ᠥᠪᠥᠷ ᠮᠣᠩᠭᠤᠯ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠦᠯᠲᠡ ᠳᠤ ᠲᠣᠭᠲᠠᠭᠠᠯ ᠠᠴᠠ ᠵᠥᠷᠢᠭᠰᠡᠨ ᠠᠵᠢᠯᠯᠠᠭ᠎ᠠ ᠶᠢ ᠴᠢᠩᠭ᠎ᠠ ᠲᠣᠷᠭᠠᠵᠤ  ᠢᠯᠡᠴᠢᠯᠡᠨ ᠮᠡᠳᠡᠭᠦᠯᠦᠭᠴᠢ ᠶᠢ ᠪᠡᠯᠡᠨ ᠮᠥᠩᠭᠦ ᠪᠠᠷ ᠱᠠᠩᠨᠠᠨ᠎ᠠ
ᠨᠡᠶᠢᠲᠡᠯᠡᠭᠰᠡᠨ ᠴᠠᠭ᠄
2016/12/6
      2017 ᠣᠨ ᠤ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠣᠳᠣ ᠶᠠᠭ ᠶᠠᠪᠤᠭᠳᠠᠵᠤ ᠪᠤᠢ᠂ ᠥᠪᠥᠷ ᠮᠣᠩᠭᠤᠯ ᠴᠢᠬᠤᠯᠠᠴᠢᠯᠠᠭᠰᠠᠨ ᠨᠢ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠦᠯᠲᠡ ᠳᠤ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠲᠣᠷᠭᠠᠵᠤ᠂ ᠢᠯᠡᠴᠢᠯᠡᠨ ᠮᠡᠳᠡᠭᠦᠯᠦᠭᠰᠡᠨ ᠨᠢ ᠦᠨᠡᠨ ᠪᠣᠳᠠᠲᠠᠢ ᠪᠠᠶᠢᠪᠠᠯ᠂ ᠠᠩᠬᠠᠳᠠᠭᠴᠢ ᠢᠯᠡᠴᠢᠯᠡᠨ ᠮᠡᠳᠡᠭᠦᠯᠦᠭᠴᠢ ᠶᠢ 1000 ᠲᠥᠭᠦᠷᠢᠭ ᠤᠨ ᠪᠡᠯᠡᠨ ᠮᠥᠩᠭᠦ ᠪᠠᠷ ᠱᠠᠩᠨᠠᠨ᠎ᠠ᠃ ᠢᠯᠡᠴᠢᠯᠡᠨ ᠮᠡᠳᠡᠭᠦᠯᠦᠭᠴᠢᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠢᠶᠠᠷ ᠢᠯᠡᠴᠢᠯᠡᠨ ᠮᠡᠳᠡᠭᠦᠯᠬᠦ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ ᠪᠣᠯᠤᠨ᠎ᠠ ᠭᠡᠵᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠢᠯᠡᠷᠬᠡᠶᠢᠯᠡᠭᠰᠡᠨ ᠨᠢ᠂ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠬᠤᠳᠠᠯ ᠬᠠᠭᠤᠷᠮᠠᠭ ᠢᠶᠠᠷ ᠬᠠᠩᠭᠠᠭᠰᠠᠨ᠂ ᠬᠠᠭᠤᠷᠮᠠᠭ ᠨᠡᠷ᠎ᠡ ᠮᠡᠳᠡᠭᠦᠯᠬᠦ ᠮᠠᠲ᠋ᠧᠷᠢᠶᠠᠯ ᠢᠶᠠᠷ ᠨᠡᠷ᠎ᠡ ᠮᠡᠳᠡᠭᠦᠯᠬᠦ ᠬᠢᠷᠢ ᠬᠡᠮ ᠣᠯᠣᠭᠰᠠᠨ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠪᠠᠶᠢᠭᠠᠳ ᠵᠢᠩᠬᠢᠨᠢ ᠪᠠᠷ ᠨᠡᠷ᠎ᠡ ᠮᠡᠳᠡᠭᠦᠯᠦᠭᠰᠡᠨ ᠵᠡᠷᠭᠡ ᠰᠢᠯᠭᠠᠭᠤᠯᠤᠭᠴᠢᠳ ᠢ ᠰᠢᠯᠭᠠᠯᠲᠠ ᠠᠴᠠ ᠡᠮᠦᠨ᠎ᠡ ᠪᠠᠶᠢᠴᠠᠭᠠᠨ ᠲᠣᠳᠣᠯᠠᠭᠰᠠᠨ ᠪᠣᠯ ᠲᠡᠭᠦᠨ ᠤ ᠨᠡᠷ᠎ᠡ ᠮᠡᠳᠡᠭᠦᠯᠬᠦ ᠬᠢᠷᠢ ᠬᠡᠮ ᠪᠠ ᠰᠢᠯᠭᠠᠯᠲᠠ ᠳᠤ ᠣᠷᠣᠯᠴᠠᠬᠤ ᠬᠢᠷᠢ ᠬᠡᠮ ᠢ ᠨᠢ ᠬᠠᠰᠤᠨ᠎ᠠ᠂ ᠰᠢᠯᠭᠠᠯᠲᠠ ᠶᠢᠨ ᠳᠠᠷᠠᠭ᠎ᠠ ᠪᠠᠶᠢᠴᠠᠭᠠᠨ ᠲᠣᠳᠣᠯᠠᠭᠰᠠᠨ ᠪᠣᠯ ᠲᠡᠭᠦᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠪᠠ ᠡᠯᠰᠡᠭᠳᠡᠬᠦ ᠬᠢᠷᠢ ᠬᠡᠮ ᠢ ᠨᠢ ᠬᠠᠰᠤᠨ᠎ᠠ᠂ ᠡᠯᠰᠡᠭᠳᠡᠭᠰᠡᠨ ᠤ ᠲᠠᠷᠠᠭ᠎ᠠ ᠪᠠᠶᠢᠴᠠᠭᠠᠨ ᠲᠣᠳᠣᠯᠠᠭᠰᠠᠨ ᠪᠣᠯ ᠰᠤᠷᠭᠠᠭᠤᠯᠢ ᠳᠤ ᠣᠷᠣᠬᠤ ᠬᠢᠷᠢ ᠬᠡᠮ ᠢ ᠨᠢ ᠬᠠᠰᠤᠵᠤ᠂ ᠨᠢᠭᠡᠨᠲᠡ ᠰᠤᠷᠭᠠᠭᠤᠯᠢ ᠳᠤ ᠤᠷᠤᠭᠰᠠᠨ ᠪᠠᠶᠢᠪᠠᠯ ᠲᠡᠭᠦᠨ ᠤ ᠰᠤᠷᠭᠠᠭᠤᠯᠢ ᠶᠢᠨ ᠬᠠᠷᠢᠶ᠎ᠠ ᠶᠢ ᠨᠢ ᠬᠠᠰᠤᠨ᠎ᠠ᠃      ᠡᠷᠦᠬᠡ ᠠᠮᠠ ᠶᠢᠨ ᠳᠠᠩᠰᠠ ᠪᠣᠯᠤᠨ ᠰᠤᠷᠭᠠᠭᠤᠯᠢ ᠶᠢᠨ ᠬᠠᠷᠢᠶ᠎ᠠ ᠪᠠᠨ ᠲᠣᠭᠲᠠᠭᠠᠯ ᠠᠴᠠ ᠵᠥᠷᠢᠴᠡᠨ ᠭᠦᠢᠴᠡᠳᠬᠡᠭᠰᠡᠨ᠂ ᠦᠷᠭᠦᠯᠵᠢᠯᠡᠨ ᠰᠤᠷᠤᠯᠴᠠᠭᠰᠠᠨ ᠥᠩᠭᠡᠷᠡᠯᠲᠡ ᠪᠠᠨ ᠬᠠᠭᠤᠷᠮᠠᠭᠯᠠᠨ ᠵᠣᠬᠢᠶᠠᠭᠰᠠᠨ ᠪᠤᠶᠤ ᠬᠤᠪᠢᠷᠠᠭᠤᠯᠤᠨ ᠵᠣᠬᠢᠶᠠᠭᠰᠠᠨ᠂ ᠦᠨᠳᠦᠰᠦᠲᠡᠨ ᠤ ᠪᠦᠷᠢᠯᠳᠦᠬᠦᠨ ᠪᠠᠨ ᠲᠣᠭᠲᠠᠭᠠᠯ ᠠᠴᠠ ᠵᠥᠷᠢᠴᠡᠨ ᠥᠭᠡᠷᠡᠴᠢᠯᠡᠭᠰᠡᠨ᠂ ᠣᠷᠣᠰᠢᠨ ᠰᠠᠭᠤᠬᠤ᠂ ᠠᠵᠢᠯ ᠡᠷᠬᠢᠯᠡᠬᠦ᠂ ᠨᠡᠶᠢᠭᠡᠮ ᠤᠨ ᠪᠠᠲᠤᠯᠠᠭ᠎ᠠ ᠪᠤᠶᠤ ᠭᠠᠶᠢᠯᠢ ᠲᠤᠰᠢᠶᠠᠭᠰᠠᠨ ᠭᠡᠷᠡᠴᠢ ᠶᠢ ᠬᠤᠳᠠᠯ ᠬᠠᠭᠤᠷᠮᠠᠭ ᠢᠶᠠᠷ ᠬᠠᠩᠭᠠᠭᠰᠠᠨ ᠵᠡᠷᠭᠡ ᠬᠤᠯᠪᠣᠭᠳᠠᠯ ᠪᠦᠬᠦᠢ ᠬᠥᠮᠦᠰ ᠢ ᠴᠥᠮ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠬᠡᠨ᠎ᠡ᠃ ︽ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠨᠡᠭᠦᠳᠡᠯᠴᠢᠳ︾᠎ ᠲᠤ ᠬᠤᠯᠪᠣᠭᠳᠠᠭᠰᠠᠨ ᠬᠠᠤᠯᠢ ᠳᠦᠷᠢᠮ ᠠᠴᠠ ᠵᠥᠷᠢᠴᠡᠭᠰᠡᠨ ᠬᠡᠷᠡᠭ ᠲᠤ ᠲᠤᠬᠠᠶ ᠶᠢᠨ ᠬᠥᠮᠦᠨ ᠠᠴᠠ ᠨᠢ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠠᠴᠠ ᠭᠠᠳᠠᠨ᠎ᠠ ᠪᠠᠰᠠ ᠭᠤᠣᠯᠯᠠᠨ ᠬᠠᠮᠢᠶᠠᠷᠬᠤ ᠤᠳᠤᠷᠢᠳᠤᠯᠭ᠎ᠠ ᠵᠢᠴᠢ ᠬᠤᠯᠪᠣᠭᠳᠠᠯ ᠪᠥᠬᠦᠢ ᠤᠳᠤᠷᠢᠳᠤᠯᠭ᠎ᠠ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠳᠤ ᠬᠦᠷᠦᠭᠰᠡᠨ ᠪᠣᠯ᠂ ᠬᠠᠤᠯᠢ ᠴᠠᠭᠠᠵᠠ ᠶᠢᠨ ᠪᠠᠶᠢᠭᠤᠯᠭ᠎ᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠲᠤᠰ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠲᠤ ᠲᠤᠰ ᠰᠤᠷᠭᠠᠭᠤᠯᠢ ᠳᠤ ᠨᠡᠷ᠎ᠡ ᠮᠡᠳᠡᠭᠦᠯᠬᠦ ᠭᠠᠷᠳᠠᠮ ᠢ ᠭᠦᠢᠴᠡᠳᠬᠡᠵᠦ ᠥᠭᠭᠦᠭᠰᠡᠨ ᠦᠭᠡᠢ ᠪᠤᠶᠤ ᠰᠤᠷᠤᠭᠴᠢᠳ ᠲᠤ ᠨᠥᠬᠦᠴᠡᠯ ᠦᠭᠡᠢ ᠪᠠᠷ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠲᠠᠯᠠᠪᠤᠷ ᠭᠠᠵᠠᠷ ᠣᠯᠭᠤᠭᠰᠠᠨ ᠦᠭᠡᠢ ᠬᠠᠮᠢᠶ᠎ᠠ ᠪᠦᠬᠦᠢ ᠪᠣᠯᠪᠠᠰᠤᠷᠠᠭᠤᠯᠤᠯ ᠢ ᠥᠷᠨᠢᠭᠦᠯᠦᠭᠰᠡᠨ ᠦᠭᠡᠢ ᠳᠤᠮᠳᠠᠳᠤ ᠰᠤᠷᠭᠠᠭᠤᠯᠢ ᠶᠢᠨ ᠵᠠᠬᠢᠷᠤᠯ ᠢ ᠪᠦᠬᠦ ᠣᠷᠣᠨ ᠳᠤ ᠵᠠᠷᠯᠠᠨ ᠰᠢᠭᠦᠮᠵᠢᠯᠡᠨ᠎ᠡ᠃      ᠲᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠠᠵᠢᠯ ᠢ ᠥᠷᠨᠢᠭᠦᠯᠦᠭᠰᠡᠨ ᠦᠭᠡᠢ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠰᠤᠷᠤᠭᠴᠢ ᠳᠤ ᠨᠡᠷ᠎ᠡ ᠮᠡᠳᠡᠭᠦᠯᠬᠦ ᠭᠠᠷᠳᠠᠮ ᠭᠦᠢᠴᠡᠳᠬᠡᠵᠦ ᠥᠭᠭᠦᠭᠰᠡᠨ᠂ ᠰᠤᠷᠤᠭᠴᠢ ᠡᠯᠰᠡᠬᠦ ᠬᠠᠷᠢᠶ᠎ᠠ ᠪᠦᠬᠦᠢ ᠠᠵᠢᠯᠲᠠᠨ ᠡᠷᠬᠡ ᠪᠠᠨ ᠠᠰᠢᠭᠯᠠᠨ ᠬᠤᠪᠢ ᠪᠠᠷ ᠪᠤᠷᠳᠤᠭᠰᠠᠨ ᠪᠥᠭᠡᠳ ᠤᠢᠢᠯᠠ ᠪᠠᠶᠢᠳᠠᠯ ᠨᠢ ᠲᠤᠩ ᠮᠠᠭᠤ ᠪᠠᠶᠢᠬᠤ ᠵᠡᠷᠭᠡ ᠬᠤᠰᠢᠭᠤ ᠰᠢᠶᠠᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠦᠯᠲᠡ ᠶᠢ ᠬᠦᠯᠢᠶᠡᠨ ᠠᠪᠴᠤ ᠭᠦᠢᠴᠡᠳᠬᠡᠬᠦ ᠬᠢᠷᠢ ᠬᠡᠮ ᠪᠠ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠲᠠᠯᠠᠪᠤᠷ ᠲᠣᠬᠢᠷᠠᠭᠤᠯᠬᠤ ᠬᠢᠷᠢ ᠬᠡᠮ ᠢ ᠨᠢ ᠴᠥᠮ ᠬᠠᠰᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号