ᠥᠪᠥᠷ ᠵᠠᠰᠠᠭ ᠠᠯᠪᠠᠨ ᠲᠠᠷᠬᠠᠭᠠᠭᠰᠠᠨ ﹇2016﹈ 47 ᠳ᠋ᠤᠭᠠᠷ ᠲᠤᠭᠠᠳᠤ | 4 ᠳ᠋ᠤᠭᠡᠷ ᠰᠠᠷ᠎ᠠ ᠶᠢᠨ 29 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠦᠷ ᠲᠥᠪᠰᠢᠨ ᠤ ᠬᠠᠤᠯᠢ︾ ︵ | ᠳᠣᠷᠤᠭᠰᠢ ︽ᠢᠳᠡᠭᠡᠨ ᠤ ᠠᠮᠦᠷ ᠲᠥᠪᠰᠢᠨ ᠤ ᠬᠠᠤᠯᠢ︾ ᠭᠡᠵᠦ ᠲᠣᠪᠴᠢᠯᠠᠨ᠎ᠠ︶ ᠵᠢᠴᠢ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ | ᠣᠷᠣᠨ ᠤ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠨ᠂ ᠰᠤᠷᠭᠠᠭᠤᠯᠢ ︵ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠠᠭᠲᠠᠨ᠎ᠠ᠂ ᠳᠣᠷᠤᠭᠰᠢ ᠠᠳᠠᠯᠢ︶ | ᠶᠢᠨ ᠬᠤᠭᠤᠯᠠᠨ ᠭᠡᠷ᠂ ︽ᠰᠤᠷᠤᠬᠴᠢ ᠳᠤ ᠵᠤᠷᠢᠭᠤᠯᠤᠬᠰᠠᠨ ᠠᠮᠠᠷᠠᠵᠦ ᠬᠤᠭᠤᠯᠯᠠᠬᠤ ᠭᠠᠵᠠᠷ︾᠂ ᠪᠠᠷᠢᠯᠭ᠎ᠠ ᠶᠢᠨ | ᠭᠠᠵᠠᠷ ᠤᠨ ᠬᠤᠭᠤᠯᠠᠨ ᠭᠡᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠢᠳᠡᠭᠡᠨ ᠤᠮᠳᠠᠭᠠᠨ ᠤ ᠲᠠᠯᠠᠪᠤᠷ ᠪᠣᠯᠣᠨ | ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠪᠤᠳᠠᠭᠠᠯᠠᠬᠤ ᠲᠠᠯᠠᠪᠤᠷ ᠵᠡᠷᠭᠡ ᠶᠢᠨ ᠬᠢᠨᠠᠯᠲᠠ ᠬᠠᠮᠢᠶᠠᠷᠤᠯᠲᠠ ᠶᠢᠨ | ᠳᠤᠮᠳᠠ ᠣᠷᠤᠰᠢᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠶᠢᠨ ᠲᠤᠰᠠᠳᠠ᠂ ᠦᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠦᠪᠡᠷᠲᠡᠭᠡᠨ ᠵᠠᠰᠠᠬᠤ ᠣᠷᠣᠨ ᠤ | ᠪᠣᠲᠠᠲᠠᠢ ᠲᠠᠢ ᠪᠠᠨ ᠤᠶᠠᠯᠳᠤᠭᠤᠯᠤᠨ᠂ ᠡᠳᠦᠭᠡ ᠰᠤᠷᠭᠠᠭᠤᠯᠢ ᠶᠢᠨ ᠬᠤᠭᠤᠯᠠᠨ ᠭᠡᠷ ᠵᠡᠷᠭᠡ ᠢᠳᠡᠭᠡᠨ ᠤᠮᠳᠠᠭᠠᠨ ᠤ | ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠳᠠᠬᠢ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠢ ᠴᠢᠩᠭᠠᠳᠬᠠᠬᠤ ᠲᠣᠬᠠᠢ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ ᠪᠠ ᠬᠠᠷᠠᠯᠲᠠ | ︽ᠬᠠᠮᠤᠭ ᠤᠨ ᠴᠢᠩᠭ᠎ᠠ ᠨᠢᠭᠲᠠ ᠪᠠᠷᠢᠮᠵᠢᠶ᠎ᠠ᠂ ᠬᠠᠮᠤᠭ ᠤᠨ ᠴᠢᠩᠭ᠎ᠠ ᠬᠦᠴᠦᠲᠠᠢ ᠬᠢᠨᠠᠯᠲᠠ ᠬᠠᠮᠢᠶᠠᠷᠤᠯᠲᠠ᠂ | ᠬᠠᠮᠤᠭ ᠤᠨ ᠴᠢᠩᠭ᠎ᠠ ᠰᠦᠷᠡᠬᠡᠢ ᠰᠢᠳᠭᠡᠯ ᠲᠣᠷᠭᠠᠭᠤᠯᠢ᠂ ᠬᠠᠮᠤᠭ ᠤᠨ ᠲᠥᠪ ᠴᠢᠩᠭ᠎ᠠ ᠬᠠᠷᠢᠭᠤᠴᠠᠯᠭ᠎ᠠ | ᠬᠡᠯᠡᠯᠴᠡᠬᠦ ᠪᠠᠷ ᠥᠷᠭᠡᠨ ᠣᠯᠠᠨ ᠠᠷᠠᠳ ᠲᠦᠮᠡᠨ ᠤ ︿ᠢᠳᠡᠭᠡᠨ ᠤᠮᠳᠠᠭᠠᠨ ᠤ ᠠᠮᠦᠷ ᠲᠥᠪᠰᠢᠨ﹀ ᠢ ᠦᠨᠡᠨᠬᠦ | ᠪᠠᠲᠤᠯᠠᠬᠤ︾ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠤᠷᠤᠨ ᠨᠤᠲᠤᠭ ᠤᠨ ᠵᠠᠰᠠᠭ ᠤᠨ ᠣᠷᠳᠣᠨ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠦᠴᠢᠷ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠡᠭᠦᠷᠭᠡᠯᠡᠬᠦ᠂ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠭᠤᠣᠯᠴᠢᠯᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠬᠦ᠂ ᠠᠵᠤ ᠠᠬᠤᠶᠢᠯᠠᠯ ᠭᠤᠣᠯ ᠴᠤᠭᠴᠠ ᠶᠢᠨ | ᠬᠠᠷᠢᠭᠤᠴᠠᠯᠭ᠎ᠠ ᠡᠭᠦᠷᠭᠡᠯᠡᠬᠦ︾ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠳᠤᠲᠤᠷᠬᠠᠶᠢᠯᠠᠨ᠂ | ︽ᠱᠠᠲᠤ ᠬᠤᠪᠢᠶᠠᠨ ᠬᠠᠮᠢᠶᠠᠷᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ︾ ᠵᠠᠷᠴᠢᠮ ᠢ | ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠷ | ᠭᠤᠣᠯᠳᠠᠯᠭ᠎ᠠ ᠪᠣᠯᠭᠠᠨ᠂ ᠢᠯᠠᠩᠭᠤᠶ᠎ᠠ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠨᠢᠭᠡᠳᠦᠭᠡᠷ | ᠹᠷᠣᠨᠲ ᠲᠠᠢ ᠣᠶᠢᠷᠠᠳᠴᠤ᠂ ᠪᠠᠶᠢᠳᠠᠯ ᠢ ᠰᠠᠶᠢᠨ ᠮᠡᠳᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠢᠳᠡᠭᠡᠨ ᠤ | ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠠ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ | ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠦᠪᠡᠷᠲᠡᠭᠡᠨ ᠵᠠᠰᠠᠬᠤ ᠣᠷᠣᠨ ᠠᠴᠠ ᠦᠨᠳᠦᠰᠦᠨ ᠱᠠᠲᠤ ᠬᠦᠷᠲᠡᠯᠡᠬᠢ | ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠦᠨ᠂ ᠬᠢᠨᠠᠯᠲᠠ | ᠬᠠᠮᠢᠶᠠᠷᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠵᠠᠩᠬᠢᠯᠠᠭ᠎ᠠ ᠶᠢ ᠣᠷᠤᠭᠰᠢ ᠲᠠᠯᠪᠢᠵᠦ᠂ | ᠭᠤᠣᠯᠳᠠᠯᠭ᠎ᠠ ᠶᠢ ᠳᠤᠷᠤᠭᠰᠢ ᠰᠢᠯᠵᠢᠭᠦᠯᠬᠦ᠂ ᠬᠦᠴᠦᠨ ᠢᠶᠠᠨ ᠳᠤᠷᠤᠭᠰᠢ ᠪᠠᠭᠤᠯᠭᠠᠬᠤ᠂ ᠪᠠᠲᠤᠯᠠᠭ᠎ᠠ ᠶᠢ ᠳᠣᠷᠤᠭᠰᠢ | ᠬᠡᠯᠪᠠᠶᠢᠯᠭᠡᠬᠦ ᠶᠢ ᠵᠢᠩᠬᠢᠨᠢ ᠪᠠᠷ ᠪᠡᠶᠡᠯᠡᠭᠦᠯᠦᠨ᠎ᠡ᠃ ᠰᠤᠷᠭᠠᠭᠤᠯᠢ ᠶᠢᠨ ᠬᠤᠭᠤᠯᠠᠨ ᠭᠡᠷ ᠵᠡᠷᠭᠡ ᠢᠳᠡᠭᠡᠨ ᠤᠮᠳᠠᠭᠠᠨ ᠤ | ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠳᠠᠬᠢ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ | ᠳᠤᠮᠳᠠ ᠣᠷᠤᠰᠢᠵᠤ ᠪᠠᠶᠢᠭ᠎ᠠ ᠬᠢᠨᠠᠯᠲᠠ ᠬᠠᠮᠢᠶᠠᠷᠤᠯᠲᠠ ᠶᠢ ᠦᠯᠦ ᠪᠣᠳᠠᠳᠠᠶᠢᠵᠢᠭᠤᠯᠤᠭᠰᠠᠨ᠂ ᠭᠤᠣᠯ ᠴᠣᠭᠴᠠ ᠶᠢᠨ | ᠬᠠᠷᠢᠭᠤᠴᠠᠯᠭ᠎ᠠ ᠶᠢ ᠦᠯᠦ ᠨᠠᠶᠢᠳᠠᠪᠤᠷᠢᠵᠢᠭᠤᠯᠤᠭᠰᠠᠨ᠂ ᠪᠦᠯᠦᠭᠯᠡᠯ ᠤᠨ ᠴᠢᠨᠠᠷᠲᠠᠢ ᠢᠳᠡᠭᠡᠨ ᠤ ᠠᠮᠦᠷ ᠲᠥᠪᠰᠢᠨ ᠤ | ᠬᠡᠷᠡᠭ ᠠᠮᠠᠷᠬᠠᠨ ᠡᠭᠦᠰᠬᠦ ᠣᠯᠠᠨ ᠡᠭᠦᠰᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠬᠢᠨᠠᠯᠲᠠ ᠬᠠᠮᠢᠶᠠᠷᠤᠯᠲᠠ ᠪᠠᠨ | ᠦᠨᠡᠨᠬᠦ ᠴᠢᠩᠭᠠᠳᠬᠠᠵᠤ᠂ ︽ᠬᠦᠨᠳᠡᠯᠡᠨ ᠭᠤᠯᠳᠤ ᠪᠠᠷ ᠳᠡᠭᠡᠲᠦ ᠳᠤᠤᠷᠠᠲᠦ ᠦᠭᠡᠢ᠂ ᠪᠦᠬᠦᠨ ᠢ ᠬᠠᠮᠤᠷᠤᠬᠰᠠᠨ᠂ | ᠨᠢᠭᠡ ᠶᠢ ᠴᠦ ᠦᠯᠡᠳᠡᠭᠡᠬᠦ ᠦᠭᠡᠢ︾ ᠪᠠᠶᠢᠯᠭᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠦᠨᠡᠨᠬᠦ ᠪᠠᠶᠢᠭᠤᠯᠵᠤ᠂ | ᠪᠦᠬᠦ ᠣᠷᠣᠨ ᠤ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠪᠦᠲᠦᠮᠵᠢᠲᠡᠢ ᠳᠡᠭᠡᠭᠰᠢᠯᠡᠭᠦᠯᠦᠨ᠎ᠡ᠃ | ᠬᠤᠶᠠᠷ᠂ ᠢᠳᠡᠭᠡᠨ ᠤ ᠠᠮᠦᠷ ᠲᠥᠪᠰᠢᠨ ᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ | ︵ᠨᠢᠭᠡ︶ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ ᠨᠤᠭᠤᠳ ᠢᠳᠡᠭᠡᠨ ᠤ ᠠᠮᠦᠷ ᠲᠥᠪᠰᠢᠨ ᠤ ᠱᠠᠲᠤ ᠬᠤᠪᠢᠶᠠᠨ | ᠬᠠᠮᠢᠶᠠᠷᠬᠤ᠂ ᠬᠠᠷᠢᠶᠠᠲᠤ ᠭᠠᠵᠠᠷ ᠤᠨ ᠬᠢᠨ ᠬᠠᠷᠢᠭᠤᠴᠠᠬᠤ ᠱᠠᠭᠠᠷᠳᠠᠯᠭ᠎ᠠ ᠶᠤᠰᠤᠭᠠᠷ᠂ ᠢᠳᠡᠭᠡᠨ ᠤ ᠠᠮᠦᠷ | ᠲᠥᠪᠰᠢᠨ ᠤ ᠰᠢᠨᠵᠢᠯᠡᠬᠦ ᠤᠬᠠᠭᠠᠨᠴᠢ ᠪᠦᠭᠡᠳ ᠪᠦᠷᠢᠨ ᠲᠡᠭᠦᠯᠳᠡᠷ ᠵᠠᠰᠠᠯᠲᠠ ᠶᠢᠨ ᠰᠢᠰᠲ᠋ᠧᠮᠵᠢ ᠶᠢ ᠲᠦᠷᠭᠡᠳᠭᠡᠨ | ᠪᠠᠶᠢᠭᠤᠯᠵᠤ᠂ ᠲᠤᠰ ᠭᠠᠵᠠᠷ ᠣᠷᠣᠨ ᠤ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠢ ᠪᠠᠲᠤᠯᠠᠨ᠎ᠠ᠃ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢᠨ ᠲᠣᠬᠠᠢ | ᠤᠯᠤᠰ᠂ ᠦᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠬᠤᠶᠠᠷ ᠱᠠᠲᠤᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠪᠠᠷ | ᠭᠤᠣᠯᠳᠠᠯᠭ᠎ᠠ ᠪᠣᠯᠭᠠᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ | ᠦᠨᠳᠦᠰᠦᠨ ᠱᠠᠲᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠶᠢ | ᠬᠠᠩᠭᠠᠭᠰᠠᠨ ᠪᠠᠶᠢᠭᠤᠯᠤᠮᠵᠢ᠂ ᠣᠷᠣᠨ ᠲᠤᠭ᠎ᠠ᠂ ᠠᠵᠢᠯᠲᠠᠨ᠂ ᠵᠠᠷᠤᠳᠠᠯ᠂ ᠲᠤᠨᠤᠭ ᠲᠥᠭᠦᠭᠡᠷᠦᠮᠵᠢ ᠶᠢ | ᠲᠣᠬᠢᠷᠠᠭᠤᠯᠵᠤ᠂ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠠᠵᠢᠯ ᠤᠨ ᠪᠠᠶᠢᠷᠢ ᠲᠠᠢ᠂ | ᠬᠠᠷᠢᠭᠤᠴᠠᠯᠭ᠎ᠠ ᠲᠠᠢ᠂ ᠠᠵᠢᠯᠲᠠᠨ ᠲᠠᠢ᠂ ᠠᠷᠭ᠎ᠠ ᠪᠠᠷᠢᠯ ᠲᠠᠢ ᠪᠠᠶᠢᠬᠤ ᠶᠢ ᠦᠨᠡᠨᠬᠦ ᠪᠠᠲᠤᠯᠠᠨ᠂ ᠢᠳᠡᠭᠡᠨ | ᠤᠮᠳᠠᠭᠠᠨ ᠤ ᠡᠵᠡᠩᠨᠡᠯᠲᠡ ᠶᠢᠨ ᠠᠵᠤ ᠠᠬᠤᠶᠢᠯᠠᠯ ᠢ ᠴᠠᠭ ᠲᠤᠬᠠᠢ ᠳᠤᠨᠢ ᠪᠦᠲᠦᠮᠵᠢᠲᠡᠢ ᠬᠢᠨᠠᠨ ᠬᠠᠮᠢᠶᠠᠷᠬᠤ ᠶᠢ | ᠦᠨᠡᠨᠬᠦ ᠪᠠᠲᠤᠯᠠᠵᠤ᠂ ᠢᠳᠡᠭᠡᠨ ᠤᠮᠳᠠᠭᠠᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠳᠤ ᠨᠢᠭᠡ ᠶᠢ ᠴᠦ | ᠦᠯᠡᠳᠡᠭᠡᠬᠦ ᠦᠭᠡᠢ᠂ ᠠᠯᠢ ᠶᠢ ᠨᠢ ᠴᠦ ᠣᠷᠬᠢᠭᠳᠠᠭᠤᠯᠬᠤ ᠦᠭᠡᠢ᠂ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠡᠯ᠎ᠡ | ᠭᠠᠵᠠᠷ ᠣᠷᠣᠨ ᠨᠤᠭᠤᠳ ᠢᠳᠡᠭᠡᠨ ᠤ ᠠᠮᠦᠷ ᠲᠥᠪᠰᠢᠨ ᠤ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠢᠳᠡᠭᠡᠨ ᠤ ᠠᠮᠦᠷ ᠲᠥᠪᠰᠢᠨ ᠢ ᠠᠷᠠᠳ ᠤᠨ ᠠᠮᠢᠳᠤᠷᠠᠯ ᠤᠨ | ᠴᠢᠬᠤᠯᠠ ᠢᠨᠵᠧᠨᠧᠷᠢᠩ ᠪᠠ ᠣᠯᠠᠨ ᠨᠡᠶᠢᠲᠡ ᠶᠢᠨ ᠠᠮᠦᠷ ᠲᠥᠪᠰᠢᠨ ᠢ ᠬᠠᠮᠠᠭᠠᠯᠠᠬᠤ ᠤᠯᠤᠰ ᠲᠥᠷᠥ ᠶᠢᠨ ᠡᠭᠦᠷᠭᠡ | ᠪᠣᠯᠭᠠᠨ᠂ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠤᠨ᠎ᠠ᠃ ᠵᠠᠰᠠᠭ ᠤᠨ ᠣᠷᠳᠣᠨ ᠤ | ᠭᠤᠣᠯ ᠤᠳᠤᠷᠢᠳᠤᠯᠭ᠎ᠠ ᠨᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠬᠠᠯᠠᠮᠵᠢᠯᠠᠵᠦ᠂ ᠬᠤᠪᠢᠳᠠᠨ | ᠬᠠᠮᠢᠶᠠᠷᠬᠤ ᠤᠳᠤᠷᠢᠳᠤᠯᠭ᠎ᠠ ᠨᠢ ᠪᠤᠳᠠᠳᠠᠢ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠨ᠎ᠡ᠃ | ᠡᠯ᠎ᠡ ᠭᠠᠵᠠᠷ ᠣᠷᠣᠨ ᠨᠤᠭᠤᠳ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠢᠳᠡᠭᠡᠨ ᠤ ᠵᠦᠢᠯ | ᠦᠢᠯᠡᠳᠪᠦᠷᠢᠯᠡᠨ ᠡᠳ᠋ᠰᠢᠭᠦᠯᠬᠦ ᠵᠢᠵᠢᠭ ᠦᠢᠯᠡᠳᠭᠡᠯ ᠤᠨ ᠭᠠᠵᠠᠷ ᠪᠠ ᠢᠳᠡᠭᠡᠨ ᠤ ᠳᠡᠯᠭᠡᠭᠡ ᠮᠠᠶᠢᠮᠠᠢ ᠶᠢᠨ | ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ᠂ ᠲᠤᠰ ᠭᠠᠵᠠᠷ ᠣᠷᠣᠨ ᠤ ᠪᠣᠲᠠᠲᠠᠢ ᠲᠠᠢ ᠨᠡᠶᠢᠴᠡᠭᠰᠡᠨ ︽ | ᠰᠤᠷᠤᠬᠴᠢ ᠳᠤ ᠵᠤᠷᠢᠭᠤᠯᠤᠬᠰᠠᠨ ᠠᠮᠠᠷᠠᠵᠦ ᠬᠤᠭᠤᠯᠠᠯᠬᠤ ᠭᠠᠵᠠᠷ︾᠂ ᠮᠠᠯᠵᠢᠬᠤ ᠲᠠᠷᠢᠶᠠᠯᠠᠬᠤ ᠣᠷᠣᠨ ᠤ | ᠨᠡᠶᠢᠲᠡ ᠶᠢᠨ ᠪᠤᠳᠠᠭᠠᠯᠠᠬᠤ ᠬᠤᠭᠤᠯᠠ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠪᠤᠶᠤ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠵᠤ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠭᠠᠯ ᠤᠨᠲᠠᠷᠠᠭᠠᠬᠤ ᠵᠡᠷᠭᠡ ᠬᠠᠮᠢᠶ᠎ᠠ ᠪᠦᠬᠦᠢ ᠰᠠᠯᠠᠭ᠎ᠠ | ᠮᠦᠴᠢᠷ ᠤᠳ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠳᠤᠲᠤᠷᠬᠠᠶᠢᠯᠠᠨ᠂ ᠡᠯ᠎ᠡ ᠰᠠᠯᠠᠭ᠎ᠠ | ᠮᠦᠴᠢᠷ ᠵᠣᠬᠢᠴᠠᠯᠳᠤᠨ ᠬᠠᠮᠵᠢᠯᠴᠠᠭᠰᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠤᠭᠰᠠᠨ ᠠᠵᠢᠯ ᠤᠨ | ᠲᠣᠭᠲᠠᠴᠠ ᠶᠢ ᠪᠣᠢ ᠪᠣᠯᠭᠠᠨ᠎ᠠ᠃ ᠡᠯ᠎ᠡ ᠭᠠᠵᠠᠷ ᠣᠷᠣᠨ ᠨᠤᠭᠤᠳ ᠢᠳᠡᠭᠡᠨ ᠤᠮᠳᠠᠭᠠᠨ ᠤ ᠵᠦᠢᠯᠡᠰ ᠤᠨ ᠠᠮᠦᠷ | ᠲᠥᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠣᠯᠣᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠳᠡᠰ | ᠳᠡᠰ ᠢᠶᠠᠷ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠬᠠᠷᠠᠯᠲᠠᠲᠤ | ᠬᠠᠮᠢᠶᠠᠷᠤᠯᠲᠠ ᠶᠢᠨ ᠰᠢᠯᠭᠠᠨ ᠬᠢᠨᠠᠬᠤ ᠶᠢ ᠬᠡᠷᠡᠭᠵᠢᠭᠦᠯᠦᠨ᠂ ᠢᠳᠡᠭᠡᠨ ᠤᠮᠳᠠᠭᠠᠨ ᠤ ᠵᠦᠢᠯᠡᠰ ᠤᠨ ᠠᠮᠦᠷ | ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠡᠭᠦᠷᠭᠡ ᠶᠢ ᠪᠤᠳᠠᠳᠠᠶᠢᠵᠢᠭᠤᠯᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ | ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ | ᠦᠨᠡᠨᠬᠦ ᠭᠦᠢᠴᠡᠳᠭᠡᠵᠦ᠂ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠠᠤᠯᠢ ᠬᠡᠷᠡᠭᠵᠢᠭᠦᠯᠦᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ | ᠡᠵᠡᠩᠨᠡᠭᠴᠢ ᠶᠢᠨ ᠭᠤᠣᠯ ᠴᠤᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ | ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢᠨ ᠰᠡᠷᠡᠮᠵᠢ ᠶᠢ ᠴᠢᠩᠭᠠᠷᠠᠭᠤᠯᠤᠨ᠂ ᠣᠷᠣᠨ ᠪᠦᠰᠡ ᠶᠢᠨ ᠴᠢᠨᠠᠷᠲᠠᠢ᠂ | ᠰᠢᠰᠲ᠋ᠧᠮ ᠤᠨ ᠴᠢᠨᠠᠷᠲᠠᠢ ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠦᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠬᠢᠨᠠᠨ | ᠵᠢᠯᠤᠭᠤᠳᠬᠤ᠂ ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠭᠡᠬᠦ ᠶᠢ ᠴᠢᠩᠭᠠᠳᠬᠠᠨ᠂ ᠦᠨᠳᠦᠰᠦᠨ ᠱᠠᠲᠤᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠲᠣᠬᠠᠶᠢᠯᠠᠭᠰᠠᠨ ᠠᠵᠢᠯ ᠤᠨ | ᠵᠢᠯᠤᠭᠤᠳᠤᠯᠭ᠎ᠠ ᠶᠢ ᠬᠠᠩᠭᠠᠨ᠎ᠠ᠃ ᠠᠶᠢᠮᠠᠭ ᠬᠤᠲᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ︽ᠢᠳᠡᠭᠡᠨ ᠤ ᠠᠮᠦᠷ ᠲᠥᠪᠰᠢᠨ ᠤ ᠬᠠᠤᠯᠢ︾᠂ ︽ᠢᠳᠡᠭᠡᠨ | ᠤᠮᠳᠠᠭᠠᠨ ᠤ ᠦᠢᠯᠡᠴᠢᠯᠡᠭᠡ ᠪᠠ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠬᠤᠰᠢᠭᠤ | ᠰᠢᠶᠠᠨ ︵ᠬᠤᠲᠠ᠂ ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠦᠴᠢᠷ ᠤᠨ ᠲᠤᠰ ᠭᠠᠵᠠᠷ ᠣᠷᠣᠨ ᠤ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢᠶᠠᠨ ᠰᠠᠶᠢᠲᠤᠷ ᠬᠢᠬᠦ ᠶᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃ ᠬᠤᠰᠢᠭᠤ ᠰᠢᠶᠠᠨ ︵ | ᠬᠤᠲᠠ᠂ ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ | ᠬᠠᠷᠢᠶᠠᠲᠤ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠬᠠᠷᠢᠶ᠎ᠠ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠤᠰ ᠭᠠᠵᠠᠷ ᠣᠷᠣᠨ ᠤ ᠰᠤᠷᠭᠠᠭᠤᠯᠢ ᠶᠢᠨ ᠬᠤᠭᠤᠯᠠᠨ | ᠭᠡᠷ᠂ ︽ᠰᠤᠷᠤᠬᠴᠢ ᠳᠤ ᠵᠤᠷᠢᠭᠤᠯᠤᠬᠰᠠᠨ ᠠᠮᠠᠷᠠᠵᠦ ᠬᠤᠭᠤᠯᠠᠯᠠᠬᠤ ᠭᠠᠵᠠᠷ︾᠂ ᠪᠠᠷᠢᠯᠭ᠎ᠠ ᠶᠢᠨ ᠭᠠᠵᠠᠷ ᠤᠨ | ᠬᠤᠭᠤᠯᠠᠨ ᠭᠡᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠢᠳᠡᠭᠡᠨ ᠤᠮᠳᠠᠭᠠᠨ ᠪᠠ ᠮᠠᠯᠵᠢᠬᠤ ᠲᠠᠷᠢᠶᠠᠯᠠᠬᠤ | ᠣᠷᠣᠨ ᠤ ᠨᠡᠶᠢᠲᠡ ᠶᠢᠨ ᠪᠤᠳᠠᠭᠠᠯᠠᠬᠤ ᠲᠠᠯᠠᠪᠤᠷ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠢ ᠰᠠᠶᠢᠲᠤᠷ ᠬᠢᠬᠦ ᠶᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃ ᠬᠠᠷᠢᠭᠤᠴᠠᠯᠭ᠎ᠠ ᠶᠢᠨ ᠲᠣᠭᠤᠷᠢᠭ | ᠬᠤᠪᠢᠶᠠᠷᠢᠯᠠᠬᠤ᠂ ᠬᠠᠷᠢᠭᠤᠴᠠᠯᠭᠠᠲᠠᠨ ᠢ ᠳᠤᠲᠤᠷᠠᠬᠠᠶᠢᠯᠠᠬᠤ᠂ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ | ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠢᠳᠡᠭᠡᠨ ᠤᠮᠳᠠᠭᠠᠨ ᠤ | ᠦᠢᠯᠡᠴᠢᠯᠡᠭᠡ ᠪᠠ ᠢᠳᠡᠭᠡᠨ ᠤ ᠠᠮᠦᠷ ᠲᠥᠪᠰᠢᠨ ᠢ ᠬᠢᠨᠠᠨ ᠬᠠᠮᠢᠶᠠᠷᠤᠨ᠎ᠠ᠃ ᠭᠠᠴᠠᠭ᠎ᠠ ᠲᠤᠰᠬᠤᠨ ᠪᠠ ᠬᠤᠲᠠ | ᠪᠠᠯᠭᠠᠰᠤ ᠨᠡᠶᠢᠭᠡᠮ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠠᠯᠠᠬᠤ | ᠬᠠᠮᠢᠶᠠᠷᠤᠭᠴᠢ ᠨᠢ ᠲᠤᠰᠠᠯᠠᠨ ᠬᠠᠤᠯᠢ ᠬᠡᠷᠡᠭᠵᠢᠭᠦᠯᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠮᠡᠳᠡᠭᠡ ᠵᠠᠩᠭᠢ | ᠮᠡᠳᠡᠭᠦᠯᠬᠦ᠂ ᠤᠬᠠᠭᠤᠯᠤᠨ ᠬᠦᠲᠦᠯᠦᠨ ᠵᠢᠯᠣᠭᠤᠳᠬᠤ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠭᠤᠷᠪᠠ︶ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠡᠭᠦᠷᠭᠡ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠦᠷ | ᠲᠥᠪᠰᠢᠨ ᠢ ᠬᠠᠮᠢᠶᠠᠷᠬᠤ᠂ ᠲᠣᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠦᠷ ᠲᠥᠪᠰᠢᠨ ᠢ ᠬᠠᠮᠢᠶᠠᠷᠬᠤ᠂ | ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠦᠷ ᠲᠥᠪᠰᠢᠨ ᠢ ᠬᠠᠮᠢᠶᠠᠷᠬᠤ︾ ᠱᠠᠭᠠᠷᠳᠠᠯᠭ᠎ᠠ ᠶᠢ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠢᠳᠡᠭᠡᠨ ᠤ ᠠᠮᠦᠷ ᠲᠥᠪᠰᠢᠨ ᠤ ᠬᠠᠤᠯᠢ︾ ᠶᠢᠨ ︽ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠦᠴᠢᠷ | ᠣᠶᠢᠯᠠᠭᠠᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠤᠰᠤᠭᠠᠷ᠂ ᠬᠠᠤᠯᠢ ᠶᠤᠰᠤᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ | ᠬᠠᠷᠢᠭᠤᠴᠠᠯᠭ᠎ᠠ ᠪᠠᠨ ᠡᠭᠦᠷᠭᠡᠯᠡᠬᠦ︾ ᠬᠤᠯᠪᠣᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠰᠤᠷᠭᠠᠨ ᠬᠦᠮᠦᠵᠢᠯ᠂ | ᠠᠷᠠᠳ ᠤᠨ ᠶᠠᠪᠤᠳᠠᠯ᠂ ᠬᠤᠲᠠ ᠬᠦᠳᠡᠭᠡ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ | ᠲᠡᠭᠡᠭᠡᠪᠦᠷᠢ᠂ ᠵᠢᠭᠤᠯᠴᠢᠯᠠᠯ᠂ ᠬᠢᠨᠳᠠᠨ ᠤ ᠬᠠᠮᠢᠶᠠᠷᠤᠯᠲᠠ ᠵᠡᠷᠭᠡ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠤᠳ ᠲᠤᠰ ᠠᠵᠢᠯ ᠲᠦᠷᠦᠯ ᠤᠨ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠳᠤ | ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠬᠠᠮᠲᠦᠪᠡᠷ ︽ᠢᠳᠡᠭᠡᠨ ᠤ ᠠᠮᠦᠷ ᠲᠥᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠬᠠᠮᠲᠤᠷᠠᠯᠴᠠᠬᠤ ᠬᠡᠯᠡᠯᠴᠡᠭᠡᠷ ᠤᠨ ᠪᠢᠴᠢᠭ︾ ᠢ ᠰᠠᠶᠢᠲᠤᠷ ᠨᠠᠶᠢᠳᠠᠪᠤᠷᠢᠵᠢᠭᠤᠯᠵᠤ᠂ | ᠨᠢᠭᠲᠠ ᠬᠠᠮᠵᠢᠯᠴᠠᠭᠰᠠᠨ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠪᠣᠢ ᠪᠣᠯᠭᠠᠨ᠎ᠠ᠃ ᠲᠤᠰᠬᠠᠢ ᠪᠠᠶᠢᠭᠤᠯᠤᠮᠵᠢ ᠪᠠ | ᠠᠵᠢᠯᠲᠠᠨ ᠢ ᠲᠤᠳᠤᠷᠬᠠᠶᠢᠯᠠᠨ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠬᠠᠮᠢᠶᠠᠷᠤᠯᠲᠠ ᠶᠢᠨ | ᠠᠵᠢᠯ ᠢ ᠬᠠᠷᠢᠭᠤᠴᠠᠭᠤᠯᠤᠨ᠎ᠠ︔ ᠢᠳᠡᠭᠡᠨ ᠤ ᠠᠮᠦᠷ ᠲᠥᠪᠰᠢᠨ ᠢ ᠵᠢᠯ ᠤᠨ ᠰᠡᠭᠦᠯᠴᠢ ᠶᠢᠨ ᠪᠤᠳᠠᠳᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ ᠣᠷᠤᠭᠤᠯᠵᠤ᠂ ᠠᠵᠢᠯ ᠲᠦᠷᠦᠯ ᠤᠨ ᠲᠤᠳᠤᠭᠠᠲᠤ ᠳᠤ | ᠳᠡᠰ ᠳᠡᠰ ᠢᠶᠠᠷ ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ ᠶᠢᠨ ᠪᠢᠴᠢᠭ ᠢ ᠲᠣᠭᠲᠠᠨ᠂ ᠨᠢᠭᠡ ᠱᠠᠲᠤ ᠨᠢᠭᠡ | ᠱᠠᠲᠤ ᠪᠠᠷ ᠠᠳᠬᠤᠵᠤ᠂ ᠳᠡᠰ ᠳᠡᠰ ᠢᠶᠠᠷ ᠨᠠᠶᠢᠳᠠᠪᠤᠷᠢᠵᠢᠭᠤᠯᠬᠤ ᠶᠢ ᠠᠳᠬᠤᠨ᠎ᠠ᠃ ᠰᠤᠷᠭᠠᠨ ᠬᠦᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠨᠢ ᠢᠳᠡᠭᠡᠨ ᠤ ᠠᠮᠦᠷ ᠲᠥᠪᠰᠢᠨ ᠢ ᠴᠢᠬᠤᠯᠠᠴᠢᠯᠠᠭᠰᠠᠨ ᠦᠭᠡᠢ᠂ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ᠂ ᠢᠳᠡᠭᠡᠨ ᠤ ᠠᠮᠦᠷ | ᠲᠥᠪᠰᠢᠨ ᠤ ᠠᠳᠡᠯ ᠭᠠᠷᠭᠠᠬᠰᠠᠨ ᠰᠤᠷᠭᠠᠭᠤᠯᠢ ᠶᠢ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ | ᠰᠤᠷᠭᠠᠭᠤᠯᠢ ᠶᠢᠨ ᠬᠤᠭᠤᠯᠠᠨ ᠳᠤ ᠬᠤᠣᠷᠳᠠᠬᠳᠠᠬᠰᠠᠨ ᠠᠳᠡᠯ ᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ | ᠨᠡᠬᠡᠮᠵᠢᠯᠡᠬᠦ ᠲᠣᠭᠲᠠᠭᠠᠯ ︵ᠲᠣᠷᠰᠢᠨ ᠬᠡᠷᠡᠭᠵᠢᠭᠦᠯᠬᠦ︶︾ ᠢ ᠦᠨᠳᠦᠰᠦᠯᠡᠨ᠂ ᠰᠤᠷᠭᠠᠭᠤᠯᠢ ᠶᠢᠨ ᠤᠳᠤᠷᠢᠳᠤᠯᠭ᠎ᠠ | ᠪᠣᠯᠣᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ᠡᠯ᠎ᠡ ᠱᠠᠲᠤᠨ ᠤ | ᠠᠷᠠᠳ ᠤᠨ ᠶᠠᠪᠤᠳᠠᠯ᠂ ᠬᠢᠨᠳᠠᠨ ᠤ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠦᠴᠢᠷ ᠨᠢ | ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠤᠰᠣᠭᠠᠷ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠬᠤᠭᠤᠯᠠᠨ ᠭᠡᠷ᠂ ᠬᠢᠨᠳᠠᠨ ᠤ ᠬᠤᠭᠤᠯᠠᠨ ᠭᠡᠷ᠂ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠠᠬᠢ ᠢᠳᠡᠭᠡᠨ | ᠤᠮᠳᠠᠭᠠᠨ ᠤ ᠠᠵᠤ ᠠᠬᠤᠶᠢᠯᠠᠯ ᠵᠡᠷᠭᠡ ᠳᠤ ᠢᠳᠡᠭᠡᠨ ᠤ ᠠᠮᠦᠷ ᠲᠥᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ | ᠬᠢᠨ᠎ᠡ᠃ | ︵ᠳᠥᠷᠪᠡ︶ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ | ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠠᠮᠢᠳᠤᠷᠠᠯ ᠤᠨ ᠤᠤᠭᠤᠬᠤ ᠤᠰᠤᠨ ᠤ ᠬᠢᠨᠠᠯᠲᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠦᠢᠯᠡᠰ ᠤᠨ ᠠᠮᠢᠳᠤᠷᠠᠯ ᠤᠨ | ᠤᠤᠭᠤᠬᠤ ᠤᠰᠤ ᠶᠢ ᠪᠠᠶᠢᠴᠠᠭᠠᠬᠤ ᠪᠠ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠬᠠᠤᠯᠢ | ᠶᠤᠰᠤᠭᠠᠷ ᠴᠢᠩᠭᠠᠳᠬᠠᠨ᠎ᠠ᠃ ᠢᠳᠡᠭᠡᠨ ᠤ ᠠᠮᠦᠷ ᠲᠥᠪᠰᠢᠨ ᠤ ᠠᠳᠡᠯ ᠭᠠᠷᠤᠭᠰᠠᠨ ᠤ ᠳᠠᠷᠠᠭ᠎ᠠ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠲᠠᠬᠤᠯ ᠡᠪᠡᠳᠴᠢᠨ ᠤ ᠪᠠᠶᠢᠴᠠᠭᠠᠯᠲᠠ ᠶᠢᠨ | ᠠᠵᠢᠯ ᠢ ᠰᠠᠶᠢᠲᠤᠷ ᠬᠢᠬᠦ ᠶᠢ ᠬᠠᠷᠢᠭᠤᠴᠠᠬᠤ ᠶᠢᠨ ᠬᠠᠮᠲᠤ᠂ ᠴᠠᠭ ᠲᠣᠬᠠᠢ ᠳᠤᠨᠢ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠲᠠᠬᠤᠯ ᠡᠪᠡᠳᠴᠢᠨ ᠤ ᠮᠡᠷᠭᠡᠵᠢᠯ ᠤᠨ | ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠩᠭᠠᠨ᠎ᠠ᠃ | ︵ᠲᠠᠪᠤ︶ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠰᠤᠷᠭᠠᠨ ᠬᠦᠮᠦᠵᠢᠯ᠂ ᠠᠷᠠᠳ ᠤᠨ ᠶᠠᠪᠤᠳᠠᠯ ᠵᠡᠷᠭᠡ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠤᠳ ᠢᠳᠡᠭᠡᠨ ᠤᠮᠳᠠᠭᠠᠨ ᠡᠵᠡᠩᠨᠡᠭᠴᠢ ᠶᠢ ᠰᠢᠮᠳᠠᠭᠤᠯᠤᠨ ᠬᠠᠤᠯᠢ ᠴᠠᠭᠠᠵᠠ ᠶᠢ ᠵᠢᠷᠤᠮᠯᠠᠬᠤ ᠦᠵᠡᠯ | ᠤᠬᠠᠮᠰᠠᠷ ᠪᠠ ᠦᠨᠡᠨᠴᠢ ᠢᠳᠡᠭᠡᠮᠵᠢ ᠶᠢᠨ ᠦᠵᠡᠯ ᠤᠬᠠᠮᠰᠠᠷ ᠢ ᠨᠢ ᠦᠨᠡᠨᠬᠦ ᠳᠡᠭᠡᠭᠰᠢᠯᠡᠭᠦᠯᠵᠦ᠂ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠣᠭᠲᠠᠭᠠᠯ ᠢ ᠵᠢᠷᠤᠮᠯᠡᠨ᠂ ᠢᠳᠡᠭᠡᠨ ᠤ ᠠᠮᠦᠷ | ᠲᠥᠪᠰᠢᠨ ᠤ ᠲᠤᠰᠬᠠᠢ ᠲᠤᠰᠢᠶᠠᠯ ᠪᠣᠶᠣ ᠬᠠᠪᠰᠤᠷᠭᠠᠭᠰᠠᠨ ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠵᠤ᠂ | ᠪᠠᠷᠠᠭ᠎ᠠ ᠣᠷᠤᠭᠤᠯᠬᠤ ᠶᠢ ᠪᠠᠶᠢᠴᠠᠭᠠᠨ ᠰᠢᠯᠭᠠᠬᠤ᠂ ᠦᠨᠡᠮᠯᠡᠯ ᠦᠵᠡᠵᠦ ᠫᠢᠶᠤᠤ ᠪᠠᠶᠢᠴᠠᠭᠠᠬᠤ᠂ ᠥᠷᠯᠦᠭᠡ ᠶᠢᠨ | ᠪᠠᠶᠢᠴᠠᠭᠠᠯᠲᠠ ᠵᠡᠷᠭᠡ ᠡᠯ᠎ᠡ ᠵᠦᠢᠯ ᠤᠨ ᠢᠳᠡᠭᠡᠨ ᠤ ᠠᠮᠦᠷ ᠲᠥᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠠᠵᠢᠯ ᠡᠷᠬᠢᠯᠡᠭᠰᠡᠳ ᠤᠨ ᠠᠵᠢᠯ ᠤᠨ ᠪᠠᠶᠢᠷᠢ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠦᠬᠦ ᠠᠵᠢᠯᠲᠠᠨ᠂ ᠪᠦᠬᠦ ᠶᠠᠪᠤᠴᠠ ᠳᠠᠬᠢ ᠢᠳᠡᠭᠡᠨ ᠤ ᠠᠮᠦᠷ | ᠲᠥᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠦᠷ ᠲᠥᠪᠰᠢᠨ ᠤ ᠬᠠᠮᠢᠶᠠᠷᠤᠯᠲᠠ ᠶᠢᠨ ᠴᠢᠳᠠᠪᠤᠷᠢ | ᠪᠣᠯᠣᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠢᠳᠡᠭᠡᠨ ᠤ ᠠᠮᠦᠷ ᠲᠥᠪᠰᠢᠨ ᠤ ᠴᠢᠬᠤᠯᠠ ᠪᠦᠬᠦᠢ | ᠣᠷᠤᠭᠤᠯᠤᠯᠲᠠ ᠶᠢ ᠪᠠᠲᠤᠯᠠᠵᠤ᠂ ᠢᠳᠡᠭᠡᠨ ᠤ ᠠᠮᠦᠷ ᠲᠥᠪᠰᠢᠨ ᠤ ᠪᠠᠲᠤᠯᠠᠭ᠎ᠠ ᠶᠢᠨ ᠨᠦᠬᠦᠴᠡᠯ ᠢ ᠲᠠᠰᠤᠷᠠᠯᠲᠠ | ᠦᠭᠡᠢ ᠰᠠᠶᠢᠵᠢᠷᠠᠭᠤᠯᠤᠨ᠂ ᠢᠳᠡᠭᠡᠨ ᠤ ᠠᠵᠢᠯ ᠡᠷᠬᠢᠯᠡᠭᠰᠡᠳ ᠢ ᠵᠢᠯ ᠪᠦᠷᠢ 40 ᠴᠠᠭ ᠠᠴᠠ ᠳᠤᠲᠠᠭᠤ ᠪᠠᠶᠢᠯᠭᠠᠬᠤ | ᠦᠭᠡᠢ ᠪᠣᠯᠪᠠᠰᠤᠷᠠᠭᠤᠯᠤᠯ ᠬᠦᠷᠲᠡᠭᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠢᠳᠡᠭᠡᠨ ᠤ ᠠᠮᠦᠷ ᠲᠥᠪᠰᠢᠨ ᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠭᠡᠨ᠎ᠡ᠃ ᠢᠳᠡᠭᠡᠨ ᠤ ᠠᠮᠦᠷ ᠲᠥᠪᠰᠢᠨ ᠤ ᠠᠰᠠᠭᠤᠳᠠᠯ ᠠᠴᠠ | ᠪᠣᠯᠵᠤ ᠪᠤᠰᠤᠳ ᠬᠦᠮᠦᠨ ᠤ ᠪᠡᠶ᠎ᠡ᠂ ᠡᠳ᠋ ᠬᠦᠷᠦᠩᠭᠡ ᠳᠤ ᠪᠤᠶᠤ ᠪᠤᠰᠤᠳ ᠬᠤᠬᠢᠷᠠᠯ ᠢ ᠪᠣᠢ ᠪᠣᠯᠭᠠᠭᠰᠠᠨ ᠪᠠᠶᠢᠪᠠᠯ᠂ | ᠡᠷᠬᠡᠪᠰᠢ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ | ᠭᠤᠷᠪᠠ᠂ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ | ︵ᠨᠢᠭᠡ︶ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ | 1. ᠰᠤᠷᠭᠠᠨ ᠬᠦᠮᠦᠵᠢᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠣᠯᠣᠨ ᠡᠷᠬᠡ ᠮᠡᠳᠡᠯ ᠢᠶᠠᠨ ᠦᠨᠳᠦᠰᠦᠯᠡᠨ᠂ ᠬᠠᠷᠢᠶᠠᠲᠤ | ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠯᠤᠭ᠎ᠠ ᠢᠳᠡᠭᠡᠨ ᠤ ᠠᠮᠦᠷ ᠲᠥᠪᠰᠢᠨ ᠤ | ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠰᠤᠷᠭᠠᠭᠤᠯᠢ ᠶᠢ ᠰᠢᠮᠳᠠᠭᠤᠯᠤᠨ ᠬᠠᠤᠯᠢ ᠪᠠᠷ ᠲᠣᠭᠲᠠᠭᠠᠭᠰᠠᠨ | ᠡᠭᠦᠷᠭᠡ ᠪᠠᠨ ᠭᠦᠢᠴᠡᠳᠭᠡᠨ᠂ ᠢᠳᠡᠭᠡᠨ ᠤ ᠠᠮᠦᠷ ᠲᠥᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ | ᠠᠩᠬᠠᠨ ᠤ ᠬᠠᠷᠢᠭᠤᠴᠠᠯᠭ᠎ᠠ ᠡᠭᠦᠷᠭᠡᠯᠡᠬᠦ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ | ᠳᠠᠷᠤᠭ᠎ᠠ ᠨᠢ ᠨᠢᠭᠡᠳᠦᠭᠡᠷ ᠬᠠᠷᠢᠭᠤᠴᠠᠯᠭᠠᠲᠠᠨ ᠪᠣᠯᠬᠤ ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠤᠨ᠎ᠠ᠃ ᠰᠤᠷᠭᠠᠭᠤᠯᠢ ᠶᠢ | ᠰᠢᠮᠳᠠᠭᠤᠯᠤᠨ ᠢᠳᠡᠭᠡᠨ ᠤ ᠠᠮᠦᠷ ᠲᠥᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠲᠣᠬᠢᠷᠠᠭᠤᠯᠵᠤ᠂ ᠢᠳᠡᠭᠡᠨ ᠤ | ᠠᠮᠦᠷ ᠲᠥᠪᠰᠢᠨ ᠤ ᠲᠤᠰᠬᠠᠢ ᠲᠤᠰᠢᠶᠠᠯᠲᠤ ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠤᠨ᠂ ᠰᠤᠷᠭᠠᠭᠤᠯᠢ ᠶᠢᠨ | ᠬᠤᠭᠤᠯᠠᠨ ᠭᠡᠷ ᠤᠨ ᠦᠨᠳᠦᠰᠦᠨ ᠢᠳᠡᠭᠡᠨ ᠤ ᠠᠮᠦᠷ ᠲᠥᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠠᠵᠢᠯ ᠤᠨ ᠪᠠᠶᠢᠷᠢ ᠨᠢᠭᠡᠪᠦᠷᠢ᠂ ᠭᠤᠭᠴᠤᠭ᠎ᠠ ᠨᠢᠭᠡᠪᠦᠷᠢ ᠶᠢᠨ | ᠠᠵᠢᠯᠯᠠᠭᠠᠨ ᠤ ᠵᠢᠷᠤᠮᠵᠢᠯ ᠪᠣᠯᠣᠨ ᠠᠵᠢᠯ ᠡᠷᠬᠢᠯᠡᠭᠰᠡᠳ ᠤᠨ ᠬᠠᠷᠢᠭᠤᠴᠠᠯᠭ᠎ᠠ ᠶᠢ ᠲᠤᠳᠤᠷᠬᠠᠶᠢᠯᠠᠨ᠂ ᠢᠳᠡᠭᠡᠨ ᠤ | ᠲᠥᠭᠦᠬᠡᠢ ᠮᠠᠲ᠋ᠧᠷᠢᠶᠠᠯ ᠤᠨ ᠪᠠᠷᠠᠭ᠎ᠠ ᠣᠷᠤᠭᠤᠯᠬᠤ ᠪᠣᠭᠤᠮᠲᠠ᠂ ᠬᠠᠳᠠᠭᠠᠯᠠᠬᠤ ᠪᠤᠭᠤᠮᠲᠠ᠂ ᠢᠳᠡᠭᠡᠨ ᠤᠮᠳᠠᠭᠠᠨ ᠤ | ᠵᠦᠢᠯᠡᠰ ᠢ ᠡᠳ᠋ᠰᠢᠭᠦᠯᠬᠦ ᠪᠤᠭᠤᠮᠲᠠ ᠪᠠ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠨ ᠠᠷᠢᠭᠤᠳᠬᠠᠬᠤ ᠪᠤᠭᠤᠮᠲᠠ᠂ | ᠠᠵᠢᠯᠲᠠᠨ ᠤ ᠡᠷᠡᠭᠦᠯ ᠮᠡᠨᠳᠦ ᠶᠢᠨ ᠪᠤᠭᠤᠮᠲᠠ ᠶᠢ ᠴᠢᠩᠭ᠎ᠠ ᠡᠵᠡᠮᠳᠡᠨ᠎ᠡ᠃ ᠰᠤᠷᠭᠠᠭᠤᠯᠢ ᠶᠢ ᠰᠢᠮᠳᠠᠭᠤᠯᠤᠨ | ᠢᠳᠡᠭᠡᠨ ᠤ ᠲᠥᠭᠦᠬᠡᠢ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠪᠠᠷᠠᠭ᠎ᠠ | ᠬᠠᠩᠭᠠᠬᠤ ᠬᠤᠳᠠᠯᠳᠤᠭᠠᠴᠢᠨ ᠯᠤᠭ᠎ᠠ ᠶᠠᠰᠤ ᠴᠢᠨᠠᠷ ᠢ ᠪᠠᠲᠤᠯᠠᠬᠤ ᠬᠡᠯᠡᠯᠴᠡᠭᠡᠷ ᠲᠣᠭᠲᠠᠵᠤ᠂ ᠲᠣᠭᠲᠠᠭᠠᠭᠰᠠᠨ | ᠴᠢᠬ ᠲᠤ ᠬᠤᠳᠠᠯᠳᠤᠨ ᠠᠪᠬᠤ ᠶᠢ ᠬᠡᠷᠡᠭᠵᠢᠭᠦᠯᠦᠨ᠂ ᠪᠦᠷᠢᠨ ᠪᠦᠲᠦᠨ ᠦᠨᠡᠮᠯᠡᠯ ᠪᠠ ᠫᠢᠶᠤᠤ ᠠᠪᠬᠤ ᠳᠦᠷᠢᠮ ᠢ | ᠬᠡᠷᠡᠭᠵᠢᠭᠦᠯᠬᠦ ᠶᠢᠨ ᠬᠠᠮᠲᠤ᠂ ᠢᠳᠡᠭᠡᠨ ᠤ ᠲᠣᠭᠲᠠᠭᠠᠭᠰᠠᠨ ᠴᠢᠬ ᠲᠤ ᠲᠣᠬᠢᠷᠠᠭᠤᠯᠤᠨ ᠬᠦᠷᠭᠡᠬᠦ ᠨᠢᠭᠡᠴᠡ ᠳᠤ | ᠲᠥᠭᠦᠬᠡᠢ ᠮᠠᠲ᠋ᠧᠷᠢᠶᠠᠯ ᠬᠠᠩᠭᠠᠬᠤ ᠠᠮᠦᠷ ᠲᠥᠪᠰᠢᠨ ᠢ ᠪᠠᠶᠢᠴᠠᠭᠠᠨ ᠰᠢᠯᠭᠠᠬᠤ ᠶᠢ ᠴᠢᠩᠭᠠᠳᠬᠠᠵᠤ᠂ ᠠᠮᠦᠷ | ᠲᠥᠪᠰᠢᠨ ᠤ ᠲᠥᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠢ ᠠᠷᠢᠯᠭᠠᠨ᠎ᠠ᠃ ᠰᠤᠷᠭᠠᠭᠤᠯᠢ ᠶᠢᠨ ᠬᠤᠭᠤᠯᠠᠨ | ᠭᠡᠷ ᠤᠨ ᠬᠤᠣᠷ ᠬᠦᠨᠦᠭᠡᠯ ᠢ ᠵᠠᠳᠠᠯᠬᠤ ᠪᠠ ᠵᠠᠩᠬᠢᠯᠠᠭ᠎ᠠ ᠶᠢ ᠡᠵᠡᠮᠳᠡᠬᠦ ︵HACCP︶᠂ ︽ᠲᠠᠪᠤᠨ | ᠪᠠᠶᠢᠩᠭᠤ ᠶᠢᠨ ᠠᠷᠭ᠎ᠠ︾᠂ ︽ᠵᠢᠷᠭᠤᠭᠠᠨ ᠡᠳᠦᠷ ᠤᠨ ᠠᠷᠭ᠎ᠠ︾ ᠵᠡᠷᠭᠡ ᠲᠠᠷᠢᠭᠦᠨ ᠤ ᠬᠠᠮᠢᠶᠠᠷᠤᠯᠲᠠ ᠶᠢᠨ | ᠳᠦᠷᠢᠮ ᠢ ᠬᠡᠷᠡᠭᠵᠢᠭᠦᠯᠬᠦ ᠶᠢ ᠵᠣᠷᠢᠬᠵᠢᠭᠤᠯᠤᠨ ᠳᠡᠮᠵᠢᠨ᠎ᠡ᠃ | 2. ᠰᠤᠷᠭᠠᠨ ᠬᠦᠮᠦᠵᠢᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠵᠡᠷᠭᠡ ᠰᠠᠯᠠᠭ᠎ᠠ ᠮᠦᠴᠢᠷ ᠤᠳ ᠬᠠᠮᠲᠤᠷᠠᠨ ᠬᠦᠳᠡᠯᠦᠯᠴᠡᠬᠦ ᠠᠵᠢᠯ ᠤᠨ | ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠶᠢᠨ ᠬᠤᠭᠤᠯᠠᠨ ᠭᠡᠷ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ | ᠲᠣᠭᠤᠷᠢᠨ ᠤ ᠢᠳᠡᠭᠡᠨ ᠤ ᠠᠮᠦᠷ ᠲᠥᠪᠰᠢᠨ ᠤ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ︽ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ︾ ᠪᠠ ︽ᠢᠳᠡᠭᠡᠨ ᠤᠮᠳᠠᠭᠠᠨ ᠤ ᠦᠢᠯᠡᠴᠢᠯᠡᠭᠡ ᠶᠢᠨ | ᠵᠥᠪᠰᠢᠶᠡᠷᠡᠯ ᠤᠨ ᠦᠨᠡᠮᠯᠡᠯ︾ ᠣᠯᠣᠭᠠᠳᠤᠢ ᠰᠤᠷᠭᠠᠭᠤᠯᠢ ᠶᠢᠨ ᠬᠤᠭᠤᠯᠠᠨ ᠭᠡᠷ ᠤᠨ ᠬᠤᠭᠤᠯᠠ ᠬᠠᠩᠭᠠᠬᠤ ᠶᠢ | ᠴᠢᠩᠭ᠎ᠠ ᠴᠠᠭᠠᠵᠠᠯᠠᠨ᠎ᠠ᠃ ᠰᠤᠷᠭᠠᠭᠤᠯᠢ ᠡᠷᠬᠢᠯᠡᠬᠦ ᠬᠢᠷᠢ ᠭᠡᠮ ᠪᠤᠶᠤ ︽ᠢᠳᠡᠭᠡᠨ ᠤᠮᠳᠠᠭᠠᠨ ᠤ ᠦᠢᠯᠡᠴᠢᠯᠡᠭᠡ ᠶᠢᠨ | ᠵᠥᠪᠰᠢᠶᠡᠷᠡᠯ ᠤᠨ ᠦᠨᠡᠮᠯᠡᠯ︾ ᠤᠯᠤᠭᠠᠳᠤᠢ᠂ ᠨᠡᠶᠢᠲᠡ ᠶᠢᠨ ᠪᠤᠳᠠᠭᠠᠯᠠᠬᠤ ᠶᠢ ᠬᠡᠷᠡᠭᠵᠢᠭᠦᠯᠵᠦ ᠪᠠᠶᠢᠭ᠎ᠠ ᠬᠡᠦᠬᠡᠳ | ᠰᠠᠭᠠᠲᠠᠭᠤᠯᠬᠤ ᠡᠯ᠎ᠡ ᠲᠦᠷᠦᠯ ᠤᠨ ᠪᠠᠶᠢᠭᠤᠯᠤᠮᠵᠢ ᠶᠢ ᠰᠤᠷᠭᠠᠨ ᠬᠦᠮᠦᠵᠢᠯ᠂ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠪᠠᠶᠢᠳᠠᠯ ᠢ ᠴᠠᠭ ᠲᠣᠬᠠᠢ ᠳᠤᠨᠢ ᠬᠠᠷᠢᠯᠴᠠᠨ | ᠣᠶᠢᠯᠠᠭᠠᠯᠴᠠᠬᠤ ᠶᠢᠨ ᠬᠠᠮᠲᠤ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠂ | ᠨᠦᠬᠦᠴᠡᠯ ᠳᠤ ᠨᠡᠶᠢᠴᠡᠬᠦ ᠦᠭᠡᠢ ᠰᠤᠷᠭᠠᠭᠤᠯᠢ ᠡᠷᠬᠢᠯᠡᠭᠰᠡᠨ ᠪᠠᠶᠢᠭᠤᠯᠤᠮᠵᠢ ᠶᠢ ᠬᠦᠴᠦᠨ ᠦᠭᠡᠢ ᠪᠣᠯᠭᠠᠨ᠎ᠠ᠃ | ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠰᠤᠷᠭᠠᠭᠤᠯᠢ ᠡᠷᠬᠢᠯᠡᠬᠦ ᠪᠠᠶᠢᠭᠤᠯᠤᠮᠵᠢ ︵ | ᠰᠤᠷᠭᠠᠭᠤᠯᠢ ᠶᠢᠨ ᠲᠣᠭᠤᠷᠢᠭ︶ ᠶᠢ ᠰᠢᠨ᠎ᠡ ᠪᠠᠷ ᠵᠥᠪᠰᠢᠶᠡᠷᠡᠬᠦ ᠳᠡᠭᠡᠨ᠂ ᠬᠠᠮᠢᠶ᠎ᠠ ᠪᠦᠬᠦᠢ ᠮᠡᠳᠡᠭᠡ ᠵᠠᠩᠭᠢ ᠶᠢ | ᠲᠣᠬᠠᠢ ᠶᠢᠨ ᠭᠠᠵᠠᠷ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠦᠴᠢᠷ ᠲᠤ ᠴᠠᠭ ᠲᠣᠬᠠᠢ ᠳᠤᠨᠢ ᠮᠡᠳᠡᠭᠡᠯᠡᠨ᠎ᠡ᠃ | 3. ᠡᠯ᠎ᠡ ᠭᠠᠵᠠᠷ ᠣᠷᠣᠨ ᠨᠤᠭᠤᠳ ᠣᠷᠤᠭᠤᠯᠤᠯᠲᠠ ᠪᠠᠨ ᠨᠡᠮᠡᠭᠳᠡᠭᠦᠯᠵᠦ᠂ ᠰᠤᠷᠭᠠᠭᠤᠯᠢ ᠶᠢᠨ ᠠᠮᠦᠷ | ᠲᠥᠪᠰᠢᠨ ᠤ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠰᠤᠷᠭᠠᠭᠤᠯᠢ ᠶᠢᠨ ᠬᠤᠭᠤᠯᠠᠨ ᠭᠡᠷ ᠤᠨ | ᠰᠠᠭᠤᠷᠢ ᠪᠡᠯᠡᠳᠭᠡᠮᠵᠢ ᠶᠢ ᠦᠨᠡᠨᠬᠦ ᠲᠡᠭᠦᠯᠳᠡᠷᠵᠢᠭᠦᠯᠵᠦ᠂ ︽ᠠᠷᠢᠭᠤᠨ ᠴᠡᠪᠡᠷ ᠭᠠᠯ ᠲᠣᠭᠤᠭᠠᠨ ᠤ ᠦᠷᠦᠭᠡ︾ ᠶᠢᠨ | ᠢᠨᠵᠧᠨᠧᠷᠢᠩ ᠢ ᠪᠣᠢ ᠪᠣᠯᠭᠠᠨ᠂ ᠬᠤᠭᠤᠯᠠᠨ ᠭᠡᠷ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ | ᠠᠯᠬᠤᠮ ᠰᠠᠶᠢᠵᠢᠷᠠᠭᠤᠯᠵᠤ᠂ ᠰᠤᠷᠭᠠᠭᠤᠯᠢ ᠶᠢᠨ ᠬᠤᠭᠤᠯᠠᠨ ᠭᠡᠷ ᠤᠨ ᠪᠠᠶᠢᠷᠢᠰᠢᠯᠠᠭᠤᠯᠤᠯ᠂ ᠰᠠᠭᠤᠷᠢ ᠪᠡᠯᠡᠳᠭᠡᠮᠵᠢ | ᠲᠥᠭᠦᠭᠡᠷᠦᠮᠵᠢ ᠵᠢᠴᠢ ᠬᠠᠮᠢᠶᠠᠷᠤᠯᠲᠠ ᠶᠢ ᠢᠳᠡᠭᠡᠨ ᠤᠮᠳᠠᠭᠠᠨ ᠤ ᠦᠢᠯᠡᠴᠢᠯᠡᠭᠡ ᠶᠢᠨ ᠢᠳᠡᠭᠡᠨ ᠤ ᠠᠮᠦᠷ | ᠲᠥᠪᠰᠢᠨ ᠤ ᠠᠵᠢᠯᠯᠠᠭᠠᠨ ᠤ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠦᠯᠦᠨ᠂ ᠡᠵᠡᠩᠨᠡᠯᠲᠡ ᠶᠢᠨ | ᠬᠡᠪᠴᠢᠶᠡᠵᠢᠯ ᠯᠦᠭᠡ ᠵᠣᠬᠢᠴᠠᠭᠰᠠᠨ ᠢᠳᠡᠭᠡᠨ ᠤ ᠠᠮᠦᠷ ᠲᠥᠪᠰᠢᠨ ᠤ ᠲᠦᠷᠭᠡᠨ ᠪᠠᠶᠢᠴᠠᠭᠠᠬᠤ ᠲᠥᠭᠦᠭᠡᠷᠦᠮᠵᠢ ᠶᠢ | ᠲᠣᠬᠢᠷᠠᠭᠤᠯᠤᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠬᠤᠭᠤᠯᠠᠨ ᠭᠡᠷ ᠤᠨ ᠲᠦᠭᠦᠬᠡᠢ ᠪᠠ | ᠲᠤᠰᠠᠯᠠᠬᠤ ᠮᠠᠲ᠋ᠧᠷᠢᠶᠠᠯ ᠵᠡᠷᠭᠡ ᠦᠷᠭᠡᠨ ᠬᠡᠮᠵᠢᠶᠡᠨ ᠤ ᠢᠳᠡᠭᠡᠨ ᠢ ᠨᠢᠭᠡᠲᠦᠯᠲᠡᠢ ᠲᠣᠬᠢᠷᠠᠭᠤᠯᠤᠨ ᠬᠦᠷᠭᠡᠬᠦ ᠶᠢ | ᠠᠬᠢᠭᠤᠯᠵᠤ᠂ ᠲᠠᠷᠢᠶᠠᠨ ᠵᠠᠬ᠎ᠠ᠂ ᠲᠣᠭᠲᠠᠭᠰᠠᠨ ᠭᠠᠵᠠᠷ ᠲᠤ ᠮᠠᠯ ᠨᠢᠳᠤᠯᠬᠤ ᠲᠠᠯᠠᠪᠤᠷ᠂ ᠦᠢᠯᠡᠳᠪᠦᠷᠢᠯᠡᠯ ᠤᠨ ᠠᠵᠤ | ᠠᠬᠤᠶᠢᠯᠠᠯ ᠠᠴᠠ ᠰᠤᠷᠭᠠᠭᠤᠯᠢ ᠳᠤ ᠰᠢᠭᠤᠳ ᠲᠣᠬᠢᠷᠠᠭᠤᠯᠤᠨ ᠬᠦᠷᠭᠡᠬᠦ ᠠᠷᠭ᠎ᠠ ᠮᠠᠶ᠋ᠢᠭ ᠢ ᠢᠳᠡᠪᠬᠢᠲᠡᠢ | ᠵᠣᠷᠢᠬᠵᠢᠭᠤᠯᠤᠨ᠎ᠠ᠃ | 4. ᠮᠦᠨᠬᠦ ᠭᠠᠳᠠᠭᠰᠢ ᠳᠠᠭᠠᠭᠠᠴᠢᠯᠠᠭᠤᠯᠵᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠤᠨ ᠬᠤᠭᠤᠯᠠᠨ ᠭᠡᠷ ᠢ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠦᠴᠢᠷ ᠤᠳ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠯᠦᠭᠡ ᠬᠠᠮᠵᠢᠯᠴᠠᠨ ᠳᠠᠩᠰᠠᠯᠠᠨ | ᠳᠡᠪᠳᠡᠷᠯᠡᠵᠦ᠂ ᠵᠣᠬᠢᠬᠤ ᠰᠢᠯᠵᠢᠯᠲᠡ ᠶᠢᠨ ᠴᠠᠭ ᠬᠤᠭᠤᠴᠠᠭ᠎ᠠ ᠣᠯᠭᠤᠨ᠂ ᠭᠠᠳᠠᠭᠰᠢ ᠳᠠᠭᠠᠭᠠᠴᠢᠯᠠᠭᠤᠯᠬᠤ ᠶᠢ | ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠨ᠎ᠠ᠃ ᠡᠭᠦᠨ ᠤ ᠬᠠᠮᠲᠤ᠂ ᠰᠤᠷᠭᠠᠭᠤᠯᠢ ᠶᠢᠨ ᠢᠳᠡᠭᠡᠨ ᠤ ᠠᠮᠦᠷ | ᠲᠥᠪᠰᠢᠨ ᠤ ᠭᠤᠣᠯ ᠴᠤᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠶᠢ ᠱᠠᠭᠠᠷᠳᠠᠵᠤ᠂ | ᠳᠠᠭᠠᠭᠠᠴᠢᠯᠠᠬᠤ ᠪᠠᠷ ᠬᠠᠮᠢᠶᠠᠷᠬᠤ ᠶᠢ ᠣᠷᠤᠯᠠᠬᠤ ᠶᠢ ᠡᠷᠡᠰ ᠲᠡᠪᠴᠢᠨ᠎ᠡ᠃ ᠪᠦᠬᠦ ᠣᠷᠣᠨ ᠤ ᠡᠯ᠎ᠡ ᠱᠠᠲᠤᠨ ᠤ ᠡᠯ᠎ᠡ | ᠲᠦᠷᠦᠯ ᠤᠨ ᠶᠡᠭᠡ ᠰᠤᠷᠭᠠᠭᠤᠯᠢ ᠪᠤᠯᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠭᠠᠳᠠᠭᠰᠢ | ᠳᠠᠭᠠᠭᠠᠴᠢᠯᠠᠭᠤᠯᠵᠤ ᠪᠠᠶᠢᠭ᠎ᠠ ᠬᠤᠭᠤᠯᠠᠨ ᠭᠡᠷ ᠲᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠦᠴᠢᠷ ᠤᠳ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠯᠦᠭᠡ ᠬᠠᠮᠵᠢᠯᠴᠠᠨ ᠬᠠᠮᠢᠶ᠎ᠠ | ᠪᠦᠬᠦᠢ ᠳᠦᠷᠢᠮ ᠢ ᠲᠣᠭᠲᠠᠭᠠᠵᠤ᠂ ᠨᠡᠶᠢᠭᠡᠮ ᠳᠡᠭᠡᠷᠡᠬᠢ ᠬᠡᠮᠵᠢᠶᠡᠯᠡᠨ ᠱᠠᠲᠤ ᠬᠤᠪᠢᠶᠠᠨ ᠬᠠᠮᠢᠶᠠᠷᠬᠤ A ᠳᠡᠰ ᠤᠨ | ᠬᠢᠷᠢ ᠭᠡᠮ ᠲᠠᠢ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠶᠢ ᠰᠤᠩᠭᠤᠨ ᠰᠤᠷᠭᠠᠭᠤᠯᠢ ᠶᠢᠨ ᠬᠤᠭᠤᠯᠠᠨ | ᠭᠡᠷ ᠢ ᠳᠠᠭᠠᠭᠠᠴᠢᠯᠠᠭᠤᠯᠤᠨ᠂ ᠳᠣᠣᠷ᠎ᠠ ᠬᠢᠷᠢ ᠬᠡᠮᠵᠢᠶ᠎ᠡ ᠪᠠᠷ ᠭᠠᠳᠠᠭᠰᠢ ᠳᠠᠭᠠᠭᠠᠴᠢᠯᠠᠭᠤᠯᠬᠤ ᠠᠰᠠᠭᠤᠳᠠᠯ ᠢ ᠠᠯᠬᠤᠮ | ᠠᠯᠬᠤᠮ ᠢᠶᠠᠷ ᠰᠢᠢᠳᠪᠦᠷᠢᠯᠡᠨ᠎ᠡ᠃ | 5. ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ | ᠰᠤᠷᠭᠠᠭᠤᠯᠢ ᠶᠢᠨ ᠠᠮᠢᠳᠤᠷᠠᠯ ᠤᠨ ᠤᠤᠭᠤᠬᠤ ᠤᠰᠤᠨ ᠤ ᠤᠰᠤᠨ ᠤ ᠴᠢᠨᠠᠷ ᠢ ᠬᠢᠨᠠᠨ ᠰᠢᠯᠭᠠᠬᠤ ᠠᠵᠢᠯ ᠢ | ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠵᠦ᠂ ᠤᠰᠤᠨ ᠤ ᠴᠢᠨᠠᠷ ᠢ ᠬᠢᠨᠠᠨ ᠰᠢᠯᠭᠠᠭᠠᠳ ᠬᠢᠷᠢ ᠲᠡᠩᠴᠡᠭᠰᠡᠨ | ᠦᠭᠡᠢ ᠰᠤᠷᠭᠠᠭᠤᠯᠢ ᠳᠤ ᠰᠤᠷᠭᠠᠭᠤᠯᠢ ᠪᠠ ᠲᠣᠬᠠᠢ ᠶᠢᠨ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠲᠤ ᠬᠠᠤᠯᠢ ᠶᠤᠰᠤᠭᠠᠷ ᠮᠡᠳᠡᠭᠳᠡᠨ᠂ ᠲᠣᠬᠠᠢ ᠶᠢᠨ ᠭᠠᠵᠠᠷ ᠤᠨ ᠰᠤᠷᠭᠠᠨ ᠬᠦᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠠᠴᠠ ᠰᠢᠮᠳᠠᠭᠤᠯᠤᠨ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠵᠤ᠂ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠮᠦᠷᠳᠡᠨ ᠳᠠᠬᠢᠨ ᠪᠠᠶᠢᠴᠠᠭᠠᠵᠤ᠂ | ᠰᠤᠷᠭᠠᠭᠤᠯᠢ ᠶᠢᠨ ᠠᠮᠢᠳᠤᠷᠠᠯ ᠤᠨ ᠤᠤᠭᠤᠬᠤ ᠤᠰᠤᠨ ᠤ ᠠᠮᠦᠷ ᠲᠥᠪᠰᠢᠨ ᠢ ᠦᠨᠡᠨᠬᠦ ᠪᠠᠲᠤᠯᠠᠨ᠎ᠠ᠃ | 6. ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠠᠮᠦᠷ ᠲᠥᠪᠰᠢᠨ ᠤ | ᠲᠥᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠨᠢᠭᠦᠯᠦᠨ᠎ᠡ᠃ ᠰᠤᠷᠭᠠᠭᠤᠯᠢ ᠶᠢᠨ | ᠬᠤᠭᠤᠯᠠᠨ ᠭᠡᠷ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠬᠡᠮᠵᠢᠶᠡᠯᠡᠨ ᠱᠠᠲᠤ ᠬᠤᠪᠢᠶᠠᠨ | ᠬᠠᠮᠢᠶᠠᠷᠬᠤ ᠪᠠ ᠳᠡᠰ ᠢ ᠨᠢ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠱᠠᠲᠤ ᠲᠦᠷᠦᠯ | ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠣᠬᠠᠶᠢᠯᠠᠭᠰᠠᠨ | ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠢ ᠰᠠᠶᠢᠲᠤᠷ ᠠᠳᠬᠤᠵᠤ᠂ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠨ ᠬᠠᠮᠢᠶᠠᠷᠤᠯᠲᠠ ᠶᠢᠨ ᠠᠵᠢᠯᠲᠠᠨ ᠵᠢᠴᠢ ᠠᠵᠢᠯ ᠡᠷᠬᠢᠯᠡᠭᠰᠡᠳ ᠤᠨ | ᠲᠣᠬᠠᠶᠢᠯᠠᠭᠰᠠᠨ ᠠᠵᠢᠯ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ︽ᠰᠤᠷᠤᠬᠴᠢ ᠳᠤ ᠵᠤᠷᠢᠭᠤᠯᠤᠬᠰᠠᠨ ᠠᠮᠠᠷᠠᠵᠦ ᠬᠤᠭᠤᠯᠠᠯᠠᠬᠤ ᠭᠠᠵᠠᠷ︾ ᠤᠨ ᠢᠳᠡᠭᠡᠨ ᠤ | ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | 1. ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠶᠤᠰᠤᠭᠠᠷ᠂ ᠰᠤᠷᠭᠠᠭᠤᠯᠢ ᠵᠡᠷᠭᠡ ᠰᠠᠯᠠᠭ᠎ᠠ ᠮᠦᠴᠢᠷ᠂ ᠨᠢᠭᠡᠴᠡ ᠶᠢ ᠵᠣᠬᠢᠶᠠᠨ ᠪᠠᠶᠢᠭᠤᠯᠤᠨ | ᠬᠠᠷᠢᠶᠠᠲᠤ ᠣᠷᠣᠨ ᠤ ᠳᠤᠲᠤᠷᠠᠬᠢ ︽ᠰᠤᠷᠤᠬᠴᠢ ᠳᠤ ᠵᠤᠷᠢᠭᠤᠯᠤᠬᠰᠠᠨ ᠠᠮᠠᠷᠠᠵᠦ ᠬᠤᠭᠤᠯᠠᠯᠠᠬᠤ ᠭᠠᠵᠠᠷ︾ ᠢ ᠪᠦᠬᠦ | ᠲᠠᠯ᠎ᠠ ᠪᠠᠷ ᠪᠠᠶᠢᠴᠠᠭᠠᠵᠤ᠂ ᠴᠤᠬᠤᠮ ᠪᠠᠶᠢᠳᠠᠯ ᠢ ᠲᠤᠳᠣᠷᠬᠠᠢ ᠣᠶᠢᠯᠭᠠᠨ᠂ ᠳᠠᠩᠰᠠᠯᠠᠨ ᠳᠡᠪᠲᠡᠷᠯᠡᠵᠦ᠂ ᠲᠣᠬᠠᠢ ᠶᠢᠨ | ᠭᠠᠵᠠᠷ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ | ᠦᠨᠳᠦᠰᠦᠨ ᠮᠡᠳᠡᠭᠡ ᠵᠠᠩᠭᠢ ᠶᠢ ᠬᠠᠩᠭᠠᠨ᠎ᠠ᠃ ᠰᠤᠷᠤᠯᠭ᠎ᠠ ᠶᠢᠨ ᠬᠤᠭᠤᠴᠠᠭ᠎ᠠ ᠪᠦᠷᠢ ᠡᠬᠢᠯᠡᠬᠦ ᠠᠴᠠ ᠡᠮᠦᠨ᠎ᠡ᠂ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠲᠡᠮᠲᠡᠭᠯᠡᠨ ᠪᠦᠷᠢᠳᠭᠡᠨ | ᠳᠠᠩᠰᠠᠯᠠᠭᠰᠠᠨ ︽ᠰᠤᠷᠤᠬᠴᠢ ᠳᠤ ᠵᠤᠷᠢᠭᠤᠯᠤᠬᠰᠠᠨ ᠠᠮᠠᠷᠠᠵᠦ ᠬᠤᠭᠤᠯᠠᠯᠠᠬᠤ ᠭᠠᠵᠠᠷ︾ ᠤᠨ ᠨᠡᠷᠡᠰ ᠵᠢᠴᠢ | ᠵᠠᠭᠠᠯᠳᠤᠨ ᠢᠯᠡᠴᠢᠯᠡᠬᠦ ᠤᠲᠠᠰᠤ ᠶᠢ ᠠᠳᠠᠯᠢ ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠲᠤ ᠮᠡᠳᠡᠭᠡᠯᠡᠵᠦ᠂ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠤᠷᠭᠠᠭᠤᠯᠢ ᠶᠢ | ᠵᠣᠬᠢᠶᠠᠨ ᠪᠠᠶᠢᠭᠤᠯᠤᠨ ᠨᠡᠶᠢᠭᠡᠮ ᠨᠡᠶᠢᠲᠡ ᠳᠤ ᠵᠠᠷᠯᠠᠨ᠂ ᠰᠤᠷᠤᠭᠴᠢ ᠶᠢᠨ ᠭᠡᠷ ᠤᠨ ᠠᠬᠠᠮᠠᠳ ᠤᠨ ᠰᠤᠩᠭᠤᠬᠤ ᠳᠤ | ᠳᠦᠭᠦᠮ ᠦᠵᠡᠭᠦᠯᠦᠨ᠎ᠡ᠃ ᠰᠤᠷᠭᠠᠨ ᠬᠦᠮᠦᠵᠢᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ | ᠵᠡᠷᠭᠡ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ︽ᠰᠤᠷᠤᠬᠴᠢ ᠳᠤ | ᠵᠤᠷᠢᠭᠤᠯᠤᠬᠰᠠᠨ ᠠᠮᠠᠷᠠᠵᠦ ᠬᠤᠭᠤᠯᠠᠯᠠᠬᠤ ᠭᠠᠵᠠᠷ︾ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ᠂ | ᠬᠠᠤᠯᠢ ᠠᠴᠠ ᠵᠦᠷᠢᠴᠡᠭᠰᠡᠨ ᠬᠡᠷᠡᠭ ᠢ ᠮᠦᠷᠳᠡᠨ ᠪᠠᠶᠢᠴᠠᠭᠠᠬᠤ ᠪᠠ ᠢᠳᠡᠭᠡᠨ ᠤ ᠠᠮᠦᠷ ᠲᠥᠪᠰᠢᠨ ᠤ ᠠᠳᠡᠯ ᠢ | ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠡ᠃ | 2. ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠣᠬᠢᠶᠠᠨ | ᠪᠠᠶᠢᠭᠤᠯᠤᠨ ᠤᠳᠤᠷᠢᠳᠴᠤ᠂ ᠨᠢᠭᠡᠨᠲᠡ ᠪᠦᠷᠢᠳᠭᠡᠨ ᠳᠠᠩᠰᠠᠯᠠᠭᠰᠠᠨ ︽ᠰᠤᠷᠤᠬᠴᠢ ᠳᠤ ᠵᠤᠷᠢᠭᠤᠯᠤᠬᠰᠠᠨ ᠠᠮᠠᠷᠠᠵᠦ | ᠬᠤᠭᠤᠯᠠᠯᠠᠬᠤ ᠭᠠᠵᠠᠷ︾ ᠢ ᠬᠢᠨᠠᠨ ᠪᠠᠶᠢᠴᠠᠭᠠᠬᠤ ᠪᠠᠨ ᠴᠢᠩᠭᠠᠳᠬᠠᠨ᠂ ︽ᠢᠳᠡᠭᠡᠨ ᠤ ᠠᠮᠦᠷ ᠲᠥᠪᠰᠢᠨ ᠤ ᠬᠠᠤᠯᠢ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠠᠭ ᠲᠣᠬᠠᠢ ᠳᠤᠨᠢ | ᠪᠠᠶᠢᠴᠠᠭᠠᠨ ᠰᠢᠢᠳᠪᠦᠷᠢᠯᠡᠵᠦ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠶᠢ | ᠦᠯᠦ ᠪᠣᠲᠠᠲᠠᠶᠢᠵᠢᠭᠤᠯᠤᠭᠰᠠᠨ ᠪᠣᠶᠣ ᠬᠤᠭᠤᠯᠠᠨ ᠤ ᠬᠤᠣᠷᠳᠠᠯᠭ᠎ᠠ ᠶᠢᠨ ᠠᠳᠡᠯ ᠡᠭᠦᠰᠦᠭᠰᠡᠨ ᠪᠠᠶᠢᠪᠠᠯ᠂ ᠬᠦᠴᠦᠨ | ᠦᠭᠡᠢ ᠪᠣᠯᠭᠠᠬᠤ ᠰᠠᠨᠠᠯ ᠤᠨ ᠪᠢᠴᠢᠭ ᠢ ᠪᠠᠭᠤᠯᠭᠠᠬᠤ ᠶᠢᠨ ᠬᠠᠮᠲᠤ᠂ 5 ᠠᠵᠢᠯ ᠤᠨ ᠡᠳᠦᠷ ᠳᠤᠲᠤᠷ᠎ᠠ ᠲᠣᠬᠠᠢ ᠶᠢᠨ | ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠪᠠ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠲᠤ ᠮᠡᠳᠡᠭᠦᠯᠵᠦ᠂ ᠵᠠᠰᠠᠭ ᠤᠨ ᠣᠷᠳᠣᠨ ᠲᠦᠷᠦᠭᠦᠯᠡᠨ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ᠂ ᠠᠵᠤ ᠦᠢᠯᠡᠳᠪᠦᠷᠢ ᠬᠤᠳᠠᠯᠳᠤᠭ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠤᠨ ᠬᠠᠤᠯᠢ ᠶᠤᠰᠤᠭᠠᠷ | ᠬᠠᠮᠲᠤᠷᠠᠨ ᠬᠦᠴᠦᠨ ᠦᠭᠡᠢ ᠪᠣᠯᠭᠠᠨ᠎ᠠ᠃ | ︵ᠭᠤᠷᠪᠠ︶ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ | 1. ᠡᠯ᠎ᠡ ᠱᠠᠲᠤᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠠᠳᠠᠯᠢ ᠱᠠᠲᠤᠨ ᠤ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠯᠦᠭᠡ ᠣᠶᠢᠯᠠᠭᠠᠯᠴᠠᠬᠤ᠂ ᠵᠣᠬᠢᠴᠠᠭᠤᠯᠬᠤ᠂ | ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠪᠠᠷᠢᠯᠭ᠎ᠠ ᠶᠢᠨ ᠭᠠᠵᠠᠷ ᠲᠤ ᠬᠤᠭᠤᠯᠠᠨ ᠭᠡᠷ ᠢ ᠦᠨᠡᠮᠯᠡᠯ ᠦᠭᠡᠢ ᠪᠠᠷ | ᠡᠷᠬᠢᠯᠡᠬᠦ ᠪᠠ ᠡᠵᠡᠩᠨᠡᠬᠦ ᠦᠵᠡᠭᠳᠡᠯ ᠲᠠᠢ ᠪᠠᠶᠢᠬᠤ ᠶᠢ ᠲᠡᠪᠴᠢᠨ᠎ᠡ᠃ ᠴᠢᠬᠤᠯᠠ ᠲᠠᠢ ᠪᠤᠯ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ ᠡᠳᠦᠷ ᠲᠤᠳᠤᠮ ᠤᠨ ᠬᠢᠨᠠᠨ | ᠪᠠᠶᠢᠴᠠᠭᠠᠬᠤ ᠪᠠ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ | ᠠᠵᠢᠯ ᠢ ᠦᠷᠨᠢᠭᠦᠯᠵᠦ᠂ ᠢᠳᠡᠭᠡᠨ ᠤ ᠠᠮᠦᠷ ᠲᠥᠪᠰᠢᠨ ᠤ ᠱᠠᠭᠠᠷᠳᠠᠯᠭ᠎ᠠ ᠲᠠᠢ ᠦᠯᠦ ᠨᠡᠶᠢᠴᠡᠬᠦ᠂ ᠦᠷᠭᠦᠯᠵᠢᠯᠡᠨ | ᠡᠵᠡᠩᠨᠡᠵᠦ ᠪᠦᠬᠦᠢ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠢ ᠬᠠᠤᠯᠢ ᠶᠤᠰᠤᠭᠠᠷ ᠵᠠᠷᠯᠢᠭᠳᠠᠵᠤ ᠪᠠᠶᠢᠭᠠᠳ | ᠠᠵᠢᠯ ᠢ ᠨᠢ ᠵᠤᠭᠰᠤᠭᠠᠨ ᠴᠡᠭᠴᠡᠯᠡᠬᠦ ᠪᠤᠶᠤ ᠬᠦᠴᠦᠨ ᠦᠭᠡᠢ ᠪᠣᠯᠭᠠᠨ᠎ᠠ᠃ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ | ᠢᠳᠡᠭᠡᠨ ᠤ ᠬᠤᠣᠷᠳᠠᠯᠭ᠎ᠠ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠰᠠᠶᠢᠲᠤᠷ ᠬᠢᠨ᠎ᠡ᠃ | 2. ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ | ᠬᠠᠮᠢᠶᠠᠷᠤᠯᠲᠠ ᠶᠢᠨ ᠠᠷᠭ᠎ᠠ︾᠂ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠬᠢᠨᠠᠨ | ᠪᠠᠶᠢᠴᠠᠭᠠᠯᠲᠠ ᠶᠢᠨ ᠵᠢᠷᠤᠮᠯᠡᠯ︾ ᠳᠤ ᠲᠣᠭᠲᠠᠭᠠᠭᠰᠠᠨ ᠵᠥᠪᠰᠢᠶᠡᠷᠡᠬᠦ ᠨᠦᠬᠦᠴᠡᠯ ᠪᠠ ᠳᠡᠰ ᠳᠠᠷᠠᠭᠠᠯᠠᠯ ᠢ ᠴᠢᠩᠭ᠎ᠠ | ᠵᠢᠷᠤᠮᠯᠡᠨ᠂ ᠬᠤᠭᠤᠯᠠᠨ ᠭᠡᠷ ᠨᠡᠭᠡᠭᠡᠨ ᠡᠷᠬᠢᠯᠡᠬᠦ ᠪᠠᠷ ᠭᠤᠶᠤᠴᠢᠯᠠᠭᠰᠠᠨ ᠪᠠᠷᠢᠯᠭ᠎ᠠ ᠶᠢᠨ ᠭᠠᠵᠠᠷ ᠲᠤ ᠪᠢᠴᠢᠭ ᠢᠶᠠᠷ | ᠬᠢᠨᠠᠨ ᠪᠠᠶᠢᠴᠠᠭᠠᠬᠤ ᠪᠠ ᠲᠣᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠨ᠎ᠠ᠂ ᠬᠠᠤᠯᠢ ᠪᠠᠷ ᠲᠣᠭᠲᠠᠭᠠᠭᠰᠠᠨ | ᠱᠠᠭᠠᠷᠳᠠᠯᠭ᠎ᠠ ᠳᠤ ᠦᠯᠦ ᠨᠡᠶᠢᠴᠡᠭᠰᠡᠳ ᠲᠤ ᠵᠥᠪᠰᠢᠶᠡᠷᠡᠯ ᠤᠨ ᠦᠨᠡᠮᠯᠡᠯ ᠣᠯᠭᠤᠬᠤ ᠦᠭᠡᠢ᠃ ︽ᠢᠳᠡᠭᠡᠨ | ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠦᠨᠡᠮᠯᠡᠯ︾ ᠢ ᠣᠯᠣᠭᠰᠠᠨ ᠪᠠᠷᠢᠯᠭ᠎ᠠ ᠶᠢᠨ ᠭᠠᠵᠠᠷ ᠤᠨ | ᠬᠤᠭᠤᠯᠠᠨ ᠭᠡᠷ ᠢ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠬᠠᠤᠯᠢ | ᠶᠤᠰᠣᠭᠠᠷ ᠴᠢᠩᠭ᠎ᠠ ᠬᠢᠨᠠᠨ ᠬᠠᠮᠢᠶᠠᠷᠤᠨ᠎ᠠ᠃ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ | ᠪᠠᠶᠢᠴᠠᠭᠠᠯᠭᠠᠭᠰᠠᠨ ᠦᠭᠡᠢ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ | ᠢᠳᠡᠭᠡᠨ ᠤᠮᠳᠠᠭᠠᠨ ᠤ ᠵᠥᠪᠰᠢᠶᠡᠷᠡᠯ ᠢ ᠭᠦᠢᠴᠡᠳᠭᠡᠭᠰᠡᠨ ᠦᠭᠡᠢ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠢ | ᠬᠠᠤᠯᠢ ᠶᠤᠰᠤᠭᠠᠷ ᠬᠦᠴᠦᠨ ᠦᠭᠡᠢ ᠪᠣᠯᠭᠠᠨ᠎ᠠ᠃ | 3. ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠬᠢᠨᠠᠨ ᠪᠠᠶᠢᠴᠠᠭᠠᠯᠲᠠ ᠶᠢᠨ ᠵᠢᠷᠤᠮᠯᠡᠯ︾ | ᠤᠨ ᠱᠠᠭᠠᠷᠳᠠᠯᠭ᠎ᠠ ᠳᠤ ᠦᠨᠡᠨᠬᠦ ᠬᠦᠷᠴᠦ ᠳᠡᠶᠢᠯᠬᠦ ᠦᠭᠡᠢ᠂ ᠬᠤᠲᠠ ᠪᠠᠯᠭᠠᠰᠤ ᠠᠴᠠ ᠵᠠᠶᠢᠲᠠᠢ᠂ ᠪᠤᠶᠢᠲᠠ ᠪᠦᠭᠯᠡᠭᠦᠦ | ᠭᠠᠵᠠᠷ ᠣᠷᠣᠨ ᠳᠤ ᠪᠠᠶᠢᠷᠢᠰᠢᠵᠤ᠂ ᠪᠠᠷᠢᠯᠭ᠎ᠠ ᠶᠢᠨ ᠬᠤᠭᠤᠴᠠᠭ᠎ᠠ ᠨᠢ 90 ᠡᠳᠦᠷ ᠤᠨ ᠳᠤᠲᠤᠷ᠎ᠠ᠂ ᠬᠤᠭᠤᠯᠠᠯᠠᠬᠤ | ᠬᠦᠮᠦᠨ ᠤ ᠲᠤᠭ᠎ᠠ ᠨᠢ 100 ᠬᠦᠮᠦᠨ ᠠᠴᠠ ᠴᠦᠬᠡᠨ ᠪᠠᠶᠢᠬᠤ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠢ ᠡᠯ᠎ᠡ | ᠠᠶᠢᠮᠠᠭ ᠬᠤᠲᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ︽ | ᠢᠳᠡᠭᠡᠨ ᠤᠮᠳᠠᠭᠠᠨ ᠤ ᠦᠢᠯᠡᠴᠢᠯᠡᠭᠡ ᠶᠢᠨ ᠬᠢᠨᠠᠨ ᠪᠠᠶᠢᠴᠠᠭᠠᠯᠲᠠ ᠶᠢᠨ ᠵᠢᠷᠤᠮᠯᠡᠯ︾ ᠢᠶᠠᠷ ᠯᠠᠪᠯᠠᠯᠲᠠ ᠪᠣᠯᠭᠠᠵᠤ᠂ | ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠢ ᠪᠠᠲᠤᠯᠠᠭᠰᠠᠨ ᠤᠷᠢᠳᠠᠯ ᠳᠣᠣᠷ᠎ᠠ᠂ ᠪᠤᠲᠠᠲᠠᠢ ᠲᠠᠢ | ᠨᠡᠶᠢᠴᠡᠭᠰᠡᠨ ᠵᠥᠪᠰᠢᠶᠡᠷᠡᠨ ᠣᠷᠤᠭᠤᠯᠬᠤ ᠠᠷᠭ᠎ᠠ ᠶᠢ ᠲᠣᠭᠲᠠᠭᠠᠨ ᠨᠡᠶᠢᠲᠡᠯᠡᠨ᠎ᠡ᠃ | ︵ᠳᠥᠷᠪᠡ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠢᠳᠡᠭᠡᠨ ᠤᠮᠳᠠᠭᠠᠨ ᠤ ᠵᠦᠢᠯᠡᠰ ᠤᠨ ᠠᠮᠦᠷ | ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | 1. ᠡᠯ᠎ᠡ ᠱᠠᠲᠤᠨ ᠤ ᠵᠢᠭᠤᠯᠴᠢᠯᠠᠯ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠠᠳᠠᠯᠢ ᠱᠠᠲᠤᠨ ᠤ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠯᠦᠭᠡ ᠣᠶᠢᠯᠠᠭᠠᠯᠴᠠᠬᠤ᠂ | ᠵᠣᠬᠢᠴᠠᠭᠤᠯᠬᠤ᠂ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ | ᠳᠤᠲᠤᠷ᠎ᠠ ᠵᠢᠴᠢ ᠡᠷᠬᠢᠨ ᠲᠣᠭᠤᠷᠢᠨ ᠳᠤ ᠬᠤᠭᠤᠯᠠᠨ ᠭᠡᠷ᠂ ᠲᠠᠷᠢᠶᠠᠴᠢᠨ ᠠᠶᠢᠯ ᠤᠨ ᠵᠢᠭᠤᠯᠴᠢᠯᠠᠯ ᠢ ᠡᠷᠬᠢᠯᠡᠭᠰᠡᠨ | ᠵᠡᠷᠭᠡ ᠪᠠᠶᠢᠳᠠᠯ ᠢ ᠴᠠᠭ ᠲᠣᠬᠠᠢ ᠳᠤᠨᠢ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠦᠴᠢᠷ ᠲᠤ ᠮᠡᠳᠡᠭᠡᠯᠡᠵᠦ᠂ ᠵᠢᠭᠤᠯᠴᠢᠯᠠᠯ ᠤᠨ ᠭᠠᠵᠠᠷ ᠲᠤ ᠦᠨᠡᠮᠯᠡᠯ ᠦᠭᠡᠢ ᠪᠠᠷ ᠢᠳᠡᠭᠡᠨ ᠤᠮᠳᠠᠭᠠᠨ ᠡᠷᠬᠢᠯᠡᠬᠦ ᠪᠠ | ᠡᠵᠡᠩᠨᠡᠬᠦ ᠦᠵᠡᠭᠳᠡᠯ ᠲᠠᠢ ᠪᠠᠶᠢᠬᠤ ᠶᠢ ᠲᠡᠪᠴᠢᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠬ︶ ᠤ | ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢ ᠰᠢᠮᠳᠠᠭᠤᠯᠤᠨ ᠴᠠᠭ ᠲᠣᠬᠠᠢ ᠳᠤᠨᠢ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠤᠯᠠᠷᠢᠯ ᠤᠨ ᠴᠢᠨᠠᠷᠲᠠᠢ ᠪᠠᠷ ᠠᠵᠢᠯ ᠵᠣᠭᠰᠤᠬᠤ | ᠪᠤᠶᠤ ᠠᠵᠢᠯ ᠡᠷᠬᠢᠯᠡᠭᠰᠡᠨ ᠪᠠᠶᠢᠳᠠᠯ ᠢᠶᠠᠨ ᠮᠡᠳᠡᠭᠦᠯᠦᠨ᠎ᠡ᠃ | 2. ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠬ︶ ᠤ ᠬᠤᠭᠤᠯᠠᠨ ᠭᠡᠷ ᠨᠢ ︽ᠢᠳᠡᠭᠡᠨ ᠤ ᠠᠮᠦᠷ | ᠲᠥᠪᠰᠢᠨ ᠤ ᠬᠠᠤᠯᠢ︾ ᠶᠢᠨ ᠲᠣᠭᠲᠠᠭᠠᠯ ᠶᠢ ᠴᠢᠩᠭ᠎ᠠ ᠵᠢᠷᠤᠮᠯᠠᠨ ᠢᠳᠡᠭᠡᠨ ᠤᠮᠳᠠᠭᠠᠨ ᠤ ᠦᠢᠯᠡᠴᠢᠯᠡᠭᠡ ᠶᠢᠨ | ᠵᠥᠪᠰᠢᠶᠡᠷᠡᠯ ᠢ ᠣᠯᠵᠤ᠂ ᠬᠤᠰᠢᠭᠤ ᠰᠢᠶᠠᠨ ︵ᠬᠤᠲᠠ᠂ ᠲᠤᠭᠤᠷᠢᠬ︶ ᠤ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ | ᠬᠠᠮᠢᠶᠠᠷᠤᠯᠲᠠ ᠶᠢᠨ ᠠᠷᠭ᠎ᠠ︾᠂ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠬᠢᠨᠠᠨ | ᠪᠠᠶᠢᠴᠠᠭᠠᠯᠲᠠ ᠶᠢᠨ ᠵᠢᠷᠤᠮᠯᠡᠯ︾ ᠳᠤ ᠲᠣᠭᠲᠠᠭᠠᠭᠰᠠᠨ ᠵᠥᠪᠰᠢᠶᠡᠷᠡᠬᠦ ᠨᠦᠬᠦᠴᠡᠯ ᠪᠠ ᠳᠡᠰ ᠳᠠᠷᠠᠭᠠᠯᠠᠯ ᠶᠤᠰᠤᠭᠠᠷ᠂ | ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠬ︶ ᠤ ᠬᠤᠭᠤᠯᠠᠨ ᠭᠡᠷ ᠲᠤ ᠢᠳᠡᠭᠡᠨ ᠤᠮᠳᠠᠭᠠᠨ ᠤ | ᠦᠢᠯᠡᠴᠢᠯᠡᠭᠡᠨ ᠤ ᠵᠥᠪᠰᠢᠶᠡᠷᠡᠯ ᠢ ᠭᠦᠢᠴᠡᠳᠭᠡᠬᠦ ᠪᠠᠨ ᠴᠢᠩᠳᠠᠯᠠᠨ᠎ᠠ᠃ ᠡᠯ᠎ᠡ ᠠᠶᠢᠮᠠᠭ ᠬᠤᠲᠠ ᠶᠢᠨ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ︽ᠢᠳᠡᠭᠡᠨ ᠤᠮᠳᠠᠭᠠᠨ ᠤ | ᠦᠢᠯᠡᠴᠢᠯᠡᠭᠡ ᠶᠢᠨ ᠵᠥᠪᠰᠢᠶᠡᠷᠡᠯ ᠤᠨ ᠬᠢᠨᠠᠨ ᠪᠠᠶᠢᠴᠠᠭᠠᠯᠲᠠ ᠶᠢᠨ ᠵᠢᠷᠤᠮᠯᠡᠯ︾ ᠢᠶᠠᠷ ᠯᠠᠪᠯᠠᠯᠲᠠ ᠪᠣᠯᠭᠠᠵᠤ᠂ ︽ | ᠲᠠᠷᠢᠶᠠᠴᠢᠨ ᠠᠶᠢᠯ ᠤᠨ ᠵᠢᠭᠤᠯᠴᠢᠯᠠᠯ︾ ᠤᠨ ᠵᠥᠪᠰᠢᠶᠡᠷᠡᠨ ᠣᠷᠤᠭᠤᠯᠬᠤ ᠠᠷᠭ᠎ᠠ ᠶᠢ ᠲᠣᠭᠲᠠᠭᠠᠨ ᠨᠡᠶᠢᠲᠡᠯᠡᠵᠦ᠂ | ᠲᠡᠳᠡᠨ ᠨᠢ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠦᠨᠳᠦᠰᠦᠨ ᠨᠦᠬᠦᠴᠡᠯ ᠪᠠ | ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠨ᠎ᠠ᠃ | 3. ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠵᠢᠭᠤᠯᠴᠢᠯᠠᠯ ᠵᠡᠷᠭᠡ ᠰᠠᠯᠠᠭ᠎ᠠ | ᠮᠦᠴᠢᠷ ᠤᠳ ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠬ︶ ᠤ ᠢᠳᠡᠭᠡᠨ ᠤᠮᠳᠠᠭᠠᠨ ᠤ ᠦᠢᠯᠡᠴᠢᠯᠡᠭᠡ | ᠬᠠᠩᠭᠠᠭᠴᠢ ᠳᠤ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠪᠠᠶᠠᠷ ᠳᠤᠷᠠᠰᠬᠠᠯ ᠤᠨ ᠠᠵᠢᠯᠯᠠᠭᠠᠨ᠂ ᠴᠢᠬᠤᠯᠠ ᠶᠡᠭᠡ ᠠᠵᠢᠯᠯᠠᠭᠠᠨ ᠪᠠ | ᠵᠢᠭᠤᠯᠴᠢᠯᠠᠯ ᠤᠨ ᠣᠷᠬᠢᠯ ᠤᠨ ᠦᠶ᠎ᠡ ᠳᠠᠬᠢ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ ᠢᠳᠡᠭᠡᠨ ᠤᠮᠳᠠᠭᠠᠨ ᠤ | ᠦᠢᠯᠡᠴᠢᠯᠡᠭᠡ ᠬᠠᠩᠭᠠᠭᠴᠢ ᠶᠢ ᠰᠢᠮᠳᠠᠭᠤᠯᠤᠨ ᠳᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠵᠦ᠂ ᠢᠳᠡᠭᠡᠨ | ᠡᠳ᠋ᠰᠢᠭᠦᠯᠦᠨ ᠦᠢᠯᠡᠳᠬᠦ ᠵᠢᠴᠢ ᠢᠳᠡᠭᠡᠨ ᠤᠮᠳᠠᠭᠠᠨ ᠤ ᠬᠡᠷᠡᠭᠰᠡᠯ ᠢ ᠴᠡᠪᠡᠷᠯᠡᠨ ᠤᠬᠢᠶᠠᠵᠤ ᠠᠷᠢᠭᠤᠳᠬᠠᠬᠤ ᠶᠢ | ᠵᠢᠷᠤᠮᠵᠢᠭᠤᠯᠤᠨ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠪᠠ ᠤᠤᠭᠤᠬᠤ ᠤᠰᠤᠨ ᠤ | ᠰᠤᠷᠪᠤᠯᠵᠢ ᠶᠢᠨ ᠠᠮᠦᠷ ᠲᠥᠪᠰᠢᠨ ᠢ ᠬᠠᠮᠠᠭᠠᠯᠠᠬᠤ ᠠᠵᠢᠯ ᠢ ᠦᠨᠡᠨᠬᠦ ᠴᠢᠩᠭᠠᠳᠬᠠᠵᠤ᠂ ᠬᠤᠪᠢᠳᠠᠨ ᠬᠤᠭᠤᠯᠠᠯᠠᠬᠤ᠂ | ᠨᠡᠶᠢᠲᠡ ᠶᠢᠨ ᠰᠠᠪᠬ᠎ᠠ ᠵᠡᠷᠭᠡ ᠪᠣᠬᠢᠷᠳᠤᠯ ᠦᠭᠡᠢ ᠡᠷᠡᠭᠦᠯᠵᠢᠯ ᠢᠳᠡᠭᠡᠨ ᠤᠮᠳᠠᠭᠠᠨ ᠤ ᠠᠷᠭ᠎ᠠ ᠮᠠᠶ᠋ᠢᠭ ᠢ ᠢᠳᠡᠪᠬᠢᠲᠡᠢ | ᠬᠡᠷᠡᠭᠵᠢᠭᠦᠯᠦᠨ᠎ᠡ᠃ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠬᠡᠮᠵᠢᠶᠡᠯᠡᠨ ᠱᠠᠲᠤ ᠬᠤᠪᠢᠶᠠᠨ | ᠬᠠᠮᠢᠶᠠᠷᠬᠤ ᠶᠢ ᠭᠦᠨᠵᠡᠭᠡᠢ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢᠨ ᠳᠠᠩᠰᠠ ᠡᠪᠬᠡᠮᠡᠯ ᠢ | ᠪᠠᠶᠢᠭᠤᠯᠤᠨ ᠪᠦᠷᠢᠨᠰᠢᠭᠦᠯᠵᠦ᠂ ᠨᠦᠯᠦᠭᠡ ᠮᠠᠭᠤᠲᠠᠢ ᠢᠲᠡᠭᠡᠮᠵᠢ ᠶᠢᠨ ᠲᠡᠮᠲᠡᠭᠯᠡᠯ ᠲᠠᠢ ᠢᠳᠡᠭᠡᠨ ᠤᠮᠳᠠᠭᠠᠨ ᠤ | ᠦᠢᠯᠡᠴᠢᠯᠡᠭᠡ ᠬᠠᠩᠭᠠᠭᠴᠢ ᠶᠢ ᠳᠠᠬᠢᠨ ᠳᠠᠪᠲᠠᠨ ᠬᠢᠨᠠᠨ ᠪᠠᠶᠢᠴᠠᠭᠠᠬᠤ ᠪᠠᠨ ᠨᠡᠮᠡᠭᠳᠡᠭᠦᠯᠦᠨ᠎ᠡ᠃ | ︵ᠲᠠᠪᠤ︶ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠪᠤᠳᠠᠭᠠᠯᠠᠬᠤ ᠢᠳᠡᠭᠡᠨ ᠤ ᠠᠮᠦᠷ ᠲᠥᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | 1. ᠭᠤᠶᠤᠴᠢᠯᠠᠨ ᠮᠡᠳᠡᠭᠦᠯᠵᠦ ᠪᠦᠷᠢᠳᠭᠡᠨ ᠳᠠᠩᠰᠠᠯᠠᠬᠤ ᠪᠠ ᠲᠣᠬᠠᠢ ᠶᠢᠨ ᠭᠠᠵᠠᠷ ᠲᠤᠨᠢ ᠵᠢᠯᠤᠭᠤᠳᠬᠤ ᠶᠢ | ᠬᠠᠷᠢᠯᠴᠠᠨ ᠤᠶᠠᠯᠳᠤᠭᠤᠯᠬᠤ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠨ᠂ ᠮᠠᠯᠵᠢᠬᠤ ᠲᠠᠷᠢᠶᠠᠯᠠᠬᠤ | ᠣᠷᠣᠨ ᠤ ᠨᠡᠶᠢᠲᠡ ᠶᠢᠨ ᠪᠤᠳᠠᠭᠠᠯᠠᠬᠤ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠰᠢᠭᠤ ᠰᠢᠶᠠᠨ ︵ᠬᠤᠲᠠ᠂ | ᠲᠣᠭᠤᠷᠢᠭ︶ ᠤ ᠢᠳᠡᠭᠡᠨ ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ︽ᠦᠪᠦᠷ | ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠨ ᠡᠳ᠋ᠰᠢᠭᠦᠯᠬᠦ ᠵᠢᠵᠢᠭ ᠦᠢᠯᠡᠳᠭᠡᠯ ᠤᠨ | ᠭᠠᠵᠠᠷ ᠪᠠ ᠢᠳᠡᠭᠡᠨ ᠤ ᠳᠡᠯᠭᠡᠭᠡ ᠮᠠᠶᠢᠮᠠᠢ ᠶᠢᠨ ᠬᠠᠮᠢᠶᠠᠷᠤᠯᠲᠠ ᠶᠢᠨ ᠳᠦᠷᠢᠮ︾ ᠵᠢᠴᠢ ᠲᠤᠰ ᠭᠠᠵᠠᠷ ᠣᠷᠣᠨ ᠤ | ᠲᠣᠭᠲᠠᠭᠠᠭᠰᠠᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢᠨ ᠶᠤᠰᠤᠭᠠᠷ᠂ ᠬᠠᠷᠢᠶᠠᠲᠤ ᠣᠷᠣᠨ ᠤ ᠳᠤᠲᠤᠷᠠᠬᠢ | ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠪᠤᠳᠠᠭᠠᠯᠠᠬᠤ ᠠᠵᠢᠯᠯᠠᠭ᠎ᠠ ᠶᠢᠨ ᠢᠳᠡᠭᠡᠨ ᠤ ᠠᠮᠦᠷ ᠲᠥᠪᠰᠢᠨ ᠢ | ᠪᠠᠶᠢᠴᠠᠭᠠᠨ ᠵᠢᠯᠤᠭᠤᠳᠬᠤ ᠪᠠᠨ ᠴᠢᠩᠭᠠᠳᠬᠠᠨ᠎ᠠ᠃ | 2. ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠰᠤᠮᠤ ᠰᠢᠶᠠᠩ ᠪᠠᠯᠭᠠᠰᠤ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠲᠡᠳᠡᠨ ᠤ ᠲᠤᠰ | ᠣᠷᠣᠨ ᠪᠦᠰᠡ ᠳᠤᠲᠤᠷᠠᠬᠢ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠪᠤᠳᠠᠭᠠᠯᠠᠬᠤ ᠠᠵᠢᠯᠯᠠᠭ᠎ᠠ ᠶᠢᠨ ᠮᠡᠳᠡᠭᠡ | ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠬᠤ᠂ ᠢᠳᠡᠭᠡᠨ ᠤ ᠠᠮᠦᠷ ᠲᠥᠪᠰᠢᠨ ᠤ ᠲᠤᠰᠠᠯᠠᠬᠤ ᠬᠠᠮᠢᠶᠠᠷᠤᠭᠴᠢ ᠵᠢᠴᠢ | ᠨᠡᠭᠦᠳᠡᠯ ᠲᠣᠭᠤᠭᠠᠴᠢ ᠶᠢᠨ ᠳᠠᠩᠰᠠ ᠡᠪᠬᠡᠮᠡᠯ ᠢ ᠪᠠᠶᠢᠭᠤᠯᠬᠤ ᠪᠠ ᠬᠠᠮᠢᠶᠠᠷᠬᠤ ᠵᠡᠷᠭᠡ ᠠᠵᠢᠯ ᠦᠷᠨᠢᠭᠦᠯᠬᠦ ᠶᠢ | ᠵᠢᠯᠤᠭᠤᠳᠤᠨ᠂ ᠢᠳᠡᠭᠡᠨ ᠤ ᠠᠮᠦᠷ ᠲᠥᠪᠰᠢᠨ ᠤ ᠲᠤᠰᠠᠯᠠᠬᠤ ᠬᠠᠪᠰᠤᠷᠤᠭᠴᠢ ᠵᠢᠴᠢ ᠨᠡᠭᠦᠳᠡᠯ ᠲᠣᠭᠤᠭᠠᠴᠢ ᠶᠢᠨ | ᠢᠳᠡᠭᠡᠨ ᠤ ᠠᠮᠦᠷ ᠲᠥᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠦᠷᠨᠢᠭᠦᠯᠵᠦ᠂ | ᠢᠳᠡᠭᠡᠨ ᠤ ᠠᠮᠦᠷ ᠲᠥᠪᠰᠢᠨ ᠢ ᠰᠢᠮᠳᠠᠭᠤᠯᠤᠨ ᠪᠠᠶᠢᠴᠠᠭᠠᠬᠤ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠢ ᠦᠷᠨᠢᠭᠦᠯᠦᠨ᠎ᠡ᠃ | 3. ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠬᠤᠭᠤᠯᠠ ᠢᠳᠡᠭᠡᠨ ᠡᠷᠬᠢᠯᠡᠭᠴᠢ ᠪᠤᠶᠤ ᠳᠠᠭᠠᠭᠠᠨ | ᠡᠷᠬᠢᠯᠡᠭᠴᠢ ᠨᠢ ᠡᠷᠬᠡᠪᠰᠢ ᠬᠤᠷᠢᠮ ᠨᠠᠶᠢᠷ ᠢ ᠪᠡᠯᠡᠳᠭᠡᠬᠦ ᠠᠴᠠ ᠡᠮᠦᠨ᠎ᠡ ᠲᠣᠬᠠᠢ ᠶᠢᠨ ᠭᠠᠵᠠᠷ ᠣᠷᠣᠨ ᠤ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠦᠯᠵᠦ᠂ ᠰᠤᠮᠤ ᠰᠢᠶᠠᠩ | ᠪᠠᠯᠭᠠᠰᠤ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠷᠢᠭᠤᠴᠠᠨ | ᠲᠡᠮᠲᠡᠭᠯᠡᠵᠦ ᠪᠦᠷᠢᠳᠭᠡᠨ ᠳᠠᠩᠰᠠᠯᠠᠨ᠎ᠠ᠃ ᠰᠤᠮᠤ ᠰᠢᠶᠠᠩ ᠪᠠᠯᠭᠠᠰᠤ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠷᠢᠶᠠᠲᠤ ᠣᠷᠣᠨ ᠤ ᠳᠤᠲᠤᠷᠠᠬᠢ ᠮᠠᠯᠵᠢᠬᠤ ᠲᠠᠷᠢᠶᠠᠯᠠᠬᠤ ᠣᠷᠣᠨ ᠤ | ᠨᠡᠶᠢᠲᠡ ᠶᠢᠨ ᠪᠤᠳᠠᠭᠠᠯᠠᠬᠤ ᠠᠵᠢᠯᠯᠠᠭ᠎ᠠ ᠳᠠᠬᠢ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠢ ᠰᠠᠶᠢᠲᠤᠷ ᠬᠢᠵᠦ᠂ ᠭᠠᠴᠠᠭ᠎ᠠ ᠲᠤᠰᠬᠤᠨ ᠤ ᠢᠳᠡᠭᠡᠨ ᠤ ᠠᠮᠦᠷ ᠲᠥᠪᠰᠢᠨ ᠤ ᠲᠤᠰᠠᠯᠠᠬᠤ ᠬᠠᠮᠢᠶᠠᠷᠤᠭᠴᠢ ᠶᠢ | ᠬᠠᠮᠵᠢᠬᠤ ᠪᠤᠶᠤ ᠵᠢᠯᠤᠭᠤᠳᠤᠨ ᠠᠵᠢᠯ ᠦᠷᠨᠢᠭᠦᠯᠦᠨ᠎ᠡ᠂ ᠴᠢᠬᠤᠯᠠ ᠲᠠᠢ ᠪᠤᠯ ᠬᠤᠰᠢᠭᠤ ᠰᠢᠶᠠᠨ ︵ᠬᠤᠲᠠ᠂ | ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠢ ᠭᠤᠶᠤᠴᠢᠯᠠᠨ | ᠬᠠᠮᠵᠢᠭᠤᠯᠵᠤ ᠪᠠᠶᠢᠭᠠᠳ ᠲᠣᠬᠠᠢ ᠶᠢᠨ ᠭᠠᠵᠠᠷ ᠲᠤᠨᠢ ᠵᠢᠯᠤᠭᠤᠳᠬᠤ ᠪᠠ ᠬᠢᠨᠠᠯᠲᠠ ᠲᠠᠯᠪᠢᠭᠤᠯᠵᠤ ᠪᠣᠯᠣᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠰᠢᠮᠳᠠᠭᠤᠯᠤᠨ ᠪᠠᠶᠢᠴᠠᠭᠠᠵᠤ ᠵᠢᠯᠤᠭᠤᠳᠬᠤ ᠪᠠᠨ ᠴᠢᠩᠳᠠᠯᠠᠨ᠎ᠠ᠃ ᠦᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ᠂ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠤᠰ ︽ᠰᠠᠨᠠᠯ︾ ᠤᠨ ᠬᠡᠷᠡᠭᠵᠢᠭᠦᠯᠦᠭᠰᠡᠨ | ᠪᠠᠶᠢᠳᠠᠯ ᠳᠤ ᠴᠢᠭᠯᠡᠭᠦᠯᠦᠨ᠂ ᠶᠡᠷᠦᠩᠬᠡᠶᠢᠯᠡᠨ ᠵᠣᠬᠢᠴᠠᠭᠤᠯᠬᠤ᠂ ᠵᠣᠬᠢᠶᠠᠨ ᠪᠠᠶᠢᠭᠤᠯᠤᠨ ᠵᠢᠯᠤᠭᠤᠳᠬᠤ᠂ ᠰᠢᠮᠳᠠᠭᠤᠯᠤᠨ | ᠪᠠᠶᠢᠴᠠᠭᠠᠵᠤ ᠰᠢᠮᠳᠠᠭᠤᠯᠤᠨ ᠭᠦᠢᠴᠡᠳᠭᠡᠯᠭᠡᠬᠦ ᠵᠡᠷᠭᠡ ᠠᠵᠢᠯ ᠢ ᠴᠠᠭ ᠲᠣᠬᠠᠢ ᠳᠤᠨᠢ ᠰᠠᠶᠢᠲᠤᠷ ᠬᠢᠵᠦ᠂ ᠬᠠᠮᠢᠶ᠎ᠠ | ᠪᠦᠬᠦᠢ ᠭᠠᠵᠠᠷ ᠣᠷᠣᠨ᠂ ᠰᠠᠯᠠᠭ᠎ᠠ ᠮᠦᠴᠢᠷ ᠤᠨ ᠦᠵᠡᠯ ᠰᠠᠨᠠᠭᠠᠨ ᠳᠡᠭᠡᠷ᠎ᠡ ᠪᠠᠨ ᠴᠢᠬᠤᠯᠠᠴᠢᠯᠠᠬᠤ ᠦᠭᠡᠢ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ᠂ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠬᠤ ᠦᠭᠡᠢ᠂ ᠬᠢᠨᠠᠯᠲᠠ | ᠬᠠᠮᠢᠶᠠᠷᠤᠯᠲᠠ ᠶᠢ ᠪᠤᠲᠠᠲᠠᠶᠢᠵᠢᠭᠤᠯᠬᠤ ᠦᠭᠡᠢ ᠪᠠᠶᠢᠬᠤ ᠵᠡᠷᠭᠡ ᠠᠰᠠᠭᠤᠳᠠᠯ ᠢᠯᠡᠷᠡᠬᠦ ᠶᠢ ᠰᠡᠷᠭᠡᠶᠢᠯᠡᠨ᠂ ᠲᠤᠰ ︽ | ᠰᠠᠨᠠᠯ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠪᠤᠲᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠳᠡᠨ ᠤ ᠬᠤᠯᠪᠣᠭᠳᠠᠯ ᠪᠦᠬᠦᠢ ᠰᠠᠯᠠᠭ᠎ᠠ | ᠮᠦᠴᠢᠷ ᠨᠢ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠶᠢᠨ ᠲᠤᠰ ︽ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ | ᠪᠠᠶᠢᠴᠠᠭᠠᠬᠤ ᠪᠠ ᠰᠢᠯᠭᠠᠨ ᠬᠢᠨᠠᠬᠤ ᠶᠢ ᠴᠢᠩᠭᠠᠳᠬᠠᠵᠤ᠂ ᠠᠵᠢᠯ ᠤᠨ ᠠᠬᠢᠴᠠ ᠶᠢ ᠴᠠᠭ ᠲᠣᠬᠠᠢ ᠳᠤᠨᠢ ᠡᠵᠡᠮᠳᠡᠨ᠂ | ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠲᠣᠬᠢᠲᠠᠢ ᠰᠢᠢᠳᠪᠦᠷᠢᠯᠡᠨ᠎ᠡ᠃ | ︵ᠬᠤᠶᠠᠷ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠤᠭᠤᠳ ᠲᠤᠰ | ︽ᠰᠠᠨᠠᠯ︾ ᠢ ᠪᠤᠲᠠᠲᠠᠶᠢᠵᠢᠭᠤᠯᠤᠭᠰᠠᠨ ᠦᠭᠡᠢ ᠠᠴᠠ ᠪᠣᠯᠵᠤ ᠢᠳᠡᠭᠡᠨ ᠤᠮᠳᠠᠭᠠᠨ ᠤ ᠵᠦᠢᠯᠡᠰ ᠤᠨ ᠠᠮᠦᠷ | ᠲᠥᠪᠰᠢᠨ ᠤ ᠠᠳᠡᠯ ᠭᠠᠷᠭᠠᠭᠰᠠᠨ ᠪᠠᠶᠢᠪᠠᠯ᠂ ᠣᠷᠣᠨ ᠨᠣᠲᠤᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ | ᠬᠠᠷᠢᠭᠤᠴᠠᠯᠭᠠᠲᠠᠨ ᠠᠴᠠ ᠴᠦᠮ ᠬᠠᠷᠢᠭᠤᠴᠠᠯᠭ᠎ᠠ ᠨᠡᠬᠡᠮᠵᠢᠯᠡᠨ᠎ᠡ᠃ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠦᠴᠢᠷ ᠨᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ ᠠᠴᠠ | ᠪᠣᠯᠵᠤ᠂ ᠠᠰᠠᠭᠤᠳᠠᠯ ᠢ ᠴᠠᠭ ᠲᠣᠬᠠᠢ ᠳᠤᠨᠢ ᠢᠯᠡᠷᠡᠭᠦᠯᠦᠭᠰᠡᠨ ᠦᠭᠡᠢ ᠪᠤᠶᠤ ᠰᠢᠢᠳᠪᠦᠷᠢᠯᠡᠭᠰᠡᠨ ᠦᠭᠡᠢ᠂ ᠠᠮᠦᠷ | ᠲᠥᠪᠰᠢᠨ ᠤ ᠲᠥᠭᠰᠢᠭᠦᠷᠢ ᠶᠢᠨ ᠳᠠᠯᠳᠠ ᠭᠡᠮ ᠢ ᠠᠷᠢᠯᠭᠠᠭᠰᠠᠨ ᠦᠭᠡᠢ ᠠᠴᠠ ᠪᠤᠯᠵᠤ᠂ ᠢᠳᠡᠭᠡᠨ ᠤᠮᠳᠠᠭᠠᠨ ᠤ | ᠵᠦᠢᠯᠡᠰ ᠤᠨ ᠠᠮᠦᠷ ᠲᠥᠪᠰᠢᠨ ᠤ ᠠᠳᠡᠯ ᠭᠠᠷᠭᠠᠭᠰᠠᠨ ᠪᠠᠶᠢᠪᠠᠯ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ | ᠵᠢᠴᠢ ᠬᠠᠮᠢᠶ᠎ᠠ ᠪᠦᠬᠦᠢ ᠠᠵᠢᠯᠲᠠᠨ ᠠᠴᠠ ᠴᠦᠮ ᠬᠠᠷᠢᠭᠤᠴᠠᠯᠭ᠎ᠠ ᠨᠡᠬᠡᠮᠵᠢᠯᠡᠨ᠎ᠡ᠃ ᠠᠵᠢᠯ ᠲᠦᠷᠦᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠨᠢ ᠱᠠᠭᠠᠷᠳᠠᠯᠭ᠎ᠠ ᠶᠤᠰᠤᠭᠠᠷ ᠭᠤᠣᠯᠴᠢᠯᠠᠨ ᠬᠠᠮᠢᠶᠠᠷᠬᠤ ᠬᠠᠷᠢᠭᠤᠴᠠᠯᠭ᠎ᠠ ᠪᠠᠨ | ᠭᠦᠢᠴᠡᠳᠭᠡᠭᠰᠡᠨ ᠦᠭᠡᠢ ᠠᠴᠠ ᠪᠣᠯᠵᠤ᠂ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠠᠳᠡᠯ | ᠭᠠᠷᠭᠠᠭᠰᠠᠨ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠢᠴᠢ ᠬᠠᠮᠢᠶ᠎ᠠ ᠪᠦᠬᠦᠢ ᠠᠵᠢᠯᠲᠠᠨ ᠤ | ᠬᠠᠷᠢᠭᠤᠴᠠᠯᠭ᠎ᠠ ᠨᠡᠬᠡᠮᠵᠢᠯᠡᠨ᠎ᠡ᠃ ᠠᠵᠤ ᠠᠬᠤᠶᠢᠯᠠᠯ ᠨᠢ ᠭᠤᠣᠯ ᠴᠤᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠬᠤᠬᠢᠷᠠᠭᠤᠯᠬᠤ | ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠬᠠᠮᠢᠶ᠎ᠠ ᠪᠦᠬᠦᠢ ᠠᠵᠢᠯᠲᠠᠨ ᠠᠴᠠ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ︵ᠭᠤᠷᠪᠠ︶ ᠨᠡᠶᠢᠭᠡᠮ ᠤᠨ ᠬᠢᠨ ᠤ ᠬᠠᠮᠲᠤᠪᠠᠷ ᠵᠠᠰᠠᠬᠤ ᠶᠢ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠤᠬᠠᠭᠤᠯᠤᠯ ᠬᠦᠮᠦᠵᠢᠯ ᠢ ᠴᠢᠩᠭᠠᠳᠬᠠᠵᠤ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠢᠳᠡᠭᠡᠨ ᠤᠮᠳᠠᠭᠠᠨ ᠤ ᠵᠦᠢᠯᠡᠰ ᠤᠨ ᠡᠵᠡᠩᠨᠡᠭᠴᠢ ᠶᠢ ᠵᠤᠷᠢᠬᠵᠢᠭᠤᠯᠵᠦ ᠢᠳᠡᠭᠡᠨ ᠤ | ᠠᠮᠦᠷ ᠲᠥᠪᠰᠢᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠢᠳᠡᠭᠡᠨ ᠤ ᠠᠮᠦᠷ ᠲᠥᠪᠰᠢᠨ ᠤ ᠮᠡᠳᠡᠯᠭᠡ ᠶᠢ | ᠲᠦᠭᠡᠮᠡᠯᠵᠢᠭᠦᠯᠬᠦ ᠠᠵᠢᠯ ᠢ ᠦᠷᠨᠢᠭᠦᠯᠵᠦ᠂ ᠬᠡᠷᠡᠭᠯᠡᠭᠴᠢᠳ ᠤᠨ ᠢᠳᠡᠭᠡᠨ ᠤ ᠠᠮᠦᠷ ᠲᠥᠪᠰᠢᠨ ᠤ ᠮᠡᠳᠡᠯᠭᠡ ᠪᠠ | ᠦᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠣᠨᠢᠨ ᠮᠡᠳᠡᠭᠡᠨ ᠤ ᠵᠠᠭᠤᠴᠢᠯᠠᠭᠤᠷ ᠢ | ᠢᠳᠡᠪᠬᠢᠲᠡᠢ ᠪᠠᠷ ᠬᠦᠲᠦᠯᠦᠨ ᠵᠢᠯᠤᠭᠤᠳᠴᠤ ᠪᠠᠶᠢᠭᠠᠳ ᠪᠤᠰᠤᠳᠴᠢ ᠪᠦᠭᠡᠳ ᠲᠥᠪ ᠭᠤᠣᠯᠴᠢ ᠪᠠᠷ ᠮᠡᠳᠡᠭᠡᠯᠡᠵᠦ᠂ | ᠤᠬᠠᠭᠤᠯᠬᠤ ᠪᠠ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠎ᠠ᠃ ᠵᠠᠭᠠᠯᠳᠤᠨ ᠢᠯᠡᠴᠢᠯᠡᠬᠦ ᠠᠷᠭ᠎ᠠ ᠵᠠᠮ ᠢ | ᠰᠠᠭᠠᠳ ᠦᠭᠡᠢ ᠨᠡᠪᠲᠡᠷᠡᠭᠦᠯᠵᠦ᠂ ᠢᠯᠡᠴᠢᠯᠡᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠢᠳᠡᠭᠡᠨ | ᠤᠮᠳᠠᠭᠠᠨ ᠤ ᠠᠵᠢᠯ ᠲᠦᠷᠦᠯ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠠᠵᠢᠯ ᠲᠦᠷᠦᠯ ᠤᠨ | ᠦᠪᠡᠷ ᠢ ᠪᠠᠨ ᠱᠠᠭᠠᠷᠳᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠢᠳᠡᠭᠡᠨ ᠤᠮᠳᠠᠭᠠᠨ ᠤ ᠡᠵᠡᠩᠨᠡᠭᠴᠢ ᠶᠢᠨ | ᠬᠠᠤᠯᠢ ᠶᠤᠰᠤ ᠪᠠᠷ ᠡᠵᠡᠩᠨᠡᠬᠦ ᠶᠢ ᠬᠦᠲᠦᠯᠦᠨ ᠵᠢᠯᠤᠭᠤᠳᠬᠤ ᠪᠠ ᠰᠢᠮᠳᠠᠭᠤᠯᠤᠨ᠂ ᠠᠵᠢᠯ ᠲᠦᠷᠦᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠪᠦᠯᠦᠭᠯᠡᠯ ᠤᠨ ᠴᠢᠨᠠᠷᠲᠠᠢ ᠢᠳᠡᠭᠡᠨ ᠤ ᠬᠤᠣᠷᠳᠠᠯᠭ᠎ᠠ ᠶᠢᠨ ᠠᠳᠡᠯ | ᠡᠭᠦᠰᠬᠦ ᠶᠢ ᠦᠨᠡᠨᠬᠦ ᠰᠡᠷᠭᠡᠶᠢᠯᠡᠨ ᠡᠵᠡᠮᠳᠡᠨ᠎ᠡ᠃ |