ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠬᠦᠯᠦᠶ᠎ᠡ
ᠨᠡᠶᠢᠲᠡᠯᠡᠭᠰᠡᠨ ᠴᠠᠭ᠄
2016/12/5
     ᠰᠤᠷᠪᠤᠯᠵᠢᠯᠠᠭᠰᠠᠨ ᠴᠠᠭ᠄       2016 ᠤᠨ ᠤ 11 ᠳ᠋ᠤᠭᠡᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨᠡᠬᠢ 11 ᠴᠠᠭ      ᠰᠤᠷᠪᠤᠯᠵᠢᠯᠠᠭᠰᠠᠨ ᠵᠤᠴᠢᠨ᠄       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠵᠤᠤ ᠳ᠋ᠠ ᠶᠦᠡᠭ      ᠰᠤᠷᠪᠤᠯᠵᠢᠯᠠᠭ᠎ᠠ ᠶᠢᠨ ᠲᠤᠪᠴᠢ ᠲᠠᠨᠢᠯᠴᠠᠭᠤᠯᠭ᠎ᠠ᠄      ᠮᠠᠨ ᠤ ᠣᠷᠣᠨ ᠪᠣᠯ ᠪᠦᠬᠦ ᠤᠯᠤᠰ ᠤᠨ ᠠᠮᠤ ᠪᠤᠳᠠᠭᠠᠨ ᠤ ᠭᠤᠣᠯᠳᠠᠯᠭ᠎ᠠ ᠲᠠᠢ ᠦᠢᠯᠡᠳᠪᠦᠷᠢᠯᠡᠯ ᠤᠨ 13 ᠮᠤᠵᠢ ᠣᠷᠣᠨ ᠤ ᠨᠢᠭᠡ᠂ ᠪᠦᠬᠦ ᠤᠯᠤᠰ ᠤᠨ ᠠᠮᠤ ᠪᠤᠳᠠᠭ᠎ᠠ ᠶᠢ ᠭᠠᠳᠠᠭᠰᠢ ᠭᠠᠷᠭᠠᠬᠤ ᠲᠠᠪᠤᠨ ᠮᠤᠵᠢ ᠣᠷᠣᠨ ᠤ ᠨᠢᠭᠡ᠂ ᠤᠯᠤᠰ ᠤᠨ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠨᠢ ᠳ᠋ᠦᠩᠰᠢᠭᠤᠷ ᠮᠤ᠋ ᠶᠢ ᠳᠠᠪᠠᠭᠰᠠᠨ 4 ᠮᠤᠵᠢ ᠣᠷᠣᠨ ᠤ ᠨᠢᠭᠡ ᠮᠦᠨ᠂ ᠬᠥᠮᠦᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠢ ᠨᠢ 5.48 ᠮᠤ᠋ ᠪᠠᠶᠢᠵᠤ᠂ ᠪᠦᠬᠦ ᠤᠯᠤᠰ ᠤᠨ ᠬᠥᠮᠦᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠢ ᠶᠢᠨ 3.7 ᠳᠠᠬᠢᠨ ᠪᠤᠯᠤᠨ᠎ᠠ᠃ ᠡᠨᠡ ᠵᠢᠯ ᠤᠨ 6 ᠳ᠋ᠤᠭᠠᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠪᠦᠬᠦ ᠤᠯᠤᠰ ᠤᠨ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢᠨ ᠬᠦᠲᠦᠯᠪᠦᠷᠢ ︵2006 -2020︶ ᠶᠢ ᠲᠤᠬᠢᠷᠠᠭᠤᠯᠬᠤ ᠲᠥᠰᠦᠯ︾ ᠢ ᠵᠦᠪᠰᠢᠶᠡᠷᠡᠵᠤ᠂ ᠮᠠᠨ ᠤ ᠣᠷᠣᠨ ᠤ 2020 ᠣᠨ ᠪᠣᠯᠬᠤ ᠳᠤ ᠲᠠᠷᠢᠶᠠᠨ ᠭᠠᠵᠠᠷ ᠤᠨ ᠬᠠᠳᠠᠭᠠᠯᠠᠮᠵᠢ ᠶᠢᠨ ᠬᠡᠮᠵᠢᠶ᠎ᠡ ᠪᠤᠯᠤᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ ᠶᠢ ᠲᠤᠰ ᠲᠤᠰ 766.6 ᠲᠦᠮᠡᠨ ᠾᠧᠺᠲ᠋ᠠᠷ ︵1.15 ᠳ᠋ᠦᠡᠭᠰᠢᠭᠤᠷ ᠮᠤ᠋︶ ᠪᠤᠯᠤᠨ 620 ᠲᠦᠮᠡᠨ ᠾᠧᠺᠲ᠋ᠠᠷ ︵9300 ᠲᠦᠮᠡᠨ ᠮᠦ︶ ᠪᠣᠯᠭᠠᠨ ᠲᠣᠬᠢᠷᠠᠭᠤᠯᠵᠤ᠂ ᠲᠣᠬᠢᠷᠠᠭᠤᠯᠤᠯᠲᠠ ᠬᠢᠬᠦ ᠠᠴᠠ ᠡᠮᠦᠨᠡᠬᠢ ᠠᠴᠠ ᠲᠤᠰ ᠲᠤᠰ 68.87 ᠲᠦᠮᠡᠨ ᠾᠧᠺᠲ᠋ᠠᠷ ︵1000 ᠲᠦᠮᠡᠨ ᠮᠤ᠋︶ ᠪᠤᠯᠤᠨ 11.87 ᠲᠦᠮᠡᠨ ᠾᠧᠺᠲ᠋ᠠᠷ ︵178 ᠲᠦᠮᠡᠨ ᠮᠦ︶ ᠨᠡᠮᠡᠭᠳᠡᠪᠡ᠂ 2015 ᠣᠨ ᠤ ᠭᠠᠵᠠᠷ ᠰᠢᠷᠣᠶ ᠬᠡᠷᠡᠭᠯᠡᠬᠦ ᠡᠷᠬᠡ ᠶᠢ ᠬᠤᠪᠢᠷᠠᠭᠤᠯᠬᠤ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠮᠠᠨ ᠤ ᠣᠷᠣᠨ ᠤ ᠤᠳᠤ ᠪᠠᠶᠢᠭ᠎ᠠ ᠲᠠᠷᠢᠶᠠᠨ ᠭᠠᠵᠠᠷ ᠨᠢ 915 ᠲᠦᠮᠡᠨ ᠾᠧᠺᠲ᠋ᠠᠷ ᠪᠤᠢ ︵1 …      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ︽ᠰᠤᠷᠪᠤᠯᠵᠢᠯᠠᠭ᠎ᠠ︾ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠵᠤᠤ ᠳ᠋ᠠ ᠶᠦᠡᠭ ᠢ ᠤᠷᠢᠵᠤ ᠢᠷᠡᠪᠡ᠃ ᠵᠣᠣ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ︕      ᠵᠤᠤ ᠳ᠋ᠠ ᠶᠦᠡᠭ᠄      ᠬᠥᠲᠥᠯᠥᠭᠴᠢ ᠰᠠᠶᠢᠨ ᠤᠤ︕ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠮᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠠᠶᠢᠲ ᠤᠨ ︽ᠰᠤᠷᠪᠤᠯᠵᠢᠯᠠᠭ᠎ᠠ︾ ᠪᠤᠯᠤᠩ ᠳᠤ ᠲᠠ ᠨᠠᠷ ᠲᠠᠢ ᠰᠦᠯᠵᠢᠶᠡᠨ ᠳᠡᠭᠡᠷ᠎ᠡ ᠶᠠᠷᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ᠃      ᠬᠥᠲᠥᠯᠥᠭᠴᠢ᠄      ᠤᠢᠢᠷ᠎ᠠ ᠶᠢᠨ ᠬᠡᠳᠦᠨ ᠵᠢᠯ ᠳᠤ᠂ ᠮᠠᠨ ᠤ ᠣᠷᠣᠨ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖ ᠠᠮᠵᠢᠯᠲᠠ ᠣᠯᠤᠭᠰᠠᠨ ᠪᠤᠢ︖      ᠵᠤᠤ ᠳ᠋ᠠ ᠶᠦᠡᠭ᠄      ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠠᠷᠭ᠎ᠠ︾ ︵ᠲᠥᠷᠥ ᠠᠯᠪᠠᠨ ᠲᠠᠷᠬᠠᠭᠠᠭᠰᠠᠨ ﹇2005﹈ 52 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠪᠤᠯᠤᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ ᠶᠢ ᠬᠠᠷᠢᠭᠤᠴᠠᠵᠤ᠂ ᠮᠤᠵᠢ ᠶᠢᠨ ᠳᠠᠷᠤᠭ᠎ᠠ᠂ ᠲᠡᠷᠢᠭᠦᠯᠡᠭᠴᠢ᠂ ᠬᠤᠳᠠ ᠶᠢᠨ ᠳᠠᠷᠤᠭ᠎ᠠ ᠪᠣᠯ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠨᠢ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠶ ᠱᠦᠵᠢ ᠰᠢ ᠶᠢᠨ ᠫᠢᠩ ︽ᠲᠠᠷᠢᠶᠠᠨ ᠭᠠᠵᠠᠷ ᠪᠣᠯ ᠮᠠᠨ ᠤ ᠤᠯᠤᠰ ᠤᠨ ᠬᠠᠮᠤᠭ ᠤᠨ ᠡᠷᠬᠢᠮ ᠨᠠᠨᠳᠢᠨ ᠡᠬᠢ ᠪᠠᠶᠠᠯᠢᠭ ᠮᠥᠨ︾᠂ ︽ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠬᠦᠯᠵᠤ᠂ ᠲᠣᠮᠣ ᠮᠠᠯᠤᠷ ᠥᠲᠡᠭᠡ ᠶᠢ ᠬᠠᠮᠠᠭᠠᠯᠠᠬᠤ ᠲᠠᠢ ᠠᠳᠠᠯᠢ ᠪᠠᠷ ᠲᠠᠷᠢᠶᠠᠨ ᠭᠠᠵᠠᠷ ᠢ ᠬᠠᠮᠠᠭᠠᠯᠠᠬᠤ ᠬᠡᠷᠡᠭᠲᠠᠢ︾ ᠭᠡᠰᠡᠨ ᠴᠢᠬᠤᠯᠠ ᠮᠠᠭᠠᠳᠯᠠᠯᠲᠠ ᠪᠤᠯᠤᠨ ᠣᠨᠴᠠᠭᠠᠶ ᠱᠠᠭᠠᠷᠳᠠᠯᠭ᠎ᠠ ᠶᠢ ᠲᠣᠳᠣᠷᠬᠠᠶ ᠳᠤᠷᠠᠳᠤᠭᠰᠠᠨ ᠪᠠᠶᠢᠨ᠎ᠠ᠃ 2015 ᠣᠨ ᠠᠴᠠ ᠨᠠᠰᠢ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ᠂ ᠬᠥᠳᠡᠭᠡ ᠠᠵᠤ ᠠᠬᠤᠶ ᠶᠢᠨ ᠶᠠᠮᠤᠨ ᠤᠷᠢᠳ ᠬᠤᠵᠢᠳ ᠬᠠᠮᠲᠤᠷᠠᠨ ᠳᠦᠷᠪᠡ ᠤᠳᠠᠭᠠᠨ ᠤ ᠬᠤᠷᠠᠯ ᠬᠤᠷᠠᠯᠳᠤᠭᠤᠯᠵᠤ᠂ ᠲᠠᠷᠢᠶᠠᠨ ᠭᠠᠵᠠᠷ ᠪᠣᠯᠤᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠪᠠᠶᠢᠷᠢᠯᠠᠭᠤᠯᠪᠠ᠃ ᠤᠯᠤᠰ ᠠᠴᠠ ᠵᠢᠯ ᠪᠦᠷᠢ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠵᠤ᠂ ᠤᠯᠤᠰ ᠤᠨ ᠬᠢᠨᠠᠨ ᠪᠣᠳᠣᠬᠤ ᠰᠠᠯᠠᠭ᠎ᠠ ᠮᠥᠴᠢᠷ᠂ ᠭᠠᠵᠠᠷ ᠰᠢᠷᠣᠶ ᠶᠢᠨ ᠬᠢᠨᠠᠨ ᠪᠠᠶᠢᠴᠠᠭᠠᠯᠲᠠ ᠶᠢᠨ ᠪᠠᠶᠢᠭᠤᠯᠤᠮᠵᠢ ᠵᠢᠯ ᠪᠦᠷᠢ ᠬᠠᠮᠢᠶ᠎ᠠ ᠪᠦᠬᠦᠢ ᠬᠢᠨᠠᠨ ᠪᠣᠳᠣᠯᠲᠠ ᠪᠤᠯᠤᠨ ᠬᠢᠨᠠᠨ ᠪᠠᠶᠢᠴᠠᠭᠠᠯᠲᠠ ᠬᠢᠭᠰᠡᠭᠡᠷ ᠢᠷᠡᠪᠡ᠃ ᠣᠶᠢᠷ᠎ᠠ ᠶᠢᠨ ᠵᠢᠯ ᠠᠴᠠ ᠨᠠᠰᠢ᠂ ᠮᠠᠨ ᠤ ᠣᠷᠣᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠵᠢᠷᠤᠮᠵᠢᠭᠤᠯᠤᠭᠰᠠᠨ ᠤ ᠳᠠᠭᠠᠤ ᠳᠤ ᠴᠢᠩᠭᠠᠳᠬᠠᠵᠤ᠂ ᠬᠠᠮᠠᠭᠠᠯᠠᠬᠤ ᠮᠦᠷᠲᠡᠭᠡᠨ ᠪᠦᠲᠦᠭᠡᠨ ᠪᠠᠶᠢᠭᠤᠯᠤᠭᠠᠳ᠂ ᠬᠢᠯᠪᠠᠷ ᠪᠤᠰᠤ ᠠᠮᠵᠢᠯᠲᠠ ᠣᠯᠤᠭᠰᠠᠨ ᠪᠠᠶᠢᠨ᠎ᠠ᠃      ᠨᠢᠭᠡ ᠳᠤ ᠲᠠᠷᠢᠶᠠᠨ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠷᠠᠭᠤᠯᠪᠠ᠃ 2012 ᠣᠨ ᠳᠤ᠂ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2012﹈ 80 ᠳ᠋ᠤᠭᠠᠷ ᠲᠣᠭᠠᠲᠤ︶ ᠶᠢ ᠲᠤᠭᠲᠠᠭᠠᠨ ᠲᠠᠷᠬᠠᠭᠠᠵᠤ᠂ ᠠᠶᠢᠮᠠᠭ ᠬᠤᠳᠠ ᠶᠢᠨ ᠳᠠᠷᠤᠭ᠎ᠠ ᠶᠢ ᠲᠠᠷᠢᠶᠠᠨ ᠭᠠᠵᠠᠷ ᠢ ᠬᠠᠮᠠᠭᠠᠯᠠᠬᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠤᠯᠭᠠᠵᠤ᠂ ᠬᠢᠨᠠᠨ ᠰᠢᠯᠭᠠᠬᠤ ᠪᠣᠳᠠᠲᠠᠶ ᠱᠠᠭᠠᠷᠳᠠᠯᠭ᠎ᠠ ᠶᠢ ᠲᠤᠳᠤᠷᠬᠠᠶᠢᠯᠠᠪᠠ︔ ᠵᠢᠯ ᠪᠦᠷᠢ ᠶᠢᠨ ᠡᠬᠢ ᠪᠠᠷ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠪᠣᠯᠤᠨ ᠰᠢᠶᠠᠩ ᠪᠠᠯᠭᠠᠰᠤ ᠲᠥᠷᠪᠡᠨ ᠱᠠᠲᠤᠨ ᠤ ᠵᠠᠰᠠᠭ ᠤᠨ ᠤᠷᠳᠤᠨ ᠱᠠᠳᠤ ᠱᠠᠳᠤ ᠪᠠᠷ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠣᠭᠲᠠᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠱᠠᠳᠤ ᠳᠠᠷᠠᠭᠠᠯᠠᠨ ᠴᠢᠩᠳᠠᠯᠠᠪᠠ︔ 2014 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠠᠴᠠ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠠᠶᠢᠮᠠᠭ ᠬᠤᠳᠠ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠤᠨ ᠤ ᠬᠢᠨᠠᠨ ᠰᠢᠯᠭᠠᠬᠤ ᠭᠦᠢᠴᠡᠳᠬᠡᠬᠦ ᠲᠤᠭ᠎ᠠ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠷᠭ᠎ᠠ᠂ ᠨᠠᠮ ᠵᠠᠰᠠᠭ ᠤᠨ ᠤᠳᠤᠷᠢᠳᠬᠤ ᠺᠠᠳ᠋ᠷ ᠠᠴᠠ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ ᠬᠠᠷᠢᠭᠤᠴᠠᠯᠭ᠎ᠠ ᠨᠡᠬᠡᠮᠵᠢᠯᠡᠬᠦ ᠶᠢᠨ ᠬᠡᠷᠡᠭᠵᠢᠭᠦᠯᠬᠦ ᠨᠠᠷᠢᠨ ᠳᠦᠷᠢᠮ ᠵᠡᠷᠭᠡ ᠲᠣᠭᠲᠠᠭᠠᠯ ᠳᠤ ᠤᠷᠤᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠡᠨᠡ ᠵᠢᠯ ᠤᠨ 7 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠥᠷᠪᠡᠳᠦᠭᠡᠷ ᠬᠤᠷᠠᠯ ᠳᠤ ᠪᠥᠬᠦ ᠣᠷᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠲᠤᠰᠬᠠᠶᠢᠯᠠᠨ ᠰᠣᠨᠣᠰᠴᠤ ᠬᠢᠨᠠᠨ ᠵᠦᠪᠯᠡᠪᠡ᠃      ᠬᠤᠶᠠᠷ ᠲᠤ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ 2015 ᠣᠨ ᠤ ᠵᠢᠯ ᠤᠨ ᠡᠴᠦᠰ ᠪᠣᠯᠲᠠᠯ᠎ᠠ᠂ ᠮᠠᠨ ᠤ ᠣᠷᠣᠨ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠲᠠᠯᠠᠪᠠᠢ ᠶᠢ 151.224 ᠲᠦᠮᠡᠨ ᠾᠧᠺᠲ᠋ᠠᠷ ︵2268.36 ᠲᠦᠮᠡᠨ ᠮᠦ︶ ᠪᠠᠶᠢᠭᠤᠯᠵᠤ᠂ ᠲᠥᠷᠥᠯ ᠵᠦᠢᠯ ᠤᠨ ᠲᠥᠰᠦᠪ ᠤᠨ ᠶᠡᠷᠦᠩᠬᠡᠶ ᠲᠤᠭ᠎ᠠ 236.05 ᠳ᠋ᠦᠩᠰᠢᠭᠤᠷ ᠲᠥᠭᠦᠷᠢᠭ ᠪᠤᠯᠵᠤ᠂ ᠰᠢᠨ᠎ᠡ ᠪᠠᠷ 7 ᠲᠦᠮᠡᠨ ᠾᠧᠺᠲ᠋ᠠᠷ ︵105 ᠲᠦᠮᠡᠨ ᠮᠦ︶ ᠲᠠᠷᠢᠶᠠᠨ ᠭᠠᠵᠠᠷ ᠤᠨ ᠲᠠᠯᠠᠪᠠᠢ ᠨᠡᠮᠡᠭᠳᠡᠭᠦᠯᠪᠡ᠃ ᠭᠠᠵᠠᠷ ᠰᠢᠷᠣᠶ ᠶᠢ ᠡᠮᠬᠢᠯᠡᠨ ᠵᠠᠰᠠᠬᠤ ᠪᠠᠷ ᠳᠠᠮᠵᠢᠨ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠤᠷᠮ᠎ᠠ 8% ᠳᠡᠭᠡᠭᠰᠢᠯᠡᠵᠦ᠂ ᠲᠠᠷᠢᠶᠠᠨ ᠭᠠᠵᠠᠷ ᠤᠨ ᠳᠤᠮᠳᠠᠴᠢ ᠠᠰᠢᠭᠯᠠᠬᠤ ᠳᠡᠰ ᠢᠯᠭᠠᠯ ᠴᠡᠭᠴᠡᠯᠡᠨ ᠵᠠᠰᠠᠬᠤ ᠶᠢᠨ ᠡᠮᠦᠨᠡᠬᠢ ᠠᠴᠠ 1 — 2 ᠳᠡᠰ ᠳᠡᠭᠡᠭᠰᠢᠯᠡᠵᠦ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢᠨ ᠬᠢᠷᠢ ᠲᠦᠪᠰᠢᠨ 30% ᠰᠢᠬᠠᠮ ᠳᠡᠭᠡᠭᠰᠢᠯᠡᠵᠦ᠂ ᠲᠦᠷᠦᠯ ᠵᠦᠢᠯ ᠤᠨ ᠤᠷᠤᠨ ᠤ ᠲᠠᠷᠢᠶᠠᠨ ᠭᠠᠵᠠᠷ ᠤᠨ ᠦᠢᠯᠡᠳᠪᠦᠷᠢᠯᠡᠯ ᠤᠨ ᠥᠪᠡᠷ ᠤᠨ ᠦᠷᠲᠡᠭ ᠨᠡᠶᠢᠳᠡᠮ 50 — 320 ᠲᠥᠭᠦᠷᠢᠭ / ᠮᠦ ᠪᠠᠭᠤᠷᠠᠵᠤ᠂ ᠲᠠᠷᠢᠶᠠᠴᠢᠳ ᠤᠨ ᠬᠥᠮᠦᠨ ᠪᠦᠷᠢ ᠶᠢᠨ ᠳᠤᠮᠳᠠᠴᠢ ᠲᠠᠷᠢᠶᠠᠯᠠᠩ ᠤᠨ ᠵᠢᠯ ᠤᠨ ᠴᠡᠪᠡᠷ ᠣᠷᠣᠯᠭ᠎ᠠ ᠰᠢᠨ᠎ᠡ ᠪᠠᠷ 1200 ᠲᠥᠭᠦᠷᠢᠭ ᠣᠷᠴᠢᠮ ᠨᠡᠮᠡᠭᠳᠡᠵᠦ᠂ ᠲᠦᠷᠦᠯ ᠵᠦᠢᠯ ᠤᠨ ᠤᠷᠤᠨ ᠤ ᠠᠰᠢᠭ ᠭᠥᠷᠳᠡᠭᠰᠡᠨ ᠬᠦᠮᠦᠨ ᠤ ᠲᠤᠭ᠎ᠠ 245 ᠲᠦᠮᠡ ᠭᠠᠷᠤᠢ ᠳᠤ ᠬᠦᠷᠴᠦ᠂ ᠶᠠᠳᠠᠭᠤ ᠬᠦᠴᠢᠷᠳᠡᠯᠲᠡᠶ ᠬᠥᠮᠦᠨ ᠠᠮᠠ 24 ᠲᠦᠮᠡ ᠴᠦᠬᠡᠷᠡᠵᠦ᠂ ᠲᠠᠷᠢᠶᠠᠴᠢᠳ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠶᠡᠷᠦᠩᠬᠡᠶ ᠲᠠᠭᠠᠰᠢᠶᠠᠯ ᠤᠨ ᠬᠡᠮᠵᠢᠶ᠎ᠡ 92.75% ᠳᠤ ᠬᠦᠷᠪᠡ᠃      ᠭᠤᠷᠪᠠ ᠳᠤ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠵᠤ ᠶᠠᠰᠤ ᠴᠢᠨᠠᠷ ᠢᠯᠡᠳᠲᠡ ᠳᠡᠭᠡᠭᠰᠢᠯᠡᠪᠡ᠃ ︽12·5︾ ᠠᠴᠠ ᠨᠠᠰᠢ᠂ ᠬᠤᠯᠪᠣᠭᠳᠠᠯ ᠪᠦᠬᠦᠢ ᠳᠦᠷᠢᠮ ᠲᠤᠭᠲᠠᠭᠠᠯ ᠢ ᠳᠠᠰᠤᠷᠠᠯᠲᠠ ᠦᠬᠡᠢ ᠪᠦᠷᠢᠨᠰᠢᠭᠦᠯᠬᠦ ᠪᠠᠷ ᠳᠠᠮᠵᠢᠭᠤᠯᠤᠨ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠦᠯ ᠵᠦᠢᠯ ᠢ ᠬᠢᠨᠠᠨ ᠲᠣᠭᠲᠠᠭᠠᠬᠤ᠂ ᠰᠢᠯᠭᠠᠨ ᠠᠪᠬᠤ᠂ ᠮᠡᠳᠡᠭᠦᠯᠦᠨ ᠳᠠᠩᠰᠠᠯᠠᠭᠤᠯᠬᠤ ᠪᠠ ᠢᠯᠡᠷᠬᠡᠶᠢᠯᠡᠯ ᠡᠯᠭᠦᠨ ᠠᠷᠠᠯᠵᠢᠶᠠᠯᠠᠬᠤ ᠵᠡᠷᠭᠡ ᠠᠵᠢᠯ ᠳᠤ ᠵᠢᠷᠤᠮᠵᠢᠭᠰᠠᠨ ᠬᠠᠮᠢᠶᠠᠷᠤᠯᠲᠠ ᠶᠠᠪᠤᠭᠤᠯᠪᠠ᠃ ᠪᠦᠬᠦ ᠤᠷᠤᠨ ᠢᠶᠠᠷ ᠢᠶᠠᠨ ᠪᠦᠳᠦᠬᠡᠨ ᠪᠠᠶᠢᠭᠤᠯᠤᠯᠲᠠ ᠶᠢᠨ ᠪᠡᠯᠡ ᠮᠥᠩᠭᠦ ᠨᠡᠶᠢᠲᠡ 7.3 ᠳ᠋ᠦᠩᠰᠢᠭᠤᠷ ᠲᠥᠭᠦᠷᠢᠭ ᠤᠷᠤᠭᠤᠯᠵᠤ᠂ 3.52 ᠲᠦᠮᠡᠨ ᠾᠧᠺᠲ᠋ᠠᠷ ︵52.8 ᠲᠦᠮᠡᠨ ᠮᠦ︶ ᠲᠠᠷᠢᠶᠠᠨ ᠭᠠᠵᠠᠷ ᠢ ᠨᠡᠭᠡᠭᠡᠨ ᠠᠰᠢᠭᠯᠠᠨ ᠨᠦᠬᠦᠪᠦᠷᠢᠯᠡᠵᠦ᠂ ᠡᠳᠡᠭᠡᠷ ᠨᠢ ᠦᠨᠳᠦᠰᠦᠨ ᠳᠡᠭᠡᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠨᠥᠬᠦᠴᠡᠯ ᠨᠡᠯᠢᠶᠡᠳ ᠰᠠᠶᠢᠨ ᠲᠠᠷᠢᠶᠠᠨ ᠭᠠᠵᠠᠷ ᠪᠤᠯᠤᠨ᠎ᠠ︔ ᠪᠦᠬᠦ ᠣᠷᠣᠨ ᠤ ᠪᠦᠳᠦᠭᠡᠠ ᠪᠠᠶᠢᠭᠤᠯᠤᠯᠲᠠ ᠳᠤ 2.5808 ᠲᠦᠮᠡᠨ ᠾᠧᠺᠲ᠋ᠠᠷ ︵38.7 ᠲᠦᠮᠡᠨ ᠮᠦ︶ ᠲᠠᠷᠢᠶᠠᠨ ᠭᠠᠵᠠᠷ ᠢ ᠡᠵᠡᠯᠡᠨ ᠬᠡᠷᠡᠭᠯᠡᠵᠦ᠂ ᠴᠥᠮ ᠤᠷᠢᠳᠠᠪᠠᠷ ᠨᠥᠬᠦᠪᠥᠷᠢᠯᠡᠵᠦ ᠰᠡᠭᠦᠯᠡᠷ ᠨᠢ ᠡᠵᠡᠯᠡᠬᠦ᠂ ᠰᠠᠶᠢᠨ ᠢ ᠨᠢ ᠡᠵᠡᠯᠡᠪᠡᠯ ᠰᠠᠶᠢᠨ ᠢᠶᠠᠷ ᠨᠦᠬᠦᠪᠦᠷᠢᠯᠡᠬᠦ ᠱᠠᠭᠠᠷᠳᠠᠯᠭ᠎ᠠ ᠪᠠᠷ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠨᠡᠯᠢᠶᠡᠳ ᠰᠠᠶᠢᠨ ᠪᠡᠶᠡᠯᠡᠭᠦᠯᠪᠡ᠃      ᠲᠦᠷᠪᠡ ᠳᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠪᠠ ᠬᠠᠮᠠᠭᠠᠯᠠᠬᠤ ᠠᠵᠢᠯ ᠰᠢᠨ᠎ᠡ ᠠᠬᠢᠴᠠ ᠲᠠᠢ ᠪᠣᠯᠪᠠ᠃ 2013 ᠣᠨ ᠠᠴᠠ ᠨᠠᠰᠢ᠂ ᠪᠦᠬᠦ ᠣᠷᠣᠨ ᠤ ᠤᠯᠤᠰ ᠤᠨ ᠭᠠᠵᠠᠷ ᠰᠢᠷᠣᠶ ᠪᠠ ᠲᠠᠷᠢᠶᠠᠯᠠᠩ ᠤᠨ ᠰᠠᠯᠠᠭ᠎ᠠ ᠮᠥᠴᠢᠷ ᠤᠳ ᠡᠯ᠎ᠡ ᠱᠠᠲᠤ ᠶᠢ ᠵᠤᠬᠢᠶᠠᠨ ᠪᠠᠶᠢᠭᠤᠯᠤᠨ ᠦᠨᠳᠦᠰᠦᠨ ᠲᠠᠷᠢᠶᠠᠨ ᠭᠠᠵᠠᠷ ᠲᠤ ᠪᠦᠬᠦ ᠲᠠᠯ᠎ᠠ ᠪᠠᠷ ᠬᠠᠷᠭᠤᠭᠤᠯᠤᠨ ᠨᠤᠲᠠᠯᠠᠨ ᠲᠤᠭᠲᠠᠭᠠᠵᠤ᠂ ᠨᠡᠶᠢᠲᠡ 586.56 ᠲᠦᠮᠡᠨ ᠾᠧᠺᠲ᠋ᠠᠷ ︵8798 ᠲᠦᠮᠡᠨ ᠮᠦ︶ ᠦᠨᠳᠦᠰᠦᠨ ᠲᠠᠷᠢᠶᠠᠨ ᠭᠠᠵᠠᠷ ᠢ ᠬᠠᠷᠭᠤᠭᠤᠯᠤᠨ ᠨᠤᠲᠠᠯᠠᠨ ᠲᠤᠭᠲᠠᠭᠠᠭᠰᠠᠨ ᠪᠦᠭᠡᠳ ᠭᠠᠵᠠᠷ ᠲᠠᠯᠠᠪᠠᠢ ᠪᠤᠯᠤᠨ ᠬᠠᠮᠠᠭᠠᠯᠠᠬᠤ ᠬᠠᠷᠢᠭᠤᠴᠠᠯᠭ᠎ᠠ ᠶᠢ ᠪᠦᠬᠦᠨ ᠢ ᠨᠠᠶᠢᠳᠠᠪᠤᠷᠢᠵᠢᠭᠤᠯᠵᠤ᠂ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ ᠶᠢᠨ ᠦᠨᠡᠨ ᠪᠣᠳᠠᠲᠠᠶ᠂ ᠨᠠᠶᠢᠳᠠᠪᠤᠷᠢᠲᠠᠶ᠂ ᠬᠦᠴᠦᠨ ᠲᠠᠢ ᠪᠠᠶᠢᠬᠤ ᠶᠢ ᠦᠨᠡᠨ ᠬᠦ ᠪᠠᠲᠤᠯᠠᠪᠠ᠃ ᠡᠨᠡ ᠬᠦ ᠰᠠᠭᠤᠷᠢᠨ ᠳᠡᠭᠡᠷ᠎ᠡ᠂ ᠪᠥᠬᠦ ᠣᠷᠣᠨ ᠤ ᠦᠨᠳᠦᠰᠦᠨ ᠲᠠᠷᠢᠶᠠᠨ ᠭᠠᠵᠠᠷ ᠤᠨ ᠳ᠋ᠠᠶᠢᠲ᠋ᠠ ᠬᠦᠮᠦᠷᠭᠡ ᠶᠢ ᠪᠠᠶᠢᠭᠤᠯᠵᠤ᠂ ᠦᠨᠳᠦᠰᠦᠨ ᠲᠠᠷᠢᠶᠠᠨ ᠭᠠᠵᠠᠷ ᠢ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠵᠢᠷᠤᠭ ᠲᠤ ᠭᠠᠷᠭᠠᠨ ᠳ᠋ᠠᠶᠢᠲ᠋ᠠ ᠬᠥᠮᠥᠷᠭᠡ ᠳᠤ ᠤᠷᠤᠭᠤᠯᠪᠠ᠃ ᠤᠯᠤᠰ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠬᠤᠳᠠ ᠶᠢᠨ ᠡᠷᠭᠢᠨ ᠲᠣᠭᠤᠷᠢᠨ ᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠬᠤᠳᠠ ᠶᠢᠨ ᠡᠷᠬᠢᠨ ᠲᠣᠭᠤᠷᠢᠨ ᠤ ᠴᠢᠨᠠᠷ ᠰᠠᠶᠢᠲᠠᠶ ᠲᠠᠷᠢᠶᠠᠨ ᠭᠠᠵᠠᠷ ᠤᠨ ᠳᠣᠲᠣᠷ᠎ᠠ ᠠᠴᠠ 21 ᠲᠦᠮᠡᠨ ᠾᠧᠺᠲ᠋ᠠᠷ ︵315 ᠲᠦᠮᠡᠨ ᠮᠦ︶ ᠢ ᠦᠨᠳᠦᠰᠦᠨ ᠲᠠᠷᠢᠶᠠᠨ ᠭᠠᠵᠠᠷ ᠲᠤ ᠰᠢᠨ᠎ᠡ ᠪᠠᠷ ᠵᠠᠭᠠᠭᠯᠠᠨ ᠤᠷᠤᠭᠤᠯᠵᠤ᠂ ᠵᠠᠭᠠᠭᠯᠠᠨ ᠲᠣᠭᠲᠠᠭᠠᠭᠰᠠᠨ ᠤ ᠳᠠᠷᠠᠭ᠎ᠠ ᠪᠦᠬᠦ ᠣᠷᠣᠨ ᠤ ᠬᠤᠲᠠ ︵ᠪᠠᠯᠭᠠᠰᠤ︶ ᠶᠢᠨ ᠡᠷᠭᠢᠨ ᠲᠣᠭᠤᠷᠢᠨ ᠤ ᠦᠨᠳᠦᠰᠦᠨ ᠲᠠᠷᠢᠶᠠᠨ ᠭᠠᠵᠠᠷ ᠤᠨ ᠲᠠᠯᠠᠪᠠᠢ ᠨᠢ 54.5 ᠲᠦᠮᠡᠨ ᠾᠧᠺᠲ᠋ᠠᠷ ︵817 ᠲᠦᠮᠡᠨ ᠮᠦ︶ ᠲᠤ ᠬᠦᠷᠴᠦ᠂ ᠬᠠᠮᠠᠭᠠᠯᠠᠯᠲᠠ ᠶᠢᠨ ᠨᠣᠷᠮ᠎ᠠ ᠨᠢ ᠤᠤᠯ ᠳᠠᠭᠠᠨ 46% ᠪᠠᠶᠢᠭᠰᠠᠨ ᠠᠴᠠ ᠨᠢ 73% ᠬᠦᠷᠲᠡᠯ᠎ᠡ ᠳᠡᠭᠡᠭᠰᠢᠯᠡᠭᠦᠯᠵᠦ᠂ ᠲᠤᠭ᠎ᠠ ᠶᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠬᠡᠯᠪᠡᠷᠢ ᠪᠠᠶᠢᠳᠠᠯ ᠢ ᠰᠢᠯᠢᠳᠡᠭᠵᠢᠭᠦᠯᠬᠦ ᠱᠠᠭᠠᠷᠳᠠᠯᠭ᠎ᠠ ᠶᠢ ᠪᠡᠶᠡᠯᠡᠭᠦᠯᠪᠡ᠃ ᠡᠳᠡᠭᠡᠷ ᠦᠨᠳᠦᠰᠦᠨ ᠲᠠᠷᠢᠶᠠᠨ ᠭᠠᠵᠠᠷ ᠨᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠴᠣᠭᠴᠠ ᠶᠢᠨ ᠵᠠᠭᠠᠭ ᠪᠠ ᠬᠠᠳᠠᠨ ᠴᠢᠨᠠᠷᠲᠠᠶ ᠬᠢᠵᠠᠭᠠᠷᠯᠠᠯ ᠪᠤᠯᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢ ᠭᠡᠳᠡᠷᠭᠦ ᠰᠢᠬᠠᠨ ᠭᠠᠷᠭᠠᠵᠤ᠂ ᠬᠤᠯᠪᠤᠭᠠᠯᠠᠬᠤ ᠬᠡᠯᠪᠡᠷᠢ᠂ ᠪᠦᠯᠬᠦᠮᠴᠢᠯᠡᠬᠦ ᠬᠡᠯᠪᠡᠷᠢ ᠪᠠᠷ ᠬᠦᠭᠵᠢᠭᠦᠯᠬᠦ ᠪᠤᠯᠤᠨ᠎ᠠ᠃ ᠮᠠᠨ ᠤ ᠤᠷᠤᠨ ᠤ ᠵᠠᠭᠠᠭᠯᠠᠨ ᠲᠣᠭᠲᠠᠭᠠᠬᠤ ᠠᠵᠢᠯ ᠨᠢ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠶᠠᠮᠤᠨ ᠪᠠ ᠬᠥᠳᠡᠭᠡ ᠠᠵᠤ ᠠᠬᠤᠶ ᠶᠢᠨ ᠶᠠᠮᠤᠨ ᠤ ᠨᠤᠲᠠᠯᠠᠯᠲᠠ ᠶᠢ ᠤᠯᠵᠤ᠂ ᠪᠦᠬᠦ ᠤᠯᠤᠰ ᠤᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠠᠵᠢᠯ ᠤᠨ ᠲᠤᠬᠠᠢ ᠶᠢᠨ ᠭᠠᠵᠠᠷ ᠤᠨ ᠬᠤᠷᠠᠯᠳᠤᠭᠠᠨ ᠳᠡᠭᠡᠷ᠎ᠡ ᠲᠤᠷᠰᠢᠯᠭ᠎ᠠ ᠪᠠᠨ ᠰᠤᠯᠢᠯᠴᠠᠭᠰᠠᠨ ᠪᠠᠶᠢᠨ᠎ᠠ᠃ ᠣᠳᠣᠬᠠᠨ ᠳᠤ᠂ ᠪᠢᠳᠡ ᠶᠠᠭ ᠪᠦᠬᠦ ᠬᠢᠵᠠᠭᠠᠷ ᠤᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠪᠠᠶᠢᠨ᠎ᠠ᠂ ᠴᠢᠷᠮᠠᠶᠢᠯᠭ᠎ᠠ ᠪᠠᠷ ᠳᠠᠮᠵᠢᠭᠠᠳ᠂ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠨᠡᠩ ᠪᠤᠲᠠᠲᠠᠢ ᠨᠠᠶᠢᠳᠠᠪᠤᠷᠢᠵᠢᠭᠤᠯᠬᠤ ᠪᠤᠯᠤᠨ᠎ᠠ᠃      ᠲᠠᠪᠤ ᠳᠤ ᠲᠠᠷᠢᠶᠠᠯᠠᠩ ᠤᠨ ᠪᠣᠰᠤ ᠪᠦᠳᠦᠭᠡᠠ ᠪᠠᠶᠢᠭᠤᠯᠤᠯᠲᠠ ᠳᠤ ᠲᠠᠷᠢᠶᠠᠨ ᠭᠠᠵᠠᠷ ᠡᠵᠡᠯᠡᠨ ᠬᠡᠷᠡᠭᠯᠡᠬᠦ ᠶᠢ ᠪᠦᠲᠦᠮᠵᠢᠲᠡᠶ ᠪᠠᠷ ᠬᠢᠵᠠᠭᠠᠷᠯᠠᠪᠠ᠃ ᠤᠢᠢᠷ᠎ᠠ ᠶᠢᠨ ᠬᠡᠳᠦᠨ ᠵᠢᠯ ᠳᠤ᠂ ᠮᠠᠨ ᠤ ᠣᠷᠣᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠶᠢ ᠪᠠᠷᠢᠮᠲᠠᠯᠠᠵᠤ᠂ ᠲᠠᠷᠢᠶᠠᠯᠠᠩ ᠤᠨ ᠪᠤᠰᠤ ᠪᠦᠳᠦᠭᠡᠠ ᠪᠠᠶᠢᠭᠤᠯᠤᠯᠲᠠ ᠳᠤ ᠭᠠᠵᠠᠷ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠦᠨᠳᠦᠰᠦᠨ ᠲᠠᠷᠢᠶᠠᠨ ᠭᠠᠵᠠᠷ ᠪᠠ ᠳᠡᠭᠡᠳᠦ ᠵᠡᠷᠭᠡ ᠶᠢᠨ ᠲᠠᠷᠢᠶᠠᠨ ᠭᠠᠵᠠᠷ ᠢ ᠡᠵᠡᠯᠡᠬᠦ ᠶᠢ ᠠᠯᠢ ᠪᠣᠯᠬᠤ ᠪᠠᠷ ᠵᠠᠶᠢᠯᠠᠭᠤᠯᠤᠨ᠂ ᠪᠤᠰᠤᠳ ᠭᠠᠵᠠᠷ ᠢ ᠡᠵᠡᠯᠡᠵᠦ ᠪᠣᠯᠪᠡᠯ ᠲᠠᠷᠢᠶᠠᠨ ᠭᠠᠵᠠᠷ ᠢ ᠡᠵᠡᠯᠡᠬᠦ ᠦᠭᠡᠢ᠂ ᠮᠠᠭᠤ ᠭᠠᠵᠠᠷ ᠢ ᠡᠵᠡᠯᠡᠵᠦ ᠪᠣᠯᠪᠡᠯ ᠰᠠᠶᠢᠨ ᠭᠠᠵᠠᠷ ᠢ ᠡᠵᠡᠯᠡᠬᠦ ᠦᠭᠡᠢ ᠪᠠᠶᠢᠯᠭᠠᠵᠤ᠂ ᠲᠠᠷᠢᠶᠠᠨ ᠭᠠᠵᠠᠷ ᠤᠨ ᠬᠤᠷᠣᠭᠳᠠᠬᠤ ᠶᠢ ᠦᠨᠡᠨ ᠬᠦ ᠬᠤᠷᠢᠭᠯᠠᠪᠠ᠃ ᠴᠢᠷᠮᠠᠶᠢᠯᠭ᠎ᠠ ᠪᠠᠷ ᠳᠠᠮᠵᠢᠭᠤᠯᠤᠨ᠂ ᠮᠠᠨ ᠤ ᠣᠷᠣᠨ ᠤ ᠪᠡᠯᠡᠨ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ 10 ᠭᠠᠷᠤᠢ ᠲᠦᠮᠡᠨ ᠾᠧᠺᠲ᠋ᠠᠷ ︵150 ᠲᠦᠮᠡᠨ ᠮᠦ︶ ᠠᠮᠢᠳᠤᠯᠢᠭᠵᠢᠭᠤᠯᠵᠤ᠂ 4000 ᠭᠠᠷᠤᠶ ᠲᠦᠮᠡᠨ ᠾᠧᠺᠲ᠋ᠠᠷ ︵6 ᠲᠦᠮᠡᠨ ᠮᠦ︶ ᠲᠠᠷᠢᠶᠠᠨ ᠭᠠᠵᠠᠷ ᠢ ᠰᠡᠷᠭᠦᠭᠡᠨ ᠬᠠᠭᠠᠯᠪᠤᠷᠢᠯᠠᠵᠤ᠂ ᠰᠤᠯᠠ ᠰᠡᠯᠡᠭᠦᠦ ᠭᠠᠵᠠᠷ ᠰᠢᠷᠣᠶ ᠶᠢ 4880 ᠾᠧᠺᠲ᠋ᠠᠷ ︵7.3 ᠲᠦᠮᠡᠨ ᠮᠦ︶ ᠢᠯᠭᠠᠷᠠᠭᠤᠯᠵᠤ᠂ ᠪᠦᠲᠦᠭᠡᠨ ᠪᠠᠶᠢᠭᠤᠯᠤᠯᠲᠠ ᠳᠤ ᠲᠠᠷᠢᠶᠠᠨ ᠭᠠᠵᠠᠷ ᠢ ᠰᠢᠨ᠎ᠡ ᠪᠠᠷ ᠡᠵᠡᠯᠡᠨ ᠬᠡᠷᠡᠭᠯᠡᠬᠦ ᠳᠠᠷᠤᠯᠲᠠ ᠶᠢ ᠪᠦᠲᠦᠮᠵᠢᠲᠡᠶ ᠪᠠᠷ ᠬᠥᠩᠭᠡᠷᠡᠭᠦᠯᠪᠡ᠃ ᠪᠠᠶᠠᠨᠨᠠᠭᠤᠷ ᠬᠤᠳᠠ ᠪᠣᠯᠤᠨ 16 ᠬᠤᠰᠢᠭᠤ ᠰᠢᠶᠠᠨ ︵ᠬᠤᠳᠠ︶ ᠨᠢ ᠪᠦᠬᠦ ᠤᠯᠤᠰ ᠤᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠠᠷᠪᠢᠲᠠᠶ ᠡᠷᠴᠢᠮᠯᠢᠭ ᠬᠡᠷᠡᠭᠯᠡᠭᠰᠡᠨ ᠵᠢᠱᠢᠶᠡᠴᠢ ᠰᠢᠶᠠᠨ ︵ᠬᠤᠳᠠ︶ ᠢᠶᠠᠷ ᠰᠠᠶᠢᠰᠢᠶᠠᠨ ᠬᠥᠬᠢᠭᠦᠯᠦᠭᠳᠡᠪᠡ᠃      ᠬᠥᠲᠥᠯᠥᠭᠴᠢ᠄      ᠣᠳᠣᠬᠠᠨ ᠳᠤ ᠮᠠᠨ ᠤ ᠣᠷᠣᠨ ᠤ ᠲᠠᠷᠢᠶᠠᠨ ᠭᠠᠵᠠᠷ ᠢ ᠬᠠᠮᠠᠭᠠᠯᠠᠬᠤ ᠠᠵᠢᠯ ᠳᠤ ᠶᠠᠮᠠᠷ ᠶᠠᠮᠠᠷ ᠪᠠᠭᠤᠷᠠᠶ ᠲᠠᠯ᠎ᠠ ᠣᠷᠣᠰᠢᠵᠤ ᠪᠠᠶᠢᠬᠤ ᠪᠤᠢ︖      ᠵᠣᠣ ᠳ᠋ᠠ ᠶᠦᠩ᠄      ᠶᠡᠷᠦᠩᠬᠡᠶ ᠳᠤᠨᠢ ᠠᠪᠴᠤ ᠬᠡᠯᠡᠪᠡᠯ᠂ ᠮᠠᠨ ᠤ ᠣᠷᠣᠨ ᠤ ᠲᠠᠷᠢᠶᠠᠨ ᠭᠠᠵᠠᠷ ᠢ ᠬᠠᠮᠠᠭᠠᠯᠠᠬᠤ ᠠᠵᠢᠯ ᠳᠤ ᠳᠣᠣᠷᠠᠬᠢ ᠮᠡᠨᠳᠦ ᠲᠦᠷᠪᠡᠠ ᠲᠠᠯ᠎ᠠ ᠶᠢᠨ ᠠᠰᠠᠭᠤᠳᠠᠯ ᠣᠷᠣᠰᠢᠵᠤ ᠪᠤᠢ᠂ ᠡᠭᠦᠨ ᠢ ᠴᠢᠬᠤᠯᠠᠴᠢᠯᠠᠨ ᠦᠵᠡᠬᠦ ᠬᠡᠷᠡᠭᠲᠡᠶ ᠮᠥᠷᠲᠡᠭᠡᠨ ᠭᠤᠣᠯᠴᠢᠯᠠᠨ ᠰᠢᠢᠳᠪᠦᠷᠢᠯᠡᠬᠦ ᠬᠡᠷᠡᠭᠲᠡᠶ ᠪᠠᠶᠢᠨ᠎ᠠ᠃      ᠨᠢᠭᠡ ᠳᠤ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠴᠢᠬᠤᠯᠠᠲᠠᠢ ᠪᠠᠶᠢᠨ᠎ᠠ᠃ ᠵᠢᠱᠢᠶᠡᠯᠡᠪᠡᠯ᠂ ᠳᠡᠭᠡᠪᠦᠷ ᠵᠢᠷᠤᠭ ᠲᠥᠯᠥᠪᠯᠡᠭᠡ ᠳᠤ᠂ ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠤᠭᠰᠠᠨ ᠶᠡᠷᠦᠩᠬᠡᠶ ᠲᠥᠯᠥᠪᠵᠢᠭᠦᠯᠭᠡ ᠳᠤᠲᠠᠮᠠᠭ᠂ ᠪᠦᠲᠦᠭᠡᠨ ᠪᠠᠶᠢᠭᠤᠯᠤᠯᠲᠠ ᠶᠢᠨ ᠬᠡᠯᠪᠡᠷᠢ ᠨᠢ ᠳᠠᠩ ᠴᠤᠯᠭᠤᠶ᠂ ᠴᠠᠭ ᠳᠠᠷᠤᠢ ᠳᠤᠨᠢ ᠮᠡᠳᠡᠭᠦᠯᠦᠨ ᠳᠠᠩᠰᠠᠯᠠᠭᠤᠯᠬᠤ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ︔ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠬᠡᠷᠡᠭᠯᠡᠬᠦ ᠬᠠᠮᠢᠶᠠᠷᠬᠤ ᠲᠠᠯ᠎ᠠ ᠪᠠᠷ ᠬᠡᠰᠡᠭ ᠬᠡᠰᠡᠭ ᠰᠠᠯᠭᠠᠬᠤ᠂ ᠲᠤᠰ ᠲᠤᠰ ᠢᠶᠠᠷ ᠢᠶᠠᠨ ᠦᠢᠯᠡᠳᠬᠦ᠂ ᠪᠡᠯᠡ ᠣᠷᠣᠭᠤᠯᠤᠯᠲᠠ ᠲᠠᠷᠠᠬᠠᠶ ᠪᠤᠲᠠᠷᠬᠠᠶ ᠪᠠᠶᠢᠬᠤ ᠵᠡᠷᠭᠡ ᠦᠵᠡᠭᠳᠡᠯ ᠣᠷᠣᠰᠢᠵᠤ ᠪᠠᠶᠢᠨ᠎ᠠ︔ ᠲᠦᠷᠦᠯ ᠵᠦᠢᠯ ᠤᠨ ᠬᠡᠷᠡᠭᠵᠢᠭᠦᠯᠦᠯᠲᠡ ᠳᠤ᠂ ᠶᠡᠷᠦᠩᠬᠡᠶ ᠠᠬᠢᠴᠠ ᠨᠢ ᠬᠠᠷᠢᠴᠠᠩᠭᠤᠶ ᠤᠳᠠᠭᠠᠨ ᠪᠠᠶᠢᠬᠤ᠂ ᠬᠡᠰᠡᠭ ᠬᠤᠰᠢᠭᠤ ᠰᠢᠶᠠᠨ ᠤ ᠭᠠᠵᠠᠷ ᠰᠢᠷᠣᠶ ᠶᠢ ᠴᠡᠭᠴᠡᠯᠡᠨ ᠵᠠᠰᠠᠬᠤ ᠲᠥᠷᠥᠯ ᠵᠦᠢᠯ ᠤᠨ ᠲᠥᠰᠥᠪ ᠢ ᠭᠦᠢᠴᠡᠳᠬᠡᠬᠦ ᠨᠤᠷᠮ᠎ᠠ ᠨᠡᠯᠢᠶᠡᠳ ᠳᠣᠣᠷ᠎ᠠ ᠪᠠᠶᠢᠬᠤ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠠᠵᠢᠯ ᠲᠥᠷᠥᠯ ᠤᠨ ᠬᠠᠮᠢᠶᠠᠷᠤᠯᠲᠠ ᠨᠢ ᠨᠡᠯᠢᠶᠡᠳ ᠳᠤᠲᠠᠮᠠᠭ ᠪᠠᠶᠢᠬᠤ ᠠᠰᠠᠭᠤᠳᠠᠯ ᠣᠷᠣᠰᠢᠵᠤ ᠪᠠᠶᠢᠨ᠎ᠠ︔ ᠨᠡᠶᠢᠭᠡᠮ ᠤᠨ ᠬᠥᠷᠥᠩᠭᠡ ᠶᠢ ᠲᠠᠲᠠᠵᠤ ᠭᠠᠵᠠᠷ ᠰᠢᠷᠣᠶ ᠶᠢ ᠴᠡᠭᠴᠡᠯᠡᠨ ᠵᠠᠰᠠᠬᠤ ᠠᠵᠢᠯ ᠳᠤ ᠣᠷᠣᠯᠴᠠᠭᠤᠯᠬᠤ ᠲᠠᠯ᠎ᠠ ᠪᠠᠷ᠂ ᠲᠦᠷᠦ ᠶᠢᠨ ᠪᠤᠳᠤᠯᠭ᠎ᠠ ᠶᠢᠨ ᠤᠷᠮᠠᠰᠢᠭᠤᠯᠤᠯ ᠤᠨ ᠲᠣᠭᠲᠠᠴᠠ ᠳᠤᠲᠠᠮᠠᠭ ᠪᠠᠶᠢᠬᠤ᠂ ᠨᠡᠶᠢᠭᠡᠮ ᠤᠨ ᠬᠥᠷᠥᠩᠭᠡ ᠶᠢᠨ ᠣᠷᠤᠭᠤᠯᠤᠯᠲᠠ ᠶᠢᠨ ᠢᠳᠡᠪᠬᠢᠵᠢᠯ ᠢ ᠲᠡᠶᠢᠴᠢᠯᠡᠵᠦ ᠴᠢᠳᠠᠬᠤ ᠤᠢᠭᠡᠢ ᠪᠠᠶᠢᠬᠤ ᠪᠥᠭᠡᠳ ᠪᠡᠯᠡ ᠮᠥᠩᠭᠦ ᠣᠷᠣᠭᠤᠯᠬᠤ ᠠᠷᠭ᠎ᠠ ᠵᠠᠮ ᠨᠢ ᠴᠤᠯᠭᠤᠶ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ ᠣᠳᠣᠬᠠᠨ ᠳᠤ᠂ ᠪᠦᠬᠦ ᠣᠷᠣᠨ ᠳᠤ ᠴᠡᠭᠴᠡᠯᠡᠨ ᠵᠠᠰᠠᠬᠤ ᠴᠢᠬᠤᠯᠠᠲᠠᠢ ᠤᠰᠤᠯᠠᠯᠲᠠ ᠶᠢᠨ ᠨᠥᠬᠦᠴᠡᠯ ᠲᠠᠢ ᠤᠰᠤᠯᠠᠯᠲᠠ ᠶᠢᠨ ᠭᠠᠵᠠᠷ ᠪᠠᠷᠤᠭ 1500 ᠲᠦᠮᠡᠨ ᠮᠦ ᠶᠢ ᠳᠠᠪᠠᠵᠤ᠂ ᠤᠰᠤᠯᠠᠯᠲᠠ ᠶᠢᠨ ᠪᠡᠯᠡᠳᠬᠡᠮᠵᠢ ᠤᠢᠭᠡᠢ ᠲᠠᠷᠢᠶᠠᠨ ᠭᠠᠵᠠᠷ ᠤᠨ ᠪᠠᠷᠤᠭ 5000 ᠲᠦᠮᠡᠨ ᠮᠦ ᠶᠢ ᠨᠢ ᠴᠡᠭᠴᠡᠯᠡᠨ ᠵᠠᠰᠠᠬᠤ ᠪᠠᠷ ᠳᠠᠮᠵᠢᠭᠤᠯᠵᠤ ᠶᠠᠰᠤ ᠴᠢᠨᠠᠷ ᠢ ᠨᠢ ᠳᠡᠭᠡᠭᠰᠢᠯᠡᠭᠦᠯᠵᠦ ᠪᠣᠯᠬᠤ ᠲᠤᠯᠠ ᠲᠠᠷᠢᠶᠠᠨ ᠭᠠᠵᠠᠷ ᠢ ᠪᠦᠲᠦᠭᠡᠯᠴᠢ ᠴᠢᠨᠠᠷᠲᠠᠶ ᠬᠠᠮᠠᠭᠠᠯᠠᠬᠤ ᠡᠭᠦᠷᠭᠡ ᠪᠡᠷᠬᠡ ᠬᠠᠲᠠᠭᠤᠵᠢᠯᠲᠠᠶ ᠪᠦᠭᠡᠳ ᠨᠦᠰᠡᠷ ᠬᠦᠨᠳᠦ ᠪᠠᠶᠢᠨ᠎ᠠ᠃      ᠬᠤᠶᠠᠷ ᠲᠤ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠬᠢᠨᠠᠨ ᠬᠠᠮᠢᠶᠠᠷᠬᠤ ᠡᠷᠴᠢᠮ ᠢ ᠤᠯᠠᠮ ᠴᠢᠩᠭᠠᠷᠠᠭᠤᠯᠬᠤ ᠴᠢᠬᠤᠯᠠᠲᠠᠢ ᠪᠠᠶᠢᠨ᠎ᠠ᠃ ᠵᠠᠷᠢᠮ ᠬᠤᠰᠢᠭᠤ ᠰᠢᠶᠠᠨ ᠳᠤ ᠡᠵᠡᠯᠡᠬᠦ ᠶᠢ ᠴᠢᠬᠤᠯᠠᠴᠢᠯᠠᠨ ᠨᠥᠬᠦᠪᠥᠷᠢᠯᠡᠬᠦ ᠶᠢ ᠬᠥᠩᠭᠡᠪᠴᠢᠯᠡᠬᠦ᠂ ᠰᠠᠶᠢᠨ ᠢ ᠨᠢ ᠡᠵᠡᠯᠡᠨ ᠮᠠᠭᠤ ᠶᠢ ᠨᠢ ᠨᠥᠬᠦᠪᠥᠷᠢᠯᠡᠬᠦ ᠠᠰᠠᠭᠤᠳᠠᠯ ᠣᠷᠣᠰᠢᠵᠤ ᠪᠠᠶᠢᠨ᠎ᠠ︔ ᠵᠠᠷᠢᠮ ᠲᠠᠷᠢᠶᠠᠨ ᠭᠠᠵᠠᠷ ᠢ ᠨᠥᠬᠦᠪᠥᠷᠢᠯᠡᠬᠦ ᠲᠥᠷᠥᠯ ᠵᠦᠢᠯ ᠢ ᠰᠢᠯᠭᠠᠨ ᠬᠤᠷᠢᠶᠠᠬᠤ ᠬᠢᠨᠠᠯᠲᠠ ᠴᠢᠩᠭ᠎ᠠ ᠪᠣᠰᠤ᠂ ᠬᠤᠵᠢᠮ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠪᠡᠷᠬᠡ᠂ ᠲᠠᠷᠢᠶᠠᠯᠠᠬᠤ ᠶᠢ ᠪᠠᠲᠤᠯᠠᠵᠤ ᠴᠢᠳᠠᠬᠤ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃      ᠭᠤᠷᠪᠠ ᠳᠤ ᠦᠨᠳᠦᠰᠦᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠠᠰᠤ ᠴᠢᠨᠠᠷ ᠠᠮᠢ ᠠᠬᠤᠶ ︽ᠭᠤᠷᠪᠠ ᠶᠢ  ᠴᠣᠭᠴᠠᠵᠢᠭᠤᠯᠬᠤ︾ ᠣᠨᠴᠠᠭᠠᠶ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ  ᠴᠢᠬᠤᠯᠠᠲᠠᠢ ᠪᠠᠶᠢᠨ᠎ᠠ᠃ ᠵᠠᠷᠢᠮ ᠭᠠᠵᠠᠷ ᠣᠷᠣᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠠᠵᠢᠯ ᠢ ᠲᠦᠯᠬᠢᠨ ᠠᠬᠢᠭᠤᠯᠬᠤ ᠲᠠᠯ᠎ᠠ ᠪᠠᠷ ᠰᠤᠯᠠ᠂ ᠰᠠᠨᠠᠭᠠᠴᠢᠯᠠᠭᠠᠲᠤ ᠴᠢᠨᠠᠷ ᠢᠶᠠᠷ ᠳᠤᠲᠠᠮᠠᠭ᠂ ᠶᠡᠭᠡ ᠲᠠᠯ᠎ᠠ ᠶᠢᠨ ᠤᠬᠠᠮᠰᠠᠷ ᠪᠠ  ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠷ ᠳᠤᠲᠠᠮᠠᠭ ᠪᠠᠶᠢᠨ᠎ᠠ︔ ᠣᠨᠴᠠ ᠵᠠᠷᠢᠮ ᠭᠠᠵᠠᠷ ᠣᠷᠣᠨ ᠳᠤ ᠦᠨᠳᠦᠰᠦᠨ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠪᠦᠳᠦᠭᠡᠨ ᠪᠠᠶᠢᠭᠤᠯᠤᠯᠲᠠ ᠬᠢᠬᠦ᠂ ᠦᠨᠳᠦᠰᠦᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠂ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ ᠳᠡᠶᠢᠯᠦᠭᠡ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃      ᠲᠦᠷᠪᠡ ᠳᠤ ᠲᠠᠷᠢᠶᠠᠨ ᠭᠠᠵᠠᠷ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠰᠠᠭᠤᠳᠠᠯ ᠢ ᠤᠯᠠᠮ ᠨᠢᠭᠡ ᠠᠯᠬᠤᠮ ᠴᠢᠬᠤᠯᠠᠴᠢᠯᠠᠨ ᠦᠵᠡᠬᠦ ᠴᠢᠬᠤᠯᠠᠲᠠᠢ ᠪᠠᠶᠢᠨ᠎ᠠ᠃ ᠵᠦᠢ ᠵᠤᠬᠢᠰ ᠦᠭᠡᠢ ᠪᠤᠷᠳᠤᠭᠤᠷ ᠣᠷᠣᠭᠤᠯᠬᠤ᠂ ᠡᠮ ᠰᠠᠴᠤᠬᠤ ᠵᠡᠷᠭᠡ ᠶᠢᠨ ᠨᠥᠯᠥᠭᠡ ᠠᠴᠠ ᠪᠤᠯᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠡᠭᠦᠰᠬᠡᠵᠦ᠂ ᠬᠥᠷᠥᠰᠥ ᠰᠢᠷᠣᠶ  ᠶᠢᠨ ᠠᠽᠣᠲ ᠬᠦᠴᠢᠯ ᠤᠨ ᠳᠠᠪᠤᠰᠤ ᠂ ᠲᠠᠷᠢᠶᠠᠨ ᠡᠮ ᠤᠨ ᠦᠯᠡᠳᠡᠭᠳᠡᠯ ᠪᠠᠷᠢᠮᠵᠢᠶ᠎ᠠ ᠠᠴᠠ ᠬᠡᠲᠦᠷᠡᠭᠰᠡᠨ ᠦᠵᠡᠭᠳᠡᠯ ᠮᠠᠰᠢ ᠬᠦᠨᠳᠦ ᠨᠣᠴᠢᠲᠠᠶ ᠪᠠᠶᠢᠨ᠎ᠠ᠃ ᠬᠤᠶᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ  ᠠᠴᠠ ᠣᠳᠣ ᠪᠣᠯᠲᠠᠯᠠᠬᠢ 30 ᠭᠠᠷᠤᠶ ᠵᠢᠯ ᠤᠨ ᠲᠤᠷᠰᠢ᠂ ᠲᠠᠷᠢᠶᠠᠨ ᠭᠠᠵᠠᠷ ᠤᠨ ᠬᠦᠷᠡᠩ ᠬᠥᠷᠥᠰᠥᠨ ᠤ ᠣᠷᠭᠠᠨᠢᠭ ᠡᠳ᠋ 20 %ᠣᠷᠴᠢᠮ ᠢᠶᠠᠷ ᠪᠠᠭᠤᠷᠠᠵᠤ᠂ ᠺᠠᠯᠼᠳᠤ ᠬᠦᠷᠡᠩ ᠬᠥᠷᠥᠰᠥᠨ ᠤ ᠣᠷᠭᠠᠨᠢᠭ ᠡᠳ᠋ 10 % ᠣᠷᠴᠢᠮ ᠢᠶᠠᠷ ᠪᠠᠭᠤᠷᠠᠵᠤ᠂ ᠰᠦᠯᠢᠶᠣᠣ ᠪᠦᠷᠬᠦᠪᠴᠢ ᠶᠢᠨ ᠪᠣᠬᠢᠷᠲᠤᠯ ᠬᠡᠴᠡᠭᠦᠳᠡᠬᠦ ᠪᠠᠶᠢᠳᠠᠯ ᠲᠠᠢ ᠪᠠᠶᠢᠨ᠎ᠠ᠃      ᠬᠥᠲᠥᠯᠥᠭᠴᠢ᠄      ᠳᠠᠷᠠᠭᠠᠴᠢ ᠶᠢᠨ ᠠᠯᠬᠤᠮ ᠤᠨ ᠠᠵᠢᠯ ᠳᠤ ᠶᠠᠮᠠᠷ ᠪᠣᠳᠣᠯᠬᠢᠯᠠᠯ ᠲᠠᠢ ᠪᠠᠶᠢᠬᠤ ᠪᠤᠢ︖      ᠵᠣᠣ ᠳ᠋ᠠ ᠶᠦᠩ᠄      ᠲᠠᠷᠠᠭᠠᠴᠢ ᠶᠢᠨ ᠠᠯᠬᠤᠮ ᠳᠤ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠯᠡᠨ᠎ᠡ᠃      ᠨᠢᠭᠡ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ︽ᠬᠠᠰᠢᠶ᠎ᠠ︾ ᠶᠢ ᠪᠠᠬᠢᠯᠡᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠯᠦᠭᠡ ᠢᠵᠢ ᠪᠦᠷᠢᠳᠦᠭᠰᠡᠨ ᠪᠦᠲᠦᠮᠵᠢᠲᠡᠶ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠲᠣᠭᠲᠠᠴᠠ ᠶᠢᠨ ︽ᠲᠣᠣᠷ︾ ᠢ ᠤᠯᠠᠮ ᠨᠢᠭᠲᠠᠯᠠᠵᠤ᠂ ︽ᠦᠬᠡᠷ ᠤᠨ ᠬᠠᠰᠢᠶ᠎ᠠ ᠳᠤ ᠮᠤᠤᠷ ᠬᠤᠷᠢᠬᠤ︾ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠯᠲᠠ ᠶᠢ ᠦᠨᠡᠯᠡᠬᠦ ᠰᠢᠰᠲ᠋ᠧᠮᠵᠢ ᠶᠢ ᠪᠦᠷᠢᠨᠰᠢᠭᠦᠯᠵᠦ᠂ ᠲᠠᠷᠢᠶᠠᠨ ᠭᠠᠵᠠᠷ ᠢ ᠲᠦᠷᠦᠯ ᠬᠤᠪᠢᠶᠠᠨ ᠬᠠᠮᠠᠭᠠᠯᠠᠬᠤ ᠶᠢ ᠰᠢᠨᠵᠢᠯᠡᠨ ᠰᠤᠳᠤᠯᠵᠤ᠂ ᠴᠢᠨᠠᠷ ᠰᠠᠶᠢᠲᠠᠶ ᠲᠠᠷᠢᠶᠠᠨ ᠭᠠᠵᠠᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠨᠥᠬᠦᠪᠥᠷᠢ ᠣᠯᠭᠤᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠲᠠᠷᠢᠶᠠᠨ ᠭᠠᠵᠠᠷ ᠢ ᠬᠠᠮᠠᠭᠠᠯᠠᠬᠤ ᠢᠳᠡᠪᠬᠢᠵᠢᠯ ᠢ ᠨᠢ ᠳᠠᠶᠢᠴᠢᠯᠠᠵᠤ᠂ ᠮᠠᠨ ᠤ ᠣᠷᠣᠨ ᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢᠨ ᠬᠤᠷᠢᠭ᠎ᠠ ᠱᠤᠭᠤᠮ ᠪᠠ ᠶᠠᠰᠤ ᠴᠢᠨᠠᠷ ᠤᠨ ᠬᠢᠵᠠᠭᠠᠷ ᠱᠤᠭᠤᠮ ᠢ ᠡᠷᠡᠰ ᠰᠠᠬᠢᠨ᠎ᠠ᠃      ᠬᠤᠶᠠᠷ ᠲᠤ ᠲᠠᠷᠢᠶᠠᠨ ᠭᠠᠵᠠᠷ ᠢ ᠡᠵᠡᠯᠡᠬᠦ ᠨᠥᠬᠦᠪᠦᠷᠢᠯᠡᠬᠦ ᠶᠢ ᠲᠡᠩᠴᠡᠭᠦᠯᠬᠦ ᠬᠠᠮᠢᠶᠠᠷᠤᠯᠲᠠ ᠶᠢ ᠴᠢᠩᠭᠠᠳᠬᠠᠵᠤ᠂ ᠨᠥᠬᠦᠪᠥᠷᠢᠯᠡᠬᠦ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠠᠰᠤ ᠴᠢᠨᠠᠷ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠢᠯᠡᠭᠦᠦ ᠡᠵᠡᠯᠡᠨ ᠳᠤᠲᠠᠭᠤ ᠨᠥᠬᠦᠪᠥᠷᠢᠯᠡᠬᠦ᠂ ᠰᠠᠶᠢᠨ ᠢ ᠨᠢ ᠡᠵᠡᠯᠡᠨ ᠮᠠᠭᠤ ᠪᠠᠷ ᠨᠥᠬᠦᠪᠥᠷᠢᠯᠡᠬᠦ᠂ ᠤᠰᠤᠨ ᠲᠠᠷᠢᠶ᠎ᠠ ᠶᠢ ᠡᠵᠡᠯᠡᠨ ᠬᠠᠭᠤᠷᠠᠶ ᠲᠠᠷᠢᠶ᠎ᠠ ᠪᠠᠷ ᠨᠥᠬᠦᠪᠥᠷᠢᠯᠡᠬᠦ ᠦᠵᠡᠭᠳᠡᠯ ᠢ ᠲᠠᠰᠤ ᠬᠤᠷᠢᠭᠯᠠᠵᠤ᠂ ᠲᠠᠷᠢᠶᠠᠨ ᠭᠠᠵᠠᠷ ᠢ ᠨᠥᠬᠦᠪᠥᠷᠢᠯᠡᠬᠦ ᠲᠥᠷᠥᠯ ᠵᠦᠢᠯ ᠢ ᠴᠥᠮ ᠴᠢᠨᠠᠷ ᠰᠠᠶᠢᠲᠠᠶ ᠲᠠᠷᠢᠶᠠᠨ ᠭᠠᠵᠠᠷ ᠪᠣᠯᠭᠠᠨ ᠪᠠᠶᠢᠭᠤᠯᠵᠤ᠂ ᠲᠠᠷᠢᠶᠠᠨ ᠭᠠᠵᠠᠷ ᠢ ᠨᠥᠬᠦᠪᠦᠷᠢᠯᠡᠬᠦ ᠪᠦᠲᠦᠭᠡᠨ ᠪᠠᠶᠢᠭᠤᠯᠤᠯᠲᠠ ᠶᠢ ᠤᠳᠤ ᠪᠠᠶᠢᠭ᠎ᠠ ᠳᠤᠮᠳᠠ ᠳᠣᠣᠷ᠎ᠠ ᠳᠡᠰ ᠤᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ᠂ ᠲᠠᠷᠢᠶᠠᠨ ᠭᠠᠵᠠᠷ ᠤᠨ ᠲᠠᠷᠢᠬᠤ ᠳᠠᠪᠬᠤᠷᠭ᠎ᠠ ᠶᠢᠨ ᠬᠥᠷᠥᠰᠥ ᠶᠢ ᠰᠠᠯᠭᠠᠵᠤ ᠲᠠᠬᠢᠨ ᠠᠰᠢᠭᠯᠠᠬᠤ ᠪᠠ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠬᠠᠷᠢᠯᠴᠠᠨ ᠤᠶᠠᠯᠳᠤᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠲᠠᠷᠢᠶᠠᠨ ᠭᠠᠵᠠᠷ ᠢ ᠡᠵᠡᠯᠡᠬᠦ ᠨᠥᠬᠦᠪᠥᠷᠢᠯᠡᠬᠦ ᠶᠢ ᠲᠡᠩᠴᠡᠭᠦᠯᠬᠦ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃      ᠭᠤᠷᠪᠠ ᠳᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦ ᠲᠠᠯ᠎ᠠ ᠪᠠᠷ ᠵᠠᠭᠠᠭᠯᠠᠨ ᠲᠣᠭᠲᠠᠭᠠᠵᠤ᠂ ᠴᠢᠩᠭ᠎ᠠ ᠬᠠᠮᠢᠶᠠᠷᠤᠯᠲᠠ᠂ ᠣᠨᠴᠠᠭᠠᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠭᠠᠵᠠᠷ ᠰᠢᠷᠣᠶ ᠶᠢ ᠠᠰᠢᠭᠯᠠᠬᠤ ᠲᠥᠯᠥᠪᠵᠢᠭᠦᠯᠭᠡ ᠶᠢᠨ ᠲᠣᠬᠢᠷᠠᠭᠤᠯᠬᠤ ᠲᠥᠰᠦᠯ ᠢ ᠦᠨᠳᠦᠰᠦᠯᠡᠵᠦ᠂ 2020 ᠣᠨ ᠪᠣᠯᠬᠤ ᠳᠤ᠂ ᠮᠠᠨ ᠤ ᠣᠷᠣᠨ ᠤ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠪᠠ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ ᠶᠢ ᠲᠤᠰ ᠲᠤᠰ 766.6 ᠲᠦᠮᠡᠨ ᠾᠧᠺᠲ᠋ᠠᠷ ᠪᠠ 620 ᠲᠦᠮᠡᠨ ᠾᠧᠺᠲ᠋ᠠᠷ   ᠪᠣᠯᠭᠠᠨ ᠲᠣᠬᠢᠷᠠᠭᠤᠯᠵᠤ᠂ ᠲᠣᠬᠢᠷᠠᠭᠤᠯᠤᠯᠲᠠ ᠶᠢᠨ ᠡᠮᠦᠨᠡᠬᠢ ᠠᠴᠠ ᠲᠤᠰ ᠲᠤᠰ 68.87 ᠲᠦᠮᠡᠨ ᠾᠧᠺᠲ᠋ᠠᠷ ᠪᠠ 11.87 ᠲᠦᠮᠡᠨ ᠾᠧᠺᠲ᠋ᠠᠷ ᠨᠡᠮᠡᠭᠳᠡᠭᠦᠯᠦᠨ᠎ᠡ᠂ ᠡᠶᠢᠮᠦ ᠠᠴᠠ ᠮᠠᠨ ᠤ ᠣᠷᠣᠨ ᠤ ᠲᠠᠷᠢᠶᠠᠨ ᠭᠠᠵᠠᠷ ᠪᠣᠯᠤᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠨᠡᠩ ᠬᠠᠲᠠᠭᠤᠵᠢᠯᠲᠠᠶ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠢᠨᠠᠨ ᠲᠣᠭᠲᠠᠭᠠᠭᠰᠠᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠠᠯᠲᠠᠲᠤ ᠡᠭᠦᠷᠭᠡ ᠶᠢ ᠡᠷᠥᠭᠡ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠵᠢᠷᠤᠭᠯᠠᠨ ᠲᠡᠮᠳᠡᠭᠯᠡᠵᠦ ᠳ᠋ᠠᠶᠢᠲ᠋ᠠ ᠬᠥᠮᠥᠷᠭᠡ ᠳᠤ ᠣᠷᠣᠭᠤᠯᠵᠤ᠂ ᠦᠨᠳᠦᠰᠦᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠪᠠᠶᠢᠴᠠᠭᠠᠵᠤ ᠪᠣᠯᠬᠤ᠂ ᠦᠵᠡᠵᠦ ᠪᠣᠯᠬᠤ᠂ ᠡᠵᠡᠮᠳᠡᠵᠦ ᠪᠣᠯᠬᠤ ᠪᠣᠯᠭᠠᠵᠤ᠂ ᠦᠨᠡᠨᠬᠦ ᠰᠠᠶᠢᠳᠤᠷ ᠬᠠᠮᠢᠶᠠᠷᠴᠤ᠂ ᠰᠠᠶᠢᠳᠤᠷ ᠪᠠᠶᠢᠭᠤᠯᠵᠤ᠂ ᠪᠠᠲᠤ ᠰᠠᠬᠢᠵᠤ᠂ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠶᠢ ᠡᠷᠡᠰ ᠪᠠᠲᠤᠳᠬᠠᠨ᠎ᠠ᠃      ᠲᠦᠷᠪᠡ ᠳᠤ ᠲᠠᠷᠢᠶᠠᠨ ᠭᠠᠵᠠᠷ ᠢ ᠪᠦᠲᠦᠭᠡᠯᠴᠢ ᠪᠠᠷ ᠬᠠᠮᠠᠭᠠᠯᠠᠬᠤ ᠶᠢ ᠬᠦᠴᠦᠯᠡᠨ ᠴᠢᠩᠭᠠᠳᠬᠠᠵᠤ᠂ ᠬᠠᠷᠢᠴᠠᠯᠠᠰᠢᠭᠦᠢ ᠠᠮᠤᠷ ᠲᠦᠪᠰᠢᠨ ︽ᠠᠮᠤ ᠬᠦᠨᠡᠰᠦᠨ ᠤ ᠲᠠᠷᠢᠶ᠎ᠠ︾ ᠶᠢ ᠪᠣᠢ ᠪᠣᠯᠭᠠᠨ᠎ᠠ᠃ ᠲᠠᠷᠢᠶᠠᠨ ᠭᠠᠵᠠᠷ ᠤᠨ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠬᠠᠤᠯᠢ ᠲᠣᠭᠲᠠᠭᠠᠬᠤ ᠠᠯᠬᠤᠴᠠ ᠶᠢ ᠲᠦᠷᠭᠡᠳᠬᠡᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠡᠶᠢᠲᠡᠯᠡᠬᠦ ᠪᠠ ᠪᠦᠷᠢᠨᠰᠢᠭᠦᠯᠬᠦ ᠶᠢ ᠠᠬᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠪᠠ ᠪᠦᠳᠦᠭᠡᠨ ᠪᠠᠶᠢᠭᠤᠯᠬᠤ ᠠᠵᠢᠯ ᠢ ᠴᠢᠩᠭᠠᠳᠬᠠᠨ᠎ᠠ᠃ ︽13 · 5︾ ᠶᠢᠨ ᠭᠠᠵᠠᠷ ᠰᠢᠷᠣᠶ ᠶᠢ ᠡᠮᠬᠢᠯᠡᠨ ᠵᠠᠰᠠᠬᠤ ᠲᠥᠯᠥᠪᠵᠢᠭᠦᠯᠭᠡ ᠶᠣᠰᠣᠭᠠᠷ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ᠂ ᠠᠮᠢ ᠠᠬᠤᠶ ᠶᠢᠨ ᠪᠣᠯᠪᠠᠰᠤᠨ ᠪᠠ ᠤᠯᠤᠰ ᠤᠨ ᠶᠠᠳᠠᠭᠤ ᠶᠢ ᠲᠡᠳᠬᠦᠬᠦ ᠪᠠᠶᠢᠯᠳᠤᠬᠤ ᠪᠤᠳᠤᠯᠭ᠎ᠠ ᠲᠠᠢ ᠨᠢᠭᠲᠠ ᠤᠶᠠᠯᠳᠤᠭᠤᠯᠤᠨ᠂ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ︽ᠭᠠᠵᠠᠷ ᠲᠠᠷᠢᠶ᠎ᠠ ᠪᠠᠷ ᠠᠮᠤ ᠪᠤᠳᠠᠭ᠎ᠠ ᠨᠥᠬᠡᠴᠡᠯᠡᠬᠦ᠂ ᠮᠡᠷᠭᠡᠵᠢᠯ ᠢᠶᠠᠷ ᠠᠮᠤ ᠪᠤᠳᠠᠭ᠎ᠠ ᠨᠥᠬᠡᠴᠡᠯᠡᠬᠦ︾ ᠪᠠᠶᠢᠯᠳᠤᠬᠤ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽13·5︾ ᠶᠢᠨ ᠬᠤᠭᠤᠴᠠᠭᠠᠨ ᠳᠤ ᠬᠡᠰᠡᠭ ᠬᠡᠰᠡᠭ ᠢᠶᠠᠷ ᠲᠥᠪᠯᠡᠷᠡᠭᠦᠯᠦᠭᠰᠡᠨ᠂ ᠭᠠᠩᠳᠠᠯ ᠤᠰᠤᠲᠤᠯ ᠳᠤ ᠬᠤᠷᠢᠶᠠᠯᠲᠠ ᠶᠢ ᠪᠠᠲᠤᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠠᠬᠢᠨ 2500 ᠲᠦᠮᠡᠨ ᠮᠦ ᠪᠠᠶᠢᠭᠤᠯᠬᠤ ᠶᠢ ᠪᠠᠲᠤᠯᠠᠨ᠎ᠠ᠃      ᠬᠥᠲᠥᠯᠥᠭᠴᠢ᠄      ᠵᠣᠣ ᠳᠠᠷᠤᠭ᠎ᠠ ᠶᠢᠨ ᠲᠠᠶᠢᠯᠦᠮᠵᠢ ᠬᠢᠭᠰᠡᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠨᠠᠶᠢᠵᠠ ᠨᠠᠷ ᠤᠨ  ᠣᠷᠣᠯᠴᠠᠭᠰᠠᠨ ᠳᠤ ᠪᠠᠶᠠᠷᠯᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠬᠤᠭᠤᠴᠠᠭᠠᠨ ᠤ ᠫᠷᠤᠭ᠍ᠷᠠᠮ ᠳᠤ ᠪᠠᠶᠠᠷᠲᠠᠢ ᠵᠣᠯᠭᠠᠶ᠎ᠠ︕
     ᠵᠤᠤ ᠳ᠋ᠠ ᠶᠦᠩ ᠳᠡᠳ᠋ ᠲᠢᠩᠬᠢᠮ ᠤᠨ ᠳᠠᠷᠤᠭ᠎ᠠ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠦᠯᠦ ᠬᠦᠳᠡᠯᠬᠦ ᠬᠦᠷᠦᠩᠭᠡ ᠶᠢᠨ ᠦᠮᠴᠢᠯᠡᠬᠦ ᠡᠷᠬᠡ ᠶᠢᠨ ᠦᠨᠡᠮᠯᠡᠯ ᠤᠨ ᠠᠩᠬ᠎ᠠ ᠲᠠᠷᠬᠠᠭᠠᠬᠤ ᠶᠤᠰᠤᠯᠠᠯ ᠳᠡᠭᠡᠷ᠎ᠡ ᠶᠠᠷᠢᠶ᠎ᠠ ᠲᠠᠯᠪᠢᠵᠤ ᠪᠠᠶᠢᠭ᠎ᠠ ᠨᠢ
     ᠵᠤᠤ ᠳ᠋ᠠ ᠶᠦᠩ ᠳᠡᠳ᠋ ᠲᠢᠩᠬᠢᠮ ᠤᠨ ᠳᠠᠷᠤᠭ᠎ᠠ ᠨᠠᠷ ᠲᠤᠬᠠᠢ ᠶᠢᠨ ᠭᠠᠵᠠᠷ ᠤᠨ ᠨᠢᠭᠡᠳᠦᠭᠡᠷ ᠦᠯᠦ ᠬᠦᠳᠡᠯᠬᠦ ᠬᠦᠷᠦᠩᠭᠡ ᠶᠢᠨ ᠦᠮᠴᠢᠯᠡᠬᠦ ᠡᠷᠬᠡ ᠶᠢᠨ ᠦᠨᠡᠮᠯᠡᠯ ᠢ ᠪᠠᠶᠢᠴᠠᠭᠠᠨ ᠦᠵᠡᠵᠦ ᠪᠠᠶᠢᠭ᠎ᠠ ᠨᠢ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号