ᠰᠥᠡᠭ ᠯᠢᠶᠠᠩ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠱᠦᠵᠢ ᠶᠢᠨ ᠲᠤᠰᠢᠶᠠᠯ ᠢ ᠡᠭᠦᠷᠭᠡᠯᠡᠪᠡ
ᠨᠡᠶᠢᠲᠡᠯᠡᠭᠰᠡᠨ ᠴᠠᠭ᠄
2016/12/5
     11 ᠳ᠋ᠦ᠋ᠭᠡᠷ ᠰᠠᠷ᠎ᠠ ᠶᠢᠨ 29᠎ ᠤ ᠡᠳᠦᠷ᠂ ᠲᠦᠩᠯᠢᠶᠣᠤ ᠬᠤᠲᠠ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠭᠤᠣᠯ ᠤᠳᠤᠷᠢᠳᠤᠯᠭ᠎ᠠ ᠶᠢ ᠲᠣᠬᠢᠷᠠᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠨᠡᠶᠢᠲᠡᠯᠡᠪᠡ᠄ ᠰᠥᠡᠭ ᠯᠢᠶᠠᠩ ᠨᠥᠬᠦᠷ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠶᠢᠩᠭᠤ ᠶᠢᠨ ᠭᠡᠰᠢᠭᠦᠨ᠂ ᠱᠦᠵᠢ ᠶᠢᠨ ᠲᠤᠰᠢᠶᠠᠯ ᠢ ᠡᠭᠦᠷᠭᠡᠯᠡᠵᠦ᠂ ᠯᠥᠸᠧ ᠶᠦᠩ ᠭᠠᠩ ᠨᠥᠬᠦᠷ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠂ ᠪᠠᠶᠢᠩᠭᠤ ᠶᠢᠨ ᠭᠡᠰᠢᠭᠦᠨ᠂ ᠭᠡᠰᠢᠭᠦᠨ ᠤ ᠲᠤᠰᠢᠶᠠᠯ ᠢ ᠳᠠᠬᠢᠵᠤ ᠡᠭᠦᠷᠭᠡᠯᠡᠬᠦ ᠪᠠᠨ ᠪᠣᠯᠢᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠽᠧᠩ ᠢ ᠴᠥᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠨᠡᠶᠢᠲᠡᠯᠡᠭᠰᠡᠨ ᠪᠥᠭᠡᠳ ᠶᠠᠷᠢᠶ᠎ᠠ ᠲᠠᠯᠪᠢᠵᠠᠶ᠃ ᠰᠥᠡᠭ ᠯᠢᠶᠠᠩ᠂ ᠯᠥᠸᠧ ᠶᠦᠩ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠪᠤᠤ ᠵᠧᠨ ᠢᠦᠶ ᠬᠤᠷᠠᠯ ᠡᠷᠭᠢᠯᠡᠪᠡ᠃      ᠽᠧᠩ ᠢ ᠴᠥᠨ ᠶᠠᠷᠢᠶᠠᠨ ᠳᠠᠭᠠᠨ᠂ ᠡᠨᠡ ᠤᠳᠠᠭ᠎ᠠ ᠶᠢᠨ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠭᠤᠣᠯ ᠤᠳᠤᠷᠢᠳᠬᠤ ᠨᠥᠬᠦᠳ ᠤᠨ ᠲᠣᠬᠢᠷᠠᠭᠤᠯᠭ᠎ᠠ ᠪᠣᠯ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠬᠦ ᠲᠠᠯ᠎ᠠ ᠶᠢ ᠪᠣᠳᠣᠯᠬᠢᠯᠠᠵᠤ᠂ ᠲᠦᠩᠯᠢᠶᠣᠤ ᠬᠤᠲᠠ ᠶᠢᠨ ᠪᠠᠶᠢᠷᠢ ᠰᠠᠭᠤᠷᠢ᠂ ᠦᠢᠯᠡᠳᠦᠯ ᠪᠠ ᠤᠳᠤᠷᠢᠳᠬᠤ ᠪᠠᠭ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ ᠰᠣᠨᠣᠰᠴᠤ᠂ ᠪᠦᠬᠦ ᠲᠠᠯ᠎ᠠ ᠪᠠᠷ ᠪᠣᠳᠣᠯᠬᠢᠯᠠᠨ᠂ ᠬᠢᠨᠠᠭᠤᠷ ᠪᠣᠯᠭᠤᠮᠵᠢᠲᠠᠶ ᠰᠤᠳᠤᠯᠤᠨ ᠭᠠᠷᠭᠠᠭᠰᠠᠨ ᠲᠣᠭᠲᠠᠭᠠᠯ ᠶᠤᠮ ᠭᠡᠪᠡ᠃       ᠰᠥᠡᠭ ᠯᠢᠶᠠᠩ ᠶᠠᠷᠢᠶᠠᠨ ᠳᠠᠭᠠᠨ᠂ ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠢ ᠡᠷᠡᠰ ᠬᠦᠷᠢᠶᠡᠯᠡᠨ ᠪᠦᠷᠢᠮᠦᠰᠦᠨ ᠳᠠᠭᠠᠵᠤ᠂ ᠡᠭᠦᠨ ᠢᠶᠠᠷ ᠰᠢᠨ᠎ᠡ ᠡᠬᠢᠯᠡᠯᠲᠡ ᠪᠠᠨ ᠪᠣᠯᠭᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠲᠦᠩᠯᠢᠶᠣᠤ ᠬᠤᠲᠠ ᠶᠢᠨ ᠡᠯ᠎ᠡ ᠵᠦᠢᠯ ᠤᠨ ᠠᠵᠢᠯ ᠢ ᠤᠶᠤᠨ ᠴᠢᠳᠠᠯ ᠢᠶᠠᠨ ᠰᠢᠪᠬᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠦᠨᠳᠦ ᠨᠠᠶᠢᠳᠠᠯᠭ᠎ᠠ ᠪᠠ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠰᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠃ ᠲᠦᠩᠯᠢᠶᠣᠤ ᠪᠣᠯ ᠥᠨᠢ ᠤᠳᠠᠭᠠᠨ ᠲᠡᠦᠬᠡ ᠲᠠᠢ᠂ ᠪᠠᠲᠤ ᠪᠠᠬᠢ ᠰᠠᠭᠤᠷᠢ ᠲᠠᠢ ᠨᠤᠲᠤᠭ ᠳᠡᠪᠢᠰᠬᠡᠷ ᠥᠷᠭᠡᠨ ᠠᠭᠤᠳᠠᠮ᠂ ᠣᠷᠣᠨ ᠪᠠᠶᠢᠷᠢ ᠥᠪᠡᠷᠮᠢᠴᠡ ᠤᠨᠴᠠᠯᠢᠭ ᠲᠠᠢ᠂ ᠳᠠᠪᠠᠭᠤᠯᠢᠭ ᠲᠠᠯ᠎ᠠ ᠨᠢ ᠲᠤᠪᠤᠶᠢᠮ᠎ᠠ᠂ ᠠᠮᠢᠯᠠᠯ ᠤᠨ ᠬᠦᠴᠦᠨ ᠶᠡᠬᠡᠲᠡᠢ᠂ ᠠᠮᠢᠵᠢᠷᠠᠯ ᠪᠢᠯᠬᠠᠮ᠎ᠠ ᠥᠩ ᠰᠢᠮᠡᠯᠢᠭ ᠨᠤᠲᠤᠭ ᠪᠣᠯᠣᠨ᠎ᠠ᠂ ᠤᠢᠢᠷ᠎ᠠ ᠶᠢᠨ ᠵᠢᠯ ᠤᠳ ᠲᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠲᠦᠷᠭᠡᠨ ᠬᠥᠭᠵᠢᠯᠲᠡ ᠶᠢ ᠪᠡᠶᠡᠯᠡᠭᠦᠯᠵᠦ᠂ ᠠᠵᠤ ᠠᠬᠤᠶ ᠶᠢᠨ ᠭᠤᠣᠯ ᠪᠣᠯᠬᠤ ᠭᠦᠢᠴᠡᠳᠬᠡᠯ ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠡᠩᠨᠡᠭᠡᠨ ᠳᠤ ᠣᠷᠣᠪᠠ᠃ ᠯᠥᠸᠧ ᠶᠦᠩ ᠭᠠᠩ ᠨᠥᠬᠦᠷ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠭᠰᠠᠨ ᠨᠢᠭᠡ ᠵᠢᠯ ᠭᠠᠷᠤᠶ ᠶᠢᠨ ᠲᠤᠷᠰᠢ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ᠂ ᠬᠥᠭᠵᠢᠯᠲᠡ ᠶᠢᠨ ᠰᠡᠳᠬᠢᠴᠡ ᠪᠠᠨ ᠪᠦᠷᠢᠨᠰᠢᠭᠦᠯᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠦ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠳᠠᠪᠠᠯᠲᠠ ᠶᠢ ᠲᠦᠯᠬᠢᠨ ᠠᠬᠢᠭᠤᠯᠵᠤ᠂ ᠬᠤᠶᠢᠰᠢᠳᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ ᠭᠡᠵᠡᠢ᠃      ᠯᠥᠸᠧ ᠶᠦᠩ ᠭᠠᠩ ᠶᠠᠷᠢᠶᠠᠨ ᠳᠠᠭᠠᠨ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠭᠤᠣᠯ ᠤᠳᠤᠷᠢᠳᠤᠯᠭ᠎ᠠ ᠶᠢ ᠲᠣᠬᠢᠷᠠᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ ᠎ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠦᠩᠯᠢᠶᠣᠤ ᠬᠤᠲᠠ ᠶᠢᠨ ᠠᠵᠢᠯ ᠪᠠ ᠤᠳᠤᠷᠢᠳᠬᠤ ᠪᠠᠭ ᠤᠨ ᠪᠠᠶᠢᠭᠤᠯᠤᠯᠲᠠ ᠶᠢ ᠬᠦᠨᠳᠦᠳᠬᠡᠨ ᠦᠵᠡᠵᠦ ᠪᠠᠶᠢᠭ᠎ᠠ ᠶᠢ ᠭᠦᠢᠴᠡᠳ ᠬᠠᠷᠠᠭᠤᠯᠵᠠᠢ᠂ ᠪᠢ ᠦᠨᠡᠴᠢ ᠪᠠᠷ ᠬᠦᠷᠢᠶᠡᠯᠡᠵᠦ᠂ ᠡᠷᠡᠰ ᠲᠠᠭᠠᠵᠤ᠂ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号