ᠵᠠᠩ ᠵᠢᠶᠠᠨ ᠮᠢᠨ᠄ ᠪᠦᠷᠢᠳᠭᠡᠨ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠲᠤᠷ ᠬᠢᠵᠤ ᠦᠪᠡᠷᠲᠡᠭᠡᠨ ᠵᠠᠰᠠᠬᠤ ᠤᠷᠤᠨ ᠤ ᠬᠦᠭᠵᠢᠯᠲᠠ ᠶᠢᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2016/12/5
      12 ᠳ᠋ᠤᠭᠠᠷ ᠰᠠᠷ᠎ᠠ ᠶᠢᠨ 4᠎ ᠤ ᠡᠳᠦᠷ ᠤᠨ ᠦᠳᠡ ᠶᠢᠨ ᠡᠮᠦᠨ᠎ᠠ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠵᠢᠶᠠᠨ ᠮᠢᠨ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠦᠪᠦᠷ ᠮᠤᠩᠭᠤᠯ ᠳᠠᠬᠢ ᠪᠠᠶᠢᠴᠭᠠᠯᠲᠠ ᠶᠢᠨ ᠶᠡᠷᠤᠩᠬᠡᠢ ᠠᠩᠭᠢ ᠪᠤᠯᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠳᠭᠡᠯ ᠤᠨ ᠲᠤᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠤ᠂ ᠪᠦᠷᠢᠳᠭᠡᠨ ᠪᠠᠶᠢᠴᠠᠭᠠᠬᠤ ᠠᠵᠢᠯ ᠤᠨ ᠪᠠᠶᠢᠳᠠᠯ ᠢ ᠰᠤᠨᠤᠰᠴᠤ᠂ ᠪᠠᠶᠢᠭᠤᠯᠭ᠎ᠠ ᠶᠢᠨ ᠺᠠᠳ᠋ᠷᠴᠤᠳ ᠲᠠᠢ ᠶᠠᠷᠢᠯᠴᠠᠵᠦ ᠰᠠᠨᠠᠯ ᠢᠶᠠᠨ ᠰᠤᠯᠢᠯᠴᠠᠵᠠᠢ᠃      ᠵᠠᠩ ᠵᠢᠶᠠᠨ ᠮᠢᠨ ᠪᠦᠬᠦ ᠤᠷᠤᠨ ᠤ ᠪᠦᠷᠢᠳᠭᠡᠨ ᠪᠠᠶᠢᠴᠠᠭᠠᠬᠤ ᠠᠵᠢᠯ ᠢ ᠭᠦᠢᠴᠡᠳ ᠨᠤᠲᠠᠯᠠᠪᠠ᠃ ᠲᠡᠷᠡ ᠵᠢᠭᠠᠵᠦ ᠭᠠᠷᠭᠠᠬᠰᠠᠨ ᠨᠢ᠂ ᠪᠦᠬᠦ ᠤᠷᠤᠨ ᠤ ᠪᠦᠷᠢᠳᠭᠡᠨ ᠪᠠᠶᠢᠴᠠᠭᠠᠬᠤ ᠰᠢᠰᠲ᠋ᠧᠮ ᠤᠯᠤᠰ ᠤᠨ ᠳᠤᠭ᠎ᠠ ᠪᠦᠷᠢᠳᠭᠡᠯ ᠤᠨ ᠲᠤᠪᠴᠢᠶ᠎ᠠ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠠ ᠶᠢᠨ ᠶᠡᠭᠡ ᠲᠠᠯ᠎ᠠ ᠶᠢᠨ ᠲᠤᠭᠤᠷᠢᠨ ᠳᠤ᠂ ᠠᠵᠤ ᠠᠬᠤᠢ ᠶᠢᠨ ᠬᠦᠭᠵᠢᠯᠲᠠ ᠶᠢᠨ ᠰᠢᠨ᠎ᠠ ᠪᠠᠶᠢᠳᠠᠯ ᠳᠤ ᠢᠳᠡᠪᠬᠢᠲᠠᠢ ᠵᠤᠬᠢᠴᠠᠨ ᠬᠠᠷᠢᠭᠤ ᠲᠤᠰᠬᠠᠯ ᠭᠠᠷᠭᠠᠵᠤ ᠢᠲᠡᠪᠬᠢᠲᠡᠢ ᠦᠢᠯᠡᠴᠢᠯᠡᠨ᠂ ᠪᠦᠷᠢᠳᠭᠡᠨ ᠦᠢᠯᠡᠴᠢᠯᠡᠬᠦ ᠲᠦᠪᠰᠢᠨ ᠢᠶᠠᠨ ᠮᠡᠳᠡᠭᠳᠡᠮ᠎ᠠ ᠳᠡᠭᠡᠭᠰᠢᠯᠡᠬᠦᠯᠵᠤ᠂ ᠳᠤᠭ᠎ᠠ ᠪᠦᠷᠢᠳᠭᠡᠯ ᠤᠨ ᠠᠵᠢᠯ ᠤᠨ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠪᠦᠷᠢᠳᠭᠡᠨ ᠪᠠᠶᠢᠴᠠᠭᠠᠬᠤ ᠰᠠᠭᠤᠷᠢ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠬᠦᠯᠵᠤ᠂ ᠡᠯ᠎ᠠ ᠵᠦᠢᠯ ᠤᠨ ᠪᠦᠷᠢᠳᠭᠡᠨ ᠪᠠᠶᠢᠴᠠᠭᠠᠬᠤ ᠦᠢᠯᠡᠰ ᠰᠢᠨ᠎ᠠ ᠠᠬᠢᠴᠠ ᠲᠠᠢ ᠪᠤᠯᠤᠬᠰᠠᠨ ᠪᠠᠶᠢᠨ᠎ᠠ ᠭᠡᠪᠠ᠃      ᠵᠠᠩ ᠵᠢᠶᠠᠨ ᠮᠢᠨ ᠱᠠᠭᠠᠷᠳᠠᠬᠰᠠᠨ ᠨᠢ᠂ ᠪᠦᠬᠦ ᠤᠷᠤᠨ ᠤ ᠡᠯ᠎ᠠ ᠱᠠᠳᠤᠨ ᠤ ᠪᠦᠷᠢᠳᠭᠡᠨ ᠪᠠᠶᠢᠴᠠᠭᠠᠬᠤ ᠰᠠᠯᠠᠭ᠎ᠠ ᠮᠦᠴᠢᠷ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠪᠦᠷᠢᠳᠭᠡᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠶᠡᠭᠡ ᠲᠠᠯ᠎ᠠ ᠶᠢᠨ ᠤᠬᠠᠮᠰᠠᠷ ᠢ ᠰᠠᠨᠠᠭᠠᠴᠢᠯᠠᠭ᠎ᠠ ᠠᠴᠠ ᠪᠠᠨ ᠪᠤᠢ ᠪᠤᠯᠭᠠᠵᠤ᠂ ᠦᠪᠡᠷᠲᠡᠭᠡᠨ ᠵᠠᠰᠬᠠᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠠ ᠳᠤ ᠪᠦᠬᠦ ᠬᠦᠴᠦᠨ ᠢᠶᠠᠷ ᠦᠢᠯᠡᠴᠢᠯᠡᠬᠦ ᠬᠡᠷᠡᠭᠲᠡᠢ︔ ᠰᠠᠨᠠᠭᠠᠴᠢᠯᠠᠭ᠎ᠠ ᠠᠴᠠ ᠪᠠᠨ ᠰᠠᠶᠢᠨ ᠵᠦᠪᠯᠡᠭᠴᠢ ᠪᠠ ᠲᠤᠰᠠᠯᠠᠭᠴᠢ ᠪᠤᠯᠵᠤ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠤᠭᠳᠠᠭᠠᠬᠤ ᠳᠤ ᠵᠦᠪ ᠤᠨᠤᠪᠴᠢᠲᠠᠢ ᠲᠤᠭ᠎ᠠ ᠪᠠᠷᠢᠮᠲᠠ ᠬᠠᠩᠭᠠᠬᠤ ᠬᠡᠷᠡᠭᠲᠡᠢ︔ ᠬᠠᠤᠯᠢ ᠶᠤᠰᠤᠭᠠᠷ ᠪᠦᠷᠢᠳᠭᠡᠬᠦ ᠶᠢ ᠪᠠᠷᠢᠮᠲᠠᠯᠠᠵᠤ᠂ ᠳᠤᠭ᠎ᠠ ᠪᠦᠷᠢᠳᠭᠡᠯ ᠤᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠪᠦᠷᠢᠳᠭᠡᠯ ᠤᠨ ᠲᠤᠭ᠎ᠠ ᠪᠠᠷᠢᠮᠲᠠ ᠦᠨᠡᠨ ᠪᠤᠳᠠᠳᠠᠢ ᠪᠠᠶᠢᠬᠤ ᠶᠢ ᠪᠠᠲᠤᠯᠠᠬᠤ ᠬᠡᠷᠡᠭᠲᠡᠢ︔ ᠵᠤᠷᠢᠭᠲᠠᠢ ᠦᠭᠡᠷᠡᠴᠢᠯᠡᠯᠲᠡ ᠬᠢᠵᠤ ᠰᠢᠨ᠎ᠠ ᠶᠢ ᠡᠭᠦᠳᠦᠨ᠂ ᠰᠢᠨ᠎ᠠ ᠪᠠᠶᠢᠳᠠᠯ ᠰᠢᠨ᠎ᠠ ᠡᠭᠦᠷᠭᠡ ᠶᠢᠨ ᠱᠠᠭᠠᠷᠳᠠᠯᠭ᠎ᠠ ᠳᠤ ᠵᠤᠬᠢᠴᠠᠵᠤ᠂ ᠤᠳᠤ ᠦᠶ᠎ᠠ ᠶᠢᠨ ᠪᠦᠷᠢᠳᠭᠡᠨ ᠪᠠᠶᠢᠴᠠᠭᠠᠬᠤ ᠰᠢᠰᠲ᠋ᠧᠮ ᠢ ᠴᠢᠷᠮᠠᠶᠢᠨ ᠪᠠᠶᠢᠭᠤᠯᠬᠤ ᠬᠡᠷᠡᠭᠲᠡᠢ︔ ᠤᠳᠤᠷᠢᠳᠬᠤ ᠪᠠᠭ ᠪᠠ ᠡᠩᠨᠡᠭᠡ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠤ᠂ ᠪᠦᠷᠢᠳᠭᠡᠨ ᠪᠠᠶᠢᠴᠠᠭᠠᠬᠤ ᠠᠵᠢᠯ ᠤᠨ ᠦᠭᠡᠷᠡᠴᠢᠯᠡᠯᠲᠡ ᠬᠦᠭᠵᠢᠯᠲᠠ ᠳᠤ ᠬᠦᠴᠦᠲᠠᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号