ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠵᠢᠱᠢᠯᠲᠡ ᠪᠠᠷ᠂ 12 ᠳ᠋ᠤᠭᠠᠷ | ᠰᠠᠷ᠎ᠠ ᠶᠢᠨ ᠰᠢᠨᠡᠳ ᠢᠶᠠᠷ ᠪᠦᠬᠦ ᠣᠷᠣᠨ ᠤ ᠶᠡᠬᠡᠩᠬᠢ ᠭᠠᠵᠠᠷ ᠣᠷᠣᠨ ᠤ ᠳᠤᠮᠳᠠᠴᠢ ᠠᠭᠠᠷ ᠤᠨ ᠳᠤᠯᠠᠭᠠᠨ ᠨᠢ | ᠶᠡᠷᠦ ᠶᠢᠨ ᠵᠢᠯ ᠤᠨ ᠬᠢ ᠠᠴᠠ 1 ~ 3 ℃ ᠪᠤᠶᠤ 3 ℃ ᠠᠴᠠ ᠳᠡᠭᠡᠭᠰᠢ ᠳᠤᠯᠠᠭᠠᠨ ᠪᠣᠯᠣᠨ᠎ᠠ᠂ ᠶᠡᠬᠡᠩᠬᠢ ᠭᠠᠵᠠᠷ | ᠣᠷᠣᠨ ᠤ ᠲᠣᠨᠣᠳᠠᠰᠤ ᠶᠢᠨ ᠬᠡᠮᠵᠢᠶ᠎ᠡ ᠨᠢ 0 ~ 9.9mm ᠪᠠᠶᠢᠵᠤ᠂ ᠪᠠᠷᠠᠭᠤᠨ ᠬᠡᠰᠡᠭ ᠤᠨ ᠵᠡᠭᠦᠨ ᠡᠮᠦᠨ᠎ᠡ | ᠪᠡᠶ᠎ᠡ ᠶᠢᠨ ᠬᠢ ᠶᠡᠷᠦ ᠶᠢᠨ ᠵᠢᠯ ᠤᠨ ᠬᠢ ᠠᠴᠠ 2 ~ 8 ᠬᠤᠪᠢ ᠪᠠᠭᠠᠰᠴᠤ᠂ ᠪᠤᠰᠤᠳ ᠶᠡᠬᠡᠩᠬᠢ ᠭᠠᠵᠠᠷ ᠤᠨ ᠬᠢᠨ | 2 ᠬᠤᠪᠢ ᠠᠴᠠ ᠳᠡᠭᠡᠭᠰᠢ ᠶᠡᠬᠡᠳᠦᠨᠡ᠃ ᠰᠢᠨᠡᠳ ᠢᠶᠠᠷ ᠬᠤᠶᠠᠷ ᠤᠳᠠᠭ᠎ᠠ ᠢᠯᠡᠷᠬᠡᠢ ᠴᠠᠭ ᠠᠭᠤᠷ ᠤᠨ ᠶᠠᠪᠤᠴᠠ ᠲᠠᠢ | ᠄ 4 ᠤ ᠡᠳᠦᠷ ᠠᠴᠠ 5 ᠤ ᠡᠳᠦᠷ ᠪᠣᠯᠲᠠᠯ᠎ᠠ᠂ ᠪᠠᠷᠠᠭᠤᠨ ᠬᠡᠰᠡᠭ ᠤᠨ ᠵᠡᠭᠦᠨ ᠪᠡᠶ᠎ᠡ ᠵᠢᠴᠢ ᠳᠤᠮᠳᠠ ᠵᠡᠭᠦᠨ | ᠬᠡᠰᠡᠭ ᠤᠨ ᠭᠠᠵᠠᠷ ᠣᠷᠣᠨ ᠳᠤ ᠪᠠᠭ᠎ᠠ ᠴᠠᠰᠤ ᠲᠠᠢ᠂ ᠪᠦᠬᠦ ᠣᠷᠣᠨ ᠤ ᠶᠡᠬᠡᠩᠬᠢ ᠭᠠᠵᠠᠷ ᠣᠷᠣᠨ ᠳᠤ 6 ~ 8 ℃ | ᠬᠦᠢᠲᠡᠷᠡᠵᠦ᠂ ᠬᠡᠰᠡᠭ ᠭᠠᠵᠠᠷ ᠣᠷᠣᠨ ᠳᠤ 8 ~ 10 ℃ ᠬᠦᠢᠲᠡᠷᠡᠨ᠎ᠡ︔ 8 ~ 10 ᠡᠳᠦᠷ ᠪᠣᠯᠲᠠᠯ᠎ᠠ᠂ | ᠳᠤᠮᠳᠠ ᠵᠡᠭᠦᠨ ᠬᠡᠰᠡᠭ ᠤᠨ ᠭᠠᠵᠠᠷ ᠣᠷᠣᠨ ᠳᠤ ᠪᠠᠭ᠎ᠠ ᠴᠠᠰᠤ ᠲᠠᠢ᠂ ᠳᠤᠮᠳᠠ ᠬᠡᠰᠡᠭ ᠪᠣᠯᠤᠨ ᠵᠡᠭᠦᠨ ᠬᠡᠰᠡᠭ ᠤᠨ | ᠡᠮᠦᠨᠡᠭᠦᠷᠬᠢ ᠭᠠᠵᠠᠷ ᠣᠷᠣᠨ ᠳᠤ 4 ~ 6 ℃ ᠬᠦᠢᠲᠡᠷᠡᠨ᠎ᠡ᠃ |