12 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠡᠷᠬᠡ ᠣᠯᠭᠤᠯᠲᠠ ᠪᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ | ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ ᠶᠢᠨ ᠲᠡᠮᠳᠡᠭᠲᠦ ᠶᠢᠨ ᠳᠠᠭᠠᠭᠠᠴᠢᠯᠠᠯᠲᠠ ᠵᠠᠷᠯᠠᠬᠤ ᠪᠠ | ᠳᠠᠭᠠᠭᠠᠴᠢᠯᠠᠯᠲᠠ ᠳᠤ ᠣᠷᠣᠯᠴᠠᠬᠤ ᠰᠢᠰᠲ᠋ᠧᠮ ᠢᠶᠠᠷ ᠳᠠᠮᠵᠢᠭᠤᠯᠤᠨ᠂ ᠤᠯᠤᠰ ᠤᠨ ᠥᠮᠴᠢᠯᠡᠯ ᠤᠨ ᠳᠥᠷᠪᠡᠨ ᠲᠣᠮᠣ | ᠬᠤᠳᠠᠯᠳᠤᠭᠠᠨ ᠤ ᠪᠠᠩᠬᠢ ᠪᠣᠯᠣᠨ ᠵᠠᠮ ᠬᠠᠷᠢᠯᠴᠠᠭᠠᠨ ᠤ ᠪᠠᠩᠬᠢ᠂ ᠰᠢᠩ ᠶᠧ ᠪᠠᠩᠬᠢ ᠪᠠᠷ ᠭᠤᠣᠯ ᠪᠣᠯᠭᠠᠭᠰᠠᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠬᠤ | ᠪᠦᠯᠬᠦᠮ ᠤᠨ 20 ᠪᠦᠷᠢᠯᠳᠦᠭᠦᠨ ᠳᠤ ᠬᠠᠨᠳᠤᠭᠤᠯᠤᠨ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠪᠠᠷ 2016 | ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠠᠪᠤᠳᠤᠭᠠᠷ ᠪᠦᠯᠦᠭ ᠤᠨ | ᠡᠩ ᠤᠨ ᠵᠢᠭᠡᠯᠡᠯᠭᠡ ᠶᠢᠨ ᠲᠡᠮᠳᠡᠭᠲᠦ ᠪᠠ ᠭᠤᠷᠪᠠᠳᠤᠭᠠᠷ ᠪᠦᠯᠦᠭ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢ | ᠨᠡᠶᠢᠲᠡ 210 ᠳ᠋ᠦᠡᠭᠰᠢᠭᠤᠷ ᠲᠥᠭᠦᠷᠢᠭ ᠲᠠᠷᠬᠠᠭᠠᠪᠠ᠃ ᠲᠤᠰ ᠤᠳᠠᠭᠠᠨ ᠤ ᠲᠠᠷᠬᠠᠭᠠᠭᠰᠠᠨ ᠵᠢᠭᠡᠯᠡᠯᠭᠡ ᠶᠢᠨ | ᠲᠡᠮᠳᠡᠭᠲᠦ ᠳᠤ᠂ ᠡ᠊ᠩ ᠤᠨ ᠵᠢᠭᠡᠯᠡᠯᠭᠡ ᠶᠢᠨ ᠲᠡᠮᠳᠡᠭᠲᠦ ᠶᠢ 179.74 ᠳ᠋ᠦᠩᠰᠢᠭᠤᠷ ᠲᠥᠭᠦᠷᠢᠭ ᠲᠠᠷᠬᠠᠭᠠᠵᠤ᠂ | ᠡᠭᠦᠨ ᠳᠤ 3 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 18.04 ᠳ᠋ᠦᠩᠰᠢᠭᠤᠷ ᠲᠥᠭᠦᠷᠢᠭ᠂ 5 | ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 53.9 ᠳ᠋ᠦᠩᠰᠢᠭᠤᠷ ᠲᠥᠭᠦᠷᠢᠭ᠂ 7 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 53.9 ᠳ᠋ᠦᠩᠰᠢᠭᠤᠷ ᠲᠥᠭᠦᠷᠢᠭ᠂ 10 ᠵᠢᠯ ᠤᠨ ᠬᠤᠭᠤᠴᠠᠭ᠎ᠠ ᠲᠠᠢ | ᠵᠢᠭᠡᠯᠡᠯᠭᠡ ᠶᠢᠨ ᠲᠡᠮᠳᠡᠭᠲᠦ 53.9 ᠳ᠋ᠦᠩᠰᠢᠭᠤᠷ ᠲᠥᠭᠦᠷᠢᠭ ᠲᠠᠷᠬᠠᠭᠠᠪᠠ᠂ ᠳᠠᠭᠠᠭᠠᠴᠢᠯᠠᠯᠲᠠ ᠣᠯᠤᠭᠰᠠᠨ | ᠬᠦᠦ ᠶᠢᠨ ᠨᠤᠷᠮ᠎ᠠ ᠨᠢ ᠲᠤᠰ ᠲᠤᠰ 2.77%᠂ 3.06%᠂ 3.29%᠂ 3.42% ᠪᠣᠯᠣᠨ᠎ᠠ︔ ᠲᠤᠰᠬᠠᠶ | ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 30.26 ᠳ᠋ᠦᠩᠰᠢᠭᠤᠷ ᠲᠥᠭᠦᠷᠢᠭ ᠲᠠᠷᠬᠠᠭᠠᠵᠤ᠂ ᠡᠭᠦᠨ ᠳᠤ 5 | ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ 15.13 ᠲᠥᠭᠦᠷᠢᠭ᠂ 10 ᠵᠢᠯ ᠤᠨ ᠬᠤᠭᠤᠴᠠᠭ᠎ᠠ ᠲᠠᠢ | ᠵᠢᠭᠡᠯᠡᠯᠭᠡ ᠶᠢᠨ ᠲᠡᠮᠳᠡᠭᠲᠦ 15.13 ᠳ᠋ᠦᠩᠰᠢᠭᠤᠷ ᠲᠥᠭᠦᠷᠢᠭ ᠲᠠᠷᠬᠠᠭᠠᠪᠠ᠂ ᠳᠠᠭᠠᠭᠠᠴᠢᠯᠠᠯᠲᠠ ᠣᠯᠤᠭᠰᠠᠨ ᠬᠦᠦ | ᠶᠢᠨ ᠨᠤᠷᠮ᠎ᠠ ᠨᠢ ᠲᠤᠰ ᠲᠤᠰ 3.06%᠂ 3.42% ᠪᠣᠯᠣᠨ᠎ᠠ᠃ ᠲᠤᠰ ᠪᠦᠯᠦᠭ ᠲᠤ ᠲᠠᠷᠬᠠᠭᠠᠭᠰᠠᠨ | ᠵᠢᠭᠡᠯᠡᠯᠭᠡ ᠶᠢᠨ ᠲᠡᠮᠳᠡᠭᠲᠦ ᠶᠢ ᠴᠥᠮ ᠥᠷᠢ ᠲᠥᠯᠥᠬᠦ ᠪᠠᠷ ᠲᠣᠬᠢᠷᠠᠭᠤᠯᠵᠤ᠂ ᠭᠤᠣᠯᠳᠠᠭᠤ ᠥᠪᠡᠷᠲᠡᠭᠡᠨ ᠵᠠᠰᠠᠬᠤ | ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠬᠤᠭᠤᠴᠠᠭ᠎ᠠ ᠨᠢ ᠲᠤᠯᠤᠭᠰᠠᠨ ᠥᠷᠢ ᠥᠭᠴᠡᠭᠡ ᠶᠢ | ᠲᠦᠯᠤᠬᠦ ᠳᠤ ᠬᠡᠷᠡᠭᠯᠡᠨ᠎ᠡ᠃ ᠲᠤᠰ ᠤᠳᠠᠭᠠᠨ ᠤ ᠲᠠᠷᠬᠠᠭᠠᠯᠲᠠ ᠳᠠᠭᠤᠰᠲᠠᠯ᠎ᠠ᠂ ᠮᠠᠨ ᠤ ᠣᠷᠣᠨ ᠡᠨᠡ ᠵᠢᠯ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠨᠢᠭᠡᠨᠲᠡ 2502.3 ᠳ᠋ᠦᠩᠰᠢᠭᠤᠷ ᠲᠥᠭᠦᠷᠢᠭ ᠲᠠᠷᠬᠠᠭᠠᠪᠠ᠃ |