠤᠯᠤᠨ᠎ᠠ᠃ ᠴᠢᠬᠤᠯᠠ ᠪᠦᠲᠦᠭᠡᠭᠳᠡᠭᠦᠨ ᠤ ᠮᠦᠷᠳᠡᠨ ᠤᠬᠤᠴᠢᠯᠠᠬᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠶᠡᠬᠡᠪᠡᠷ ᠤᠬᠠᠭᠤᠯᠵᠤ᠂ ᠮᠦᠷᠳᠡᠨ ᠤᠬᠤᠴᠢᠯᠠᠬᠰᠠᠨ | ᠪᠦᠲᠦᠭᠡᠭᠳᠡᠭᠦᠨ ᠤ ᠠᠯᠳᠠᠷᠰᠢᠯ ᠢ ᠳᠡᠭᠡᠭᠰᠢᠯᠡᠭᠦᠯᠦᠨ᠂ ᠬᠡᠷᠡᠭᠯᠡᠭᠴᠢᠳ ᠮᠦᠷᠳᠡᠵᠤ ᠤᠬᠤᠴᠢᠯᠠᠬᠤ ᠪᠣᠯᠬᠤ | ᠪᠦᠲᠦᠭᠡᠭᠳᠡᠭᠦᠨ ᠬᠤᠳᠠᠯᠳᠤᠨ ᠠᠪᠬᠤ᠂ ᠰᠠᠨᠠᠭᠠᠴᠢᠯᠠᠭ᠎ᠠ ᠠᠴᠠ ᠪᠠᠨ ᠭᠡᠷᠡᠴᠢ ᠪᠠ ᠫᠢᠶᠤᠤ ᠪᠠᠷᠢᠮᠲᠠ ᠠᠪᠬᠤ ᠶᠢ | ᠵᠣᠷᠢᠬᠵᠢᠭᠤᠯᠵᠤ᠂ ᠬᠡᠷᠡᠭᠯᠡᠭᠴᠢᠳ ᠢ ᠬᠦᠲᠦᠯᠦᠨ ᠵᠢᠯᠤᠭᠤᠳᠴᠤ ᠪᠠᠶᠢᠭᠠᠳ ᠤᠬᠠᠭᠠᠯᠢᠭ ᠢᠶᠠᠷ ᠬᠡᠷᠡᠭᠯᠡᠭᠡ ᠬᠢᠯᠭᠡᠨ᠎ᠡ᠃ |