ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠰᠢᠨ᠎ᠡ ᠵᠢᠯ ᠴᠠᠭᠠᠨ ᠰᠠᠷ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2016/12/30
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ 2017 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠬᠡᠷᠡᠭᠯᠡᠭᠡ ᠶᠢ ᠥᠷᠭᠡᠳᠬᠡᠬᠦ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ᠃ ᠮᠡᠳᠡᠭᠳᠡᠯ ᠳᠤ ᠱᠠᠭᠠᠷᠳᠠᠭᠰᠠᠨ ᠨᠢ᠂ ᠡᠨᠡ ᠡᠪᠦᠯ ᠢᠷᠡᠬᠦ ᠬᠠᠪᠤᠷ ᠬᠦᠢᠲᠡᠨ ᠪᠣᠷᠣᠭᠠᠨ ᠴᠠᠰᠤ᠂ ᠤᠨᠢᠶᠠᠷ ᠮᠠᠨᠠᠨ ᠵᠡᠷᠭᠡ ᠣᠨᠴᠠᠭᠠᠶ ᠠᠭᠤᠷ ᠠᠮᠢᠰᠬᠤᠯ ᠢᠯᠡᠷᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠠ ᠭᠦᠢᠯᠭᠡᠭᠡᠨ ᠢ ᠨᠥᠯᠥᠭᠡᠯᠡᠵᠦ ᠮᠡᠳᠡᠨ᠎ᠡ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠶᠢᠨ ᠲᠤᠰᠠᠳᠠ᠂ ᠡᠯ᠎ᠡ ᠠᠶᠢᠮᠠᠭ ᠬᠤᠳᠠ ᠶᠢᠨ ᠬᠤᠳᠠᠯᠳᠤᠭᠠᠨ ᠤ ᠶᠠᠪᠤᠳᠠᠯ ᠎ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢᠶᠠᠨ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠰᠢᠨ᠎ᠡ ᠵᠢᠯ᠂ ᠴᠠᠭᠠᠨ ᠰᠠᠷ᠎ᠠ ᠶᠢᠨ ᠰᠠᠭᠤᠭᠠᠯᠢ ᠠᠷᠠᠳ ᠤᠨ ᠬᠡᠷᠡᠭᠴᠡᠭᠡ ᠶᠢᠨ ᠣᠨᠴᠠᠯᠢᠭ ᠢ ᠦᠨᠳᠦᠰᠦᠯᠡᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠤᠨ ᠪᠡᠯᠡᠳᠬᠡᠯ ᠲᠥᠰᠦᠯ ᠢᠶᠠᠨ ᠲᠣᠭᠲᠠᠭᠠᠵᠤ᠂ ᠭᠡᠨᠡᠳᠲᠡ ᠶᠢᠨ ᠬᠡᠷᠡᠭ ᠠᠴᠠ ᠪᠣᠯᠬᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠠᠷᠭᠠᠴᠠᠬᠤ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠲᠥᠰᠦᠯ ᠢᠶᠠᠨ ᠨᠠᠷᠢᠯᠢᠭᠵᠢᠭᠤᠯᠵᠤ᠂ ᠪᠡᠯᠡᠳᠬᠡᠯ ᠲᠥᠰᠦᠯ ᠠᠷᠭ᠎ᠠ ᠬᠡᠮᠵᠢᠶ᠎ᠡ ᠶᠢ ᠣᠷᠣᠨ ᠪᠠᠶᠢᠷᠢ ᠳᠤᠨᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠪᠠᠷᠠᠭᠠᠨ ᠤ ᠢᠷᠡᠯᠲᠡ ᠶᠢᠨ ᠠᠷᠭ᠎ᠠ ᠵᠠᠮ ᠢ ᠥᠷᠭᠡᠳᠬᠡᠵᠦ᠂ ᠬᠥᠮᠥᠷᠭᠡ ᠶᠢᠨ ᠬᠠᠳᠠᠭᠠᠯᠠᠮᠵᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ ᠵᠥᠭᠡᠭᠡᠪᠦᠷᠢᠯᠡᠵᠦ ᠪᠣᠷᠣᠯᠠᠭᠤᠯᠬᠤ ᠲᠤᠮᠤ ᠡᠷᠦᠬᠡ ᠶᠢ ᠵᠢᠯᠣᠭᠤᠳᠴᠤ ᠪᠠᠶᠢᠭᠠᠳ ᠦᠢᠯᠡᠳᠪᠦᠷᠢᠯᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠲᠠᠢ ᠵᠣᠯᠭᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠠᠮᠢᠳᠤ ᠰᠣᠷᠭᠤᠭ ᠢᠶᠠᠷ ᠲᠡᠭᠡᠭᠡᠪᠦᠷᠢᠯᠡᠬᠦ ᠶᠢ ᠰᠠᠭᠠᠳ ᠦᠭᠡᠢ ᠨᠡᠪᠲᠡᠷᠡᠭᠦᠯᠬᠦ ᠲᠦᠷᠦ ᠶᠢᠨ ᠪᠤᠳᠤᠯᠭ᠎ᠠ ᠶᠢ ᠭᠦᠢᠴᠡᠳ ᠠᠰᠢᠭᠯᠠᠵᠤ᠂ ᠠᠮᠤ ᠪᠤᠳᠠᠭ᠎ᠠ᠂ ᠲᠤᠰᠤ᠂ ᠮᠢᠬ᠎ᠠ᠂ ᠨᠣᠭᠤᠭ᠎ᠠ᠂ ᠵᠢᠭᠦᠷᠲᠡᠨ᠂ ᠥᠨᠳᠡᠭᠡ᠂ ᠰᠦ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠭᠤᠣᠯᠳᠠᠯᠭ᠎ᠠ ᠲᠠᠢ ᠪᠠᠲᠤᠯᠠᠬᠤ ᠬᠡᠷᠡᠭᠲᠡᠢ᠃ ᠡᠯ᠎ᠡ ᠠᠶᠢᠮᠠᠭ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠲᠤᠰ ᠭᠠᠵᠠᠷ ᠤᠨ ᠢᠶᠠᠨ ᠰᠣᠶᠣᠯ ᠵᠠᠩ ᠵᠠᠩᠰᠢᠯ ᠪᠠ ᠠᠵᠤ ᠦᠢᠯᠡᠰ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠬᠡᠷᠡᠭᠯᠡᠭᠡ ᠪᠠᠷ ᠤᠯᠠᠨ ᠨᠡᠶᠢᠳᠡ ᠎ ᠶᠢᠨ ᠦᠢᠯᠡᠴᠢᠯᠡᠭᠡ ᠶᠢ ᠠᠬᠢᠭᠤᠯᠬᠤ ᠲᠠᠪᠴᠠᠩ ᠢ ᠢᠳᠡᠪᠬᠢᠲᠡᠶ ᠪᠠᠶᠢᠭᠤᠯᠵᠤ᠂ ᠡᠯᠪᠡᠭ ᠠᠭᠤᠯᠭ᠎ᠠ ᠲᠠᠢ᠂ ᠣᠯᠠᠨ ᠬᠡᠯᠪᠡᠷᠢ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠩᠭᠠᠯᠭ᠎ᠠ ᠬᠡᠷᠡᠭᠴᠡᠭᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠬᠡᠷᠡᠭᠲᠡᠶ᠃ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠶᠢ ᠦᠨᠡᠨ ᠬᠦ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠪᠠ ᠦᠨ᠎ᠡ ᠬᠠᠩᠰᠢ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠢ  ᠃ 2017 ᠣᠨ ᠎ ᠤ 1 ᠳ᠋ᠦ᠋ᠭᠡᠷ ᠰᠠᠷ᠎ᠠ ᠶᠢᠨ 24᠎ ᠤ ᠡᠳᠦᠷ ᠠᠴᠠ 2 ᠳ᠋ᠤᠭᠠᠷ ᠰᠠᠷ᠎ᠠ ᠶᠢᠨ 2᠎ ᠤᠨ ᠡᠳᠦᠷ ᠪᠣᠯᠲᠠᠯ᠎ᠠ᠂ 36 ᠳᠣᠮᠤ ᠳᠤᠮᠳᠠ ᠬᠤᠲᠠ ᠳᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠬᠦ ᠡᠳᠦᠷ ᠤᠨ ᠮᠡᠳᠡᠭᠦᠯᠦᠯᠲᠡ ᠶᠢᠨ ᠳᠦᠷᠢᠮ ᠢ ᠶᠠᠪᠤᠭᠤᠯᠤᠨ᠎ᠠ᠃ ᠭᠤᠣᠯᠳᠠᠯᠭ᠎ᠠ ᠲᠠᠢ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠳ ᠪᠣᠷᠣᠯᠠᠭᠤᠯᠭ᠎ᠠ ᠶᠢᠨ ᠲᠤᠭ᠎ᠠ ᠪᠠᠷᠢᠮᠲᠠ ᠪᠠᠨ ᠱᠠᠭᠠᠷᠳᠠᠯᠭ᠎ᠠ ᠶᠣᠰᠣᠭᠠᠷ ᠳᠡᠭᠡᠭᠰᠢ ᠮᠡᠳᠡᠭᠦᠯᠬᠦ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号