ᠥᠪᠥᠷ ᠮᠣᠩᠭᠤᠯ 2020 ᠣᠨ ᠪᠣᠯᠬᠤ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠡᠳᠥ ᠲᠣᠭᠠᠲᠤ ᠠᠩᠭᠢ︾᠎ ᠶᠢᠨ ᠠᠰᠠᠭᠤᠳᠠᠯ ᠢ ᠰᠢᠢᠳᠪᠦᠷᠢᠯᠡᠬᠦ ᠪᠠᠷ ᠪᠤᠢ
ᠨᠡᠶᠢᠲᠡᠯᠡᠭᠰᠡᠨ ᠴᠠᠭ᠄
2016/12/7
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠨ ᠨᠡᠶᠢᠲᠡᠯᠡᠭᠰᠡᠨ ︽ᠰᠢᠶᠠᠨ  ᠤ ᠬᠡᠪᠴᠢᠶᠡᠨ ᠳᠠᠬᠢ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠢᠭᠡ ᠴᠤᠭᠴᠠᠵᠢᠭᠤᠯᠤᠭᠰᠠᠨ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠎ ᠳᠤ᠂ 2018 ᠣᠨ ᠪᠣᠯᠬᠤ ᠳᠤ ᠲᠠᠪᠤᠨ ᠵᠢᠯ ᠤᠨ ᠲᠥᠯᠥᠪᠵᠢᠭᠦᠯᠭᠡ ᠶᠢᠨ ᠪᠥᠳᠥᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠥᠬᠦ ᠣᠷᠣᠨ ᠤ 103 ᠬᠤᠰᠢᠭᠤ ᠰᠢᠶᠠᠨ ︵ᠬᠤᠳᠠ᠂ ᠲᠣᠭᠤᠷᠢᠭ︶᠎ ᠨᠤᠭᠤᠳ ᠲᠥᠯᠥᠪᠵᠢᠭᠦᠯᠭᠡ ᠶᠣᠰᠣᠭᠠᠷ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠬᠥᠭᠵᠢᠭᠦᠯᠬᠦ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠬᠡᠷᠡᠭᠲᠡᠢ ᠭᠡᠵᠦ ᠲᠤᠲᠤᠷᠬᠠᠢ ᠳᠤᠷᠠᠳᠪᠠ᠃ ᠡᠯ᠎ᠡ ᠭᠠᠵᠠᠷ ᠣᠷᠣᠨ ᠨᠤᠭᠤᠳ ᠲᠤᠰ ᠭᠠᠵᠠᠷ ᠣᠷᠣᠨ ᠤ ᠪᠠᠨ  ᠪᠤᠳᠠᠲᠠᠢ ᠲᠠᠢ ᠪᠠᠨ ᠤᠶᠠᠯᠳᠤᠭᠤᠯᠤᠨ ᠬᠡᠳᠥ ᠲᠣᠭᠠᠲᠤ ᠠᠩᠭᠢ ᠶᠢ ᠰᠢᠢᠳᠪᠦᠷᠢᠯᠡᠬᠦ ᠲᠤᠰᠬᠠᠶ ᠲᠥᠯᠥᠪᠵᠢᠭᠦᠯᠭᠡ  ᠲᠣᠭᠲᠠᠭᠠᠵᠤ᠂ ᠠᠵᠢᠯ ᠤᠨ ᠡᠭᠦᠷᠭᠡ ᠪᠣᠯᠣᠨ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠭᠲᠠᠭᠠᠬᠤ ᠬᠡᠷᠡᠭᠲᠡᠢ᠃ ︽13· 5︾᠎ ᠶᠢᠨ ᠬᠤᠭᠤᠴᠠᠭᠠᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠳᠦᠯᠲᠡᠢ ᠲᠥᠯᠥᠪᠯᠡᠵᠦ᠂ ᠤᠯᠤᠰ ᠠᠴᠠ ᠲᠣᠭᠲᠠᠭᠠᠭᠰᠠᠨ ᠠᠩᠭᠢ ᠪᠦᠷᠢ ᠶᠢᠨ ᠬᠥᠮᠦᠨ ᠤ ᠲᠤᠭ᠎ᠠ ᠶᠢᠨ ᠪᠠᠷᠢᠮᠵᠢᠶ᠎ᠠ ᠶᠤᠰᠤᠭᠠᠷ᠂ ᠰᠤᠷᠭᠠᠭᠤᠯᠢ ᠶᠢᠨ ᠬᠦᠷᠢᠶ᠎ᠡ ᠶᠢᠨ ᠰᠤᠷᠤᠭᠴᠢ ᠶᠢᠨ ᠪᠠᠶᠢᠷᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠬᠤᠲᠠ ᠪᠠᠯᠭᠠᠰᠤ ᠶᠢᠨ ᠬᠡᠳᠥ ᠲᠣᠭᠠᠲᠤ ᠠᠩᠭᠢ ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠂ ᠤᠳᠤ ᠪᠠᠶᠢᠭ᠎ᠠ ᠬᠡᠳᠥ ᠲᠣᠭᠠᠲᠤ ᠠᠩᠭᠢ ᠶᠢ ᠲᠥᠷᠭᠡᠨ ᠰᠢᠢᠳᠪᠦᠷᠢᠯᠡᠬᠦ ᠬᠡᠷᠡᠭᠲᠡᠢ᠃ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠤᠭᠴᠠᠵᠢᠭᠤᠯᠬᠤ᠂ ᠰᠤᠷᠭᠠᠭᠤᠯᠢ ᠎ ᠶᠢ ᠲᠣᠭᠤᠷᠢᠭᠴᠢᠯᠠᠨ ᠪᠦᠯᠦᠭᠯᠡᠯᠴᠢᠯᠡᠨ ᠡᠷᠭᠢᠯᠡᠬᠦ ᠪᠤᠶᠤ ᠰᠤᠷᠭᠠᠭᠤᠯᠢ ᠬᠤᠯᠪᠣᠭᠠᠯᠠᠬᠤ ᠶᠢ  ᠬᠡᠷᠡᠭᠵᠢᠭᠦᠯᠬᠦ᠂ ᠪᠠᠭᠰᠢ ᠶᠢᠨ ᠬᠦᠴᠦᠨ ᠢ ᠲᠡᠩᠴᠡᠭᠦᠷᠢᠲᠡᠶ ᠲᠣᠬᠢᠷᠠᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠰᠤᠷᠭᠠᠭᠤᠯᠢ ᠡᠷᠬᠢᠯᠡᠬᠦ ᠴᠢᠳᠠᠪᠤᠷᠢ ᠪᠠᠷ ᠪᠠᠭᠤᠷᠠᠶ ᠰᠤᠷᠭᠠᠭᠤᠯᠢ ᠪᠣᠯᠣᠨ ᠬᠥᠳᠡᠭᠡ ᠲᠣᠰᠬᠤᠨ ᠤ ᠰᠤᠷᠭᠠᠭᠤᠯᠢ ᠶᠢ ᠳᠡᠳᠬᠦᠬᠦ ᠡᠷᠴᠢᠮ ᠢᠶᠠᠨ ᠴᠢᠩᠭᠠᠷᠠᠭᠤᠯᠵᠤ᠂ ᠲᠡᠩᠴᠡᠭᠦᠷᠢᠲᠡᠢ ᠬᠦᠭᠵᠢᠭᠦᠯᠬᠦ ᠶᠢ ᠠᠬᠢᠭᠤᠯᠤᠨ᠂ ᠠᠩᠭᠢ ᠪᠦᠷᠢ ᠶᠢᠨ ᠬᠥᠮᠦᠨ ᠤ ᠲᠤᠭ᠎ᠠ ᠨᠢ ᠪᠠᠷᠢᠮᠵᠢᠶ᠎ᠠ ᠠᠴᠠ ᠬᠡᠲᠦᠷᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ ᠲᠤᠭ᠎ᠠ ᠶᠢ ᠨᠢ ᠬᠢᠵᠠᠭᠠᠷᠯᠠᠵᠤ᠂ ᠰᠤᠷᠤᠭᠴᠢᠳ ᠢ ᠵᠣᠬᠢᠰᠲᠠᠶ ᠰᠠᠯᠭᠠᠨ ᠲᠣᠬᠢᠷᠠᠭᠤᠯᠬᠤ ᠬᠡᠷᠡᠭᠲᠡᠢ᠃ ᠨᠡᠮᠡᠭᠳᠡᠭᠦᠯᠬᠦ ᠦᠭᠡᠢ ᠪᠠᠶᠢᠬᠤ ᠶᠢ ᠪᠠᠲᠤᠯᠠᠬᠤ ᠰᠠᠭᠤᠷᠢᠨ ᠳᠡᠭᠡᠷ᠎ᠡ᠂ ᠤᠳᠤ ᠪᠠᠶᠢᠭ᠎ᠠ ᠰᠤᠷᠤᠭᠴᠢᠳ ᠤᠨ ᠲᠤᠭ᠎ᠠ ᠶᠢ ᠠᠯᠬᠤᠮ ᠠᠯᠬᠤᠮ ᠢᠶᠠᠷ ᠰᠢᠢᠳᠪᠦᠷᠢᠯᠡᠬᠦ ᠬᠡᠷᠡᠭᠲᠡᠶ᠃ ᠤᠳᠤ ᠪᠠᠶᠢᠭ᠎ᠠ ᠠᠩᠭᠢ ᠪᠦᠷᠢ 66  ᠰᠤᠷᠤᠭᠴᠢ ᠠᠴᠠ ᠳᠡᠭᠡᠭᠰᠢᠬᠢ ᠬᠡᠲᠦ ᠲᠣᠭᠠᠲᠤ ᠠᠩᠭᠢ ᠶᠢ 2017 ᠣᠨ ᠪᠣᠯᠬᠤ ᠳᠤ ᠪᠥᠬᠦ ᠣᠷᠣᠨ ᠳᠤ 50%᠎ ᠠᠴᠠ ᠳᠡᠭᠡᠭᠰᠢᠬᠢ ᠶᠢ ᠎ ᠨᠢ ᠰᠢᠢᠳᠪᠦᠷᠢᠯᠡᠵᠦ᠂ 2018 ᠣᠨ ᠪᠣᠯᠬᠤ ᠳᠤ ᠦᠨᠳᠦᠰᠦᠨ ᠳᠡᠭᠡᠨ  ᠰᠢᠢᠳᠪᠦᠷᠢᠯᠡᠬᠦ ᠬᠡᠷᠡᠭᠲᠡᠢ︔ 56 — 65 ᠰᠤᠷᠤᠭᠴᠢ ᠲᠠᠢ ᠬᠡᠳᠥ ᠲᠣᠭᠠᠲᠤ ᠠᠩᠭᠢ ᠶᠢ 2018 ᠣᠨ ᠪᠣᠯᠬᠤ ᠳᠤ ᠠᠯᠢ ᠴᠦᠬᠡᠨ ᠳᠡᠭᠡᠨ 50%᠎ ᠶᠢ ᠨᠢ ᠰᠢᠢᠳᠪᠦᠷᠢᠯᠡᠵᠦ᠂ 2020 ᠣᠨ ᠪᠣᠯᠬᠤ ᠳᠤ ᠪᠦᠬᠦᠨ ᠢ ᠰᠢᠢᠳᠪᠦᠷᠢᠯᠡᠬᠦ ᠬᠡᠷᠡᠭᠲᠡᠶ᠃ ᠡᠭᠦᠨ ᠤ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠮᠠᠯᠵᠢᠬᠤ ᠲᠠᠷᠢᠶᠠᠯᠠᠬᠤ ᠣᠷᠣᠨ ᠤ ᠪᠠᠭ᠎ᠠ ᠰᠤᠷᠭᠠᠭᠤᠯᠢ ᠶᠢᠨ ᠠᠩᠭᠢ ᠪᠦᠷᠢ ᠶᠢᠨ ᠰᠤᠷᠤᠭᠴᠢ ᠶᠢ 45᠎ ᠠᠴᠠ ᠬᠡᠲᠦᠷᠡᠭᠦᠯᠬᠦ ᠦᠭᠡᠶ᠂ ᠠᠩᠬ᠎ᠠ ᠳᠤᠮᠳᠠᠳᠤ ᠶᠢᠨ ᠠᠩᠭᠢ ᠪᠦᠷᠢ ᠶᠢᠨ ᠰᠤᠷᠤᠭᠴᠢ ᠶᠢ 50᠎ ᠠᠴᠠ ᠬᠡᠲᠦᠷᠡᠭᠦᠯᠬᠦ ᠦᠭᠡᠶ ᠪᠠᠶᠢᠯᠭᠠᠵᠤ᠂ ᠬᠤᠳᠠ ᠶᠢᠨ ᠪᠠᠭ᠎ᠠ ᠰᠤᠷᠭᠠᠭᠤᠯᠢ ᠶᠢᠨ ᠠᠩᠭᠢ ᠪᠦᠷᠢ ᠶᠢᠨ ᠰᠤᠷᠤᠭᠴᠢ ᠶᠢ 50᠎ ᠠᠴᠠ ᠬᠡᠲᠦᠷᠡᠭᠦᠯᠬᠦ ᠦᠭᠡᠶ᠂ ᠠᠩᠬ᠎ᠠ ᠳᠤᠮᠳᠠᠳᠤ ᠶᠢᠨ ᠠᠩᠭᠢ ᠪᠦᠷᠢ ᠶᠢᠨ ᠰᠤᠷᠤᠭᠴᠢ ᠶᠢ 55᠎ ᠠᠴᠠ ᠬᠡᠲᠦᠷᠡᠭᠦᠯᠬᠦ  ᠦᠭᠡᠢ ᠪᠠᠶᠢᠯᠭᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号