G 7 ᠪᠡᠭᠡᠵᠢᠩ — ᠰᠢᠨᠵᠢᠶᠠᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠨ ᠵᠢᠶᠠ ᠶᠢᠩ ᠠᠴᠠ ᠬᠥᠬᠡᠬᠤᠲᠠ ᠬᠦᠷᠬᠦ ᠬᠡᠰᠡᠭ ᠵᠢᠩᠬᠢᠨᠢ ᠪᠠᠷ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2016/12/6
              G 7 ᠪᠡᠭᠡᠵᠢᠩ ᠠᠴᠠ ᠰᠢᠨᠵᠢᠶᠠᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ᠃
                      G6G7 ᠪᠣᠷᠣ ᠬᠤᠰᠢᠭᠤ ᠳᠤ ᠬᠠᠷᠢᠯᠴᠠᠨ ᠨᠡᠪᠲᠡᠷᠡᠪᠠ᠃      11 ᠳ᠋ᠦ᠋ᠭᠡᠷ ᠰᠠᠷ᠎ᠠ ᠶᠢᠨ 16᠎ ᠤ ᠡᠳᠦᠷ᠂ ᠥᠪᠥᠷ ᠮᠣᠩᠭᠤᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠺᠣᠮᠫᠠᠨᠢ ᠠᠴᠠ ᠪᠡᠯᠡ ᠣᠷᠣᠭᠤᠯᠵᠤ ᠪᠦᠳᠦᠭᠡᠨ ᠪᠠᠶᠢᠭᠤᠯᠤᠭᠰᠠᠨ G 7 ᠪᠡᠭᠡᠵᠢᠩ — ᠰᠢᠨᠵᠢᠶᠠᠩ  ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠨ ᠵᠢᠶᠠ ᠶᠢᠩ ᠠᠴᠠ ᠬᠥᠬᠡᠬᠤᠲᠠ ᠳᠤ ᠬᠦᠷᠬᠦ ᠬᠡᠰᠡᠭ ᠲᠡᠷᠭᠡ ᠨᠡᠪᠲᠡᠷᠡᠭᠰᠡᠨ ᠪᠠᠶᠢᠨ᠎ᠠ᠃ ᠲᠤᠰ ᠬᠡᠰᠡᠭ ᠵᠠᠮ ᠪᠣᠯ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷ ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠂ ᠪᠠᠰᠠ ᠴᠤ ᠮᠠᠨ ᠤ ᠣᠷᠣᠨ ᠤ ᠲᠡᠷᠭᠡ ᠨᠡᠪᠲᠡᠷᠡᠭᠰᠡᠨ ᠠᠩᠬᠠᠳᠠᠭᠴᠢ ᠬᠤᠣᠰ ᠴᠢᠭᠯᠡᠯᠲᠦ 6 ᠲᠡᠷᠭᠡᠨ ᠵᠠᠮ ᠲᠠᠢ ᠳᠡᠭᠡᠳᠦ ᠬᠤᠷᠳᠣ ᠶᠢᠨ ᠵᠠᠰᠠᠮᠠᠯ ᠵᠠᠮ ᠪᠣᠯᠣᠨ᠎ᠠ᠂ ᠲᠣᠷᠭᠠᠨ ᠵᠠᠮ ᠤᠨ ᠠᠵᠤ ᠠᠬᠤᠶ ᠶᠢᠨ ᠪᠦᠰᠡ ᠳᠡᠭᠡᠷᠡᠬᠢ ᠪᠠᠰᠠ ᠨᠢᠭᠡᠨ ᠵᠠᠮ ᠬᠠᠷᠢᠯᠴᠠᠭᠠᠨ ᠤ ᠭᠤᠣᠯ ᠱᠤᠭᠤᠮ ᠪᠣᠯᠬᠤ ᠪᠦᠭᠡᠳ G6 ᠪᠡᠭᠡᠵᠢᠩ — ᠲᠥᠪᠡᠳ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠳᠠᠷᠠᠭᠠᠬᠢ ᠥᠪᠥᠷ ᠮᠣᠩᠭᠤᠯ ᠠᠴᠠ ᠪᠡᠭᠡᠵᠢᠩ ᠬᠦᠷᠬᠦ ᠪᠠᠰᠠ ᠨᠢᠭᠡᠨ ᠳᠡᠭᠡᠳᠦ ᠬᠤᠷᠳᠤ ᠶᠢᠨ ᠵᠠᠰᠠᠮᠠᠯ ᠵᠠᠮ ᠪᠣᠯᠬᠤ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号