2016 ᠤᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠬᠡᠰᠡᠭ | ᠬᠠᠷᠠᠭᠠᠯᠵᠠᠯ ᠬᠦᠷᠳᠡᠬᠦ ᠵᠡᠷᠭᠡ ᠬᠥᠮᠦᠰ ᠤᠨ ᠠᠰᠠᠷᠠᠮᠵᠢ ᠶᠢᠨ ᠪᠠ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ | ᠳᠠᠬᠢᠨᠲᠠ ᠳᠡᠭᠡᠭᠰᠢᠯᠡᠭᠦᠯᠪᠡ᠃ ᠡᠨᠡ ᠪᠣᠯ ᠥᠪᠥᠷ ᠮᠣᠩᠭᠤᠯ ᠤᠳᠠᠭ᠎ᠠ ᠵᠡᠮᠳᠡᠭ ᠴᠡᠷᠢᠭ ᠬᠥᠮᠦᠨ ᠤ ᠵᠡᠮᠳᠡᠭ ᠤᠨ | ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ 23 ᠳᠠᠬᠢ ᠤᠳᠠᠭ᠎ᠠ ᠳᠡᠭᠡᠭᠰᠢᠯᠡᠭᠦᠯᠵᠦ᠂ ︽ᠭᠤᠷᠪᠠᠨ ᠭᠡᠷ ᠪᠦᠯᠢ︾ | ᠶᠢᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠪᠠ ︽ᠭᠤᠷᠪᠠᠨ ᠤᠯᠠᠭᠠᠨ︾ ᠤ | ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ 26 ᠳᠠᠬᠢ ᠤᠳᠠᠭ᠎ᠠ ᠳᠡᠭᠡᠭᠰᠢᠯᠡᠭᠦᠯᠵᠦ ᠪᠠᠶᠢᠭ᠎ᠠ ᠪᠥᠭᠡᠳ ︽ | ᠭᠤᠷᠪᠠᠨ ᠭᠡᠷ ᠪᠦᠯᠢ︾ ᠶᠢᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠬᠤᠲᠠ | ᠬᠥᠳᠡᠭᠡ ᠳᠤ ᠶᠢᠨ ᠠᠩᠬ᠎ᠠ ᠤᠳᠠᠭ᠎ᠠ ᠨᠢᠭᠡᠳᠦᠯᠲᠡᠢ ᠪᠤᠯᠭᠠᠵᠤ᠂ ᠠᠰᠠᠷᠠᠨ ᠬᠠᠷᠠᠭᠠᠯᠵᠠᠬᠤ ᠡᠲᠡᠭᠡᠳ ᠤᠨ ᠬᠠᠤᠯᠢ | ᠶᠣᠰᠣᠨ ᠤ ᠡᠷᠬᠡ ᠠᠰᠢᠭ ᠢ ᠪᠦᠲᠦᠮᠵᠢᠲᠠᠢ ᠪᠠᠲᠤᠯᠠᠵᠤ ᠪᠠᠶᠢᠭ᠎ᠠ ᠶᠤᠮ᠃ | ᠲᠠᠨᠢᠯᠴᠠᠭᠤᠯᠤᠭᠰᠠᠨ ᠢᠶᠠᠷ᠂ ᠲᠤᠬᠢᠷᠠᠭᠤᠯᠤᠯᠳᠠ ᠬᠢᠭᠰᠡᠨ ᠤ ᠲᠠᠷᠠᠭ᠎ᠠ᠂ ᠲᠠᠶᠢᠨ᠂ ᠠᠯᠪᠠᠨ ᠶᠠᠪᠤᠳᠠᠯ᠂ | ᠡᠪᠡᠳᠴᠢᠨ ᠠᠴᠠ ᠪᠤᠯᠤᠭᠰᠠᠨ ᠨᠢᠭᠡᠳᠦᠭᠡᠷ ᠳᠡᠰ ᠤᠨ ᠵᠡᠮᠳᠡᠭ ᠴᠡᠷᠢᠭ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ | ᠨᠢ ᠵᠢᠯ ᠪᠦᠷᠢ ᠬᠥᠮᠦᠨ ᠨᠢᠭᠡᠪᠦᠷᠢ ᠳᠤ ᠲᠤᠰ ᠲᠤᠰ 66230 ᠲᠥᠭᠦᠷᠢᠭ᠂ 64140 ᠲᠥᠭᠦᠷᠢᠭ᠂ 62040 | ᠲᠥᠭᠦᠷᠢᠭ ᠪᠤᠯᠤᠨ᠎ᠠ︔ ᠳᠠᠶᠢᠨ᠂ ᠠᠯᠪᠠᠨ ᠶᠠᠪᠤᠳᠠᠯ ᠠᠴᠠ ᠪᠤᠯᠤᠭᠰᠠᠨ ᠠᠷᠪᠠᠳᠤᠭᠠᠷ ᠳᠡᠰ ᠤᠨ ᠵᠡᠮᠳᠡᠭ ᠴᠡᠷᠢᠭ ᠤᠨ | ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠨᠢ ᠵᠢᠯ ᠪᠦᠷᠢ ᠬᠥᠮᠦᠨ ᠨᠢᠭᠡᠪᠦᠷᠢ ᠳᠤ ᠲᠤᠰ ᠲᠤᠰ 7360 ᠲᠥᠭᠦᠷᠢᠭ᠂ | 6300 ᠲᠥᠭᠦᠷᠢᠭ ᠪᠣᠯᠤᠨ᠎ᠠ᠃ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ | ᠦᠷᠡᠭᠳᠡᠭᠰᠡᠨ ᠴᠡᠷᠢᠭ ᠬᠥᠮᠦᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠲᠣᠭᠲᠠᠮᠠᠯ ᠬᠤᠭᠤᠴᠠᠭ᠎ᠠ ᠲᠠᠢ | ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠬᠤᠲᠠ ᠬᠥᠳᠡᠭᠡ ᠳᠤ ᠨᠢᠭᠡᠳᠦᠯᠲᠡᠢ ᠪᠠᠷᠢᠮᠵᠢᠶ᠎ᠠ ᠶᠢ ᠬᠡᠷᠡᠭᠵᠢᠭᠦᠯᠵᠦ᠂ | ᠬᠥᠮᠦᠨ ᠪᠦᠷᠢ ᠵᠢᠯ ᠳᠤ ᠲᠤᠰ ᠲᠤᠰ 21030 ᠲᠥᠭᠦᠷᠢᠭ᠂ 18050 ᠲᠥᠭᠦᠷᠢᠭ᠂ 16980 ᠲᠥᠭᠦᠷᠢᠭ | ᠪᠤᠯᠭᠠᠨ ᠳᠡᠭᠡᠭᠰᠢᠯᠡᠭᠦᠯᠪᠡ᠃ ᠶᠠᠫᠣᠨ ᠢ ᠡᠰᠡᠷᠭᠦᠴᠡᠬᠦ ᠲᠠᠶᠢᠨ ᠤ ᠴᠠᠭ ᠦᠶ᠎ᠡ᠂ ᠪᠤᠰᠤᠳ ᠴᠠᠭ ᠦᠶ᠎ᠡ ᠶᠢᠨ | ᠨᠤᠲᠤᠭ ᠲᠠᠭᠠᠨ ᠪᠤᠴᠠᠨ ᠴᠡᠷᠢᠭ ᠠᠴᠠ ᠬᠠᠯᠠᠭᠳᠠᠭᠰᠠᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠵᠢᠯ | ᠪᠦᠷᠢ ᠬᠥᠮᠦᠨ ᠨᠢᠭᠡᠪᠦᠷᠢ ᠳᠤ 13956 ᠲᠥᠭᠦᠷᠢᠭ ᠂ 13464 ᠲᠥᠭᠦᠷᠢᠭ ᠪᠤᠯᠭᠠᠨ ᠳᠡᠭᠡᠭᠰᠢᠯᠡᠭᠦᠯᠪᠡ᠃ | ᠡᠪᠡᠳᠴᠢᠨ ᠢᠶᠠᠷ ᠨᠤᠲᠤᠭ ᠲᠠᠭᠠᠨ ᠪᠤᠴᠠᠵᠤ ᠴᠡᠷᠢᠭ ᠠᠴᠠ ᠬᠠᠯᠠᠭᠳᠠᠭᠰᠠᠨ ᠴᠡᠷᠢᠭ ᠬᠦᠮᠦᠨ ᠤ ᠠᠮᠢᠳᠤᠷᠠᠯ ᠤᠨ | ᠨᠥᠬᠦᠪᠥᠷᠢ ᠶᠢᠨ ᠪᠠᠷᠢᠮᠵᠢᠶ᠎ᠠ ᠶᠢ ᠵᠢᠯ ᠪᠦᠷᠢ ᠬᠥᠮᠦᠨ ᠨᠢᠭᠡᠪᠦᠷᠢ ᠳᠤ 5472 ᠲᠥᠭᠦᠷᠢᠭ ᠪᠤᠯᠭᠠᠨ ᠳᠡᠭᠡᠭᠰᠢᠯᠡᠭᠦᠯᠵᠦ᠂ | ᠪᠠᠶᠢᠯᠳᠤᠭᠠᠨ ᠳᠤ ᠤᠷᠤᠯᠴᠠᠵᠤ ᠲᠤᠷᠰᠢᠯᠲᠠ ᠳᠤ ᠤᠷᠤᠯᠴᠠᠵᠤ ᠴᠡᠷᠢᠭ ᠠᠴᠠ ᠬᠠᠯᠠᠭᠳᠠᠭᠰᠠᠳ ᠤᠨ ᠠᠮᠢᠳᠤᠷᠠᠯ ᠤᠨ | ᠨᠥᠬᠦᠪᠥᠷᠢ ᠶᠢᠨ ᠪᠠᠷᠢᠮᠵᠢᠶ᠎ᠠ ᠶᠢ ᠵᠢᠯ ᠪᠦᠷᠢ ᠬᠥᠮᠦᠨ ᠨᠢᠭᠡᠪᠦᠷᠢ ᠳᠤ 6000 ᠲᠥᠭᠦᠷᠢᠭ ᠪᠤᠯᠭᠠᠨ ᠳᠡᠭᠡᠭᠰᠢᠯᠡᠭᠦᠯᠪᠡ᠃ | ᠬᠥᠳᠡᠭᠡ ᠲᠣᠰᠬᠤᠨ ᠪᠠ ᠬᠤᠳᠠ ᠪᠠᠯᠭᠠᠰᠤᠨ ᠳᠤ ᠰᠠᠭᠤᠵᠤ ᠪᠠᠶᠢᠭ᠎ᠠ ᠠᠵᠢᠯᠯᠠᠬᠤ ᠨᠢᠭᠡᠴᠡ ᠦᠭᠡᠢ᠂ ᠪᠦᠬᠦᠯᠢ 60 | ᠨᠠᠰᠤ ᠬᠦᠷᠦᠭᠰᠡᠨ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠤᠨ ᠲᠣᠭᠲᠠᠮᠠᠯ ᠬᠤᠭᠤᠴᠠᠭ᠎ᠠ ᠲᠠᠢ | ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠵᠢᠯ ᠪᠦᠷᠢ ᠬᠥᠮᠦᠨ ᠨᠢᠭᠡᠪᠦᠷᠢ ᠳᠤ 8400 ᠲᠥᠭᠦᠷᠢᠭ ᠪᠤᠯᠭᠠᠨ | ᠳᠡᠭᠡᠭᠰᠢᠯᠡᠭᠦᠯᠪᠡ᠃ 60 ᠨᠠᠰᠤᠨ ᠠᠴᠠ ᠳᠡᠭᠡᠭᠰᠢᠬᠢ ᠬᠥᠳᠡᠭᠡ ᠲᠣᠰᠬᠤᠨ ᠳᠤ ᠨᠤᠲᠤᠭ ᠲᠠᠢ ᠴᠡᠷᠢᠭ ᠠᠴᠠ | ᠬᠠᠯᠠᠭᠳᠠᠭᠰᠠᠨ ᠪᠠᠶᠢᠯᠳᠤᠭᠴᠢᠳ ᠲᠤ ᠨᠢᠭᠡ ᠵᠢᠯ ᠴᠡᠷᠢᠭ ᠤᠨ ᠠᠯᠪᠠ ᠬᠠᠭᠠᠭᠰᠠᠳ ᠪᠦᠷᠢ ᠳᠤ᠂ ᠬᠥᠮᠦᠨ ᠪᠦᠷᠢ ᠳᠤ | ᠰᠠᠷ᠎ᠠ ᠪᠦᠷᠢ ᠣᠯᠭᠤᠬᠤ ᠨᠥᠬᠦᠪᠥᠷᠢ ᠶᠢᠨ ᠪᠠᠷᠢᠮᠵᠢᠶ᠎ᠠ ᠶᠢ 25 ᠲᠥᠭᠦᠷᠢᠭ ᠪᠤᠯᠭᠠᠨ ᠳᠡᠭᠡᠭᠰᠢᠯᠡᠭᠦᠯᠪᠡ᠃ ᠤᠯᠤᠰ | ᠪᠠᠶᠢᠭᠤᠯᠤᠭᠳᠠᠬᠤ ᠠᠴᠠ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠭᠰᠡᠨ ᠬᠦᠳᠡᠭᠡ | ᠲᠣᠰᠬᠤᠨ ᠤ ᠠᠬᠠᠮᠠᠳ ᠨᠠᠮ ᠤᠨ ᠭᠡᠰᠢᠭᠦᠨ ᠪᠠ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠬᠠᠷᠠᠭᠠᠯᠵᠠᠯ | ᠬᠦᠷᠲᠡᠵᠦ ᠣᠢᠭᠡᠢ ᠬᠤᠲᠠ ᠪᠠᠯᠭᠠᠰᠤᠨ ᠤ ᠠᠬᠠᠮᠠᠳ ᠨᠠᠮ ᠤᠨ ᠭᠡᠰᠢᠭᠦᠨ ᠤ ᠠᠮᠢᠳᠤᠷᠠᠯ ᠤᠨ ᠨᠥᠬᠦᠪᠥᠷᠢ ᠶᠢᠨ | ᠪᠠᠷᠢᠮᠵᠢᠶ᠎ᠠ ᠶᠢ ᠪᠠᠰᠠ ᠵᠣᠬᠢᠴᠠᠩᠭᠤᠶ ᠲᠤᠬᠢᠷᠠᠭᠤᠯᠤᠭᠰᠠᠨ ᠪᠠᠶᠢᠨ᠎ᠠ᠂ 1937 ᠤᠨ ᠤ 7 ᠳ᠋ᠤᠭᠠᠷ ᠰᠠᠷ᠎ᠠ ᠶᠢᠨ 6 ᠤ | ᠡᠳᠦᠷ ᠠᠴᠠ ᠡᠮᠦᠨ᠎ᠡ ᠨᠠᠮ ᠳᠤ ᠡᠯᠰᠡᠭᠳᠡᠭᠰᠡᠳ ᠲᠤ᠂ ᠬᠥᠮᠦᠨ ᠪᠦᠷᠢ ᠳᠤ ᠰᠠᠷ᠎ᠠ ᠪᠦᠷᠢ 620 ᠲᠥᠭᠦᠷᠢᠭ | ᠤᠯᠭᠤᠨ᠎ᠠ︔ 1937 ᠣᠨ ᠤ 7 ᠳ᠋ᠤᠭᠠᠷ ᠰᠠᠷ᠎ᠠ ᠶᠢᠨ 7 ᠤ ᠡᠳᠦᠷ ᠠᠴᠠ 1945 ᠤᠨ ᠤ 9 ᠳ᠋ᠦ᠋ᠭᠡᠷ ᠰᠠᠷ᠎ᠠ ᠶᠢᠨ | 2 ᠤ ᠡᠳᠦᠷ ᠨᠠᠮ ᠳᠤ ᠡᠯᠰᠡᠭᠳᠡᠭᠰᠡᠳ ᠲᠤ᠂ ᠬᠥᠮᠦᠨ ᠪᠦᠷᠢ ᠳᠤ ᠰᠠᠷ᠎ᠠ ᠪᠦᠷᠢ 560 ᠲᠥᠭᠦᠷᠢᠭ ᠤᠯᠭᠤᠨ᠎ᠠ︔ | 1945 ᠤᠨ ᠤ 9 ᠳ᠋ᠦ᠋ᠭᠡᠷ ᠰᠠᠷ᠎ᠠ ᠶᠢᠨ 3 ᠤ ᠡᠳᠦᠷ ᠠᠴᠠ 1949 ᠤᠨ ᠤ 9 ᠰᠠᠷ᠎ᠠ ᠶᠢᠨ 30 ᠤ ᠡᠳᠦᠷ | ᠨᠠᠮ ᠳᠤ ᠡᠯᠰᠡᠭᠳᠡᠭᠰᠡᠳ ᠲᠤ᠂ ᠬᠥᠮᠦᠨ ᠪᠦᠷᠢ ᠳᠤ ᠰᠠᠷ᠎ᠠ ᠪᠦᠷᠢ 480 ᠲᠥᠭᠦᠷᠢᠭ ᠤᠯᠭᠤᠨ᠎ᠠ᠃ |