ᠤᠯᠠᠭᠠᠨᠬᠠᠳᠠ ᠬᠤᠳᠠ ᠶᠢᠨ ᠨᠢᠬᠡᠨ ᠨᠡᠬᠦᠷᠡᠰᠤᠨ ᠠᠭᠤᠷᠬᠠᠢ ᠳᠤ ᠲᠡᠯᠪᠡᠷᠡᠯᠳᠠ ᠶᠢᠨ ᠭᠡᠷᠡᠭ ᠡᠭᠦᠰᠪᠠ    ᠯᠢ ᠵᠢᠢ ᠡᡁᠧᠩ ᠠᠪᠤᠷᠠᠨ ᠲᠤᠰᠠᠯᠠᠬᠤ ᠠᠵᠢᠯ ᠳᠤ ᠴᠢᠬᠤᠯᠠ ᠵᠢᠭᠠᠪᠤᠷᠢ ᠦᠭᠴᠦ ᠪᠦ᠋ ᠰᠢᠶᠤᠤ ᠯᠢᠨ ᠲᠤᠬᠠᠢ ᠶᠢᠨ ᠲᠠᠯᠠᠪᠠᠢ ᠳᠤ ᠠᠮᠵᠢᠨ ᠭᠦᠷᠴᠦ ᠠᠵᠢᠯ ᠢ ᠵᠢᠯᠤᠭᠤᠳᠪᠠ
ᠨᠡᠶᠢᠲᠡᠯᠡᠭᠰᠡᠨ ᠴᠠᠭ᠄
2016/12/5
     2016 ᠤᠨ ᠤ 12 ᠳ᠋ᠤᠭᠠᠷ ᠰᠠᠷ᠎ᠠ ᠶᠢᠨ 3᠎ ᠤ ᠡᠳᠤᠷ ᠤᠨ 12 ᠴᠠᠬ 23 ᠮᠢᠨᠦ᠋ᠲ ᠳᠤ᠂ ᠤᠯᠠᠭᠠᠨᠬᠠᠳᠠ ᠬᠤᠳᠠ ᠶᠢᠨ ᠶᠤᠸᠠᠨ ᠪᠤᠤ ᠱᠠᠨ ᠲᠤᠭᠤᠷᠢᠬ ᠤᠨ ᠤᠯᠠᠭᠠᠨᠬᠠᠳᠠ ᠶᠢᠨ ᠪᠤᠤ ᠮᠠ ᠠᠭᠤᠷᠬᠠᠢ ᠶᠢᠨ ᠤᠢᠢᠯᠡᠰ ᠤᠨ ᠬᠢᠵᠠᠭᠠᠷᠳᠤ ᠺᠤᠮᠫᠠᠨᠢ ᠳᠤ ᠠᠭᠤᠷᠬᠠᠢ ᠶᠢᠨ ᠬᠤᠳᠳᠤᠬ ᠲᠤᠤᠷᠠᠬᠢ ᠨᠡᠬᠦᠷᠡᠰᠤᠨ ᠲᠤᠭᠤᠰᠤ ᠲᠡᠯᠪᠡᠷᠡᠭᠰᠡᠨ ᠠᠳᠡᠯ ᠭᠠᠷᠴᠠᠢ᠃      ᠮᠡᠳᠡᠭᠡ ᠶᠢ ᠤᠯᠤᠬᠰᠠᠨ ᠤ ᠲᠠᠷᠠᠭ᠎ᠠ᠂ ᠠᠯᠠᠱᠠ ᠠᠶᠢᠮᠠᠬ ᠤᠨ ᠠᠯᠠᠱᠠ ᠪᠠᠷᠠᠭᠤᠨ ᠬᠤᠰᠢᠭᠤᠨ ᠳᠤ ᠬᠦᠳᠡᠭᠡ ᠪᠠᠭᠤᠵᠤ ᠪᠠᠶᠢᠴᠠᠭᠠᠨ ᠰᠤᠳᠤᠯᠤᠯᠳᠠ ᠬᠢᠵᠤ ᠪᠠᠶᠢᠬᠰᠠᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠡᡁᠧᠩ ᠲᠠᠷᠦ᠋ᠢᠬᠠᠨ ᠴᠢᠬᠤᠯᠠ ᠵᠢᠭᠠᠪᠤᠷᠢ ᠦᠭᠴᠤ᠂ ᠦᠪᠡᠷᠳᠡᠬᠡᠨ ᠵᠠᠰᠠᠬᠤ ᠤᠷᠤᠨ ᠤ ᠠᠵᠢᠯᠯᠠᠬᠤ ᠲᠤᠭᠤᠢᠢᠯᠠᠩ ᠢ ᠲᠤᠮᠢᠯᠠᠨ ᠲᠠᠷᠤᠢ ᠲᠦᠷᠬᠡᠨ ᠢᠶᠠᠷ ᠠᠳᠡᠯ ᠤᠨ ᠲᠤᠬᠠᠢ ᠶᠢᠨ ᠭᠠᠵᠠᠷ ᠲᠤ ᠤᠴᠢᠭᠤᠯᠵᠤ᠂ ᠠᠪᠤᠷᠠᠨ ᠲᠤᠰᠠᠯᠠᠬᠤ ᠠᠵᠢᠯ ᠢ ᠵᠢᠯᠤᠭᠤᠳᠤᠭᠤᠯᠪᠠ᠃ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠢ ᠲᠠᠷᠤᠢ ᠲᠦᠷᠬᠡᠨ ᠢᠶᠠᠷ ᠬᠠᠮᠤᠬ ᠤᠨ ᠴᠢᠩᠭ᠎ᠠ ᠬᠦᠴᠤᠨ ᠢ ᠵᠤᠬᠢᠶᠠᠨ ᠪᠠᠶᠢᠭᠤᠯᠤᠨ ᠬᠠᠰᠢᠬᠳᠠᠬᠰᠠᠨ ᠬᠦᠮᠤᠰ ᠢ ᠪᠦᠬᠦ ᠬᠦᠴᠦ ᠪᠠᠷ ᠢᠶᠠᠨ ᠡᠷᠢᠨ ᠠᠪᠤᠷᠠᠵᠤ᠂ ᠰᠢᠷᠬᠠᠳᠤᠬᠰᠠᠨ ᠤᠯᠠᠨ ᠲᠦᠮᠡᠨ ᠢ ᠪᠦᠬᠦ ᠬᠦᠴᠤ ᠪᠠᠷ ᠢᠶᠠᠨ ᠡᠮᠨᠡᠨ ᠵᠠᠰᠠᠵᠤ᠂ ᠬᠦᠮᠤᠨ ᠦᠬᠦᠵᠤ ᠰᠢᠷᠬᠠᠳᠤᠬᠤ ᠶᠢ ᠬᠠᠮᠤᠬ ᠤᠨ ᠶᠡᠭᠡ ᠬᠡᠮᠵᠢᠶ᠎ᠠ ᠪᠠᠷ ᠪᠠᠭᠠᠰᠬᠠᠨ᠂ ᠠᠳᠡᠭᠰᠡᠳ ᠢ ᠵᠤᠬᠢᠰᠳᠠᠢ ᠲᠦᠪᠬᠢᠨᠡᠬᠦᠯᠵᠤ᠂ ᠭᠡᠷ ᠪᠦᠯᠢ ᠶᠢᠨ ᠬᠢᠨ ᠢ ᠲᠤᠬᠤᠨᠢᠭᠤᠯᠬᠤ ᠠᠵᠢᠯ ᠢ ᠰᠠᠶᠢᠳᠤᠷ ᠬᠢᠬᠦ ᠭᠡᠷᠡᠭᠳᠠᠢ᠃ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠵᠤ᠂ ᠲᠠᠬᠢᠨ ᠠᠳᠡᠯ ᠭᠠᠷᠬᠤ ᠠᠴᠠ ᠰᠡᠷᠬᠡᠶᠢᠯᠡᠬᠦ ᠭᠡᠷᠡᠭᠳᠠᠢ᠃ ᠨᠡᠶᠢᠬᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠬ ᠲᠤᠬᠠᠢ ᠳᠤᠨᠢ ᠬᠠᠷᠢᠭᠤ ᠦᠭᠴᠤ᠂ ᠠᠳᠡᠯ ᠤᠨ ᠰᠢᠯᠳᠠᠭᠠᠨ ᠢ ᠲᠦᠢᠯᠪᠤᠷᠢᠳᠠᠢ ᠪᠠᠶᠢᠴᠠᠭᠠᠵᠤ᠂ ᠬᠤᠯᠪᠤᠬᠳᠠᠯ ᠪᠦᠬᠦᠢ ᠬᠠᠷᠢᠭᠤᠴᠠᠯᠭᠠᠳᠠᠨ ᠢ ᠬᠠᠤᠯᠢ ᠲᠦᠷᠢᠮ ᠶᠤᠰᠤᠭᠠᠷ ᠴᠢᠩᠭ᠎ᠠ ᠪᠠᠶᠢᠴᠠᠭᠠᠨ ᠰᠢᠳᠬᠡᠬᠦ ᠭᠡᠷᠡᠭᠳᠠᠢ᠃ ᠨᠢᠬᠡ ᠶᠢ ᠵᠦᠢᠴᠢᠯᠠᠨ ᠨᠦᠬᠦᠬᠡ ᠶᠢ ᠮᠡᠳᠡᠵᠤ ᠪᠦᠬᠦ ᠤᠷᠤᠨ ᠤ ᠠᠶᠤᠯ ᠦᠭᠡᠢ ᠤᠢᠢᠯᠡᠳᠪᠤᠷᠢᠯᠠᠯ ᠤᠨ ᠶᠡᠭᠡ ᠪᠠᠶᠢᠴᠠᠭᠠᠯᠳᠠ ᠶᠢ ᠲᠠᠷᠤᠢ ᠲᠦᠷᠬᠡᠨ ᠦᠷᠨᠢᠬᠦᠯᠵᠤ᠂ ᠡᠯ᠎ᠠ ᠲᠠᠯ᠎ᠠ ᠶᠢᠨ ᠪᠠᠭᠤᠷᠠᠢ ᠭᠤᠬᠴᠤᠭ᠎ᠠ ᠳᠤ ᠴᠢᠭᠯᠡᠬᠦᠯᠤᠨ ᠴᠠᠬ ᠲᠤᠬᠠᠢ ᠳᠤᠨᠢ ᠪᠠᠶᠢᠴᠠᠭᠠᠵᠤ ᠴᠠᠬ ᠲᠤᠬᠠᠢ ᠳᠤᠨᠢ ᠰᠢᠢᠳᠪᠤᠷᠢᠯᠠᠵᠤ᠂ ᠬᠠᠷᠢᠭᠤᠴᠠᠯᠭ᠎ᠠ ᠲᠤᠯᠭᠠᠨ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠤᠩᠬᠡ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ ᠭᠡᠷᠡᠭᠳᠠᠢ ᠬᠡᠵᠤ ᠱᠠᠭᠠᠷᠳᠠᠪᠠ᠃      ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠪᠦᠸᠧ ᠲᠠᠷᠦ᠋ᠢᠬᠠᠨ ᠦᠪᠤᠷ ᠮᠤᠩᠭᠤᠯ ᠤᠨ ᠨᠡᠬᠦᠷᠡᠰᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠤᠪᠴᠢᠶ᠎ᠠ᠂ ᠦᠪᠡᠷᠳᠡᠬᠡᠨ ᠵᠠᠰᠠᠬᠤ ᠤᠷᠤᠨ ᠤ ᠨᠡᠬᠦᠷᠡᠰᠤᠨ ᠤ ᠠᠵᠤ ᠤᠢᠢᠯᠡᠳᠪᠤᠷᠢ ᠶᠢᠨ ᠲᠤᠪᠴᠢᠶ᠎ᠠ᠂ ᠠᠶᠤᠯ ᠦᠭᠡᠢ ᠤᠢᠢᠯᠡᠳᠪᠤᠷᠢᠯᠠᠯ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠵᠡᠷᠬᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠨᠦᠬᠦᠳ ᠢ ᠲᠠᠭᠠᠭᠤᠯᠤᠨ ᠠᠳᠡᠯ ᠤᠨ ᠲᠤᠬᠠᠢ ᠶᠢᠨ ᠭᠠᠵᠠᠷ ᠲᠤ ᠬᠦᠷᠴᠤ᠂ ᠠᠳᠡᠯ ᠠᠴᠠ ᠠᠪᠤᠷᠠᠨ ᠲᠤᠰᠠᠯᠠᠬᠤ ᠵᠡᠷᠬᠡ ᠠᠵᠢᠯ ᠢ ᠵᠢᠯᠤᠭᠤᠳᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号