| 12 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ | ᠨᠡᠶᠢᠭᠡᠮ ᠨᠡᠶᠢᠲᠡ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠲᠤ ᠴᠠᠭᠠᠨ ᠬᠡᠷᠡᠮ ᠢ | ᠬᠠᠮᠠᠭᠠᠯᠠᠬᠤ ᠲᠥᠯᠥᠪᠵᠢᠭᠦᠯᠭᠡ︾ ᠶᠢᠨ ᠬᠠᠮᠢᠶ᠎ᠠ ᠪᠦᠬᠦᠢ ᠪᠠᠶᠢᠳᠠᠯ ᠢ ᠨᠡᠶᠢᠲᠡᠯᠡᠭᠰᠡᠨ ᠪᠠᠶᠢᠨ᠎ᠠ᠃ | ᠣᠷᠳᠣ ᠴᠠᠭᠠᠨ ᠬᠡᠷᠡᠮ ᠪᠣᠯ ᠮᠠᠨ ᠤ ᠤᠯᠤᠰ ᠤᠨ ᠲᠡᠦᠬᠡᠨ ᠳᠡᠭᠡᠷᠡᠬᠢ ᠠᠭᠤᠤ ᠶᠡᠭᠡ ᠪᠠᠷᠢᠯᠭ᠎ᠠ ᠮᠦᠨ᠂ | 1987 ᠣᠨ ᠳᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ | ᠰᠣᠶᠣᠯ ᠤᠨ ᠵᠣᠬᠢᠶᠠᠨ ᠪᠠᠶᠢᠭᠤᠯᠤᠯᠲᠠ ᠳᠤ ᠳᠡᠯᠡᠬᠡᠶ ᠶᠢᠨ ᠰᠣᠶᠣᠯ ᠤᠨ ᠥᠪ ᠤᠨ ᠨᠡᠷᠡᠰ ᠲᠤ ᠲᠡᠮᠳᠡᠭᠯᠡᠭᠦᠯᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠮᠠᠨ ᠤ ᠤᠯᠤᠰ ᠤᠨ ᠣᠷᠳᠣ ᠴᠠᠭᠠᠨ ᠬᠡᠷᠡᠮ ᠤᠨ | ᠲᠠᠷᠬᠠᠯᠲᠠ ᠶᠢᠨ ᠬᠠᠮᠤᠭ ᠤᠨ ᠴᠢᠬᠤᠯᠠ ᠮᠤᠵᠢ ᠶᠢᠨ ᠨᠢᠭᠡ ᠮᠥᠨ᠂ ᠣᠷᠳᠣ ᠪᠠᠷ ᠢᠶᠠᠨ ᠬᠠᠮᠤᠭ ᠤᠨ ᠤᠷᠲᠤ᠂ ᠴᠠᠭ | ᠦᠶ᠎ᠡ ᠪᠠᠷ ᠬᠠᠮᠤᠭ ᠤᠨ ᠤᠯᠠᠨ᠂ ᠲᠠᠷᠬᠠᠯᠲᠠ ᠶᠢᠨ ᠬᠡᠪᠴᠢᠶ᠎ᠡ ᠪᠠᠷ ᠬᠠᠮᠤᠭ ᠤᠨ ᠥᠷᠭᠡᠨ ᠵᠡᠷᠭᠡ ᠣᠨᠴᠠᠯᠢᠭ ᠲᠠᠢ | ᠪᠠᠶᠢᠵᠤ᠂ ᠪᠦᠬᠦ ᠤᠯᠤᠰ ᠤᠨ ᠣᠷᠳᠣ ᠴᠠᠭᠠᠨ ᠬᠡᠷᠡᠮ ᠤᠨ ᠶᠡᠷᠦᠩᠬᠡᠶ ᠣᠷᠳᠣ ᠨᠢ 21190 ᠺᠢᠯᠣᠮᠧᠲᠷ ᠪᠠᠶᠢᠬᠤ ᠳᠤ | ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠭᠰᠠᠨ ᠣᠷᠳᠣ ᠶᠢᠨ ᠬᠡᠮᠵᠢᠶ᠎ᠡ ᠨᠢ 7570 | ᠺᠢᠯᠣᠮᠧᠲᠷ ᠪᠠᠶᠢᠵᠤ᠂ 35% ᠠᠴᠠ ᠳᠡᠭᠡᠭᠰᠢ ᠶᠢ ᠡᠵᠡᠯᠡᠵᠦ ᠪᠠᠶᠢᠳᠠᠭ᠃ ᠴᠠᠭ ᠦᠶ᠎ᠡ ᠨᠢ ᠪᠠᠶᠢᠯᠳᠤᠭᠠᠨᠲᠤ | ᠤᠯᠤᠰ ᠤᠨ ᠵᠤᠤ ᠤᠯᠤᠰ᠂ ᠪᠠᠶᠢᠯᠳᠤᠭᠠᠨᠲᠤ ᠤᠯᠤᠰ ᠤᠨ ᠶᠠᠨ ᠤᠯᠤᠰ᠂ ᠪᠠᠶᠢᠯᠳᠤᠭᠠᠨᠲᠤ ᠤᠯᠤᠰ ᠤᠨ ᠴᠢᠨ ᠤᠯᠤᠰ | ᠂ ᠴᠢᠨ ᠤᠯᠤᠰ᠂ ᠪᠠᠷᠠᠭᠤᠨ ᠬᠠᠨ ᠤᠯᠤᠰ᠂ ᠵᠡᠭᠦᠨ ᠬᠠᠨ ᠤᠯᠤᠰ᠂ ᠤᠮᠠᠷᠠᠲᠤ ᠸᠧᠶ ᠤᠯᠤᠰ᠂ ᠤᠮᠠᠷᠠᠲᠤ ᠰᠦᠩ | ᠤᠯᠤᠰ᠂ ᠪᠠᠷᠠᠭᠤᠨ ᠰᠢᠶᠠ ᠤᠯᠤᠰ᠂ ᠠᠯᠲᠠᠨ ᠤᠯᠤᠰ᠂ ᠮᠢᠩ ᠤᠯᠤᠰ ᠵᠡᠷᠭᠡ 11 ᠲᠡᠦᠬᠡᠨ ᠴᠠᠭ ᠦᠶ᠎ᠡ ᠶᠢ | ᠪᠠᠭᠲᠠᠭᠠᠵᠤ᠂ ᠪᠦᠬᠦ ᠣᠷᠣᠨ ᠤ 12 ᠠᠶᠢᠮᠠᠭ ᠬᠤᠲᠠ ᠶᠢᠨ 76 ᠬᠤᠰᠢᠭᠤ ᠰᠢᠶᠠᠨ ᠳᠤ ᠲᠠᠷᠬᠠᠵᠤ ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠵᠦ᠂ ︽ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠤᠷᠲᠤ | ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠲᠤᠬᠠᠶ ᠰᠠᠨᠠᠯ︾ ᠢ ᠨᠡᠶᠢᠲᠡᠯᠡᠨ᠂ ᠤᠷᠳᠤ ᠴᠠᠭᠠᠨ | ᠬᠡᠷᠡᠮ ᠤᠨ ᠬᠠᠮᠠᠭᠠᠯᠠᠯᠲᠠ ᠶᠢᠨ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠪᠡ᠃ 2016 ᠣᠨ ᠳᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠲᠥᠯᠥᠪᠵᠢᠭᠦᠯᠭᠡ︾ | ᠶᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠡᠭᠡᠵᠢᠩ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ | ᠰᠤᠳᠤᠯᠭᠠᠨ ᠤ ᠬᠦᠷᠢᠶᠡᠯᠡᠩ ᠳᠤ ᠨᠠᠶᠢᠷᠠᠭᠤᠯᠤᠨ ᠵᠣᠬᠢᠶᠠᠬᠤ ᠠᠵᠢᠯ ᠢ ᠡᠭᠦᠷᠭᠡᠯᠡᠭᠦᠯᠬᠦ ᠪᠠᠷ ᠲᠣᠭᠲᠠᠭᠠᠵᠤ᠂ ᠪᠦᠬᠦ | ᠣᠷᠣᠨ ᠤ ᠡᠯ᠎ᠡ ᠱᠠᠲᠤᠨ ᠤ ᠰᠣᠶᠣᠯ ᠲᠡᠦᠬᠡ ᠶᠢᠨ ᠳᠤᠷᠠᠰᠬᠠᠯᠲᠤ ᠵᠦᠢᠯ ᠤᠨ ᠰᠠᠯᠠᠭ᠎ᠠ ᠮᠦᠴᠢᠷ ᠤᠳ ᠨᠢᠭᠲᠠ | ᠬᠠᠮᠵᠢᠯᠴᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠲᠤ ᠴᠠᠭᠠᠨ ᠬᠡᠷᠡᠮ ᠢ ᠬᠠᠮᠠᠭᠠᠯᠠᠬᠤ | ᠲᠥᠯᠥᠪᠵᠢᠭᠦᠯᠭᠡ︾ ᠶᠢᠨ ᠤᠷᠤᠭᠰᠢᠲᠠᠢ ᠦᠷᠨᠢᠬᠦ ᠶᠢ ᠦᠨᠡᠨᠬᠦ ᠪᠠᠲᠤᠯᠠᠪᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠠᠨ ᠬᠡᠷᠡᠮ ᠢ ᠬᠠᠮᠠᠭᠠᠯᠠᠬᠤ ᠲᠥᠯᠥᠪᠵᠢᠭᠦᠯᠭᠡ | ︾ ᠶᠢ 16 ᠲᠠᠯ᠎ᠠ ᠪᠠᠷ ᠰᠢᠰᠲ᠋ᠧᠮ ᠲᠠᠢ ᠨᠠᠶᠢᠷᠠᠭᠤᠯᠤᠨ ᠵᠣᠬᠢᠶᠠᠵᠠᠢ᠂ ᠪᠣᠳᠠᠲᠠᠶ ᠪᠠᠷ ᠬᠡᠯᠡᠪᠡᠯ ᠶᠡᠷᠦᠩᠬᠡᠶ ᠳᠦᠷᠢᠮ᠂ | ᠥᠪ ᠤᠨ ᠲᠦᠢᠮᠣ ᠪᠠᠶᠢᠳᠠᠯ᠂ ᠥᠪ ᠤᠨ ᠦᠷᠳᠡᠭ᠂ ᠥᠪ ᠤᠨ ᠪᠦᠲᠦᠴᠡ᠂ ᠣᠳᠣᠬᠢ ᠪᠠᠶᠢᠳᠠᠯ ᠤᠨ ᠦᠨᠡᠯᠡᠯᠲᠡ᠂ | ᠲᠥᠯᠥᠪᠵᠢᠭᠦᠯᠭᠡ ᠶᠢᠨ ᠬᠠᠷᠠᠯᠲᠠ ᠪᠠ ᠵᠠᠷᠴᠢᠮ᠂ ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠯ᠂ ᠬᠠᠮᠢᠶᠠᠷᠤᠯᠲᠠ ᠶᠢᠨ | ᠲᠥᠯᠥᠪᠵᠢᠭᠦᠯᠭᠡ᠂ ᠴᠢᠬᠤᠯᠠ ᠴᠢᠭ᠋ ᠬᠡᠰᠡᠭ ᠤᠨ ᠱᠠᠲᠤ ᠲᠦᠷᠦᠯ ᠬᠤᠪᠢᠶᠠᠭᠰᠠᠨ ᠲᠥᠯᠥᠪᠵᠢᠭᠦᠯᠭᠡ᠂ ᠬᠠᠮᠢᠶ᠎ᠠ | ᠪᠦᠬᠦᠢ ᠲᠥᠯᠥᠪᠵᠢᠭᠦᠯᠭᠡ ᠵᠢᠴᠢ ᠠᠵᠢᠯ ᠲᠦᠷᠦᠯ ᠤᠨ ᠬᠤᠭᠤᠷᠤᠨᠳᠤᠬᠢ ᠵᠣᠯᠭᠠᠯᠲᠠ᠂ ᠣᠭ ᠴᠣᠭᠴᠠ ᠶᠢᠨ | ᠬᠠᠮᠠᠭᠠᠯᠠᠯᠲᠠ ᠶᠢᠨ ᠲᠥᠯᠥᠪᠵᠢᠭᠦᠯᠭᠡ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ᠂ | ᠦᠵᠡᠭᠦᠯᠦᠯᠭᠡ ᠠᠰᠢᠭᠯᠠᠯᠲᠠ ᠶᠢᠨ ᠲᠥᠯᠥᠪᠵᠢᠭᠦᠯᠭᠡ᠂ ᠰᠣᠳᠤᠯᠭᠠᠨ ᠤ ᠲᠥᠯᠥᠪᠵᠢᠭᠦᠯᠭᠡ᠂ ᠲᠥᠯᠥᠪᠵᠢᠭᠦᠯᠭᠡ ᠶᠢᠨ | ᠳᠦᠷᠦᠯ ᠵᠦᠢᠯ ᠢ ᠬᠤᠭᠤᠴᠠᠭ᠎ᠠ ᠬᠤᠪᠢᠶᠠᠨ ᠬᠡᠷᠡᠭᠵᠢᠭᠦᠯᠬᠦ ᠪᠠ ᠳᠠᠭᠠᠯᠳᠤᠭᠤᠯᠤᠯ ᠳᠦᠷᠢᠮ ᠵᠡᠷᠭᠡ ᠪᠠᠭᠲᠠᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠲᠤ ᠴᠠᠭᠠᠨ ᠬᠡᠷᠡᠮ ᠢ ᠬᠠᠮᠠᠭᠠᠯᠠᠬᠤ | ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠰᠠᠨ ᠨᠢ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠪᠠᠷᠢᠮᠵᠢᠶ᠎ᠠ ᠪᠣᠯᠣᠨ ᠭᠤᠣᠯᠳᠠᠯᠭ᠎ᠠ ᠶᠢ | ᠲᠣᠳᠣᠳᠬᠠᠨ᠂ ᠪᠣᠳᠠᠲᠠᠶ ᠬᠠᠮᠠᠭᠠᠯᠠᠬᠤ ᠠᠷᠭ᠎ᠠ ᠬᠡᠮᠵᠢᠶ᠎ᠡ ᠳᠤᠷᠠᠳᠴᠤ᠂ ᠬᠠᠮᠤᠭ ᠡᠴᠦᠰ ᠲᠤ ᠪᠥᠬᠦ ᠣᠷᠣᠨ ᠤ | ᠤᠷᠲᠤ ᠴᠠᠭᠠᠨ ᠬᠡᠷᠡᠮ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠶᠡᠷᠦᠩᠬᠡᠶ ᠬᠠᠷᠠᠯᠲᠠ ᠳᠤ ᠬᠦᠷᠬᠦ ᠪᠠᠰᠠ ᠴᠦ | ᠪᠦᠬᠦ ᠤᠯᠤᠰ ᠤᠨ ᠤᠷᠲᠤ ᠴᠠᠭᠠᠨ ᠬᠡᠷᠡᠮ ᠢ ᠬᠠᠮᠠᠭᠠᠯᠠᠬᠤ ᠶᠡᠷᠦᠩᠬᠡᠶ ᠲᠥᠯᠥᠪᠵᠢᠭᠦᠯᠭᠡ ᠶᠢ ᠪᠦᠬᠦ ᠲᠠᠯ᠎ᠠ ᠪᠠᠷ | ᠪᠡᠶᠡᠯᠡᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ |